2016 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2016/12/29
   ᠵᠠᠰᠠᠭ ᠤᠨ ᠤᠷᠳᠤᠨ ᠤ ᠠᠵᠢᠯ ᠤᠨ ᠢᠯᠡᠳᠬᠡᠯ                                       2016 ᠤᠨ ᠤ 1 ᠰᠠᠷ᠎ᠡ ᠶᠢᠨ 17 ᠤ ᠡᠳᠤᠷ ᠯᠢᠨᠰᠢ ᠰᠢᠶᠡᠨ ᠤ ᠠᠷᠪᠠᠨ ᠵᠢᠷᠭᠤᠳᠤᠭᠠᠷ ᠬᠤᠭᠤᠴᠠᠭᠠᠨ ‍ᠣ‌ᠠᠷᠡᠳ   ᠤᠨ  ᠲᠦᠯᠦᠬᠡᠯᠡᠭᠴᠢᠳ   ᠤᠨ   ᠶᠡᠭᠡ   ᠬᠤᠷᠡᠯ   ᠤᠨ ᠲᠠᠪᠤᠳᠤᠭᠠᠷ  ᠬᠤᠷᠡᠯᠳᠤᠭᠠᠨ ᠲᠡᠭᠡᠷ᠎ᠡ                                      ᠰᠢᠶᠡᠨ ᠤ ᠠᠷᠡᠳ ᠤᠨ ᠵᠠᠰᠠᠭ ᠤᠨ ᠤᠷᠳᠤᠨ ᠤ ᠤᠷᠤᠯᠠᠭᠴᠢ ᠰᠢᠶᠡᠨ ᠤ ᠲᠠᠷᠤᠭ᠎ᠠ       ᠹᠦ᠋ ᠱᠸᠦ ᠯᠢᠲᠦᠯᠦᠬᠡᠯᠡᠭᠴᠢᠳ ᠡ᠄     ᠤᠳᠤ ᠪᠢ ᠰᠢᠶᠡᠨ ᠤ ᠠᠷᠡᠳ ᠤᠨ ᠵᠠᠰᠠᠭ ᠤᠨ ᠤᠷᠳᠤᠨ ᠤ ᠡᠮᠤᠨ᠎ᠡ ᠠᠴᠠ ᠶᠡᠭᠡ ᠬᠤᠷᠡᠯ ᠳᠤ ᠠᠵᠢᠯ ᠤᠨ ᠢᠯᠡᠳᠬᠡᠯ ᠬᠢᠶ᠎ᠠ᠂ ︽ ᠯᠢᠨᠰᠢ ᠰᠢᠶᠡᠨ ᠤ ᠤᠯᠤᠰ ᠠᠷᠡᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ ᠶᠢᠨ ᠬᠦᠳᠤᠯᠪᠤᠷᠢ ︵ ᠲᠦᠰᠦᠯ︶︾ ᠲᠠᠢ ᠴᠤᠭᠭᠠᠷ ᠬᠢᠨᠠᠨ ᠵᠦᠪᠯᠡᠬᠦ ᠪᠤᠯᠪᠠᠦ᠃ ᠮᠥᠨ ᠰᠢᠶᠡᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠠ ᠬᠤᠷᠡᠯ ᠳᠤ ᠰᠤᠯᠠ ᠤᠷᠤᠯᠴᠠᠭᠰᠡᠳ ᠤᠨ ᠰᠠᠨᠠᠯ ᠢᠶᠠᠨ ᠲᠤᠷᠡᠳᠬᠤ ᠶᠢ ᠬᠦᠰᠡᠵᠤ ᠪᠠᠶᠢᠨ᠎ᠠ᠃     ᠨᠢᠬᠡ᠂ ︽ ᠠᠷᠪᠠᠨ ᠬᠤᠶᠠᠳᠤᠭᠠᠷ ᠲᠠᠪᠤᠨ ᠵᠢᠯ︾ ᠤᠨ ᠠᠵᠢᠯ ᠤᠨ ᠲᠤᠪᠴᠢᠬᠠᠨ ᠡᠷᠬᠢᠴᠡᠬᠦᠯᠦᠯ     ᠲᠠᠪᠤᠨ ᠵᠢᠯ ᠤᠨ ᠲᠤᠷᠰᠢ᠂ ᠰᠢᠶᠡᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠡ᠂ ᠰᠢᠶᠡᠨ ᠤ ᠵᠠᠰᠠᠭ ᠤᠨ ᠤᠷᠳᠤᠨ ᠨᠢ ᠪᠦᠬᠦ ᠰᠢᠶᠡᠨ ᠤ ᠦᠨᠳᠤᠰᠤᠳᠡᠨ ᠨᠦᠭᠦᠳ ᠤᠨ ᠠᠷᠡᠳ ᠲᠦᠮᠡᠨ ᠳᠤ ᠲᠦᠰᠢᠭᠯᠡᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠡᠯᠳᠤᠭᠠᠨ᠂ ᠲᠦᠷᠪᠡᠳᠤᠭᠡᠷ ᠪᠦᠬᠦᠳᠡ ᠬᠤᠷᠡᠯᠳᠤᠭᠠᠨ᠂ ᠲᠠᠪᠤᠳᠤᠭᠠᠷ ᠪᠦᠬᠦᠳᠡ ᠬᠤᠷᠡᠯᠳᠤᠭᠠᠨ ᠪᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠶᠡᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠲᠡᠭᠡᠳᠤ ᠱᠠᠳᠤᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠪᠠᠭᠤᠷᠠᠭᠰᠠᠨ ᠬᠦᠨᠳᠤ ᠰᠦᠷᠡᠬᠡᠢ ᠲᠠᠷᠤᠭᠠᠰᠤ ᠳᠤ ᠬᠠᠨᠳᠤᠵᠤ᠂ ᠠᠵᠤ ᠠᠬᠤᠢ  ᠶᠢᠨ ᠬᠦᠭᠵᠢᠯᠳᠡ ᠶᠢᠨ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠲᠠᠢ ᠪᠠᠷ ᠵᠤᠬᠢᠴᠠᠨ᠂ ᠶᠡᠷᠦᠩᠬᠡᠢ ᠬᠡᠮᠵᠢᠶ᠎ᠡ ᠪᠠᠨ ᠨᠡᠮᠡᠭᠳᠡᠬᠦᠯᠵᠤ᠂ ᠶᠠᠰᠤ ᠴᠢᠨᠡᠷ ᠢ ᠲᠡᠭᠡᠭᠰᠢᠯᠡᠬᠦᠯᠤᠨ᠂ ᠰᠢᠶᠡᠨ ᠤ ᠬᠡᠪᠴᠢᠶᠡᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠦᠷ᠎ᠡ ᠪᠦᠳᠤᠮᠵᠢ ᠶᠢ ᠤᠯᠤᠭᠰᠠᠨ ᠪᠠᠶᠢᠨ᠎ᠠ᠃     ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠢ ᠶᠡᠭᠡ ᠬᠡᠮᠵᠢᠶ᠎ᠡ ᠪᠠᠷ ᠲᠡᠭᠡᠭᠰᠢᠯᠡᠬᠦᠯᠪᠡ᠃  ︽ ᠠᠷᠪᠠᠨ ᠬᠤᠶᠠᠳᠤᠭᠠᠷ ᠲᠠᠪᠤᠨ ᠵᠢᠯ︾ ᠤᠨ ᠡᠴᠤᠰ ᠲᠤ᠄ ᠤᠷᠤᠨ ᠭᠠᠵᠡᠷ ᠤᠨ ᠦᠢᠯᠡᠳᠪᠤᠷᠢᠯᠠᠯ ᠤᠨ ᠶᠡᠷᠦᠩᠬᠡᠢ ᠦᠷᠳᠡᠭ ᠢ  78.7 ᠳ᠋ᠦᠩᠰᠢᠭᠤᠷ ᠲᠦᠬᠦᠷᠢᠭ ᠪᠡᠶᠡᠯᠡᠬᠦᠯᠵᠤ᠂ ︽ ᠠᠷᠪᠠᠨ ᠨᠢᠬᠡᠳᠤᠭᠡᠷ ᠲᠠᠪᠤᠨ ᠵᠢᠯ︾ ᠤᠨ ᠡᠴᠦᠰ  ᠠᠴᠠ 2.1 ᠲᠡᠬᠢᠨ ᠢᠶᠠᠷ ᠨᠡᠮᠡᠭᠳᠡᠬᠦᠯᠪᠠ︔ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠦᠢᠯᠡᠳᠪᠤᠷᠢᠯᠡᠯ ᠤᠨ ᠦᠷᠳᠡᠭ ᠢ 120 ᠳ᠋ᠦᠩᠰᠢᠭᠤᠷ ᠲᠦᠬᠦᠷᠢᠭ ᠪᠡᠶᠡᠯᠡᠬᠦᠯᠵᠤ᠂ ︽ ᠠᠷᠪᠠᠨ ᠨᠢᠬᠡᠳᠤᠭᠡᠷ ᠲᠠᠪᠤᠨ ᠵᠢᠯ︾ ᠤᠨ ᠡᠴᠦᠰ  ᠠᠴᠠ 4 ᠲᠡᠬᠢᠨ ᠢᠶᠠᠷ ᠨᠡᠮᠡᠭᠳᠡᠬᠦᠯᠤᠨ︔ ᠬᠡᠪᠴᠢᠶ᠎ᠡ ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 71 ᠳ᠋ᠦᠩᠰᠢᠭᠤᠷ ᠲᠦᠬᠦᠷᠢᠭ ᠪᠡᠶᠡᠯᠡᠬᠦᠯᠵᠤ᠂ ︽ᠠᠷᠪᠠᠨ ᠨᠢᠬᠡᠳᠤᠭᠡᠷ ᠲᠠᠪᠤᠨ ᠵᠢᠯ  ︾ ᠤᠨ ᠬᠤᠭᠤᠴᠠᠭ᠎ᠠ ᠡᠴᠦᠰ ᠠᠴᠠ 2.1 ᠲᠡᠬᠢᠨ ᠢᠶᠠᠷ ᠨᠡᠮᠡᠭᠳᠡᠬᠦᠯᠵᠤ︔ ᠨᠡᠶᠢᠬᠡᠮ ᠤᠨ ᠬᠡᠷᠡᠭᠯᠡᠬᠡᠨ ᠢ ᠰᠤᠯᠠ ᠬᠤᠳᠠᠯᠳᠤᠭᠰᠠᠨ ᠶᠡᠷᠦᠩᠬᠡᠢ ᠨᠤᠷᠮ᠎ᠠ ᠶᠢ 31 ᠳ᠋ᠦᠩᠰᠢᠭᠤᠷ ᠲᠦᠬᠦᠷᠢᠭ ᠪᠡᠶᠡᠯᠡᠬᠦᠯᠤᠨ᠂ ︽ᠠᠷᠪᠠᠨ ᠨᠢᠬᠡᠳᠤᠭᠡᠷ ᠲᠠᠪᠤᠨ ᠵᠢᠯ  ︾ ᠤᠨ ᠬᠤᠭᠤᠴᠠᠭ᠎ᠠ ᠡᠴᠦᠰ ᠠᠴᠠ 2 ᠲᠡᠬᠢᠨ ᠢᠶᠠᠷ  ᠨᠡᠮᠡᠭᠳᠡᠬᠦᠯᠵᠠᠢ︔ ᠤᠷᠤᠨ ᠨᠤᠳᠤᠭ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 3.99 ᠳ᠋ᠦᠩᠰᠢᠭᠤᠷ ᠲᠦᠬᠦᠷᠢᠭ ᠪᠡᠶᠡᠯᠡᠬᠦᠯᠵᠤ᠂ 2014 ᠤᠨ ᠠᠴᠠ 7.3% ᠪᠠᠷ ᠨᠡᠮᠡᠭᠳᠡᠬᠦᠯᠦᠨ︔ ᠬᠤᠳᠠ ᠪᠠᠯᠭᠠᠰᠤ ᠬᠢᠬᠡᠳ ᠬᠦᠳᠡᠭᠡ ᠲᠤᠰᠬᠤᠨ ᠤ ᠪᠠᠶᠢᠩᠭᠤ ᠰᠠᠭᠤᠷᠢᠰᠢᠭ᠎ᠠ ᠰᠠᠭᠤᠭᠠᠯᠢᠴᠢᠳ ᠤᠨ ᠬᠦᠮᠤᠨ ᠨᠢᠬᠡᠪᠤᠷᠢ ᠶᠢᠨ ᠡᠵᠡᠮᠳᠡᠵᠤ ᠪᠤᠯᠬᠤᠶᠢᠴᠡ ᠤᠷᠤᠯᠭ᠎ᠠ ᠶᠢ ᠲᠤᠰ ᠲᠤᠰ 22564 ᠲᠦᠬᠦᠷᠢᠭ ᠪᠠ 7568 ᠲᠦᠬᠦᠷᠢᠭ ᠲᠤ ᠬᠦᠷᠬᠡᠵᠤ᠂ ︽ᠠᠷᠪᠠᠨ ᠨᠢᠬᠡᠳᠤᠭᠡᠷ ᠲᠠᠪᠤᠨ ᠵᠢᠯ  ︾ ᠤᠨ ᠬᠤᠭᠤᠴᠠᠭ᠎ᠠ ᠡᠴᠦᠰ ᠠᠴᠠ ᠲᠤᠰᠪᠤᠷᠢ 1.9 ᠲᠠᠬᠢᠨ ᠪᠠ 1.7 ᠲᠡᠬᠢᠨ ᠢᠶᠠᠷ ᠨᠡᠮᠡᠭᠳᠡᠬᠦᠯᠵᠠᠢ᠃     ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠲᠦᠷᠭᠡᠳᠭᠡᠪᠡ᠃ ᠠᠵᠤ ᠦᠢᠯᠡᠳᠪᠤᠷᠢ ᠶᠢᠨ ᠠᠵᠤ ᠠᠬᠤᠢ  ᠶᠢ ᠲᠡᠰ ᠲᠡᠪᠰᠢᠬᠦᠯᠪᠡ᠃ ᠦᠩᠬᠡᠳᠤ ᠲᠡᠮᠦᠷᠯᠢᠭ ᠤᠨ ᠠᠭᠤᠷᠬᠠᠢ ᠰᠤᠩᠭᠤᠬᠤ ᠴᠢᠳᠠᠪᠤᠷᠢ ᠶᠢ ᠢᠯᠡᠳᠳᠡ ᠲᠡᠭᠡᠭᠰᠢᠯᠡᠬᠦᠯᠵᠤ᠂ ᠯᠢ ᠲᠦᠸᠧ᠂ ᠳ᠋ᠠ  ᠢᠡᠭᠽᠢ᠂ ᠲᠢᠶᠡᠨ ᠴᠧᠩ ᠵᠡᠷᠬᠡ ᠨᠢᠬᠡ ᠪᠦᠯᠦᠭ ᠲᠦᠷᠦᠯ ᠵᠦᠢᠯ ᠢ ᠬᠡᠷᠡᠭᠵᠢᠬᠦᠯᠦᠨ ᠦᠢᠯᠡᠳᠪᠤᠷᠢᠯᠠᠯ ᠢ ᠨᠢ ᠡᠬᠢᠯᠡᠬᠦᠯᠵᠤ᠂ ᠦᠩᠬᠡᠳᠤ ᠲᠡᠮᠦᠷᠯᠢᠭ ᠤᠨ ᠡᠳᠤᠷ ᠤᠨ ᠭᠠᠷᠤᠯᠳᠠ ᠶᠢᠨ ᠴᠢᠳᠠᠪᠤᠷᠢ ᠨᠢ ᠲᠦᠮᠡᠨ ᠲᠤᠨ ᠢ ᠲᠠᠪᠠᠪᠠ᠃ ᠵᠠᠰ᠂ ᠴᠠᠭᠠᠨ ᠲᠤᠭᠤᠯᠭ᠎ᠠ  ᠂ ᠮᠤᠯᠢᠪᠳᠧᠨ ᠢ ᠪᠤᠯᠪᠠᠰᠤᠷᠠᠭᠤᠯᠬᠤ ᠠᠵᠤ ᠦᠢᠯᠡᠰ ᠤᠨ ᠰᠢᠪᠳᠤᠯᠤᠯᠳᠠ ᠶᠢ ᠪᠡᠶᠡᠯᠡᠬᠦᠯᠵᠤ᠂ ᠹᠦ᠋ ᠪᠠᠩ ᠤᠨ 10  ᠲᠦᠮᠡᠨ ᠲᠤᠨ ᠪᠦᠳᠤᠬᠦᠯᠢᠭ ᠵᠠᠰ᠂ ᠳ᠋ᠠ ᠢᠡᠭᠽᠢ ᠤᠨ 5000 ᠲᠤᠨ ᠨᠠᠷᠢᠯᠢᠭ ᠴᠠᠭᠠᠨ ᠲᠤᠭᠤᠯᠭ᠎ᠠ᠂ ᠵᠡᠬᠦᠨ ᠬᠤᠶᠢᠳᠤ ᠶᠢᠨ ᠲᠧ ᠭᠠᠩ ᠤᠨ ᠲᠦᠮᠡᠨ ᠲᠤᠨ  ᠮᠤᠯᠢᠪᠳᠧᠨ ᠤ ᠪᠦᠳᠤᠭᠡᠭᠳᠡᠬᠦᠨ ᠵᠡᠷᠬᠡ ᠨᠢᠬᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠭᠤᠯᠵᠤ᠂ ᠲᠠᠩ ᠭᠠᠭᠴᠠ ᠠᠭᠤᠷᠬᠠᠢ ᠰᠤᠩᠭᠤᠵᠤ ᠪᠠᠶᠢᠭᠰᠠᠨ ᠠᠴᠠ ᠨᠢ ᠪᠤᠯᠪᠠᠰᠤᠷᠠᠭᠤᠯᠵᠤ  ᠪᠤᠯᠭᠠᠵᠤ ᠲᠡᠰ ᠲᠡᠪᠰᠢᠬᠦᠯᠦᠨ᠂ ᠦᠩᠬᠡᠳᠤ ᠲᠡᠮᠦᠷᠯᠢᠭ ᠢ ᠪᠤᠯᠪᠠᠰᠤᠷᠠᠭᠤᠯᠵᠤ  ᠤᠷᠤᠨ ᠲᠤᠭᠤᠷᠢᠭ ᠤᠨ ᠲᠦᠪ ᠢ ᠠᠩᠬ᠎ᠠ ᠠᠯᠬᠤᠮ ᠪᠦᠷᠢᠯᠳᠦᠬᠦᠯᠦᠭᠰᠡᠨ ᠪᠠᠶᠢᠨ᠎ᠠ᠃ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠪᠤᠢ ᠪᠤᠯᠭᠠᠵᠤ᠂ ᠲᠢᠶᠡᠨ ᠢ ᠶᠢᠨ 3 ᠲᠦᠮᠡᠨ ᠲᠤᠨ ᠤᠰᠤᠳᠦ᠋ᠷᠦᠭᠴᠢᠳᠤ ᠹᠯᠤᠷ ᠬᠦᠴᠢᠯ᠂ 2 ᠲᠦᠮᠡᠨ ᠲᠤᠨ ᠬᠤᠶᠡᠷ ᠹᠯᠤᠷᠳᠤ ᠡᠲ᠋ᠢᠯ  ᠠᠯᠺᠠᠨ ᠪᠤᠯᠤᠨ 1 ᠲᠦᠮᠡᠨ ᠲᠤᠨ ᠮᠦᠰᠦᠯᠢᠭ ᠪᠤᠯᠤᠷ᠂ ᠬᠤᠸᠠ ᠯᠦᠩ ᠤᠨ 4 ᠲᠦᠮᠡᠨ ᠲᠤᠨ ᠤᠰᠤᠳᠦ᠋ᠷᠦᠭᠴᠢᠳᠤ ᠹᠯᠤᠷ ᠬᠦᠴᠢᠯ  ᠤᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠡᠬᠢᠯᠡᠬᠦᠯᠵᠤ᠂ ᠹᠯᠤᠷ ᠤᠨ ᠬᠢᠮᠢ   ᠶᠢᠨ ᠠᠵᠤ ᠦᠢᠯᠡᠳᠪᠤᠷᠢ  ᠶᠢᠨ ᠠᠵᠤ ᠦᠢᠯᠡᠰ ᠤᠨ ᠬᠡᠪᠴᠢᠶ᠎ᠡ ᠶᠢ ᠠᠩᠬ᠎ᠠ ᠠᠯᠬᠤᠮ ᠪᠦᠷᠢᠯᠳᠦᠬᠦᠯᠵᠠᠢ᠃ ᠳ᠋ᠠ ᠲᠠᠩ ᠤᠨ 10 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ᠂ ᠲᠤᠮᠳᠠᠳᠤ ᠤᠯᠤᠰ ᠤᠨ ᠡᠨᠧᠷᠬᠢ ᠶᠢᠨ ᠴᠠᠬᠢᠯᠠᠭᠠᠨ ᠬᠦᠴᠦᠨ ᠤ ᠪᠦᠯᠦᠭᠯᠡᠯ ᠤᠨ 4 ᠲᠦᠮᠡᠨ ᠺᠢᠯᠤᠸᠠᠲ ᠤᠨ ᠬᠡᠷᠡᠯ ᠵᠢᠭᠰᠠᠯ ᠤᠨ ᠲᠦᠷᠦᠯ ᠵᠦᠢᠯ ᠢ ᠲᠤᠤᠷᠵᠢᠯ ᠳᠤ ᠨᠡᠶᠢᠯᠡᠬᠦᠯᠦᠨ ᠴᠠᠬᠢᠯᠭᠠᠨ ᠭᠠᠷᠭᠠᠪᠠ᠃ ᠲᠡᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠢ ᠡᠳᠡᠰᠢᠭᠦᠯᠬᠦ ᠦᠢᠯᠡᠰ ᠤᠨ ᠬᠦᠭᠵᠢᠯᠳᠡ ᠶᠢ ᠠᠬᠢᠭᠤᠯᠵᠤ᠂ ᠰᠢᠬᠢᠷ ᠯᠤᠤᠪᠠᠩ ᠤᠨ ᠵᠢᠯ ᠤᠨ ᠰᠢᠢᠳᠪᠤᠷᠢᠯᠡᠬᠦ ᠴᠢᠳᠠᠪᠤᠷᠢ ᠶᠢ 50 ᠲᠦᠮᠡᠨ ᠲᠤᠨ ᠳᠤ ᠬᠦᠷᠬᠡᠵᠤ᠂  ᠲᠦᠪ ᠤᠨ ᠨᠦᠬᠡᠴᠡᠯᠡᠬᠦ ᠰᠢᠬᠢᠷ ᠢ 20 ᠲᠦᠮᠡᠨ ᠲᠤᠨ  ᠂ ᠢᠰᠬᠡᠬᠦᠷ ᠵᠢᠴᠢ ᠢᠰᠬᠡᠬᠦᠷ ᠠᠴᠠ ᠪᠤᠯᠪᠠᠰᠤᠷᠠᠭᠤᠯᠤᠨ ᠠᠪᠤᠭᠰᠠᠨ ᠪᠤᠳᠠᠰ ᠢ 1 ᠲᠦᠮᠡᠨ ᠲᠤᠨ ᠦᠢᠯᠡᠳᠪᠤᠷᠢᠯᠡᠨ᠂ ᠤᠮᠠᠷᠡᠳᠤ ᠤᠷᠤᠨ  ᠤ ᠰᠢᠬᠢᠷ ᠯᠤᠤᠪᠠᠩ ᠦᠢᠯᠡᠳᠪᠤᠷᠢᠯᠡᠵᠤ ᠡᠳᠡᠰᠢᠭᠦᠯᠬᠦ ᠴᠢᠬᠤᠯᠠ ᠰᠠᠭᠤᠷᠢᠨ ᠪᠤᠯᠤᠭᠰᠠᠨ ᠪᠠᠶᠢᠨ᠎ᠠ᠃ ᠨᠤᠯᠤᠤᠷ ᠤᠨ ᠬᠦᠩᠬᠡᠨ ᠨᠡᠬᠡᠮᠡᠯ ᠤᠨ ᠪᠦᠷᠢᠨ ᠲᠦᠬᠦᠷ ᠠᠵᠤ ᠦᠢᠯᠡᠰ ᠤᠨ ᠬᠡᠯᠬᠢᠶ᠎ᠡ ᠶᠢ ᠪᠤᠢ ᠪᠤᠯᠭᠠᠵᠤ᠂ ᠨᠤᠯᠤᠤᠷ ᠢ ᠡᠳᠡᠰᠢᠭᠦᠯᠬᠦ ᠪᠤᠯᠪᠠᠰᠤᠷᠠᠭᠤᠯᠬᠤ ᠴᠢᠳᠠᠪᠤᠷᠢ ᠶᠢ 1000 ᠲᠤᠨ ᠳᠤ ᠬᠦᠷᠬᠡᠵᠠᠢ᠃ ᠪᠠᠷᠢᠯᠭ᠎ᠠ ᠬᠢᠬᠡᠳ ᠪᠠᠷᠢᠯᠭ᠎ᠠ ᠶᠢᠨ ᠮᠠᠲ᠋ᠧᠷᠢᠶᠠᠯ  ᠤᠨ ᠦᠢᠯᠡᠰ ᠪᠤᠵᠠᠭᠠᠶᠢᠷᠠᠵᠤ᠂ ᠽᠧᠮᠧᠨ᠋ᠲ᠂ ᠴᠢᠯᠠᠭᠤᠨ ᠮᠠᠲ᠋ᠧᠷᠢᠶᠠᠯ᠂ ᠬᠦᠩᠬᠡᠨ ᠬᠠᠪᠳᠠᠰᠤᠨ ᠤ ᠦᠢᠯᠡᠳᠪᠤᠷᠢᠯᠠᠯ ᠤᠨ ᠴᠢᠳᠠᠪᠤᠷᠢ ᠨᠢ ᠲᠤᠰ ᠲᠤᠰ 150 ᠲᠦᠮᠡᠨ ᠲᠤᠨ᠂ 200 ᠲᠦᠮᠡᠨ ᠲᠡᠭᠰᠢ ᠲᠦᠷᠪᠡᠯᠵᠢᠨ ᠮᠧᠲᠷ ᠪᠠ 55 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠦᠭᠰᠡᠨ ᠪᠠᠶᠢᠨ᠎ᠠ᠃ ᠬᠦᠷᠢᠶᠡᠯᠡᠩ ᠲᠤᠭᠤᠷᠢᠭ ᠤᠨ ᠠᠵᠤ ᠠᠬᠤᠢ ᠶᠢᠨ ᠬᠦᠭᠵᠢᠯᠳᠡ ᠶᠢ ᠲᠦᠷᠭᠡᠳᠭᠡᠵᠤ᠂ ︽ ᠨᠢᠬᠡ ᠬᠦᠷᠢᠶᠡᠯᠡᠩ ᠤᠯᠠᠨ ᠲᠤᠭᠤᠷᠢᠭ︾ ᠤᠨ ᠬᠦᠭᠵᠢᠯᠳᠡ ᠶᠢᠨ ᠪᠠᠶᠢᠷᠢᠰᠢᠯ  ᠢ ᠲᠦᠯᠦᠪᠰᠢᠬᠦᠯᠦᠨ᠂ 71  ᠠᠵᠤ ᠠᠬᠤᠶᠢᠯᠠᠯ ᠰᠢᠨ᠎ᠡ ᠪᠠᠷ ᠨᠡᠮᠡᠭᠳᠡᠵᠤ᠂ ᠬᠤᠳᠠᠯᠳᠤᠨ ᠪᠤᠷᠤᠯᠠᠭᠤᠯᠤᠭᠰᠠᠨ ᠤᠷᠤᠯᠭ᠎ᠠ ᠵᠠᠭᠤᠨ ᠲᠦᠮᠡᠨ ᠳ᠋ᠦᠩᠰᠢᠭᠤᠷ ᠲᠦᠬᠦᠷᠢᠭ ᠠᠴᠠ ᠲᠡᠭᠡᠭᠰᠢ ᠪᠠᠶᠢᠬᠤ ᠶᠢ ᠪᠠᠳᠤᠯᠠᠵᠠᠢ᠃ ᠲᠡᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠰᠢᠯᠢᠳᠡᠭᠵᠢᠬᠦᠯᠤᠨ ᠲᠤᠬᠢᠷᠠᠭᠤᠯᠪᠠ᠃ ᠠᠮᠤ ᠪᠤᠳᠠᠭᠠᠨ ᠤ ᠤᠨᠠᠯᠳᠠ ᠶᠢ 5 ᠳ᠋ᠦᠩᠰᠢᠭᠤᠷ ᠵᠢᠩ ᠠᠴᠠ ᠲᠡᠭᠡᠭᠰᠢ ᠪᠠᠶᠢᠯᠭᠠᠬᠤ ᠶᠢ  ᠪᠠᠳᠤᠯᠠᠵᠠᠢ᠃ ᠰᠢᠬᠢᠷ ᠯᠤᠤᠪᠠᠩ ᠤᠨ ᠰᠠᠭᠤᠷᠢᠨ ᠭᠠᠵᠡᠷ ᠢ 9 ᠲᠦᠮᠡᠨ ᠮᠤ᠋ ᠪᠤᠯᠭᠠᠵᠤ᠂ ᠦᠪᠤᠷ ᠮᠤᠩᠭᠤᠯ ᠤᠨ   ᠵᠡᠷᠯᠢᠭ ᠵᠢᠮᠢᠰ ᠤᠨ ᠲᠠᠯᠠᠪᠠᠢ 7 ᠲᠦᠮᠡᠨ ᠮᠤ᠋ ᠪᠠᠶᠢᠬᠤ ᠶᠢ ᠪᠠᠳᠤᠯᠠᠨ᠂ ᠤᠯᠠᠨ ᠵᠢᠯ ᠤᠨ ᠤᠷᠭᠤᠯᠳᠠ ᠲᠠᠢ 40 ᠲᠦᠮᠡᠨ ᠮᠤ᠋ ᠪᠠᠶᠢᠭᠠᠯᠢ ᠶᠢᠨ ᠪᠡᠯᠴᠢᠬᠡᠷ ᠢ ᠬᠠᠮᠠᠭᠠᠯᠠᠵᠤ᠂ ︽ ᠠᠮᠤ ᠪᠤᠳᠠᠭ᠎ᠠ᠂ ᠠᠵᠤ ᠠᠬᠤᠢ᠂ ᠡᠪᠡᠰᠤ ᠪᠤᠷᠳᠤᠭ᠎ᠠ︾ ᠲᠡᠷᠢᠵᠤ ᠦᠢᠵᠢᠭᠤᠯᠬᠤ ᠪᠦᠳᠤᠴᠡ ᠶᠢ ᠨᠡᠩ ᠵᠦᠢ ᠵᠤᠬᠢᠰᠳᠡᠢ ᠪᠤᠯᠭᠠᠪᠠ᠃ ᠦᠯᠡᠳᠡᠬᠡᠯ ᠮᠠᠯ ᠤᠨ ᠲᠤᠭ᠎ᠠ ᠶᠢ 123.6 ᠲᠦᠮᠨ ᠪᠠᠶᠢᠯᠭᠠᠵᠤ᠂ ᠡᠬᠦᠨ ᠳᠤ 97 ᠲᠦᠮᠡᠨ ᠲᠤᠯᠤᠭᠠᠢ ᠠᠯᠠᠰᠢᠨ ᠬᠤᠨᠢ ᠦᠯᠡᠳᠡᠬᠡᠵᠠᠢ᠃ ᠮᠠᠯ ᠠᠵᠤ ᠠᠬᠤᠢ ᠶᠢᠨ ᠦᠢᠯᠡᠳᠬᠦᠨ ᠤ ᠦᠷᠳᠡᠭ ᠨᠢ ᠨᠢᠬᠡᠳᠤᠭᠡᠷ ᠠᠵᠤ ᠦᠢᠯᠡᠰ ᠤᠨ ᠦᠢᠯᠡᠳᠬᠦᠨ ᠤ ᠦᠷᠳᠡᠭ ᠤᠨ 52% ᠶᠢ ᠡᠵᠡᠯᠡᠭᠰᠡᠨ ᠪᠠᠶᠢᠨ᠎ᠠ᠃ ᠰᠢᠨ᠎ᠡ ᠮᠠᠶ᠋ᠢᠭ ᠤᠨ ᠡᠵᠡᠩᠨᠡᠯᠳᠡ ᠶᠢᠨ ᠪᠤᠳᠠᠳᠤ ᠴᠤᠭᠴᠠ ᠪᠤᠯᠤᠨ ᠲᠤᠯᠤᠭᠠᠶᠢᠯᠭᠴᠢ ᠠᠵᠤ ᠠᠬᠤᠶᠢᠯᠠᠯ ᠤᠨ ᠬᠦᠭᠵᠢᠯᠳᠡ ᠶᠢ ᠲᠡᠳᠬᠦᠨ ᠲᠡᠮᠵᠢᠪᠡ᠃ ᠬᠤᠳᠠ ᠶᠢᠨ ᠲᠡᠰ ᠠᠴᠠ ᠲᠡᠭᠡᠭᠰᠢᠬᠢ ᠵᠢᠱᠢᠶ᠎ᠡ ᠦᠵᠡᠬᠦᠯᠬᠦ ᠬᠤᠷᠰᠢᠯ 24 ᠪᠤᠯᠵᠤ᠂ 30% ᠶᠢᠨ ᠲᠡᠷᠢᠶᠡᠴᠢᠨ ᠡᠷᠦᠬᠡ ᠬᠤᠷᠰᠢᠭᠰᠠᠨ ᠦᠢᠯᠡᠳᠪᠤᠷᠢᠯᠡᠯ ᠡᠵᠡᠩᠨᠡᠯᠳᠡ ᠳᠤ ᠤᠷᠤᠯᠴᠠᠵᠠᠢ᠃ ᠦᠢᠯᠡᠴᠢᠯᠡᠬᠡᠨ ᠤ ᠦᠢᠯᠡᠰ  ᠤᠨ ᠬᠦᠭᠵᠢᠯᠳᠡ ᠶᠢᠨ ᠪᠠᠶᠢᠳᠠᠯ ᠠᠰᠤᠷᠦ ᠰᠠᠶᠢᠨ ᠪᠠᠶᠢᠵᠤ᠂ ᠤᠮᠠᠷᠡᠳᠤ ᠶᠢᠨ ᠠᠷᠡᠯᠵᠢᠶ᠎ᠠ ᠬᠤᠳᠠᠯᠳᠤᠭ᠎ᠠ ᠶᠢᠨ ᠪᠤᠳᠠᠰ  ᠤᠨ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠠᠩᠬᠠᠳᠠᠭᠴᠢ ᠬᠤᠭᠤᠴᠠᠭ᠎ᠠ ᠪᠤᠯᠤᠨ ᠠᠮᠤ ᠪᠤᠳᠠᠭᠠᠨ ᠤ ᠬᠦᠢᠯᠬᠡᠬᠡᠨ ᠤ ᠲᠦᠪ ᠢ ᠪᠠᠶᠢᠭᠤᠯᠵᠤ ᠡᠵᠡᠩᠨᠡᠯᠳᠡ ᠳᠤ ᠤᠷᠤᠭᠤᠯᠪᠠ᠃ ᠬᠠᠢ ᠴᠤᠸᠠᠨ ᠬᠤᠳᠠᠯᠳᠤᠭᠠᠨ ᠤ ᠦᠢᠯᠡᠰ  ᠤᠨ ᠶᠡᠷᠦᠩᠬᠡᠶᠢᠯᠡᠭᠰᠡᠨ ᠴᠤᠭᠴᠠ ᠶᠢᠨ ᠠᠩᠬ᠎ᠠ ᠠᠯᠬᠤᠮ ᠤᠨ ᠬᠡᠪᠴᠢᠶ᠎ᠡ ᠪᠦᠷᠢᠯᠳᠤᠪᠡ᠃ ᠢᠳᠡᠬᠡᠨ ᠤᠮᠳᠠᠭᠠᠨ ᠤ ᠬᠦᠢᠯᠬᠡᠬᠡ᠂ ᠪᠦᠬᠡᠮ ᠢᠶᠠᠷ ᠪᠠ ᠰᠤᠯᠠ ᠬᠤᠳᠠᠯᠳᠤᠬᠤ᠂ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ  ᠶᠢ ᠲᠦᠷᠬᠡᠳᠬᠡᠵᠤ᠂ ᠬᠤᠳᠠ ᠬᠦᠳᠡᠭᠡ ᠶᠢᠨ ᠬᠤᠳᠠᠯᠳᠤᠭᠠᠨ ᠤ ᠦᠢᠯᠡᠰ ᠤᠨ ᠲᠤᠤᠷ ᠴᠢᠭ᠋  10685 ᠪᠤᠯᠵᠤ᠂ ᠡᠵᠡᠩᠨᠡᠯᠳᠡ ᠶᠢᠨ ᠲᠠᠯᠠᠪᠠᠢ ᠨᠢ 62 ᠲᠡᠭᠰᠢ ᠲᠦᠷᠪᠡᠯᠵᠢᠨ ᠮᠧᠲᠷ ᠲᠤ ᠬᠦᠷᠴᠠᠢ᠃ 143 ᠲᠦᠮᠡᠨ ᠲᠡᠭᠰᠢ ᠲᠦᠷᠪᠡᠯᠵᠢᠨ ᠮᠧᠲᠷ ᠭᠡᠷ ᠭᠠᠵᠡᠷ ᠤᠨ ᠬᠦᠷᠦᠩᠬᠡ ᠶᠢ ᠨᠡᠬᠡᠬᠡᠨ ᠠᠰᠢᠭᠯᠠᠵᠤ᠂ 12 ᠪᠠᠷᠢᠮᠵᠢᠶᠠᠵᠢᠭᠰᠠᠨ ᠵᠢᠵᠢᠭ ᠬᠤᠷᠢᠶᠠᠯᠠᠯ ᠢ ᠰᠢᠨ᠎ᠡ ᠪᠠᠷ ᠪᠠᠶᠢᠭᠤᠯᠤᠨ᠂ 12.6 ᠲᠦᠮᠡᠨ ᠲᠡᠭᠰᠢ ᠲᠦᠷᠪᠡᠯᠵᠢᠨ ᠮᠧᠲᠷ ᠬᠠᠭᠤᠴᠢᠨ ᠬᠡᠷ ᠬᠤᠷᠢᠶᠠᠯᠠᠯ ᠢ ᠦᠬᠡᠷᠡᠴᠢᠯᠡᠨ ᠰᠢᠨᠡᠳᠭᠡᠵᠠᠢ᠃  ︽ ᠯᠧᠩ ᠱᠠᠨ ᠨᠡᠷᠡᠮᠵᠢᠳᠤ︾ ᠴᠠᠭᠠᠨ ᠰᠢᠬᠢᠷ ᠨᠢ ᠨᠡᠷᠡᠳᠤ ᠲᠡᠮᠳᠡᠭ  ᠢᠶᠠᠷ ᠦᠨᠡᠯᠡᠭᠳᠡᠵᠤ᠂ ︽ ᠾᠧᠩ ᠹᠧᠩ ᠪᠤᠬᠢᠷᠳᠤᠯ ᠦᠭᠡᠢ ᠨᠠᠷᠢᠮᠦ︾᠂ ︽ ᠯᠤᠤ ᠰᠠᠨ ᠴᠢᠦᠢ︾ ᠡᠯᠳᠡᠪ ᠠᠮᠤ   ᠨᠢ ᠨᠢᠬᠡᠳᠤᠭᠡᠷ ᠹᠷᠤᠨᠲ ᠤᠨ ᠬᠤᠳᠠ ᠶᠢᠨ ᠲᠤᠮᠤ ᠴᠢᠯᠦᠬᠡᠳᠤ ᠲᠡᠯᠬᠡᠬᠦᠷ ᠲᠤ ᠤᠷᠤᠭᠰᠠᠨ ᠪᠠᠶᠢᠨ᠎ᠠ᠃ ᠴᠢ ᠾᠧ ᠲᠠᠩ ᠲᠤᠰᠬᠤᠨ ᠨᠢ ᠪᠦᠬᠦ ᠤᠯᠤᠰ ᠤᠨ ︽ ᠨᠢᠬᠡ ᠲᠤᠰᠬᠤᠨ ᠤ ᠨᠢᠬᠡ ᠦᠢᠯᠡᠳᠬᠦᠨ︾ ᠤ ᠦᠯᠢᠬᠡᠷ ᠵᠢᠱᠢᠶ᠎ᠡ ᠲᠤᠰᠬᠤᠨ ᠪᠠ ᠤᠯᠠᠭᠠᠨᠬᠠᠳᠠ ᠬᠤᠳᠠ ᠶᠢᠨ ︽ ᠬᠠᠮᠤᠭ ᠠᠴᠠ ᠪᠠᠭ᠋ᠠᠷᠤᠯᠳᠠᠢ ᠠᠷᠪᠠᠨ ᠰᠢᠯᠢᠳᠡᠭ ᠵᠤᠭᠠᠴᠠᠯ ᠤᠨ ᠦᠵᠡᠮᠵᠢ︾ ᠪᠠᠷ ᠲᠤᠭᠳᠠᠭᠠᠭᠳᠠᠵᠠᠢ᠃      ᠦᠷᠬᠦᠯᠵᠢᠯᠡᠯ ᠬᠦᠭᠵᠢᠯᠳᠡ ᠶᠢᠨ ᠨᠦᠬᠡᠴᠡ ᠬᠦᠴᠦᠨ ᠢ ᠴᠢᠩᠭᠠᠷᠠᠭᠤᠯᠵᠠᠢ᠃ 5000 ᠲᠦᠮᠡᠨ ᠲᠦᠬᠦᠷᠢᠭ  ᠠᠴᠠ ᠲᠡᠭᠡᠭᠰᠢᠬᠢ ᠲᠦᠷᠦᠯ ᠵᠦᠢᠯ 249  ᠪᠠᠶᠢᠵᠤ᠂ 213 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ  ᠶᠢ ᠪᠡᠶᠡᠯᠡᠬᠦᠯᠪᠡ᠃ ᠠᠷᠠᠯᠵᠢᠶᠠᠴᠢᠨ ᠤᠷᠢᠵᠤ ᠪᠡᠯᠡ ᠮᠦᠩᠬᠦ ᠲᠡᠳᠡᠨ ᠠᠪᠴᠢᠷᠠᠬᠤ ᠲᠦᠷᠦᠯ ᠵᠦᠢᠯ 450 ᠪᠠᠶᠢᠵᠤ᠂ ᠤᠷᠤᠨ ᠪᠠᠶᠢᠷᠢ ᠳᠤ ᠤᠷᠤᠵᠤ ᠢᠷᠡᠭᠰᠡᠨ ᠪᠡᠯᠡ ᠮᠦᠩᠬᠦ 217 ᠳ᠋ᠦᠩᠰᠢᠭᠤᠷ ᠲᠦᠬᠦᠷᠢᠭ ᠲᠤ ᠬᠦᠷᠴᠡᠢ᠃ ᠮᠦᠩᠬᠦᠨ ᠬᠦᠢᠯᠬᠡᠬᠡᠨ ᠤ ᠪᠠᠶᠢᠭᠤᠯᠤᠮᠵᠢ 9 ᠪᠤᠯᠵᠤ᠂ ᠨᠡᠶᠢᠳᠡ 151.8 ᠳ᠋ᠦᠩᠰᠢᠭᠤᠷ ᠲᠦᠬᠦᠷᠢᠭ ᠤᠨ ᠵᠢᠬᠡᠯᠡᠯᠬᠡ ᠲᠠᠯᠪᠢᠵᠤ᠂ ᠠᠷᠡᠳ ᠤᠨ ᠠᠷᠠᠯᠵᠢᠶᠠᠨ ᠤ ᠠᠵᠤ ᠠᠬᠤᠶᠢᠯᠠᠯ ᠤᠨ ᠬᠦᠦ ᠮᠦᠩᠬᠦ ᠶᠢ ᠨᠢ ᠨᠦᠬᠦᠪᠦᠷᠢᠯᠡᠬᠦ ᠵᠢᠬᠡᠯᠡᠯᠬᠡ ᠶᠢ 1.1 ᠳ᠋ᠦᠩᠰᠢᠭᠤᠷ ᠲᠦᠬᠦᠷᠢᠭ ᠡᠷᠡᠮᠡᠯᠵᠡᠯᠡᠨ ᠤᠯᠪᠠ᠃ ᠰᠢᠶᠡᠨ ᠤ ᠲᠤᠳᠤᠷᠡᠬᠢ ᠲᠡᠭᠡᠳᠤ ᠲᠡᠰ ᠤᠨ ᠵᠠᠰᠠᠮᠠᠯ ᠵᠠᠮ ᠤᠨ ᠲᠦᠯᠦᠪ ᠪᠠᠶᠢᠳᠠᠯ ᠦᠨᠳᠤᠰᠤᠨ ᠳᠡᠭᠡᠨ ᠪᠦᠷᠢᠯᠳᠤᠵᠠᠢ᠃ ᠯᠢᠨᠰᠢ ᠠᠴᠠ ᠱᠤᠸᠠᠩ ᠵᠢᠩ ᠳ᠋ᠢᠶᠡᠨ ᠬᠦᠷᠬᠦ ᠪᠠ ᠯᠢᠨᠰᠢ  ᠠᠴᠠ  ᠷᠠᠰᠢᠶᠠᠨ ᠬᠦᠷᠬᠦ ᠨᠢᠬᠡᠳᠤᠭᠡᠷ ᠲᠡᠰ ᠤᠨ ᠵᠠᠰᠠᠮᠠᠯ ᠵᠠᠮ ᠢ ᠵᠠᠰᠠᠵᠤ ᠲᠠᠭᠤᠰᠤᠨ ᠲᠡᠷᠬᠡ ᠨᠡᠪᠳᠡᠷᠡᠬᠦᠯᠵᠤ᠂ ᠯᠢᠨᠰᠢ  ᠠᠴᠠ ᠳ᠋ᠠ ᠱᠦᠢ ᠪᠦᠸᠧ ᠯᠦᠸᠧ ᠬᠦᠷᠬᠦ᠂ ᠯᠢᠨᠰᠢ ᠠᠴᠠ ᠳ᠋ᠠᠪᠠᠨ ᠬᠦᠷᠬᠦ ᠨᠢᠬᠡᠳᠤᠭᠡᠷ ᠲᠡᠰ ᠤᠨ ᠵᠠᠰᠠᠮᠠᠯ ᠵᠠᠮ ᠤᠨ ᠪᠦᠳᠤᠭᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠪᠡ᠃ ᠨᠢᠰᠬᠡᠯ ᠤᠨ ᠪᠠᠭᠤᠳᠠᠯ ᠤᠨ ᠰᠠᠯᠪᠤᠷᠢ ᠵᠠᠮ ᠤᠨ ᠡᠮᠤᠨ᠎ᠡ ᠬᠤᠭᠤᠴᠠᠭᠠᠨ ᠤ ᠠᠵᠢᠯ ᠪᠤᠳᠠᠳᠤ ᠴᠢᠨᠡᠷ ᠪᠦᠬᠦᠢ ᠠᠬᠢᠴᠠ ᠲᠠᠢ ᠪᠤᠯᠵᠠᠢ᠃ ᠴᠠᠬᠢᠯᠭᠠᠨ ᠬᠦᠴᠦᠨ ᠤ ᠪᠠᠳᠤᠯᠠᠭ᠎ᠠ ᠶᠢᠨ ᠴᠢᠳᠠᠪᠤᠷᠢ ᠶᠢ ᠲᠡᠰᠤᠷᠠᠯᠳᠠ ᠦᠭᠡᠢ ᠲᠡᠭᠡᠭᠰᠢᠯᠡᠬᠦᠯᠵᠤ᠂ 66  ᠺᠢᠯᠤᠸᠠᠲ ᠤᠨ ᠬᠦᠴᠦᠳᠠᠯ ᠬᠤᠪᠢᠰᠬᠠᠭᠤᠷ ᠢ ᠨᠡᠶᠢᠳᠡᠮ ᠪᠦᠷᠬᠦᠬᠦᠯᠪᠡ᠃ ᠠᠵᠤ ᠦᠢᠯᠡᠳᠪᠤᠷᠢ ᠶᠢᠨ ᠲᠦᠷᠦᠯ ᠵᠦᠢᠯ ᠤᠨ ᠠᠴᠢᠶᠠᠯᠠᠪᠤᠷᠢ ᠶᠢᠨ ᠴᠢᠳᠠᠪᠬᠢ ᠶᠢ ᠤᠯᠠᠮ ᠴᠢᠨᠠᠭᠰᠢᠳᠠ ᠴᠢᠩᠭᠠᠳᠬᠠᠪᠠ᠃ ᠯᠢᠨᠰᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠪᠠᠷᠢᠯᠭ᠎ᠠ ᠶᠢᠨ ᠲᠠᠯᠠᠪᠠᠢ 9 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠦ᠂ 2699 ᠮᠤ᠋ ᠠᠵᠤ ᠦᠢᠯᠡᠳᠪᠤᠷᠢ ᠳᠤ ᠭᠡᠷᠡᠭᠯᠡᠬᠦ ᠭᠠᠵᠡᠷ ᠢ ᠨᠦᠬᠡᠴᠡᠯᠡᠵᠠᠢ᠃ ᠳ᠋ᠦᠩ ᠲᠠᠢ ᠽᠢ ᠴᠦᠬᠦᠷᠦᠮ ᠤᠨ ᠪᠦᠳᠤᠭᠡᠨ ᠪᠠᠶᠢᠭᠤᠯᠤᠯᠳᠠ ᠤᠷᠤᠭᠰᠢᠳᠠᠢ ᠶᠠᠪᠤᠭᠳᠠᠵᠤ ᠪᠤᠢ᠃ ᠳ᠋ᠦᠩ ᠲᠠᠢ ᠽᠢ ᠬᠦᠷᠢᠶᠡᠯᠡᠩ ᠲᠤᠭᠤᠷᠢᠭ ᠤᠨ ᠡᠮᠤᠨ᠎ᠡ ᠬᠤᠭᠤᠴᠠᠭᠠᠨ ᠤ ᠠᠵᠢᠯ ᠢ ᠡᠬᠢᠯᠡᠬᠦᠯᠪᠡ᠃ ᠠᠮᠢ ᠠᠬᠤᠢ ᠶᠢᠨ ᠤᠷᠴᠢᠨ ᠲᠤᠭᠤᠷᠢᠨ ᠢ ᠢᠯᠡᠳᠳᠡ ᠰᠠᠶᠢᠵᠢᠷᠠᠭᠤᠯᠵᠠᠢ᠃ 61.6 ᠲᠦᠮᠡᠨ ᠮᠤ᠋ ᠭᠠᠵᠡᠷ ᠢ ᠦᠢᠵᠢᠭᠤᠯᠵᠤ ᠂ 5.5 ᠲᠦᠮᠡᠨ ᠮᠤ᠋ ᠭᠤᠤᠯᠳᠠᠯᠭᠠᠳᠤ ᠤᠷᠤᠨ ᠢ ᠨᠤᠭᠤᠭᠠᠷᠠᠭᠤᠯᠤᠨ᠂ 4.4 ᠲᠦᠮᠡᠨ ᠮᠤ᠋ ᠭᠠᠵᠡᠷ ᠤᠨ ᠤᠰᠤ ᠬᠠᠮᠠᠭᠠᠯᠠᠬᠤ ᠪᠦᠳᠤᠭᠡᠨ ᠪᠠᠶᠢᠭᠤᠯᠤᠯᠳᠠ ᠶᠢ ᠰᠢᠨ᠎ᠡ ᠪᠠᠷ ᠬᠢᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 38.8% ᠳᠤ ᠬᠦᠷᠭᠡᠪᠡ᠃ ᠲᠡᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠪᠠᠳᠤᠯᠠᠭ᠎ᠠ ᠶᠢᠨ ᠴᠢᠳᠠᠪᠤᠷᠢ ᠶᠢ ᠦᠷᠬᠦᠯᠵᠢᠯᠡᠨ ᠲᠡᠭᠡᠭᠰᠢᠯᠡᠬᠦᠯᠵᠤ᠂ 5.5 ᠲᠦᠮᠡᠨ ᠮᠤ᠋ ᠬᠦᠷᠦᠰᠤ ᠰᠢᠷᠦᠢ ᠶᠢ ᠵᠠᠰᠠᠨ ᠲᠡᠭᠰᠢᠯᠡᠵᠤ᠂ ᠪᠦᠳᠤᠮᠵᠢᠳᠠᠢ ᠤᠰᠤ ᠠᠷᠪᠢᠯᠠᠬᠤ ᠤᠰᠤᠯᠠᠯᠳᠠ ᠶᠢᠨ ᠲᠠᠯᠠᠪᠠᠢ ᠶᠢ 50 ᠲᠦᠮᠡᠨ ᠮᠤ᠋ ᠳᠤ ᠬᠦᠷᠭᠡᠭᠰᠡᠨ ᠪᠠᠶᠢᠨ᠎ᠠ᠃      ᠡᠯ᠎ᠡ ᠬᠦᠷᠢᠶᠡᠨ ᠳᠠᠬᠢ ᠦᠬᠡᠷᠡᠴᠢᠯᠡᠯᠳᠡ ᠶᠢ ᠬᠦᠨᠵᠡᠬᠡᠢ ᠠᠬᠢᠭᠤᠯᠪᠠ᠃ ᠵᠠᠰᠠᠭ ᠵᠠᠬᠢᠷᠭ᠎ᠠ ᠶᠢᠨ ᠬᠢᠨᠠᠨ ᠵᠦᠪᠰᠢᠶᠡᠷᠡᠬᠦ 165 ᠵᠦᠢᠯ ᠢ ᠴᠤᠮᠬᠠᠳᠬᠠᠵᠤ᠂ ᠵᠠᠰᠠᠭ ᠵᠠᠬᠢᠷᠭ᠎ᠠ ᠶᠢᠨ ᠡᠷᠬᠡ ᠶᠢᠨ ᠲᠤᠳᠤᠷᠬᠠᠢ ᠬᠠᠭᠤᠳᠠᠰᠤ ᠶᠢ ᠲᠤᠭᠳᠠᠭᠠᠵᠤ  ᠨᠡᠶᠢᠳᠡᠯᠡᠨ᠂ ︽ ᠭᠤᠷᠪᠠᠨ ᠦᠨᠡᠮᠯᠡᠯ ᠢ ᠨᠢᠬᠡᠳᠬᠡᠬᠦ᠂ ᠨᠢᠬᠡ ᠦᠨᠡᠮᠯᠡᠯ ᠤᠨ ᠨᠢᠬᠡ ᠨᠤᠮᠧᠷ︾ ᠤᠨ ᠲᠠᠩᠰᠠᠯᠠᠯᠳᠠ ᠶᠢᠨ ᠲᠦᠷᠢᠮ ᠢ ᠬᠡᠷᠡᠭᠵᠢᠬᠦᠯᠪᠡ᠃ ︽ ᠬᠦᠳᠡᠭᠡ ᠲᠤᠰᠬᠤᠨ ᠤ ᠦᠬᠡᠷᠡᠴᠢᠯᠡᠯᠳᠡ ᠶᠢ ᠲᠦᠷᠭᠡᠳᠬᠡᠬᠦ ᠲᠤᠬᠠᠢ ᠰᠠᠨᠠᠯ ᠤᠳ︾ ᠢ ᠲᠤᠭᠳᠠᠭᠠᠵᠤ᠂ ᠬᠠᠮᠳᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠦᠬᠡᠷᠡᠴᠢᠯᠡᠯᠳᠡ ᠪᠤᠯᠤᠨ ᠦᠨᠳᠤᠰᠤᠨ ᠨᠤᠳᠤᠭ ᠪᠡᠯᠴᠢᠬᠡᠷ ᠢ ᠵᠢᠷᠤᠭᠯᠠᠨ ᠲᠤᠭᠳᠠᠭᠠᠬᠤ ᠠᠵᠢᠯ ᠢ ᠪᠡᠶᠡᠯᠡᠬᠦᠯᠵᠠᠢ᠃ ᠰᠤᠷᠭᠠᠨ ᠬᠦᠮᠤᠵᠢᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠡᠰᠤᠷᠡᠯ ᠦᠭᠡᠢ ᠬᠦᠨᠵᠡᠭᠡᠶᠢᠷᠡᠬᠦᠯᠵᠠᠢ᠃ ᠰᠢᠶᠡᠨ  ᠤ ᠱᠠᠳᠤᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠶᠢ ᠡᠬᠢᠯᠡᠬᠦᠯᠪᠡ᠃ ︽ ᠭᠤᠷᠪᠠᠨ ᠠᠯᠪᠠᠨ︾ ᠤ ᠵᠠᠷᠤᠳᠠᠯ ᠤᠨ ᠲᠦᠰᠦᠪ  ᠪᠠ ᠲᠦᠰᠦᠪ ᠤᠨ ᠬᠦᠢᠴᠡᠳᠬᠡᠯ ᠢ ᠪᠦᠬᠦ ᠲᠠᠯ᠎ᠠ ᠪᠠᠷ ᠢᠯᠡ ᠪᠤᠯᠭᠠᠵᠤ᠂ ᠤᠷᠤᠨ ᠨᠤᠳᠤᠭ ᠤᠨ ᠦᠷᠢ ᠰᠢᠷᠢ ᠶᠢ  ᠪᠦᠬᠦᠶᠢᠯᠡ ᠤᠷᠤᠯᠭ᠎ᠠ ᠶᠢᠨ ᠲᠦᠰᠦᠪ ᠤᠨ ᠬᠠᠮᠢᠶᠠᠷᠤᠯᠳᠠ ᠳᠤ ᠤᠷᠤᠭᠤᠯᠪᠠ᠃ ᠵᠠᠰᠠᠭ ᠤᠨ ᠤᠷᠳᠤᠨ ᠪᠤᠯᠤᠨ ᠨᠡᠶᠢᠬᠡᠮ ᠤᠨ ᠬᠦᠷᠦᠩᠬᠡ ᠶᠢᠨ ᠬᠤᠷᠰᠢᠯ ᠢ ᠠᠬᠢᠭᠤᠯᠵᠤ᠂ PPP ᠪᠡᠯᠡ ᠨᠡᠶᠢᠯᠡᠬᠦᠯᠬᠦ ᠬᠡᠪ ᠵᠠᠭᠪᠤᠷ ᠢ ᠤᠷᠤᠭᠤᠯᠤᠨ ᠠᠪᠴᠢᠷᠠᠪᠠ᠃ 3 ᠲᠤᠮᠤ ᠠᠵᠢᠯ ᠲᠦᠷᠦᠯ᠂ 7 ᠵᠦᠢᠯ ᠤᠨ ᠦᠢᠯᠡᠴᠢᠯᠡᠬᠡᠨ ᠤ ᠦᠢᠯᠡᠰ ᠲᠤ ᠡᠵᠡᠩᠨᠡᠯᠳᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠦᠬᠡᠷᠡᠴᠢᠯᠡᠬᠦ ᠶᠢ ᠬᠡᠷᠡᠭᠵᠢᠬᠦᠯᠵᠤ᠂ ᠲᠡᠭᠡᠭᠡᠪᠤᠷᠢ ᠶᠢᠨ ᠠᠵᠤ ᠠᠬᠤᠶᠢᠯᠠᠯ ᠤᠨ ᠲᠤᠰ ᠭᠠᠵᠡᠷ ᠲᠠᠭᠠᠨ ᠲᠠᠩᠰᠠᠯᠠᠬᠤ ᠶᠢ ᠲᠡᠯᠬᠡᠷᠡᠬᠦᠯᠦᠨ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠵᠢᠯ ᠤᠨ ᠲᠡᠭᠰᠢᠳᠬᠡᠯ ᠤᠷᠤᠯᠭ᠎ᠠ ᠶᠢ 2600 ᠲᠦᠮᠡᠨ ᠲᠦᠬᠦᠷᠢᠭ ᠨᠡᠮᠡᠭᠳᠡᠬᠦᠯᠪᠡ᠃     ᠬᠤᠳᠠ ᠬᠦᠳᠡᠭᠡ ᠶᠢᠨ ᠰᠠᠭᠤᠷᠢ ᠲᠦᠬᠦᠬᠡᠷᠦᠮᠵᠢ ᠶᠢ ᠲᠠᠰᠤᠷᠡᠯᠳᠡ ᠦᠭᠡᠢ ᠰᠠᠶᠢᠵᠢᠷᠠᠭᠤᠯᠪᠠ᠃ ᠬᠤᠳᠠ ᠬᠦᠳᠡᠭᠡ ᠶᠢᠨ ᠪᠦᠳᠤᠭᠡᠨ ᠪᠠᠶᠢᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠲᠦᠯᠦᠪᠵᠢᠬᠦᠯᠬᠦ ᠪᠠ ᠵᠢᠯᠤᠭᠤᠳᠴᠦ᠂ ᠬᠤᠳᠠ ᠶᠢᠨ ᠶᠡᠷᠦᠩᠬᠡᠢ ᠲᠦᠯᠦᠪᠵᠢᠬᠦᠯᠬᠡ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠬᠦᠯᠤᠨ᠂ ᠬᠤᠳᠠ ᠶᠢᠨ ᠡᠮᠤᠨᠡᠬᠢ ᠰᠢᠨ᠎ᠡ ᠲᠤᠭᠤᠷᠢᠭ ᠤᠨ ᠡᠵᠡᠮᠳᠡᠯ ᠤᠨ ᠴᠢᠨᠡᠷᠳᠡᠢ ᠨᠠᠷᠢᠯᠢᠭ ᠲᠦᠯᠦᠪᠵᠢᠬᠦᠯᠬᠡ ᠪᠤᠯᠤᠨ ᠰᠢᠶᠡᠨ ᠤ ᠬᠡᠪᠴᠢᠶᠡᠨ ᠤ ᠠᠶᠢᠯ ᠲᠤᠰᠬᠤᠨ ᠤ ᠪᠠᠶᠢᠷᠢᠰᠢᠯ ᠤᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠠᠵᠢᠯ ᠢ ᠦᠷᠨᠢᠬᠦᠯᠵᠡᠢ᠃ ᠬᠤᠳᠠ ᠶᠢᠨ ᠠᠴᠢᠶᠠᠯᠠᠪᠤᠷᠢ ᠶᠢᠨ ᠴᠢᠳᠠᠪᠤᠷᠢ ᠶᠢ ᠲᠠᠰᠤᠷᠡᠯᠳᠠ ᠦᠭᠡᠢ ᠲᠡᠭᠡᠭᠰᠢᠯᠡᠬᠦᠯᠪᠡ᠃ ᠬᠤᠳᠠ  ᠶᠢᠨ ᠪᠠᠶᠢᠭᠤᠯᠤᠯᠳᠠ ᠶᠢᠨ ᠲᠠᠯᠠᠪᠠᠢ ᠶᠢ 14.7 ᠲᠡᠭᠰᠢ ᠲᠦᠷᠪᠡᠯᠵᠢᠨ ᠺᠢᠯᠤᠮᠧᠲᠷ ᠲᠤ ᠬᠦᠷᠬᠡᠵᠤ᠂ ᠬᠤᠳᠠ ᠪᠠᠯᠭᠠᠰᠤᠵᠢᠯᠳᠠ ᠶᠢᠨ ᠨᠤᠷᠮ᠎ᠠ ᠶᠢ 42.9% ᠳᠤ ᠬᠦᠷᠭᠡᠵᠠᠢ᠃ ᠴᠡᠴᠡᠷᠯᠢᠭ ᠮᠠᠶ᠋ᠢᠭ ᠤᠨ ᠤᠢ ᠰᠢᠭᠤᠢ ᠶᠢᠨ ᠬᠤᠳᠠ  ᠶᠢᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠪᠠ᠃ 8.66 ᠳ᠋ᠦᠩᠰᠢᠭᠤᠷ ᠲᠦᠬᠦᠷᠢᠭ ᠪᠡᠯᠡ ᠤᠷᠤᠭᠤᠯᠵᠤ ᠬᠤᠳᠠ ᠶᠢᠨ ᠰᠠᠭᠤᠷᠢ ᠲᠦᠬᠦᠬᠡᠷᠦᠮᠵᠢ ᠶᠢ ᠰᠠᠶᠢᠵᠢᠷᠠᠭᠤᠯᠤᠨ᠂ ᠬᠤᠳᠠ ᠲᠤᠭᠤᠷᠢᠭ ᠤᠨ 29.5 ᠺᠢᠯᠤᠮᠧᠲᠷ ᠵᠠᠮ ᠢ ᠦᠬᠡᠷᠡᠴᠢᠯᠡᠨ ᠵᠠᠰᠠᠪᠠ᠃ 13.9 ᠲᠡᠭᠰᠢ ᠲᠦᠷᠪᠡᠯᠵᠢᠨ ᠮᠧᠲᠷ ᠴᠡᠴᠡᠷᠯᠢᠭ ᠲᠠᠯᠠᠪᠤᠷ ᠢ ᠪᠠᠶᠢᠭᠤᠯᠵᠤ᠂ ᠨᠠᠰᠤᠳᠠᠶᠢᠴᠦᠳ ᠤᠨ ᠴᠡᠴᠡᠷᠯᠢᠭ᠂ ᠪᠠᠷᠠᠭᠤᠨ ᠠᠭᠤᠯᠠ ᠶᠢᠨ ᠴᠡᠴᠡᠷᠯᠢᠭ᠂ ᠭᠤᠤᠯ ᠤᠨ ᠡᠷᠬᠢ ᠶᠢᠨ ᠴᠡᠴᠡᠷᠯᠢᠭ ᠵᠡᠷᠬᠡ ᠨᠢᠬᠡ ᠪᠦᠯᠦᠭ ᠲᠦᠷᠦᠯ ᠵᠦᠢᠯ ᠢ ᠠᠰᠢᠭᠯᠠᠯᠳᠠ ᠳᠤ ᠤᠷᠤᠭᠤᠯᠵᠠᠢ᠃ 18.7 ᠲᠦᠮᠡᠨ ᠲᠡᠭᠰᠢ ᠲᠦᠷᠪᠡᠯᠵᠢᠨ ᠮᠧᠲᠷ ᠬᠤᠳᠠ ᠲᠤᠭᠤᠷᠢᠭ ᠢ ᠰᠢᠨ᠎ᠡ ᠪᠠᠷ ᠨᠤᠭᠤᠭᠠᠷᠠᠭᠤᠯᠵᠤ᠂ ᠬᠤᠳᠠ ᠶᠢᠨ ᠲᠦᠪ ᠢᠶᠠᠷ ᠭᠤᠤᠯ ᠴᠢᠭ᠋ ᠪᠤᠯᠭᠠᠭᠰᠠᠨ ᠡᠷᠬᠢᠨ ᠲᠤᠭᠤᠷᠢᠨ 5 ᠺᠢᠯᠤᠮᠧᠲᠷ ᠤᠨ  ᠬᠦᠷᠢᠶ᠎ᠡ ᠬᠡᠪᠴᠢᠶ᠎ᠡ ᠶᠢ ᠪᠦᠬᠦᠨ ᠢ ᠨᠤᠭᠤᠭᠠᠷᠠᠭᠤᠯᠵᠤ᠂ ︽ ᠠᠷᠪᠠᠨ ᠮᠢᠨᠤᠲ ᠠᠯᠬᠤᠬᠤ ᠪᠦᠷᠢ ᠨᠢᠬᠡ ᠰᠡᠯᠡᠬᠦᠴᠡᠯ ᠤᠨ ᠲᠤᠭᠤᠷᠢᠭ ᠲᠤ ᠤᠷᠤᠬᠤ︾ ᠭᠡᠪ ᠪᠠᠶᠢᠷᠢᠰᠢᠯ ᠢ ᠠᠩᠬ᠎ᠠ ᠠᠯᠬᠤᠮ ᠪᠦᠷᠢᠯᠳᠤᠬᠦᠯᠵᠠᠢ᠃ ᠭᠤᠤᠯ ᠲᠦᠪ ᠤᠰᠤᠨ ᠤ ᠦᠢᠯᠡᠳᠪᠤᠷᠢ ᠶᠢ ᠨᠡᠬᠦᠯᠬᠡᠵᠤ᠂ ᠬᠤᠳᠠ ᠲᠤᠭᠤᠷᠢᠭ ᠤᠨ ᠡᠳᠤᠷ ᠤᠨ ᠤᠰᠤᠨ ᠤ ᠬᠠᠩᠭᠠᠯᠭ᠎ᠠ ᠶᠢᠨ ᠴᠢᠳᠠᠪᠤᠷᠢ ᠶᠢ 1.5 ᠲᠦᠮᠡᠨ ᠲᠤᠨ ᠪᠤᠯᠭᠠᠪᠠ᠃ ᠲᠦᠪᠯᠡᠷᠡᠬᠦᠯᠦᠨ ᠲᠤᠯᠠᠭᠠᠴᠠᠯ ᠬᠠᠩᠭᠠᠬᠤ ᠴᠢᠳᠠᠪᠤᠷᠢ ᠶᠢ 500 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠬᠡᠵᠠᠢ᠃ 4400 ᠡᠷᠦᠬᠡ ᠳᠤ ᠪᠠᠶᠢᠭᠠᠯᠢ ᠶᠢᠨ ᠰᠢᠳᠠᠮᠬᠠᠢ ᠬᠡᠢ ᠤᠷᠤᠭᠤᠯᠪᠡ᠃ ᠪᠤᠵᠠᠷ ᠤᠰᠤ ᠰᠢᠢᠳᠪᠤᠷᠢᠯᠡᠬᠦ ᠦᠢᠯᠡᠳᠪᠤᠷᠢ ᠶᠢᠨ  ᠤᠰᠤᠨ ᠤ ᠬᠦᠨ ᠤ ᠬᠡᠮᠵᠢᠶ᠎ᠡ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ  ᠦᠬᠡᠷᠡᠴᠢᠯᠡᠯᠳᠡ ᠵᠢᠴᠢ ᠰᠢᠪᠡᠷ ᠪᠠᠯᠴᠢᠭ ᠢ ᠬᠤᠤᠷᠳᠠᠭᠤᠯᠤᠯ ᠦᠭᠡᠢ ᠰᠢᠢᠳᠪᠤᠷᠢᠯᠡᠬᠦ ᠪᠡᠷᠢᠯᠭ᠎ᠠ ᠶᠢ ᠲᠠᠭᠤᠰᠬᠠᠵᠤ᠂ ᠠᠮᠢᠳᠤᠷᠡᠯ ᠤᠨ ᠬᠤᠭ ᠨᠤᠪᠰᠢ ᠶᠢ ᠬᠤᠤᠷᠳᠠᠭᠤᠯᠤᠯ ᠦᠭᠡᠢ ᠪᠤᠯᠠᠬᠤ ᠲᠠᠯᠠᠪᠤᠷ ᠢ ᠠᠰᠢᠭᠯᠠᠯᠳᠠ ᠳᠤ ᠤᠷᠤᠭᠤᠯᠪᠠ᠃ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠵᠢᠯᠳᠡᠳ  ᠤᠨ ᠴᠠᠯᠢᠩ ᠬᠦᠯᠦᠰᠤ ᠶᠢ ᠤᠯᠠᠮ ᠴᠢᠨᠠᠭᠰᠢᠳᠠ ᠨᠡᠮᠡᠭᠳᠡᠬᠦᠯᠵᠤ᠂ ᠬᠤᠳᠠ ᠲᠤᠭᠤᠷᠢᠭ ᠤᠨ ᠡᠷᠡᠬᠦᠯ ᠬᠠᠮᠠᠭᠠᠯᠠᠯ ᠢ ᠨᠠᠷᠢᠯᠢᠭᠵᠢᠭᠤᠯᠬᠤ ᠬᠠᠮᠢᠶᠠᠷᠤᠯᠳᠠ ᠶᠢ ᠭᠡᠷᠡᠭᠵᠢᠬᠦᠯᠪᠡ᠃ ᠵᠢᠵᠢᠭ ᠬᠤᠳᠠ ᠪᠠᠯᠭᠠᠰᠤ ᠶᠢᠨ ᠴᠢᠳᠠᠪᠬᠢ ᠶᠢ ᠡᠳᠤᠷ ᠢᠷᠡᠬᠦ ᠲᠤᠳᠤᠮ ᠰᠠᠶᠢᠵᠢᠷᠠᠭᠤᠯᠵᠤ᠂ ᠲᠠᠶᠢᠴᠢᠯᠠᠨ ᠲᠠᠭᠠᠭᠤᠯᠬᠤ ᠴᠢᠳᠠᠪᠤᠷᠢ ᠶᠢ ᠨᠢ ᠢᠯᠡᠳᠳᠡ ᠲᠡᠭᠡᠭᠰᠢᠯᠡᠬᠦᠯᠪᠡ᠃ ᠲᠤᠰᠬᠤᠨ ᠳᠤ ᠨᠡᠪᠳᠡᠷᠡᠬᠦ ᠵᠠᠰᠠᠮᠠᠯ ᠵᠠᠮ ᠢ 460 ᠺᠢᠯᠤᠮᠧᠲᠷ ᠵᠠᠰᠠᠵᠤ᠂ ᠵᠡᠬᠡᠯᠢ ᠭᠤᠳᠤᠮᠵᠢ ᠶᠢᠨ 442 ᠺᠢᠯᠤᠮᠧᠲᠷ ᠵᠠᠮ ᠢ ᠬᠠᠳᠠᠭᠤᠷᠠᠭᠤᠯᠤᠨ᠂ ᠲᠤᠰᠬᠤᠨ ᠪᠤᠯᠭᠠᠨ ᠳᠤ ᠽᠧᠮᠧᠨ᠋ᠲ ᠵᠠᠮ ᠨᠡᠪᠳᠡᠷᠡᠬᠦᠯᠬᠦ ᠶᠢ ᠪᠡᠶᠡᠯᠡᠬᠦᠯᠵᠠᠢ᠃ ︽ ᠠᠷᠪᠠ  ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠳᠤ ᠨᠡᠶᠢᠳᠡ 7.94 ᠳ᠋ᠦᠩᠰᠢᠭᠤᠷ ᠲᠦᠬᠦᠷᠢᠭ ᠵᠠᠷᠤᠴᠠᠭᠤᠯᠵᠤ᠂ 86 ᠵᠠᠰᠠᠭ ᠵᠠᠬᠢᠷᠭ᠎ᠠ ᠶᠢᠨ ᠲᠤᠰᠬᠤᠨ ᠲᠠᠯᠠᠪᠠᠢ ᠳᠤ ᠠᠷᠪᠠ ᠶᠢ ᠨᠡᠶᠢᠳᠡᠮ ᠪᠦᠷᠬᠦᠬᠦᠯᠬᠦ ᠶᠢ ᠪᠡᠶᠡᠯᠡᠬᠦᠯᠦᠨ᠂ 140 ᠠᠶᠢᠯ ᠲᠤᠰᠬᠤᠨ ᠤ ᠪᠦᠳᠤᠭᠡᠨ ᠪᠠᠶᠢᠭᠤᠯᠤᠯᠳᠠ ᠶᠢᠨ ᠠᠵᠢᠯ ᠢ ᠡᠬᠢᠯᠡᠬᠦᠯᠵᠦ᠂ ᠬᠦᠳᠡᠭᠡ ᠲᠤᠰᠬᠤᠨ ᠤ ᠤᠷᠴᠢᠨ ᠲᠤᠭᠤᠷᠢᠨ  ᠢ ᠶᠡᠷᠦᠩᠬᠡᠶᠢᠯᠡᠨ ᠵᠠᠰᠠᠬᠤ ᠶᠢ ᠠᠳᠠᠯᠢ ᠠᠯᠬᠤᠮ ᠢᠶᠠᠷ ᠦᠷᠨᠢᠬᠦᠯᠦᠬᠡᠳ ᠲᠤᠰᠬᠤᠨ ᠤ ᠲᠦᠷᠰᠦ ᠪᠠᠶᠢᠳᠠᠯ ᠢ ᠢᠯᠡᠳᠳᠡ ᠰᠠᠶᠢᠵᠢᠷᠠᠭᠤᠯᠤᠭᠰᠠᠨ ᠪᠠᠶᠢᠨ᠎ᠠ᠃     ᠠᠷᠡᠳ ᠤᠨ ᠠᠮᠢᠳᠤᠷᠡᠯ ᠢ ᠦᠷᠬᠦᠯᠵᠢᠯᠡᠨ ᠰᠠᠶᠢᠵᠢᠷᠠᠭᠤᠯᠪᠠ᠃ ᠠᠳᠠᠯ ᠦᠢᠯᠡᠰ ᠪᠤᠰᠬᠠᠵᠤ ᠠᠵᠢᠯ ᠤᠯᠭᠤᠬᠤ ᠢᠨᠵᠧᠨᠧᠷᠢᠩ ᠢ ᠲᠦᠯᠬᠢᠨ ᠠᠬᠢᠭᠤᠯᠵᠤ᠂ ᠬᠤᠳᠠ ᠪᠠᠯᠭᠠᠰᠤ ᠶᠢᠨ ᠰᠢᠨ᠎ᠡ ᠪᠠᠷ ᠨᠡᠮᠡᠭᠳᠡᠭᠰᠡᠨ 8530 ᠬᠦᠮᠤᠨ ᠳᠤ ᠠᠵᠢᠯ ᠤᠯᠭᠤᠵᠤ᠂ ᠬᠦᠳᠡᠯᠮᠤᠷᠢ ᠬᠦᠴᠦᠨ ᠢ ᠰᠢᠯᠵᠢᠬᠦᠯᠬᠦ ᠪᠠᠷ 23.5 ᠲᠦᠮᠡᠨ ᠬᠦᠮᠤᠨ ︵ ᠤᠳᠠᠭ᠎ᠠ︶ ᠳᠤ ᠠᠵᠢᠯ ᠤᠯᠭᠤᠵᠠᠢ᠃ ᠤᠨᠤᠪᠴᠢᠳᠠᠢ ᠪᠠᠷ ᠶᠠᠳᠠᠭᠤ ᠶᠢ ᠲᠡᠳᠬᠦᠬᠦ ᠶᠢ ᠬᠡᠷᠡᠭᠵᠢᠬᠦᠯᠵᠤ᠂ ᠦᠪᠡᠷᠳᠡᠭᠡᠨ ᠵᠠᠰᠠᠬᠤ ᠤᠷᠤᠨ  ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠢᠨ ᠤ ᠯᠢᠨᠰᠢ ᠰᠢᠶᠡᠨ ᠢ ᠬᠠᠪᠰᠤᠷᠤᠨ ᠲᠤᠰᠠᠯᠠᠬᠤ ᠠᠵᠠ ᠲᠤᠬᠢᠶᠠᠯ ᠢ ᠴᠢᠩᠭ᠎ᠠ ᠡᠵᠡᠮᠳᠡᠵᠤ᠂ ︽ ᠭᠤᠷᠪᠠ ᠶᠢ ᠲᠤᠰᠬᠤᠨ ᠳᠤ ᠬᠦᠷᠬᠡᠵᠤ ᠭᠤᠷᠪᠠ ᠶᠢ ᠡᠷᠦᠬᠡ ᠳᠤ  ᠤᠷᠤᠭᠤᠯᠬᠤ︾ ᠪᠠ ᠮᠦᠩᠬᠦᠨ ᠬᠦᠯᠬᠡᠬᠡᠨ ᠤ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠳᠤᠷ ᠠᠳᠬᠤᠨ᠂ ᠪᠡᠬᠡᠵᠢᠩ ᠦᠪᠤᠷ ᠮᠤᠩᠭᠤᠯ᠂ ᠵᠦᠩ ᠬᠤᠸᠠ ︵︖︶ ᠵᠡᠷᠬᠡ ᠠᠵᠢᠯ ᠲᠦᠷᠦᠯ ᠨᠢᠬᠡᠳᠡᠳ ᠤᠨ ᠬᠠᠪᠰᠤᠷᠤᠯᠴᠠᠭ᠎ᠠ  ᠶᠢ ᠵᠡᠷᠭᠡᠪᠡᠷ ᠦᠷᠨᠢᠬᠦᠯᠵᠤ᠂ 2.3 ᠲᠦᠮᠡᠨ ᠶᠠᠳᠠᠭᠤ ᠬᠦᠴᠢᠷᠳᠡᠢ ᠬᠦᠮᠤᠨ ᠢ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠪᠡ᠃ ᠨᠡᠶᠢᠬᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠬᠦᠯᠪᠡ᠃ ᠲᠤᠤᠷ᠎ᠡ ᠤᠷᠤᠯᠭ᠎ᠠ ᠲᠠᠢ ᠭᠡᠷ ᠪᠦᠯᠢ ᠳᠤ ᠨᠡᠬᠦᠷᠡᠰᠤᠨ ᠤ ᠨᠦᠬᠦᠪᠦᠷᠢ ᠦᠭᠬᠦ᠂ ᠶᠡᠳᠠᠭᠤ ᠬᠦᠴᠢᠷᠳᠡᠢ ᠤᠶᠤᠳᠡᠳ ᠲᠤ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠤᠯᠭᠤᠬᠤ᠂ ᠠᠵᠢᠯᠯᠠᠵᠤ ᠪᠠᠶᠢᠭ᠎ᠠ ᠬᠦᠮᠤᠨ ᠦᠭᠡᠢ ᠭᠡᠷ ᠪᠦᠯᠢ ᠶᠢᠨ ᠨᠢᠬᠡᠨ ᠳᠤᠨᠢ ᠴᠦ ᠬᠡᠰᠡᠨ ᠠᠵᠢᠯ ᠤᠯᠭᠤᠬᠤ ᠵᠡᠷᠬᠡ ᠠᠷᠡᠳ ᠤᠨ ᠠᠮᠢᠳᠤᠷᠡᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠬᠡᠮ ᠤᠨ ᠪᠠᠳᠤᠯᠠᠭ᠎ᠠ ᠶᠢᠨ ᠡᠯ᠎ᠡ ᠵᠦᠢᠯ ᠤᠨ ᠪᠡᠯᠡ ᠮᠦᠩᠬᠦ ᠶᠢ 12.7 ᠳ᠋ᠦᠩᠰᠢᠭᠤᠷ ᠲᠦᠬᠦᠷᠢᠭ᠂ ᠡᠯ᠎ᠡ ᠵᠦᠢᠯ ᠤᠨ ᠲᠤᠰᠠᠯᠠᠨ ᠲᠡᠮᠵᠢᠬᠦ ᠪᠡᠯᠡ ᠮᠦᠩᠬᠦ ᠶᠢ 4.4 ᠳ᠋ᠦᠩᠰᠢᠭᠤᠷ ᠲᠦᠬᠦᠷᠢᠭ ᠲᠠᠷᠬᠠᠭᠠᠭᠰᠠᠨ ᠪᠠᠶᠢᠨ᠎ᠠ᠃ ᠪᠠᠳᠤᠯᠠᠭ᠎ᠠ ᠶᠢᠨ ᠴᠢᠨᠡᠷᠳᠡᠢ ᠤᠷᠤᠨ ᠰᠠᠭᠤᠴᠠ ᠶᠢ 11.9 ᠲᠦᠮᠡᠨ ᠲᠡᠭᠰᠢ ᠲᠦᠷᠪᠡᠯᠵᠢᠨ ᠮᠧᠲᠷ ᠪᠠᠷᠢᠵᠤ᠂ 2129 ᠠᠮᠢᠳᠤᠷᠡᠯ ᠬᠦᠴᠢᠷᠳᠡᠢ ᠬᠡᠷ ᠪᠦᠯᠢ ᠶᠢ ᠤᠷᠤᠨ ᠰᠠᠭᠤᠴᠠ ᠶᠢᠨ ᠪᠠᠳᠤᠯᠠᠭ᠎ᠠ ᠲᠠᠢ ᠪᠤᠯᠭᠠᠵᠠᠢ᠃ ᠬᠦᠮᠤᠨ ᠤ ᠤᠰᠤ ᠤᠮᠳᠠ ᠶᠢᠨ 132 ᠪᠠᠷᠢᠯᠭ᠎ᠠ ᠶᠢ ᠪᠠᠶᠢᠭᠤᠯᠵᠤ᠂ 5.8 ᠲᠦᠮᠡᠨ ᠬᠦᠮᠤᠨ ᠤ ᠢᠳᠡᠬᠦ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠠᠵᠠᠢ᠃     ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠬᠦᠯᠪᠡ᠃ ᠰᠤᠷᠭᠠᠭᠤᠯᠢ ᠡᠷᠬᠢᠯᠡᠬᠦ ᠦᠨᠳᠤᠰᠤᠨ ᠨᠦᠬᠦᠴᠡᠯ  ᠢ ᠶᠡᠭᠡᠪᠡᠷ ᠰᠠᠶᠢᠵᠢᠷᠠᠭᠤᠯᠵᠤ᠂ ᠪᠦᠬᠦ ᠬᠤᠳᠠ ᠳᠤ ᠬᠠᠮᠤᠭ ᠲᠦᠷᠦᠬᠦᠨ ᠳᠤ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠤᠵᠢᠯ ᠤᠨ ᠬᠦᠭᠵᠢᠯᠳᠡ ᠶᠢ ᠦᠨᠳᠤᠰᠤᠨ ᠳᠤᠨᠢ ᠲᠡᠩᠴᠡᠬᠦᠷᠢᠰᠢᠬᠦᠯᠦᠭᠰᠡᠨ ᠰᠢᠶᠡᠨ ᠤ ᠡᠩᠨᠡᠬᠡᠨ ᠳᠤ ᠤᠷᠤᠭᠰᠠᠨ ᠪᠠᠶᠢᠨ᠎ᠠ᠃ ᠰᠢᠶᠡᠨ ᠤ ᠰᠢᠭᠤᠳ ᠬᠠᠷᠢᠶ᠎ᠠ ᠨᠢᠬᠡᠳᠤᠭᠡᠷ ᠬᠡᠤᠬᠡᠳ ᠤᠨ ᠴᠡᠴᠡᠷᠯᠢᠭ ᠢ ᠨᠡᠬᠦᠯᠬᠡᠬᠦ ᠠᠵᠢᠯ ᠢ ᠪᠡᠶᠡᠯᠡᠬᠦᠯᠵᠤ᠂ ᠪᠠᠯᠭᠠᠰᠤ ᠪᠤᠯᠤᠨ ᠲᠤᠰᠬᠤᠨ ᠤ 14 ᠰᠠᠭᠤᠷᠢ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠦᠬᠡᠷᠡᠴᠢᠯᠡᠨ ᠪᠠᠶᠢᠭᠤᠯᠪᠠ᠃ ᠰᠢᠨᠵᠢᠯᠡᠬᠦ ᠮᠡᠷᠬᠡᠵᠢᠯ ᠤᠨ ᠰᠢᠨ᠎ᠡ ᠶᠢ ᠡᠬᠦᠳᠬᠦ ᠦᠢᠯᠡᠴᠢᠯᠡᠬᠡᠨ ᠤ ᠲᠠᠶᠢᠵᠠ ᠶᠢ ᠡᠬᠦᠳᠴᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ᠦᠷᠬᠦᠯᠵᠢᠯᠡᠯ ᠬᠦᠭᠵᠢᠯᠳᠡ ᠶᠢᠨ ᠲᠤᠷᠰᠢᠯᠳᠠ  ᠶᠢᠨ ᠲᠤᠭᠤᠷᠢᠭ ᠲᠤ ᠤᠷᠤᠭᠰᠠᠨ ᠪᠠᠶᠢᠨ᠎ᠠ᠃ ᠬᠡᠤᠬᠡᠳ ᠪᠠᠭᠠᠴᠤᠳ ᠤᠨ ᠠᠵᠢᠯᠯᠠᠭᠠᠨ ᠤ ᠲᠦᠪ ᠪᠤᠯᠤᠨ ᠨᠠᠰᠤᠳᠠᠶᠢᠴᠤᠳ ᠤᠨ ᠠᠵᠢᠯᠯᠠᠭᠠᠨ ᠤ ᠲᠦᠪ ᠢ ᠠᠰᠢᠭᠯᠠᠯᠳᠠ ᠳᠤ ᠤᠷᠤᠭᠤᠯᠵᠠᠢ᠃ 5  ᠰᠠᠭᠤᠷᠢ ᠨᠠᠰᠤᠳᠠᠨ ᠢ ᠠᠰᠠᠷᠡᠬᠤ ᠬᠦᠷᠢᠶᠡᠯᠡᠩ ᠨᠢ ᠦᠪᠡᠷᠳᠡᠬᠡᠨ ᠵᠠᠰᠠᠬᠤ ᠤᠷᠤᠨ ᠤ ᠤᠳᠤᠨ ᠲᠡᠰ ᠤᠨ ᠭᠤᠤᠯ ᠲᠦᠪ ᠨᠠᠰᠤᠳᠠᠨ ᠢ ᠠᠰᠠᠷᠡᠬᠤ ᠬᠦᠷᠢᠶᠡᠯᠡᠩ ᠢᠶᠠᠷ ᠦᠨᠡᠯᠡᠭᠳᠡᠵᠠᠢ᠃ ᠬᠤᠳᠠ ᠬᠦᠳᠡᠭᠡ ᠶᠢᠨ ᠰᠤᠶᠤᠯ ᠪᠡᠶ᠎ᠡ ᠶᠢᠨ ᠲᠡᠮᠢᠷ ᠤᠨ ᠲᠦᠬᠦᠬᠡᠷᠦᠮᠵᠢ ᠶᠢ ᠢᠯᠡᠳᠳᠡ ᠰᠠᠶᠢᠵᠢᠷᠠᠭᠤᠯᠵᠤ᠂ ᠤᠯᠠᠨ ᠲᠦᠮᠡᠨ ᠤ ᠰᠤᠶᠤᠯ ᠤᠨ ᠠᠵᠢᠯᠯᠠᠭᠠᠨ ᠢ ᠲᠡᠰᠤᠷᠡᠯᠳᠠ ᠦᠭᠡᠢ ᠪᠠᠶᠠᠯᠢᠭᠵᠢᠭᠤᠯᠪᠠ᠃ ᠷᠠᠳᠢᠰ ᠲᠧᠯᠸᠢᠰ ᠤᠨ ᠶᠡᠷᠦᠩᠬᠡᠢ ᠪᠦᠷᠬᠦᠴᠡ ᠶᠢᠨ ᠨᠤᠷᠮ᠎ᠠ 100% ᠳᠤ ᠬᠦᠷᠴᠠᠢ᠃ ᠳ᠋ᠠ ᠵᠢᠩ ᠤᠯᠤᠰ ᠤᠨ ᠠᠭᠤᠷᠬᠠᠢ ᠶᠢᠨ ᠴᠡᠴᠡᠷᠯᠢᠭ ᠤᠨ ᠭᠤᠤᠯ ᠴᠤᠭᠴᠠ ᠶᠢᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠪᠡ᠃ ︽ ᠷᠤᠤ ᠵᠸᠦ ᠡᠷᠳᠡᠨ ᠤ ᠬᠤᠳᠠ ᠶᠢᠨ ᠪᠠᠭᠤᠷᠢ︾ ᠪᠤᠯᠤᠨ ︽ ᠪᠠᠶᠠᠨᠴᠠᠭᠠᠨ ᠤ ᠦᠯᠡᠳᠡᠭᠳᠡᠯ ᠪᠠᠭᠤᠷᠢ︾ ᠨᠢ ᠤᠯᠤᠰ ᠤᠨ ᠲᠡᠰ ᠤᠨ ᠰᠤᠶᠤᠯ ᠤᠨ ᠬᠠᠮᠠᠭᠠᠯᠠᠯᠳᠠ ᠶᠢᠨ ᠨᠢᠬᠡᠴᠡ ᠪᠠᠷ ᠵᠢᠭᠰᠠᠭᠠᠭᠳᠠᠵᠠᠢ᠃ ᠰᠢᠶᠡᠨ  ᠤ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠩᠰᠡᠨ ᠡᠪᠡᠳᠴᠢᠳᠡᠨ ᠤ ᠠᠰᠡᠷ   ᠢ ᠠᠰᠢᠭᠯᠠᠯᠳᠠ ᠳᠤ ᠤᠷᠤᠭᠤᠯᠵᠤ᠂ ᠤᠯᠤᠰ ᠤᠨ ᠭᠤᠷᠪᠠᠳᠤᠭᠠᠷ ᠲᠡᠰ ᠤᠨ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠪᠤᠯᠵᠤ ᠲᠡᠰ ᠲᠡᠪᠰᠢᠪᠡ᠃ ᠬᠢᠳᠡᠳ ᠮᠤᠩᠭᠤᠯ ᠡᠮᠨᠡᠯᠬᠡ ᠶᠢᠨ ᠬᠤᠷᠢᠶ᠎ᠠ ᠨᠢ ︽ ᠪᠦᠬᠦ ᠤᠯᠤᠰ ᠤᠨ ᠬᠢᠳᠡᠳ ᠡᠮ ᠡᠮᠨᠡᠯᠬᠡ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠡᠷᠢᠬᠦᠨ ᠤ  ᠬᠠᠮᠳᠤ ᠨᠡᠶᠢᠳᠡ︾ ᠶᠢᠨ ᠢᠷᠡᠭᠤ ᠠᠯᠳᠡᠷ ᠢ ᠬᠦᠷᠳᠡᠪᠡ᠃ ᠲᠤ ᠮᠢᠶᠤᠤᠽᠢ ᠲᠤᠰᠬᠤᠨ ᠨᠢ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠬᠡᠮᠯᠢᠭ ᠪᠤᠯᠤᠨ ᠡᠳ᠋ ᠤᠨ ᠵᠠᠰᠠᠭ ᠤᠨ ᠶᠠᠮᠤᠨ ᠤ ︽ ᠰᠢᠨᠵᠢᠯᠡᠬᠦ ᠮᠡᠷᠬᠡᠵᠢᠯ ᠢ ᠲᠦᠬᠡᠮᠡᠯᠵᠢᠬᠦᠯᠵᠤ ᠠᠷᠡᠳ ᠲᠤ ᠠᠰᠢᠭ ᠬᠦᠷᠳᠡᠬᠡᠨ ᠲᠤᠰᠬᠤᠨ  ᠢᠶᠠᠨ ᠮᠠᠨᠳᠤᠭᠤᠯᠤᠭᠰᠠᠨ  ︾ ᠲᠡᠷᠢᠬᠦᠨ ᠤ ᠨᠢᠬᠡᠴᠡ ᠪᠠᠷ ᠦᠨᠡᠯᠡᠭᠳᠡᠵᠠᠢ᠃ ᠮᠠᠨ ᠤ ᠰᠢᠶᠡᠨ ᠤᠷᠢᠳ ᠬᠤᠵᠢᠳ ︽ ᠤᠯᠤᠰ ᠤᠨ ᠲᠦᠯᠦᠪᠯᠡᠭᠡᠳᠤ ᠦᠷᠡᠵᠢᠯ ᠤᠨ ᠰᠢᠯᠢᠳᠡᠭ ᠦᠢᠯᠡᠴᠢᠯᠡᠬᠡᠨ ᠤ ᠰᠢᠶᠡᠨ︾᠂ ︽ ᠪᠦᠬᠦ ᠤᠯᠤᠰ ᠤᠨ ᠲᠡᠷᠢᠶᠠᠯᠠᠩ ᠤᠰᠤᠨ ᠠᠰᠢᠭᠯᠠᠯᠳᠠ ᠶᠢᠨ ᠦᠨᠳᠤᠰᠤᠨ ᠪᠦᠳᠤᠭᠡᠨ ᠪᠠᠶᠢᠭᠤᠯᠤᠯᠳᠠ ᠶᠢᠨ ᠲᠡᠷᠢᠬᠦᠨ ᠤ ᠰᠢᠶᠡᠨ︾᠂ ︽ ᠪᠦᠬᠦ ᠤᠯᠤᠰ ᠤᠨ ᠤᠢ ᠰᠢᠭᠤᠢ ᠶᠢᠨ ᠮᠡᠳᠡᠭᠡ ᠵᠠᠩᠬᠢᠵᠢᠯᠳᠡ ᠶᠢᠨ ᠦᠯᠢᠬᠡᠷ ᠵᠢᠱᠢᠶ᠎ᠡ ᠰᠢᠶᠡᠨ︾᠂ ︽ ᠪᠦᠬᠦ ᠤᠯᠤᠰ  ᠤᠨ ᠲᠤᠭ᠎ᠠ ᠪᠦᠷᠢᠳᠬᠡᠯ ᠤᠨ ᠦᠨᠳᠤᠰᠤᠨ ᠱᠠᠳᠤᠨ ᠤ ᠰᠠᠭᠤᠷᠢ ᠪᠦᠳᠤᠭᠡᠨ ᠪᠠᠶᠢᠭᠤᠯᠤᠯᠳᠠ ᠶᠢᠨ ᠲᠡᠷᠢᠬᠦᠨ ᠤ ᠨᠢᠬᠡᠴᠡ︾᠂ ︽ ᠪᠦᠬᠦ ᠤᠯᠤᠰ ᠤᠨ ᠭᠠᠵᠡᠷ ᠬᠦᠳᠡᠯᠦᠯᠳᠡ ᠶᠢ ᠰᠡᠷᠬᠡᠶᠢᠯᠡᠵᠤ ᠭᠠᠮᠰᠢᠭ ᠢ ᠪᠠᠭᠠᠰᠬᠠᠭᠰᠠᠨ ᠲᠡᠷᠢᠬᠦᠨ  ᠤ ᠨᠢᠬᠡᠴᠡ︾᠂ ︽ ᠪᠦᠬᠦ ᠤᠯᠤᠰ ᠤᠨ ᠤᠯᠠᠨ ᠲᠦᠮᠡᠨᠴᠢ ᠪᠡᠶ᠎ᠡ ᠶᠢᠨ ᠲᠡᠮᠢᠷ ᠤᠨ ᠲᠡᠷᠢᠬᠦᠨ ᠤ ᠨᠢᠬᠡᠴᠡ︾᠂ ︽ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠰᠢᠭᠤ ᠰᠢᠶᠡᠨ ᠤ ᠬᠤᠳᠠ︾᠂ ︽ ᠦᠪᠡᠷᠳᠡᠬᠡᠨ ᠵᠠᠰᠠᠬᠤ ᠤᠷᠤᠨ  ᠤ ᠡᠷᠡᠬᠦᠯ ᠬᠠᠮᠠᠭᠠᠯᠠᠯ ᠤᠨ ᠰᠢᠶᠡᠨ ᠤ ᠬᠤᠳᠠ︾ ᠶᠢᠨ ᠢᠷᠡᠭᠤ ᠠᠯᠳᠡᠷ ᠢ ᠬᠦᠷᠳᠡᠭᠰᠡᠨ ᠪᠠᠶᠢᠨ᠎ᠠ᠃     ᠲᠠᠪᠤᠨ ᠵᠢᠯ ᠤᠨ ᠲᠤᠷᠰᠢ᠂ ᠪᠢᠳᠡ ᠬᠠᠤᠯᠢ ᠶᠤᠰᠤᠭᠠᠷ ᠵᠠᠰᠠᠭ ᠶᠠᠪᠤᠭᠤᠯᠬᠤ᠂ ᠰᠢᠨᠵᠢᠯᠡᠬᠦ ᠤᠬᠠᠭᠠᠨᠴᠢ ᠪᠠᠷ ᠵᠠᠰᠠᠭ ᠢ  ᠬᠠᠮᠢᠶᠡᠷᠬᠤ᠂ ᠠᠷᠡᠳ ᠤᠨ ᠲᠦᠯᠦᠬᠡ ᠵᠠᠰᠠᠭ ᠶᠠᠪᠤᠭᠤᠯᠬᠤ ᠶᠢ ᠢᠮᠠᠭᠳᠠ ᠪᠠᠷᠢᠮᠳᠠᠯᠠᠵᠤ᠂ ᠵᠠᠰᠠᠭ ᠤᠨ ᠤᠷᠳᠤᠨ ᠤ ᠨᠡᠶᠢᠳᠡ ᠶᠢᠨ ᠢᠳᠡᠬᠡᠯ ᠪᠤᠯᠤᠨ ᠬᠡᠷᠡᠭᠵᠢᠬᠦᠯᠦᠯᠳᠡ ᠶᠢᠨ ᠬᠦᠴᠦᠨ ᠢᠶᠠᠨ ᠢᠯᠡᠳᠳᠡ ᠲᠡᠭᠡᠭᠰᠢᠯᠡᠬᠦᠯᠪᠡ᠃ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠶᠢᠨ ᠲᠤᠭᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠤ᠂ ᠭᠤᠤᠯ ᠲᠦᠯᠦᠪᠵᠢᠬᠦᠯᠬᠡ᠂ ᠴᠢᠬᠤᠯᠠ ᠬᠡᠷᠡᠭ ᠤᠴᠢᠷ᠂ ᠶᠡᠭᠡ ᠬᠡᠮᠵᠢᠶᠡᠨ ᠤ ᠵᠠᠷᠤᠳᠠᠯ ᠵᠢᠴᠢ ᠡᠳ᠋ ᠤᠨ ᠵᠠᠰᠠᠭ ᠤᠨ ᠲᠦᠰᠦᠪ ᠪᠤᠯᠤᠨ ᠲᠦᠰᠦᠪ ᠤᠨ ᠬᠦᠢᠴᠡᠳᠬᠡᠯ ᠢ ᠴᠦᠮ ᠰᠢᠶᠡᠨ  ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠳᠤ ᠲᠡᠪᠰᠢᠬᠦᠯᠵᠤ ᠬᠢᠨᠠᠨ ᠵᠦᠪᠯᠡᠬᠦᠯᠵᠤ ᠪᠠᠳᠤᠯᠠᠭᠤᠯᠤᠭᠰᠠᠨ ᠪᠠᠶᠢᠨ᠎ᠠ᠃ ᠰᠢᠶᠡᠨ ᠤ ᠤᠯᠤᠰ ᠲᠦᠷᠦ ᠶᠢᠨ ᠵᠦᠪᠯᠡᠯᠬᠡᠨ ᠤ ᠠᠷᠡᠳᠴᠢᠯᠠᠯ ᠤᠨ ᠬᠢᠨᠠᠯᠳᠠ ᠶᠢ ᠤᠬᠠᠮᠰᠡᠷ ᠠᠴᠠ ᠪᠠᠨ ᠬᠦᠯᠢᠶᠡᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠦᠷᠬᠡᠨ ᠲᠡᠯᠬᠡᠷ ᠰᠤᠨᠤᠰᠪᠠ᠃ ᠲᠠᠪᠤᠨ ᠵᠢᠯ ᠳᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠲᠦᠯᠦᠬᠡᠯᠡᠭᠴᠢ ᠶᠢᠨ 141 ᠬᠤᠪᠢ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ 351 ᠬᠤᠪᠢ ᠲᠤᠷᠡᠳᠤᠯᠭ᠎ᠠ ᠶᠢ ᠬᠠᠷᠢᠭᠤᠯᠤᠭᠰᠠᠨ ᠪᠠ  ᠬᠦᠢᠴᠡᠳᠬᠡᠵᠠᠢ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠤᠯᠬᠡ ᠶᠢᠨ ᠠᠵᠢᠯᠯᠠᠭᠠᠨ ᠪᠤᠯᠤᠨ ︽ᠭᠤᠷᠪᠠᠨ ᠴᠢᠩᠭ᠎ᠠ ᠭᠤᠷᠪᠠᠨ ᠪᠤᠳᠠᠳᠤ︾ ᠲᠤᠰᠬᠠᠢ ᠰᠡᠳᠤᠪᠳᠤ ᠬᠦᠮᠤᠵᠢᠯ ᠢ ᠬᠦᠨ ᠬᠦᠨᠵᠡᠬᠡᠢ ᠦᠷᠨᠢᠬᠦᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠡᠷᠡᠯ ᠢ ᠡᠰᠡᠷᠬᠦᠴᠡᠬᠦ ᠠᠵᠢᠯ ᠢ ᠲᠠᠰᠤᠷᠡᠯ ᠦᠭᠡᠢ ᠴᠢᠩᠭᠠᠳᠬᠠᠪᠠ᠃ ᠲᠦᠪ ᠬᠤᠷᠢᠶᠠᠨ ᠤ ᠨᠠᠢᠮᠠᠨ ᠵᠤᠷᠪᠤᠰ ᠲᠤᠭᠳᠠᠭᠠᠯ ᠪᠠ ᠰᠤᠷᠳᠠᠯ ᠤᠨ ᠪᠠᠶᠢᠭᠤᠯᠤᠯᠳᠠ ᠶᠢ ᠴᠢᠩᠭᠠᠳᠬᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠵᠤ᠂ ︽ᠲᠦᠷᠪᠡᠨ ᠰᠤᠷᠳᠠᠯ︾ ᠤᠨ ᠠᠰᠠᠭᠤᠳᠠᠯ ᠢ ᠨᠠᠷᠢᠨ ᠬᠢᠨᠠᠮᠠᠭᠠᠢ ᠬᠠᠯᠠᠨ ᠰᠠᠶᠢᠵᠢᠷᠠᠭᠤᠯᠵᠤ᠂ 11671 ᠲᠡᠭᠰᠢ ᠲᠦᠷᠪᠡᠯᠵᠢᠨ ᠮᠧᠲᠷ ᠠᠯᠪᠠᠨ ᠬᠡᠷ ᠢ ᠰᠤᠯᠠᠯᠠᠵᠤ᠂ ᠠᠯᠪᠠᠨ ᠬᠡᠷᠡᠭᠯᠡᠬᠡᠨ ᠤ 32 ᠲᠡᠷᠬᠡ ᠶᠢ ᠲᠤᠰᠢᠶᠠᠵᠤ᠂  ᠰᠢᠢᠳᠪᠤᠷᠢᠯᠡᠭᠰᠡᠨ ᠪᠠ ᠪᠢᠳᠡᠬᠦᠮᠵᠢᠯᠠᠵᠠᠢ᠃ ︽ᠠᠮᠤᠷ ᠠᠮᠤᠭᠤᠯᠠᠩ ᠯᠢᠨᠰᠢ︾ ᠶᠢᠨ ᠪᠦᠳᠤᠭᠡᠨ ᠪᠠᠶᠢᠭᠤᠯᠤᠯᠳᠠ ᠶᠢ ᠬᠡᠷᠡᠭᠵᠢᠬᠦᠯᠵᠤ ᠨᠠᠶᠢᠬᠡᠮ ᠤᠨ ᠪᠤᠳᠤᠯᠢᠶᠠᠨᠳᠤ ᠪᠠᠶᠢᠳᠠᠯ ᠢ ᠡᠷᠭᠡᠰᠢᠶᠡᠵᠤ ᠬᠢᠵᠠᠭᠠᠷᠯᠠᠨ ᠡᠵᠡᠮᠳᠡᠬᠦ ᠴᠢᠳᠠᠪᠤᠷᠢ ᠪᠠᠨ ᠢᠯᠡᠳᠳᠡ ᠴᠢᠩᠭᠠᠷᠠᠭᠤᠯᠤᠭᠰᠠᠨ ᠪᠠᠶᠢᠨ᠎ᠠ᠃ ᠠᠶᠤᠯᠬᠦᠢ ᠦᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠤᠷᠢᠯᠠᠯ ᠤᠨ ᠡᠯ᠎ᠡ ᠵᠦᠢᠯ ᠤᠨ ᠠᠳᠡᠯ ᠢ ᠠᠳᠠᠯᠢ ᠬᠤᠭᠤᠴᠠᠭᠠᠨ ᠤ ᠬᠢ ᠠᠴᠠ 55.2% ᠪᠠᠷ ᠲᠤᠷᠤᠭᠰᠢᠯᠠᠭᠤᠯᠵᠠᠢ᠃ ︽ᠵᠢᠷᠭᠤᠭ᠎ᠠ ᠲᠠᠪᠤ︾ ᠶᠢᠨ ᠬᠠᠤᠯᠢ ᠲᠦᠬᠡᠮᠡᠯᠵᠢᠬᠦᠯᠦᠯᠳᠡ ᠶᠢᠨ ᠰᠢᠯᠭᠠᠨ ᠪᠠᠶᠢᠴᠠᠭᠠᠯᠳᠠ ᠶᠢ ᠪᠡᠶᠡᠯᠡᠬᠦᠯᠵᠤ᠂ ᠪᠦᠬᠦ ᠨᠡᠶᠢᠬᠡᠮ ᠤᠨ ᠬᠠᠤᠯᠢ ᠢᠶᠠᠷ ᠵᠠᠰᠠᠬᠤ ᠦᠵᠡᠯ ᠤᠬᠠᠮᠰᠡᠷ ᠢ ᠲᠠᠰᠤᠷᠡᠯ ᠦᠭᠡᠢ  ᠲᠡᠭᠡᠭᠰᠢᠯᠡᠬᠦᠯᠪᠡ᠃ ᠦᠨᠳᠤᠰᠤᠳᠡᠨ ᠱᠠᠰᠢᠨ ᠰᠤᠷᠳᠠᠬᠤᠨ᠂ ᠲᠤᠭᠳᠠᠭᠤᠨ ᠪᠠᠶᠢᠳᠠᠯ ᠢ  ᠬᠠᠮᠠᠭᠠᠯᠠᠬᠤ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠡᠮᠬᠢ ᠴᠢᠭᠴᠢ ᠲᠠᠢ ᠲᠤᠭᠳᠠᠭᠤᠨ ᠶᠠᠪᠤᠭᠳᠠᠵᠤ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ᠂ ᠴᠠᠭ ᠠᠭᠤᠷ ᠪᠤᠯᠤᠨ ᠲᠠᠩᠰᠠ ᠡᠪᠬᠡᠮᠡᠯ ᠤᠨ ᠦᠢᠯᠡᠴᠢᠯᠡᠬᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠲᠡᠭᠡᠭᠰᠢᠯᠡᠬᠦᠯᠵᠠᠢ᠃ ᠵᠠᠰᠠᠭ ᠵᠠᠬᠢᠷᠭ᠎ᠠ ᠶᠢᠨ ᠬᠢᠨᠠᠨ ᠪᠠᠶᠢᠴᠠᠭᠠᠯᠳᠠ᠂ ᠬᠢᠨᠠᠨ ᠪᠤᠳᠤᠬᠤ ᠬᠢᠨᠠᠯᠳᠠ᠂ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠠᠵᠢᠯ ᠤᠨ ᠪᠦᠳᠤᠮᠵᠢ ᠢᠯᠡᠳᠳᠡ ᠪᠤᠯᠵᠠᠢ᠃ ᠵᠠᠪᠰᠡᠭᠳᠤ ᠬᠦᠴᠦᠨ᠂ ᠠᠷᠡᠳ ᠤᠨ ᠠᠭᠠᠷ ᠤᠨ ᠰᠡᠷᠬᠡᠶᠢᠯᠡᠯᠳᠡ᠂ ᠤᠯᠠᠭᠠᠨ ᠵᠠᠭᠠᠯᠮᠠᠶᠢᠳᠤ ᠶᠢᠨ ᠨᠡᠶᠢᠬᠡᠮᠯᠢᠭ᠂ ᠵᠡᠮᠳᠡᠭᠴᠤᠳ ᠤᠨ ᠬᠤᠯᠪᠤᠭ᠎ᠠ᠂ ᠨᠢᠬᠦᠯᠡᠰᠦᠩᠬᠦᠢ  ᠂ ᠨᠠᠰᠤᠳᠠᠶᠢᠴᠤᠳ᠂ ᠠᠵᠢᠯᠴᠢᠨ ᠂ ᠵᠠᠯᠠᠭᠤᠴᠤᠳ᠂ ᠡᠮᠡᠭᠳᠠᠶᠢᠴᠤᠳ ᠤᠨ ᠠᠵᠢᠯ ᠢ ᠴᠦᠮ ᠰᠢᠨ᠎ᠡ ᠠᠬᠢᠴᠠ ᠲᠠᠢ ᠪᠤᠯᠭᠠᠵᠠᠢ᠃     ᠲᠦᠯᠦᠬᠡᠯᠡᠭᠴᠢᠳ ᠡ︕ ᠲᠠᠪᠤᠨ ᠵᠢᠯ ᠤᠨ ᠪᠦᠯᠬᠦᠮᠳᠡᠯ ᠲᠡᠮᠡᠴᠡᠯ ᠢᠶᠠᠷ ᠲᠠᠮᠵᠢᠭᠠᠳ ᠯᠢᠨᠰᠢ ᠰᠢᠶᠠᠨ ᠤ ᠠᠵᠤ ᠠᠬᠤᠢ ᠨᠡᠶᠢᠬᠡᠮ ᠤᠨ ᠬᠦᠭᠵᠢᠯᠳᠡ  ᠦᠷ᠎ᠡ ᠪᠦᠳᠤᠭᠡᠯ ᠢᠶᠠᠷ ᠪᠢᠯᠬᠠᠵᠤ᠂ ᠠᠷᠡᠳ ᠲᠦᠮᠡᠨ ᠠᠮᠤᠷ ᠲᠠᠶᠢᠪᠤᠩ ᠠᠵᠤ ᠲᠦᠷᠦᠨ᠂ ᠨᠡᠶᠢᠬᠡᠮ ᠡᠶ᠎ᠡ ᠵᠤᠬᠢᠴᠠᠯ ᠲᠠᠢ ᠲᠤᠭᠳᠠᠭᠤᠨ  ᠰᠠᠶᠢᠬᠠᠨ ᠪᠠᠶᠢᠨ᠎ᠠ᠃ ᠡᠨᠡ ᠨᠢ ᠰᠢᠶᠡᠨ ᠤ ᠨᠠᠮ ᠤᠨ ᠬᠤᠷᠢᠶ᠎ᠠ ᠶᠢᠨ ᠪᠠᠳᠤ ᠴᠢᠩᠭ᠎ᠠ ᠤᠳᠤᠷᠢᠳᠤᠯᠭ᠎ᠠ ᠶᠢᠨ ᠦᠷ᠎ᠡ ᠪᠦᠳᠤᠬᠡᠯ ᠮᠥᠨ᠂ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ᠂ ᠰᠢᠶᠡᠨ ᠤ ᠤᠯᠤᠰ ᠲᠦᠷᠦ ᠶᠢᠨ ᠵᠦᠪᠯᠡᠯᠬᠡᠨ  ᠤ ᠬᠦᠴᠤᠳᠠᠢ ᠲᠡᠮᠵᠢᠯᠬᠡ ᠶᠢᠨ ᠦᠷ᠎ᠡ ᠪᠦᠳᠤᠭᠡᠯ ᠮᠥᠨ᠂ ᠪᠦᠬᠦ ᠰᠢᠶᠡᠨ ᠤ ᠦᠨᠳᠤᠰᠤᠳᠡᠨ ᠨᠦᠭᠦᠳ ᠤᠨ ᠠᠷᠡᠳ ᠲᠦᠮᠡᠨ ᠤ ᠤᠶᠤᠨ ᠤᠬᠠᠭᠠᠨ ᠪᠠ ᠬᠦᠴᠤᠨ ᠴᠢᠳᠠᠯ ᠤᠨ ᠨᠢᠭᠳᠠᠷᠡᠯ ᠤᠨ ᠦᠷ᠎ᠡ ᠪᠦᠳᠤᠭᠡᠯ ᠮᠥᠨ᠃ ᠠᠳᠡ ᠪᠢ᠂ ᠰᠢᠶᠡᠨ ᠤ ᠠᠷᠡᠳ ᠤᠨ ᠵᠠᠰᠠᠭ ᠤᠨ ᠤᠷᠳᠤᠨ ᠢ ᠲᠦᠯᠦᠬᠡᠯᠡᠵᠤ  ᠂ ᠪᠦᠬᠦ ᠰᠢᠶᠡᠨ ᠤ ᠦᠨᠳᠤᠰᠤᠳᠡᠨ ᠨᠦᠭᠦᠳ ᠤᠨ ᠠᠷᠡᠳ ᠲᠦᠮᠡᠨ᠂ ᠡᠯ᠎ᠡ ᠠᠵᠢᠯ ᠤᠨ ᠹᠷᠤᠨᠲ ᠲᠡᠭᠡᠷ᠎ᠡ ᠭᠠᠪᠰᠢᠭᠠᠶᠢᠯᠠᠨ ᠠᠵᠢᠯᠯᠠᠵᠤ ᠪᠠᠶᠢᠭ᠎ᠠ ᠪᠡᠯᠡ ᠤᠷᠤᠭᠤᠯᠤᠭᠴᠢᠳ᠂ ᠪᠦᠳᠤᠭᠡᠨ ᠪᠠᠶᠢᠭᠤᠯᠤᠭᠴᠢᠳ᠂ ᠠᠵᠢᠯ ᠠᠴᠠ ᠪᠠᠨ ᠰᠠᠯᠤᠭᠰᠠᠨ ᠪᠠ ᠨᠠᠰᠤᠨ ᠤ ᠠᠮᠠᠷᠠᠯᠳᠠ ᠪᠠᠨ ᠠᠪᠤᠭᠰᠠᠨ ᠠᠬᠠᠮᠠᠳ ᠨᠦᠬᠦᠳ ᠪᠤᠯᠤᠨ ᠯᠢᠨᠰᠢ ᠰᠢᠶᠡᠨ ᠤ ᠬᠦᠭᠵᠢᠯᠳᠡ ᠬᠤᠪᠢᠷᠠᠯᠳᠠ ᠶᠢ ᠬᠠᠯᠠᠮᠵᠢᠯᠠᠨ ᠲᠡᠮᠵᠢᠵᠤ ᠪᠠᠶᠢᠭ᠎ᠠ ᠡᠯ᠎ᠡ ᠡᠳᠡᠭᠡᠳ ᠤᠨ ᠨᠠᠶᠢᠵᠠ ᠨᠠᠷ ᠲᠠᠭᠠᠨ ᠦᠨᠡᠨᠴᠢ ᠲᠠᠯᠠᠷᠬᠠᠯ ᠢᠶᠠᠨ ᠲᠡᠪᠰᠢᠬᠦᠯᠦᠶ᠎ᠡ︕     ᠶᠠᠷᠢᠶᠠᠨ ᠦᠭᠡᠢ᠂ ᠦᠬᠡᠷᠡᠴᠢᠯᠠᠯᠳᠡ ᠶᠢᠨ ᠵᠠᠮ ᠳᠤ ᠪᠢᠳᠡ ᠮᠠᠰᠢ ᠤᠯᠠᠨ ᠬᠦᠴᠢᠷᠳᠡᠯ ᠪᠤᠯᠤᠨ ᠦᠷᠢᠰᠤᠯᠳᠤᠭᠡᠨ  ᠳᠤ ᠲᠤᠯᠭᠠᠷᠠᠵᠤ ᠪᠠᠶᠢᠨ᠎ᠠ᠄ ᠬᠤᠷᠸ᠎ᠠ ᠠᠵᠤ ᠠᠬᠤᠢ ᠮᠥᠨ  ᠯᠡ ᠪᠠᠭᠤᠷᠡᠯᠳᠠ ᠶᠢᠨ ᠲᠠᠷᠤᠭᠠᠰᠤ ᠳᠤ ᠲᠤᠯᠭᠠᠷᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠶᠡᠬᠡᠰᠬᠡᠬᠦ ᠳᠤ ᠪᠠᠰᠠᠴᠦ ᠠᠭᠠᠵᠢᠮ ᠤᠷᠤᠭᠰᠢᠯᠠᠯᠳᠠ ᠶᠢᠨ ᠠᠬᠢᠴᠠ ᠶᠢ ᠦᠩᠬᠡᠷᠡᠭᠡᠬᠦ ᠪᠤᠯᠤᠨ᠎ᠠ︔ ᠡᠬᠢ ᠪᠠᠶᠠᠯᠢᠭ ᠤᠨ ᠤᠷᠴᠢᠨ ᠲᠤᠭᠤᠷᠢᠨ ᠤ ᠬᠦᠯᠢᠶᠡᠰᠤᠯᠠᠯ ᠨᠡᠮᠡᠭᠳᠡᠵᠤ᠂ ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ ᠴᠢᠳᠠᠪᠤᠷᠢ ᠬᠢᠵᠠᠭᠠᠷ ᠲᠠᠢ᠃ ᠤᠯᠠᠮᠵᠢᠯᠠᠯᠳᠤ ᠠᠵᠤ ᠦᠢᠯᠡᠰ ᠢ ᠦᠬᠡᠷᠡᠴᠢᠯᠡᠬᠦ ᠪᠠ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ ᠡᠬᠦᠷᠬᠡ ᠮᠦᠨᠬᠦ ᠪᠡᠷᠬᠡ ᠬᠠᠳᠠᠭᠤᠵᠢᠯᠳᠠᠢ ᠪᠠᠶᠢᠭᠰᠠᠭᠠᠷ︔ ᠶᠠᠳᠠᠭᠤ ᠠᠴᠠ ᠠᠩᠬᠢᠵᠢᠷᠠᠭᠤᠯᠬᠤ ᠪᠠᠬᠢᠯᠠᠯᠳᠡ ᠲᠠᠭᠠᠷᠢᠬᠤ ᠪᠠ ︽ᠠᠷᠪᠠ ᠶᠢ  ᠨᠡᠶᠢᠳᠡᠮ ᠪᠦᠷᠬᠦᠬᠦᠯᠬᠦ ︾ ᠢᠨᠵᠧᠨᠧᠷᠢᠩ ᠤᠨ ᠡᠬᠦᠷᠬᠡ ᠮᠦᠨᠴᠦ ᠬᠦᠨᠳᠦ ᠪᠠᠶᠢᠵᠤ᠂ ᠠᠷᠡᠳ ᠤᠨ ᠠᠮᠢᠳᠤᠷᠡᠯ ᠬᠢᠬᠡᠳ ᠨᠡᠶᠢᠬᠡᠮ ᠤᠨ ᠬᠠᠮᠢᠶᠠᠷᠤᠯᠳᠠ ᠶᠢᠨ ᠬᠦᠷᠢᠶ᠎ᠡ ᠬᠡᠪᠴᠢᠶᠡᠨ ᠳᠤ ᠪᠠᠰᠠ ᠮᠠᠰᠢ ᠤᠯᠠᠨ ᠪᠠᠭᠤᠷᠠᠢ ᠵᠠᠩᠬᠢᠯᠠᠭ᠎ᠠ ᠤᠷᠤᠰᠢᠭᠰᠠᠭᠠᠷ ᠪᠠᠶᠢᠨ᠎ᠠ︔ ᠵᠠᠰᠠᠭ ᠤᠨ ᠤᠷᠳᠤᠨ ᠤ ᠴᠢᠳᠠᠪᠬᠢ ᠪᠤᠯᠤᠨ ᠠᠵᠢᠯ ᠤᠨ ᠰᠤᠷᠳᠠᠯ ᠢ ᠬᠤᠪᠢᠷᠠᠭᠤᠯᠬᠤ ᠳᠤ ᠪᠠᠰᠠᠴᠦ ᠤᠳᠠᠭᠠᠨ ᠲᠠᠭᠠᠭᠠᠮᠠᠭᠠᠢ ᠪᠠᠷ ᠬᠦᠴᠦ ᠤᠷᠤᠭᠤᠯᠬᠤ ᠴᠢᠬᠤᠯᠠᠳᠠᠢ ᠪᠠᠶᠢᠵᠤ᠂ ᠤᠨᠴᠠ ᠵᠠᠷᠢᠮ ᠪᠠᠶᠢᠭᠤᠯᠭ᠎ᠠ ᠶᠢᠨ ᠺᠠᠳ᠋ᠷ ᠤᠨ ᠲᠤᠮᠳᠠ ︽ᠲᠦᠷᠪᠡᠨ ᠰᠤᠷᠳᠠᠯ︾ ᠤᠨ ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ ᠪᠠᠷ ᠤᠷᠤᠰᠢᠵᠤ ᠪᠠᠶᠢᠨ᠎ᠠ᠃ ᠡᠶᠢᠮᠦ ᠠᠴᠠ ᠪᠢᠳᠡ ᠡᠷᠭᠡᠪᠰᠢ ᠡᠳᠡᠭᠡᠷ ᠠᠰᠠᠭᠤᠳᠠᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠢᠳᠡᠪᠬᠢᠳᠠᠢ ᠪᠠᠷ ᠠᠷᠭᠠᠴᠠᠭᠠᠨ᠂ ᠰᠠᠨᠠᠭᠠᠴᠢᠯᠠᠭ᠎ᠠ ᠲᠠᠢ ᠪᠠᠷ ᠬᠢᠵᠤ᠂ ᠵᠦᠷᠢᠴᠡᠯ ᠪᠤᠯᠤᠨ ᠠᠰᠠᠭᠤᠳᠠᠯ ᠢ ᠦᠨᠡᠨᠬᠦ ᠰᠠᠶᠢᠳᠤᠷ ᠰᠢᠢᠳᠪᠤᠷᠢᠯᠡᠬᠦ ᠴᠢᠬᠤᠯᠠᠳᠠᠢ ᠪᠠᠶᠢᠨ᠎ᠠ᠃     ᠬᠤᠶᠡᠷ᠂ ︽ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠶᠡᠷᠦᠩᠬᠡᠢ ᠰᠡᠳᠬᠢᠮᠵᠢ ᠪᠤᠯᠤᠨ ᠲᠡᠮᠡᠴᠡᠬᠦ ᠬᠠᠷᠠᠯᠳᠠ     ᠢᠷᠡᠭᠡᠳᠦᠢ ᠶᠢᠨ ᠲᠠᠪᠤᠨ ᠵᠢᠯ ᠪᠣᠯ᠂ ᠴᠢᠨᠡᠬᠡᠯᠢᠭ ᠨᠠᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠤᠷᠢᠳᠤ ᠢᠯᠡᠯᠳᠡ   ᠶᠢᠨ ᠴᠠᠭ ᠦᠶ᠎ᠡ ᠮᠥᠨ᠂ ᠮᠥᠨ ᠴᠦ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠶᠢ ᠲᠦᠷᠭᠡᠳᠭᠡᠬᠦ ᠵᠠᠩᠬᠢᠯᠠᠭ᠎ᠠ ᠶᠢᠨ ᠬᠤᠭᠤᠴᠠᠭ᠎ᠠ ᠪᠤᠯᠬᠤ ᠶᠤᠮ᠃ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠯᠢᠨᠰᠢ ᠰᠢᠶᠡᠨ ᠤ ᠬᠤᠷᠢᠶ᠎ᠠ ᠶᠢᠨ ᠤᠯᠤᠰ ᠠᠷᠡᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ  ᠲᠠᠪᠤᠨ ᠵᠢᠯ ᠤᠨ ᠲᠦᠯᠦᠪᠵᠢᠬᠦᠯᠬᠡ ᠶᠢ ᠲᠤᠭᠳᠠᠭᠠᠬᠤ ᠲᠤᠬᠠᠢ ᠰᠠᠨᠠᠯ︾ ᠢ ᠦᠨᠳᠤᠰᠤᠯᠡᠵᠤ᠂ ᠬᠤᠶᠢᠰᠢᠳᠠ ᠶᠢᠨ ᠲᠠᠪᠤᠨ ᠵᠢᠯ ᠳᠠᠬᠢ ᠰᠢᠶᠡᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠰᠡᠳᠬᠢᠮᠵᠢ ᠪᠣᠯ᠄ ᠨᠠᠮ ᠤᠨ  ᠠᠷᠪᠠᠨ ᠨᠠᠢᠮᠠᠳᠤᠭᠠᠷ ᠶᠡᠭᠡ ᠬᠤᠷᠡᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠡᠯ᠂ ᠲᠦᠷᠪᠡᠳᠤᠭᠡᠷ ᠪᠦᠬᠦᠳᠡ ᠬᠤᠷᠡᠯ᠂ ᠲᠠᠪᠤᠳᠤᠭᠠᠷ ᠪᠦᠬᠦᠳᠡ ᠬᠤᠷᠡᠯ ᠤᠨ ᠵᠤᠷᠢᠭ ᠰᠠᠨᠠᠭ᠎ᠠ   ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠶᠢᠰᠤᠳᠤᠭᠡᠷ ᠬᠤᠭᠤᠴᠠᠭᠠᠨ  ᠤ ᠠᠷᠪᠠᠨ ᠲᠦᠷᠪᠡᠳᠤᠭᠡᠷ ᠤᠳᠠᠭᠠᠨ ᠤ ᠪᠦᠬᠦ ᠬᠡᠰᠢᠬᠦᠳ ᠤᠨ ᠬᠤᠷᠠᠯᠳᠤᠭᠠᠨ ᠪᠤᠯᠤᠨ ᠬᠤᠳᠠ ᠶᠢᠨ ᠨᠠᠮ ᠤᠨ ᠬᠤᠷᠢᠶ᠎ᠠ ᠶᠢᠨ ᠵᠢᠷᠭᠤᠳᠤᠭᠠᠷ ᠬᠤᠭᠤᠴᠠᠭᠠᠨ ᠤ ᠲᠤᠯᠤᠳᠤᠭᠠᠷ ᠤᠳᠠᠭᠠᠨ ᠤ ᠪᠦᠬᠦ ᠬᠡᠰᠢᠬᠦᠳ ᠤᠨ ᠬᠤᠷᠡᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠡᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠳᠤᠭᠠᠷ ᠤᠳᠠᠭᠠᠨ ᠤ ᠪᠦᠬᠦ ᠬᠡᠰᠢᠬᠦᠳ ᠤᠨ ᠬᠤᠷᠡᠯ ᠤᠨ ᠪᠠᠶᠢᠷᠢᠯᠠᠭᠤᠯᠤᠯᠳᠠ ᠶᠤᠰᠤᠭᠠᠷ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠳᠤ ᠵᠤᠬᠢᠴᠠᠭᠤᠯᠤᠨ ᠲᠠᠭᠠᠭᠤᠯᠵᠤ᠂ ᠲᠤᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠦᠩᠬᠡᠢ ᠰᠡᠳᠬᠢᠮᠵᠢ ᠶᠢ ᠪᠠᠷᠢᠮᠳᠠᠯᠠᠵᠤ᠂ ᠰᠢᠨ᠎ᠡ ᠶᠢ ᠡᠬᠦᠳᠬᠦ ᠶᠢ ᠡᠷᠬᠢᠮᠨᠡᠨ᠂ ᠵᠤᠬᠢᠴᠠᠯᠳᠤᠭᠤᠯᠤᠨ ᠬᠦᠭᠵᠢᠬᠦᠯᠬᠦ ᠶᠢ ᠴᠢᠬᠤᠯᠠᠴᠢᠯᠠᠵᠤ᠂ ᠪᠤᠬᠢᠷᠳᠤᠯ ᠦᠭᠡᠢ ᠬᠦᠭᠵᠢᠯᠳᠡ ᠶᠢ ᠰᠤᠷᠳᠠᠯᠴᠢᠯᠠᠨ᠂ ᠭᠠᠳᠠᠭᠰᠢ ᠨᠡᠬᠡᠬᠡᠯᠳᠡ ᠶᠢ ᠪᠠᠷᠢᠮᠳᠠᠯᠠᠵᠤ᠂ ᠬᠠᠮᠳᠤᠪᠠᠷ ᠡᠳ᠋ᠯᠡᠬᠦ ᠶᠢ ᠠᠬᠢᠭᠤᠯᠤᠨ᠂ ︽ᠲᠦᠷᠦᠯ ᠵᠦᠢᠯ ᠢᠶᠠᠷ ᠲᠠᠶᠢᠴᠢᠯᠠᠨ ᠲᠠᠭᠠᠭᠤᠯᠬᠤ᠂ ᠡᠬᠢ  ᠪᠠᠶᠠᠯᠢᠭ ᠢ ᠨᠡᠬᠡᠬᠡᠨ ᠠᠰᠢᠭᠯᠠᠬᠤ᠂ ᠠᠵᠤ ᠦᠢᠯᠡᠰ ᠢ ᠲᠡᠰ ᠲᠡᠪᠰᠢᠬᠦᠯᠬᠦ︾ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠤ᠂ ᠶᠠᠳᠠᠭᠤ ᠠᠴᠠ ᠠᠩᠬᠢᠵᠢᠷᠠᠭᠤᠯᠤᠨ ᠪᠠᠬᠢᠯᠠᠯᠳᠡ ᠲᠠᠭᠠᠷᠢᠬᠤ ᠪᠠ ︽ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠦᠷᠨᠢᠬᠦᠯᠦᠨ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠡ᠂ ᠲᠡᠷᠢᠶᠠᠯᠠᠩ ᠤᠨ ᠤᠳᠤᠬᠢᠴᠢᠯᠠᠯᠳᠠ᠂ ᠬᠤᠳᠠ ᠬᠦᠳᠡᠭᠡ   ᠶᠢᠨ ᠨᠢᠬᠡ ᠴᠤᠭᠴᠠᠵᠢᠭᠤᠯᠤᠯᠳᠠ ᠪᠠ ᠤᠯᠠᠨ ᠨᠡᠶᠢᠳᠡ ᠶᠢᠨ ᠦᠢᠯᠡᠴᠢᠯᠡᠬᠡᠨ ᠤ ᠲᠡᠩᠴᠡᠬᠦᠷᠢᠰᠢᠯᠳᠡ ᠶᠢ ᠨᠢᠬᠡᠳᠤᠯᠳᠠᠢ ᠲᠦᠯᠬᠢᠨ ᠠᠬᠢᠭᠤᠯᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃     ᠲᠠᠪᠤᠨ ᠵᠢᠯ ᠤᠨ ᠤᠷᠢᠳᠴᠢᠯᠠᠭᠰᠠᠨ ᠭᠤᠤᠯ ᠬᠠᠷᠠᠯᠳᠠ ᠪᠣᠯ᠄ ᠤᠷᠤᠨ ᠭᠠᠵᠡᠷ ᠤᠨ ᠦᠢᠯᠡᠳᠪᠤᠷᠢᠯᠠᠯ ᠤᠨ ᠶᠡᠷᠦᠩᠬᠡᠢ ᠦᠷᠳᠡᠭ ᠢ ᠵᠢᠯ ᠳᠤ ᠲᠡᠭᠰᠢᠳᠬᠡᠬᠡᠳ 11% ᠠᠴᠠ ᠲᠡᠭᠡᠭᠰᠢ ᠪᠠᠷ ᠨᠡᠮᠡᠭᠳᠡᠬᠦᠯᠵᠤ︔ ᠬᠡᠪᠴᠢᠶ᠎ᠡ ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠵᠢᠯ ᠳᠤ ᠲᠡᠭᠰᠢᠳᠬᠡᠬᠡᠳ 15% ᠠᠴᠠ ᠲᠡᠭᠡᠭᠰᠢ  ᠪᠠᠷ ᠨᠡᠮᠡᠭᠳᠡᠬᠦᠯᠦᠨ᠎ᠡ︔ ᠤᠷᠤᠨ ᠨᠤᠳᠤᠭ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ  ᠶᠢ ᠵᠢᠯ ᠳᠤ ᠲᠡᠭᠰᠢᠳᠬᠡᠬᠡᠳ 7% ᠠᠴᠠ ᠲᠡᠭᠡᠭᠰᠢ ᠨᠡᠮᠡᠭᠳᠡᠬᠦᠯᠵᠤ︔ ᠨᠡᠶᠢᠬᠡᠮ ᠤᠨ ᠭᠡᠷᠡᠭᠯᠡᠬᠡᠨ ᠤ ᠪᠤᠳᠠᠰ ᠢ ᠰᠤᠯᠠ ᠬᠤᠳᠠᠯᠳᠤᠬᠤ ᠶᠡᠷᠦᠩᠬᠡᠢ ᠨᠤᠷᠮ᠎ᠠ ᠶᠢ ᠵᠢᠯ ᠳᠤ ᠲᠡᠭᠰᠢᠳᠬᠡᠬᠡᠳ 13% ᠠᠴᠠ ᠲᠡᠭᠡᠭᠰᠢ ᠪᠠᠷ ᠨᠡᠮᠡᠭᠳᠡᠬᠦᠯᠦᠨ᠎ᠡ︔ ᠬᠤᠳᠠ ᠪᠠᠯᠭᠠᠰᠤ ᠪᠤᠯᠤᠨ ᠬᠦᠳᠡᠭᠡ ᠲᠤᠰᠬᠤᠨ ᠤ ᠪᠠᠶᠢᠩᠭᠤ ᠰᠠᠭᠤᠷᠢᠰᠢᠭ᠎ᠠ ᠰᠠᠭᠤᠭᠠᠯᠢᠴᠢᠳ ᠤᠨ ᠬᠦᠮᠤᠨ ᠲᠤᠮᠳᠠᠴᠢ ᠳᠤ ᠲᠡᠭᠰᠢᠳᠬᠡᠭᠰᠡᠨ ᠡᠵᠡᠮᠳᠡᠵᠤ ᠪᠤᠯᠬᠤᠶᠢᠴᠠ ᠤᠷᠤᠯᠭ᠎ᠠ ᠶᠢ ᠲᠤᠰᠪᠤᠷᠢ 11%᠂ 12% ᠠᠴᠠ ᠲᠡᠭᠡᠭᠰᠢ ᠨᠡᠮᠡᠭᠳᠡᠬᠦᠯᠦᠨ᠎ᠡ᠃ ᠲᠡᠭᠡᠷ᠎ᠡ ᠲᠤᠷᠡᠳᠤᠭᠰᠠᠨ ᠬᠠᠷᠠᠯᠳᠠ ᠶᠢ ᠪᠡᠶᠡᠯᠡᠬᠦᠯᠬᠦ ᠳᠤ ᠲᠤᠤᠷᠡᠬᠢ ᠵᠢᠷᠭᠤᠭᠠᠨ ᠲᠠᠯ᠎ᠠ  ᠶᠢᠨ ᠠᠵᠢᠯ ᠢ ᠬᠦᠴᠤᠯᠠᠨ ᠬᠢᠬᠦ ᠬᠡᠷᠡᠭᠳᠡᠢ᠄     ᠨᠢᠬᠡ ᠲᠤ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠵᠤ᠂ ᠰᠢᠶᠡᠨ ᠤ ᠬᠡᠪᠴᠢᠶᠡᠨ ᠤ ᠠᠵᠤ ᠠᠬᠤᠢ ᠶᠢᠨ ᠬᠡᠮᠵᠢᠶ᠎ᠡ ᠶᠢ ᠶᠡᠭᠡᠰᠬᠡᠨ᠎ᠡ᠃ ᠨᠢᠬᠡᠨ ᠰᠡᠳᠬᠢᠯ ᠢᠶᠠᠷ ᠬᠦᠭᠵᠢᠯᠳᠡ ᠶᠢ ᠡᠷᠢᠯᠬᠢᠯᠡᠬᠦ ᠪᠣᠯ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯ ᠤᠨ ᠭᠤᠤᠯ ᠰᠡᠳᠤᠪ ᠪᠠᠶᠢᠵᠤ᠂ ᠲᠤᠮᠤ ᠠᠯᠬᠤᠮ ᠢᠶᠠᠷ ᠤᠷᠤᠭᠰᠢᠯᠠᠬᠤ ᠪᠣᠯ ᠮᠠᠨ ᠤ ᠭᠤᠤᠯ ᠲᠠᠭᠠᠷᠢᠯᠳᠠ ᠶᠢᠨ ᠴᠢᠭᠯᠡᠯ ᠪᠤᠯᠬᠤ ᠶᠤᠮ᠃ ᠤᠯᠠᠭᠠᠨᠬᠠᠳᠠ ᠬᠤᠳᠠ ᠠᠴᠠ ᠲᠤᠷᠡᠳᠤᠭᠰᠠᠨ 8% ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠨᠢ ᠪᠦᠬᠦ ᠤᠷᠤᠨ ᠤ 5% ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠤᠯᠤᠨ  ᠪᠦᠬᠦ ᠤᠯᠤᠰ ᠤᠨ 1.5% ᠶᠢᠨ ᠠᠵᠤ ᠠᠬᠤᠢ ᠶᠢᠨ ᠨᠡᠮᠡᠭᠳᠡᠯ  ᠤᠨ ᠬᠤᠷᠳᠤᠴᠡ ᠠᠴᠠ ᠪᠦᠷ ᠦᠨᠳᠤᠷ ᠪᠤᠢ᠃ ᠮᠠᠨ ᠤ ᠰᠢᠶᠡᠨ ᠤ 11% ᠶᠢᠨ ᠠᠵᠦ ᠠᠬᠤᠢ ᠶᠢᠨ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ 8% ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ 3% ᠦᠨᠳᠤᠷ ᠪᠠᠶᠢᠵᠤ᠂ ᠠᠵᠤ ᠠᠬᠤᠢ ᠪᠠᠨ ᠬᠦᠭᠵᠢᠬᠦᠯᠬᠦ ᠶᠢᠨ ᠭᠤᠤᠯ ᠵᠤᠷᠢᠯᠭ᠎ᠠ ᠨᠢ ᠮᠥᠨ ᠴᠦ ᠪᠡᠯᠡ ᠤᠷᠤᠭᠤᠯᠤᠯᠳᠠ  ᠪᠠᠨ ᠨᠡᠮᠡᠭᠳᠡᠬᠦᠯᠬᠦ᠂ ᠲᠦᠷᠦᠯ ᠵᠦᠢᠯ ᠤᠯᠬᠤ ᠪᠠ ᠶᠡᠷᠦᠩᠬᠡᠢ ᠬᠡᠮᠵᠢᠶ᠎ᠡ ᠪᠠᠨ ᠶᠡᠭᠡᠰᠬᠡᠬᠦ ᠳᠤ ᠪᠤᠢ᠃ ᠪᠢᠳᠡ ᠯᠢᠨᠰᠢ  ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠤᠨ ︽ ᠨᠢᠬᠡ ᠪᠦᠰᠡ ᠨᠢᠬᠡ ᠵᠠᠮ︾᠂ ᠪᠡᠬᠡᠵᠢᠩ ᠲᠢᠶᠡᠨᠵᠢᠨ ᠾᠧᠪᠸᠢ ᠯᠤᠭ᠎ᠠ ᠵᠤᠬᠢᠴᠠᠯᠳᠤᠨ ᠬᠦᠭᠵᠢᠬᠦ᠂ ᠵᠡᠬᠦᠨ ᠬᠤᠶᠢᠳᠤ ᠶᠢᠨ ᠬᠠᠭᠤᠴᠢᠨ ᠠᠵᠤ ᠦᠢᠯᠡᠳᠪᠤᠷᠢ ᠶᠢᠨ ᠰᠠᠭᠤᠷᠢᠨ ᠭᠠᠵᠡᠷ ᠢ ᠮᠠᠨᠳᠤᠭᠤᠯᠬᠤ᠂ ᠦᠪᠡᠷᠳᠡᠬᠡᠨ ᠵᠠᠰᠠᠬᠤ ᠤᠷᠤᠨ ᠤ ᠰᠢᠯᠢᠩᠭᠤᠤᠯ ᠤᠯᠠᠭᠠᠨᠬᠠᠳᠠ  ᠴᠤᠤᠶᠠᠩ  ᠵᠢᠨᠵᠸᠦ ᠶᠢᠨ ᠠᠵᠤ ᠠᠬᠤᠢ ᠶᠢᠨ ᠪᠦᠰᠡ ᠪᠠᠶᠢᠭᠤᠯᠬᠤ ᠪᠠ ᠤᠯᠠᠭᠠᠨᠬᠠᠳᠠ ᠬᠤᠳᠠ ᠶᠢᠨ ᠴᠡᠪᠡᠷ ᠡᠨᠧᠷᠬᠢ ᠶᠢᠨ ᠰᠠᠭᠤᠷᠢᠨ ᠭᠠᠵᠡᠷ ᠢ ᠲᠦᠯᠬᠢᠨ ᠠᠬᠢᠭᠤᠯᠬᠤ ᠵᠡᠷᠬᠡ ᠠᠰᠢᠭᠳᠠᠢ ᠲᠦᠷᠦ ᠶᠢᠨ ᠪᠤᠳᠤᠯᠭ᠎ᠠ ᠨᠤᠭᠤᠳ ᠢ ᠨᠠᠷᠢᠨ ᠨᠢᠮᠪᠠᠢ ᠰᠤᠳᠤᠯᠬᠤ ᠬᠡᠷᠡᠭᠳᠡᠢ᠃ ᠲᠡᠭᠡᠷ᠎ᠡ ᠭᠤᠷᠪᠠᠨ ᠱᠠᠳᠤᠨ ᠤ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠲᠠᠢ ᠤᠶᠠᠯᠳᠤᠭᠤᠯᠵᠤ᠂ ᠬᠦᠴᠦᠯᠡᠬᠦ ᠴᠢᠭ᠋ ᠢᠶᠠᠨ ᠤᠨᠤᠪᠴᠢᠳᠠᠢ ᠡᠷᠢᠨ ᠭᠠᠷᠭᠠᠵᠤ᠂ ᠪᠦᠬᠦ ᠲᠠᠯ᠎ᠠ  ᠪᠠᠷ ᠠᠷᠭ᠎ᠠ ᠤᠬᠠᠭᠠᠨ ᠰᠦᠪᠡᠭᠴᠢᠯᠡᠨ᠂ ᠭᠤᠷᠪᠠᠳᠤᠭᠠᠷ ᠠᠵᠤ ᠦᠢᠯᠡᠰ᠂ ᠬᠤᠳᠠ ᠬᠦᠳᠡᠭᠡ ᠶᠢᠨ ᠪᠦᠳᠤᠭᠡᠨ ᠪᠠᠶᠢᠭᠤᠯᠤᠯᠳᠠ᠂ ᠠᠮᠢ ᠠᠬᠤᠢ ᠶᠢᠨ ᠤᠷᠴᠢᠨ ᠲᠤᠭᠤᠷᠢᠨ᠂ ᠰᠠᠭᠤᠷᠢ ᠲᠦᠬᠦᠬᠡᠷᠦᠮᠵᠢ᠂ ᠠᠷᠡᠳ ᠤᠨ ᠠᠮᠢᠳᠤᠷᠡᠯ ᠬᠢᠬᠡᠳ ᠨᠡᠶᠢᠬᠡᠮ ᠤᠨ ᠦᠢᠯᠡᠰ ᠵᠡᠷᠬᠡ ᠬᠦᠷᠢᠶ᠎ᠡ ᠬᠡᠪᠴᠢᠶᠡᠨ ᠤ ᠨᠢᠬᠡ ᠪᠦᠯᠦᠭ ᠲᠤᠮᠤ ᠴᠢᠬᠤᠯᠠ ᠲᠦᠷᠦᠯ ᠵᠦᠢᠯ ᠢ ᠡᠷᠢᠯᠬᠢᠯᠡᠨ᠎ᠡ᠃ ᠪᠡᠬᠡᠵᠢᠩ ᠲᠢᠶᠡᠨᠵᠢᠨ ᠾᠧᠪᠸᠢ ᠶᠢᠨ ᠠᠵᠤ ᠦᠢᠯᠡᠰ ᠤᠨ ᠰᠢᠯᠵᠢᠯᠳᠡ ᠶᠢᠨ ᠵᠤᠯᠭᠠᠯᠴᠠᠭ᠎ᠠ᠂ ᠮᠤᠩᠭᠤᠯ ᠤᠯᠤᠰ ᠤᠨ ᠦᠩᠬᠡᠳᠤ ᠲᠡᠮᠦᠷᠯᠢᠭ ᠪᠤᠯᠤᠨ ᠨᠡᠬᠦᠷᠡᠰᠤ᠂ ᠪᠠᠶᠢᠭᠠᠯᠢ ᠶᠢᠨ ᠰᠢᠳᠠᠮᠬᠠᠢ ᠬᠡᠢ ᠶᠢᠨ ᠡᠬᠢ ᠪᠠᠶᠠᠯᠢᠭ ᠢ ᠬᠤᠪᠢᠷᠠᠭᠤᠯᠵᠤ ᠡᠳ᠋ᠰᠢᠬᠦᠯᠬᠦ ᠵᠡᠷᠬᠡ ᠲᠦᠷᠦᠯ ᠵᠦᠢᠯ ᠢ ᠭᠤᠤᠯᠳᠠᠯᠭ᠎ᠠ ᠲᠠᠢ ᠰᠤᠳᠤᠯᠵᠤ᠂ ᠯᠢᠨᠰᠢ ᠶᠢᠨ ᠤᠮᠠᠷ᠎ᠠ ᠵᠦᠭ ᠤᠨ ᠡᠬᠢ ᠪᠠᠶᠠᠯᠢᠭ ᠤᠨ ᠶᠡᠭᠡ ᠵᠠᠮ᠂ ᠳ᠋ᠠᠨᠳᠦᠩ — ᠰᠢᠯᠢᠩᠭᠤᠤᠯ ᠤᠨ ᠬᠤᠷᠳᠤᠨ ᠤ ᠵᠠᠮ ᠤᠨ ᠴᠠᠭᠠᠨᠬᠤᠸᠠ ᠠᠴᠠ 303 ᠤᠯᠤᠰ ᠤᠨ ᠵᠠᠮ ᠬᠦᠷᠬᠦ ᠨᠢᠬᠡᠳᠤᠭᠡᠷ ᠲᠡᠰ ᠤᠨ ᠵᠠᠰᠠᠮᠠᠯ ᠵᠠᠮ  ᠪᠠ ᠨᠢᠰᠬᠡᠯ ᠤᠨ ᠪᠠᠭᠤᠳᠠᠯ ᠬᠦᠷᠬᠦ ᠰᠠᠯᠪᠤᠷᠢ ᠵᠠᠮ ᠤᠨ ᠲᠦᠷᠦᠯ ᠵᠦᠢᠯ ᠢ ᠠᠬᠢᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡ ᠤᠷᠤᠭᠤᠯᠤᠯᠳᠠ ᠶᠢ 1000 ᠳ᠋ᠦᠩᠰᠢᠭᠤᠷ ᠲᠦᠬᠦᠷᠢᠭ ᠠᠴᠠ ᠲᠡᠭᠡᠭᠰᠢ ᠳᠤ ᠬᠦᠷᠭᠡᠬᠦ ᠪᠠᠷ ᠮᠠᠷᠡᠶᠢᠨ ᠴᠢᠷᠮᠠᠶᠢᠨ᠎ᠠ᠃     ᠬᠤᠶᠡᠷ ᠲᠤ ᠭᠤᠷᠪᠠᠳᠤᠭᠠᠷ ᠠᠵᠤ ᠦᠢᠯᠡᠰ ᠢ ᠠᠳᠠᠯᠢ ᠠᠯᠬᠤᠮ ᠢᠶᠠᠷ ᠪᠤᠵᠠᠭᠠᠶᠢᠷᠠᠭᠤᠯᠬᠤ ᠶᠢ ᠪᠠᠷᠢᠮᠳᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠠᠬᠢᠭᠤᠯᠤᠨ᠎ᠠ᠃ ᠰᠢᠶᠡᠨ ᠤ ᠨᠠᠮ ᠤᠨ ᠬᠤᠷᠢᠶ᠎ᠠ ᠶᠢᠨ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠡᠴᠦᠰ ᠪᠤᠯᠳᠠᠯ᠎ᠠ ᠲᠠᠪᠤᠨ ᠲᠤᠮᠤ ᠰᠠᠭᠤᠷᠢᠨ᠂ ᠬᠤᠶᠡᠷ ᠲᠦᠪ᠂ ᠨᠢᠬᠡ ᠦᠯᠢᠬᠡᠷ ᠵᠢᠱᠢᠶ᠎ᠡ ᠲᠤᠭᠤᠷᠢᠭ   ᠢ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠪᠡᠶᠡᠯᠡᠬᠦᠯᠬᠦ ᠲᠤᠭᠤᠷᠢᠨ ᠳᠤ᠂ ᠦᠩᠬᠡᠳᠤ ᠲᠡᠮᠦᠷᠯᠢᠭ᠂ ᠲᠡᠷᠢᠶᠠᠯᠠᠩ ᠤᠨ ᠭᠠᠷᠤᠯᠳᠠ  ᠮᠠᠯ ᠤᠨ ᠠᠰᠢᠭ ᠰᠢᠮ᠎ᠡ ᠶᠢᠨ ᠪᠤᠬᠢᠷᠳᠤᠯ ᠦᠭᠡᠢ ᠪᠦᠳᠤᠭᠡᠭᠳᠡᠬᠦᠨ ᠢ ᠡᠳ᠋ᠰᠢᠬᠦᠯᠬᠦ᠂ ᠴᠡᠪᠡᠷ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠴᠤᠭᠯᠠᠷᠡᠯ ᠢ ᠡᠬᠦᠳᠤᠨ ᠪᠦᠳᠤᠭᠡᠵᠤ᠂ ᠭᠤᠷᠪᠠᠳᠤᠭᠠᠷ ᠠᠵᠤ ᠦᠢᠯᠡᠰ ᠤᠨ ᠲᠠᠯ᠎ᠠ ᠪᠠᠷ ᠨᠢᠬᠡ ᠪᠦᠯᠦᠭ ᠲᠤᠯᠭᠠᠭᠤᠷᠢᠯᠠᠬᠤ ᠬᠦᠴᠦᠨ ᠪᠠ ᠦᠷᠢᠰᠤᠯᠳᠦᠬᠦ ᠬᠦᠴᠦᠨ ᠪᠦᠬᠦᠢ ᠲᠠᠪᠠᠭᠤᠯᠢᠭ ᠠᠵᠤ ᠦᠢᠯᠡᠰ ᠢ ᠪᠠᠶᠢᠭᠤᠯᠤᠨ᠎ᠠ᠃ ᠠᠵᠤ ᠦᠢᠯᠡᠳᠪᠤᠷᠢ ᠶᠢᠨ ᠮᠡᠷᠬᠡᠵᠢᠯ ᠤᠨ ᠦᠬᠡᠷᠡᠴᠢᠯᠡᠯᠳᠡ ᠪᠤᠯᠤᠨ ᠰᠢᠨᠡᠴᠢᠯᠡᠯᠳ᠋ᠨ ᠶᠢ ᠠᠬᠢᠭᠤᠯᠵᠤ᠂ ᠦᠩᠬᠡᠳᠤ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠢ ᠲᠤᠮᠳᠠ ᠲᠤᠤᠷ᠎ᠡ ᠲᠡᠰ  ᠠᠴᠠ ᠲᠤᠮᠳᠠ ᠲᠡᠭᠡᠳᠤ ᠲᠡᠰ ᠦᠬᠡᠳᠡ ᠠᠬᠢᠭᠤᠯᠬᠤ ᠶᠢ ᠲᠦᠷᠬᠡᠳᠬᠡᠨ᠂ ᠦᠩᠬᠡᠳᠤ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠤᠨ ᠨᠡᠮᠡᠯᠳᠡ ᠦᠷᠳᠡᠭ ᠢ 30 ᠳ᠋ᠦᠩᠰᠢᠭᠤᠷ ᠲᠦᠬᠦᠷᠢᠭ ᠲᠤ ᠬᠦᠷᠬᠡᠬᠦ ᠶᠢ ᠪᠡᠶᠡᠯᠡᠬᠦᠯᠦᠨ᠎ᠡ᠃ ᠮᠢᠬ᠎ᠠ ᠂ ᠰᠢᠬᠢᠷ ᠵᠢᠮᠢᠰ ᠢᠶᠠᠷ ᠭᠤᠤᠯ ᠪᠤᠯᠭᠠᠭᠰᠠᠨ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠤᠨ ᠠᠪᠴᠢᠷᠡᠵᠤ᠂ ᠲᠡᠷᠢᠶᠡᠯᠡᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠤᠬᠢᠷᠳᠤᠯ ᠦᠭᠡᠢ ᠪᠦᠳᠤᠭᠡᠭᠳᠡᠬᠦᠨ ᠢ ᠨᠠᠷᠢᠯᠢᠭ ᠡᠳ᠋ᠰᠢᠬᠦᠯᠬᠦ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠳ᠋ᠦᠩ ᠲᠠᠢ ᠽᠢ ᠴᠦᠬᠦᠷᠦᠮ ᠳᠤ ᠲᠦᠰᠢᠭᠯᠡᠵᠤ ᠤᠰᠤ ᠨᠡᠬᠦᠷᠡᠰᠤᠨ ᠤ ᠬᠤᠷᠰᠢᠯ ᠢ ᠡᠷᠢᠯᠬᠢᠯᠡᠨ᠂ ᠨᠡᠬᠦᠷᠡᠰᠤ ᠪᠠᠷ ᠲᠦᠬᠦᠬᠡᠢ ᠮᠠᠲ᠋ᠧᠷᠢᠶᠠᠯ ᠪᠤᠯᠭᠠᠭᠰᠠᠨ ᠴᠡᠪᠡᠷ ᠡᠨᠧᠷᠬᠢ ᠶᠢᠨ ᠲᠦᠷᠦᠯ ᠵᠦᠢᠯ ᠢ ᠬᠡᠷᠡᠭᠵᠢᠬᠦᠯᠦᠨ᠎ᠡ᠃ ᠰᠠᠯᠬᠢᠨ ᠡᠨᠧᠷᠬᠢ  ᠪᠠ ᠨᠠᠷᠡᠨ ᠡᠨᠧᠷᠬᠢ ᠶᠢᠨ ᠴᠡᠪᠡᠷ ᠡᠨᠧᠷᠬᠢ ᠶᠢᠨ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠨ᠎ᠡ᠃ ᠲᠡᠭᠡᠳᠤ ᠲᠡᠰ ᠤᠨ ᠮᠦᠷᠳᠡᠬᠡᠨ ᠴᠤᠯᠤ᠂ ᠰᠢᠨ᠎ᠡ ᠮᠠᠶ᠋ᠢᠭ ᠤᠨ ᠮᠠᠲ᠋ᠧᠷᠢᠶᠠᠯ ᠢ ᠦᠢᠯᠡᠳᠪᠤᠷᠢᠯᠡᠬᠦ᠂ ᠬᠤᠪᠤᠷ ᠦᠨᠡᠳᠡᠢ ᠲᠡᠮᠦᠷᠯᠢᠭ ᠢ ᠶᠡᠷᠦᠩᠬᠡᠶᠢᠯᠡᠨ ᠠᠰᠢᠭᠯᠠᠬᠤ ᠪᠠᠷ ᠭᠤᠤᠯ ᠪᠤᠯᠭᠠᠭᠰᠠᠨ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠳᠠᠢ ᠬᠦᠭᠵᠢᠬᠦᠯᠵᠤ᠂ ᠠᠵᠤ ᠦᠢᠯᠡᠳᠪᠤᠷᠢ ᠶᠢᠨ ᠠᠵᠤ ᠠᠬᠤᠢ ᠶᠢᠨ ᠰᠢᠨ᠎ᠡ ᠤᠷᠤᠨ ᠢ ᠴᠤᠭᠴᠠᠯᠠᠨ ᠪᠠᠶᠢᠭᠤᠯᠤᠨ᠎ᠠ᠃ ᠲᠡᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠳᠤᠴᠡ ᠶᠢᠨ ᠲᠤᠬᠢᠷᠠᠭᠤᠯᠤᠯᠳᠠ ᠶᠢᠨ ᠰᠢᠯᠢᠳᠡᠭᠵᠢᠯ ᠢ ᠠᠬᠢᠭᠤᠯᠵᠤ᠂ ᠰᠢᠬᠢᠷ ᠯᠤᠤᠪᠠᠩ᠂ ᠡᠯᠳᠡᠪ ᠠᠮᠤ ᠪᠤᠷᠴᠠᠭ᠂ ᠡᠪᠡᠰᠤ ᠪᠤᠷᠳᠤᠭ᠎ᠠ ᠵᠡᠷᠬᠡ ᠠᠵᠤ ᠦᠢᠯᠡᠰ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠬᠡᠨ᠂ ᠦᠪᠤᠷ ᠮᠤᠩᠭᠤᠯ ᠤᠨ ᠵᠢᠯᠢᠭ ᠵᠢᠮᠢᠰ᠂ ᠬᠡᠬᠡᠷ᠎ᠡ ᠶᠢᠨ ᠲᠠᠤᠯᠠᠢ ᠶᠢᠨ ᠪᠦᠬᠡᠷ᠎ᠡ᠂ ᠬᠠᠪᠳᠠᠭᠠᠢ ᠬᠦᠢᠯᠡᠰᠤ ᠪᠠ ᠴᠢᠴᠠᠷᠭᠠᠨ᠎ᠠ ᠵᠡᠷᠬᠡ ᠤᠯᠠᠨ ᠲᠦᠷᠦᠯᠳᠤ ᠬᠡᠯᠪᠡᠷᠢ  ᠶᠢᠨ ᠠᠵᠤ ᠠᠬᠤᠢ ᠶᠢᠨ ᠤᠢ ᠶᠢᠨ ᠬᠦᠭᠵᠢᠯᠳᠡ ᠶᠢᠨ ᠬᠡᠪ ᠵᠠᠭᠪᠤᠷ ᠢ ᠲᠡᠯᠬᠡᠷᠡᠬᠦᠯᠦᠨ᠎ᠡ᠃ ᠠᠯᠠᠰᠢᠨ ᠦᠬᠡᠷ᠂ ᠠᠯᠠᠰᠢᠨ ᠬᠤᠨᠢ ᠶᠢᠨ ᠰᠠᠶᠢᠨ ᠡᠬᠦᠯᠳᠡᠷ ᠢ ᠤᠷᠤᠭᠤᠯᠤᠨ ᠠᠪᠴᠢᠷᠠᠬᠤ ᠪᠠ ᠦᠷᠡᠵᠢᠬᠦᠯᠦᠨ ᠦᠰᠬᠡᠬᠦ ᠬᠦᠴᠦᠯᠡᠴᠡ  ᠪᠠᠨ ᠨᠡᠮᠡᠭᠳᠡᠬᠦᠯᠵᠤ᠂ ᠲᠦᠬᠦᠬᠡᠷᠦᠮᠵᠢ ᠶᠢᠨ ᠮᠠᠯ ᠠᠵᠤ ᠠᠬᠤᠢ ᠶᠢ ᠬᠦᠴᠤᠳᠠᠢ ᠬᠦᠭᠵᠢᠬᠦᠯᠦᠨ᠎ᠡ᠃ ᠤᠳᠤ ᠦᠶ᠎ᠡ  ᠶᠢᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠵᠤ᠂ ᠢᠨ᠋ᠲ᠋ᠧᠷ ᠰᠦᠯᠵᠢᠶ᠎ᠡ ᠬᠢᠬᠡᠳ ᠲᠤᠭ᠎ᠠ ᠪᠠᠷᠢᠮᠳᠠ  ᠶᠢᠨ ᠲᠠᠶᠢᠵᠠ ᠶᠢ ᠠᠰᠢᠭᠯᠠᠵᠤ᠂ ᠡᠯᠧᠺᠲᠷᠦᠨ ᠬᠤᠳᠠᠯᠳᠤᠭᠠᠨ ᠤ ᠶᠠᠪᠤᠳᠠᠯ ᠪᠤᠯᠤᠨ ᠦᠩᠬᠡᠳᠤ ᠲᠡᠮᠦᠷᠯᠢᠭ᠂ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ᠂ ᠤᠯᠠᠮᠵᠢᠯᠠᠯᠳᠤ ᠠᠷᠡᠯᠵᠢᠶ᠎ᠠ ᠬᠤᠳᠠᠯᠳᠤᠭ᠎ᠠ ᠵᠡᠷᠬᠡ ᠪᠤᠳᠠᠳᠤ ᠴᠤᠭᠴᠠ ᠶᠢᠨ ᠠᠵᠤ ᠠᠬᠤᠢ ᠶᠢ ᠨᠡᠶᠢᠳᠭᠡᠨ ᠬᠦᠭᠵᠢᠬᠦᠯᠬᠦ ᠶᠢ ᠲᠦᠷᠭᠡᠳᠭᠡᠨ᠎ᠡ᠃ ᠵᠠᠮ ᠬᠠᠷᠢᠯᠴᠠᠭᠠᠨ ᠤ ᠪᠠᠶᠢᠷᠢᠯᠠᠯ ᠤᠨ ᠲᠠᠪᠠᠭᠤᠯᠢᠭ ᠪᠤᠯᠤᠨ ᠤᠨᠴᠠᠯᠢᠭᠳᠤ ᠠᠵᠤ ᠦᠢᠯᠡᠰ ᠤᠨ ᠰᠢᠰᠲ᠋ᠧᠮᠵᠢ ᠪᠠᠷ ᠲᠦᠰᠢᠭ ᠪᠤᠯᠭᠠᠵᠤ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡᠨ ᠤ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ ᠲᠡᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠢ ᠲᠤᠰᠬᠤᠨ ᠠᠴᠠ ᠭᠠᠷᠭᠠᠬᠤ᠂ ᠠᠵᠤ ᠦᠢᠯᠡᠳᠪᠤᠷᠢ ᠶᠢᠨ ᠦᠢᠯᠡᠳᠬᠦᠨ ᠢ ᠲᠤᠰᠬᠤᠨ ᠳᠤ ᠤᠷᠤᠭᠤᠯᠬᠤ ᠬᠤᠤᠰ ᠴᠢᠭᠯᠡᠯᠳᠤ ᠬᠦᠢᠯᠬᠡᠬᠡᠨ  ᠤ ᠪᠠᠶᠢᠷᠢᠰᠢᠯ ᠢ ᠪᠡᠶᠡᠯᠡᠬᠦᠯᠦᠨ᠎ᠡ᠃     ᠭᠤᠷᠪᠠ ᠳᠤ ᠭᠤᠤᠯᠳᠠᠯᠭᠠᠳᠤ ᠬᠦᠷᠢᠶ᠎ᠡ ᠬᠡᠪᠴᠢᠶ᠎ᠡ ᠪᠤᠯᠤᠨ ᠭᠤᠤᠯ ᠵᠠᠩᠬᠢᠯᠠᠭ᠎ᠠ ᠶᠢ ᠲᠤᠪᠤᠶᠢᠯᠠᠭᠠᠵᠤ᠂ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠨᠡᠬᠡᠬᠡᠯᠳᠡ ᠶᠢ ᠦᠷᠭᠡᠳᠭᠡᠨ᠎ᠡ᠃ ᠪᠦᠳᠤᠴᠡ ᠶᠢᠨ ᠴᠢᠨᠡᠷᠳᠡᠢ ᠦᠬᠡᠷᠡᠴᠢᠯᠡᠯᠳᠡ ᠶᠢᠨ ᠬᠦᠴᠦᠯᠡᠴᠡ ᠪᠠᠨ ᠨᠡᠮᠡᠭᠳᠡᠬᠦᠯᠵᠤ᠂ ᠦᠷᠳᠡᠭ ᠢ ᠪᠠᠭᠤᠷᠠᠭᠤᠯᠬᠤ᠂ ᠭᠠᠶᠢᠯᠢ ᠶᠢᠨ ᠵᠠᠷᠤᠯᠭ᠎ᠠ ᠶᠢ ᠪᠠᠭᠤᠷᠠᠭᠤᠯᠬᠤ ᠪᠠ ᠬᠦᠮᠦᠷᠬᠡ ᠳᠤ ᠬᠠᠳᠠᠭᠠᠯᠠᠬᠤ ᠵᠡᠷᠬᠡ ᠬᠠᠩᠭᠠᠯᠭ᠎ᠠ ᠶᠢᠨ ᠲᠠᠯ᠎ᠠ ᠶᠢᠨ ᠦᠬᠡᠷᠡᠴᠢᠯᠡᠯᠳᠡ ᠶᠢᠨ ᠡᠬᠦᠷᠬᠡ  ᠶᠢ ᠭᠤᠤᠯᠳᠠᠯᠭ᠎ᠠ ᠲᠠᠢ ᠨᠠᠶᠢᠳᠠᠪᠤᠷᠢᠵᠢᠭᠤᠯᠤᠨ᠎ᠠ᠃ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠬᠦᠷᠢᠶᠡᠨ ᠤ ᠦᠬᠡᠷᠡᠴᠢᠯᠡᠯᠳᠡ ᠶᠢ ᠵᠤᠬᠢᠴᠠᠩᠭᠤᠢ ᠪᠠᠷ ᠠᠬᠢᠭᠤᠯᠵᠤ᠂ ᠰᠢᠨᠡᠴᠢᠯᠡᠯᠳᠡ ᠬᠦᠭᠵᠢᠯᠳᠡ ᠳᠤ ᠠᠰᠢᠭᠳᠠᠢ ᠵᠠᠬ᠎ᠠ ᠲᠡᠯᠬᠡᠬᠦᠷ  ᠤᠨ ᠤᠷᠴᠢᠨ ᠲᠤᠭᠤᠷᠢᠨ᠂ ᠦᠮᠴᠢᠯᠠᠯ ᠤᠨ ᠡᠷᠬᠡ ᠶᠢᠨ ᠲᠦᠷᠢᠮ᠂ ᠪᠡᠯᠡ ᠤᠷᠤᠭᠤᠯᠵᠤ ᠪᠡᠯᠡ ᠴᠤᠭᠯᠠᠭᠤᠯᠬᠤ ᠪᠠᠶᠢᠭᠤᠯᠤᠮᠵᠢ᠂ ᠬᠤᠪᠢᠶᠠᠷᠢᠯᠠᠯᠳᠠ ᠶᠢᠨ ᠲᠦᠷᠢᠮ ᠵᠡᠷᠬᠡ ᠲᠤᠭᠳᠠᠯᠴᠠᠭ᠎ᠠ ᠶᠢ ᠪᠤᠢ ᠪᠤᠯᠭᠠᠨ᠂ ᠰᠢᠨᠡᠴᠢᠯᠡᠯᠳᠡ ᠬᠦᠭᠵᠢᠯᠳᠡ ᠶᠢᠨ ᠬᠦᠳᠡᠯᠬᠡᠭᠴᠢ ᠬᠦᠴᠤᠨ ᠢ ᠴᠢᠩᠭᠠᠳᠬᠠᠵᠤ᠂ ᠨᠡᠩ ᠤᠯᠠᠨ ᠬᠦᠭᠵᠢᠯᠳᠡ ᠶᠢᠨ ᠬᠦᠴᠦᠨ ᠵᠦᠢᠯ ᠢ ᠲᠠᠳᠠᠨ ᠠᠪᠴᠢᠷᠠᠨ᠎ᠠ᠃ ᠠᠷᠭ᠎ᠠ ᠪᠦᠬᠦᠨ ᠢ ᠰᠦᠪᠡᠭᠴᠢᠯᠡᠨ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠡᠵᠤ᠂ ᠤᠳᠤ ᠪᠠᠶᠢᠭ᠎ᠠ ᠠᠵᠤ ᠦᠢᠯᠡᠰ᠂ ᠡᠬᠢ ᠪᠠᠶᠠᠯᠢᠭ ᠪᠤᠯᠤᠨ ᠠᠵᠤ ᠠᠬᠤᠶᠢᠯᠠᠯ ᠢᠶᠠᠷ ᠢᠶᠠᠨ ᠵᠤᠭᠰᠤᠴᠠ ᠪᠤᠯᠭᠠᠵᠤ᠂ ᠪᠦᠸᠧᠬᠠᠢ ᠲᠠᠩᠬᠢᠰ ᠢ ᠲᠤᠭᠤᠷᠢᠭᠰᠠᠨ ᠠᠵᠤ ᠠᠬᠤᠢ ᠶᠢᠨ ᠤᠷᠤᠨ ᠪᠤᠯᠤᠨ ᠵᠡᠬᠦᠨ ᠬᠤᠶᠢᠳᠤ ᠶᠢᠨ ᠠᠵᠤ ᠦᠢᠯᠡᠳᠪᠤᠷᠢ ᠶᠢᠨ ᠤᠷᠤᠨ ᠲᠠᠢ ᠢᠳᠡᠪᠬᠢᠳᠠᠢ ᠨᠡᠶᠢᠯᠡᠯᠴᠡᠵᠤ᠂ ᠬᠦᠭᠵᠢᠭᠰᠡᠨ ᠭᠠᠵᠡᠷ ᠤᠷᠤᠨ ᠤ ᠬᠦᠷᠦᠩᠬᠡ ᠶᠢᠨ ᠮᠡᠷᠬᠡᠵᠢᠯ᠂ ᠤᠶᠤᠨ ᠴᠢᠳᠠᠪᠤᠷᠢ ᠶᠢᠨ ᠲᠡᠯᠡᠯᠳᠡ ᠪᠠ ᠠᠵᠤ ᠦᠢᠯᠡᠰ ᠤᠨ ᠰᠢᠯᠵᠢᠯᠳᠡ ᠶᠢ ᠵᠠᠯᠭᠠᠨ ᠠᠪᠴᠦ᠂ ᠨᠢᠬᠡ ᠪᠦᠯᠦᠭ ᠬᠤᠯᠪᠤᠯᠳᠤᠨ ᠲᠦᠬᠦᠷᠵᠢᠭᠰᠡᠨ ᠬᠤᠷᠰᠢᠯ ᠤᠨ ᠲᠦᠷᠦᠯ ᠵᠦᠢᠯ ᠢ ᠤᠷᠤᠭᠤᠯᠤᠨ ᠠᠪᠴᠢᠷᠡᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ ᠶᠢ ᠲᠠᠶᠢᠴᠢᠯᠠᠨ ᠲᠠᠭᠠᠭᠤᠯᠤᠨ᠎ᠠ᠃     ᠲᠦᠷᠪᠡ ᠳᠤ ᠬᠤᠳᠠ ᠬᠦᠳᠡᠭᠡ ᠶᠢᠨ ᠨᠢᠬᠡ ᠴᠤᠭᠴᠠᠵᠢᠭᠤᠯᠤᠯᠳᠠ ᠶᠢ ᠲᠦᠯᠬᠢᠨ ᠠᠬᠢᠭᠤᠯᠵᠤ᠂ ᠲᠡᠩᠴᠡᠬᠦᠷᠢᠳᠤ ᠬᠦᠭᠵᠢᠯᠳᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠲᠦᠪ ᠬᠤᠷᠢᠶᠠᠨ ᠤ ᠬᠤᠳᠠ ᠶᠢᠨ ᠠᠵᠢᠯ ᠤᠨ ᠬᠤᠷᠡᠯᠳᠤᠭᠠᠨ ᠤ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠮᠤᠨ ᠢᠶᠠᠷ ᠦᠨᠳᠤᠰᠤ ᠪᠤᠯᠭᠠᠬᠤ  ᠶᠢ ᠪᠠᠷᠢᠮᠳᠠᠯᠠᠨ᠂ ᠬᠤᠳᠠ ᠶᠢᠨ ᠬᠦᠭᠵᠢᠯᠳᠡ ᠶᠢᠨ ᠵᠢᠮ᠎ᠡ ᠶᠤᠰᠤ ᠶᠢ ᠲᠠᠭᠠᠵᠤ᠂ ᠬᠤᠳᠠ ᠬᠦᠳᠡᠭᠡ ᠶᠢᠨ ᠬᠦᠭᠵᠢᠯᠳᠡ  ᠶᠢᠨ ᠲᠦᠯᠦᠪᠵᠢᠬᠦᠯᠬᠡ ᠪᠤᠯᠤᠨ ᠬᠤᠳᠠ ᠶᠢᠨ ᠬᠦᠭᠵᠢᠯᠳᠡ ᠶᠢᠨ ᠤᠷᠤᠨ ᠵᠠᠢ ᠶᠢᠨ ᠲᠦᠯᠦᠪᠵᠢᠬᠦᠯᠬᠡ ᠶᠢ ᠬᠡᠷᠡᠭᠵᠢᠬᠦᠯᠦᠨ᠂ ᠲᠦᠯᠦᠪᠵᠢᠬᠦᠯᠬᠡ ᠶᠢᠨ ᠢᠯᠡ ᠴᠢᠨᠡᠷ ᠪᠤᠯᠤᠨ ᠠᠯᠪᠠᠳᠠᠯᠭ᠎ᠠ ᠶᠢᠨ ᠴᠢᠨᠡᠷ ᠢ ᠴᠢᠩᠭᠠᠳᠬᠠᠨ᠎ᠠ᠃ ᠬᠤᠳᠠ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠵᠤ᠂ ᠤᠶᠤᠨᠴᠢ ᠬᠤᠳᠠ᠂ ᠪᠤᠬᠢᠷᠳᠤᠯ ᠦᠭᠡᠢ ᠬᠤᠳᠠ ᠪᠠ ᠬᠠᠶᠢᠮᠢᠶᠡᠨ ᠬᠤᠳᠠ ᠶᠢ ᠴᠤᠭᠴᠠᠯᠠᠨ ᠪᠠᠶᠢᠭᠤᠯᠵᠤ᠂ ᠬᠤᠳᠠ ᠶᠢᠨ ᠦᠷᠬᠦᠯᠵᠢᠯᠡᠨ ᠬᠦᠭᠵᠢᠬᠦ ᠴᠢᠨᠡᠷ ᠪᠠ ᠰᠠᠭᠤᠷᠢᠰᠢᠨ ᠰᠠᠭᠤᠬᠤ ᠳᠤ ᠲᠤᠬᠢᠷᠠᠬᠤᠶᠢᠴᠠ ᠴᠢᠨᠡᠷ ᠢ ᠲᠡᠭᠡᠭᠰᠢᠯᠡᠬᠦᠯᠦᠨ᠂ ᠬᠤᠳᠠ ᠲᠤᠭᠤᠷᠢᠭ ᠤᠨ ᠲᠠᠯᠠᠪᠠᠢ ᠶᠢ 17 ᠲᠡᠭᠰᠢ ᠲᠦᠷᠪᠡᠯᠵᠢᠨ ᠺᠢᠯᠤᠮᠧᠲᠷ ᠪᠤᠯᠭᠠᠨ ᠶᠡᠬᠡᠰᠬᠡᠵᠤ᠂ ᠬᠤᠳᠠ ᠪᠠᠯᠭᠠᠰᠤᠵᠢᠯᠳᠠ ᠶᠢᠨ ᠨᠤᠷᠮ᠎ᠠ ᠶᠢ 52%᠂ ᠨᠤᠭᠤᠭᠠᠷᠠᠭᠤᠯᠤᠯᠳᠠ ᠶᠢᠨ ᠨᠤᠷᠮ᠎ᠠ ᠶᠢ 39.3% ᠳᠤ ᠬᠦᠷᠬᠡᠨ᠎ᠡ᠃ ᠵᠢᠲ᠋ᠦ᠋ᠩ ᠲᠡᠮᠦᠷ ᠵᠠᠮ ᠤᠨ ᠴᠢᠳᠠᠪᠬᠢ ᠶᠢ ᠨᠡᠮᠡᠭᠳᠡᠬᠦᠯᠬᠦ ᠦᠬᠡᠷᠡᠴᠢᠯᠡᠯᠳᠡ ᠬᠢᠬᠡᠳ ᠭᠠᠯᠳᠤ ᠲᠡᠷᠬᠡᠨ ᠦᠷᠳᠡᠭᠡ ᠶᠢ ᠡᠮᠤᠨᠡᠰᠢ ᠨᠡᠬᠦᠯᠬᠡᠬᠦ ᠠᠵᠢᠯ ᠢ ᠲᠤᠬᠢᠶᠠᠯᠳᠤᠭᠤᠯᠤᠨ᠂ ᠬᠤᠳᠠ ᠶᠢᠨ ᠡᠮᠤᠨ᠎ᠡ ᠪᠡᠶ᠎ᠡ ᠶᠢᠨ ᠰᠢᠨ᠎ᠡ ᠬᠤᠳᠠ ᠲᠤᠭᠤᠷᠢᠭ ᠤᠨ ᠪᠦᠳᠤᠭᠡᠨ ᠪᠠᠶᠢᠭᠤᠯᠤᠯᠳᠠ  ᠶᠢ ᠯᠠᠪᠳᠠᠭᠤᠨ ᠪᠠᠳᠤᠳᠠᠢ ᠠᠬᠢᠭᠤᠯᠵᠤ᠂ ᠰᠤᠷᠭᠠᠭᠤᠯᠢ᠂ ᠡᠮᠨᠡᠯᠬᠡ ᠶᠢᠨ ᠬᠤᠷᠢᠶ᠎ᠠ᠂ ᠮᠠᠰᠢᠨ ᠲᠡᠷᠬᠡᠨ ᠦᠷᠳᠡᠭᠡ ᠵᠡᠷᠬᠡ ᠲᠦᠷᠦᠯ ᠵᠦᠢᠯ ᠢ ᠬᠡᠷᠡᠭᠵᠢᠬᠦᠯᠦᠨ᠂ ᠵᠠᠮ᠂ ᠤᠰᠤ ᠬᠠᠩᠭᠠᠵᠤ ᠤᠰᠤ ᠭᠠᠳᠠᠭᠰᠢᠯᠠᠭᠤᠯᠬᠤ᠂ ᠲᠤᠯᠠᠭᠠᠴᠠᠯ ᠬᠠᠩᠭᠠᠬᠤ ᠵᠡᠷᠬᠡ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠵᠤ᠂ ᠬᠤᠳᠠ ᠶᠢᠨ ᠡᠮᠤᠨ᠎ᠡ ᠪᠡᠶ᠎ᠡ ᠶᠢᠨ ᠰᠢᠨ᠎ᠡ ᠬᠤᠳᠠ ᠲᠤᠭᠤᠷᠢᠭ ᠤᠨ ᠭᠤᠤᠯ ᠴᠤᠭᠴᠠ ᠶᠢᠨ ᠲᠦᠯᠦᠪᠰᠢᠯ ᠢ ᠭᠠᠷᠭᠠᠨ᠎ᠠ᠃ ᠬᠤᠳᠠ ᠶᠢᠨ ᠬᠠᠮᠢᠶᠠᠷᠤᠯᠳᠠ ᠶᠢᠨ ᠲᠤᠭᠠᠴᠠᠯᠠᠭᠰᠠᠨ ᠲᠠᠶᠢᠵᠠ ᠶᠢ ᠪᠠᠶᠢᠭᠤᠯᠬᠤ ᠪᠠ ᠴᠢᠳᠠᠪᠬᠢ ᠶᠢᠨ ᠨᠡᠶᠢᠳᠭᠡᠯᠳᠡ ᠶᠢ ᠴᠢᠩᠭᠠᠳᠬᠠᠵᠤ᠂ ᠰᠠᠭᠤᠭᠠᠯᠢᠴᠢᠳ  ᠤᠨ ᠬᠤᠳᠠ ᠶᠢᠨ ᠪᠦᠳᠤᠭᠡᠨ ᠪᠠᠶᠢᠭᠤᠯᠤᠯᠳᠠ ᠪᠤᠯᠤᠨ ᠬᠠᠮᠢᠶᠠᠷᠤᠯᠳᠠ ᠳᠤ ᠤᠷᠤᠯᠴᠠᠬᠤ ᠶᠢ ᠵᠤᠷᠢᠭᠵᠢᠭᠤᠯᠤᠨ᠂ ᠬᠤᠳᠠ ᠪᠠᠨ ᠬᠠᠮᠳᠤᠪᠠᠷ ᠵᠠᠰᠠᠵᠤ ᠬᠠᠮᠳᠤᠪᠠᠷ ᠬᠠᠮᠢᠶᠠᠷᠬᠤ᠂ ᠬᠠᠮᠳᠤᠪᠡᠷ ᠪᠠᠶᠢᠭᠤᠯᠵᠤ ᠬᠠᠮᠳᠤᠪᠠᠷ ᠡᠳ᠋ᠯᠡᠬᠦ ᠶᠢ ᠪᠡᠶᠡᠯᠡᠬᠦᠯᠦᠨ᠎ᠡ᠃ ᠬᠤᠳᠠ ᠬᠦᠳᠡᠭᠡ ᠶᠢ ᠨᠢᠬᠡᠳᠤᠯᠵᠢᠬᠦᠯᠵᠤ᠂ ᠬᠤᠳᠠ ᠪᠠᠷ ᠬᠦᠳᠡᠭᠡ ᠶᠢ ᠲᠠᠭᠠᠭᠠᠤᠯᠤᠨ᠂ ᠤᠷᠤᠨ ᠭᠠᠵᠡᠷ ᠲᠠᠭᠠᠨ ᠲᠤᠬᠢᠷᠠᠭᠤᠯᠵᠤ ᠭᠤᠤᠯᠳᠠᠯᠭ᠎ᠠ ᠲᠠᠢ ᠵᠢᠵᠢᠭ ᠬᠤᠳᠠ ᠪᠠᠯᠭᠠᠰᠤ ᠶᠢ ᠪᠠᠶᠢᠭᠤᠯᠤᠨ᠂ ᠦᠵᠡᠰᠬᠦᠯᠡᠩᠳᠤ ᠰᠠᠶᠢᠬᠠᠨ ᠬᠦᠳᠡᠭᠡ ᠨᠤᠳᠤᠭ ᠤᠨ ᠪᠦᠳᠤᠭᠡᠨ ᠪᠠᠶᠢᠭᠤᠯᠤᠯᠳᠠ ᠶᠢ ᠡᠮᠬᠢ ᠲᠠᠷᠠᠭ᠎ᠠ ᠲᠠᠢ ᠲᠦᠯᠬᠢᠨ ᠠᠬᠢᠭᠤᠯᠵᠤ᠂ ᠬᠤᠳᠠ ᠬᠦᠳᠡᠭᠡ ᠶᠢᠨ ᠤᠯᠠᠨ ᠨᠡᠶᠢᠳᠡ ᠶᠢᠨ ᠡᠬᠢ ᠪᠠᠶᠠᠯᠢᠭ ᠢ ᠲᠡᠩᠴᠡᠬᠦᠷᠢᠳᠡᠢ ᠲᠤᠬᠢᠷᠠᠭᠤᠯᠬᠤ ᠶᠢ ᠠᠬᠢᠭᠤᠯᠤᠨ᠎ᠠ᠃ ᠬᠦᠳᠡᠭᠡ ᠲᠤᠰᠬᠤᠨ ᠤ ︽ ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ ︽ ᠬᠦᠳᠡᠭᠡ ᠲᠤᠰᠬᠤᠨ ᠤ ᠪᠤᠯᠪᠠᠰᠤᠨ ᠰᠤᠷᠳᠠᠯ ᠤᠨ ᠠᠵᠢᠯᠯᠠᠭ᠎ᠠ︾ ᠶᠢ ᠢᠳᠡᠪᠬᠢᠳᠠᠢ ᠦᠷᠨᠢᠬᠦᠯᠦᠨ᠂ ᠬᠦᠳᠡᠭᠡ ᠲᠤᠰᠬᠤᠨ ᠤ ᠰᠠᠭᠤᠷᠢ ᠲᠦᠬᠦᠬᠡᠷᠦᠮᠵᠢ ᠪᠤᠯᠤᠨ ᠤᠯᠠᠨ ᠨᠡᠶᠢᠳᠡ ᠶᠢᠨ ᠦᠢᠯᠡᠴᠢᠯᠡᠬᠡᠨ ᠤ ᠤᠷᠤᠭᠤᠯᠤᠯᠳᠠ ᠶᠢᠨ ᠤᠷᠳᠤ ᠬᠤᠭᠤᠴᠠᠭᠠᠨ ᠤ ᠪᠦᠳᠤᠮᠵᠢᠳᠤ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠡᠷᠡᠬᠦᠯ ᠴᠢᠬᠢᠷᠠᠭ ᠪᠤᠯᠪᠠᠰᠤᠨ ᠡᠶ᠎ᠡ ᠵᠤᠬᠢᠴᠠᠯᠳᠤ ᠠᠮᠢᠳᠤᠷᠡᠯ ᠤᠨ ᠤᠷᠴᠢᠨ ᠲᠤᠭᠤᠷᠢᠨ ᠢ ᠡᠬᠦᠳᠤᠨ᠎ᠠ᠃     ᠲᠠᠪᠤ ᠳᠤ ᠪᠤᠬᠢᠷᠳᠤᠯ ᠦᠭᠡᠢ ᠬᠦᠭᠵᠢᠯᠳᠡ ᠶᠢᠨ ᠤᠨᠤᠯᠵᠢᠬᠤᠨ ᠢ ᠪᠤᠢ ᠪᠤᠯᠭᠠᠵᠤ᠂ ᠤᠷᠴᠢᠯ ᠤᠨ ᠲᠤᠤᠷ᠎ᠡ ᠨᠡᠬᠦᠷᠡᠰᠤᠳᠦ᠋ᠷᠦᠭᠴᠢᠳᠤ ᠬᠦᠭᠵᠢᠯᠳᠡ ᠶᠢ ᠠᠬᠢᠭᠤᠯᠤᠨ᠎ᠠ᠃ ᠤᠷᠴᠢᠨ ᠲᠤᠭᠤᠷᠢᠨ ᠢ ᠨᠤᠭᠤᠭᠠᠷᠠᠭᠤᠯᠬᠤ᠂ ᠤᠰᠤ ᠬᠦᠷᠤᠰᠤᠨ ᠤ ᠡᠯᠡᠭᠳᠡᠯ ᠢ ᠵᠠᠰᠠᠬᠤ᠂ ᠤᠰᠤᠨ ᠰᠤᠷᠪᠤᠯᠵᠢ ᠶᠢ ᠬᠠᠳᠠᠭᠠᠯᠠᠬᠤ ᠪᠠ ᠪᠤᠬᠢᠷᠳᠤᠯ ᠪᠤᠳᠠᠰ ᠢ ᠰᠢᠢᠳᠪᠤᠷᠢᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠠᠶᠠᠨᠳᠠᠭᠠᠨ ᠰᠡᠷᠬᠦᠬᠦ ᠪᠠ ᠴᠢᠩᠭ᠎ᠠ ᠬᠠᠮᠠᠭᠠᠯᠠᠯᠳᠠ ᠬᠠᠮᠢᠶᠠᠷᠤᠯᠳᠠ ᠶᠢ ᠲᠦᠷᠬᠡᠳᠬᠡᠨ᠎ᠡ᠃ ᠡᠨᠧᠷᠬᠢ᠂ ᠤᠰᠤ ᠪᠤᠯᠤᠨ ᠬᠦᠷᠦᠰᠤ ᠰᠢᠷᠦᠢ ᠶᠢᠨ ᠡᠬᠢ ᠪᠠᠶᠠᠯᠢᠭ ᠤᠨ ᠪᠦᠬᠦᠶᠢᠯᠡ ᠶᠠᠪᠤᠴᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠡᠬᠢ ᠪᠠᠶᠠᠯᠢᠭ ᠤᠨ ᠲᠠᠭᠠᠭᠠᠴᠠ  ᠶᠢᠨ ᠴᠢᠳᠠᠯ ᠪᠤᠯᠤᠨ ᠤᠷᠴᠢᠨ ᠲᠤᠭᠤᠷᠢᠨ ᠤ ᠪᠠᠭᠳᠠᠭᠠᠮᠵᠢ ᠶᠢ ᠡᠮᠬᠢ ᠲᠠᠷᠠᠭ᠎ᠠ ᠲᠠᠢ ᠬᠡᠮᠵᠢᠶ᠎ᠡ ᠬᠢᠵᠠᠭᠠᠷ ᠲᠠᠢ ᠨᠡᠬᠡᠬᠡᠨ ᠠᠰᠢᠭᠯᠠᠨ᠎ᠠ᠃ ᠤᠷᠴᠢᠯ ᠤᠨ ᠠᠵᠤ ᠦᠢᠯᠡᠳᠪᠤᠷᠢ᠂ ᠲᠡᠷᠢᠶᠡᠯᠡᠩ ᠮᠠᠯ ᠠᠵᠤ ᠠᠬᠤᠢ ᠪᠤᠯᠤᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠬᠡᠳᠬᠡᠵᠤ᠂ ᠳ᠋ᠦᠩ ᠲᠠᠢ ᠽᠢ ᠶᠢᠨ ᠤᠷᠴᠢᠯ ᠤᠨ ᠠᠵᠤ ᠠᠬᠤᠢ ᠶᠢᠨ ᠬᠦᠷᠢᠶᠡᠯᠡᠩ ᠲᠤᠭᠤᠷᠢᠭ ᠢ ᠭᠤᠤᠯᠳᠠᠯᠭ᠎ᠠ ᠲᠠᠢ ᠡᠬᠦᠳᠤᠨ ᠪᠠᠶᠢᠭᠤᠯᠵᠤ᠂ ᠦᠢᠯᠡᠳᠪᠤᠷᠢᠯᠠᠯ᠂ ᠬᠦᠢᠯᠬᠡᠬᠡᠨ᠂ ᠪᠤᠷᠤᠯᠠᠭᠤᠯᠭ᠎ᠠ ᠶᠢᠨ ᠡᠯ᠎ᠡ ᠵᠠᠩᠬᠢᠯᠠᠭ᠎ᠠ ᠶᠢᠨ ᠤᠷᠴᠢᠯ ᠤᠨ ᠬᠦᠭᠵᠢᠯᠳᠡ ᠶᠢ ᠠᠬᠢᠭᠤᠯᠤᠨ᠎ᠠ᠃ ᠡᠨᠧᠷᠬᠢ ᠶᠢ ᠠᠷᠪᠢᠯᠠᠨ ᠬᠤᠷᠤᠭᠳᠠᠯ ᠢ ᠪᠠᠭᠠᠰᠬᠠᠬᠤ ᠶᠢ ᠬᠦᠴᠤᠳᠠᠢ ᠠᠬᠢᠭᠤᠯᠵᠤ᠂ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠦᠯᠡᠴᠡ ᠪᠠᠨ ᠨᠡᠮᠡᠭᠳᠡᠬᠦᠯᠦᠨ᠂ ᠬᠤᠴᠤᠷᠤᠭᠳᠠᠩᠭᠤᠢ ᠦᠢᠡᠯᠳᠪᠤᠷᠢᠯᠠᠯ ᠤᠨ ᠴᠢᠳᠠᠪᠤᠷᠢ ᠶᠢ ᠬᠦᠴᠦᠨ ᠦᠭᠡᠢ ᠪᠤᠯᠭᠠᠨ᠎ᠠ᠃ ᠪᠦᠬᠦ ᠨᠡᠶᠢᠬᠡᠮ ᠤᠨ ᠬᠡᠷᠡᠭᠯᠡᠬᠡᠨ ᠤ ᠦᠵᠡᠯᠳᠡ ᠪᠠᠨ ᠬᠤᠪᠢᠷᠠᠭᠤᠯᠬᠤ ᠶᠢ ᠤᠳᠤᠷᠢᠳᠤᠨ ᠲᠠᠭᠠᠭᠤᠯᠵᠤ᠂ ᠪᠤᠬᠢᠷᠳᠤᠯ ᠦᠭᠡᠢ᠂ ᠲᠤᠤᠷ᠎ᠡ ᠨᠡᠬᠦᠷᠡᠰᠦᠳᠦ᠋ᠷᠦᠭᠴᠢᠳᠤ᠂ ᠤᠷᠴᠢᠨ ᠲᠤᠭᠤᠷᠢᠨ ᠢ ᠬᠠᠮᠠᠭᠠᠯᠠᠬᠤ ᠦᠢᠯᠡᠳᠪᠤᠷᠢᠯᠡᠯ ᠠᠮᠢᠳᠤᠷᠡᠯ ᠤᠨ ᠬᠡᠯᠪᠡᠷᠢ  ᠶᠢ ᠪᠤᠢ ᠪᠤᠯᠭᠠᠨ᠎ᠠ᠃     ᠵᠢᠷᠭᠤᠭ᠎ᠠ ᠳᠤ ᠠᠷᠡᠳ ᠤᠨ ᠠᠮᠢᠳᠤᠷᠡᠯ ᠤᠨ ᠬᠦᠷᠢᠶᠡᠨ ᠤ ᠤᠷᠤᠭᠤᠯᠤᠯᠳᠠ ᠶᠢ ᠨᠡᠮᠡᠭᠳᠡᠬᠦᠯᠵᠤ᠂ ᠤᠯᠠᠨ ᠱᠠᠳᠤ ᠲᠠᠪᠬᠤᠷᠭ᠎ᠠ ᠶᠢᠨ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠦᠨ᠎ᠡ᠃  ᠤᠨᠤᠪᠴᠢᠳᠠᠢ ᠪᠠᠷ ᠬᠠᠪᠰᠤᠷᠤᠨ ᠲᠡᠳᠬᠦᠬᠦ ᠪᠠ ᠤᠷᠤᠨ ᠲᠤᠭᠤᠷᠢᠭ ᠤᠨ ᠬᠦᠭᠵᠢᠯᠳᠡ ᠶᠢ ᠨᠢᠬᠡᠳᠤᠯᠳᠠᠢ ᠲᠦᠯᠦᠪᠯᠡᠨ ᠲᠤᠬᠢᠷᠠᠭᠤᠯᠵᠤ᠂ ᠶᠠᠳᠠᠭᠤ ᠬᠦᠴᠢᠷᠳᠡᠢ ᠭᠠᠵᠡᠷ ᠤᠷᠤᠨ ᠤ ᠤᠯᠠᠨ ᠨᠡᠶᠢᠳᠡ ᠶᠢᠨ ᠦᠢᠯᠡᠴᠢᠯᠡᠬᠡᠨ ᠤ ᠬᠢᠷᠢ ᠲᠦᠪᠰᠢᠨ ᠪᠤᠯᠤᠨ ᠦᠪᠡᠷ ᠢ  ᠪᠠᠨ ᠬᠦᠭᠵᠢᠬᠦᠯᠬᠦ ᠴᠢᠳᠠᠪᠤᠷᠢ ᠪᠠᠨ ᠲᠡᠭᠡᠭᠰᠢᠯᠡᠬᠦᠯᠬᠦ ᠶᠢ ᠨᠢᠬᠡᠳᠤᠯᠳᠠᠢ ᠲᠦᠯᠦᠪᠯᠡᠨ ᠠᠬᠢᠭᠤᠯᠵᠤ᠂ ︽ ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠲᠠᠭᠠᠷᠢᠬᠤ ᠠᠵᠢᠯ ᠤᠨ ᠪᠦᠳᠤᠮᠵᠢᠳᠤ ᠠᠴᠢᠶᠠᠯᠠᠪᠤᠷᠢ ᠪᠤᠯᠤᠨ ᠴᠢᠬᠤᠯᠠ ᠠᠭᠤᠯᠭ᠎ᠠ ᠪᠤᠯᠭᠠᠨ᠂ ᠠᠵᠤ ᠦᠢᠯᠡᠰ᠂ ᠠᠷᠡᠳ ᠢ ᠨᠡᠬᠦᠯᠬᠡᠬᠦ᠂ ᠠᠮᠢ ᠠᠬᠤᠢ ᠶᠢᠨ ᠨᠦᠬᠦᠪᠦᠷᠢ᠂ ᠰᠤᠷᠭᠠᠨ ᠬᠦᠮᠦᠵᠢᠯ᠂ ᠡᠮ ᠡᠮᠨᠡᠯᠬᠡ ᠶᠢᠨ ᠠᠪᠤᠷᠠᠨ ᠲᠤᠰᠠᠯᠠᠯᠳᠠ ᠪᠠᠷ ᠶᠠᠳᠠᠭᠤ ᠠᠴᠠ ᠠᠩᠬᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ ᠭᠤᠷᠪᠠ ᠶᠢ ᠲᠤᠰᠬᠤᠨ ᠳᠤ ᠬᠦᠷᠬᠡᠵᠤ ᠭᠤᠷᠪᠠ  ᠶᠢ ᠡᠷᠦᠬᠡ ᠳᠤ ᠤᠷᠤᠭᠤᠯᠬᠤ︾ ᠠᠵᠢᠯ ᠤᠨ ᠲᠤᠭᠳᠠᠯᠴᠠᠭ᠎ᠠ ᠶᠢ ᠲᠡᠬᠦᠯᠳᠡᠷᠵᠢᠬᠦᠯᠤᠨ᠂ ᠶᠠᠳᠠᠭᠤ ᠬᠦᠴᠢᠷᠳᠡᠢ ᠬᠦᠮᠤᠨ ᠠᠮᠠ ᠶᠢᠨ ᠶᠠᠳᠠᠭᠤ ᠠᠴᠠ ᠠᠩᠬᠢᠵᠢᠷᠠᠬᠤ ᠶᠢ ᠪᠠᠳᠤᠯᠠᠵᠤ᠂ ᠤᠯᠤᠰ ᠤᠨ ᠶᠠᠳᠠᠭᠤ ᠬᠦᠴᠢᠷᠳᠡᠢ ᠰᠢᠶᠡᠨ ᠤ ᠨᠡᠷ᠎ᠡ ᠪᠠᠨ ᠲᠠᠶᠠᠭᠳᠠᠨ᠎ᠠ᠃ ᠵᠤᠬᠢᠬᠤ ᠬᠢᠵᠠᠭᠠᠷ ᠢ ᠪᠠᠷᠢᠮᠳᠠᠯᠠᠬᠤ᠂ ᠭᠤᠤᠯᠳᠠᠯᠭ᠎ᠠ ᠶᠢ ᠲᠤᠪᠤᠶᠢᠯᠠᠭᠠᠬᠤ᠂ ᠴᠢᠳᠠᠯ ᠢᠶᠠᠷ ᠢᠶᠠᠨ ᠴᠢᠷᠮᠠᠶᠢᠬᠤ᠂ ᠬᠡᠮᠵᠢᠶᠡᠨ ᠲᠤᠳᠤᠷ᠎ᠡ ᠪᠠᠨ ᠬᠢᠬᠦ ᠶᠢ ᠪᠠᠷᠢᠮᠳᠠᠯᠠᠵᠤ᠂ ᠠᠷᠡᠳ ᠤᠨ ᠠᠮᠢᠳᠤᠷᠡᠯ   ᠢ ᠪᠠᠳᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠠ᠃ ᠠᠵᠢᠯ ᠤᠯᠭᠤᠵᠤ ᠦᠢᠯᠡᠰ ᠪᠤᠰᠬᠠᠬᠤ᠂ ᠬᠦᠴᠢᠷᠳᠡᠯ ᠠᠴᠠ ᠠᠪᠤᠷᠠᠨ ᠲᠤᠰᠠᠯᠠᠨ ᠲᠡᠮᠵᠢᠬᠦ ᠵᠡᠷᠬᠡ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠦᠷᠬᠦᠯᠵᠢᠯᠡᠨ ᠲᠡᠬᠦᠯᠳᠡᠷᠵᠢᠬᠦᠯᠵᠤ᠂ ᠠᠷᠡᠳ ᠤᠨ ᠠᠮᠢᠳᠤᠷᠡᠯ ᠤᠨ ᠪᠠᠳᠤᠯᠠᠭ᠎ᠠ ᠶᠢᠨ ᠲᠦᠷᠦᠯ ᠵᠦᠢᠯ ᠪᠤᠯᠤᠨ ᠪᠡᠯᠡ ᠤᠷᠤᠭᠤᠯᠤᠯᠳᠠ ᠶᠢ ᠤᠯᠬᠤ ᠪᠠᠷ ᠬᠦᠴᠤᠯᠠᠨ ᠴᠢᠷᠮᠠᠶᠢᠨ᠎ᠠ᠃ ᠨᠡᠶᠢᠬᠡᠮ ᠤᠨ ᠬᠦᠷᠦᠩᠬᠡ ᠶᠢᠨ ᠠᠷᠡᠳ ᠤᠨ ᠠᠮᠢᠳᠤᠷᠡᠯ ᠤᠨ ᠬᠦᠷᠢᠶᠡᠨ ᠳᠤ ᠤᠷᠤᠬᠤ ᠶᠢ ᠵᠤᠷᠢᠭᠵᠢᠭᠤᠯᠵᠤ᠂ ᠰᠤᠷᠭᠠᠨ ᠬᠦᠮᠦᠵᠢᠯ᠂ ᠰᠤᠶᠤᠯ᠂ ᠰᠢᠨᠵᠢᠯᠡᠬᠦ ᠮᠡᠷᠬᠡᠵᠢᠯ᠂ ᠡᠷᠡᠬᠦᠯ ᠬᠠᠮᠠᠭᠠᠯᠠᠯ᠂ ᠤᠯᠠᠨ ᠨᠡᠶᠢᠳᠡ  ᠶᠢᠨ ᠵᠠᠮ ᠬᠠᠷᠢᠯᠴᠠᠭ᠎ᠠ ᠵᠡᠷᠬᠡ ᠨᠡᠶᠢᠬᠡᠮ ᠤᠨ ᠦᠢᠯᠡᠰ ᠤᠨ ᠬᠦᠭᠵᠢᠯᠳᠡ ᠶᠢ ᠲᠦᠷᠬᠡᠳᠬᠡᠨ᠂ ᠬᠤᠳᠠ ᠬᠦᠳᠡᠭᠡ ᠶᠢᠨ ᠤᠯᠠᠨ ᠨᠡᠶᠢᠳᠡ ᠶᠢᠨ ᠦᠨᠳᠤᠰᠤᠨ ᠦᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠬᠦᠯᠵᠤ᠂ ᠠᠷᠡᠳ ᠤᠯᠠᠨ ᠳᠤ ᠬᠦᠭᠵᠢᠯᠳᠡ ᠶᠢᠨ ᠦᠷ᠎ᠡ ᠪᠦᠳᠤᠬᠡᠯ ᠢ ᠡᠳ᠋ᠯᠡᠬᠦᠯᠦᠨ᠎ᠡ᠃      ᠭᠤᠷᠪᠠ᠂ 2016 ᠤᠨ ᠤ ᠠᠵᠢᠯ ᠤᠨ ᠲᠤᠬᠢᠷᠠᠭᠤᠯᠤᠯᠳᠠ     ᠡᠨᠡ ᠵᠢᠯ ᠪᠣᠯ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠡᠬᠢᠯᠡᠯᠳᠡ ᠶᠢᠨ ᠵᠢᠯ ᠪᠤᠯᠬᠤᠷ ᠡᠨᠡ ᠵᠢᠯ ᠤᠨ ᠠᠵᠢᠯ ᠢᠶᠠᠨ ᠪᠦᠬᠦ ᠲᠠᠯ᠎ᠠ ᠪᠠᠷ ᠰᠠᠶᠢᠳᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠭᠤᠤᠯ ᠤᠷᠢᠳᠴᠢᠯᠠᠭᠰᠠᠨ ᠬᠠᠷᠠᠯᠳᠠ ᠪᠣᠯ᠄ ᠭᠠᠵᠡᠷ ᠤᠷᠤᠨ ᠤ ᠦᠢᠯᠡᠳᠪᠤᠷᠢᠯᠡᠯ ᠤᠨ ᠶᠡᠷᠦᠩᠬᠡᠢ ᠦᠷᠳᠡᠭ ᠢ 11% ᠠᠴᠠ ᠲᠡᠭᠡᠭᠰᠢ ᠨᠡᠮᠡᠭᠳᠡᠬᠦᠯᠵᠤ᠂ ᠬᠡᠪᠴᠢᠶ᠎ᠡ ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳ᠋ᠨ ᠶᠢᠨ ᠨᠡᠮᠡᠭᠳᠡᠯ ᠢ 17% ᠠᠴᠠ ᠲᠡᠭᠡᠭᠰᠢ ᠳᠤ ᠬᠦᠷᠬᠡᠵᠤ᠂ ᠨᠡᠶᠢᠬᠡᠮ ᠤᠨ ᠬᠡᠷᠡᠭᠯᠡᠬᠡᠨ   ᠤ ᠰᠤᠯᠠ ᠬᠤᠳᠠᠯᠳᠤᠭᠰᠠᠨ ᠨᠤᠷᠮ᠎ᠠ  ᠶᠢ 15% ᠠᠴᠠ ᠲᠡᠭᠡᠭᠰᠢ ᠨᠡᠮᠡᠭᠳᠡᠬᠦᠯᠵᠤ᠂ ᠤᠷᠤᠨ  ᠨᠤᠳᠤᠭ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 6.5% ᠳᠤ ᠬᠦᠷᠬᠡᠨ᠂ ᠬᠤᠳᠠ ᠪᠠᠯᠭᠠᠰᠤ ᠪᠤᠯᠤᠨ ᠬᠦᠳᠡᠭᠡ ᠲᠤᠰᠬᠤᠨ  ᠤ ᠪᠠᠶᠢᠩᠭᠤ ᠰᠠᠭᠤᠷᠢᠰᠢᠭ᠎ᠠ ᠰᠠᠭᠤᠭᠠᠯᠢᠴᠢᠳ ᠤᠨ ᠡᠵᠡᠮᠳᠡᠵᠤ ᠪᠤᠯᠬᠤᠶᠢᠴᠠ ᠤᠷᠤᠯᠭ᠎ᠠ ᠶᠢ ᠲᠤᠰᠪᠤᠷᠢ 11%᠂ 12% ᠶᠢᠨ ᠤᠷᠴᠢᠮ ᠨᠡᠮᠡᠭᠳᠡᠬᠦᠯᠦᠨ᠎ᠡ᠃ ᠡᠬᠦᠨ ᠳᠤ ᠠᠷᠪᠠᠨ ᠲᠦᠷᠦᠯ ᠤᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠎ᠠ᠄     ︵ ᠨᠢᠬᠡ︶ ᠤᠷᠴᠢᠯ ᠤᠨ ᠠᠵᠤ ᠦᠢᠯᠡᠳᠪᠤᠷᠢ ᠶᠢᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠤᠨ᠎ᠠ     ᠠᠵᠤ ᠦᠢᠯᠡᠳᠪᠤᠷᠢ ᠶᠢᠨ ᠠᠵᠤ ᠠᠬᠤᠢ ᠶᠢᠨ ᠯᠠᠪᠳᠠᠭᠤᠨ ᠡᠷᠬᠢᠯᠳᠡ ᠶᠢ ᠪᠠᠳᠤᠯᠠᠨ᠎ᠠ᠃ ᠬᠢᠨᠠᠨ ᠵᠦᠪᠰᠢᠶᠡᠷᠡᠬᠦ ᠵᠠᠩᠬᠢᠯᠠᠭ᠎ᠠ ᠶᠢ ᠪᠠᠭᠠᠰᠬᠠᠵᠤ᠂ ᠦᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠦᠨ᠂ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠤ᠂ ᠠᠵᠤ ᠠᠬᠤᠢ ᠶᠢᠨ ᠢᠳᠡᠬᠡᠯ ᠬᠦᠨᠳᠤ ᠶᠢ ᠨᠡᠮᠡᠭᠳᠡᠬᠦᠯᠦᠨ᠎ᠡ᠃ ᠲᠤᠯᠭᠠᠭᠤᠷᠢ ᠠᠵᠤ ᠠᠬᠤᠶᠢᠯᠠᠯ ᠤᠨ ᠶᠡᠬᠡᠪᠡᠷ ᠬᠢᠵᠤ ᠬᠦᠴᠦᠷᠭᠡᠭᠵᠢᠬᠦ ᠶᠢ ᠲᠡᠮᠵᠢᠵᠤ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠦᠷᠨᠢᠬᠦᠨ ᠬᠦᠭᠵᠢᠬᠦ ᠶᠢ ᠲᠡᠳᠬᠦᠨ᠂ ᠲᠦᠪᠯᠡᠷᠡᠭᠰᠡᠨ ᠨᠦᠯᠦᠬᠡᠯᠡᠯ ᠢ ᠪᠤᠢ ᠪᠤᠯᠭᠠᠨ᠎ᠠ᠃ ᠵᠠᠰᠠᠭ ᠤᠨ ᠤᠷᠳᠤᠨ ᠪᠠᠳᠤᠯᠠᠨ ᠲᠠᠭᠠᠭᠠᠬᠤ ᠲᠠᠶᠢᠵᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠠᠵᠢᠯ ᠲᠦᠷᠦᠯ ᠤᠨ ᠨᠡᠶᠢᠬᠡᠮᠯᠢᠭ ᠢ ᠪᠠᠶᠢᠭᠤᠯᠤᠨ᠂ ᠴᠠᠬᠢᠯᠭᠠᠨ ᠬᠡᠷᠡᠭᠯᠡᠬᠦ ᠲᠤᠮᠤ ᠡᠷᠦᠬᠡ ᠶᠢᠨ ᠴᠠᠬᠢᠯᠭᠠᠨ ᠢ ᠰᠢᠭᠤᠳ  ᠬᠠᠩᠭᠠᠬᠤ᠂ ᠲᠤᠰᠬᠠᠢ ᠲᠦᠷᠦᠯ  ᠤᠨ ᠮᠡᠷᠬᠡᠵᠢᠯ ᠤᠨ ᠦᠬᠡᠷᠡᠴᠢᠯᠡᠯᠳᠡ ᠬᠢᠬᠦ᠂ ᠤᠷᠴᠢᠯ ᠤᠨ ᠠᠵᠤ ᠠᠬᠤᠢ ᠶᠢ ᠬᠦᠭᠵᠢᠬᠦᠯᠬᠦ ᠵᠡᠷᠬᠡ ᠲᠠᠯ᠎ᠠ ᠶᠢᠨ ᠡᠯ᠎ᠡ ᠲᠦᠷᠦᠯ ᠤᠨ ᠲᠡᠳᠬᠦᠨ ᠲᠡᠮᠵᠢᠬᠦ ᠪᠡᠯᠡ ᠮᠦᠩᠬᠦ ᠶᠢ ᠤᠯᠬᠤ ᠪᠠᠷ ᠢᠳᠡᠪᠬᠢᠯᠠᠨ ᠴᠢᠷᠮᠠᠶᠢᠵᠤ᠂ ᠠᠵᠤ ᠠᠬᠤᠶᠢᠯᠠᠯ ᠤᠨ ᠡᠷᠬᠢᠯᠳᠡ ᠶᠢᠨ ᠦᠪᠡᠷ ᠤᠨ ᠦᠷᠳᠡᠭ ᠢ ᠪᠠᠭᠤᠷᠠᠭᠤᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠤᠷᠢᠯᠠᠯ ᠢᠶᠠᠨ ᠵᠤᠭᠰᠤᠬᠤ ᠦᠭᠡᠢ ᠪᠠᠶᠢᠬᠤ ᠪᠠ ᠦᠢᠯᠡᠳᠪᠤᠷᠢᠯᠠᠯ ᠨᠢ ᠬᠠᠰᠤᠭᠳᠠᠬᠤ ᠦᠭᠡᠢ ᠪᠠᠶᠢᠬᠤ ᠶᠢ ᠴᠢᠷᠮᠠᠶᠢᠨ ᠪᠠᠳᠤᠯᠠᠨ᠎ᠠ᠃ 3000 ᠲᠦᠮᠡᠨ ᠲᠦᠬᠦᠷᠢᠭ ᠠᠴᠠ ᠲᠡᠭᠡᠭᠰᠢᠬᠢ ᠠᠵᠤ ᠦᠢᠯᠡᠳᠪᠤᠷᠢ ᠶᠢᠨ 28 ᠲᠦᠷᠦᠯ ᠵᠦᠢᠯ ᠢ ᠬᠡᠷᠡᠭᠵᠢᠬᠦᠯᠵᠤ᠂ 37.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠃ 130 ᠳ᠋ᠦᠩᠰᠢᠭᠤᠷ ᠲᠦᠬᠦᠷᠢᠭ ᠤᠨ ᠠᠵᠤ ᠦᠢᠯᠡᠳᠪᠤᠷᠢ ᠶᠢᠨ ᠦᠢᠯᠡᠳᠬᠦᠨ ᠤ ᠦᠷᠳᠡᠭ ᠢ ᠪᠡᠶᠡᠯᠡᠬᠦᠯᠵᠤ᠂ ᠨᠡᠮᠡᠯᠳᠡ ᠦᠷᠳᠡᠭ ᠤᠨ ᠨᠡᠮᠡᠭᠳᠡᠯ ᠤᠨ ᠬᠤᠷᠳᠤᠴᠠ ᠶᠢ 11% ᠠᠴᠠ ᠲᠡᠭᠡᠭᠰᠢ ᠪᠠᠶᠢᠯᠭᠠᠬᠤ ᠶᠢ ᠪᠠᠳᠤᠯᠠᠨ᠂ 1200 ᠠᠵᠢᠯ ᠤᠨ ᠪᠠᠶᠢᠷᠢ ᠶᠢ ᠲᠤᠭᠳᠠᠭᠤᠨ ᠢᠶᠠᠷ ᠨᠡᠮᠡᠭᠳᠡᠬᠦᠯᠦᠨ᠎ᠡ᠃     ᠭᠤᠤᠯᠯᠠᠭᠴᠢ ᠠᠵᠤ ᠦᠢᠯᠡᠰ ᠤᠨ ᠲᠠᠯᠳᠠ ᠬᠦᠴᠦᠨ ᠢ ᠪᠠᠳᠠᠷᠠᠭᠤᠯᠤᠨ᠎ᠠ᠃ ᠳ᠋ᠠ ᠪᠠ ᠳ᠋ᠦᠩ ᠭᠸᠦ᠂ ᠪᠢᠯᠡᠬᠦᠳᠠᠢ ᠵᠡᠷᠬᠡ ᠭᠤᠤᠯᠳᠠᠯᠭ᠎ᠠ ᠲᠠᠢ ᠠᠭᠤᠷᠬᠠᠢ ᠶᠢᠨ ᠤᠷᠤᠨ ᠤ ᠡᠬᠢ ᠪᠠᠶᠠᠯᠢᠭ ᠢ ᠴᠡᠭᠴᠡᠯᠡᠨ ᠨᠡᠶᠢᠯᠡᠬᠦᠯᠬᠦ ᠶᠢ ᠲᠦᠷᠬᠡᠳᠬᠡᠵᠤ᠂ ᠲᠢᠶᠡᠨ ᠴᠧᠩ᠂ ᠯᠢ ᠲᠦᠸᠧ᠂ ᠵᠡᠬᠦᠨ ᠬᠤᠶᠢᠳᠤ ᠶᠢᠨ ᠲᠧ ᠭᠠᠩ ᠤᠨ ᠠᠭᠤᠷᠬᠠᠢ  ᠬᠠᠶᠢᠬᠤ ᠤᠷᠤᠭᠤᠯᠤᠯᠳᠠ ᠶᠢ ᠨᠡᠮᠡᠭᠳᠡᠬᠦᠯᠦᠨ᠂ ᠬᠦᠳᠡᠷ ᠰᠢᠯᠢᠬᠦ ᠴᠢᠳᠠᠪᠤᠷᠢ ᠶᠢ ᠨᠢ ᠲᠡᠭᠡᠭᠰᠢᠯᠡᠬᠦᠯᠵᠤ᠂ ᠦᠩᠬᠡᠳᠤ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠢ ᠵᠤᠯᠭᠠᠭᠤᠯᠬᠤ ᠴᠢᠭ ᠢ ᠪᠤᠢ ᠪᠤᠯᠭᠠᠨ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ᠂ ᠯᠢ ᠲᠦᠸᠧ ᠠᠭᠤᠷᠬᠠᠢ ᠶᠢᠨ ᠦᠢᠯᠡᠰ᠂ ᠵᠡᠬᠦᠨ ᠬᠤᠶᠢᠳᠤ ᠶᠢᠨ ᠲᠧ ᠭᠠᠩ ᠤᠨ ᠬᠤᠶᠠᠳᠤᠭᠠᠷ ᠬᠤᠭᠤᠴᠠᠭᠠᠨ ᠤ ᠮᠡᠷᠬᠡᠵᠢᠯ ᠤᠨ ᠦᠬᠡᠷᠡᠴᠢᠯᠡᠯᠳᠡ ᠶᠢ ᠬᠢᠵᠤ ᠦᠷᠭᠡᠳᠬᠡᠨ ᠪᠠᠶᠢᠭᠤᠯᠬᠤ ᠠᠵᠢᠯ ᠢ ᠡᠬᠢᠯᠡᠬᠦᠯᠦᠨ᠎ᠡ᠃ ᠲᠡᠷᠢᠶᠡᠯᠡᠩ ᠤᠨ  ᠭᠠᠷᠤᠯᠳᠠ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠢ ᠡᠳ᠋ᠰᠢᠬᠦᠯᠬᠦ ᠦᠢᠯᠡᠰ ᠢ ᠦᠬᠡᠷᠡᠴᠢᠯᠡᠨ ᠲᠡᠰ ᠲᠡᠪᠰᠢᠬᠦᠯᠵᠤ᠂ ᠡᠨᠡ ᠵᠢᠯ ᠪᠠᠢ ᠬᠤᠢ ᠱᠧᠩ ᠪᠦᠯᠦᠭᠯᠡᠯ ᠢ ᠵᠠᠬ᠎ᠠ ᠳᠤ ᠭᠠᠷᠭᠠᠬᠤ ᠪᠠᠷ ᠠᠵᠠ ᠲᠤᠬᠢᠶᠠᠯ ᠪᠤᠯᠭᠠᠵᠤ᠂ ᠨᠦᠬᠦᠴᠡᠯ ᠪᠦᠷᠢᠯᠳᠤᠬᠦᠯᠦᠭᠰᠡᠨ ᠠᠵᠤ ᠠᠬᠤᠶᠢᠯᠠᠯ ᠤᠨ ᠲᠡᠷᠦᠢ ᠲᠦᠷᠬᠡᠨ ᠵᠠᠬ᠎ᠠ ᠳᠤ ᠭᠠᠷᠬᠤ ᠶᠢ ᠲᠡᠳᠬᠦᠨ ᠲᠡᠮᠵᠢᠨ᠎ᠡ᠃ ᠲᠢᠶᠡᠨ ᠪᠠᠢ ᠱᠠᠨ ᠤ ᠬᠤᠶᠠᠳᠤᠭᠠᠷ ᠬᠤᠭᠤᠴᠠᠭᠠᠨ ᠤ ᠵᠢᠮᠢᠰ ᠤᠨ ᠵᠦᠢᠯ ᠢ ᠨᠠᠷᠢᠯᠢᠭ ᠡᠳ᠋ᠰᠢᠬᠦᠯᠬᠦ᠂ ᠾᠧᠩ ᠭᠤᠸᠠᠩ ᠳ᠋ᠠ ᠡᠪᠡᠰᠤᠨ ᠡᠮ ᠤᠨ ᠮᠠᠲ᠋ᠧᠷᠢᠶᠠᠯ ᠢ ᠨᠠᠷᠢᠯᠢᠭ ᠡᠳ᠋ᠰᠢᠬᠦᠯᠬᠦ ᠵᠡᠷᠬᠡ ᠲᠦᠷᠦᠯ ᠵᠦᠢᠯ ᠤᠨ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠡᠬᠢᠯᠡᠬᠦᠯᠵᠤ᠂ ︽ ᠰᠢᠨᠵᠢᠶᠠᠩ ᠤᠨ ᠰᠢᠷ᠎ᠡ ᠴᠢᠯᠠᠭᠤ︾  ᠂ ︽ ᠮᠤᠩᠭᠤᠯ ᠤᠨ ᠬᠠᠷ᠎ᠠ ᠴᠢᠯᠠᠭᠤ︾ ᠪᠠᠷ ᠭᠤᠤᠯ ᠪᠤᠯᠭᠠᠭᠰᠠᠨ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠢ ᠬᠦᠭᠵᠢᠬᠦᠯᠵᠤ᠂ ᠬᠤᠸᠠ ᠰᠧᠨ ᠽᠧᠮᠧᠨ᠋ᠲ ᠤᠨ ᠮᠡᠷᠬᠡᠵᠢᠯ ᠤᠨ ᠦᠬᠡᠷᠡᠴᠢᠯᠡᠯᠳᠡ ᠪᠤᠯᠤᠨ ᠫᠧᠩ ᠬᠤᠢ᠂ ᠴᠢᠩ ᠬᠤᠩ ᠽᠧᠮᠧᠨ᠋ᠲ ᠤᠨ ᠪᠦᠳᠤᠭᠡᠭᠳᠡᠬᠦᠨ ᠤ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃     ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠢ ᠪᠤᠯᠭᠠᠨ᠎ᠠ᠃ ᠲᠡᠭᠡᠳᠤ ᠲᠡᠰ ᠤᠨ ᠰᠢᠨ᠎ᠡ ᠮᠠᠲ᠋ᠧᠷᠢᠶᠠᠯ ᠤᠨ ᠦᠷ᠎ᠡ ᠪᠦᠳᠤᠭᠡᠯ ᠢ ᠬᠤᠪᠢᠷᠠᠭᠤᠯᠬᠤ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠡᠬᠢᠯᠡᠨ ᠬᠢᠵᠤ᠂ ᠵᠦᠩ ᠲᠢᠶᠡᠨ ᠯᠢ ᠶᠢᠨ 50 ᠲᠤᠨ ᠴᠤᠯᠤ ᠠᠷᠰᠧᠨ᠂ ᠸᠠᠨ ᠰᠢᠩ ᠦᠢᠯᠡᠳᠪᠤᠷᠢ ᠠᠷᠡᠯᠵᠢᠶ᠎ᠡ ᠶᠢᠨ 10  ᠲᠦᠮᠡᠨ ᠲᠤᠨ  ᠬᠠᠶᠢᠯᠤᠰᠢ ᠲᠤᠭᠤᠯᠭ᠎ᠠ ᠶᠢᠨ ᠲᠦᠷᠦᠯ ᠵᠦᠢᠯ ᠢ ᠪᠡᠶᠡᠯᠡᠬᠦᠯᠦᠨ ᠂ ᠲᠡᠭᠡᠳᠤ ᠲᠡᠰ ᠤᠨ ᠴᠤᠯᠦ ᠮᠠᠲ᠋ᠧᠷᠢᠶᠠᠯ ᠤᠨ ᠦᠢᠯᠡᠳᠪᠤᠷᠢᠯᠠᠯ ᠤᠨ ᠰᠠᠭᠤᠷᠢᠨ ᠭᠠᠵᠡᠷ ᠤᠨ ᠴᠢᠬᠤᠯᠠ ᠪᠠᠶᠢᠷᠢ ᠶᠢ ᠡᠵᠡᠯᠡᠵᠤ ᠠᠪᠤᠨ᠎ᠠ᠃ ᠲᠤᠰ ᠤᠷᠤᠨ ᠵᠢᠴᠢ ᠡᠷᠬᠢᠨ ᠲᠤᠭᠤᠷᠢᠨ ᠤ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠡᠬᠢ ᠪᠠᠶᠠᠯᠢᠭ ᠢ ᠶᠡᠷᠦᠩᠬᠡᠶᠢᠯᠡᠨ ᠬᠤᠷᠢᠶᠠᠨ ᠠᠪᠴᠦ ᠠᠰᠢᠭᠯᠠᠬᠤ ᠶᠢ ᠲᠦᠷᠬᠡᠳᠬᠡᠵᠤ᠂ ᠱᠧᠨ ᠦ᠋ ᠪᠦᠯᠦᠭᠯᠡᠯ ᠤᠨ ᠲᠦᠬᠦᠬᠡᠢ ᠲᠡᠮᠦᠷ᠂ ᠵᠠᠬᠦᠨ ᠬᠤᠶᠢᠳᠤ ᠶᠢᠨ ᠲᠧ ᠭᠠᠩ ᠤᠨ ᠤᠳᠤᠭ᠎ᠠ ᠲᠤᠭᠤᠰᠤ ᠠᠴᠠ ᠴᠤᠯᠤ  ᠷᠧᠨᠢ ᠶᠢ ᠢᠯᠠᠭᠠᠷᠠᠭᠤᠯᠤᠨ ᠠᠪᠬᠤ᠂ ᠹᠦ᠋ ᠴᠢᠶᠡᠩ ᠺᠤᠮᠫᠠᠨᠢ ᠶᠢᠨ ᠤᠳᠤᠭ᠎ᠠ ᠲᠤᠭᠤᠰᠤ ᠶᠢ ᠬᠤᠷᠢᠶᠡᠨ ᠠᠪᠬᠤ᠂ ᠵᠦᠩ ᠮᠸᠢ ᠬᠤᠸᠠ ᠶᠢᠨ ᠨᠡᠶᠢᠯᠡᠮᠡᠯ ᠪᠤᠷᠳᠤᠭᠤᠷ ᠡᠳ᠋ᠰᠢᠬᠦᠯᠬᠦ ᠵᠡᠷᠬᠡ ᠲᠦᠷᠦᠯ ᠵᠦᠢᠯ ᠤᠨ ᠲᠤᠭᠤᠷᠢᠨ ᠳᠤ ᠠᠵᠤ ᠦᠢᠯᠡᠳᠪᠤᠷᠢ  ᠶᠢᠨ ᠠᠵᠤ ᠠᠬᠤᠢ ᠶᠢᠨ ᠬᠤᠯᠪᠤᠯᠳᠤᠨ ᠲᠦᠬᠦᠷᠵᠢᠭᠰᠡᠨ ᠦᠢᠯᠡᠴᠢᠯᠡᠬᠡᠨ ᠤ ᠰᠢᠰᠲ᠋ᠧᠮᠵᠢ ᠶᠢ ᠡᠬᠦᠳᠤᠨ ᠪᠠᠶᠢᠭᠤᠯᠤᠨ᠎ᠠ᠃ ᠲᠤᠮᠳᠠᠳᠤ ᠤᠯᠤᠰ ᠤᠨ ᠡᠨᠧᠷᠬᠢ ᠶᠢᠨ ᠴᠠᠬᠢᠯᠭᠠᠨ ᠬᠦᠴᠤᠨ ᠤ ᠪᠦᠯᠦᠭᠯᠡᠯ ᠤᠨ ᠬᠤᠶᠠᠳᠤᠭᠠᠷ ᠬᠤᠭᠤᠴᠠᠭ᠎ᠠ ᠶᠢᠨ 3 ᠲᠦᠮᠡᠨ ᠺᠢᠯᠤᠸᠠᠲ ᠤᠨ ᠬᠡᠷᠡᠯ ᠵᠢᠭᠰᠠᠯ ᠪᠤᠯᠤᠨ ᠰᠢᠨ ᠯᠢᠨ ᠪᠠᠯᠭᠠᠰᠤ ᠶᠢᠨ 5 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠡᠬᠢᠯᠡᠬᠦᠯᠵᠤ᠂ ᠳ᠋ᠠ ᠲᠠᠩ ᠤᠨ 3 ᠲᠦᠮᠡᠨ ᠺᠢᠯᠤᠸᠠᠲ ᠤᠨ ᠬᠡᠷᠡᠯ ᠵᠢᠭᠰᠠᠯ ᠢ ᠲᠤᠤᠷᠵᠢᠯ ᠳᠤ ᠨᠡᠶᠢᠯᠡᠬᠦᠯᠵᠤ ᠴᠠᠬᠢᠯᠭᠠᠨ ᠭᠠᠷᠭᠠᠬᠤ ᠲᠦᠷᠦᠯ ᠵᠦᠢᠯ ᠢ ᠬᠦᠴᠤᠳᠠᠢ ᠠᠬᠢᠭᠤᠯᠤᠨ᠎ᠠ᠃     ᠬᠦᠷᠢᠶᠡᠯᠡᠩ ᠲᠤᠭᠤᠷᠢᠭ ᠤᠨ ᠲᠦᠯᠦᠪᠵᠢᠬᠦᠯᠬᠡ ᠶᠢᠨ ᠪᠠᠶᠢᠷᠢᠰᠢᠯ ᠪᠤᠯᠤᠨ ᠴᠢᠳᠠᠪᠬᠢ ᠶᠢᠨ ᠪᠠᠶᠢᠷᠢ ᠲᠤᠭᠳᠠᠭᠠᠯᠳᠠ ᠶᠢ ᠴᠢᠩᠳᠠᠯᠠᠨ᠎ᠠ᠃ ᠯᠢᠨᠰᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠵᠤ᠂ ᠬᠦᠷᠢᠶᠡᠯᠡᠩ ᠲᠤᠭᠤᠷᠢᠭ ᠤᠨ ᠡᠳᠤᠷ ᠤᠨ ᠲᠦᠮᠡᠨ ᠲᠤᠨ ᠪᠤᠬᠢᠷᠳᠤᠯ ᠤᠰᠤ ᠰᠢᠢᠳᠪᠤᠷᠢᠯᠡᠬᠦ ᠲᠦᠷᠦᠯ ᠵᠦᠢᠯ ᠢ ᠬᠡᠷᠡᠭᠵᠢᠬᠦᠯᠦᠨ᠂ ᠠᠵᠤ ᠦᠢᠯᠡᠳᠪᠤᠷᠢ ᠶᠢᠨ ᠠᠶᠤᠯᠳᠠᠢ ᠬᠠᠶᠠᠭᠳᠠᠮᠠᠯ ᠪᠤᠳᠠᠰ ᠢ ᠰᠢᠢᠳᠪᠤᠷᠢᠯᠡᠬᠦ ᠲᠠᠯᠠᠪᠤᠷ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠪᠠᠶᠢᠭᠠᠯᠢ ᠶᠢᠨ ᠰᠢᠳᠠᠮᠬᠠᠢ ᠬᠡᠢ ᠶᠢᠨ ᠬᠡᠢ ᠬᠠᠳᠠᠭᠠᠯᠠᠬᠤ ᠦᠷᠳᠡᠭᠡ ᠪᠠᠶᠢᠭᠤᠯᠬᠤ ᠠᠵᠢᠯ ᠢ ᠪᠡᠶᠡᠯᠡᠬᠦᠯᠦᠨ᠎ᠡ᠃ ᠬᠦᠷᠢᠶᠡᠯᠡᠩ ᠲᠤᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠠᠶᠢᠵᠠ ᠶᠢᠨ ᠪᠦᠳᠤᠭᠡᠨ ᠪᠠᠶᠢᠭᠤᠯᠤᠯᠳᠠ ᠶᠢ ᠡᠬᠢᠯᠡᠬᠦᠯᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠲᠡᠭᠡᠳᠤ ᠵᠡᠷᠬᠡ ᠶᠢᠨ ᠰᠢᠨ᠎ᠡ ᠮᠡᠷᠬᠡᠵᠢᠯ ᠤᠨ ᠠᠵᠤ ᠦᠢᠯᠡᠰ ᠢ ᠨᠡᠬᠡᠬᠡᠨ ᠠᠰᠢᠭᠯᠠᠬᠤ ᠲᠤᠭᠤᠷᠢᠭ ᠬᠢᠬᠡᠳ ᠲᠤᠭᠤᠷᠢᠭ ᠢ ᠦᠷᠭᠡᠳᠬᠡᠵᠤ ᠪᠠᠭᠳᠠᠭᠠᠮᠵᠢ ᠶᠢ ᠨᠢ ᠶᠡᠭᠡᠰᠭᠡᠬᠦ ᠶᠢ ᠬᠢᠨᠠᠨ ᠵᠦᠪᠰᠢᠶᠡᠷᠡᠬᠦᠯᠬᠦ ᠠᠵᠢᠯ ᠢ ᠲᠦᠷᠭᠡᠳᠭᠡᠨ᠎ᠡ᠃ ᠳ᠋ᠦᠩ ᠲᠠᠢ ᠽᠢ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠶᠡᠷᠦᠩᠬᠡᠢ ᠲᠦᠯᠦᠪᠵᠢᠬᠦᠯᠬᠡ  ᠪᠤᠯᠤᠨ ᠠᠵᠤ ᠦᠢᠯᠡᠰ ᠤᠨ ᠲᠦᠯᠦᠪᠵᠢᠬᠦᠯᠬᠡ ᠶᠢᠨ ᠬᠠᠮᠢᠶ᠎ᠠ ᠪᠦᠬᠦᠢ ᠤᠭᠳᠤᠪᠤᠷᠢ ᠶᠢᠨ ᠤᠴᠢᠷ ᠢ ᠬᠢᠨᠠᠨ ᠵᠦᠪᠰᠢᠶᠡᠷᠡᠬᠦᠯᠬᠦ ᠠᠵᠢᠯ ᠢ ᠪᠡᠶᠡᠯᠡᠬᠦᠯᠵᠤ᠂ ᠬᠦᠷᠢᠶᠡᠯᠡᠩ ᠲᠤᠭᠤᠷᠢᠭ ᠤᠨ ᠠᠵᠤ ᠦᠢᠯᠡᠰ ᠤᠨ ᠴᠢᠳᠠᠪᠬᠢ ᠶᠢᠨ ᠪᠠᠶᠢᠷᠢ ᠲᠤᠭᠳᠠᠭᠠᠯᠳᠠ  ᠶᠢ ᠲᠤᠳᠤᠷᠬᠠᠶᠢᠯᠠᠨ᠂ ᠦᠪᠡᠷᠳᠡᠬᠡᠨ ᠵᠠᠰᠠᠬᠤ ᠤᠷᠤᠨ ᠤ ᠲᠡᠰ ᠤᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠪᠤᠯᠭᠠᠬᠤ ᠪᠠᠷ ᠮᠡᠳᠡᠬᠦᠯᠵᠤ᠂ ᠭᠠᠳᠠᠨ᠎ᠠ ᠤᠷᠤᠨ ᠤ ᠲᠠᠪᠠᠭᠤᠯᠢᠭ ᠡᠬᠢ ᠪᠠᠶᠠᠯᠢᠭ ᠪᠤᠯᠤᠨ ᠬᠦᠴᠦᠨ ᠵᠦᠢᠯ  ᠢ ᠲᠡᠳᠡᠨ  ᠲᠦᠪᠯᠡᠷᠡᠬᠦᠯᠬᠦ ᠳᠤ ᠰᠠᠭᠤᠷᠢ ᠲᠠᠯᠪᠢᠵᠤ ᠦᠭᠬᠦᠨ᠎ᠡ᠃      ︵ ᠬᠤᠶᠡᠷ︶ ᠲᠡᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠲᠦᠯᠬᠢᠨ ᠠᠬᠢᠭᠤᠯᠤᠨ᠎ᠠ     ᠭᠤᠤᠯᠯᠠᠭᠴᠢ ᠠᠵᠤ ᠦᠢᠯᠡᠰ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳ᠋ᠨ ᠶᠢ ᠴᠢᠩᠭᠠᠳᠬᠠᠨ᠎ᠠ᠃ ᠤᠰᠤ ᠠᠷᠪᠢᠯᠠᠬᠤ ᠲᠡᠷᠢᠶᠠᠯᠠᠩ ᠢ ᠶᠡᠭᠡᠪᠡᠷ ᠬᠦᠭᠵᠢᠬᠦᠯᠵᠤ᠂ 30 ᠲᠦᠮᠡᠨ ᠮᠤ᠋ ᠪᠦᠷᠬᠦᠬᠦᠯ ᠲᠤᠤᠷ᠎ᠡ ᠲᠤᠰᠤᠯᠭᠠᠨ ᠤᠰᠤᠯᠠᠬᠤ ᠲᠡᠷᠢᠶ᠎ᠠ ᠶᠢ ᠪᠠᠬᠢᠵᠢᠬᠦᠯᠦᠨ᠎ᠡ᠃ ᠠᠮᠤ ᠪᠤᠳᠠᠭ᠎ᠠ ᠪᠤᠯᠤᠨ ᠰᠢᠬᠢᠷ ᠤᠨ ᠦᠨᠳᠤᠷ ᠤᠨᠠᠯᠳᠠ ᠶᠢ ᠡᠬᠦᠳᠬᠦ᠂ ᠦᠨᠳᠤᠷ ᠪᠠᠷᠢᠮᠵᠢᠶ᠎ᠠ ᠪᠦᠬᠦᠢ ᠲᠡᠷᠢᠶᠠᠯᠠᠩ ᠤᠨ ᠪᠦᠳᠤᠭᠡᠨ ᠪᠠᠶᠢᠭᠤᠯᠤᠯᠳᠠ ᠵᠡᠷᠬᠡ ᠲᠦᠷᠦᠯ ᠵᠦᠢᠯ ᠢ ᠰᠠᠶᠢᠳᠤᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠤᠨᠠᠯᠳᠠ ᠶᠢ 5 ᠳ᠋ᠦᠩᠰᠢᠭᠤᠷ ᠵᠢᠩ ᠠᠴᠠ ᠲᠡᠭᠡᠭᠰᠢ ᠪᠠᠶᠢᠯᠭᠠᠬᠤ ᠶᠢ ᠲᠤᠭᠳᠠᠪᠤᠷᠢᠵᠢᠭᠤᠯᠤᠨ᠂ 9 ᠲᠦᠮᠡᠨ ᠮᠤ᠋  ᠰᠢᠬᠢᠷ ᠯᠤᠤᠪᠠᠩ᠂ 20 ᠲᠦᠮᠡᠨ ᠮᠤ᠋ ᠡᠯᠳᠡᠪ ᠠᠮᠤ ᠪᠤᠷᠴᠠᠭ ᠲᠠᠷᠢᠨ᠎ᠠ᠃ ᠤᠨᠴᠠᠯᠢᠭᠳᠤ ᠠᠵᠤ ᠦᠢᠯᠡᠰ ᠢ ᠬᠦᠭᠵᠢᠬᠦᠯᠵᠤ᠂ 1 ᠲᠦᠮᠡᠨ ᠮᠤ᠋ ᠡᠪᠡᠰᠤᠨ ᠡᠮ ᠤᠨ ᠰᠠᠭᠤᠷᠢᠨ ᠭᠠᠵᠡᠷ ᠢ ᠰᠢᠨ᠎ᠡ  ᠪᠠᠷ ᠪᠠᠶᠢᠭᠤᠯᠤᠨ᠂ ᠢᠳᠡᠰᠢᠨ ᠨᠤᠭᠤᠭ᠎ᠠ ᠲᠡᠷᠢᠬᠤ ᠲᠠᠯᠠᠪᠠᠢ ᠶᠢ ᠦᠷᠭᠡᠳᠭᠡᠨ᠎ᠡ᠃ ᠠᠵᠤ ᠠᠬᠤᠢ ᠶᠢᠨ ᠤᠢ ᠶᠢᠨ ᠨᠠᠷᠢᠯᠢᠭ ᠪᠦᠳᠤᠭᠡᠭᠳᠡᠬᠦᠨ ᠤ ᠬᠦᠭᠵᠢᠯᠳᠡ ᠶᠢ ᠴᠢᠬᠤᠯᠠᠴᠢᠯᠠᠨ᠎ᠠ᠃ 5000 ᠮᠤ᠋ ᠦᠪᠤᠷ ᠮᠤᠩᠭᠤᠯ ᠤᠨ ᠵᠢᠯᠢᠭ ᠵᠢᠮᠢᠰ ᠢ ᠰᠢᠨ᠎ᠡ ᠪᠠᠷ ᠨᠡᠮᠡᠭᠳᠡᠬᠦᠯᠵᠤ᠂ ᠬᠠᠶᠢᠯᠠᠷ ᠨᠠᠷᠡᠰᠤ ᠶᠢ ᠤᠯᠠᠭᠠᠨ ᠨᠠᠷᠡᠰᠤᠨ ᠳᠤ ᠵᠠᠯᠭᠠᠬᠤ᠂ ᠬᠡᠬᠡᠷ᠎ᠡ ᠶᠢᠨ ᠲᠠᠤᠯᠠᠢ ᠶᠢᠨ ᠪᠦᠬᠡᠷ᠎ᠡ ᠪᠠ ᠴᠢᠴᠡᠷᠭᠠᠨ᠎ᠠ ᠵᠡᠷᠬᠡ ᠤᠨᠴᠠᠯᠢᠭᠳᠤ ᠠᠵᠤ ᠠᠬᠤᠢ ᠶᠢᠨ ᠤᠢ ᠶᠢ ᠲᠤᠰᠪᠤᠷᠢ 3000 ᠮᠤ᠋ ᠦᠢᠵᠢᠭᠤᠯᠬᠤ ᠶᠢ ᠪᠡᠶᠡᠯᠡᠬᠦᠯᠦᠨ᠎ᠡ᠃ ᠲᠠᠵᠢᠬᠡᠨ ᠠᠷᠡᠴᠢᠯᠠᠬᠤ ᠠᠵᠤ ᠦᠢᠯᠡᠰᠵᠢᠯᠳᠡ ᠶᠢ ᠲᠦᠯᠬᠢᠨ ᠠᠬᠢᠭᠤᠯᠵᠤ᠂ ᠲᠡᠵᠢᠬᠡᠨ ᠠᠷᠡᠴᠢᠯᠠᠬᠤ ᠦᠢᠯᠡᠰ ᠤᠨ ᠠᠵᠤ ᠠᠬᠤᠢ ᠶᠢᠨ ᠦᠷ᠎ᠡ ᠠᠰᠢᠭ   ᠢ ᠲᠡᠭᠡᠭᠰᠢᠯᠡᠬᠦᠯᠦᠨ᠎ᠡ᠃ ᠠᠯᠠᠰᠢᠨ ᠬᠤᠨᠢ  ᠶᠢ ᠠᠷᠡᠴᠢᠯᠠᠨ ᠲᠡᠵᠢᠬᠡᠬᠦ ᠪᠠᠷᠢᠮᠵᠢᠶᠠᠵᠢᠭᠰᠠᠨ ᠬᠠᠰᠢᠶ᠎ᠠ ᠰᠡᠷᠡᠪᠴᠢ ᠶᠢ 2 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠪᠠᠷᠢᠵᠤ᠂ 100 ᠲᠦᠮᠡᠨ ᠠᠯᠠᠰᠢᠨ ᠤ ᠬᠤᠨᠢ᠂ 12 ᠲᠦᠮᠡᠨ ᠠᠯᠠᠰᠢᠨ ᠤ ᠦᠬᠡᠷ ᠦᠯᠡᠳᠡᠬᠡᠨ᠎ᠡ᠃  3 ᠲᠦᠮᠡᠨ ᠮᠤ᠋ ᠤᠯᠠᠨ ᠵᠢᠯ ᠤᠨ ᠤᠷᠭᠤᠯᠳᠠ ᠶᠢᠨ ᠪᠡᠯᠴᠢᠬᠡᠷ ᠬᠠᠳᠤᠯᠠᠩ᠂ 20 ᠲᠦᠮᠡᠨ ᠮᠤ᠋ ᠨᠢᠬᠡ ᠵᠢᠯ ᠤᠨ ᠤᠷᠭᠤᠯᠳᠠ ᠶᠢᠨ ᠪᠡᠯᠴᠢᠬᠡᠷ ᠬᠠᠳᠤᠯᠠᠩ ᠢ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢ ᠰᠡᠷᠬᠦᠬᠡᠬᠦ ᠪᠠᠷ ᠵᠤᠭᠰᠤᠴᠠ ᠪᠤᠯᠭᠠᠵᠤ᠂ ᠵᠡᠬᠦᠨ ᠠᠭᠤᠯᠠ ᠶᠢᠨ ᠠᠮᠢ ᠠᠬᠤᠢ ᠶᠢᠨ ᠲᠡᠷᠢᠶᠠᠯᠠᠩ ᠤᠨ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠤᠨ ᠪᠦᠳᠤᠭᠡᠨ ᠪᠠᠶᠢᠭᠤᠯᠤᠯᠳᠠ ᠶᠢ ᠡᠬᠢᠯᠡᠬᠦᠯᠦᠨ᠂ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠠᠮᠢ ᠠᠬᠤᠢ ᠶᠢᠨ ᠵᠤᠭᠠᠴᠠᠯ᠂ ᠦᠵᠡᠮᠵᠢ ᠶᠢᠨ ᠲᠡᠷᠢᠶᠠᠯᠠᠩ ᠪᠠ ᠬᠦᠳᠡᠯᠬᠡᠬᠡᠨ ᠬᠢᠵᠤ ᠰᠡᠯᠡᠬᠦᠴᠡᠬᠦ ᠶᠢ ᠨᠢᠬᠡ ᠴᠤᠭᠴᠠ ᠪᠤᠯᠭᠠᠨ ᠲᠦᠪᠯᠡᠷᠡᠬᠦᠯᠦᠭᠰᠡᠨ ᠠᠮᠢ ᠠᠬᠤᠢ ᠶᠢᠨ ᠲᠡᠷᠢᠶᠠᠯᠠᠩ ᠤᠨ ᠶᠡᠷᠦᠩᠬᠡᠢ ᠴᠤᠭᠴᠠ ᠶᠢ ᠲᠦᠯᠦᠪᠵᠢᠬᠦᠯᠦᠨ ᠪᠠᠶᠢᠭᠤᠯᠤᠨ᠎ᠠ᠃     ᠲᠦᠷᠦᠯ ᠵᠦᠢᠯ᠂ ᠪᠡᠯᠡ ᠮᠦᠩᠬᠦ  ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠬᠤᠷᠰᠢᠶᠠᠵᠢᠯ᠂ ᠬᠡᠷ ᠪᠦᠯᠢ  ᠶᠢᠨ ᠲᠡᠷᠢᠶᠠᠯᠠᠩ ᠤᠨ ᠲᠠᠯᠠᠪᠠᠢ ᠵᠡᠷᠬᠡ ᠰᠢᠨ᠎ᠡ ᠮᠠᠶ᠋ᠢᠭ ᠤᠨ ᠡᠵᠡᠩᠨᠡᠯᠳᠡ ᠶᠢᠨ ᠭᠤᠤᠯ ᠴᠤᠭᠴᠠ ᠶᠢ ᠲᠡᠳᠬᠦᠨ ᠲᠡᠮᠵᠢᠵᠤ᠂ ᠬᠤᠷᠰᠢᠶᠡᠵᠢᠯ ᠤᠨ ᠲᠤᠰᠬᠠᠢ ᠲᠦᠷᠦᠯ ᠤᠨ ᠵᠢᠬᠡᠯᠡᠯᠬᠡ ᠶᠢ 3000 ᠲᠦᠮᠡᠨ ᠲᠦᠬᠦᠷᠢᠭ ᠡᠷᠡᠮᠡᠯᠵᠡᠯᠡᠨ ᠤᠯᠵᠤ᠂ ᠨᠡᠩ ᠤᠯᠠᠨ ᠲᠡᠷᠢᠶᠠᠴᠢᠨ ᠡᠷᠦᠬᠡ ᠶᠢᠨ ᠬᠤᠷᠰᠢᠯ ᠤᠨ ᠡᠵᠡᠩᠨᠡᠯᠳᠡ ᠳᠤ ᠤᠷᠤᠯᠴᠠᠬᠤ ᠶᠢ ᠬᠦᠳᠤᠯᠤᠨ ᠲᠠᠭᠠᠭᠤᠯᠤᠨ᠎ᠠ᠃ ᠪᠠᠢ ᠬᠤᠢ ᠱᠧᠩ᠂ ᠲᠢᠶᠠᠨ ᠪᠠᠢ ᠱᠠᠨ ᠵᠡᠷᠬᠡ ᠲᠤᠯᠤᠭᠠᠶᠢᠯᠠᠭᠴᠢ ᠠᠵᠤ ᠠᠬᠤᠶᠢᠯᠠᠯ ᠢᠶᠠᠷ ᠲᠦᠰᠢᠭ ᠪᠤᠯᠭᠠᠵᠤ᠂ ︽ ᠠᠵᠤ ᠠᠬᠤᠶᠢᠯᠠᠯ + ᠬᠤᠷᠰᠢᠶᠠᠵᠢᠯ +  ᠰᠠᠭᠤᠷᠢᠨ ᠭᠠᠵᠡᠷ + ᠲᠡᠷᠢᠶᠠᠴᠢᠨ ᠡᠷᠦᠬᠡ︾ ᠶᠢᠨ ᠬᠡᠯᠪᠡᠷᠢ ᠪᠠᠷ ᠭᠠᠵᠡᠷ ᠰᠢᠷᠦᠢ ᠶᠢ ᠡᠮᠬᠢ ᠲᠠᠷᠠᠭ᠎ᠠ ᠲᠠᠢ  ᠰᠢᠯᠵᠢᠬᠦᠯᠬᠦ ᠪᠠ ᠲᠤᠬᠢᠷᠠᠭᠰᠠᠨ ᠬᠡᠪᠴᠢᠶ᠎ᠡ ᠪᠠᠷ ᠡᠵᠡᠩᠨᠡᠬᠦ ᠶᠢ ᠲᠦᠯᠬᠢᠨ ᠠᠬᠢᠭᠤᠯᠤᠨ᠎ᠠ᠃ ᠲᠤᠮᠤ ᠠᠵᠤ ᠠᠬᠤᠶᠢᠯᠠᠯ ᠤᠨ ᠪᠦᠯᠦᠭᠯᠡᠯ ᠤᠨ ᠰᠠᠶᠢᠨ ᠡᠬᠦᠯᠳᠡᠷ ᠢ ᠦᠷᠡᠵᠢᠬᠦᠯᠬᠦ ᠴᠢᠭ᠋ ᠢ ᠰᠠᠶᠢᠳᠤᠷ ᠠᠳᠬᠤᠵᠤ᠂ ᠦᠬᠡᠷ ᠬᠤᠨᠢ ᠨᠢᠳᠤᠯᠬᠤ ᠵᠡᠷᠬᠡ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠤᠨ ᠠᠪᠴᠢᠷᠠᠬᠤ ᠪᠠ ᠪᠤᠵᠠᠭᠠᠶᠢᠷᠠᠭᠤᠯᠵᠤ᠂ ᠲᠡᠷᠢᠶᠠᠴᠢᠨ ᠡᠷᠦᠬᠡ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠬᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃ ᠲᠡᠷᠢᠶᠡᠯᠡᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠤ ᠶᠠᠰᠤ ᠴᠢᠨᠡᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠷᠭᠠᠨᠢᠭ᠂ ᠪᠤᠬᠢᠷᠳᠤᠯ ᠦᠭᠡᠢ᠂ ᠨᠡᠶᠢᠳᠡ ᠶᠢᠨ ᠬᠤᠤᠷᠳᠠᠯ ᠦᠭᠡᠢ ᠲᠡᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠪᠠ ᠭᠠᠵᠡᠷ ᠵᠦᠢ ᠶᠢᠨ ᠰᠢᠨᠵᠢ ᠲᠡᠮᠳᠡᠭ ᠤᠨ ᠬᠡᠷᠡᠴᠢᠯᠡᠯᠳᠡ ᠶᠢ ᠰᠠᠶᠢᠳᠤᠷ ᠬᠢᠵᠤ᠂ ᠲᠡᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠤᠭᠡᠭᠳᠡᠬᠦᠨ ᠤ ᠶᠠᠰᠤ ᠴᠢᠨᠡᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠦᠪ ᠢ ᠪᠠᠶᠢᠭᠤᠯᠵᠤ ᠠᠰᠢᠭᠯᠠᠯᠳᠠ ᠳᠤ ᠤᠷᠤᠭᠤᠯᠤᠨ᠎ᠠ᠃      ︵ ᠭᠤᠷᠪᠠ︶ ᠦᠢᠯᠡᠴᠢᠯᠡᠬᠡᠨ ᠤ ᠦᠢᠯᠡᠰ ᠤᠨ ᠶᠠᠰᠤ ᠴᠢᠨᠡᠷ ᠢ ᠲᠡᠭᠡᠭᠰᠢᠯᠡᠬᠦᠯᠦᠨ᠎ᠡ     ᠠᠷᠡᠯᠵᠢᠶ᠎ᠠ ᠬᠤᠳᠠᠯᠳᠤᠭ᠎ᠠ᠂ ᠪᠤᠳᠠᠰ ᠤᠨ ᠬᠦᠯᠬᠡᠬᠡᠨ᠂ ᠢᠳᠡᠬᠡᠨ ᠤᠮᠳᠠᠭᠠᠨ᠂ ᠵᠤᠭᠠᠴᠠᠯ ᠵᠡᠷᠬᠡ ᠦᠢᠯᠡᠴᠢᠯᠡᠬᠡᠨ  ᠤ ᠦᠢᠯᠡᠰ ᠤᠨ ᠲᠡᠰ ᠲᠡᠪᠰᠢᠬᠦ ᠶᠢ ᠲᠦᠷᠭᠡᠳᠭᠡᠵᠤ᠂ ᠰᠢᠯᠢᠩᠭᠤᠤᠯ ᠤᠨ ᠡᠮᠤᠨ᠎ᠡ ᠪᠡᠶ᠎ᠡ ᠤᠯᠠᠭᠠᠨᠬᠠᠳᠠ ᠶᠢᠨ ᠬᠤᠶᠢᠳᠤ ᠪᠡᠶ᠎ᠡ ᠶᠢᠨ ᠠᠷᠡᠯᠵᠢᠶ᠎ᠠ ᠬᠤᠳᠠᠯᠳᠤᠭᠠᠨ ᠤ ᠪᠤᠳᠠᠰ ᠤᠨ ᠬᠦᠢᠯᠬᠡᠬᠡᠨ ᠤ ᠲᠦᠪ ᠢ ᠪᠠᠶᠢᠭᠤᠯᠵᠤ᠂ ᠡᠬᠦᠨ ᠢᠶᠠᠷ ᠰᠢᠶᠡᠨ ᠤ ᠬᠡᠪᠴᠢᠶᠡᠨ ᠤ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠬᠦᠳᠡᠯᠬᠡᠬᠦᠷ ᠬᠦᠴᠦᠨ ᠪᠤᠯᠭᠠᠨ᠎ᠠ᠃ ᠤᠮᠠᠷᠡᠳᠤ ᠤᠷᠤᠨ  ᠤ ᠠᠷᠡᠯᠵᠢᠶ᠎ᠠ ᠬᠤᠳᠠᠯᠳᠤᠭ᠎ᠠ ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ ᠲᠤᠭᠤᠷᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠵᠤ᠂ ᠲᠡᠭᠡᠭᠡᠪᠤᠷᠢ ᠶᠢᠨ ᠪᠤᠳᠠᠰ ᠤᠨ ᠬᠦᠢᠯᠬᠡᠬᠡᠨ ᠤ ᠦᠢᠯᠡᠰ ᠢ ᠬᠦᠴᠤᠳᠠᠢ ᠬᠦᠭᠵᠢᠬᠦᠯᠤᠨ᠂ ᠭᠤᠷᠪᠠᠳᠤᠭᠠᠷ ᠡᠳᠡᠭᠡᠳ ᠤᠨ ᠪᠤᠳᠠᠰ ᠤᠨ ᠬᠦᠢᠯᠬᠡᠬᠡᠨ᠂ ᠬᠦᠢᠳᠡᠨ ᠬᠡᠯᠬᠢᠶ᠎ᠡ ᠶᠢᠨ ᠪᠤᠳᠠᠰ ᠤᠨ ᠬᠦᠢᠯᠬᠡᠬᠡᠨ ᠵᠡᠷᠬᠡ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠬᠠᠶᠢᠨ ᠰᠦᠪᠡᠭᠴᠢᠯᠡᠵᠤ᠂ ᠬᠦᠷᠢᠶᠡᠯᠡᠩ ᠲᠤᠭᠤᠷᠢᠭ ᠢ ᠭᠡᠪᠴᠢᠶᠡᠵᠢᠬᠦᠯᠬᠦ᠂ ᠲᠤᠰᠬᠠᠶᠢᠵᠢᠭᠤᠯᠬᠤ ᠪᠠ ᠡᠷᠴᠢᠮᠵᠢᠬᠦᠯᠬᠦ ᠬᠦᠭᠵᠢᠯᠳᠡ ᠶᠢ ᠠᠬᠢᠭᠤᠯᠤᠨ᠎ᠠ᠃ ᠤᠳᠤ ᠦᠶ᠎ᠡ ᠶᠢᠨ ᠵᠠᠬ᠎ᠠ ᠲᠡᠯᠬᠡᠬᠦᠷ ᠤᠨ ᠰᠢᠰᠲ᠋ᠧᠮᠵᠢ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠤ᠂ ᠤᠷᠤᠨ ᠲᠤᠭᠤᠷᠢᠭ ᠤᠨ ᠴᠢᠨᠡᠷᠳᠡᠢ ᠶᠡᠷᠦᠩᠬᠡᠶᠢᠯᠡᠭᠰᠡᠨ ᠵᠠᠬ᠎ᠠ ᠲᠡᠯᠬᠡᠬᠦᠷ᠂ ᠪᠦᠬᠡᠮ ᠢᠶᠠᠷ ᠬᠤᠳᠠᠯᠳᠤᠬᠤ ᠲᠤᠰᠬᠠᠢ ᠵᠠᠬ᠎ᠠ  ᠲᠡᠯᠬᠡᠬᠦᠷ᠂ ᠲᠡᠷᠢᠶᠡᠯᠡᠩ ᠤᠨ ᠠᠷᠡᠯᠵᠢᠶᠠᠨ ᠤ ᠵᠠᠬ᠎ᠠ ᠲᠡᠯᠬᠡᠬᠦᠷ ᠢ ᠵᠦᠢ ᠵᠤᠬᠢᠰᠳᠠᠢ ᠪᠠᠶᠢᠷᠢᠰᠢᠭᠤᠯᠵᠤ᠂ ᠲᠡᠬᠢᠯᠳᠠ ᠡᠬᠢ ᠪᠠᠶᠠᠯᠢᠭ  ᠤᠨ ᠠᠵᠤ ᠦᠢᠯᠡᠰ ᠤᠨ ᠬᠦᠷᠢᠶᠡᠯᠡᠩ ᠤᠨ ᠨᠢᠬᠡᠳᠤᠭᠡᠷ ᠬᠤᠭᠤᠴᠠᠭ᠎ᠠ ᠪᠠ ︽ ᠢᠨ᠋ᠲ᠋ᠧᠷ ᠰᠦᠯᠵᠢᠶ᠎ᠡ +︾ ᠶᠢᠨ ᠲᠡᠷᠢᠶᠠᠯᠠᠩ ᠤᠨ ᠪᠦᠳᠤᠭᠡᠭᠳᠡᠬᠦᠨ ᠤ ᠬᠦᠢᠯᠬᠡᠬᠡ ᠶᠢᠨ ᠶᠡᠷᠦᠩᠬᠡᠢ ᠴᠤᠭᠴᠠ ᠶᠢᠨ ᠲᠦᠷᠦᠯ ᠵᠦᠢᠯ ᠢ ᠡᠬᠢᠯᠡᠬᠦᠯᠦᠨ᠂ ᠲᠦᠩ ᠢᠦᠢ ᠶᠢᠨ ᠨᠤᠭᠤᠭ᠎ᠠ ᠵᠢᠮᠢᠰ ᠤᠨ ᠲᠡᠷᠢᠶᠠᠯᠠᠩ ᠤᠨ ᠠᠷᠡᠯᠵᠢᠶᠡᠨ ᠤ ᠵᠠᠬ᠎ᠠ ᠲᠡᠯᠭᠡᠬᠦᠷ ᠢ ᠪᠠᠷᠢᠮᠵᠢᠶᠠᠵᠢᠭᠤᠯᠬᠤ ᠦᠬᠡᠷᠡᠴᠢᠯᠡᠯᠳᠡ ᠶᠢ ᠬᠡᠷᠡᠭᠵᠢᠬᠦᠯᠦᠨ᠎ᠡ᠃ ᠰᠢᠶᠡᠩ ᠪᠠᠯᠭᠠᠰᠤ ᠶᠢᠨ ᠲᠤᠰᠬᠠᠢ ᠵᠠᠬ᠎ᠠ ᠲᠡᠯᠬᠡᠬᠦᠷ ᠢ ᠲᠡᠰ ᠲᠡᠪᠰᠢᠬᠦᠯᠦᠨ ᠲᠡᠬᠦᠯᠳᠡᠷᠵᠢᠬᠦᠯᠵᠤ᠂ ᠦᠨᠳᠤᠰᠤᠨ ᠱᠠᠳᠤᠨ ᠤ ᠬᠠᠩᠭᠠᠨ ᠪᠤᠷᠤᠯᠠᠭᠤᠯᠬᠤ ᠰᠢᠰᠲ᠋ᠧᠮᠵᠢ ᠶᠢᠨ ᠪᠠᠶᠢᠭᠤᠯᠤᠯᠳᠠ ᠶᠢ ᠠᠬᠢᠭᠤᠯᠤᠨ᠎ᠠ᠃ ᠲᠦᠷᠬᠡᠨ ᠭᠤᠶᠢᠪᠢᠭᠤᠯᠭ᠎ᠠ ᠶᠢᠨ ᠠᠵᠢᠯ ᠲᠦᠷᠦᠯ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠲᠠᠶᠢᠵᠠ ᠶᠢᠨ ᠪᠠᠶᠢᠭᠤᠯᠤᠯᠳᠠ ᠶᠢ ᠠᠬᠢᠭᠤᠯᠤᠨ᠂ ᠲᠤᠤᠷ ᠰᠦᠯᠵᠢᠶ᠎ᠡ  ᠶᠢᠨ ᠲᠡᠯᠭᠡᠬᠦᠷ᠂ ᠲᠤᠰ ᠬᠤᠳᠠᠨ ᠳᠠᠭᠠᠨ ᠲᠤᠬᠢᠷᠠᠭᠤᠯᠵᠤ ᠬᠦᠷᠬᠡᠬᠦ᠂ ᠶᠡᠷᠦᠩᠬᠡᠶᠢᠯᠡᠭᠰᠡᠨ ᠲᠤᠷᠰᠢᠨ ᠦᠵᠡᠬᠦ  ᠲᠡᠯᠬᠡᠬᠦᠷ ᠵᠡᠷᠬᠡ ᠶᠢ  ᠬᠦᠭᠵᠢᠬᠦᠯᠦᠨ᠎ᠡ᠃ ᠨᠡᠶᠢᠬᠡᠮ ᠲᠤᠭᠤᠷᠢᠭ᠂  ᠬᠡᠷ ᠤᠨ ᠶᠠᠪᠤᠳᠠᠯ᠂ ᠨᠠᠰᠤᠳᠠᠨ ᠢ ᠠᠰᠠᠷᠡᠬᠤ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ᠂ ᠰᠤᠶᠤᠯ ᠲᠤᠭᠯᠠᠭᠠᠮ ᠵᠡᠷᠬᠡ ᠶᠢᠨ ᠦᠢᠯᠡᠴᠢᠯᠡᠬᠡᠨ ᠢ ᠢᠳᠡᠪᠬᠢᠳᠠᠢ ᠬᠦᠭᠵᠢᠬᠦᠯᠤᠨ᠎ᠠ᠃ ᠵᠤᠭᠠᠴᠠᠯ ᠤᠨ ᠲᠦᠬᠦᠷᠵᠢᠭᠰᠡᠨ ᠦᠢᠯᠡᠴᠢᠯᠡᠬᠡᠨ ᠤ ᠲᠦᠬᠦᠬᠡᠷᠦᠮᠵᠢ ᠶᠢ ᠰᠠᠶᠢᠵᠢᠷᠠᠭᠤᠯᠵᠤ᠂ ᠤᠯᠠᠭᠠᠨᠬᠠᠳᠠ ᠶᠢᠨ ᠵᠤᠭᠠᠴᠠᠯ ᠤᠨ ᠬᠦᠭᠵᠢᠯᠳᠡ ᠯᠤᠭ᠎ᠠ ᠨᠡᠶᠢᠯᠡᠯᠴᠡᠬᠦᠯᠦᠨ᠂ ᠵᠤᠭᠠᠴᠠᠯ ᠤᠨ ᠦᠢᠯᠡᠰ ᠢ ᠪᠠᠶᠢᠷᠢ ᠰᠤᠯᠢᠪᠴᠠᠭᠤᠯᠤᠨ ᠡᠵᠡᠩᠨᠡᠵᠤ᠂ ᠬᠠᠷᠢᠯᠴᠠᠨ ᠨᠦᠬᠦᠪᠦᠷᠢᠯᠡᠵᠤ ᠬᠦᠭᠵᠢᠬᠦᠯᠦᠨ᠎ᠡ᠃  ᠴᠢ ᠾᠧ ᠲᠠᠩ ᠦᠪᠤᠷ ᠮᠤᠩᠭᠤᠯ ᠤᠨ ᠵᠢᠯᠢᠭ ᠵᠢᠮᠢᠰ ᠲᠡᠬᠦᠬᠦ ᠬᠦᠷᠢᠶᠡᠯᠡᠩ ᠤᠨ ᠬᠡᠪ ᠵᠠᠭᠪᠤᠷ ᠢ ᠲᠡᠯᠭᠡᠷᠡᠬᠦᠯᠵᠤ᠂ ᠰᠢᠶᠡᠨ ᠤ ᠬᠤᠳᠠ ᠶᠢᠨ ᠡᠷᠬᠢᠨ ᠲᠤᠭᠤᠷᠢᠨ ᠤ 15 ᠺᠢᠯᠤᠮᠧᠲᠷ ᠤᠨ ᠬᠡᠪᠴᠢᠶᠡᠨ ᠲᠤᠳᠤᠷᠡᠬᠢ ᠲᠡᠷᠢᠶᠡᠴᠢᠨ ᠠᠶᠢᠯ ᠤᠨ ᠪᠠᠶᠠᠰᠤᠯ ᠵᠤᠭᠠᠴᠠᠨ ᠰᠡᠯᠡᠬᠦᠴᠡᠬᠦ ᠬᠦᠷᠢᠶᠡᠯᠡᠩ ᠢ ᠴᠤᠭᠴᠠᠯᠠᠨ ᠪᠠᠶᠢᠭᠤᠯᠤᠨ᠎ᠠ᠃     ︵ ᠲᠦᠷᠪᠡ︶ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠎ᠠ     ᠲᠦᠷᠦᠯ ᠵᠦᠢᠯ ᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠨ᠎ᠠ᠃ ᠤᠯᠤᠰ᠂ ᠦᠪᠡᠷᠳᠡᠭᠡᠨ ᠵᠠᠰᠠᠬᠤ ᠤᠷᠤᠨ ᠪᠤᠯᠤᠨ ᠤᠯᠠᠭᠠᠨᠬᠠᠳᠠ ᠬᠤᠳᠠ ᠶᠢᠨ ︽ ᠠᠷᠪᠠᠨ ᠭᠤᠷᠪᠠᠳᠤᠭᠠᠷ ᠲᠠᠪᠤᠨ ᠵᠢᠯ ᠤᠨ︾ ᠲᠦᠯᠦᠪᠵᠢᠬᠦᠯᠬᠡ ᠶᠢ ᠨᠠᠷᠢᠨ  ᠬᠢᠨᠠᠮᠠᠭᠠᠢ ᠰᠤᠳᠤᠯᠵᠤ᠂ ᠤᠯᠤᠰ ᠤᠨ ᠲᠦᠷᠦ ᠶᠢᠨ ᠪᠤᠳᠤᠯᠭ᠎ᠠ ᠶᠢᠨ ᠲᠠᠭᠠᠭᠤᠯᠭ᠎ᠠ ᠳᠤ ᠨᠡᠶᠢᠴᠡᠭᠰᠡᠨ᠂ ᠦᠪᠡᠷᠳᠡᠬᠡᠨ ᠵᠠᠰᠠᠬᠤ ᠤᠷᠤᠨ ᠤ ᠪᠠᠶᠢᠯᠳᠤᠬᠤ ᠪᠤᠳᠤᠯᠭ᠎ᠠ ᠶᠢᠨ ᠤᠷᠤᠭᠤᠯᠤᠯᠳᠠ ᠶᠢᠨ ᠴᠢᠭᠯᠡᠯ ᠯᠤᠭ᠎ᠠ ᠵᠤᠯᠭᠠᠯᠳᠤᠭᠰᠠᠨ ᠨᠢᠬᠡ ᠪᠦᠯᠦᠭ ᠲᠦᠷᠦᠯ ᠵᠦᠢᠯ ᠢ ᠬᠠᠶᠢᠨ ᠰᠦᠪᠡᠭᠴᠢᠯᠡᠵᠤ᠂ ᠲᠡᠭᠡᠷ᠎ᠡ ᠭᠤᠷᠪᠠᠨ ᠱᠠᠳᠤᠨ ᠤ ᠲᠦᠯᠦᠪᠵᠢᠬᠦᠯᠬᠡ ᠳᠤ ᠤᠷᠤᠭᠤᠯᠬᠤ ᠪᠠᠷ ᠬᠦᠴᠦᠯᠡᠨ ᠴᠢᠷᠮᠠᠶᠢᠵᠤ᠂ ᠢᠯᠠᠩᠭᠤᠶ᠎ᠠ ᠰᠢᠨ᠎ᠡ ᠡᠨᠧᠷᠬᠢ᠂ ᠰᠢᠨ᠎ᠡ ᠮᠡᠷᠬᠡᠵᠢᠯ ᠂ ᠰᠢᠨ᠎ᠡ ᠮᠠᠲ᠋ᠧᠷᠢᠶᠠᠯ ᠵᠡᠷᠬᠡ ᠲᠠᠯ᠎ᠠ ᠪᠠᠷ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠂ ᠬᠦᠭᠵᠢᠯᠳᠡ ᠶᠢᠨ ᠨᠦᠬᠡᠴᠡ ᠬᠦᠴᠦᠨ ᠢᠶᠠᠨ ᠲᠡᠰᠤᠷᠠᠯᠳᠠ ᠦᠭᠡᠢ ᠲᠡᠭᠡᠭᠰᠢᠯᠡᠬᠦᠯᠦᠨ᠎ᠡ᠃ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠪᠠᠷ ᠲᠦᠰᠢᠭ ᠪᠤᠯᠭᠠᠨ᠂ ᠤᠯᠤᠰ ᠤᠨ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ᠂ ᠤᠷᠴᠢᠨ ᠲᠤᠭᠤᠷᠢᠨ ᠢ ᠬᠠᠮᠠᠭᠠᠯᠠᠬᠤ᠂ ᠰᠢᠨ᠎ᠡ ᠬᠦᠳᠡᠭᠡ ᠲᠤᠰᠬᠤᠨ ᠢ ᠴᠤᠭᠴᠠᠯᠠᠨ ᠪᠠᠶᠢᠭᠤᠯᠬᠤ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠤᠰᠤᠨ ᠠᠰᠢᠭᠯᠠᠯᠳᠠ ᠶᠢᠨ ᠬᠦᠷᠢᠶ᠎ᠡ ᠬᠡᠪᠴᠢᠶᠡᠨ ᠤ ᠲᠠᠯ᠎ᠠ ᠪᠠᠷ ᠲᠦᠪ ᠤᠨ ᠲᠦᠰᠦᠪ ᠤᠨ ᠲᠤᠳᠤᠷᠡᠬᠢ ᠪᠡᠯᠡ ᠮᠦᠩᠬᠦ ᠶᠢᠨ ᠨᠢᠭᠳᠠᠴᠠ ᠶᠢ ᠨᠡᠮᠡᠭᠳᠡᠬᠦᠯᠵᠤ ᠪᠠᠶᠢᠭ᠎ᠠ ᠠᠵᠠ ᠲᠤᠬᠢᠶᠠᠯ ᠢ ᠴᠢᠩᠭ᠎ᠠ ᠡᠵᠡᠮᠳᠡᠵᠤ᠂ ᠲᠦᠷᠦᠯ ᠵᠦᠢᠯ ᠡᠷᠢᠯᠬᠢᠯᠡᠬᠦ ᠪᠠ ᠪᠡᠯᠡ ᠮᠦᠩᠬᠦ ᠤᠯᠬᠤ ᠪᠠᠷ ᠬᠦᠴᠦᠯᠡᠨ ᠴᠢᠷᠮᠠᠶᠢᠵᠤ᠂ ᠪᠡᠯᠡ ᠮᠦᠩᠬᠦ ᠤᠯᠬᠤ ᠶᠡᠷᠦᠩᠬᠡᠢ ᠬᠡᠮᠵᠢᠶ᠎ᠡ ᠪᠠᠨ ᠨᠡᠮᠡᠭᠳᠡᠬᠦᠯᠦᠨ᠂ ᠲᠦᠷᠦᠯ ᠵᠦᠢᠯ ᠤᠨ ᠪᠦᠳᠤᠬᠦ ᠨᠤᠷᠮ᠎ᠠ ᠶᠢ ᠲᠡᠭᠡᠭᠰᠢᠯᠡᠬᠦᠯᠦᠨ᠎ᠡ᠃ 5000 ᠲᠦᠮᠡᠨ ᠲᠦᠬᠦᠷᠢᠭ ᠠᠴᠠ ᠲᠡᠭᠡᠭᠰᠢᠬᠢ 39 ᠲᠦᠷᠦᠯ ᠵᠦᠢᠯ ᠢ ᠬᠡᠷᠡᠭᠵᠢᠬᠦᠯᠵᠤ᠂ 56.9 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠃ ᠰᠠᠭᠤᠷᠢ ᠲᠠᠢ ᠪᠦᠬᠡᠳ ᠠᠯᠤᠰ ᠭᠡᠳᠤ ᠶᠢᠨ ᠠᠰᠢᠭ ᠲᠤᠰᠠ ᠲᠠᠢ ᠨᠢᠬᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠳᠤᠷ ᠴᠢᠮᠡᠭᠯᠡᠵᠤ᠂ ᠤᠯᠤᠰ ᠤᠨ ᠲᠡᠰ ᠤᠨ PPP ᠦᠯᠢᠬᠡᠷ ᠵᠢᠱᠢᠶ᠎ᠡ ᠲᠦᠷᠦᠯ ᠵᠦᠢᠯ ᠳᠤ ᠤᠷᠤᠭᠤᠯᠬᠤ ᠪᠠᠷ ᠴᠢᠷᠮᠠᠶᠢᠨ᠂ ᠭᠠᠳᠠᠨ᠎ᠠ ᠶᠢᠨ ᠪᠡᠯᠡ ᠮᠦᠩᠬᠦ ᠶᠢ ᠲᠠᠳᠠᠨ ᠠᠪᠴᠢᠷᠡᠵᠤ᠂ ᠲᠤᠳᠤᠨᠠᠬᠢ ᠪᠡᠯᠡ ᠮᠦᠩᠬᠦ ᠪᠠᠨ ᠨᠡᠶᠢᠯᠡᠬᠦᠯᠦᠨ᠂ ᠤᠯᠠᠨ ᠨᠡᠶᠢᠳᠡ ᠶᠢᠨ ᠰᠠᠭᠤᠷᠢ ᠲᠦᠬᠦᠬᠡᠷᠦᠮᠵᠢ ᠶᠢᠨ ᠪᠦᠳᠤᠭᠡᠨ ᠪᠠᠶᠢᠭᠤᠯᠤᠯᠳᠠ ᠶᠢᠨ ᠠᠬᠢᠴᠠ ᠪᠠᠨ ᠲᠦᠷᠭᠡᠳᠬᠡᠨ᠎ᠡ᠃     ᠲᠤᠮᠤ ᠴᠢᠬᠤᠯᠠ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠬᠦᠴᠤᠳᠠᠢ ᠠᠳᠬᠤᠨ᠎ᠠ᠃ ᠳ᠋ᠦᠩ ᠲᠠᠢ ᠽᠢ ᠴᠦᠬᠦᠷᠦᠮ ᠤᠨ ᠤᠷᠴᠢᠨ ᠲᠤᠭᠤᠷᠢᠨ ᠤ ᠨᠦᠯᠦᠬᠡ ᠶᠢᠨ ᠦᠨᠡᠯᠡᠯᠳᠡ᠂ ᠤᠰᠤᠨ ᠤ ᠡᠬᠢ ᠪᠠᠶᠠᠯᠢᠭ ᠤᠨ ᠲᠤᠰᠬᠠᠢ ᠲᠦᠷᠦᠯ ᠤᠨ ᠬᠢᠨᠠᠨ ᠪᠠᠶᠢᠴᠠᠭᠠᠯᠳᠠ ᠵᠡᠷᠬᠡ ᠡᠮᠤᠨ᠎ᠡ ᠬᠤᠭᠤᠴᠠᠭᠠᠨ ᠤ ᠠᠵᠢᠯ ᠢ ᠱᠠᠯᠠᠪᠳᠠᠨ ᠬᠢᠵᠤ᠂ ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠠᠯ ᠢᠶᠠᠷ ᠲᠦᠷᠦᠯ ᠵᠦᠢᠯ ᠢ ᠲᠡᠷᠦᠢ ᠲᠦᠷᠬᠡᠨ ᠲᠤᠭᠳᠠᠭᠠᠯᠭᠠᠵᠤ ᠴᠤᠬᠤᠯᠠᠪᠤᠷᠢᠯᠠᠨ ᠪᠠᠳᠤᠯᠠᠭᠤᠯᠬᠤ ᠶᠢ ᠪᠡᠶᠡᠯᠡᠬᠦᠯᠦᠨ᠂ 6 ᠳ᠋ᠤᠭᠠᠷ ᠰᠠᠷ᠎ᠡ ᠳᠤ ᠪᠦᠳᠤᠭᠡᠨ ᠪᠠᠶᠢᠭᠤᠯᠤᠯᠳᠠ ᠶᠢ ᠡᠬᠢᠯᠡᠬᠦᠯᠬᠦ ᠪᠠᠷ ᠴᠢᠷᠮᠠᠶᠢᠵᠤ᠂ 2 ᠳ᠋ᠦᠩᠰᠢᠭᠤᠷ ᠲᠦᠬᠦᠷᠢᠭ ᠪᠡᠯᠡ ᠤᠷᠤᠭᠤᠯᠵᠤ ᠴᠦᠬᠦᠷᠦᠮ ᠤᠨ ᠤᠷᠤᠨ ᠤ ᠭᠠᠵᠡᠷ ᠢ ᠲᠠᠳᠠᠪᠤᠷᠢᠯᠠᠵᠤ᠂ ᠨᠤᠷᠠᠭᠠᠵᠤ ᠨᠡᠬᠦᠯᠬᠡᠬᠦ ᠪᠠ ᠭᠤᠷᠪᠠ ᠶᠢ ᠨᠡᠪᠳᠡᠷᠡᠬᠦᠯᠵᠤ ᠨᠢᠬᠡ ᠶᠢ ᠲᠡᠭᠰᠢᠯᠡᠬᠦ ᠠᠵᠢᠯ ᠢ ᠲᠠᠭᠤᠰᠬᠠᠬᠤ ᠪᠠᠷ ᠴᠢᠷᠮᠠᠶᠢᠨ᠎ᠠ᠃ 6 ᠳ᠋ᠦᠩᠰᠢᠭᠤᠷ ᠲᠦᠬᠦᠷᠢᠭ ᠪᠡᠯᠡ ᠤᠷᠤᠭᠤᠯᠵᠤ ᠯᠢᠨᠰᠢ ᠠᠴᠠ ᠳ᠋ᠠ ᠱᠦᠢ ᠪᠦᠸᠧ ᠯᠦᠸᠧ ᠬᠦᠷᠬᠦ ᠨᠢᠬᠡᠳᠤᠭᠡᠷ ᠲᠡᠰ ᠤᠨ ᠵᠠᠰᠠᠮᠠᠯ ᠵᠠᠮ ᠤᠨ ᠵᠠᠮ ᠤᠨ ᠰᠠᠭᠤᠷᠢ ᠶᠢ ᠲᠡᠪᠢᠰᠬᠦ ᠪᠠ ᠬᠡᠰᠡᠭ ᠪᠦᠯᠦᠭ ᠬᠦᠬᠦᠷᠬᠡ ᠪᠠᠷᠢᠬᠤ ᠠᠵᠢᠯ ᠢ ᠲᠠᠭᠤᠰᠬᠠᠨ᠎ᠠ᠃ ᠯᠢᠨᠰᠢ ᠠᠴᠠ ᠳ᠋ᠠᠪᠠᠨ ᠬᠦᠷᠬᠦ ᠨᠢᠬᠡᠳᠤᠭᠡᠷ ᠲᠡᠰ ᠤᠨ ᠵᠠᠰᠠᠮᠠᠯ ᠵᠠᠮ ᠢ ᠲᠡᠪᠢᠰᠤᠨ ᠲᠡᠷᠬᠡ ᠨᠡᠪᠳᠡᠷᠡᠬᠦᠯᠬᠦ ᠶᠢ ᠪᠠᠳᠤᠯᠠᠨ᠎ᠠ  ᠃ ᠨᠢᠰᠬᠡᠯ ᠤᠨ ᠪᠠᠭᠤᠳᠠᠯ ᠤᠨ ᠰᠠᠯᠪᠤᠷᠢ ᠵᠠᠮ ᠤᠨ ᠡᠮᠤᠨ᠎ᠡ ᠬᠤᠭᠤᠴᠠᠭᠠᠨ ᠤ ᠠᠵᠢᠯ ᠢ ᠲᠦᠷᠬᠡᠳᠬᠡᠵᠤ᠂ ᠲᠦᠰᠦᠪᠯᠡᠭᠰᠡᠨ ᠪᠤᠯᠤᠮᠵᠢᠳᠤ ᠰᠤᠳᠤᠯᠭᠠᠨ ᠢᠶᠠᠨ ᠤᠯᠤᠰ ᠤᠨ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠠᠯ ᠢᠶᠠᠷ ᠬᠢᠨᠠᠨ ᠲᠤᠭᠳᠠᠭᠠᠯᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶ᠎ᠠ ᠪᠠᠷ ᠲᠦᠷᠦᠯ ᠵᠦᠢᠯ ᠢ ᠲᠤᠭᠳᠠᠭᠠᠯᠭᠠᠵᠤ  ᠴᠤᠬᠤᠯᠠᠪᠤᠷᠢᠯᠠᠭᠤᠯᠬᠤ ᠪᠠᠷ ᠴᠢᠷᠮᠠᠶᠢᠨ᠎ᠠ᠃ ᠵᠠᠰᠠᠮᠠᠯ ᠵᠠᠮ᠂ ᠲᠡᠮᠦᠷ ᠵᠠᠮ ᠤᠨ ᠲᠤᠤᠷ ᠰᠦᠯᠵᠢᠶ᠎ᠡ ᠪᠤᠯᠤᠨ ᠬᠤᠳᠠ  ᠶᠢᠨ ᠡᠮᠤᠨᠡᠬᠢ ᠰᠢᠨ᠎ᠡ ᠲᠤᠭᠤᠷᠢᠭ ᠤᠨ ᠰᠠᠭᠤᠷᠢ ᠲᠦᠬᠦᠬᠡᠷᠦᠮᠵᠢ ᠶᠢᠨ ᠪᠦᠳᠤᠭᠡᠨ ᠪᠠᠶᠢᠭᠤᠯᠤᠯᠳᠠ ᠶᠢᠨ ᠲᠤᠭᠤᠷᠢᠨ  ᠳᠤ᠂ ᠠᠵᠤ ᠦᠢᠯᠡᠳᠪᠤᠷᠢ ᠠᠷᠡᠯᠵᠢᠶ᠎ᠡ ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ ᠲᠤᠭᠤᠷᠢᠭ ᠢ ᠲᠡᠬᠦᠯᠳᠡᠷᠵᠢᠬᠦᠯᠵᠤ᠂ ᠠᠵᠤ ᠦᠢᠯᠡᠳᠪᠤᠷᠢ ᠠᠷᠡᠯᠵᠢᠶ᠎ᠠ ᠶᠢ ᠬᠠᠷᠢᠯᠴᠠᠨ ᠦᠢᠯᠡᠳᠤᠯᠴᠡᠬᠦᠯᠵᠤ᠂ ᠠᠵᠤ ᠦᠢᠯᠡᠰ ᠢ ᠬᠠᠷᠢᠯᠴᠠᠨ ᠨᠦᠬᠦᠪᠦᠷᠢᠯᠡᠬᠦᠯᠤᠨ᠂ ᠦᠢᠯᠡᠴᠢᠯᠡᠬᠡᠨ ᠢ ᠨᠢ ᠲᠦᠬᠦᠷᠵᠢᠬᠦᠯᠵᠤ ᠦᠢᠯᠡᠳᠬᠦᠨ ᠢ ᠨᠢ ᠲᠦᠪᠯᠡᠷᠡᠬᠦᠯᠦᠨ ᠲᠠᠷᠬᠠᠭᠠᠬᠤ ᠶᠢ ᠨᠢᠬᠡ ᠴᠤᠭᠴᠠ ᠪᠤᠯᠭᠠᠭᠰᠠᠨ ᠦᠢᠯᠡᠴᠢᠯᠡᠬᠡᠨ ᠤ ᠲᠠᠶᠢᠵᠠ ᠶᠢ ᠴᠤᠭᠴᠠᠯᠠᠨ ᠪᠠᠶᠢᠭᠤᠯᠤᠨ᠎ᠠ᠃     ︵ ᠲᠠᠪᠤ︶ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠤᠯᠳᠠᠢ ᠲᠦᠯᠦᠪᠵᠢᠬᠦᠯᠦᠨ᠎ᠡ     ︽ ᠬᠤᠳᠠ ᠶᠢᠨ ᠶᠡᠷᠦᠩᠬᠡᠢ ᠲᠦᠯᠦᠪᠵᠢᠬᠦᠯᠬᠡ ︵ 2015 —2030 ᠤᠨ︶ ᠶᠢ ᠵᠠᠰᠠᠨ ᠨᠠᠶᠢᠷᠠᠭᠤᠯᠬᠤ︾ ᠪᠠ ︽ ᠯᠢᠨᠰᠢ ᠰᠢᠶᠡᠨ ᠤ ᠦᠢᠷ᠎ᠡ ᠶᠢᠨ ᠬᠤᠭᠤᠴᠠᠭᠠᠨ ᠤ ᠪᠦᠳᠤᠭᠡᠨ ᠪᠠᠶᠢᠭᠤᠯᠤᠯᠳᠠ ᠶᠢᠨ ᠲᠦᠯᠦᠪᠵᠢᠬᠦᠯᠬᠡ︾  ᠶᠢ ᠪᠡᠶᠡᠯᠡᠬᠦᠯᠵᠤ᠂ ᠬᠤᠳᠠ ᠶᠢᠨ 4.46 ᠲᠡᠭᠰᠢ ᠲᠦᠷᠪᠡᠯᠵᠢᠨ ᠺᠢᠯᠤᠮᠧᠲᠷ ᠪᠦᠷᠭᠡ ᠬᠡᠷ ᠢ ᠦᠬᠡᠷᠡᠴᠢᠯᠠᠬᠦ ᠬᠢᠵᠠᠭᠠᠷᠯᠠᠬᠤ ᠲᠦᠯᠦᠪᠵᠢᠬᠦᠯᠬᠡ᠂ 20 ᠲᠦᠮᠡᠨ ᠲᠡᠭᠰᠢ ᠲᠦᠷᠪᠡᠯᠵᠢᠨ ᠮᠧᠲᠷ ᠵᠠᠰᠠᠯᠭ᠎ᠠ ᠶᠢᠨ ᠴᠢᠨᠡᠷᠳᠡᠢ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ᠂ ᠬᠢᠵᠠᠭᠠᠷᠯᠠᠬᠤ ᠲᠦᠯᠦᠪᠵᠢᠬᠦᠯᠬᠡ ᠶᠢᠨ ᠪᠦᠷᠬᠦᠴᠡ ᠶᠢᠨ ᠨᠤᠷᠮ᠎ᠠ  ᠶᠢ 70% ᠳᠤ ᠬᠦᠷᠬᠡᠬᠦ ᠪᠠᠷ ᠴᠢᠷᠮᠠᠶᠢᠨ᠎ᠠ᠃ ᠯᠢᠨᠰᠢ ᠵᠠᠮ᠂ ᠷᠤᠤ ᠵᠸᠦ ᠵᠡᠬᠡᠯᠢ ᠵᠡᠷᠬᠡ ᠭᠤᠤᠯ ᠱᠤᠭᠤᠮ ᠢ ᠦᠬᠡᠷᠡᠴᠢᠯᠠᠨ ᠪᠠᠶᠢᠭᠤᠯᠬᠤ ᠶᠢ ᠬᠡᠷᠡᠭᠵᠢᠬᠦᠯᠵᠤ᠂ ᠯᠧᠩ ᠱᠠᠨ᠂ ᠰᠦᠩ ᠮᠦᠸᠧ᠂ ᠸᠧᠢ ᠰᠠᠨ ᠵᠡᠬᠡᠯᠢ ᠠᠴᠠ ᠪᠠᠷᠠᠭᠤᠨ ᠠᠭᠤᠯᠠ ᠶᠢᠨ ᠴᠡᠴᠡᠷᠯᠢᠭ ᠬᠦᠷᠬᠦ ᠬᠤᠳᠠ ᠲᠤᠭᠤᠷᠢᠭ ᠤᠨ ᠭᠤᠷᠪᠠᠨ ᠵᠤᠷᠪᠤᠰ ᠬᠤᠯᠪᠤᠯᠳᠠ ᠶᠢᠨ ᠵᠠᠮ ᠢ ᠰᠢᠨ᠎ᠡ ᠪᠠᠷ ᠵᠠᠰᠠᠵᠤ᠂ 16 ᠵᠡᠬᠡᠯᠢ ᠭᠤᠳᠤᠮᠵᠢ ᠶᠢ ᠦᠬᠡᠷᠡᠴᠢᠯᠡᠨ ᠪᠠᠶᠢᠭᠤᠯᠤᠨ᠎ᠠ᠃ ᠶᠠᠩ ᠴᠠᠩ ᠽᠢ ᠭᠤᠤᠯ᠂ ᠭᠠᠯᠳᠠᠰᠤᠳᠠᠢ ᠭᠤᠤᠯ ᠤᠨ ᠬᠤᠳᠠ ᠲᠤᠭᠤᠷᠢᠭᠰᠠᠨ ᠤᠰᠤᠨ ᠰᠢᠰᠲ᠋ᠧᠮ ᠵᠢᠴᠢ ᠭᠤᠤᠯ ᠤᠨ ᠡᠷᠬᠢ ᠶᠢᠨ ᠦᠵᠡᠮᠵᠢ  ᠶᠢᠨ ᠪᠦᠰᠡ ᠶᠢᠨ ᠪᠦᠳᠤᠭᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠬᠤᠳᠠ ᠶᠢᠨ ᠡᠮᠤᠨᠡᠬᠢ ᠰᠢᠨ᠎ᠡ ᠲᠤᠭᠤᠷᠢᠭ ᠤᠨ ᠵᠠᠮ ᠤᠨ ᠲᠤᠤᠷᠵᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠤ᠂ 6 ᠵᠤᠷᠪᠤᠰ ᠵᠠᠮ ᠢ ᠰᠢᠨ᠎ᠡ ᠪᠠᠷ ᠵᠠᠰᠠᠨ᠎ᠠ᠃ ᠬᠤᠳᠠ ᠲᠤᠭᠤᠷᠢᠭ ᠤᠨ ᠬᠡᠳᠤ ᠲᠤᠳᠤ ᠬᠠᠷᠠᠭᠠᠨ ᠲᠡᠪᠳᠠᠮᠵᠢ ᠶᠢᠨ ᠬᠢᠨᠠᠨ ᠡᠵᠡᠮᠳᠡᠬᠦᠷ ᠤᠨ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠬᠡᠷᠡᠭᠵᠢᠬᠦᠯᠵᠤ᠂ ᠤᠶᠤᠨᠴᠢ ᠬᠤᠳᠠ ᠶᠢ ᠡᠬᠦᠳᠤᠨ ᠪᠠᠶᠢᠭᠤᠯᠬᠤ ᠳᠤ ᠰᠠᠭᠤᠷᠢ ᠲᠠᠯᠪᠢᠨ᠎ᠠ᠃ ᠬᠤᠳᠠ ᠶᠢᠨ ᠠᠮᠢ ᠠᠬᠤᠢ ᠶᠢ ᠰᠡᠷᠬᠦᠬᠡᠵᠤ᠂ ᠬᠠᠶᠢᠮᠢᠶᠠᠨ ᠬᠤᠳᠠ ᠶᠢ ᠴᠤᠭᠴᠠᠯᠠᠨ ᠪᠠᠶᠢᠭᠤᠯᠤᠨ᠎ᠠ᠃ ᠬᠤᠳᠠ ᠶᠢᠨ ᠬᠠᠮᠢᠶᠠᠷᠤᠯᠳᠠ ᠶᠢᠨ ᠤᠷᠤᠭᠤᠯᠤᠯᠳᠠ ᠪᠠᠨ ᠨᠡᠮᠡᠭᠳᠡᠬᠦᠯᠵᠤ᠂ ᠬᠤᠳᠠ ᠶᠢᠨ ᠬᠠᠮᠢᠶᠠᠷᠤᠯᠳᠠ ᠶᠢᠨ ᠤᠷᠳᠤ ᠬᠤᠭᠤᠴᠠᠭᠠᠨ ᠤ ᠪᠦᠳᠤᠮᠵᠢᠳᠤ ᠲᠤᠭᠳᠠᠯᠴᠠᠭ᠎ᠠ ᠶᠢ ᠲᠡᠬᠦᠯᠳᠡᠷᠵᠢᠬᠦᠯᠦᠨ᠎ᠡ᠃     ᠬᠦᠳᠡᠭᠡ ᠲᠤᠰᠬᠤᠨ ᠢ ᠠᠪᠴᠢᠭᠤᠯᠤᠨ ᠰᠢᠯᠵᠢᠬᠦᠯᠬᠦ ᠪᠠ ᠲᠦᠪᠯᠡᠷᠡᠬᠦᠯᠦᠨ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠲᠤᠤᠱᠯᠠᠭᠤᠯᠵᠤ᠂ ᠲᠡᠷᠢᠶᠡᠴᠢᠳ ᠤᠨ ᠤᠷᠤᠯᠭ᠎ᠠ ᠶᠢ ᠨᠡᠮᠡᠭᠳᠡᠬᠦᠯᠬᠦ᠂ ᠬᠦᠳᠡᠭᠡ ᠲᠤᠰᠬᠤᠨ ᠤ ᠤᠷᠴᠢᠨ ᠲᠤᠭᠤᠷᠢᠨ ᠢ ᠰᠠᠶᠢᠵᠢᠷᠠᠭᠤᠯᠬᠤ᠂ ᠤᠯᠠᠨ ᠨᠡᠶᠢᠳᠡ ᠶᠢᠨ ᠦᠢᠯᠡᠴᠢᠯᠡᠬᠡᠨ ᠢ ᠤᠷᠤᠨ ᠪᠠᠶᠢᠷᠢ ᠳᠤ ᠬᠦᠷᠭᠡᠬᠦ ᠶᠡᠷᠦᠩᠬᠡᠢ ᠱᠠᠭᠠᠷᠳᠠᠯᠭ᠎ᠠ ᠶᠤᠰᠤᠭᠠᠷ᠂ ᠡᠳ᠋ ᠤᠨ ᠵᠠᠰᠠᠭ ᠠᠴᠠ ᠲᠡᠮᠵᠢᠬᠦ᠂ ᠲᠦᠷᠦᠯ ᠵᠦᠢᠯ ᠢ ᠴᠡᠭᠴᠡᠯᠡᠨ ᠨᠡᠶᠢᠯᠡᠬᠦᠯᠬᠦ᠂ ᠮᠦᠩᠬᠦᠨ ᠬᠦᠢᠯᠬᠡᠬᠡᠨ ᠤ ᠵᠢᠬᠡᠯᠡᠯᠬᠡ᠂ ᠤᠯᠠᠨ ᠲᠦᠮᠡᠨ ᠦᠪᠡᠰᠤᠪᠡᠨ ᠴᠤᠭᠯᠠᠭᠤᠯᠬᠤ᠂ ᠨᠡᠶᠢᠬᠡᠮ ᠠᠴᠠ ᠪᠡᠯᠡ ᠤᠷᠤᠭᠤᠯᠬᠤ ᠵᠡᠷᠬᠡ ᠲᠠᠯ᠎ᠠ ᠪᠠᠷ 15.9 ᠳ᠋ᠦᠩᠰᠢᠭᠤᠷ ᠲᠦᠬᠦᠷᠢᠭ ᠪᠡᠯᠡ ᠮᠦᠩᠬᠦ ᠬᠤᠷᠠᠮᠳᠤᠭᠤᠯᠵᠤ᠂ 471 ᠠᠶᠢᠯ ᠲᠤᠰᠬᠤᠨ ᠳᠤ ︽ ᠠᠷᠪᠠ ᠶᠢ ᠨᠡᠶᠢᠳᠡᠮ ᠪᠦᠷᠬᠦᠬᠦᠯᠬᠦ︾ ᠢᠨᠵᠧᠨᠧᠷᠢᠩ ᠢ ᠬᠡᠷᠡᠭᠵᠢᠬᠦᠯᠦᠨ᠎ᠡ᠃ ᠡᠬᠦᠨ ᠳᠤ 164 ᠲᠤᠰᠬᠤᠨ ᠢ ᠲᠡᠰ ᠲᠡᠪᠰᠢᠬᠦᠯᠦᠨ ᠰᠠᠶᠢᠵᠢᠷᠠᠭᠤᠯᠵᠤ᠂ 307 ᠲᠤᠰᠬᠤᠨ ᠤ ᠪᠦᠳᠤᠭᠡᠨ ᠪᠠᠶᠢᠭᠤᠯᠤᠯᠳᠠ ᠶᠢ ᠡᠬᠢᠯᠠᠨ ᠬᠢᠵᠤ᠂ 73% ᠶᠢᠨ ᠠᠶᠢᠯ ᠲᠤᠰᠬᠤᠨ ᠢ ᠨᠠᠶᠢᠳᠡᠮ ᠪᠦᠷᠬᠦᠬᠦᠯᠬᠦ ᠶᠢ ᠪᠡᠶᠡᠯᠡᠬᠦᠯᠦᠨ᠂ 85% ᠠᠴᠠ ᠲᠡᠭᠡᠭᠰᠢᠬᠢ ᠬᠦᠳᠡᠭᠡ ᠲᠤᠰᠬᠤᠨ ᠤ ᠬᠦᠮᠤᠨ ᠳᠤ ᠠᠰᠢᠭ ᠬᠦᠷᠳᠡᠬᠡᠨ᠎ᠡ᠃ 2.4 ᠲᠦᠮᠡᠨ ᠡᠷᠦᠬᠡ ᠶᠢᠨ ᠨᠤᠷᠠᠬᠤ ᠠᠶᠤᠯᠳᠠᠢ ᠰᠢᠷᠦᠢ ᠶᠢᠨ ᠬᠡᠷ ᠢ ᠦᠬᠡᠷᠡᠴᠢᠯᠡᠨ ᠪᠠᠶᠢᠭᠤᠯᠵᠤ᠂ ᠵᠡᠬᠡᠯᠢ ᠭᠤᠳᠤᠮᠵᠢ ᠶᠢᠨ 1131 ᠺᠢᠯᠤᠮᠧᠲᠷ ᠵᠠᠮ ᠪᠤᠯᠤᠨ ᠲᠤᠰᠬᠤᠨ ᠳᠤ ᠨᠡᠪᠳᠡᠷᠡᠬᠦ 20 ᠺᠢᠯᠤᠮᠧᠲᠷ ᠵᠠᠮ ᠢ ᠬᠠᠳᠠᠭᠤᠷᠠᠭᠤᠯᠬᠤ ᠠᠵᠢᠯ ᠢ ᠪᠡᠶᠡᠯᠡᠬᠦᠯᠦᠨ᠎ᠡ᠃ ᠤᠤᠭᠤᠬᠤ ᠤᠰᠤᠨ ᠤ ᠠᠮᠤᠷ ᠲᠦᠪᠰᠢᠨ ᠤ 72 ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂ 1.3 ᠲᠦᠮᠡᠨ ᠬᠦᠮᠤᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠨ᠎ᠡ᠃ ᠬᠤᠶᠢᠨᠠᠬᠢ ᠬᠤᠭᠤᠴᠠᠭᠠᠨ ᠤ ᠬᠠᠮᠠᠭᠠᠯᠠᠯᠳᠠ ᠬᠠᠮᠢᠶᠠᠷᠤᠯᠳᠠ ᠪᠤᠯᠤᠨ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠤᠷᠳᠤ ᠬᠤᠭᠤᠴᠠᠭᠠᠨ ᠤ ᠪᠦᠳᠤᠮᠵᠢᠳᠤ ᠲᠤᠭᠳᠠᠯᠴᠠᠭ᠎ᠠ ᠶᠢ ᠪᠠᠶᠢᠭᠤᠯᠵᠤ᠂ ᠬᠦᠳᠡᠭᠡ ᠲᠤᠰᠬᠤᠨ ᠤ ᠠᠮᠢᠳᠤᠷᠡᠯ ᠤᠨ ᠨᠦᠬᠦᠴᠡᠯ᠂ ᠠᠵᠤ ᠦᠢᠯᠡᠰ ᠤᠨ ᠪᠠᠶᠢᠳᠠᠯ ᠬᠢᠬᠡᠳ ᠤᠯᠠᠨ ᠲᠦᠮᠡᠨ ᠤ ᠪᠤᠯᠪᠠᠰᠤᠨ ᠤ ᠬᠡᠮᠵᠢᠶ᠎ᠡ ᠶᠢ ᠲᠡᠭᠡᠭᠰᠢᠯᠡᠬᠦᠯᠦᠨ᠎ᠡ᠃      ︵ ᠵᠢᠷᠭᠤᠭ᠎ᠠ︶ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ ᠨᠡᠬᠡᠬᠡᠯᠳᠡ ᠶᠢ ᠦᠷᠭᠡᠳᠬᠡᠨ᠎ᠡ     ᠲᠦᠰᠦᠪ ᠤᠨ ᠬᠠᠮᠢᠶᠠᠷᠤᠯᠳᠠ ᠶᠢᠨ ᠦᠬᠡᠷᠡᠴᠢᠯᠡᠯᠳᠡ ᠶᠢ ᠪᠡᠶᠡᠯᠡᠬᠦᠯᠦᠨ᠎ᠡ᠃ ᠦᠭᠴᠡᠭᠡ ᠶᠢ ᠰᠤᠯᠢᠬᠤ ᠪᠡᠯᠡ ᠮᠦᠩᠬᠦ ᠤᠯᠬᠤ ᠪᠠᠷ ᠴᠢᠷᠮᠠᠶᠢᠵᠤ᠂ ᠲᠠᠷᠤᠭᠳᠠᠵᠤ ᠪᠠᠶᠢᠭ᠎ᠠ ᠦᠷᠢ ᠰᠢᠷᠢ ᠶᠢ ᠰᠢᠩᠬᠡᠬᠡᠨ᠎ᠠ᠃ ᠡᠵᠡᠩᠨᠡᠯᠳᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠬᠤᠪᠢᠷᠠᠭᠤᠯᠬᠤ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠯᠳᠠ ᠶᠢ ᠲᠦᠯᠬᠢᠨ ᠠᠬᠢᠭᠤᠯᠵᠤ᠂ ᠤᠷᠤᠨ ᠨᠤᠳᠤᠭ ᠤᠨ ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠨᠡᠮᠡᠭᠳᠡᠬᠦᠯᠦᠨ᠎ᠡ᠃ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠵᠠᠰᠠᠭ ᠤᠨ ᠤᠷᠳᠤᠨ  ᠤ ᠴᠢᠨᠡᠷᠳᠡᠢ ᠰᠠᠭᠤᠷᠢ ᠮᠦᠩᠬᠦ ᠪᠠᠶᠢᠭᠤᠯᠬᠤ ᠶᠢ ᠬᠠᠶᠢᠨ ᠰᠦᠪᠡᠭᠴᠢᠯᠡᠵᠤ᠂ PPP ᠵᠡᠷᠬᠡ ᠰᠢᠨ᠎ᠡ ᠬᠡᠯᠪᠡᠷᠢ ᠶᠢᠨ ᠪᠡᠯᠡ ᠨᠡᠶᠢᠯᠡᠬᠦᠯᠵᠤ ᠪᠡᠯᠡ ᠤᠷᠤᠭᠤᠯᠬᠤ ᠬᠡᠪ ᠵᠠᠭᠪᠤᠷ ᠢ ᠬᠦᠢᠴᠡᠳ ᠠᠰᠢᠭᠯᠠᠨ᠂ ᠪᠡᠯᠡ ᠬᠤᠷᠠᠮᠳᠤᠭᠤᠯᠬᠤ ᠠᠷᠭ᠎ᠠ ᠵᠠᠮ ᠢ ᠦᠷᠭᠡᠳᠭᠡᠨ᠎ᠡ᠃ ︽ ᠭᠤᠷᠪᠠᠨ ᠲᠤᠳᠤᠷᠬᠠᠢ ᠬᠠᠭᠤᠳᠠᠰᠤ ᠶᠢᠨ ᠲᠦᠷᠢᠮ︾ ᠢ ᠬᠡᠷᠡᠭᠵᠢᠬᠦᠯᠦᠨ᠎ᠡ᠃ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠢᠨ᠋ᠲ᠋ᠧᠷ ᠰᠦᠯᠵᠢᠶ᠎ᠡ ᠲᠡᠭᠡᠷ᠎ᠡ ᠬᠢᠨᠠᠨ ᠵᠦᠪᠰᠢᠶᠡᠷᠡᠬᠦ ᠬᠢᠨᠠᠯᠳᠠ ᠬᠠᠮᠢᠶᠠᠷᠤᠯᠳᠠ  ᠶᠢᠨ ᠲᠠᠶᠢᠵᠠ ᠶᠢ ᠪᠠᠶᠢᠭᠤᠯᠵᠤ᠂ ᠲᠦᠪᠯᠡᠷᠡᠬᠦᠯᠵᠤ ᠵᠡᠷᠬᠡᠴᠡᠬᠦᠯᠦᠨ ᠬᠤᠯᠪᠤᠬᠤ ᠬᠢᠨᠠᠨ ᠵᠦᠪᠰᠢᠶᠡᠷᠡᠬᠦ ᠬᠡᠪ ᠵᠠᠭᠪᠤᠷ ᠢ ᠲᠡᠯᠭᠡᠷᠡᠬᠦᠯᠦᠨ᠎ᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠳᠤ ᠤᠷᠤᠯᠴᠠᠬᠤ ᠫᠠᠷᠤᠭ᠍ᠷᠠᠮ ᠢ ᠡᠬᠢᠯᠡᠨ ᠬᠢᠵᠤ᠂ ᠯᠠᠪᠳᠠᠭᠤᠨ ᠢᠶᠠᠷ ᠨᠡᠶᠢᠯᠡᠬᠦᠯᠦᠨ ᠰᠢᠯᠵᠢᠬᠦᠯᠬᠦ ᠶᠢ ᠪᠠᠳᠤᠯᠠᠨ᠎ᠠ᠃ ᠠᠯᠪᠠᠨ ᠬᠡᠷᠡᠭᠯᠡᠬᠡᠨ ᠤ ᠮᠠᠰᠢᠨ ᠲᠡᠷᠬᠡᠨ ᠤ ᠦᠬᠡᠷᠡᠴᠢᠯᠡᠯᠳᠡ ᠶᠢ ᠱᠠᠭᠠᠷᠳᠠᠯᠭ᠎ᠠ ᠶᠤᠰᠤᠭᠠᠷ ᠪᠡᠶᠡᠯᠡᠬᠦᠯᠦᠨ᠎ᠡ᠃ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠢ ᠠᠬᠢᠭᠤᠯᠤᠨ᠎ᠠ᠃ ᠰᠢᠶᠡᠨ ᠤ ᠲᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ ᠪᠤᠯᠤᠨ ︽ ᠬᠤᠶᠡᠷ ᠬᠡᠤᠭᠡᠳ ᠠᠪᠬᠤ︾ ᠲᠦᠷᠦ  ᠶᠢᠨ ᠪᠤᠳᠤᠯᠭ᠎ᠠ ᠶᠢ ᠯᠠᠪᠳᠠᠭᠤᠨ ᠪᠠᠳᠤᠳᠠᠢ ᠬᠡᠷᠡᠭᠵᠢᠬᠦᠯᠦᠨ᠎ᠡ᠃ ᠵᠢᠵᠢᠭ ᠬᠡᠯᠪᠡᠷᠢ ᠶᠢᠨ ᠤᠰᠤᠨ ᠠᠰᠢᠭᠯᠠᠯᠳᠠ ᠶᠢᠨ ᠪᠠᠷᠢᠯᠭ᠎ᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ᠂ ᠲᠤᠭᠳᠠᠮᠠᠯ ᠬᠦᠷᠦᠩᠬᠡ ᠶᠢ ᠨᠢᠬᠡᠳᠤᠯᠳᠠᠢ ᠪᠦᠷᠢᠳᠬᠡᠬᠦ ᠪᠠ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ ᠭᠠᠵᠡᠷ ᠰᠢᠷᠦᠢ  ᠶᠢ ᠲᠠᠭᠠᠭᠠᠴᠢᠯᠠᠨ ᠡᠵᠡᠩᠨᠡᠬᠦ ᠡᠷᠬᠡ ᠶᠢ ᠮᠠᠭᠠᠳᠯᠠᠨ ᠲᠤᠭᠳᠠᠭᠠᠬᠤ ᠠᠵᠢᠯ ᠢ ᠦᠷᠨᠢᠬᠦᠯᠦᠨ᠎ᠡ᠃ ᠠᠷᠡᠯᠵᠢᠶᠡᠴᠢᠨ ᠤᠷᠢᠵᠤ ᠪᠡᠯᠡ ᠮᠦᠩᠬᠦ ᠲᠠᠳᠠᠨ ᠠᠪᠴᠢᠷᠠᠬᠤ ᠶᠢ ᠦᠷᠬᠦᠯᠵᠢᠯᠡᠨ ᠰᠢᠨ᠎ᠡ ᠪᠠᠶᠢᠳᠠᠯ ᠲᠤᠤᠷᠡᠬᠢ ᠬᠦᠭᠵᠢᠯᠳᠡ ᠶᠢ ᠲᠦᠷᠭᠡᠳᠭᠡᠬᠦ ᠴᠢᠬᠤᠯᠠ ᠠᠷᠭ᠎ᠠ ᠪᠠᠷᠢᠯ ᠪᠤᠯᠭᠠᠵᠤ᠂ ᠬᠦᠭᠵᠢᠭᠰᠡᠨ ᠭᠠᠵᠡᠷ ᠤᠷᠤᠨ ᠤ ᠠᠵᠤ ᠠᠬᠤᠶᠢᠯᠠᠯ ᠤᠨ ᠰᠢᠯᠵᠢᠯᠳᠡ ᠶᠢ ᠢᠳᠡᠪᠬᠢᠳᠠᠢ ᠵᠤᠯᠭᠠᠭᠤᠯᠤᠨ᠎ᠠ᠃ ᠬᠠᠩᠵᠸᠦ ᠬᠤᠳᠠ ᠶᠢᠨ ᠶᠢᠨ ᠵᠢᠶᠠᠩ ᠪᠦᠯᠦᠭᠯᠡᠯ᠂ ᠪᠡᠬᠡᠵᠢᠩ ᠤᠨ ᠢ ᠶᠠᠩ ᠪᠦᠯᠦᠭᠯᠡᠯ᠂ ᠵᠧᠵᠢᠶᠠᠩ ᠮᠤᠵᠢ ᠶᠢᠨ ᠬᠤ᠋ ᠵᠸᠦ ᠶᠢᠨ ᠨᠡᠬᠡᠮᠡᠯ ᠵᠡᠷᠬᠡ ᠠᠵᠢᠯ ᠲᠦᠷᠦᠯ ᠤᠨ ᠲᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠬᠤᠷᠰᠢᠯ ᠢᠶᠠᠨ ᠴᠢᠩᠭᠠᠳᠬᠠᠵᠤ᠂ ᠲᠡᠭᠡᠳᠤ ᠲᠡᠰ ᠤᠨ ᠠᠵᠤ ᠦᠢᠯᠡᠰ᠂ ᠲᠡᠷᠢᠬᠦᠨ ᠤ ᠮᠡᠷᠬᠡᠵᠢᠯ ᠪᠤᠯᠤᠨ ᠲᠦᠷᠤᠯ ᠵᠦᠢᠯ ᠤᠨ ᠪᠡᠯᠡ ᠮᠦᠩᠬᠦ ᠶᠢ ᠲᠠᠳᠠᠨ ᠤᠷᠤᠭᠤᠯᠬᠤ ᠶᠢ ᠲᠦᠷᠭᠡᠳᠭᠡᠵᠤ᠂ ᠹᠯᠤᠷ ᠤᠨ ᠬᠢᠮᠢ ᠶᠢᠨ ᠠᠵᠤ ᠦᠢᠯᠡᠳᠪᠤᠷᠢ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ᠂ ᠨᠡᠬᠡᠮᠡᠯ ᠤᠨ ᠠᠵᠤ ᠦᠢᠯᠡᠰ ᠵᠡᠷᠬᠡ ᠲᠠᠯ᠎ᠠ ᠪᠠᠷ ᠰᠢᠪᠳᠤᠯᠤᠯᠳᠠ ᠶᠢ ᠡᠷᠢᠯᠬᠢᠯᠡᠨ᠎ᠡ᠃ ᠡᠵᠡᠩᠨᠡᠯᠳᠡ ᠨᠢ ᠬᠦᠴᠢᠷᠳᠡᠢ ᠪᠤᠯᠤᠭᠰᠠᠨ ᠠᠵᠤ ᠠᠬᠤᠶᠢᠯᠠᠯ ᠢ ᠬᠠᠪᠰᠤᠷᠴᠦ ᠬᠤᠶᠠᠳᠡᠬᠢ ᠤᠳᠠᠭ᠎ᠠ ᠠᠷᠠᠯᠵᠢᠶᠠᠴᠢᠨ ᠤᠷᠢᠵᠤ᠂ ᠡᠷᠬᠢᠯᠳᠡ ᠶᠢ ᠨᠢ ᠰᠠᠶᠢᠵᠢᠷᠠᠭᠤᠯᠵᠤ ᠲᠠᠬᠢᠵᠤ ᠨᠡᠶᠢᠯᠡᠬᠦᠯᠦᠨ᠎ᠡ᠃      ︵ᠲᠤᠯᠤᠭ᠎ᠠ︶  ᠦᠷᠬᠦᠯᠵᠢᠯᠡᠯ ᠬᠦᠭᠵᠢᠯᠳᠡ ᠶᠢᠨ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ     ᠤᠯᠤᠰ ᠤᠨ ᠠᠮᠢ ᠠᠬᠤᠢ ᠶᠢᠨ ᠬᠠᠮᠤᠭ ᠤᠨ ᠴᠢᠩᠭ᠎ᠠ ᠬᠢᠨᠠᠯᠳᠠ ᠬᠠᠮᠢᠶᠠᠷᠤᠯᠳᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠢᠨᠠᠨ ᠬᠡᠮᠵᠢᠵᠤ ᠵᠢᠱᠢᠬᠦ ᠰᠢᠰᠲ᠋ᠧᠮᠵᠢ ᠶᠢ ᠪᠠᠶᠢᠭᠤᠯᠤᠨ ᠲᠡᠬᠦᠯᠳᠡᠷᠵᠢᠬᠦᠯᠦᠨ᠎ᠡ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠵᠦᠪᠰᠢᠶᠡᠷᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠪᠤᠬᠢᠷᠳᠤᠯ ᠤᠨ ᠢᠷᠡᠯᠳᠡ ᠶᠢ ᠬᠢᠨᠠᠨ ᠬᠢᠵᠠᠭᠠᠷᠯᠠᠬᠤ ᠶᠢ ᠴᠢᠩᠭᠠᠳᠬᠠᠨ᠎ᠠ᠃  ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠵᠤ᠂ ᠤᠷᠴᠢᠨ ᠲᠤᠭᠤᠷᠢᠨ ᠤ ᠪᠠᠭᠳᠠᠭᠠᠮᠵᠢ ᠪᠤᠯᠤᠨ ᠠᠵᠤ ᠦᠢᠯᠡᠰ ᠤᠨ ᠪᠠᠶᠢᠷᠢ ᠲᠤᠭᠳᠠᠭᠠᠯᠳᠠ ᠶᠢᠨ ᠶᠤᠰᠤᠭᠠᠷ ᠤᠰᠤᠨ ᠤ ᠡᠬᠢ ᠪᠠᠶᠠᠯᠢᠭ ᠢ ᠵᠦᠢ ᠵᠤᠬᠢᠰᠳᠠᠢ ᠲᠤᠬᠢᠷᠠᠭᠤᠯᠤᠨ᠎ᠠ᠃ ᠰᠢᠷᠠᠮᠦ᠋ᠷᠡᠨ ᠭᠤᠤᠯ ᠪᠤᠯᠤᠨ ᠴᠠᠭᠠᠨᠮᠦ᠋ᠷᠡᠨ ᠭᠤᠤᠯ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠬᠦᠯᠦᠨ᠎ᠡ᠃ 2.3 ᠲᠦᠮᠡᠨ ᠮᠤ᠋ ᠦᠢᠵᠢᠭᠤᠯᠤᠯᠳᠠ ᠶᠢ ᠪᠡᠶᠡᠯᠡᠬᠦᠯᠵᠤ᠂ 2.9 ᠲᠦᠮᠡᠨ ᠮᠤ᠋ ᠭᠠᠵᠡᠷ ᠲᠤ ᠲᠠᠷᠢᠶᠠᠯᠠᠬᠤ ᠶᠢ ᠵᠤᠭᠰᠤᠵᠤ ᠡᠪᠡᠰᠤ ᠮᠤᠳᠤ ᠲᠠᠷᠢᠨ᠂ 2.5 ᠲᠦᠮᠡᠨ ᠮᠤ᠋ ᠭᠤᠤᠯᠳᠠᠯᠭ᠎ᠠ  ᠲᠠᠢ ᠤᠷᠤᠨ ᠢ ᠨᠤᠭᠤᠭᠠᠷᠠᠭᠤᠯᠵᠤ᠂ 8330 ᠮᠤ᠋  ᠤᠰᠤ ᠬᠦᠷᠦᠰᠤᠨ ᠤ ᠡᠯᠡᠭᠳᠡᠯ ᠢ ᠶᠡᠷᠦᠩᠬᠡᠶᠢᠯᠡᠨ ᠵᠠᠰᠠᠨ᠎ᠠ᠃ 504᠂ 528 ᠮᠤᠵᠢ ᠶᠢᠨ ᠵᠠᠮ ᠢ ᠰᠢᠨ᠎ᠡ ᠪᠠᠷ ᠦᠬᠡᠷᠡᠴᠢᠯᠡᠨ ᠪᠠᠶᠢᠭᠤᠯᠬᠤ ᠡᠮᠤᠨ᠎ᠡ ᠬᠤᠭᠤᠴᠠᠭᠠᠨ ᠤ ᠠᠵᠢᠯ ᠢ ᠦᠷᠨᠢᠬᠦᠯᠦᠨ᠎ᠡ᠃ 204 ᠮᠤᠵᠢ ᠶᠢᠨ ᠵᠠᠮ ᠤᠨ ᠲᠠᠭᠠᠭᠠᠴᠢᠯᠠᠯᠳᠠ ᠶᠢᠨ ᠨᠢᠬᠡᠳᠤᠭᠡᠷ ᠭᠡᠰᠡᠭ ᠤᠨ ᠪᠦᠳᠤᠭᠡᠨ ᠪᠠᠶᠢᠭᠤᠯᠤᠯᠳᠠ ᠶᠢ ᠲᠡᠬᠢᠨ ᠬᠢᠨ᠎ᠡ᠃ 306 ᠤᠯᠤᠰ ᠤᠨ ᠵᠠᠮ ᠤᠨ ᠱᠤᠸᠠᠩ ᠵᠢᠩ ᠠᠴᠠ ᠪᠠᠭᠠᠷᠢᠨ ᠬᠦᠬᠦᠷᠬᠡ ᠬᠦᠷᠬᠦ ᠬᠡᠰᠡᠭ ᠢ ᠰᠠᠯᠪᠢᠨ ᠵᠠᠰᠠᠵᠤ ᠦᠬᠡᠷᠡᠴᠢᠯᠡᠬᠦ ᠠᠵᠢᠯ ᠢ ᠪᠡᠶᠡᠯᠡᠬᠦᠯᠦᠨ᠎ᠡ᠃ ᠵᠡᠬᠦᠨ ᠬᠠᠭᠠᠯᠭ᠎ᠠ ᠶᠢᠨ ᠭᠠᠳᠠᠨᠠᠬᠢ ᠬᠦᠬᠦᠷᠬᠡ ᠶᠢ ᠪᠤᠰᠬᠠᠵᠤ ᠠᠰᠢᠭᠯᠠᠯᠳᠠ ᠳᠤ ᠤᠷᠤᠭᠤᠯᠤᠨ᠎ᠠ᠃ ᠬᠤᠳᠠ ᠬᠦᠳᠡᠭᠡ ᠶᠢᠨ ᠴᠠᠬᠢᠯᠭᠠᠨ ᠤ ᠲᠤᠤᠷᠵᠢᠯ ᠢ ᠲᠡᠰ ᠲᠡᠪᠰᠢᠬᠦᠯᠬᠦ ᠦᠬᠡᠷᠡᠴᠢᠯᠡᠯᠳᠡ ᠶᠢ ᠲᠦᠷᠭᠡᠳᠬᠡᠵᠤ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠬᠢᠷᠢ ᠲᠦᠪᠰᠢᠨ  ᠢ ᠲᠡᠭᠡᠭᠰᠢᠯᠡᠬᠦᠯᠦᠨ᠎ᠡ᠃     ︵ ᠨᠠᠢᠮᠠ︶ ᠠᠷᠡᠳ ᠤᠯᠠᠨ ᠳᠤ ᠵᠤᠯ ᠵᠢᠷᠭᠠᠯ ᠡᠳ᠋ᠯᠡᠬᠦᠯᠦᠨ᠎ᠡ     ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠲᠠᠭᠠᠷᠢᠬᠤ ᠢᠨᠵᠧᠨᠧᠷᠢᠩ ᠢ ᠬᠡᠷᠡᠭᠵᠢᠬᠦᠯᠵᠤ᠂ ᠤᠨᠤᠪᠴᠢᠳᠠᠢ  ᠪᠠᠷ ᠶᠠᠳᠠᠭᠤ ᠶᠢ ᠲᠡᠳᠬᠦᠵᠤ᠂ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠤᠨ᠎ᠠ᠃ ᠰᠢᠶᠡᠨ᠂ ᠰᠢᠶᠠᠩ᠂ ᠲᠤᠰᠬᠤᠨ  ᠂ ᠡᠷᠦᠬᠡ ᠶᠢᠨ ᠶᠠᠳᠠᠭᠤ ᠠᠴᠠ ᠠᠩᠬᠢᠵᠢᠷᠠᠭᠤᠯᠬᠤ ᠲᠦᠯᠦᠪᠵᠢᠬᠦᠯᠬᠡ ᠪᠤᠯᠤᠨ ᠬᠡᠷᠡᠭᠵᠢᠬᠦᠯᠬᠦ ᠲᠦᠯᠦᠪᠯᠡᠭᠡ  ᠶᠢ ᠵᠠᠰᠠᠨ ᠲᠡᠬᠦᠯᠳᠡᠷᠵᠢᠬᠦᠯᠦᠨ᠎ᠡ᠃ ᠲᠡᠷᠢᠶᠠᠯᠠᠩ ᠳᠤ ᠬᠤᠯᠪᠤᠭᠳᠠᠬᠤ ᠪᠡᠯᠡ ᠮᠦᠩᠬᠦ᠂ ᠶᠠᠳᠠᠭᠤ ᠶᠢ ᠲᠡᠳᠬᠦᠬᠦ ᠲᠤᠰᠬᠠᠢ ᠲᠦᠷᠦᠯ ᠤᠨ ᠪᠡᠯᠡ ᠮᠦᠩᠬᠦ᠂ ᠠᠵᠢᠯ ᠨᠢᠬᠡᠳᠡᠳ ᠤᠨ ᠬᠠᠪᠰᠤᠷᠤᠨ ᠲᠡᠮᠵᠢᠬᠦ ᠪᠡᠯᠡ ᠮᠦᠩᠬᠦ ᠶᠢ 2.5 ᠳ᠋ᠦᠩᠰᠢᠭᠤᠷ ᠲᠦᠬᠦᠷᠢᠭ ᠨᠡᠶᠢᠯᠡᠬᠦᠯᠵᠤ᠂ ᠶᠠᠳᠠᠭᠤ ᠠᠴᠠ ᠠᠩᠬᠢᠵᠢᠷᠠᠭᠤᠯᠬᠤ ᠠᠵᠤ ᠦᠢᠯᠡᠰ ᠤᠨ ᠬᠦᠭᠵᠢᠯᠳᠡ ᠶᠢ ᠲᠡᠳᠬᠦᠨ ᠲᠡᠮᠵᠢᠨ᠎ᠡ᠃ ᠰᠢᠶᠡᠨ ᠤ ᠱᠠᠳᠤᠨ ᠤ ᠮᠦᠩᠬᠦᠨ  ᠬᠦᠢᠯᠬᠡᠬᠡᠨ ᠤ ᠶᠠᠳᠠᠭᠤ ᠶᠢ ᠲᠡᠳᠬᠦᠬᠦ ᠶᠢ ᠦᠷᠨᠢᠬᠦᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠭᠵᠢᠯᠳᠡ ᠶᠢᠨ ᠰᠠᠭᠤᠷᠢ ᠮᠦᠩᠬᠦ ᠶᠢ ᠰᠤᠳᠤᠯᠤᠨ ᠪᠠᠶᠢᠭᠤᠯᠵᠤ᠂ ᠮᠦᠩᠬᠦᠨ ᠬᠦᠢᠯᠬᠡᠬᠡᠨ ᠤ ᠶᠠᠳᠠᠭᠤ ᠶᠢ ᠲᠡᠳᠬᠦᠬᠦ ᠵᠢᠬᠡᠯᠡᠯᠬᠡ ᠶᠢ 1.5 ᠳ᠋ᠦᠩᠰᠢᠭᠤᠷ ᠲᠦᠬᠦᠷᠢᠭ ᠲᠠᠯᠪᠢᠨ᠎ᠠ᠃ ᠪᠡᠬᠡᠵᠢᠩ ᠦᠪᠤᠷ ᠮᠤᠩᠭᠤᠯ ᠤᠨ ᠬᠠᠮᠵᠢᠯᠴᠠᠭ᠎ᠠ᠂ ᠵᠦᠩ ᠬᠤᠸᠠ᠂ ᠳ᠋ᠤᠺᠲ᠋ᠤᠷ ᠤᠨ ᠦᠢᠯᠡᠴᠢᠯᠡᠬᠡᠨ ᠤ ᠪᠦᠯᠬᠦᠮ ᠵᠡᠷᠬᠡ ᠠᠵᠢᠯ ᠨᠢᠭᠡᠳᠡᠳ ᠤᠨ ᠬᠠᠪᠰᠤᠷᠤᠯᠴᠠᠯ ᠢ ᠬᠦᠨᠵᠡᠬᠡᠶᠢᠷᠡᠬᠦᠯᠦᠨ᠎ᠡ᠃ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠪᠤᠯᠤᠨ ᠨᠠᠰᠤᠳᠠᠨ ᠢ ᠠᠰᠠᠷᠡᠬᠤ᠂ ᠨᠠᠭᠠᠳᠤ ᠵᠠᠬ᠎ᠠ ᠶᠢᠨ ᠤᠷᠤᠯᠭ᠎ᠠ ᠶᠢ ᠪᠠᠳᠤᠯᠠᠬᠤ᠂ ᠨᠡᠶᠢᠬᠡᠮ ᠠᠴᠠ ᠠᠪᠤᠷᠠᠨ ᠲᠤᠰᠠᠯᠠᠬᠤ ᠵᠡᠷᠬᠡ ᠲᠦᠷᠢᠮ ᠤᠨ ᠵᠤᠯᠭᠠᠭᠤᠯᠤᠯᠳᠠ ᠶᠢ ᠪᠡᠶᠡᠯᠡᠬᠦᠯᠵᠤ᠂ ᠨᠦᠬᠦᠴᠡᠯ ᠳᠤ ᠨᠡᠶᠢᠴᠡᠭᠰᠡᠨ ᠶᠠᠳᠠᠭᠤ ᠬᠦᠴᠢᠷᠳᠡᠢ ᠬᠦᠮᠤᠰ ᠢ ᠪᠦᠬᠦᠨ ᠢ ᠨᠠᠭᠠᠳᠤ ᠵᠠᠬ᠎ᠠ ᠶᠢᠨ ᠤᠷᠤᠯᠭ᠎ᠠ ᠶᠢ ᠪᠠᠳᠤᠯᠠᠬᠤ ᠬᠦᠷᠢᠶ᠎ᠡ ᠬᠡᠪᠴᠢᠶᠡᠨ ᠳᠤ ᠤᠷᠤᠭᠤᠯᠤᠨ᠂ 2600 ᠠᠴᠠ ᠲᠡᠭᠡᠭᠰᠢ ᠬᠦᠮᠤᠨ ᠠᠮᠠ ᠶᠢ ᠯᠠᠪᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠦᠨ᠎ᠡ᠃     ᠤᠯᠠᠨ ᠢᠶᠠᠷ ᠢᠶᠠᠨ ᠦᠢᠯᠡᠰ ᠪᠤᠰᠬᠠᠨ᠂ ᠪᠦᠬᠦᠳᠡᠬᠡᠷ ᠢᠶᠠᠨ ᠰᠢᠨ᠎ᠡ ᠶᠢ ᠡᠬᠦᠳᠬᠦ ᠶᠢ ᠠᠬᠢᠭᠤᠯᠤᠨ᠎ᠠ᠃ ᠠᠵᠢᠯ ᠤᠯᠭᠤᠵᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢ ᠢᠳᠡᠪᠬᠢᠳᠠᠢ ᠨᠠᠶᠢᠳᠠᠪᠤᠷᠢᠵᠢᠭᠤᠯᠵᠤ᠂ ᠬᠦᠳᠡᠯᠮᠤᠷᠢᠯᠡᠭᠴᠢᠳ ᠤᠨ ᠠᠵᠢᠯ ᠤᠯᠬᠤ ᠦᠢᠯᠡᠭᠠᠭᠳᠠᠬᠤᠨ ᠢᠶᠠᠨ ᠬᠤᠪᠢᠷᠠᠭᠤᠯᠬᠤ ᠶᠢ ᠬᠦᠳᠤᠯᠤᠨ ᠲᠠᠭᠠᠭᠤᠯᠵᠤ᠂ ᠬᠦᠳᠡᠯᠮᠤᠷᠢ ᠬᠦᠴᠦᠨ ᠤ ᠠᠵᠢᠯ ᠤᠯᠭᠤᠯᠳᠠ ᠶᠢᠨ ᠵᠠᠬ᠎ᠠ ᠲᠡᠯᠬᠡᠬᠦᠷ ᠪᠠ ᠡᠯᠧᠺᠲᠷᠦᠨ ᠬᠤᠳᠠᠯᠳᠤᠭᠠᠨ ᠤ ᠨᠡᠪᠴᠢᠯᠳᠡ  ᠪᠠᠷ ᠦᠢᠯᠡᠰ ᠪᠤᠰᠬᠠᠬᠤ ᠰᠠᠭᠤᠷᠢᠨ ᠭᠠᠵᠡᠷ ᠢ ᠲᠦᠯᠦᠪᠵᠢᠬᠦᠯᠤᠨ ᠪᠠᠶᠢᠭᠤᠯᠵᠤ᠂ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠤ ᠶᠢᠨ 1600 ᠬᠦᠮᠤᠨ ᠳᠤ ᠠᠵᠢᠯ ᠤᠯᠭᠤᠨ᠎ᠠ᠃ ᠨᠡᠶᠢᠬᠡᠮ ᠤᠨ ᠲᠠᠭᠠᠳᠬᠠᠯ ᠤᠨ ᠲᠠᠳᠠᠪᠤᠷᠢᠯᠠᠵᠤ ᠲᠤᠰᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠬᠦ ᠠᠵᠢᠯ ᠢ ᠰᠠᠶᠢᠳᠤᠷ ᠬᠢᠵᠤ᠂ ᠲᠠᠭᠠᠳᠬᠠᠯ ᠳᠤ ᠤᠷᠤᠯᠴᠠᠬᠤ ᠬᠦᠮᠤᠨ ᠢ 8500 ᠨᠡᠮᠡᠭᠳᠡᠬᠦᠯᠦᠨ᠂ ᠨᠡᠶᠢᠬᠡᠮ ᠤᠨ ᠪᠠᠳᠤᠯᠠᠭ᠎ᠠ ᠶᠢᠨ ᠤᠯᠭᠤᠮᠵᠢ ᠶᠢ ᠴᠠᠭ ᠲᠤᠬᠠᠢ ᠳᠤᠨᠢ ᠲᠤᠭ᠎ᠠ ᠬᠦᠢᠴᠡᠳ ᠲᠠᠷᠬᠠᠭᠠᠵᠤ᠂ ᠬᠤᠳᠠ ᠬᠦᠳᠡᠭᠡ ᠶᠢ ᠨᠢᠬᠡᠳᠤᠯᠵᠢᠬᠦᠯᠦᠭᠰᠡᠨ᠂ ᠲᠦᠪ ᠭᠤᠤᠯᠴᠢ᠂ ᠨᠡᠶᠢᠳᠡᠮ ᠬᠠᠷᠠᠭᠠᠯᠵᠠᠭᠰᠠᠨ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠯᠳᠤᠬᠦᠯᠦᠨ᠎ᠡ᠃ ᠨᠠᠰᠤᠵᠢᠯ ᠤᠨ ᠦᠢᠯᠡᠴᠢᠯᠡᠬᠡᠨ ᠤ ᠰᠢᠰᠲ᠋ᠧᠮᠵᠢ ᠶᠢᠨ ᠪᠦᠳᠤᠭᠡᠨ ᠪᠠᠶᠢᠭᠤᠯᠤᠯᠳᠠ ᠶᠢ ᠠᠬᠢᠭᠤᠯᠵᠤ᠂ ᠶᠡᠷᠦᠩᠬᠡᠶᠢᠯᠡᠭᠰᠡᠨ ᠴᠢᠨᠡᠷᠳᠡᠢ ᠨᠠᠰᠤᠳᠠᠨ ᠢ ᠠᠰᠠᠷᠡᠬᠤ ᠦᠢᠯᠡᠴᠢᠯᠡᠬᠡᠨ ᠤ ᠲᠦᠪ ᠢ ᠪᠠᠶᠢᠭᠤᠯᠤᠨ᠎ᠠ᠃ ᠨᠡᠶᠢᠬᠡᠮ ᠲᠤᠭᠤᠷᠢᠭ ᠤᠨ ᠡᠳᠤᠷ  ᠤᠨ ᠠᠰᠠᠷᠡᠯ ᠤᠨ ᠲᠦᠪ 2᠂ ᠬᠦᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠳᠠᠨ ᠢ ᠠᠰᠠᠷᠡᠬᠤ ᠵᠤᠯ ᠵᠢᠷᠭᠠᠯᠳᠤ ᠬᠦᠷᠢᠶᠡᠯᠡᠩ 5 ᠶᠢ ᠰᠢᠨ᠎ᠡ ᠪᠠᠷ ᠪᠠᠶᠢᠭᠤᠯᠤᠨ᠎ᠠ᠃ ᠬᠤᠳᠠ ᠶᠢᠨ ᠪᠦᠷᠬᠡ ᠬᠡᠷ ᠢ ᠦᠬᠡᠷᠡᠴᠢᠯᠡᠨ ᠵᠠᠰᠠᠵᠤ᠂ 400 ᠢᠵᠢ ᠨᠡᠶᠢᠳᠡ ᠶᠢᠨ ᠲᠦᠷᠢᠶᠡᠰᠤᠨ ᠬᠡᠷ ᠢ ᠰᠢᠨ᠎ᠡ ᠪᠠᠷ ᠪᠠᠶᠢᠭᠤᠯᠤᠨ᠎ᠠ᠃ ᠬᠦᠮᠦᠷᠬᠡ ᠳᠤ ᠬᠠᠳᠠᠭᠠᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠡᠷ ᠭᠠᠵᠡᠷ ᠬᠦᠷᠦᠩᠬᠡ ᠶᠢᠨ ᠦᠢᠯᠡᠰ   ᠤᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃      ᠨᠡᠶᠢᠬᠡᠮ ᠤᠨ ᠦᠢᠯᠡᠰ ᠤᠨ ᠤᠷᠤᠭᠤᠯᠤᠯᠳᠠ ᠪᠠᠨ ᠤᠯᠠᠮ ᠴᠢᠨᠠᠭᠰᠢᠳᠠ ᠨᠡᠮᠡᠭᠳᠡᠬᠦᠯᠤᠨ᠎ᠠ᠃ ᠭᠤᠷᠪᠠᠳᠤᠭᠠᠷ ᠲᠤᠮᠳᠠᠳᠤ ᠰᠤᠷᠭᠠᠭᠤᠯᠢ᠂ ᠲᠤᠷᠰᠢᠯᠳᠠ ᠶᠢᠨ ᠲᠤᠮᠳᠠᠳᠤ ᠰᠤᠷᠭᠠᠭᠤᠯᠢ ᠶᠢᠨ ᠰᠦᠯᠢᠶᠤᠤ ᠭᠤᠮ ᠪᠡᠶ᠎ᠡ ᠶᠢᠨ ᠲᠠᠮᠢᠷ ᠤᠨ ᠲᠠᠯᠠᠪᠤᠷ ᠤᠨ ᠪᠦᠳᠤᠭᠡᠨ ᠪᠠᠶᠢᠭᠤᠯᠤᠯᠳᠠ ᠶᠢ ᠪᠡᠶᠡᠯᠡᠬᠦᠯᠵᠤ᠂ ᠯᠢᠨᠰᠢ ᠪᠠᠯᠭᠠᠰᠤ ᠶᠢᠨ ᠪᠠᠶᠢᠷᠢ ᠶᠢᠨ ᠲᠦᠷᠢᠮᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠡᠷ ᠢ ᠪᠠᠷᠢᠬᠤ ᠲᠦᠷᠦᠯ ᠵᠦᠢᠯ ᠢ ᠡᠬᠢᠯᠡᠨ ᠬᠢᠵᠤ᠂ 5 ᠰᠠᠭᠤᠷᠢ ᠰᠢᠶᠡᠩ ᠪᠠᠯᠭᠠᠰᠤ ᠶᠢᠨ ᠰᠤᠷᠭᠠᠭᠤᠯᠢ ᠶᠢᠨ ᠪᠠᠭᠰᠢ   ᠶᠢᠨ ᠡᠷᠬᠢᠯᠳᠡ ᠶᠢᠨ ᠬᠡᠷ  ᠂ 9 ᠰᠠᠭᠤᠷᠢ  ᠰᠤᠷᠤᠭᠴᠢ ᠶᠢᠨ ᠪᠡᠶ᠎ᠡ ᠤᠬᠢᠶᠠᠬᠤ ᠭᠡᠷ᠂ 2 ᠰᠠᠭᠤᠷᠢ ᠲᠤᠰᠬᠤᠨ ᠱᠠᠳᠤᠨ ᠤ ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ᠃ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠠᠭᠤᠷᠢ ᠲᠦᠬᠦᠬᠡᠷᠦᠮᠵᠢ ᠶᠢ ᠲᠡᠬᠦᠯᠳᠡᠷᠵᠢᠬᠦᠯᠵᠤ᠂ ᠠᠵᠢᠯ ᠮᠡᠷᠬᠡᠵᠢᠯ ᠤᠨ ᠰᠤᠷᠭᠠᠨ ᠬᠦᠮᠤᠵᠢᠯ ᠢ ᠴᠢᠩᠭᠠᠳᠬᠠᠨ᠂ ᠦᠨᠳᠤᠷ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠯᠤᠭ᠎ᠠ ᠬᠠᠮᠳᠤᠷᠡᠨ ᠰᠤᠷᠭᠠᠭᠤᠯᠢ ᠡᠷᠬᠢᠯᠡᠬᠦ ᠶᠢ ᠬᠠᠶᠢᠨ ᠰᠦᠪᠡᠭᠴᠢᠯᠡᠨ᠎ᠡ᠃ ᠬᠢᠳᠡᠳ ᠮᠤᠩᠭᠤᠯ ᠡᠮᠨᠡᠯᠬᠡ ᠶᠢᠨ ᠬᠤᠷᠢᠶ᠎ᠠ ᠶᠢ ᠨᠡᠬᠦᠯᠬᠡᠬᠦ ᠪᠠ ᠡᠮᠨᠡᠯᠳᠡ ᠰᠤᠪᠢᠯᠠᠯᠳᠠ ᠶᠢ ᠤᠶᠠᠯᠳᠤᠭᠤᠯᠬᠤ ᠲᠦᠷᠦᠯ ᠵᠦᠢᠯ ᠢ ᠡᠬᠢᠯᠠᠨ ᠬᠢᠵᠤ᠂ ᠰᠢᠶᠡᠩ ᠪᠠᠯᠭᠠᠰᠤ ᠶᠢᠨ ᠡᠷᠡᠬᠦᠯ ᠬᠠᠮᠠᠭᠠᠯᠠᠯ ᠤᠨ ᠬᠤᠷᠢᠶ᠎ᠠ᠂ ᠲᠤᠰᠬᠤᠨ ᠱᠠᠳᠤᠨ ᠤ ᠡᠷᠡᠬᠦᠯ ᠬᠠᠮᠠᠭᠠᠯᠠᠯ ᠤᠨ ᠬᠡᠷ ᠢ ᠦᠬᠡᠷᠡᠴᠢᠯᠡᠵᠤ ᠦᠷᠭᠡᠳᠭᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠬᠦᠯᠦᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠎ᠡ᠃ ᠬᠦᠳᠡᠭᠡ ᠲᠤᠰᠬᠤᠨ ᠤ ᠦᠨᠳᠤᠰᠤᠨ ᠱᠠᠳᠤᠨ ᠤ ᠨᠡᠶᠢᠬᠡᠮ ᠤᠨ ᠵᠠᠰᠠᠯᠳᠠ ᠶᠢᠨ ᠰᠢᠨ᠎ᠡ ᠶᠢ ᠡᠬᠦᠳᠴᠦ᠂ ᠬᠦᠳᠡᠭᠡ ᠲᠤᠰᠬᠤᠨ ᠤ 13 ᠨᠡᠶᠢᠬᠡᠮ ᠲᠤᠭᠤᠷᠢᠭ ᠢ ᠦᠬᠡᠷᠡᠴᠢᠯᠡᠨ ᠰᠢᠨ᠎ᠡ ᠪᠠᠷ ᠪᠠᠶᠢᠭᠤᠯᠤᠨ᠎ᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠭᠠᠵᠡᠷ  ᠤᠨ ᠨᠡᠷ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠡᠮᠬᠢ ᠲᠠᠷᠠᠭ᠎ᠠ ᠲᠠᠢ ᠦᠷᠨᠢᠬᠦᠯᠦᠨ᠎ᠡ᠃ ᠤᠯᠠᠨ ᠨᠡᠶᠢᠳᠡ  ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮᠵᠢ ᠶᠢᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠤ᠂ ᠳ᠋ᠠ ᠵᠢᠩ ᠬᠦ᠋ ᠶᠢᠨ ᠵᠠᠰ ᠤᠨ ᠠᠭᠤᠷᠬᠠᠢ ᠶᠢᠨ ᠦᠯᠡᠳᠡᠭᠳᠡᠯ ᠪᠠᠭᠤᠷᠢ ᠶᠢ ᠬᠠᠮᠠᠭᠠᠯᠠᠬᠤ ᠲᠦᠷᠦᠯ ᠵᠦᠢᠯ ᠪᠤᠯᠤᠨ ᠮᠦᠽᠠᠢ ᠶᠢᠨ ᠲᠦᠷᠦᠯ ᠵᠦᠢᠯ ᠢ ᠡᠬᠢᠯᠡᠬᠦᠯᠦᠨ᠎ᠡ᠃ ᠬᠦᠯ ᠪᠦᠮᠪᠦᠭᠡ ᠶᠢᠨ ᠶᠡᠷᠦᠩᠬᠡᠶᠢᠯᠡᠭᠰᠡᠨ ᠲᠠᠯᠠᠪᠤᠷ ᠪᠤᠯᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠪᠤᠯᠪᠠᠰᠤᠷᠡᠯ ᠤᠨ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠶᠢ ᠡᠬᠢᠯᠡᠨ ᠬᠢᠵᠤ᠂ ᠪᠦᠬᠦ ᠬᠤᠳᠠ ᠶᠢᠨ ᠬᠦᠯ ᠪᠦᠮᠪᠦᠭᠡ ᠶᠢᠨ ᠵᠡᠷᠬᠡ ᠲᠡᠰ ᠤᠨ ᠬᠤᠯᠪᠤᠭᠠᠳᠤ ᠤᠷᠤᠯᠳᠤᠭᠠᠨ ᠢ ᠲᠠᠭᠠᠭᠠᠨ ᠡᠷᠬᠢᠯᠡᠨ᠎ᠡ᠃ ᠤᠯᠠᠨ ᠲᠦᠮᠡᠨ ᠤ ᠰᠤᠶᠤᠯ ᠪᠡᠶ᠎ᠡ ᠶᠢᠨ ᠲᠠᠮᠢᠷ ᠤᠨ ᠠᠮᠢᠳᠤᠷᠡᠯ ᠢ ᠪᠠᠶᠠᠯᠢᠭᠵᠢᠭᠤᠯᠵᠤ᠂ ᠤᠯᠠᠨ ᠲᠦᠮᠡᠨ ᠤ ᠪᠡᠶ᠎ᠡ ᠶᠢᠨ ᠲᠠᠮᠢᠷ ᠪᠤᠯᠤᠨ ᠤᠷ᠎ᠡ ᠮᠡᠷᠬᠡᠵᠢᠯ ᠤᠨ ᠪᠡᠶ᠎ᠡ ᠶᠢᠨ ᠲᠠᠮᠢᠷ ᠤᠨ ᠵᠤᠬᠢᠴᠠᠯᠳᠤᠨ ᠬᠦᠭᠵᠢᠬᠦ  ᠶᠢ ᠠᠬᠢᠭᠤᠯᠤᠨ᠎ᠠ᠃     ︵ ᠶᠢᠰᠤ︶ ᠨᠡᠶᠢᠬᠡᠮ ᠢ ᠵᠠᠰᠠᠬᠤ ᠬᠡᠯᠪᠡᠷᠢ ᠪᠠᠨ ᠬᠠᠯᠠᠨ ᠰᠠᠶᠢᠵᠢᠷᠠᠭᠤᠯᠤᠨ᠎ᠠ     ︽ ᠲᠤᠯᠤᠭ᠎ᠠ ᠲᠠᠪᠤ︾ ᠶᠢᠨ ᠬᠠᠤᠯᠢ ᠲᠦᠬᠡᠮᠡᠯᠵᠢᠬᠦᠯᠦᠯᠳᠡ ᠶᠢ ᠡᠬᠢᠯᠡᠨ ᠬᠢᠵᠤ᠂ ᠬᠠᠤᠯᠢ ᠪᠠᠷ ᠰᠢᠶᠡᠨ ᠢᠶᠠᠨ ᠵᠠᠰᠠᠬᠤ ᠠᠬᠢᠴᠠ ᠶᠢ ᠲᠦᠷᠭᠡᠳᠭᠡᠨ᠎ᠡ᠃ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠲᠡᠬᠦᠨ  ᠤ ᠪᠠᠶᠢᠩᠭᠤ ᠶᠢᠨ ᠬᠤᠷᠢᠶ᠎ᠠ ᠶᠢᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠬᠠᠤᠯᠢ ᠪᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠠᠳᠤᠯᠠᠨ᠎ᠠ᠃ ᠰᠢᠶᠡᠨ ᠤ ᠤᠯᠤᠰ ᠲᠦᠷᠦ ᠶᠢᠨ ᠵᠦᠪᠯᠡᠯᠬᠡᠨ ᠤ ᠠᠷᠡᠳᠴᠢᠯᠠᠯ ᠤᠨ ᠬᠢᠨᠠᠯᠳᠠ ᠶᠢ ᠬᠢᠨᠠᠮᠠᠭᠠᠢ ᠬᠦᠯᠢᠶᠡᠵᠤ ᠂ ᠨᠡᠶᠢᠬᠡᠮ ᠤᠨ ᠪᠠᠶᠢᠳᠠᠯ ᠠᠷᠡᠳ ᠤᠨ ᠰᠠᠨᠠᠯ ᠢ ᠦᠷᠬᠡᠨ ᠢᠶᠠᠷ ᠰᠤᠨᠤᠰᠤᠨ᠎ᠠ᠃ ᠤᠯᠠᠨ ᠲᠦᠮᠡᠨ ᠤ ᠬᠢᠨᠠᠯᠳᠠ ᠪᠤᠯᠤᠨ ᠶᠡᠷᠢᠶ᠎ᠡ ᠬᠡᠯᠡᠯᠴᠡᠬᠡᠨ ᠤ ᠬᠢᠨᠠᠯᠳᠠ ᠶᠢ ᠤᠬᠠᠮᠰᠡᠷ ᠠᠴᠠ ᠪᠠᠨ ᠬᠦᠯᠢᠶᠡᠵᠤ᠂ ᠤᠯᠠᠨ ᠲᠦᠮᠡᠨ ᠤ ᠲᠤᠰᠬᠠᠭᠰᠠᠨ ᠬᠠᠯᠠᠭᠤᠷᠡᠯ ᠲᠠᠢ ᠬᠦᠴᠢᠷᠳᠡᠯ ᠲᠠᠢ ᠠᠰᠠᠭᠤᠳᠠᠯ ᠢ ᠴᠢᠷᠮᠠᠶᠢᠨ ᠰᠢᠢᠳᠪᠤᠷᠢᠯᠡᠨ᠎ᠡ᠃ ᠬᠦᠨᠳᠤ ᠴᠢᠬᠤᠯᠠ ᠰᠢᠢᠳᠪᠤᠷᠢᠳᠤ ᠪᠤᠳᠤᠯᠭ᠎ᠠ ᠶᠢᠨ ᠨᠡᠶᠢᠬᠡᠮ ᠤᠨ ᠲᠤᠭᠳᠠᠭᠤᠨ ᠤ ᠠᠶᠤᠯ ᠲᠦᠭᠰᠢᠬᠦᠷᠢ ᠶᠢ ᠦᠨᠡᠯᠡᠨ ᠵᠢᠱᠢᠬᠦ ᠲᠤᠭᠳᠠᠯᠴᠠᠭ᠎ᠠ ᠶᠢ ᠨᠠᠶᠢᠳᠠᠪᠤᠷᠢᠵᠢᠭᠤᠯᠵᠤ᠂ ᠨᠡᠶᠢᠬᠡᠮ ᠤᠨ ᠵᠦᠷᠢᠴᠡᠯ ᠢ ᠪᠦᠳᠤᠮᠵᠢᠳᠠᠢ ᠰᠢᠢᠳᠪᠤᠷᠢᠯᠡᠵᠤ ᠨᠠᠮᠳᠠᠭᠤᠯᠤᠨ᠎ᠠ᠃ ᠲᠤᠤᠷ ᠰᠦᠯᠵᠢᠶ᠎ᠡ ᠶᠢᠨ ᠶᠡᠷᠢᠶ᠎ᠠ ᠬᠡᠯᠡᠯᠴᠡᠬᠡᠨ ᠤ ᠲᠠᠭᠠᠭᠤᠯᠭ᠎ᠠ ᠶᠢ ᠴᠢᠩᠭᠠᠳᠬᠠᠵᠤ᠂ ᠨᠡᠶᠢᠬᠡᠮ ᠤᠨ ᠶᠡᠷᠢᠶ᠎ᠡ ᠬᠡᠯᠡᠯᠴᠡᠭᠡ ᠶᠢ ᠢᠳᠡᠪᠬᠢᠳᠠᠢ ᠬᠠᠷᠢᠭᠤᠯᠤᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠴᠢᠷ ᠢ ᠰᠢᠢᠳᠪᠤᠷᠢᠯᠡᠬᠦ ᠬᠦᠴᠦᠯᠡᠴᠡ ᠪᠠᠨ ᠨᠡᠮᠡᠭᠳᠡᠬᠦᠯᠵᠤ᠂ ᠤᠯᠠᠨ ᠲᠦᠮᠡᠨ ᠤ ᠭᠤᠶᠤᠳᠠᠯ ᠭᠤᠮᠤᠳᠠᠯ ᠢᠶᠠᠨ ᠬᠠᠤᠯᠢ ᠶᠤᠰᠤᠭᠠᠷ᠂ ᠤᠶᠤᠨᠴᠢ ᠪᠠᠷ ᠢᠯᠡᠳᠬᠡᠬᠦ ᠶᠢ ᠤᠳᠤᠷᠢᠳᠤᠨ ᠲᠠᠭᠠᠭᠤᠯᠤᠨ᠎ᠠ᠃ ᠡᠶ᠎ᠡ ᠵᠤᠬᠢᠴᠠᠯᠳᠤ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠵᠤ᠂ ᠬᠦᠳᠡᠯᠮᠤᠷᠢᠯᠡᠭᠴᠢᠳ ᠤᠨ ᠵᠦᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠵᠠᠬ᠎ᠠ ᠲᠡᠯᠬᠡᠬᠦᠷ ᠲᠤ ᠬᠢᠨᠠᠯᠳᠠ ᠲᠠᠯᠪᠢᠬᠤ ᠰᠢᠰᠲ᠋ᠧᠮᠵᠢ ᠶᠢ ᠲᠡᠬᠦᠯᠳᠡᠷᠵᠢᠬᠦᠯᠵᠤ᠂ ᠦᠨᠳᠤᠰᠤᠨ ᠱᠠᠳᠤᠨ ᠤ ᠵᠠᠬ᠎ᠠ ᠲᠡᠯᠬᠡᠬᠦᠷ ᠤᠨ ᠬᠢᠨᠠᠨ ᠬᠠᠮᠢᠶᠠᠷᠬᠤ ᠭᠠᠵᠡᠷ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ ᠴᠢᠩᠭᠠᠳᠬᠠᠨ᠂ ᠵᠠᠬ᠎ᠠ ᠲᠡᠯᠬᠡᠬᠦᠷ ᠤᠨ ᠲᠦᠪ ᠭᠤᠤᠯᠴᠢ ᠪᠠᠷ ᠦᠷᠢᠰᠤᠯᠳᠤᠬᠦ ᠶᠢ ᠠᠬᠢᠭᠤᠯᠵᠤ᠂ ᠵᠠᠬ᠎ᠠ ᠲᠡᠯᠬᠡᠬᠦᠷ ᠤᠨ ᠬᠡᠪ ᠤᠨ ᠡᠮᠬᠢ ᠲᠢᠭᠯᠢᠮ ᠢ ᠬᠠᠮᠠᠭᠠᠯᠠᠨ᠎ᠠ᠃ ᠨᠢᠬᠡ ᠪᠠᠶᠢᠷᠢ  ᠶᠢᠨ ᠬᠤᠤᠰ ᠬᠠᠷᠢᠭᠤᠴᠠᠯᠭ᠎ᠠ᠂ ᠲᠤᠰᠢᠶᠡᠯ ᠢᠶᠠᠨ ᠭᠤᠳᠤᠭᠠᠭᠰᠡᠳ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠢ ᠪᠦᠳᠤᠮᠵᠢᠳᠠᠢ ᠰᠡᠷᠬᠡᠶᠢᠯᠡᠬᠦ ᠪᠠ ᠪᠠᠭᠠᠰᠬᠠᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ ᠬᠦᠨᠵᠡᠬᠡᠢ ᠦᠷᠨᠢᠬᠦᠯᠵᠤ᠂ ᠬᠤᠶᠡᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠬᠢᠷᠢ ᠲᠦᠪᠰᠢᠨ ᠢᠶᠠᠨ ᠲᠡᠭᠡᠭᠰᠢᠯᠡᠬᠦᠯᠦᠨ᠂ ᠠᠷᠡᠳ ᠤᠨ ᠠᠭᠠᠷ ᠤᠨ ᠰᠡᠷᠭᠡᠶᠢᠯᠡᠯᠳᠡ ᠶᠢᠨ ᠰᠠᠯᠭᠠᠭᠠᠨ ᠲᠡᠷᠬᠠᠭᠠᠬᠤ ᠰᠠᠭᠤᠷᠢᠨ ᠭᠠᠵᠡᠷ ᠤᠨ ᠪᠦᠳᠤᠭᠡᠨ ᠪᠠᠶᠢᠭᠤᠯᠤᠯᠳᠠ ᠪᠤᠯᠤᠨ ᠲᠦᠷ ᠬᠤᠷᠢᠬᠤ ᠭᠠᠵᠡᠷ ᠢ ᠨᠡᠬᠦᠯᠬᠡᠬᠦ ᠠᠵᠢᠯ ᠢ ᠬᠢᠨ᠎ᠡ᠃ ᠠᠮᠤᠷ ᠬᠠᠮᠠᠭᠠᠯᠠᠯᠳᠠ ᠶᠢᠨ ᠪᠡᠶᠡᠴᠢᠯᠡᠭᠰᠡᠨ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢᠨ ᠪᠠᠶᠢᠭᠤᠯᠤᠯᠳᠠ ᠶᠢ ᠲᠡᠬᠦᠯᠳᠡᠷᠵᠢᠬᠦᠯᠵᠤ᠂ ᠬᠦᠨᠳᠤ ᠴᠢᠬᠤᠯᠠ ᠠᠵᠢᠯᠯᠠᠭᠠᠨ ᠪᠤᠯᠤᠨ ᠡᠮᠵᠡᠭ ᠲᠠᠢ ᠵᠠᠩᠬᠢᠯᠠᠭ᠎ᠠ ᠶᠢᠨ ᠠᠮᠤᠷ ᠢ ᠬᠠᠮᠠᠭᠠᠯᠠᠬᠤ ᠬᠠᠷᠢᠭᠤᠴᠠᠯᠭ᠎ᠠ ᠶᠢ ᠲᠡᠬᠦᠯᠳᠡᠷᠵᠢᠬᠦᠯᠦᠨ᠎ᠡ᠃ ᠨᠠᠮ ᠤᠨ ᠦᠨᠳᠤᠰᠤᠳᠡᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠨᠡᠶᠢᠬᠡᠮ  ᠤᠨ ᠪᠦᠯᠬᠦᠮᠳᠡᠯ ᠪᠤᠯᠤᠨ ᠲᠤᠭᠳᠠᠭᠤᠨ ᠢ ᠠᠬᠢᠭᠤᠯᠤᠨ᠎ᠠ᠃     ︵ ᠠᠷᠪᠠ︶ ᠵᠠᠰᠠᠭ ᠤᠨ ᠤᠷᠳᠤᠨ ᠤ ᠬᠤᠪᠢ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ     ᠨᠢᠬᠡ ᠲᠤ ᠵᠠᠰᠠᠭ ᠤᠨ ᠤᠷᠳᠤᠨ ᠤ ᠴᠢᠳᠠᠪᠬᠢ ᠶᠢ ᠬᠤᠪᠢᠷᠠᠭᠤᠯᠤᠨ᠎ᠠ᠃ ᠵᠠᠰᠠᠭ ᠤᠨ ᠤᠷᠳᠤᠨ ᠪᠤᠯᠤᠨ ᠵᠠᠬ᠎ᠠ ᠲᠡᠯᠬᠡᠬᠦᠷ ᠤᠨ ᠬᠠᠷᠢᠴᠠᠭ᠎ᠠ ᠶᠢ ᠵᠦᠪ ᠤᠨᠤᠪᠴᠢᠳᠠᠢ ᠰᠢᠢᠳᠪᠤᠷᠢᠯᠡᠵᠤ᠂ ᠵᠠᠰᠠᠭ ᠤᠨ ᠤᠷᠳᠤᠨ ᠨᠡᠶᠢᠬᠡᠮ ᠤᠨ ᠦᠢᠯᠡᠴᠢᠯᠡᠬᠡᠨ ᠢ ᠬᠤᠳᠠᠯᠳᠤᠨ ᠠᠪᠬᠤ ᠲᠦᠷᠢᠮ ᠢ ᠲᠡᠬᠦᠯᠳᠡᠷᠵᠢᠬᠦᠯᠵᠤ᠂ ᠵᠠᠬ᠎ᠠ ᠲᠡᠯᠭᠡᠬᠦᠷ᠂ ᠠᠵᠤ ᠠᠬᠤᠶᠢᠯᠠᠯ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠪᠤᠯᠤᠨ ᠵᠠᠭᠤᠴᠢ ᠪᠠᠶᠢᠭᠤᠯᠤᠮᠵᠢ ᠶᠢᠨ ᠭᠤᠤᠯ ᠴᠤᠭᠴᠠ ᠶᠢᠨ ᠦᠢᠯᠡᠳᠤᠯ ᠢ ᠪᠠᠳᠠᠷᠠᠭᠤᠯᠤᠨ᠎ᠠ᠃ ᠵᠠᠰᠠᠭ ᠵᠠᠬᠢᠷᠭ᠎ᠠ ᠶᠢᠨ ᠬᠢᠨᠠᠨ ᠵᠦᠪᠰᠢᠶᠡᠷᠡᠬᠦ ᠲᠠᠷᠠᠭᠠᠯᠠᠯ ᠢ ᠰᠢᠯᠢᠳᠡᠭᠵᠢᠬᠦᠯᠵᠤ᠂ ᠪᠦᠬᠦ ᠲᠠᠯ᠎ᠠ ᠶᠢᠨ ᠪᠦᠬᠡᠳ ᠤᠨᠤᠪᠴᠢᠳᠠᠢ ᠢᠳᠡᠬᠡᠮᠵᠢ ᠶᠢᠨ ᠲᠠᠶᠢᠵᠠ ᠶᠢ ᠪᠠᠶᠢᠭᠤᠯᠤᠨ ᠲᠡᠬᠦᠯᠳᠡᠷᠵᠢᠬᠦᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠢᠯᠡ ᠪᠤᠯᠭᠠᠬᠤ ᠶᠢ ᠬᠦᠨᠵᠡᠬᠡᠶᠢᠷᠡᠬᠦᠯᠦᠨ᠂ ᠠᠷᠡᠳ ᠤᠯᠠᠨ ᠪᠤᠯᠤᠨ ᠵᠠᠬ᠎ᠠ ᠲᠡᠯᠬᠡᠬᠦᠷ ᠤᠨ ᠭᠤᠤᠯ ᠴᠤᠭᠴᠠ ᠳᠤ ᠤᠬᠢ ᠰᠢᠯᠢᠳᠡᠭ᠂ ᠲᠦᠬᠦᠮ ᠲᠦᠳᠡ᠂ ᠦᠨᠳᠤᠷ ᠪᠦᠳᠤᠮᠵᠢᠳᠠᠢ ᠦᠢᠯᠡᠴᠢᠯᠡᠬᠡᠨ ᠬᠠᠩᠭᠠᠵᠤ ᠦᠭᠬᠦᠨ᠎ᠡ     ᠬᠤᠶᠡᠷ ᠲᠤ ᠵᠠᠰᠠᠭ ᠵᠠᠬᠢᠷᠭᠠᠨ ᠤ ᠴᠢᠳᠠᠪᠤᠷᠢ   ᠶᠢ ᠲᠡᠭᠡᠭᠰᠢᠯᠡᠬᠦᠯᠦᠨ᠎ᠡ᠃ ᠠᠮᠠᠯᠠᠯᠳᠠ ᠪᠠᠨ ᠬᠦᠢᠴᠡᠳᠬᠡᠵᠤ ᠢᠳᠡᠬᠡᠯ ᠢᠶᠠᠨ ᠬᠠᠮᠠᠭᠠᠯᠠᠬᠤ ᠶᠢ ᠠᠵᠢᠯ ᠬᠢᠵᠤ ᠦᠢᠯᠡᠰ ᠪᠦᠳᠤᠭᠡᠬᠦ ᠦᠨᠳᠤᠰᠤ ᠪᠤᠯᠭᠠᠵᠤ᠂ ᠠᠵᠢᠯ ᠤᠨ ᠰᠤᠷᠳᠠᠯ  ᠢᠶᠠᠨ ᠦᠨᠡᠨᠬᠦ ᠬᠤᠪᠢᠷᠠᠭᠤᠯᠤᠨ᠂ ᠠᠷᠡᠳ ᠤᠯᠠᠨ ᠲᠠᠢ ᠨᠢᠭᠳᠠ ᠬᠠᠷᠢᠴᠡᠵᠤ᠂ ᠬᠦᠴᠦ ᠪᠠᠨ ᠲᠦᠪᠯᠡᠷᠡᠬᠦᠯᠦᠨ ᠬᠦᠭᠵᠢᠯᠳᠡ ᠶᠢ ᠠᠳᠬᠤᠵᠤ᠂ ᠦᠬᠡᠷᠡᠴᠢᠯᠡᠯᠳᠡ ᠶᠢ ᠠᠳᠬᠤᠨ᠂ ᠠᠷᠡᠳ ᠤᠨ ᠠᠮᠢᠳᠤᠷᠡᠯ ᠢ ᠠᠳᠬᠤᠵᠤ᠂ ᠶᠡᠭᠡ ᠦᠢᠯᠡᠰ ᠢ ᠪᠦᠳᠤᠭᠡᠨ᠂ ᠪᠠᠶᠢᠷᠢᠰᠢᠭᠤᠯᠤᠯᠳᠠ ᠲᠠᠢ᠂ ᠬᠠᠷᠢᠭᠤᠴᠠᠯᠭ᠎ᠠ ᠲᠠᠢ᠂ ᠨᠠᠶᠢᠳᠠᠪᠤᠷᠢᠵᠢᠯᠳᠠ ᠲᠠᠢ᠂ ᠪᠦᠳᠤᠮᠵᠢᠳᠠᠢ ᠪᠠᠶᠢᠵᠤ᠂ ᠰᠢᠶᠡᠨ ᠤ ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠶᠢᠨ ᠪᠤᠳᠠᠳᠤ ᠭᠠᠵᠡᠷ ᠲᠠᠭᠠᠨ ᠨᠠᠶᠢᠳᠠᠪᠤᠷᠢᠵᠢᠭᠳᠠᠬᠤ ᠶᠢ ᠪᠠᠳᠤᠯᠠᠨ᠎ᠠ᠃     ᠭᠤᠷᠪᠠ ᠳᠤ ᠬᠠᠤᠯᠢ ᠪᠠᠷ ᠵᠠᠰᠠᠭ ᠶᠠᠪᠤᠭᠤᠯᠬᠤ ᠶᠢ ᠠᠬᠢᠭᠤᠯᠤᠨ᠎ᠠ᠃ ᠬᠠᠤᠯᠢ ᠳᠤ ᠲᠤᠭᠳᠠᠭᠰᠠᠨ ᠡᠷᠬᠡ ᠶᠢᠨ ᠬᠢᠵᠠᠭᠠᠷ ᠪᠤᠯᠤᠨ ᠲᠡᠰ ᠲᠠᠷᠠᠭᠠᠯᠠᠯ ᠢᠶᠠᠷ ᠵᠠᠰᠠᠭ ᠤᠨ ᠤᠷᠳᠤᠨ ᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠵᠤ᠂ ᠬᠠᠤᠯᠢ ᠪᠠᠷ ᠵᠠᠰᠠᠬᠤ ᠰᠡᠳᠬᠢᠬᠦᠢ ᠪᠤᠯᠤᠨ ᠬᠡᠯᠪᠡᠷᠢ ᠪᠠᠷ ᠠᠵᠤ ᠠᠬᠤᠢ ᠶᠢᠨ ᠡᠷᠬᠢᠯᠳᠡ ᠶᠢ ᠲᠤᠬᠢᠷᠠᠭᠤᠯᠬᠤ᠂ ᠨᠡᠶᠢᠬᠡᠮ  ᠤᠨ ᠬᠡᠷᠡᠭ ᠶᠠᠪᠤᠳᠠᠯ ᠢ ᠬᠠᠮᠢᠶᠠᠷᠬᠤ ᠶᠢ ᠪᠠᠷᠢᠮᠳᠠᠯᠠᠵᠤ᠂ ᠬᠠᠤᠯᠢ ᠶᠢ ᠴᠢᠩᠭ᠎ᠠ ᠬᠡᠷᠡᠭᠵᠢᠬᠦᠯᠬᠦ᠂ ᠲᠦᠪ ᠭᠤᠤᠯᠴᠢ ᠬᠠᠤᠯᠢ ᠴᠠᠭᠠᠵᠠ᠂ ᠪᠦᠬᠦ ᠠᠷᠡᠳ ᠢᠶᠠᠷ ᠢᠶᠠᠨ ᠬᠠᠤᠯᠢ ᠰᠠᠬᠢᠬᠤ  ᠡᠯ᠎ᠡ ᠲᠦᠷᠦᠯ ᠤᠨ ᠠᠵᠢᠯ ᠢ ᠰᠠᠶᠢᠳᠤᠷ ᠠᠳᠬᠤᠵᠤ ᠂ ᠨᠡᠶᠢᠳᠡ ᠤᠯᠠᠨ ᠤ ᠬᠠᠤᠯᠢ ᠳᠤ ᠲᠤᠭᠳᠠᠭᠰᠠᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠤᠳᠤᠷᠢᠳᠤᠨ ᠲᠠᠭᠠᠭᠤᠯᠵᠤ᠂ ᠡᠷᠬᠡ ᠠᠰᠢᠭ ᠢᠶᠠᠨ ᠬᠠᠤᠯᠢ ᠪᠠᠷ ᠬᠠᠮᠠᠭᠠᠯᠠᠨ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠬᠠᠤᠯᠢ ᠪᠠᠷ ᠵᠠᠰᠠᠬᠤ ᠵᠠᠮ ᠳᠤ ᠤᠷᠤᠬᠤ ᠶᠢ ᠲᠦᠯᠬᠢᠨ ᠠᠬᠢᠭᠤᠯᠤᠨ᠎ᠠ᠃     ᠲᠦᠷᠪᠡ ᠳᠤ ᠴᠢᠬᠡᠴᠢ ᠵᠠᠰᠠᠭ ᠤᠨ ᠰᠠᠬᠢᠯᠭ᠎ᠠ ᠶᠢ ᠪᠠᠳᠤ ᠰᠠᠬᠢᠨ᠎ᠠ᠃ ᠲᠦᠪ ᠬᠤᠷᠢᠶᠠᠨ ᠤ ᠨᠠᠢᠮᠠᠨ ᠲᠤᠭᠳᠠᠭᠠᠯ  ᠢ ᠴᠢᠩᠭ᠎ᠠ ᠬᠡᠷᠡᠭᠵᠢᠬᠦᠯᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠤᠵᠢᠯ ᠦᠢᠯᠡᠳᠤᠯᠬᠡ ᠶᠢᠨ ᠠᠵᠢᠯᠯᠠᠭᠠᠨ ᠪᠤᠯᠤᠨ ︽ ᠭᠤᠷᠪᠠᠨ ᠴᠢᠩᠭ᠎ᠠ ᠭᠤᠷᠪᠠᠨ ᠪᠤᠳᠠᠳᠤ︾ ᠶᠢᠨ ᠲᠤᠰᠬᠠᠢ ᠰᠡᠳᠤᠪᠳᠤ ᠬᠦᠮᠤᠵᠢᠯ ᠤᠨ ᠦᠷ᠎ᠡ ᠪᠦᠳᠤᠭᠡᠯ ᠢ ᠪᠠᠬᠢᠵᠢᠬᠦᠯᠵᠤ᠂ ︽ ᠲᠦᠷᠪᠡᠨ ᠰᠤᠷᠳᠠᠯ︾ ᠤᠨ ᠠᠰᠠᠭᠤᠳᠠᠯ ᠢ ᠡᠷᠡᠰ ᠠᠷᠢᠯᠭᠠᠵᠤ᠂ ᠤᠳᠤᠷᠢᠳᠬᠤ ᠺᠠᠳ᠋ᠷ ᠤᠨ ᠬᠤᠪᠢ ᠬᠦᠮᠤᠨ ᠤ ᠤᠴᠢᠷ ᠶᠠᠪᠤᠳᠠᠯ ᠢᠶᠠᠨ ᠮᠡᠳᠡᠬᠦᠯᠬᠦ ᠲᠦᠷᠢᠮ ᠢ ᠴᠢᠩᠭ᠎ᠠ ᠬᠡᠷᠡᠭᠵᠢᠬᠦᠯᠦᠨ᠎ᠡ᠃ ᠵᠠᠰᠠᠭ ᠵᠠᠬᠢᠷᠭ᠎ᠠ  ᠶᠢᠨ ᠬᠢᠨᠠᠨ ᠪᠠᠶᠢᠴᠠᠭᠠᠯᠳᠠ᠂ ᠵᠠᠰᠠᠭ ᠵᠠᠬᠢᠷᠭ᠎ᠠ ᠶᠢᠨ ᠬᠢᠨᠠᠯᠳᠠ ᠲᠠᠯᠪᠢᠬᠤ ᠵᠢᠴᠢ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ᠂ ᠦᠮᠴᠢᠯᠠᠯ ᠤᠨ ᠡᠷᠬᠡ ᠶᠢᠨ ᠠᠷᠡᠯᠵᠢᠶ᠎ᠠ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠬᠢᠨᠠᠯᠳᠠ ᠬᠠᠮᠢᠶᠠᠷᠤᠯᠳᠠ ᠶᠢ ᠴᠢᠩᠭᠠᠳᠬᠠᠵᠤ᠂ ᠡᠷᠬᠡ ᠶᠢ ᠢᠮᠠᠭᠳᠠ ᠢᠯᠡ ᠪᠠᠷ ᠶᠠᠪᠤᠭᠤᠯᠤᠨ᠎ᠠ᠃     ᠲᠦᠯᠦᠬᠡᠯᠡᠭᠴᠢᠳ ᠡ︕ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢ ᠪᠡᠶᠡᠯᠡᠬᠦᠯᠵᠤ᠂ ᠴᠢᠨᠡᠬᠡᠬᠡᠯᠢᠭ ᠨᠠᠶᠢᠬᠡᠮ   ᠢ ᠪᠦᠬᠦ ᠲᠠᠯ᠎ᠠ ᠪᠠᠷ ᠪᠠᠶᠢᠭᠤᠯᠬᠤ ᠳᠤ ᠮᠠᠨ ᠤ ᠬᠠᠷᠢᠭᠤᠴᠠᠯᠭ᠎ᠠ ᠲᠦᠢᠯ ᠤᠨ ᠬᠦᠨᠳᠤ ᠪᠠᠶᠢᠵᠤ᠂ ᠡᠨᠡ ᠵᠢᠯ ᠤᠨ ᠠᠵᠢᠯ ᠢᠶᠠᠨ ᠰᠠᠶᠢᠳᠤᠷ ᠬᠢᠵᠤ᠂ ᠬᠦᠭᠵᠢᠯᠳᠡ ᠶᠢᠨ ᠰᠢᠨ᠎ᠡ ᠪᠠᠶᠢᠷᠢᠰᠢᠯ  ᠢ ᠨᠡᠬᠡᠬᠡᠬᠦ ᠳᠤ ᠪᠢᠳᠡ ᠢᠳᠡᠬᠡᠯ ᠲᠦᠬᠦᠷᠡᠩ ᠪᠠᠶᠢᠨ᠎ᠠ︕ ᠠᠵᠢᠯ ᠤᠨ ᠰᠢᠨ᠎ᠡ ᠡᠬᠢᠯᠡᠯᠳᠡ ᠲᠡᠭᠡᠷ᠎ᠡ ᠠᠴᠠ ᠪᠢᠳᠡ ᠰᠠᠶᠢᠨ ᠰᠠᠶᠢᠬᠠᠨ ᠢᠷᠡᠬᠡᠳᠦᠢ ᠪᠠᠨ ᠪᠠᠷᠠᠯᠠᠬᠤ ᠳᠤ ᠬᠦᠴᠦ ᠵᠤᠷᠢᠭ ᠤᠷᠬᠢᠯᠤᠮ᠎ᠠ ᠪᠤᠢ︕ ᠪᠢᠳᠡ ᠰᠢᠶᠡᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠰᠢᠶᠡᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ᠂ ᠰᠢᠶᠡᠨ ᠤ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠤᠯᠤᠨ ᠲᠡᠮᠵᠢᠯᠬᠡ ᠲᠤᠤᠷ᠎ᠡ᠂ ᠡᠷᠴᠢ ᠵᠤᠷᠢᠭ ᠢᠶᠠᠨ ᠪᠠᠳᠠᠷᠠᠭᠤᠯᠤᠨ ᠡᠬᠡ ᠤᠷᠤᠨ ᠢᠶᠠᠨ ᠵᠠᠰᠠᠵᠤ᠂ ᠲᠦᠮᠡᠨ ᠠᠷᠡᠳ ᠢᠶᠠᠷ ᠢᠶᠠᠨ ᠰᠡᠳᠬᠢᠯ ᠨᠢᠬᠡᠳᠤᠨ᠂ ᠬᠦᠴᠢᠷ ᠪᠡᠷᠭᠡᠰᠢᠶᠡᠯ ᠢ ᠢᠯᠡᠨ ᠲᠠᠪᠠᠵᠤ᠂ ᠨᠡᠬᠡᠬᠡᠯᠳᠡ ᠲᠠᠢ ᠤᠷᠤᠭᠰᠢᠯᠠᠨ᠂ ᠯᠢᠨᠰᠢ ᠰᠢᠶᠡᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠦᠯᠦᠬᠡ ᠴᠢᠷᠮᠠᠶᠢᠨ ᠲᠡᠮᠡᠴᠡᠵᠡᠬᠡᠶ᠎ᠡ       ︽ ᠵᠠᠰᠠᠭ ᠤᠨ ᠤᠷᠳᠤᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ  ᠨᠡᠷ᠎ᠡ‌ᠦᠬᠡᠰ᠂ ᠨᠡᠷ᠎ᠡ  ᠲᠤᠮᠢᠶ᠎ᠠ  ᠪᠤᠯᠤᠨ  ᠲᠤᠪᠴᠢᠯᠠᠭᠰᠠᠨ  ᠦᠬᠡ   ᠶᠢᠨ  ᠲᠠᠶᠢᠯᠪᠤᠷᠢ    1. ︽ ᠭᠤᠷᠪᠠᠨ ᠦᠨᠡᠮᠯᠡᠯ ᠢ ᠨᠢᠬᠡᠳᠬᠡᠬᠦ᠂ ᠨᠢᠬᠡ ᠦᠨᠡᠮᠯᠡᠯ ᠤᠨ ᠨᠢᠬᠡ ᠨᠤᠮᠧᠷ︾ ᠤᠨ ᠲᠠᠩᠰᠠᠯᠠᠯᠳᠠ ᠶᠢᠨ ᠲᠦᠷᠢᠮ᠄  ᠠᠵᠤ ᠠᠬᠤᠶᠢᠯᠠᠯ ᠲᠠᠩᠰᠠᠯᠠᠭᠤᠯᠬᠤ  ᠦᠶᠡᠰ ᠲᠡᠰ  ᠲᠠᠷᠠᠭ᠎ᠠ ᠪᠠᠷ ᠡᠷᠡᠮᠡᠯᠵᠡᠯᠡᠵᠤ ᠪᠠᠶᠢᠭᠰᠠᠨ ᠦᠢᠯᠡᠳᠪᠤᠷᠢ ᠬᠤᠳᠠᠯᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠢᠨᠠᠨ ᠲᠠᠷᠬᠠᠭᠠᠭᠰᠠᠨ ᠦᠢᠯᠡᠳᠪᠤᠷᠢ ᠬᠤᠳᠠᠯᠳᠤᠭ᠎ᠠ ᠶᠢᠨ ᠡᠵᠡᠩᠨᠡᠯᠳᠡ ᠶᠢᠨ ᠦᠨᠡᠮᠯᠡᠯ᠂ ᠶᠠᠰᠤ ᠴᠢᠨᠡᠷ  ᠮᠡᠷᠬᠡᠵᠢᠯ ᠳᠤ ᠬᠢᠨᠠᠯᠳᠠ ᠲᠠᠯᠪᠢᠬᠤ ᠰᠠᠯᠠᠭ᠎ᠠ ᠮᠦᠴᠢᠷ ᠠᠴᠠ ᠬᠢᠨᠠᠨ ᠲᠠᠷᠬᠠᠭᠠᠭᠰᠠᠨ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ ᠤᠷᠤᠯᠠᠬᠤ ᠨᠤᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠬᠢᠨᠠᠨ ᠲᠠᠷᠬᠠᠭᠠᠭᠰᠠᠨ ᠭᠠᠶᠢᠯᠢ ᠶᠢᠨ ᠶᠠᠪᠤᠳᠠᠯ ᠤᠨ ᠪᠦᠷᠢᠳᠬᠡᠯ ᠤᠨ ᠦᠨᠡᠮᠯᠡᠯ ᠢ ᠨᠡᠶᠢᠯᠡᠬᠦᠯᠦᠨ ᠲᠤᠰ ᠲᠤᠰ ᠳᠤᠨᠢ ᠨᠤᠮᠧᠷᠯᠠᠵᠤ᠂ ᠨᠢᠬᠡ ᠤᠳᠠᠭ᠎ᠠ ᠳᠤ ᠡᠷᠡᠮᠡᠯᠵᠡᠯᠡᠬᠦ ᠪᠤᠯᠭᠠᠨ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠤᠯᠢ ᠶᠢᠨ ᠡᠷᠬᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ ᠨᠢᠬᠡᠳᠤᠯᠳᠠᠢ ᠨᠡᠶᠢᠬᠡᠮ ᠤᠨ ᠢᠳᠡᠬᠡᠮᠵᠢ ᠶᠢᠨ ᠤᠷᠤᠯᠬᠠᠬᠤ ᠨᠤᠮᠧᠷ  ᠢᠶᠠᠷ ᠠᠴᠢᠶᠠᠯᠠᠪᠤᠷᠢ ᠪᠤᠯᠭᠠᠭᠰᠠᠨ ᠡᠵᠡᠩᠨᠡᠯᠳᠡ ᠶᠢᠨ ᠦᠨᠡᠮᠯᠡᠯ ᠲᠠᠷᠬᠠᠭᠠᠬᠤ ᠪᠦᠷᠢᠳᠬᠡᠯ ᠤᠨ ᠲᠦᠷᠢᠮ ᠢ ᠵᠢᠭᠠᠵᠤ ᠪᠤᠢ     2. ︽PPP ᠪᠡᠯᠡ ᠨᠠᠶᠢᠯᠠᠬᠦᠯᠬᠦ ᠬᠡᠪ ᠵᠠᠭᠪᠤᠷ︾ ᠬᠡᠳᠡᠭ ᠨᠢ ᠵᠠᠰᠠᠭ ᠤᠨ ᠤᠷᠳᠤᠨ ᠬᠢᠬᠡᠳ ᠨᠡᠶᠢᠬᠡᠮ ᠤᠨ ᠬᠦᠷᠦᠩᠬᠡ ᠶᠢᠨ ᠬᠤᠷᠰᠢᠭᠰᠠᠨ ᠬᠡᠪ ᠵᠠᠭᠪᠤᠷ ᠪᠤᠯᠤᠨ᠎ᠠ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠨᠡᠶᠢᠬᠡᠮ ᠤᠨ ᠬᠦᠷᠦᠩᠬᠡ ᠪᠠᠷ ᠲᠠᠮᠵᠢᠭᠤᠯᠵᠤ ᠬᠤᠷᠰᠢᠭᠰᠠᠨ ᠬᠠᠷᠢᠴᠠᠭ᠎ᠠ ᠪᠠᠶᠢᠭᠤᠯᠤᠨ᠂ ᠤᠯᠠᠨ ᠨᠡᠶᠢᠳᠡ ᠶᠢᠨ ᠪᠦᠳᠤᠭᠡᠭᠳᠡᠬᠦᠨ ᠪᠤᠶᠤ ᠦᠢᠯᠡᠴᠢᠯᠡᠬᠡᠨ ᠬᠠᠩᠭᠠᠬᠤ ᠨᠢᠬᠡ ᠵᠦᠢᠯ ᠤᠨ ᠬᠡᠯᠪᠡᠷᠢ ᠶᠢ ᠵᠢᠭᠠᠵᠤ ᠪᠤᠢ᠃     3. ︽ ᠨᠢᠬᠡ ᠪᠦᠰᠡ ᠨᠢᠬᠡ ᠵᠠᠮ︾ ᠬᠡᠳᠡᠭ ᠨᠢ᠄ ︽ ᠲᠤᠷᠭᠠᠨ ᠵᠠᠮ ᠤᠨ ᠠᠵᠤ ᠠᠬᠤᠢ ᠶᠢᠨ ᠪᠦᠰᠡ︾  ᠪᠤᠯᠤᠨ ︽ 21 ᠳ᠋ᠤᠬᠡᠷ ᠵᠠᠭᠤᠨ ᠤ ᠲᠠᠯᠠᠢ ᠲᠡᠭᠡᠷᠡᠬᠢ ᠲᠤᠷᠭᠠᠨ ᠵᠠᠮ︾ ᠢ ᠵᠢᠭᠠᠵᠤ ᠪᠤᠢ᠃     4. ︽ ᠲᠠᠪᠤᠨ ᠲᠤᠮᠤ ᠰᠠᠭᠤᠷᠢᠨ ᠭᠠᠵᠡᠷ︾ ᠨᠢ᠄ ᠤᠯᠠᠭᠠᠨᠬᠠᠳᠠ ᠶᠢᠨ ᠦᠩᠬᠡᠳᠤ ᠲᠡᠮᠦᠷᠯᠢᠭ ᠢ ᠦᠢᠯᠡᠳᠪᠤᠷᠢᠯᠡᠵᠤ ᠡᠳ᠋ᠰᠢᠬᠦᠯᠬᠦ ᠴᠢᠬᠤᠯᠠ ᠰᠠᠭᠤᠷᠢᠨ ᠭᠠᠵᠡᠷ᠂ ᠲᠡᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ  ᠶᠢᠨ ᠪᠤᠬᠢᠷᠳᠤᠯ ᠦᠭᠡᠢ ᠪᠦᠳᠤᠭᠡᠭᠳᠡᠬᠦᠨ ᠢ ᠡᠳ᠋ᠰᠢᠬᠦᠯᠬᠦ ᠰᠠᠭᠤᠷᠢᠨ ᠭᠠᠵᠡᠷ᠂ ᠨᠡᠬᠦᠷᠡᠰᠤ ᠪᠠᠷ ᠲᠦᠬᠦᠬᠡᠢ ᠮᠠᠲ᠋ᠧᠷᠢᠶᠠᠯ ᠪᠤᠯᠭᠠᠭᠰᠠᠨ ᠠᠵᠤ ᠦᠢᠯᠡᠰ ᠤᠨ ᠴᠡᠪᠡᠷ ᠡᠨᠧᠷᠬᠢ ᠶᠢᠨ ᠰᠠᠭᠤᠷᠢᠨ ᠭᠠᠵᠡᠷ᠂ ᠤᠰᠤ ᠠᠷᠪᠢᠯᠠᠬᠤ ᠠᠵᠤ ᠠᠬᠤᠢ ᠶᠢᠨ ᠤᠢ ᠶᠢᠨ ᠰᠠᠭᠤᠷᠢᠨ ᠭᠠᠵᠡᠷ ᠪᠤᠯᠤᠨ ᠦᠪᠤᠷ ᠮᠤᠩᠭᠤᠯ ᠤᠨ ᠵᠡᠬᠦᠨ ᠬᠡᠰᠡᠭ ᠤᠨ ᠭᠠᠵᠡᠷ ᠤᠷᠤᠨ ᠤ ᠴᠢᠬᠤᠯᠠ ᠹᠯᠤᠷ  ᠤᠨ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠡᠵᠤ ᠡᠳ᠋ᠰᠢᠬᠦᠯᠬᠦ ᠰᠠᠭᠤᠷᠢᠨ ᠭᠠᠵᠡᠷ ᠢ ᠵᠢᠭᠠᠵᠤ ᠪᠤᠢ᠃      5. ︽ ᠬᠤᠶᠡᠷ ᠲᠦᠪ︾ ᠬᠡᠳᠡᠭ ᠨᠢ᠄ ᠰᠢᠯᠢᠩᠭᠤᠤᠯ ᠤᠨ ᠡᠮᠤᠨ᠎ᠡ ᠪᠡᠶ᠎ᠡ ᠤᠯᠠᠭᠠᠨᠬᠠᠳᠠ ᠶᠢᠨ ᠬᠤᠶᠢᠳᠤ ᠪᠡᠶ᠎ᠡ   ᠶᠢᠨ ᠤᠷᠤᠨ ᠲᠤᠭᠤᠷᠢᠭ ᠤᠨ ᠴᠢᠨᠡᠷᠳᠡᠢ ᠴᠢᠬᠤᠯᠠ ᠠᠷᠡᠯᠵᠢᠶ᠎ᠠ ᠬᠤᠳᠠᠯᠳᠤᠭᠠᠨ ᠤ ᠪᠤᠳᠠᠰ ᠤᠨ ᠬᠦᠢᠯᠬᠡᠬᠡᠨ ᠤ ᠲᠦᠪ ᠪᠤᠯᠤᠨ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪ ᠢ ᠵᠢᠭᠠᠵᠤ ᠪᠤᠢ᠃      6. ︽ ᠨᠢᠬᠡ ᠦᠯᠢᠬᠡᠷ ᠵᠢᠱᠢᠶ᠎ᠡ ᠤᠷᠤᠨ︾ ᠨᠢ᠄ ᠦᠪᠤᠷ ᠮᠤᠩᠭᠤᠯ ᠤᠨ ᠶᠠᠳᠠᠭᠤ ᠶᠢ ᠲᠡᠳᠬᠦᠬᠦ ᠬᠤᠰᠢᠭᠤ ᠰᠢᠶᠡᠨ ᠤ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠲᠠᠭᠠᠷᠢᠬᠤ ᠦᠯᠢᠬᠡᠷ ᠵᠢᠱᠢᠶ᠎ᠡ ᠤᠷᠤᠨ ᠢ ᠵᠢᠭᠠᠵᠤ ᠪᠤᠢ᠃      7. ︽ ᠬᠠᠩᠭᠠᠯᠭ᠎ᠠ ᠶᠢᠨ ᠲᠠᠯ᠎ᠠ ᠶᠢᠨ ᠦᠬᠡᠷᠡᠴᠢᠯᠡᠯᠳᠡ  ︾ ᠭᠡᠳᠡᠭ ᠨᠢ᠄ ᠬᠠᠩᠭᠠᠯᠭ᠎ᠠ ᠪᠠ ᠦᠢᠯᠡᠳᠪᠤᠷᠢᠯᠡᠯ  ᠠᠴᠠ ᠭᠠᠷᠳᠠᠵᠤ᠂ ᠦᠢᠯᠡᠳᠪᠤᠷᠢᠯᠡᠯ ᠤᠨ ᠬᠦᠴᠦᠨ ᠢ ᠴᠢᠯᠦᠬᠡᠯᠡᠬᠦ ᠪᠠᠷ ᠲᠠᠮᠵᠢᠨ᠂ ᠦᠷᠢᠰᠤᠯᠳᠤᠬᠦ ᠬᠦᠴᠦᠨ ᠢ ᠲᠡᠭᠡᠭᠰᠢᠯᠡᠬᠦᠯᠵᠤ᠂ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠶᠢ ᠵᠢᠭᠠᠵᠤ ᠪᠤᠢ᠃ ᠲᠡᠬᠦᠨ ᠤ ᠭᠤᠤᠯᠯᠠᠭᠴᠢ ᠬᠦᠴᠦᠨ ᠨᠢ ᠪᠦᠬᠦ  ᠬᠦᠴᠦᠨ ᠵᠦᠢᠯ ᠤᠨ ᠦᠢᠯᠡᠳᠪᠤᠷᠢᠯᠡᠯ ᠤᠨ ᠨᠤᠷᠮ᠎ᠠ ᠶᠢ ᠲᠡᠭᠡᠭᠰᠢᠯᠡᠬᠦᠯᠬᠦ ᠳᠤ ᠪᠤᠢ᠃ ᠲᠦᠷᠦ  ᠶᠢᠨ ᠪᠤᠳᠤᠯᠭ᠎ᠠ ᠠᠷᠭ᠎ᠠ ᠪᠠᠷᠢᠯ ᠤᠨ ᠲᠠᠯ᠎ᠠ ᠪᠠᠷ ᠵᠠᠰᠠᠭ ᠢ ᠴᠤᠮᠬᠠᠳᠬᠠᠵᠤ ᠡᠷᠬᠡ ᠶᠢ ᠲᠡᠯᠪᠢᠬᠤ᠂ ᠬᠠᠮᠢᠶᠠᠷᠤᠯᠳᠠ ᠬᠢᠵᠠᠭᠠᠷᠯᠠᠯ ᠢ ᠰᠤᠯᠠᠷᠠᠭᠤᠯᠬᠤ᠂ ᠮᠦᠩᠬᠦᠨ ᠬᠦᠢᠯᠬᠡᠬᠡᠨ ᠤ ᠦᠬᠡᠷᠡᠴᠢᠯᠡᠯᠳᠡ  ᠂ ᠤᠯᠤᠰ ᠤᠨ ᠠᠵᠤ ᠠᠬᠤᠶᠢᠯᠠᠯ ᠤᠨ ᠦᠬᠡᠷᠡᠴᠢᠯᠡᠯᠳᠡ᠂ ᠭᠠᠵᠡᠷ ᠰᠢᠷᠦᠢ ᠶᠢᠨ ᠦᠬᠡᠷᠡᠴᠢᠯᠡᠯᠳᠡ ᠪᠤᠯᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠬᠦ ᠵᠡᠷᠬᠡ ᠶᠢ ᠪᠠᠭᠳᠠᠭᠠᠨ᠎ᠠ᠃      8. ︽ ᠤᠶᠤᠨᠴᠢ ᠬᠤᠳᠠ︾᠄ ᠢᠨ᠋ᠲ᠋ᠧᠷ ᠰᠦᠯᠵᠢᠶ᠎ᠡ᠂ ᠡᠬᠦᠯᠡᠨ ᠪᠤᠳᠤᠯᠳᠠ᠂ ᠪᠤᠳᠠᠰ ᠤᠨ ᠬᠡᠯᠬᠢᠶ᠎ᠡ ᠶᠢᠨ ᠰᠦᠯᠵᠢᠶ᠎ᠡ᠂ ᠨᠡᠶᠢᠬᠡᠮ ᠤᠨ ᠬᠠᠷᠢᠯᠴᠠᠭᠠᠨ ᠤ  ᠲᠤᠤᠷ ᠰᠦᠯᠵᠢᠶ᠎ᠡ ᠵᠡᠷᠬᠡ ᠮᠡᠳᠡᠭᠡ ᠵᠠᠩᠬᠢ ᠶᠢᠨ ᠮᠡᠷᠬᠡᠵᠢᠯ ᠢ ᠬᠤᠳᠠ  ᠶᠢᠨ ᠪᠦᠳᠤᠭᠡᠨ ᠪᠠᠶᠢᠭᠤᠯᠤᠯᠳᠠ ᠯᠤᠭ᠎ᠠ ᠨᠡᠶᠢᠯᠡᠬᠦᠯᠬᠦ ᠪᠠᠷ ᠲᠠᠮᠵᠢᠭᠤᠯᠵᠤ᠂ ᠠᠷᠡᠳ ᠤᠨ ᠠᠮᠢᠳᠤᠷᠡᠯ᠂ ᠤᠷᠴᠢᠨ ᠲᠤᠭᠤᠷᠢᠨ ᠤ ᠬᠠᠮᠠᠭᠠᠯᠠᠯᠳᠠ᠂ ᠤᠯᠠᠨ ᠨᠡᠶᠢᠳᠡ ᠶᠢᠨ ᠠᠮᠤᠷ ᠲᠦᠪᠰᠢᠨ᠂ ᠬᠤᠳᠠ ᠶᠢᠨ ᠦᠢᠯᠡᠴᠢᠯᠡᠬᠡᠨ ᠪᠤᠯᠤᠨ ᠬᠤᠳᠠᠯᠳᠤᠭᠠᠨ ᠤ ᠠᠵᠢᠯᠯᠠᠭᠠᠨ ᠵᠡᠷᠬᠡ ᠰᠠᠭᠤᠭᠠᠯᠢᠴᠢᠳ ᠤᠨ ᠬᠡᠷᠡᠭᠴᠡᠭᠡ ᠱᠠᠭᠠᠷᠳᠠᠯᠭ᠎ᠠ ᠳᠤ ᠤᠶᠤᠨᠴᠢᠯᠠᠭᠰᠠᠨ ᠴᠤᠤᠷᠢᠶᠠᠳᠤᠮᠵᠢ ᠬᠠᠩᠭᠠᠵᠤ᠂ ᠬᠤᠳᠠ ᠶᠢᠨ ᠤᠶᠤᠨᠴᠢ ᠬᠡᠯᠪᠡᠷᠢ ᠶᠢᠨ ᠬᠠᠮᠢᠶᠠᠷᠤᠯᠳᠠ ᠪᠤᠯᠤᠨ ᠡᠷᠬᠢᠯᠳᠡ ᠶᠢ ᠪᠡᠶᠡᠯᠡᠬᠦᠯᠬᠦ ᠶᠢ ᠵᠢᠭᠠᠵᠤ ᠪᠠᠶᠢᠨ᠎ᠠ᠃      9. ︽ ᠪᠤᠬᠢᠷᠳᠤᠯ ᠦᠭᠡᠢ ᠬᠤᠳᠠ︾ ᠨᠢ᠄ ᠠᠮᠢ ᠠᠬᠤᠢ ᠨᠢ ᠪᠤᠬᠢᠷᠳᠤᠯ ᠦᠭᠡᠢ᠂ ᠬᠠᠮᠢᠶᠠᠷᠤᠯᠳᠠ ᠨᠢ ᠴᠢᠩᠭ᠎ᠠ ᠪᠦᠬᠡᠳ ᠵᠤᠬᠢᠴᠠᠯᠳᠤᠭᠰᠠᠨ᠂   ᠰᠠᠭᠤᠷᠢᠰᠢᠨ ᠠᠮᠢᠳᠤᠷᠡᠬᠤ ᠳᠤ ᠲᠤᠬᠢᠯᠢᠭ ᠲᠠᠭᠠᠭᠠᠯᠠᠮᠵᠢᠳᠠᠢ᠂ ᠡᠯ᠎ᠡ ᠲᠠᠯ᠎ᠠ  ᠶᠢᠨ ᠰᠤᠶᠤᠯ ᠤᠨ ᠤᠨᠴᠠᠯᠢᠭ ᠢ ᠪᠦᠷᠢᠳᠦᠬᠦᠯᠦᠭᠰᠡᠨ᠂ ᠤᠷᠴᠢᠨ ᠲᠤᠭᠤᠷᠢᠨ᠂ ᠠᠵᠤ ᠠᠬᠤᠢ ᠪᠠ  ᠨᠡᠶᠢᠬᠡᠮ ᠦᠷᠬᠦᠯᠵᠢᠯᠡᠨ ᠬᠦᠭᠵᠢᠭᠰᠡᠨ ᠬᠦᠳᠡᠯᠬᠡᠬᠡᠨᠳᠤ ᠬᠤᠳᠠ ᠶᠢ ᠵᠢᠭᠠᠵᠤ ᠪᠤᠢ᠃      10. ︽ ᠬᠠᠶᠢᠮᠢᠶᠠᠨ ᠬᠤᠳᠠ︾ ᠭᠡᠳᠡᠭ ᠨᠢ᠄ ᠪᠠᠷᠢᠯᠭ᠎ᠠ᠂ ᠵᠠᠮ᠂ ᠨᠤᠭᠤᠭᠠᠷᠠᠭᠤᠯᠤᠯᠳᠠ ᠪᠤᠯᠤᠨ ᠤᠰᠤᠨ ᠰᠢᠰᠲ᠋ᠧᠮ ᠵᠡᠷᠬᠡ ᠠᠮᠢ ᠠᠬᠤᠢ ᠶᠢᠨ ᠰᠢᠰᠲ᠋ᠧᠮ ᠤᠨ ᠪᠤᠷᠤᠭᠠᠨ ᠤ ᠤᠰᠤ ᠶᠢ ᠰᠢᠩᠬᠡᠬᠡᠨ ᠠᠪᠬᠤ᠂ ᠬᠠᠳᠠᠭᠠᠯᠠᠵᠤ ᠨᠡᠪᠴᠢᠬᠦᠯᠬᠦ ᠪᠠ ᠠᠯᠭᠤᠷ ᠢᠯᠭᠠᠷᠠᠭᠤᠯᠬᠤ ᠦᠢᠯᠡᠳᠤᠯ ᠢ ᠨᠢ ᠬᠦᠢᠴᠡᠳ ᠪᠠᠳᠠᠷᠠᠭᠤᠯᠵᠤ᠂ ᠪᠤᠷᠤᠭᠠᠨ ᠤ ᠤᠰᠤᠨ ᠤ ᠤᠷᠤᠰᠤᠯ ᠢ ᠪᠦᠳᠤᠮᠵᠢᠳᠠᠢ ᠬᠤᠷᠢᠭᠯᠠᠵᠤ᠂ ᠠᠶᠠᠨᠳᠠᠭᠠᠨ ᠬᠠᠳᠠᠭᠠᠯᠠᠨ ᠠᠪᠬᠤ᠂ ᠠᠶᠠᠨᠳᠠᠭᠠᠨ ᠰᠢᠩᠬᠡᠬᠡᠨ ᠨᠡᠪᠴᠢᠬᠡᠬᠦ ᠪᠠ ᠠᠶᠠᠨᠳᠠᠭᠠᠨ ᠴᠡᠪᠡᠷᠰᠢᠬᠦ ᠶᠢ ᠪᠡᠶᠡᠯᠡᠬᠦᠯᠦᠭᠰᠡᠨ ᠬᠤᠳᠠ ᠶᠢᠨ ᠬᠦᠭᠵᠢᠯᠳᠡ ᠶᠢ ᠵᠢᠭᠠᠵᠤ ᠪᠤᠢ᠃      11. ︽ ᠬᠦᠳᠡᠭᠡ ᠲᠤᠰᠬᠤᠨ ᠤ ᠪᠤᠯᠪᠠᠰᠤᠨ ᠰᠤᠷᠳᠠᠯ ᠤᠨ ᠠᠵᠢᠯᠯᠠᠭ᠎ᠠ︾ ᠨᠢ᠄ ᠦᠪᠡᠷᠳᠡᠬᠡᠨ ᠵᠠᠰᠠᠬᠤ ᠤᠷᠤᠨ ᠠᠴᠠ ᠭᠤᠤᠯᠳᠠᠯᠭ᠎ᠠ ᠲᠠᠢ ᠦᠷᠨᠢᠬᠦᠯᠦᠭᠰᠡᠨ ︽ ᠤᠷᠤᠭ ᠬᠤᠷᠢᠮ ᠤᠷᠤᠰᠢᠭᠤᠯᠭ᠎ᠠ ᠶᠢ ᠶᠡᠬᠡᠪᠡᠷ ᠬᠢᠬᠦ ᠶᠢ ᠴᠡᠭᠴᠡᠯᠡᠨ ᠵᠠᠰᠠᠬᠤ  ᠲᠤᠰᠬᠠᠢ ᠲᠦᠷᠦᠯ ᠤᠨ ᠠᠵᠢᠯᠯᠠᠭ᠎ᠠ᠂ ᠰᠢᠨᠵᠢᠯᠡᠬᠦ ᠤᠬᠠᠭᠠᠨ ᠢ ᠡᠷᠬᠢᠮᠨᠡᠵᠤ᠂ ᠹᠸᠤᠳᠠᠯ ᠤᠨ ᠮᠤᠬᠤᠷ ᠪᠢᠰᠢᠷᠡᠯ ᠢ ᠡᠰᠡᠷᠬᠦᠴᠡᠬᠦ ᠠᠵᠢᠯᠯᠠᠭ᠎ᠠ᠂ ᠵᠤᠭᠤᠰ ᠮᠦᠷᠦᠶᠢᠴᠡᠬᠦ ᠪᠠ ᠱᠠᠯᠢᠭ ᠵᠠᠪᠠᠭ᠋ᠠᠢ ᠶᠢ ᠴᠡᠪᠡᠷᠯᠡᠬᠦ ᠲᠤᠰᠬᠠᠢ ᠲᠦᠷᠦᠯ ᠤᠨ ᠠᠵᠢᠯᠯᠠᠭ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ  ᠢ ᠶᠡᠷᠦᠩᠬᠡᠶᠢᠯᠡᠨ ᠵᠠᠰᠠᠬᠤ ᠠᠵᠢᠯᠯᠠᠭ᠎ᠠ᠂ ᠵᠠᠩ ᠲᠠᠳᠬᠠᠯ ᠢᠶᠠᠨ ᠦᠬᠡᠷᠡᠴᠢᠯᠡᠵᠤ ᠤᠷᠤᠰᠢᠭᠤᠯᠭ᠎ᠠ ᠶᠢ ᠪᠤᠯᠪᠠᠰᠤᠨ ᠢᠶᠠᠷ ᠬᠢᠬᠦ ᠠᠵᠢᠯᠯᠠᠭ᠎ᠠ᠂ ᠪᠤᠯᠪᠠᠰᠤᠨ ᠲᠤᠰᠬᠤᠨ ᠪᠠᠯᠭᠠᠰᠤ ᠶᠢ ᠡᠬᠦᠳᠤᠨ ᠪᠠᠶᠢᠭᠤᠯᠬᠤ ᠪᠠ ᠲᠡᠷᠢᠬᠦᠨ ᠤ ᠬᠦᠮᠤᠰ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ︾ ᠶᠢ ᠵᠢᠭᠠᠵᠤ ᠪᠤᠢ᠃      12. ︽ ᠰᠢᠨᠵᠢᠶᠠᠩ ᠤᠨ ᠰᠢᠷ᠎ᠡ ᠴᠢᠯᠠᠭᠤ︾ ᠨᠢ᠄ ᠳ᠋ᠠ ᠶᠢᠩᠽᠢ ᠰᠢᠶᠡᠩ ᠪᠤᠯᠤᠨ ᠰᠢᠨ ᠴᠧᠩᠽᠢ ᠪᠠᠯᠭᠠᠰᠤ  ᠶᠢᠨ ᠰᠢᠷ᠎ᠡ ᠪᠠ ᠬᠦᠶᠦᠬᠡᠨ ᠰᠢᠷ᠎ᠡ ᠦᠩᠬᠡ ᠪᠠᠷ ᠭᠤᠤᠯᠯᠠᠭᠰᠠᠨ ᠪᠤᠷᠵᠢᠨ ᠴᠢᠯᠠᠭᠤ ᠶᠢ ᠵᠢᠭᠠᠵᠤ ᠪᠤᠢ᠃      13. ︽ ᠮᠤᠩᠭᠤᠯ ᠤᠨ ᠬᠠᠷ᠎ᠡ ᠴᠢᠯᠠᠭᠤ︾ ᠨᠢ᠄ ᠭᠤᠸᠠᠨᠳᠢ ᠪᠠᠯᠭᠠᠰᠤ ᠶᠢᠨ ᠨᠡᠬᠦᠷᠡᠰᠤᠨ ᠬᠠᠪᠳᠠᠰᠤ ᠶᠢᠨ ᠴᠢᠯᠠᠭᠤᠯᠢᠭ ᠪᠤᠯᠤᠨ ᠳ᠋ᠠ ᠶᠢᠩᠽᠢ ᠤᠨ ᠬᠠᠷ᠎ᠡ ᠦᠩᠬᠡᠳᠡᠢ ᠪᠤᠷᠵᠢᠨ ᠴᠢᠯᠠᠭᠤ ᠶᠢ ᠵᠢᠭᠠᠵᠤ ᠪᠤᠢ᠃      14. ︽ ᠢᠨ᠋ᠲ᠋ᠧᠷ ᠰᠦᠯᠵᠢᠶ᠎ᠡ  +︾ ᠨᠢ᠄ ᠲᠤᠬᠠᠶᠢᠯᠠᠪᠠᠯ ︽ ᠢᠨ᠋ᠲ᠋ᠧᠷ ᠰᠦᠯᠵᠢᠶ᠎ᠡ +  ᠡᠯ᠎ᠡ ᠤᠯᠠᠮᠵᠢᠯᠠᠯᠳᠤ ᠠᠵᠢᠯ ᠲᠦᠷᠦᠯ︾ ᠪᠠᠶᠢᠵᠤ᠂ ᠮᠡᠳᠡᠭᠡ ᠵᠠᠩᠬᠢ ᠮᠡᠳᠡᠬᠡᠯᠡᠯ ᠤᠨ ᠮᠡᠷᠬᠡᠵᠢᠯ ᠵᠢᠴᠢ ᠢᠨ᠋ᠲ᠋ᠧᠷ ᠰᠦᠯᠵᠢᠶ᠎ᠡ  ᠶᠢᠨ ᠲᠠᠶᠢᠵᠠ ᠶᠢ ᠠᠰᠢᠭᠯᠠᠨ᠂ ᠢᠨ᠋ᠲ᠋ᠧᠷ ᠰᠦᠯᠵᠢᠶ᠎ᠡ ᠪᠤᠯᠤᠨ ᠤᠯᠠᠮᠵᠢᠯᠠᠯᠳᠤ ᠠᠵᠢᠯ ᠲᠦᠷᠦᠯ ᠢ ᠬᠦᠨᠴᠡ ᠪᠠᠷ ᠨᠡᠶᠢᠯᠡᠬᠦᠯᠵᠤ᠂ ᠰᠢᠨ᠎ᠡ ᠬᠦᠭᠵᠢᠯᠳᠡ ᠶᠢᠨ ᠠᠮᠢ ᠠᠬᠤᠢ ᠶᠢ ᠡᠬᠦᠳᠤᠨ ᠪᠦᠳᠤᠭᠡᠬᠦ ᠶᠢ ᠵᠢᠭᠠᠵᠤ ᠪᠠᠶᠢᠨ᠎ᠠ᠃      15. ︽ ᠭᠤᠷᠪᠠᠨ ᠲᠤᠳᠤᠷᠬᠠᠢ ᠬᠠᠭᠤᠳᠠᠰᠤ︾ ᠨᠢ  ᠄ ︽ ᠡᠷᠬᠡ ᠶᠢᠨ ᠲᠤᠳᠤᠷᠬᠠᠢ ᠬᠠᠭᠤᠳᠠᠰᠤ︾᠂ ︽ ᠬᠠᠷᠢᠭᠤᠴᠠᠯᠭ᠎ᠠ ᠶᠢᠨ ᠲᠤᠳᠤᠷᠬᠠᠢ ᠬᠠᠭᠤᠳᠠᠰᠤ︾ ᠪᠠ ︽ ᠡᠰᠡᠷᠬᠦ ᠲᠠᠯ᠎ᠠ ᠶᠢᠨ ᠲᠤᠳᠤᠷᠬᠠᠢ ᠬᠠᠭᠤᠳᠠᠰᠤ︾ ᠪᠤᠯᠤᠨ᠎ᠠ᠃      16. ︽ ᠳ᠋ᠤᠺᠲ᠋ᠤᠷ ᠤᠨ ᠦᠢᠯᠡᠴᠢᠯᠡᠬᠡᠨ ᠤ ᠪᠦᠯᠬᠦᠮ︾ ᠭᠡᠳᠡᠭ ᠨᠢ᠄ ᠲᠦᠪ ᠬᠤᠷᠢᠶᠠᠨ ᠤ ᠵᠤᠬᠢᠶᠠᠨ ᠪᠠᠶᠢᠭᠤᠯᠬᠤ ᠶᠠᠮᠤᠨ ᠪᠤᠯᠤᠨ ᠲᠤᠮᠳᠠᠳᠤ ᠤᠯᠤᠰ ᠤᠨ ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶ᠎ᠠ ᠪᠠᠷᠠᠭᠤᠨ ᠤᠷᠤᠨ ᠢ ᠶᠡᠭᠡᠪᠡᠷ ᠨᠡᠬᠡᠬᠡᠨ ᠠᠰᠢᠭᠯᠠᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠤᠯᠳᠡ ᠳᠤ ᠴᠢᠳᠠᠪᠤᠷᠢᠳᠡᠨ ᠤ ᠲᠡᠮᠵᠢᠯᠬᠡ ᠪᠤᠯᠤᠨ ᠤᠶᠤᠨ ᠤᠬᠠᠭᠠᠨ ᠤ ᠦᠢᠯᠡᠴᠢᠯᠡᠬᠡᠨ ᠬᠠᠩᠭᠠᠬᠤ ᠶᠢᠨ ᠲᠤᠰᠠᠳᠠ ᠳ᠋ᠤᠺᠲ᠋ᠤᠷ ᠢ ᠤᠷᠤᠨ ᠨᠤᠳᠤᠭ  ᠲᠤ ᠰᠤᠩᠭᠤᠨ ᠲᠤᠮᠢᠯᠠᠵᠤ ᠲᠤᠰᠢᠶᠠᠯ ᠡᠬᠦᠷᠬᠡᠯᠡᠬᠦᠯᠦᠨ ᠲᠠᠪᠳᠠᠨ ᠪᠤᠯᠪᠠᠰᠤᠷᠠᠭᠤᠯᠬᠤ ᠶᠢ ᠵᠢᠭᠠᠵᠤ ᠪᠠᠶᠢᠨ᠎ᠠ᠃      17. ︽ ᠤᠯᠠᠨ ᠢᠶᠠᠷ ᠢᠶᠠᠨ ᠦᠢᠯᠡᠰ ᠪᠤᠰᠬᠠᠵᠤ ᠲᠦᠮᠡᠨ ᠢᠶᠠᠷ ᠢᠶᠠᠨ ᠰᠢᠨ᠎ᠡ ᠶᠢ ᠡᠬᠦᠳᠬᠦ︾ ᠭᠡᠳᠡᠭ ᠨᠢ᠄ ᠯᠢ ᠺᠧ ᠴᠢᠶᠠᠩ ᠶᠡᠷᠦᠩᠬᠡᠢ ᠰᠠᠶᠢᠳ 2015 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠡᠭᠡᠨ ᠲᠤᠷᠡᠳᠤᠨ ᠭᠠᠷᠭᠠᠭᠰᠠᠨ᠂ ᠤᠯᠠᠨ ᠢᠶᠠᠷ ᠢᠶᠠᠨ ᠦᠢᠯᠡᠰ ᠪᠤᠰᠬᠠᠵᠤ᠂ ᠲᠦᠮᠡᠨ ᠢᠶᠠᠷ ᠢᠶᠠᠨ ᠰᠢᠨ᠎ᠡ ᠶᠢ ᠡᠬᠦᠳᠬᠦ ᠶᠢ ᠴᠤᠭᠴᠠᠯᠠᠬᠤ ᠪᠠ ᠤᠯᠠᠨ ᠨᠡᠶᠢᠳᠡ ᠶᠢᠨ ᠦᠢᠯᠡᠳᠬᠦᠨ᠂ ᠤᠯᠠᠨ ᠨᠡᠶᠢᠳᠡ ᠶᠢᠨ ᠦᠢᠯᠡᠴᠢᠯᠡᠬᠡᠨ ᠢ ᠨᠡᠮᠡᠭᠳᠡᠬᠦᠯᠬᠦ ᠪᠠᠷ ᠲᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠳᠡ ᠶᠢᠨ ᠬᠤᠷᠳᠤᠴᠠ ᠶᠢ ᠲᠤᠬᠢᠷᠠᠭᠤᠯᠵᠤ ᠬᠦᠴᠤᠨ ᠢ ᠨᠢ ᠪᠠᠭᠤᠷᠠᠭᠤᠯᠬᠤ ᠦᠭᠡᠢ᠂ ᠬᠡᠮᠵᠢᠶ᠎ᠡ ᠶᠢ ᠨᠡᠮᠡᠭᠳᠡᠬᠦᠯᠵᠤ ᠴᠢᠨᠡᠷ ᠢ ᠨᠢ ᠤᠯᠠᠮ ᠰᠠᠶᠢᠨ ᠪᠤᠯᠭᠠᠬᠤ ᠶᠢ ᠲᠦᠯᠬᠢᠨ ᠠᠬᠢᠭᠤᠯᠵᠤ᠂ ᠲᠤᠮᠳᠠᠳᠤ ᠤᠯᠤᠰ ᠤᠨ ᠠᠵᠤ ᠠᠬᠤᠢ ᠶᠢᠨ ᠴᠢᠨᠡᠷ ᠢ ᠲᠡᠭᠡᠭᠰᠢᠯᠡᠬᠦᠯᠦᠨ ᠦᠷ᠎ᠡ ᠠᠰᠢᠭ ᠢ ᠨᠢ ᠨᠡᠮᠡᠭᠳᠡᠬᠦᠯᠵᠤ ᠲᠡᠰ ᠲᠡᠪᠰᠢᠬᠦᠯᠬᠦ ︽ ᠬᠤᠤᠰ ᠬᠦᠳᠡᠯᠬᠡᠬᠦᠷ︾ ᠢ ᠪᠡᠶᠡᠯᠡᠬᠦᠯᠬᠦ ᠶᠢ ᠵᠢᠭᠠᠵᠤ ᠪᠤᠢ᠃    
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号