ᠦᠪᠦᠷ ᠮᠤᠩᠭᠤᠯ ᠤᠨ ᠭᠦᠮᠦᠨ ᠲᠤᠮᠳᠠᠴᠢ ᠶᠢᠨ ᠵᠢᠱᠢᠭᠰᠡᠨ ᠨᠠᠰᠤ ᠲᠡᠬᠡᠭᠰᠢᠯᠡᠬᠡᠳ 75.8 ᠭᠦᠷᠪᠡ 5 ᠵᠢᠯ ᠳᠤ 1 ᠨᠠᠰᠤ ᠨᠡᠮᠡᠭᠳᠡᠵᠤ ᠪᠤᠢ
ᠨᠡᠶᠢᠲᠡᠯᠡᠭᠰᠡᠨ ᠴᠠᠭ᠄
2016-12-28
          ᠦᠢᠷ᠎ᠠ ᠶᠢᠨ ᠡᠳᠤᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠬᠢᠬᠡᠳ ᠲᠦᠯᠦᠪᠯᠡᠬᠡᠳᠤ ᠦᠷᠡᠵᠢᠯ ᠤᠨ ᠵᠦᠪᠯᠡᠯ ᠮᠡᠳᠡᠭᠡ ᠨᠠᠶᠢᠳᠡᠯᠡᠵᠤ᠂ 2015 ᠤᠨ ᠳᠤ ᠮᠠᠨ ᠤ ᠤᠷᠤᠨ ᠤ ᠭᠦᠮᠦᠨ ᠲᠤᠮᠳᠠᠴᠢ ᠶᠢᠨ ᠵᠢᠱᠢᠭᠰᠡᠨ ᠨᠠᠰᠤ ᠲᠡᠬᠡᠭᠰᠢᠯᠡᠬᠡᠳ 75.8 ᠭᠦᠷᠴᠤ᠂ 2010 ᠤᠨ ᠲᠠᠢ ᠬᠠᠷᠢᠴᠠᠭᠤᠯᠪᠠᠯ 1 ᠨᠠᠰᠤ ᠨᠡᠮᠡᠭᠳᠡᠪᠡ᠃ ᠲᠤᠭ᠎ᠠ ᠪᠦᠷᠢᠳᠬᠡᠯ ᠢ ᠦᠨᠳᠦᠰᠦᠯᠡᠪᠡᠯ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠤ ᠠᠴᠠ ᠡᠮᠤᠨ᠎ᠠ ᠭᠦᠮᠦᠨ ᠲᠤᠮᠳᠠᠴᠢ ᠶᠢᠨ ᠨᠠᠰᠤᠨ ᠬᠤᠳᠤᠬ 35 ᠭᠦᠷᠭᠦ ᠦᠬᠡᠢ ᠪᠠᠶᠢᠵᠤ᠂ ᠮᠢᠩᠭᠠᠨ ᠭᠦᠮᠦᠨ ᠠᠮᠠ ᠪᠦᠷᠢ ᠶᠢᠨ ᠡᠪᠡᠳᠴᠢᠳᠡᠨ ᠤ ᠤᠷᠤ ᠶᠢᠨ ᠲᠤᠭ᠎ᠠ ᠪᠤᠯᠤᠨ ᠡᠮᠴᠢ ᠶᠢᠨ ᠲᠤᠭ᠎ᠠ ᠨᠢ ᠵᠦᠪᠬᠡᠨ 0.1 ᠤᠷᠤ ᠪᠤᠯᠤᠨ 0. 78 ᠭᠦᠮᠦᠨ ᠪᠠᠶᠢᠵᠡᠢ᠃ 2010 ᠤᠨ ᠳᠤ᠂ ᠮᠡᠨ ᠤ ᠤᠷᠤᠨ ᠤ ᠭᠦᠮᠦᠨ ᠲᠤᠮᠳᠠᠴᠢ ᠶᠢᠨ ᠵᠢᠱᠢᠭᠰᠡᠨ ᠨᠠᠰᠤ 74. 8 ᠭᠦᠷᠴᠤ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠤ ᠠᠴᠠ ᠡᠮᠤᠨᠡᠬᠢ ᠠᠴᠠ 1 ᠲᠠᠬᠢᠨ ᠨᠡᠮᠡᠭᠳᠡᠭᠰᠡᠨ ᠪᠠᠶᠢᠨ᠎ᠠ᠃           ᠦᠢᠷ᠎ᠠ ᠶᠢᠨ ᠵᠢᠯ ᠤᠨ ᠲᠤᠷᠰᠢ᠂ ᠮᠠᠨ ᠤ ᠤᠷᠤᠨ ᠪᠡᠯᠡ ᠤᠷᠤᠭᠤᠯᠤᠯᠳᠠ ᠶᠢᠨ ᠡᠷᠴᠢᠮ ᠢᠶᠠᠨ ᠲᠠᠰᠤᠷᠠᠯᠳᠠ ᠦᠬᠡᠢ ᠴᠢᠩᠭᠠᠷᠠᠭᠤᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮᠨᠡᠯᠬᠡ ᠶᠢᠨ ᠲᠠᠭᠠᠳᠬᠠᠯ ᠪᠤᠯᠤᠨ ᠭᠦᠳᠡᠭᠡ ᠲᠤᠰᠬᠤᠨ ᠤ ᠰᠢᠨ᠎ᠠ ᠮᠠᠶ᠋ᠢᠬ ᠤᠨ ᠬᠤᠷᠰᠢᠬᠰᠠᠨ ᠡᠮᠨᠡᠯᠬᠡ ᠶᠢᠨ ᠲᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠤᠭᠤᠷᠢᠨ ᠳᠤ ᠡᠮᠨᠡᠯᠬᠡ ᠳᠤ ᠰᠠᠭᠤᠬᠤ ᠵᠠᠷᠤᠳᠠᠯ ᠤᠨ ᠲᠠᠩᠰᠠ ᠠᠴᠠ ᠲᠠᠶᠢᠯᠬᠤ ᠬᠠᠷᠢᠴᠠᠯ ᠨᠢ ᠵᠢᠯ ᠠᠴᠠ ᠵᠢᠯ ᠲᠡᠬᠡᠭᠰᠢᠯᠡᠵᠤ᠂ 2015 ᠤᠨ ᠳᠤ ᠲᠤᠰ ᠲᠤᠰ 74.6% ᠪᠤᠯᠤᠨ 75% ᠭᠦᠷᠴᠤ᠂ 2010 ᠤᠨ ᠲᠠᠢ ᠬᠠᠷᠢᠴᠠᠭᠤᠯᠪᠠᠯ ᠲᠤᠰ ᠲᠤᠰ 12.6% ᠪᠤᠯᠤᠨ 15% ᠢᠶᠠᠷ ᠨᠡᠮᠡᠭᠳᠡᠵᠡᠢ᠃ ᠡᠨᠡ ᠨᠢ ᠠᠷᠠᠳ ᠲᠦᠮᠡᠨ ᠤ ᠲᠠᠭᠠᠳᠬᠠᠯ ᠳᠤ ᠤᠷᠤᠯᠴᠠᠬᠤ ᠢᠳᠡᠪᠬᠢᠵᠢᠯ ᠢ ᠨᠢ ᠲᠠᠶᠢᠴᠢᠯᠠᠵᠤ᠂ 2015 ᠤᠨ ᠳᠤ ᠪᠦᠭᠦ ᠤᠷᠤᠨ ᠤ ᠬᠤᠳᠠ ᠪᠠᠯᠭᠠᠰᠤᠨ ᠤ ᠡᠮᠨᠡᠯᠬᠡ ᠶᠢᠨ ᠲᠠᠭᠠᠳᠬᠠᠯ ᠪᠤᠯᠤᠨ ᠭᠦᠳᠡᠭᠡ ᠲᠤᠰᠬᠤᠨ ᠤ ᠰᠢᠨ᠎ᠠ ᠮᠠᠶ᠋ᠢᠬ ᠤᠨ ᠬᠤᠷᠰᠢᠬᠰᠠᠨ ᠡᠮᠨᠡᠯᠬᠡ ᠶᠢᠨ ᠲᠠᠭᠠᠳᠬᠠᠯ ᠳᠤ ᠤᠷᠤᠯᠴᠠᠬᠰᠠᠨ ᠨᠤᠷᠮ᠎ᠠ 98% ᠠᠴᠠ ᠲᠡᠬᠡᠭᠰᠢ ᠭᠦᠷᠴᠤ᠂ ᠦᠨᠳᠦᠰᠦᠨ ᠡᠮ ᠡᠮᠨᠡᠯᠬᠡ ᠶᠢᠨ ᠲᠠᠭᠠᠳᠬᠠᠯ ᠢ ᠦᠨᠳᠦᠰᠦᠨ ᠳᠡᠭᠡᠨ ᠪᠡᠶᠡᠯᠡᠭᠦᠯᠦᠭᠰᠡᠨ ᠪᠠᠶᠢᠨ᠎ᠠ᠃ ᠡᠭᠦᠨ ᠤ ᠬᠠᠮᠳᠤ᠂ ᠭᠦᠨᠳᠦ ᠡᠪᠡᠳᠴᠢᠨ ᠤ ᠲᠠᠭᠠᠳᠬᠠᠯ ᠨᠢ ᠦᠨᠳᠦᠰᠦᠨ ᠡᠮ ᠡᠮᠨᠡᠯᠬᠡ ᠶᠢᠨ ᠲᠠᠭᠠᠳᠬᠠᠯ ᠳᠤ ᠤᠷᠤᠯᠴᠠᠬᠰᠠᠨ ᠪᠦᠭᠦ᠋ᠢᠯᠡ ᠠᠷᠠᠳ ᠲᠦᠮᠡᠨ ᠢ ᠪᠦᠷᠭᠦᠵᠤ᠂ ᠪᠤᠳᠠᠳᠠᠢ ᠲᠠᠩᠰᠠ ᠠᠴᠠ ᠲᠠᠶᠢᠯᠬᠤ ᠬᠠᠷᠢᠴᠠᠯ ᠨᠢ 60% ᠭᠦᠷᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠪᠡᠬᠡᠵᠢᠩ ᠤᠨ 47 ᠭᠤᠷᠪᠠᠳᠤᠭᠠᠷ ᠲᠡᠰ ᠤᠨ ᠡᠮᠨᠡᠯᠬᠡ ᠶᠢᠨ ᠬᠤᠷᠢᠶ᠎ᠠ ᠮᠠᠨ ᠤ ᠤᠷᠤᠨ ᠤ 78 ᠡᠮᠨᠡᠯᠬᠡ ᠶᠢᠨ ᠬᠤᠷᠢᠶ ᠎ᠠ ᠲᠠᠢ ᠠᠵᠢᠯ ᠲᠦᠷᠦᠯ ᠢᠶᠠᠷ ᠬᠠᠪᠰᠤᠷᠤᠨ ᠲᠡᠮᠵᠢᠭᠦ ᠬᠡᠯᠡᠯᠴᠡᠬᠡᠷ ᠲᠤᠬᠳᠠᠭᠠᠪᠠ᠃           ᠤᠳᠤᠬᠠᠨ ᠳᠤ᠂ ᠮᠠᠨ ᠤ ᠤᠷᠤᠨ ᠳᠤ ᠠᠯᠪᠠᠨ ᠠᠴᠠ ᠪᠠᠶᠢᠭᠤᠯᠤᠬᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠰᠢᠨ᠎ᠠ ᠰᠢᠪᠳᠤᠯᠤᠯᠳᠠ ᠲᠠᠢ ᠪᠤᠯᠵᠤ᠂ 80 ᠬᠤᠰᠢᠭᠤ ᠰᠢᠶᠠᠨ ᠤ 165 ᠠᠯᠪᠠᠨ ᠠᠴᠠ ᠪᠠᠶᠢᠭᠤᠯᠤᠬᠰᠠᠨ ᠡᠮᠨᠡᠯᠬᠡ ᠶᠢᠨ ᠬᠤᠷᠢᠶ᠎ᠠ ᠪᠤᠯᠤᠨ 4 ᠤᠯᠤᠰ ᠤᠨ ᠬᠠᠷᠢᠯᠴᠠᠬᠤ ᠴᠡᠭ ᠤᠨ ᠬᠤᠳᠠ ᠶᠢᠨ ᠠᠯᠪᠠᠨ ᠠᠴᠠ ᠪᠠᠶᠢᠭᠤᠯᠤᠬᠰᠠᠨ ᠡᠮᠨᠡᠯᠬᠡ ᠶᠢᠨ ᠬᠤᠷᠢᠶ᠎ᠠ ᠡᠮ ᠤᠨ ᠪᠤᠳᠠᠰ ᠤᠨ ᠦᠨ᠎ᠠ ᠶᠢ ᠨᠡᠮᠡᠭᠦ ᠶᠢ ᠪᠦᠭᠦᠨ ᠢ ᠦᠬᠡᠶᠢᠰᠬᠡᠪᠠ
 
ᠢᠷᠡᠯᠲᠡ᠄ ᠤᠮᠠᠷᠠᠳᠤ ᠶᠢᠨ ᠰᠢᠨ᠎ᠠ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号