| ᠣᠶᠢᠷ᠎ᠠ ᠳᠤ᠂ 2017 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠲᠠᠮᠢᠷ ᠤᠨ | ᠬᠥᠳᠡᠯᠭᠡᠭᠡᠨ ᠤ ᠰᠤᠷᠭᠠᠭᠤᠯᠢᠯᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ | ᠲᠠᠮᠢᠷ ᠤᠨ ᠲᠤᠰᠬᠠᠶ ᠮᠡᠷᠭᠡᠵᠢᠯ ᠳᠤ ᠰᠤᠷᠤᠭᠴᠢ ᠡᠯᠰᠡᠬᠦ ︵︽ᠪᠡᠶ᠎ᠡ ᠶᠢᠨ ᠲᠠᠮᠢᠷ ᠤᠨ ᠠᠰ ᠲᠤᠨᠢ ᠡᠯᠰᠡᠬᠦ︾ ᠭᠡᠵᠦ | ᠲᠣᠪᠴᠢᠯᠠᠨ᠎ᠠ︶ ᠡᠪᠦᠯ ᠤᠨ ᠤᠯᠠᠷᠢᠯ ᠤᠨ ᠲᠥᠷᠥᠯ ᠳᠤ 1 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠨᠡᠷ᠎ᠡ | ᠮᠡᠳᠡᠭᠦᠯᠦᠨ᠎ᠡ᠃ | ᠲᠠᠨᠢᠯᠴᠠᠭᠤᠯᠤᠭᠰᠠᠨ ᠢᠶᠠᠷ᠂ ᠰᠢᠯᠭᠠᠭᠤᠯᠤᠭᠴᠢᠳ ᠨᠡᠷ᠎ᠡ ᠮᠡᠳᠡᠭᠦᠯᠬᠦ ᠳᠤ 2017 ᠣᠨ ᠤ ᠶᠡᠭᠡ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠬᠤ | ᠬᠡᠷᠡᠭᠲᠡᠶ ︔ ᠲᠠᠮᠢᠷ ᠤᠨ ᠬᠥᠳᠡᠯᠭᠡᠭᠡᠨ ᠤ ᠰᠤᠷᠭᠠᠭᠤᠯᠢᠯᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠳᠤ ᠲᠣᠬᠢᠷᠠᠭᠤᠯᠤᠭᠰᠠᠨ ᠲᠥᠷᠥᠯ ᠤᠨ ᠬᠤᠶᠠᠳᠤᠭᠠᠷ | ᠳᠠᠰ ᠤᠨ ᠲᠠᠮᠢᠷᠴᠢᠨ ︵ᠲᠤᠰ ᠲᠤᠰ ᠪᠠᠭᠲᠠᠨ᠎ᠠ︶ ᠠᠴᠠ ᠳᠡᠭᠡᠭᠰᠢᠬᠢ ᠬᠥᠳᠡᠯᠭᠡᠭᠡᠨ ᠤ ᠮᠡᠷᠭᠡᠵᠢᠯ ᠤᠨ ᠵᠡᠷᠭᠡ ᠳᠡᠰ ᠤᠨ | ᠴᠣᠯᠠ ᠲᠠᠢ ᠪᠠᠶᠢᠬᠤ ᠬᠡᠷᠡᠭᠲᠡᠢ᠃ ᠲᠠᠮᠢᠷ ᠤᠨ ᠲᠠᠮᠢᠷ ᠤᠨ ᠬᠥᠳᠡᠯᠭᠡᠭᠡᠨ ᠤ ᠰᠤᠷᠭᠠᠭᠤᠯᠢᠯᠠᠯ᠂ ᠵᠡᠪᠰᠡᠭ ᠤᠨ ᠡᠷᠳᠡᠮ | ᠪᠣᠯᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠳᠤ | ᠰᠣᠶᠣᠯ ᠤᠨ ᠰᠢᠯᠭᠠᠯᠲᠠ ᠪᠠ ᠪᠡᠶ᠎ᠡ ᠤᠨ ᠲᠠᠮᠢᠷ ᠲᠤᠰᠬᠠᠶ ᠵᠦᠢᠯ ᠤᠨ ᠰᠢᠯᠭᠠᠯᠲᠠ ᠶᠢ ᠤᠶᠠᠯᠳᠤᠭᠤᠯᠬᠤ ᠠᠷᠭ᠎ᠠ ᠶᠢ | ᠬᠡᠷᠡᠭᠵᠢᠭᠦᠯᠦᠨ᠎ᠡ᠃ ᠰᠢᠯᠭᠠᠭᠤᠯᠤᠭᠴᠢᠳ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠵᠣᠬᠢᠶᠠᠨ | ᠪᠠᠶᠢᠭᠤᠯᠤᠭᠰᠠᠨ ᠰᠣᠶᠣᠯ ᠤᠨ ᠰᠢᠯᠭᠠᠯᠲᠠ ᠳᠤ ᠣᠷᠣᠯᠴᠠᠬᠤ ᠬᠡᠷᠡᠭᠲᠡᠢ᠃ ᠰᠣᠶᠣᠯ ᠤᠨ ᠰᠢᠯᠭᠠᠯᠲᠠ ᠶᠢᠨ ᠬᠢᠴᠢᠶᠡᠯ | ᠲᠥᠷᠥᠯ ᠨᠢ ᠬᠡᠯᠡ ᠪᠢᠴᠢᠭ᠂ ᠲᠣᠭᠠᠨ ᠤ ᠤᠬᠠᠭᠠᠨ᠂ ᠤᠯᠤᠰ ᠲᠥᠷᠥ᠂ ᠠᠩᠭ᠍ᠯᠢ ᠬᠡᠯᠡ ᠵᠡᠷᠭᠡ ᠳᠥᠷᠪᠡᠨ ᠲᠥᠷᠥᠯ | ᠪᠠᠶᠢᠵᠤ᠂ ᠬᠢᠴᠢᠶᠡᠯ ᠪᠦᠷᠢ ᠶᠢᠨ ᠪᠦᠷᠢᠨ ᠬᠤᠪᠢ ᠨᠢ 150 ᠬᠤᠪᠢ᠂ ᠳᠥᠷᠪᠡᠨ ᠬᠢᠴᠢᠶᠡᠯ ᠤᠨ ᠪᠦᠷᠢᠨ ᠬᠤᠪᠢ ᠨᠢ | 600 ᠬᠤᠪᠢ ᠪᠣᠯᠤᠨ᠎ᠠ᠃ ᠰᠢᠯᠭᠠᠯᠲᠠ ᠶᠢᠨ ᠴᠠᠭ ᠨᠢ᠄ 2017 ᠣᠨ ᠤ 4 ᠳ᠋ᠦᠭᠡᠷ ᠰᠠᠷ᠎ᠠ ᠶᠢᠨ 22 ᠤ ᠡᠳᠦᠷ | — 30 ᠤ ᠡᠳᠦᠷ ᠪᠣᠯᠣᠨ᠎ᠠ᠃ | |