ᠮᠤᠩᠭᠤᠯ ᠭᠡᠷ ᠲᠠᠬᠢ ᠭᠡᠷ ᠤᠨ ᠰᠤᠷᠭᠠᠯ
ᠨᠡᠶᠢᠲᠡᠯᠡᠭᠰᠡᠨ ᠴᠠᠭ᠄
2016/12/28
      ᠮᠤᠩᠭᠤᠯᠴᠤᠳ ᠡᠷᠳᠡ ᠲᠡᠭᠡᠳᠦᠰ ᠠᠴᠠ ᠪᠠᠨ ᠠᠪᠤᠭᠠᠳ ᠨᠡᠭᠦᠳᠡᠯ ᠮᠠᠯᠵᠢᠯ ᠤᠨ ᠠᠮᠢᠳᠤᠷᠠᠯ ᠤᠨ ᠶᠠᠪᠤᠴᠠ  ᠳᠤ ᠪᠠᠨ ᠲᠠᠪᠤᠨ ᠬᠤᠰᠢᠭᠤ ᠮᠠᠯ ᠢᠶᠠᠨ ᠮᠠᠯᠵᠢᠵᠤ ᠲᠠᠪᠤᠨ ᠬᠠᠨ᠎ᠠ ᠲᠠᠢ ᠮᠤᠩᠭᠤᠯ ᠭᠡᠷ ᠲᠤ ᠪᠠᠨ ᠠᠮᠢᠳᠤᠷᠠᠨ ᠤᠷᠤᠰᠢᠭᠰᠠᠭᠠᠷ ᠢᠷᠡᠭᠰᠡᠨ ᠶᠤᠮ᠃       ᠡᠶᠢᠮᠤ ᠠᠴᠠ ᠮᠤᠨᠭᠤᠯ ᠭᠡᠷ ᠲᠤ ᠤᠷᠤᠬᠤ ᠠᠴᠠ ᠡᠬᠢᠯᠡᠨ ᠮᠤᠩᠭᠤᠯ ᠭᠡᠷ ᠲᠤ ᠰᠠᠭᠤᠬᠤ᠂ ᠤᠨᠳᠠᠵᠤ ᠬᠡᠪᠳᠡᠬᠦ ᠬᠦᠷᠳᠡᠯ᠎ᠡ ᠪᠠᠨ ᠪᠦᠷ ᠨᠠᠷᠢᠨ ᠨᠢᠮᠪᠠᠢ ᠶᠤᠰᠤ ᠵᠠᠩᠰᠢᠯ ᠲᠠᠢ ᠪᠦᠭᠡᠳ ᠡᠮᠬᠢ ᠲᠢᠭᠯᠢᠮ ᠲᠠᠢ ᠪᠠᠶᠢᠳᠠᠭ᠃ ᠠᠶᠢᠯ  ᠳᠤ ᠤᠷᠤᠬᠤ ᠪᠤᠶᠤ ᠭᠡᠷ ᠲᠤ ᠪᠠᠨ ᠤᠷᠤᠬᠤ ᠳᠤ ᠮᠤᠩᠭᠤᠯ ᠭᠡᠷ ᠤᠨ ᠡᠭᠦᠳᠡ ᠶᠢ ︵ᠢᠰᠡᠭᠡᠢ ᠡᠭᠦᠳᠡ︶ ᠵᠡᠭᠦᠨ ᠲᠠᠯ᠎ᠠ ᠠᠴᠠ ᠨᠢ ᠰᠡᠭᠦᠵᠤ ᠤᠷᠤᠳᠠᠭ ᠵᠠᠩᠰᠢᠯ ᠲᠠᠢ᠃ ᠪᠠᠷᠠᠭᠤᠨ ᠲᠠᠯ᠎ᠠ ᠪᠠᠷ ᠨᠢ ᠤᠷᠤᠬᠤ ᠶᠢ ᠴᠡᠭᠡᠷᠯᠡᠨ᠎ᠠ᠃ ᠮᠤᠨᠭᠤᠯ ᠭᠡᠷ ᠲᠤ ᠤᠷᠤᠬᠤ ᠳᠤ ᠭᠠᠷ ᠲᠤ ᠪᠠᠨ ᠴᠢᠳᠤᠷ᠂ ᠨᠤᠭᠳᠤ᠂ ᠲᠠᠰᠢᠭᠤᠷ ᠁ ᠭᠡᠬᠦ ᠮᠡᠳᠦ ᠶᠢᠨ ᠵᠦᠢᠯᠡᠰ ᠢ ᠪᠠᠷᠢᠵᠤ ᠤᠷᠤᠬᠤ ᠶᠢ ᠴᠡᠭᠡᠷᠯᠡᠨ᠎ᠠ᠃       ᠬᠤᠷᠮᠤᠢ ᠪᠠᠨ ᠰᠢᠭᠤᠵᠤ ᠤᠷᠤᠵᠤ ᠪᠤᠯᠬᠤ ᠦᠭᠡᠢ᠃ ᠡᠩᠭᠡᠷ ᠵᠠᠳᠠᠭᠠᠢ᠂ ᠦᠰᠦ ᠭᠡᠵᠢᠭᠡ ᠪᠠᠨ ᠰᠡᠭᠰᠡᠶᠢᠯᠭᠡᠵᠤ ᠤᠷᠤᠵᠤ ᠭᠠᠷᠬᠤ ᠶᠢ ᠴᠤ ᠴᠡᠭᠡᠷᠯᠡᠨ᠎ᠠ᠃ ᠮᠤᠩᠭᠤᠯ ᠭᠡᠷ ᠲᠤ ᠰᠠᠭᠤᠬᠤ ᠳᠤ ᠴᠤ ᠲᠤᠰᠬᠠᠢ ᠤᠷᠤ ᠪᠠᠶᠢᠳᠠᠭ᠃ ᠬᠤᠶᠢᠮᠤᠷ ᠤᠨ ᠤᠷᠤ ᠪᠤᠯ ᠬᠦᠨᠳᠦᠳᠦ ᠭᠦᠮᠦᠨ᠂ ᠭᠡᠷ ᠤᠨ ᠡᠵᠡᠨ ᠢ ᠰᠠᠭᠤᠯᠭᠠᠳᠠᠭ ᠶᠤᠮ᠃ ᠭᠡᠷ ᠤᠨ ᠪᠠᠷᠠᠭᠤᠨ ᠬᠤᠶᠢᠨ᠎ᠠ ᠲᠠᠯ᠎ᠠ ᠪᠠᠷ ᠬᠦᠩᠭᠠᠷᠠᠪᠠ ᠲᠠᠯᠪᠢᠵᠤ ᠪᠤᠷᠬᠠᠨ ᠲᠠᠬᠢᠳᠠᠭ᠃ ᠪᠠᠷᠠᠭᠤᠨ ᠡᠮᠦᠨᠡᠭᠦᠷ ᠪᠦᠰᠡᠳᠡᠢ ᠬᠦᠮᠦᠨ ᠤ ᠡᠮᠡᠭᠡᠯ ᠵᠡᠷᠭᠡ ᠡᠳ᠋ᠯᠡᠯ ᠢ ᠲᠠᠯᠪᠢᠳᠠᠭ ᠵᠠᠩᠰᠢᠯ ᠲᠠᠢ᠃ ᠡᠶᠢᠮᠤ ᠠᠴᠠ ᠪᠠᠷᠠᠭᠤᠨ ᠲᠠᠯ᠎ᠠ ᠪᠠᠷ ᠡᠷᠡᠭᠳᠡᠢ ᠬᠦᠮᠦᠨ ᠭᠤᠤᠯᠯᠠᠵᠤ ᠰᠠᠭᠤᠬᠤ ᠪᠦᠭᠡᠳ ᠵᠤᠴᠢᠨ ᠭᠤᠤᠯᠳᠠᠵᠤ ᠰᠠᠭᠤᠨ᠎ᠠ᠃ ᠠᠬᠠᠮᠠᠳ ᠲᠤᠮᠤᠭᠠᠳᠠᠨ ᠢ ᠪᠠᠷᠠᠭᠤᠨ ᠬᠤᠶᠢᠰᠢ ᠰᠠᠭᠤᠯᠭᠠᠳᠠᠭ᠃ ᠪᠦᠰᠡᠳᠡᠢ ᠬᠦᠮᠦᠨ ᠵᠠᠪᠠᠯ ᠵᠠᠪᠢᠯᠠᠵᠤ ᠰᠠᠭᠤᠨ᠎ᠠ᠃ ᠭᠡᠷ ᠤᠨ ᠵᠡᠭᠦᠨ ᠲᠠᠯ᠎ᠠ ᠪᠠᠷ ᠪᠦᠰᠡᠭᠦᠢ ᠬᠦᠮᠦᠨ ᠰᠠᠭᠤᠳᠠᠭ᠂ ᠰᠦ ᠰᠠᠭᠠᠯᠢ ᠶᠢᠨ ᠵᠦᠢᠯᠡᠰ ᠪᠤᠶᠤ ᠲᠤᠭᠤᠭ᠎ᠠ ᠰᠢᠨᠠᠭᠠᠨ ᠤ ᠡᠳ᠋ᠯᠡᠯ ᠢ ᠪᠦᠷ ᠵᠡᠭᠦᠨ ᠲᠠᠯ᠎ᠠ ᠪᠤᠶᠤ ᠵᠡᠭᠦᠨ ᠡᠮᠦᠨ᠎ᠠ ᠲᠠᠯᠪᠢᠳᠠᠭ᠃ ᠡᠶᠢᠮᠤ ᠠᠴᠠ ᠪᠦᠰᠡᠭᠦᠢ ᠬᠦᠮᠦᠨ ᠵᠡᠭᠦᠨ ᠲᠠᠯ᠎ᠠ ᠳᠤ ᠴᠤᠮᠴᠦ᠋ᠢᠵᠤ ᠰᠠᠭᠤᠨ᠎ᠠ᠃ ᠬᠡᠦᠭᠡᠳ ᠬᠦᠮᠦᠨ ᠴᠤ ᠬᠦᠯ ᠢᠶᠠᠨ ᠵᠢᠬᠢᠵᠤ ᠪᠤᠯᠬᠤ ᠦᠭᠡᠢ᠃ ᠬᠡᠦᠭᠡᠳ ᠬᠦᠮᠦᠨ ᠢ ᠪᠠᠭ᠎ᠠ ᠠᠴᠠ ᠨᠢ ᠴᠤᠮᠴᠦ᠋ᠢᠵᠤ ᠰᠠᠭᠤᠯᠭᠠᠳᠠᠭ᠃ ᠬᠢᠶᠡᠭᠡᠯᠳᠡᠬᠦ ᠪᠤᠶᠤ ᠲᠦᠰᠢᠵᠤ ᠲᠤᠯᠬᠤ᠂ ᠬᠠᠶᠢᠵᠠᠶᠢᠵᠤ ᠮᠠᠶᠢᠵᠢᠵᠤ ᠰᠠᠭᠤᠬᠤ᠂ ᠠᠯᠴᠠᠶᠢᠵᠤ ᠰᠠᠭᠤᠬᠤ ᠶᠢ ᠴᠡᠭᠡᠷᠯᠡᠭᠦᠯᠦᠨ᠎ᠠ᠃       ᠮᠤᠩᠭᠤᠯ ᠭᠡᠷ ᠲᠤ ᠤᠨᠳᠠᠬᠤ ᠳᠤ ᠴᠤ ᠶᠡᠭᠡ ᠲᠢᠭᠯᠢᠮ ᠲᠠᠢ ᠪᠠᠶᠢᠳᠠᠭ ᠶᠤᠮ᠃ ᠬᠦᠨᠳᠦᠳᠦ ᠵᠤᠴᠢᠨ ᠢᠷᠡᠭᠰᠡᠨ ᠪᠤᠯ ᠭᠡᠷ ᠤᠨ ᠬᠤᠶᠢᠮᠤᠷ ᠤᠨᠳᠠᠭᠤᠯᠤᠨ᠎ᠠ᠃ ᠶᠡᠷᠦ ᠠᠴᠠ ᠪᠠᠷᠠᠭᠤᠨ ᠲᠠᠯ᠎ᠠ ᠳᠤ ᠵᠤᠴᠢᠨ ᠢᠶᠠᠨ ᠤᠨᠳᠠᠭᠤᠯᠬᠤ ᠵᠠᠩᠰᠢᠯ ᠲᠠᠢ᠃ ᠪᠦᠰᠡᠭᠦᠢ ᠬᠦᠮᠦᠨ ᠭᠡᠷ ᠤᠨ ᠵᠡᠭᠦᠨ ᠲᠠᠯ᠎ᠠ ᠳᠤ ᠤᠨᠳᠠᠨ᠎ᠠ᠃ ᠮᠤᠩᠭᠤᠯ ᠭᠡᠷ ᠲᠤ ᠤᠨᠳᠠᠬᠤ ᠳᠤ ᠭᠠᠯ ᠲᠤᠯᠭ᠎ᠠ ᠪᠠ ᠪᠤᠷᠬᠠᠨ ᠤ ᠦᠭᠡᠳᠡ ᠬᠦᠯ ᠢᠶᠠᠨ ᠵᠢᠬᠢᠵᠤ ᠤᠨᠳᠠᠬᠤ ᠶᠢ ᠴᠡᠭᠡᠷᠯᠡᠵᠤ᠂ ᠬᠠᠷᠢᠨ ᠲᠤᠯᠤᠭᠠᠢ ᠪᠠᠨ ᠬᠠᠨᠳᠤᠭᠤᠯᠵᠤ ᠤᠨᠳᠠᠬᠤ ᠭᠡᠷᠡᠭᠳᠡᠢ ᠪᠠᠶᠢᠳᠠᠭ᠃ ᠮᠤᠩᠭᠤᠯ ᠭᠡᠷ ᠤᠨ ᠬᠠᠳᠠᠪᠴᠢ ᠶᠢ ᠵᠠᠶᠢᠳᠠᠯᠠᠵᠤ ᠰᠠᠭᠤᠬᠤ ᠪᠤᠶᠤ ᠲᠤᠳᠤᠭᠤ ᠪᠠᠷ ᠱᠠᠭᠠᠢᠢᠬᠤ ᠶᠢ ᠴᠡᠭᠡᠷᠯᠡᠨ᠎ᠠ᠃ ᠮᠤᠩᠭᠤᠯ ᠭᠡᠷ ᠤᠨ ᠡᠭᠦᠳᠡ ᠶᠢ ᠠᠯᠳᠠᠯᠠᠬᠤ ᠶᠢ ᠴᠡᠭᠡᠷᠯᠡᠨ᠎ᠠ᠃ ᠡᠨᠡ ᠪᠦᠬᠦᠨ ᠨᠢ ᠮᠤᠩᠭᠤᠯᠴᠤᠳ ᠤᠨ ᠮᠤᠩᠭᠤᠯ ᠭᠡᠷ ᠲᠠᠬᠢ ᠬᠠᠮᠤᠭ ᠤᠨ ᠶᠡᠷᠦᠮᠳᠡᠭ ᠶᠤᠰᠤ ᠵᠠᠩᠰᠢᠯ ᠪᠤᠯᠬᠤ ᠪᠦᠭᠡᠳ ᠨᠡᠩ ᠴᠤ ᠬᠠᠮᠤᠭ ᠤᠨ ᠪᠤᠯᠪᠠᠰᠤᠨ ᠰᠠᠶᠢᠬᠠᠨ ᠭᠡᠷ ᠤᠨ ᠰᠤᠷᠭᠠᠯ ᠪᠤᠯᠬᠤ ᠶᠤᠮ᠃          ︽ᠮᠤᠩᠭᠤᠯᠴᠤᠳ ᠤᠨ ᠤᠯᠠᠮᠵᠢᠯᠠᠯᠳᠤ ᠭᠡᠷ ᠤᠨ ᠰᠤᠷᠭᠠᠯ︾ ᠭᠡᠬᠦ ᠨᠤᠮ ᠠᠴᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号