ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 204 | ᠳ᠋ᠤᠭᠡᠷ ᠲᠤᠭᠠᠳᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2014 ᠣᠨ ᠤ 11 | ᠳ᠋ᠤᠭᠡᠷ ᠰᠠᠷ᠎ᠠ ᠶᠢᠨ 7 ᠤ ᠡᠳᠦᠷ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠤᠴᠢᠨ | ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ | 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃ | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ | 2014 ᠣᠨ ᠤ 11 ᠳ᠋ᠤᠭᠡᠷ ᠰᠠᠷ᠎ᠠ ᠶᠢᠨ 18 ᠤ ᠡᠳᠦᠷ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ᠳᠤ ᠳᠣᠣᠷᠠᠬᠢ ᠮᠡᠲᠦ | ᠵᠠᠰᠠᠪᠤᠷᠢ ᠣᠷᠤᠭᠤᠯᠬᠤ ᠪᠠᠷ ᠲᠣᠭᠲᠠᠪᠠ᠄ | ᠨᠢᠭᠡ᠂ ᠨᠠᠢᠮᠠᠳᠤᠭᠠᠷ ᠵᠦᠢᠯ ᠤᠨ ᠨᠢᠭᠡᠳᠦᠭᠡᠷ ᠵᠣᠷᠪᠣᠰ ᠲᠤ᠄ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠲᠣᠬᠢᠷᠠᠬᠤ ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ | ᠲᠣᠭᠲᠠᠭᠠᠬᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠣᠬᠢᠷᠠᠬᠤ ᠭᠠᠶᠢᠯᠢ ᠶᠢᠨ ᠨᠤᠷᠮ᠎ᠠ ᠶᠢᠨ | ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠦᠨ᠎ᠡ ᠭᠡᠵᠦ ᠵᠠᠰᠠᠪᠤᠷᠢ ᠣᠷᠣᠭᠤᠯᠪᠠ᠃ | ᠬᠤᠶᠠᠷ᠂ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠄ ᠣᠢ ᠰᠢᠭᠤᠢ ᠶᠢᠨ ᠭᠠᠵᠠᠷ᠂ | ᠪᠡᠯᠴᠢᠭᠡᠷ ᠤᠨ ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ᠂ ᠲᠡᠵᠢᠭᠡᠨ | ᠦᠷᠡᠵᠢᠭᠦᠯᠬᠦ ᠤᠰᠤᠨ ᠤ ᠭᠠᠳᠠᠷᠭᠤ ᠵᠢᠴᠢ ᠵᠢᠭᠠᠰᠤᠨ ᠠᠵᠤ ᠠᠬᠤᠢ ᠶᠢᠨ ᠤᠰᠤᠨ ᠤ ᠲᠠᠩ ᠵᠡᠷᠭᠡ ᠪᠤᠰᠤᠳ | ᠲᠠᠷᠢᠶᠠᠨ ᠭᠠᠵᠠᠷ ᠲᠤ ᠭᠡᠷ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠳᠤ᠂ ᠲᠤᠰ | ᠠᠷᠭ᠎ᠠ ᠶᠢᠨ ᠲᠣᠭᠲᠠᠭᠠᠯ ᠲᠠᠢ ᠬᠠᠷᠢᠴᠠᠭᠤᠯᠵᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠵᠤ᠂ | ᠲᠣᠬᠢᠷᠠᠬᠤ ᠭᠠᠶᠢᠯᠢ ᠶᠢᠨ ᠨᠤᠷᠮ᠎ᠠ ᠨᠢ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠲᠣᠬᠢᠷᠠᠬᠤ | ᠭᠠᠶᠢᠯᠢ ᠶᠢᠨ ᠨᠤᠷᠮ᠎ᠠ ᠶᠢᠨ ᠪᠠᠷᠢᠮᠵᠢᠶ᠎ᠠ ᠲᠠᠢ ᠠᠳᠠᠯᠢ ᠪᠣᠯᠭᠠᠬᠤ ᠬᠡᠷᠡᠭᠲᠡᠢ ᠭᠡᠵᠦ ᠵᠠᠰᠠᠪᠤᠷᠢ ᠣᠷᠣᠭᠤᠯᠪᠠ᠃ | ᠲᠤᠰ ᠲᠣᠭᠲᠠᠭᠠᠯ ᠢ 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠵᠦ | ᠬᠡᠷᠡᠭᠵᠢᠭᠦᠯᠥᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ | ᠭᠠᠶᠢᠯᠢ ᠶᠢᠨ ᠬᠡᠷᠡᠭᠵᠢᠭᠦᠯᠬᠦ ᠠᠷᠭ᠎ᠠ︾ ᠨᠢ ᠲᠤᠰ ᠲᠣᠭᠲᠠᠭᠠᠯ ᠢ ᠦᠨᠳᠦᠰᠦᠯᠡᠵᠦ ᠵᠣᠬᠢᠬᠤ ᠵᠠᠰᠠᠪᠤᠷᠢ ᠣᠷᠣᠭᠤᠯᠵᠤ᠂ | ᠰᠢᠨ᠎ᠡ ᠪᠠᠷ ᠨᠡᠶᠢᠲᠡᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ | ᠬᠡᠷᠡᠭᠵᠢᠭᠦᠯᠬᠦ ᠠᠷᠭ᠎ᠠ | ︵2008 ᠣᠨ ᠤ 5 ᠳ᠋ᠤᠭᠠᠷ ᠰᠠᠷ᠎ᠠ ᠶᠢᠨ 30 ᠤ ᠡᠳᠦᠷ ᠤᠨ ᠨᠡᠶᠢᠲᠡᠯᠡᠭᠰᠡᠨ ᠥᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 158 ᠳ᠋ᠤᠭᠠᠷ ᠲᠣᠭᠠᠲᠤ ᠪᠠᠷ ᠨᠡᠶᠢᠲᠡᠯᠡᠪᠡ᠃ 2014 | ᠣᠨ ᠤ 11 ᠳ᠋ᠤᠭᠡᠷ ᠰᠠᠷ᠎ᠠ ᠶᠢᠨ 18 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ | ᠦᠨᠳᠦᠰᠦᠯᠡᠵᠦ ᠵᠠᠰᠠᠪᠤᠷᠢ ᠣᠷᠣᠭᠤᠯᠪᠠ︶ | | ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ | ᠪᠤᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠪᠣᠯ ᠲᠠᠷᠢᠮᠠᠯ ᠤᠨ ᠵᠦᠢᠯ ᠢ | ᠲᠠᠷᠢᠬᠤ ᠳᠤ ᠬᠡᠷᠡᠭᠯᠡᠬᠦ ᠭᠠᠵᠠᠷ ᠰᠢᠷᠤᠢ ᠶᠢ ᠵᠢᠭᠠᠵᠤ ᠪᠤᠢ᠃ | ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠲᠣᠲᠤᠷ᠎ᠠ ᠲᠠᠷᠢᠶᠠᠨ ᠭᠠᠵᠠᠷ ᠡᠵᠡᠯᠡᠨ ᠭᠡᠷ ᠪᠠᠷᠢᠬᠤ | ᠪᠤᠶᠤ ᠲᠠᠷᠢᠶᠠᠯᠠᠩ ᠶᠢᠨ ᠪᠤᠰᠤ ᠪᠦᠲᠦᠭᠡᠨ ᠪᠠᠶᠢᠭᠤᠯᠤᠯᠲᠠ ᠬᠢᠬᠦ ᠨᠢᠭᠡᠴᠡ ᠪᠤᠶᠤ ᠬᠤᠪᠢ ᠬᠦᠮᠦᠨ ᠪᠣᠯ ᠲᠠᠷᠢᠶᠠᠨ | ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠭᠠᠶᠢᠯᠢ ᠲᠤᠰᠢᠶᠠᠭᠴᠢ ᠪᠣᠯᠣᠨ᠎ᠠ᠃ ᠡᠮᠦᠨᠡᠬᠢ ᠵᠤᠷᠪᠤᠰ ᠲᠤ ᠬᠡᠯᠡᠵᠤ | ᠪᠠᠶᠢᠭ᠎ᠠ ᠨᠢᠭᠡᠴᠡ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ᠂ | ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠴᠠᠭᠠᠲᠤ ᠳᠦᠷᠢᠮ ᠤᠨ ᠠᠵᠤ ᠠᠬᠤᠶᠢᠯᠠᠯ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ᠂ ᠭᠠᠳᠠᠭᠠᠳᠤ ᠶᠢᠨ ᠠᠵᠤ | ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠪᠣᠯᠣᠨ ᠠᠵᠤ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ | ᠲᠥᠷᠥ ᠶᠢᠨ ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠪᠠᠭᠲᠠᠨ᠎ᠠ ︔ ᠬᠤᠪᠢ ᠬᠥᠮᠥᠨ ᠭᠡᠳᠡᠭ ᠲᠤ | ᠬᠤᠪᠢᠨ ᠤ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠤᠰᠤᠳ ᠬᠤᠪᠢ ᠬᠥᠮᠥᠨ ᠪᠠᠭᠲᠠᠨ᠎ᠠ᠃ | ᠳᠥᠷᠪᠡᠳᠦᠭᠡᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠬᠦ ᠪᠠᠷ ᠭᠤᠶᠤᠴᠢᠯᠠᠭᠠᠳ ᠵᠥᠪᠰᠢᠶᠡᠷᠡᠭᠳᠡᠭᠰᠡᠨ | ᠭᠠᠶᠢᠯᠢ ᠲᠤᠰᠢᠶᠠᠭᠴᠢ᠂ ᠲᠠᠷᠢᠶᠠᠨ ᠭᠠᠵᠠᠷ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ | ᠮᠠᠲ᠋ᠤᠷᠢᠶᠠᠯ ᠤᠨ ᠳᠣᠲᠣᠷ᠎ᠠ ᠲᠣᠳᠣᠷᠬᠠᠶᠢᠯᠠᠭᠰᠠᠨ ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠭᠴᠢ ᠪᠠᠷ ᠦᠵᠡᠨ᠎ᠡ | ︔ ᠲᠠᠷᠢᠶᠠᠨ ᠭᠠᠵᠠᠷ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠤᠷᠢᠶᠠᠯ ᠤᠨ ᠲᠣᠲᠣᠷ᠎ᠠ | ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠭᠴᠢ ᠶᠢ ᠨᠢ ᠲᠣᠲᠣᠷᠬᠠᠶᠢᠯᠠᠭᠰᠠᠨ ᠦᠭᠡᠢ ᠪᠣᠯ᠂ ᠭᠠᠶᠢᠯᠢ | ᠲᠤᠰᠢᠶᠠᠭᠴᠢ ᠶᠢ ᠭᠠᠵᠠᠷ ᠬᠡᠷᠡᠭᠯᠡᠬᠦ ᠶᠢᠨ ᠭᠤᠶᠤᠴᠢᠯᠠᠭᠴᠢ ᠪᠠᠷ ᠦᠵᠡᠨ᠎ᠡ᠃ ᠵᠥᠪᠰᠢᠶᠡᠷᠡᠭᠦᠯᠦᠭᠡᠳᠦᠢ ᠪᠠᠷ ᠲᠠᠷᠢᠶᠠᠨ | ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠭᠴᠢ ᠶᠢ ᠪᠣᠳᠠᠳᠠᠢ ᠭᠠᠵᠠᠷ ᠬᠡᠷᠡᠭᠯᠡᠭᠴᠢ ᠪᠠᠷ ᠦᠵᠡᠨ᠎ᠡ᠃ | ᠲᠠᠪᠤᠳᠤᠭᠠᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠭᠠᠶᠢᠯᠢ ᠲᠤᠰᠢᠶᠠᠭᠴᠢ ᠶᠢᠨ | ᠪᠤᠲᠠᠲᠠᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ | ᠲᠣᠭᠲᠠᠭᠠᠭᠰᠠᠨ ᠲᠣᠬᠢᠷᠠᠬᠤ ᠭᠠᠶᠢᠯᠢ ᠶᠢᠨ ᠨᠤᠷᠮ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠲᠠᠲᠠᠪᠤᠷᠢᠯᠠᠨ᠎ᠠ᠃ | ᠡᠮᠦᠨᠡᠬᠢ ᠵᠤᠷᠪᠤᠰ ᠲᠤ ᠬᠡᠯᠡᠵᠤ ᠪᠠᠶᠢᠭ᠎ᠠ ᠪᠤᠲᠠᠲᠠᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠳᠤ᠂ | ᠵᠥᠪᠰᠢᠶᠡᠷᠡᠭᠦᠯᠦᠭᠡᠳ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠣᠯᠣᠨ ᠵᠥᠪᠰᠢᠶᠡᠷᠡᠭᠦᠯᠦᠭᠡᠳᠦᠢ ᠪᠠᠷ | ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠠᠭᠲᠠᠨ᠎ᠠ᠃ | ᠵᠢᠷᠭᠤᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠳᠤᠮᠳᠠᠴᠢ ᠭᠠᠶᠢᠯᠢ ᠶᠢᠨ ᠨᠤᠷᠮ᠎ᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ | ᠭᠠᠶᠢᠯᠢ ᠶᠢᠨ ᠨᠤᠷᠮ᠎ᠠ ᠶᠢ ᠳᠣᠣᠷᠠᠬᠢ ᠮᠡᠲᠦ ᠬᠢᠨᠠᠨ ᠲᠣᠭᠲᠠᠭᠠᠪᠠ᠄ | ︵ᠨᠢᠭᠡ︶ ᠬᠥᠬᠡᠬᠤᠲᠠ᠂ ᠪᠣᠭᠤᠲᠣ ᠬᠤᠲᠠ᠂ ᠣᠷᠳᠣᠰ ᠬᠤᠲᠠ᠂ ᠦᠬᠠᠢ ᠬᠤᠲᠠ ᠶᠢᠨ ᠳᠤᠮᠳᠠᠴᠢ | ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ ᠮᠧᠳ᠋ᠷ ᠪᠦᠷᠢ ᠳᠤ 36 ᠲᠥᠭᠦᠷᠢᠭ ᠪᠣᠯᠣᠨ᠎ᠠ᠃ ᠡᠭᠦᠨ ᠳᠤ᠂ | ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 50 ᠲᠥᠭᠦᠷᠢᠭ | ᠪᠣᠯᠣᠨ᠎ᠠ ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ | ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ | ᠭᠠᠶᠢᠯᠢ ᠶᠢᠨ ᠨᠤᠷᠮ᠎ᠠ ᠨᠢ 40 ᠲᠥᠭᠦᠷᠢᠭ ᠪᠣᠯᠣᠨ᠎ᠠ ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 | ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ | ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 30 ᠲᠥᠭᠦᠷᠢᠭ ᠪᠣᠯᠣᠨ᠎ᠠ ︔ ᠬᠥᠮᠥᠨ | ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ | ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 25 ᠲᠥᠭᠦᠷᠢᠭ ᠪᠣᠯᠣᠨ᠎ᠠ ︔ | ︵ᠬᠤᠶᠠᠷ︶ ᠬᠥᠯᠥᠨ ᠪᠤᠶᠢᠷ ᠬᠤᠲᠠ ︵ᠮᠠᠨᠵᠤᠤᠷ ᠬᠤᠳᠠ ᠪᠠᠭᠲᠠᠨ᠎ᠠ︶᠂ ᠲᠦᠩᠯᠢᠶᠣᠣ ᠬᠤᠳ᠋᠊ ᠠ᠂ | ᠤᠯᠠᠭᠠᠠᠬᠠᠳᠠ ᠬᠤᠲᠠ᠂ ᠤᠯᠠᠭᠠᠨᠴᠠᠪ ᠬᠤᠲᠠ ᠪᠣᠯᠣᠨ ᠪᠠᠶᠠᠨᠨᠠᠭᠤᠷ ᠬᠤᠲᠠ ᠶᠢᠨ ᠳᠤᠮᠳᠠᠴᠢ ᠭᠠᠶᠢᠯᠢ ᠶᠢᠨ | ᠨᠤᠷᠮ᠎ᠠ ᠨᠢ ᠲᠡᠭᠰᠢ ᠳᠥᠷᠪᠡᠯᠵᠢᠨ ᠮᠧᠳ᠋ᠷ ᠪᠦᠷᠢ ᠳᠡᠭᠡᠨ 31 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ | ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ | ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 45 ᠲᠥᠭᠦᠷᠢᠭ ᠪᠣᠯᠣᠨ᠎ᠠ ︔ | ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ | ᠨᠤᠷᠮ᠎ᠠ ᠨᠢ 35 ᠲᠥᠭᠦᠷᠢᠭ ᠪᠣᠯᠣᠨ᠎ᠠ ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ | ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ | ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 25 ᠲᠥᠭᠦᠷᠢᠭ ᠪᠣᠯᠣᠨ᠎ᠠ ︔ ᠬᠥᠮᠥᠨ | ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ | ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 20 ᠲᠥᠭᠦᠷᠢᠭ ᠪᠣᠯᠣᠨ᠎ᠠ ︔ | ︵ᠭᠤᠷᠪᠠ︶ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠠᠯᠠᠱᠠ | ᠠᠶᠢᠮᠠᠭ ᠤᠨ ᠳᠤᠮᠳᠠᠴᠢ ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ ᠮᠧᠳ᠋ᠷ ᠪᠦᠷᠢ ᠳᠡᠭᠡᠨ 26 ᠲᠥᠭᠦᠷᠢᠭ | ᠪᠣᠯᠣᠨ᠎ᠠ᠃ ᠡᠭᠦᠨ ᠳᠤ᠂ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ | ᠨᠤᠷᠮ᠎ᠠ ᠨᠢ 40 ᠲᠥᠭᠦᠷᠢᠭ ᠪᠣᠯᠣᠨ᠎ᠠ ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ | ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ | ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 30 ᠲᠥᠭᠦᠷᠢᠭ ᠪᠣᠯᠣᠨ᠎ᠠ ︔ ᠬᠥᠮᠥᠨ | ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ | ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ | 20 ᠲᠥᠭᠦᠷᠢᠭ ᠪᠣᠯᠣᠨ᠎ᠠ ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠳ᠋ᠷ ᠪᠦᠷᠢ ᠶᠢᠨ ᠲᠣᠬᠢᠷᠠᠬᠤ ᠭᠠᠶᠢᠯᠢ ᠶᠢᠨ | ᠨᠤᠷᠮ᠎ᠠ ᠨᠢ 15 ᠲᠥᠭᠦᠷᠢᠭ ᠪᠣᠯᠣᠨ᠎ᠠ ︔ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠣᠷᠣᠭᠰᠢᠬᠢ | ᠵᠠᠰᠠᠭ ᠵᠠᠬᠢᠷᠭᠠᠨ ᠤ ᠣᠷᠣᠨ ᠨᠢ ᠲᠣᠬᠢᠷᠠᠬᠤ ᠭᠠᠶᠢᠯᠢ ᠶᠢᠨ ᠨᠤᠷᠮ᠎ᠠ ᠶᠢ ᠬᠢᠨᠠᠨ ᠲᠣᠭᠲᠠᠭᠠᠬᠤ ᠦᠭᠡᠢ᠃ | ᠳᠣᠯᠣᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠣᠷᠣᠨ ᠤ | ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠪᠤᠲᠠᠲᠠᠢ | ᠬᠡᠷᠡᠭᠵᠢᠭᠦᠯᠬᠦ ᠲᠥᠰᠥᠯ ᠢ ᠬᠠᠷᠢᠭᠤᠴᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ ︔ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠪᠤᠯᠤᠨ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠵᠦ ᠲᠣᠬᠢᠷᠠᠬᠤ ᠭᠠᠶᠢᠯᠢ ᠶᠢᠨ ᠨᠤᠷᠮ᠎ᠠ ᠳᠤ ᠵᠠᠰᠠᠪᠤᠷᠢ | ᠣᠷᠤᠭᠤᠯᠬᠤ ᠴᠢᠬᠤᠯᠠ ᠲᠠᠢ ᠪᠣᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠪᠤᠷᠢ | ᠣᠷᠤᠭᠤᠯᠬᠤ ᠰᠠᠨᠠᠯ ᠢᠶᠠᠨ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠢᠩᠬᠢᠨᠢ ᠪᠠᠷ ᠨᠡᠶᠢᠲᠡᠯᠡᠭᠰᠡᠨ ᠳᠡᠭᠡᠷ᠎ᠡ ᠨᠢᠭᠡ | ᠣᠨ ᠤ ᠲᠠᠷᠢᠶᠠᠨ ᠭᠠᠵᠠᠷ ᠪᠣᠯᠣᠨ ᠬᠥᠮᠥᠨ ᠠᠮᠠ ᠶᠢᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ ᠪᠣᠳᠣᠨ᠎ᠠ᠃ | ᠨᠠᠢᠮᠠᠳᠤᠭᠠᠷ ᠵᠦᠢᠯ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠣᠬᠢᠷᠠᠬᠤ | ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ ᠳᠡᠭᠡᠷ᠎ᠡ 50% ᠪᠠᠷ | ᠳᠡᠭᠡᠭᠰᠢᠯᠡᠭᠦᠯᠦᠨ᠎ᠡ᠃ ᠦᠨᠳᠦᠰᠦᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ᠂ ᠲᠣᠬᠢᠷᠠᠬᠤ ᠭᠠᠶᠢᠯᠢ ᠶᠢᠨ | ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠵᠢᠴᠢ ᠲᠣᠰ ᠵᠦᠢᠯ ᠤᠨ ᠨᠢᠭᠡᠳᠦᠭᠡᠷ ᠵᠤᠷᠪᠤᠰ ᠲᠤ | ᠲᠣᠭᠲᠠᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ | ᠳᠡᠭᠡᠷ᠎ᠡ 50% ᠪᠠᠷ ᠳᠡᠭᠡᠭᠰᠢᠯᠡᠭᠦᠯᠦᠨ᠎ᠡ᠃ | ᠶᠢᠰᠦᠳᠦᠭᠡᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠣᠷᠣᠨ ᠨᠤᠲᠤᠭ ᠤᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠠᠷᠢᠭᠤᠴᠠᠨ ᠲᠠᠲᠠᠪᠤᠷᠢᠯᠠᠨ᠎ᠠ᠃ ᠲᠠᠷᠢᠶᠠᠨ ᠭᠠᠵᠠᠷ ᠡᠵᠡᠯᠡᠨ ᠬᠡᠷᠡᠭᠯᠡᠬᠦ | ᠵᠥᠪᠰᠢᠶᠡᠷᠡᠯ ᠢ ᠣᠯᠣᠭᠰᠠᠨ ᠨᠢᠭᠡᠴᠡ ᠪᠤᠶᠤ ᠬᠤᠪᠢ ᠬᠥᠮᠥᠨ ᠨᠢ᠂ ᠭᠠᠵᠠᠷ ᠰᠢᠷᠤᠢ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠤᠷ᠎ᠠ | ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠪᠠᠨ ᠲᠤᠰᠢᠶᠠᠬᠤ ᠬᠡᠷᠡᠭᠲᠡᠢ ︔ ᠵᠥᠪᠰᠢᠶᠡᠷᠡᠬᠦ ᠠᠴᠠ ᠡᠮᠦᠨ᠎ᠡ | ᠲᠠᠷᠢᠶᠠᠨ ᠭᠠᠵᠠᠷ ᠢ ᠪᠤᠲᠠᠲᠠᠢ ᠡᠵᠡᠯᠡᠨ ᠬᠡᠷᠡᠭᠯᠡᠭᠰᠡᠨ ᠪᠣᠯ᠂ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠡᠵᠡᠯᠡᠨ | ᠬᠡᠷᠡᠭᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠣᠲᠤᠷ᠎ᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠭᠠᠶᠢᠯᠢ ᠪᠠᠨ | ᠲᠤᠰᠢᠶᠠᠬᠤ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ᠃ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠨᠢᠭᠡᠴᠡ ᠪᠤᠶᠤ ᠬᠤᠪᠢ ᠬᠥᠮᠥᠨ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠭᠠᠷᠳᠠᠮ ᠢᠶᠠᠨ | ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ ᠭᠠᠵᠠᠷ ᠤᠨ ᠬᠠᠷᠢᠶᠠᠯᠠᠭᠳᠠᠬᠤ ᠭᠠᠵᠠᠷ ᠤᠨ ᠠᠳᠠᠯᠢ | ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠲᠤ ᠳᠤᠨᠢ ᠮᠡᠳᠡᠭᠳᠡᠬᠦ ᠬᠡᠷᠡᠭᠲᠡᠢ᠃ | ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠲᠤᠰᠢᠶᠠᠭᠰᠠᠨ ᠪᠠᠷᠢᠮᠲᠠ ᠪᠤᠶᠤ ᠭᠠᠶᠢᠯᠢ ᠬᠡᠯᠲᠦᠷᠢᠭᠦᠯᠦᠭᠰᠡᠨ ᠪᠠᠷᠢᠮᠲᠠ ᠪᠣᠯᠣᠨ ᠪᠣᠰᠣᠳ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠷ ᠨᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠵᠥᠪᠰᠢᠶᠡᠷᠡᠯ ᠤᠨ ᠪᠢᠴᠢᠭ ᠣᠯᠭᠤᠨ᠎ᠠ᠃ | ᠠᠷᠪᠠᠳᠤᠭᠠᠷ ᠵᠦᠢᠯ ᠵᠦᠪᠰᠢᠶᠡᠷᠡᠭᠦᠯᠦᠭᠰᠡᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ | ᠲᠤᠰᠢᠶᠠᠬᠤ ᠡᠭᠦᠷᠭᠡ ᠲᠠᠢ ᠪᠣᠯᠣᠭᠰᠠᠨ ᠴᠠᠭ ᠢ ᠭᠠᠶᠢᠯᠢ ᠲᠤᠰᠢᠶᠠᠭᠴᠢ ᠨᠢ ᠭᠠᠵᠠᠷ ᠰᠢᠷᠤᠢ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠬᠦ ᠭᠠᠷᠳᠠᠮ ᠭᠦᠢᠴᠡᠳᠬᠡᠬᠦ ᠮᠡᠳᠡᠭᠳᠡᠯ ᠢ ᠭᠠᠷᠳᠠᠭᠰᠠᠨ ᠲᠡᠷᠡ | ᠡᠳᠦᠷ ᠢᠶᠠᠷ ᠲᠣᠭᠲᠠᠭᠠᠨ᠎ᠠ ︔ ᠵᠥᠪᠰᠢᠶᠡᠷᠡᠭᠦᠯᠦᠭᠡᠳᠦᠢ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ | ᠲᠤᠰᠢᠶᠠᠬᠤ ᠡᠭᠦᠷᠭᠡ ᠲᠠᠢ ᠪᠣᠯᠣᠭᠰᠠᠨ ᠴᠠᠭ ᠢᠶᠠᠷ ᠲᠣᠭᠲᠠᠭᠠᠨ᠎ᠠ᠃ ᠲᠠᠷᠢᠶᠠᠨ ᠭᠠᠵᠠᠷ ᠪᠤᠲᠠᠲᠠᠢ ᠡᠵᠡᠯᠡᠨ ᠬᠡᠷᠡᠭᠯᠡᠭᠰᠡᠨ | ᠲᠡᠷᠡ ᠡᠳᠦᠷ ᠢᠶᠠᠷ ᠲᠣᠭᠲᠠᠭᠠᠨ᠎ᠠ᠃ | ᠠᠷᠪᠠᠨ ᠨᠢᠭᠡᠳᠦᠭᠡᠷ ᠵᠦᠢᠯ ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠭᠰᠡᠨ | ᠪᠣᠯ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠬᠡᠷᠡᠭᠲᠡᠢ᠃ ᠭᠠᠶᠢᠯᠢ ᠲᠤᠰᠢᠶᠠᠭᠴᠢ ᠨᠢ | ᠲᠠᠷᠢᠶᠠᠨ ᠭᠠᠵᠠᠷ ᠢ ᠲᠦᠷ ᠬᠡᠷᠡᠭᠯᠡᠬᠦ ᠪᠠᠷ ᠵᠥᠪᠰᠢᠶᠡᠷᠡᠭᠦᠯᠦᠭᠰᠡᠨ ᠬᠤᠭᠤᠴᠠᠭ᠎ᠠ ᠲᠣᠲᠤᠷ᠎ᠠ ᠡᠵᠡᠯᠡᠨ ᠬᠡᠷᠡᠭᠯᠡᠭᠰᠡᠨ | ᠲᠠᠷᠢᠶᠠᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠶᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃ ᠪᠣᠬᠢᠷᠳᠤᠭᠰᠠᠨ᠂ ᠰᠢᠷᠤᠢ ᠠᠪᠤᠭᠰᠠᠨ᠂ | ᠠᠭᠤᠷᠬᠠᠢ ᠮᠠᠯᠲᠠᠭᠠᠳ ᠨᠤᠷᠠᠭᠰᠠᠨ ᠵᠡᠷᠭᠡ ᠰᠢᠯᠲᠠᠭᠠᠨ ᠠᠴᠠ ᠪᠣᠯᠵᠤ ᠲᠠᠷᠢᠶᠠᠨ ᠭᠠᠵᠠᠷ ᠡᠪᠳᠡᠭᠳᠡᠭᠰᠡᠨ ᠪᠣᠯ᠂ | ᠲᠠᠷᠢᠶᠠᠨ ᠭᠠᠵᠠᠷ ᠢ ᠲᠦᠷ ᠡᠵᠡᠯᠡᠨ ᠬᠡᠷᠡᠭᠯᠡᠭᠰᠡᠨ ᠪᠠᠶᠢᠳᠠᠯ ᠲᠠᠢ ᠬᠠᠷᠢᠴᠠᠭᠤᠯᠵᠤ᠂ ᠡᠪᠳᠡᠭᠰᠡᠨ ᠨᠢᠭᠡᠴᠡ ᠪᠤᠶᠤ ᠬᠤᠪᠢ | ᠬᠥᠮᠥᠨ ᠨᠢ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠬᠡᠷᠡᠭᠲᠡᠢ᠃ 2 ᠵᠢᠯ ᠥᠩᠭᠡᠷᠡᠲᠡᠯ᠎ᠡ | ᠲᠠᠷᠢᠶᠠᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠦᠭᠡᠢ ᠪᠣᠯ᠂ ᠲᠠᠲᠠᠪᠤᠷᠢᠯᠠᠭᠰᠠᠨ ᠭᠠᠶᠢᠯᠢ ᠶᠢᠨ ᠮᠥᠩᠭᠦ ᠶᠢ ᠨᠢ | ᠪᠤᠴᠠᠭᠠᠬᠤ ᠦᠭᠡᠢ᠃ | ᠠᠷᠪᠠᠨ ᠬᠤᠶᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠵᠥᠪᠰᠢᠶᠡᠷᠡᠯ ᠢᠶᠠᠷ | ᠳᠠᠮᠵᠢᠵᠤ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠲᠣᠭᠲᠠᠭᠠᠭᠰᠠᠨ ᠪᠠᠷᠢᠮᠵᠢᠶ᠎ᠠ ᠶᠢᠨ ᠶᠣᠰᠣᠭᠠᠷ ᠲᠠᠷᠢᠶᠠᠨ ᠭᠠᠵᠠᠷ | ᠡᠵᠡᠯᠡᠨ ᠬᠡᠷᠡᠭᠯᠡᠵᠦ ᠥᠪᠡᠷᠲᠡᠭᠡᠨ ᠬᠡᠷᠡᠭᠯᠡᠬᠦ ᠰᠢᠨ᠎ᠡ ᠣᠷᠣᠨ ᠰᠠᠭᠤᠴᠠ ᠪᠠᠶᠢᠭᠤᠯᠬᠤ ᠪᠠᠷ ᠵᠦᠪᠰᠢᠶᠡᠷᠡᠭᠦᠯᠦᠭᠰᠡᠨ ᠪᠣᠯ᠂ | ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠶᠢ ᠬᠠᠭᠠᠰ ᠢᠶᠠᠷ ᠪᠠᠭᠤᠷᠠᠭᠤᠯᠵᠤ ᠲᠠᠲᠠᠪᠤᠷᠢᠯᠠᠨ᠎ᠠ᠃ ᠬᠦᠳᠡᠭᠡ ᠲᠣᠰᠬᠤᠨ ᠤ ᠰᠠᠭᠤᠭᠠᠯᠢ | ᠠᠷᠠᠳ ᠨᠡᠭᠦᠬᠦ ᠪᠠᠷ ᠵᠥᠪᠰᠢᠶᠡᠷᠡᠭᠦᠯᠦᠭᠡᠳ᠂ ᠤᠤᠯ ᠤᠨ ᠰᠠᠭᠤᠴᠠ ᠶᠢᠨ ᠭᠠᠵᠠᠷ ᠢᠶᠠᠨ ᠲᠠᠷᠢᠶᠠᠨ ᠭᠠᠵᠠᠷ ᠢᠶᠠᠷ | ᠰᠡᠷᠭᠦᠭᠡᠭᠰᠡᠨ ᠪᠣᠯ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠡᠵᠡᠯᠡᠨ ᠬᠡᠷᠡᠭᠯᠡᠭᠰᠡᠨ ᠲᠠᠷᠢᠶᠠᠨ | ᠭᠠᠵᠠᠷ ᠨᠢ ᠤᠤᠯ ᠭᠡᠷ ᠤᠨ ᠰᠠᠭᠤᠴᠠ ᠶᠢᠨ ᠬᠢᠨᠢ ᠲᠠᠯᠠᠪᠠᠢ ᠠᠴᠠ ᠬᠡᠲᠦᠷᠡᠭᠰᠡᠨ ᠦᠭᠡᠢ ᠪᠣᠯ᠂ ᠲᠠᠷᠢᠶᠠᠨ ᠭᠠᠵᠠᠷ | ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ ︔ ᠤᠤᠯ ᠰᠠᠭᠤᠴᠠ ᠶᠢᠨ ᠲᠠᠯᠠᠪᠠᠢ ᠠᠴᠠ ᠬᠡᠲᠦᠷᠡᠭᠰᠡᠨ | ᠪᠣᠯ᠂ ᠬᠡᠲᠦᠷᠡᠭᠰᠡᠨ ᠬᠡᠰᠡᠭ ᠠᠴᠠ ᠨᠢ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠣᠰᠣᠭᠠᠷ | ᠬᠠᠭᠠᠰ ᠢᠶᠠᠷ ᠪᠠᠭᠤᠷᠠᠭᠤᠯᠵᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠨ᠎ᠠ᠃ | ᠠᠷᠪᠠᠨ ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠨᠥᠭᠴᠢᠭᠰᠡᠨ ᠪᠠᠭᠠᠲᠤᠷᠴᠤᠳ ᠤᠨ ᠭᠡᠷ | ᠪᠦᠯᠢ᠂ ᠵᠡᠮᠳᠡᠭ ᠴᠡᠷᠢᠭ᠂ ᠥᠨᠥᠴᠢᠨ ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠬᠡᠨ | ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠪᠣᠯᠣᠨ ᠬᠢᠯᠢ ᠬᠢᠵᠠᠭᠠᠷ ᠶᠠᠳᠠᠭᠤ ᠬᠦᠴᠢᠷᠳᠡᠯᠲᠡᠢ | ᠠᠭᠤᠯᠠᠷᠬᠠᠭ ᠣᠷᠣᠨ ᠤ ᠠᠮᠢᠳᠤᠷᠠᠯ ᠨᠢ ᠬᠦᠴᠢᠷᠳᠡᠯᠲᠡᠢ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ | ᠲᠣᠭᠲᠠᠭᠠᠭᠰᠠᠨ ᠭᠠᠵᠠᠷ ᠬᠡᠷᠡᠭᠯᠡᠬᠦ ᠪᠠᠷᠢᠮᠵᠢᠶ᠎ᠠ ᠶᠢᠨ ᠲᠣᠲᠣᠷ᠎ᠠ ᠰᠢᠨ᠎ᠡ ᠪᠠᠷ ᠣᠷᠣᠨ ᠰᠠᠭᠤᠴᠠ ᠪᠠᠶᠢᠭᠤᠯᠤᠭᠠᠳ | ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠳᠤ ᠦᠨᠡᠨ ᠬᠦ ᠬᠦᠴᠢᠷᠳᠡᠯᠲᠡᠢ ᠪᠣᠯ᠂ ᠰᠠᠭᠤᠭ᠎ᠠ | ᠭᠠᠵᠠᠷ ᠢᠶᠠᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠭᠤᠯᠵᠤ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ | ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠴᠡᠷᠢᠭ ᠤᠨ ᠶᠠᠪᠤᠳᠠᠯ ᠤᠨ ᠪᠡᠯᠡᠳᠬᠡᠮᠵᠢ᠂ ᠰᠤᠷᠭᠠᠭᠤᠯᠢ᠂ ᠬᠡᠦᠬᠡᠳ ᠤᠨ | ᠴᠡᠴᠡᠷᠯᠢᠭ᠂ ᠨᠠᠰᠤᠲᠠᠶᠢᠴᠣᠳ ᠢ ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ ᠨᠤᠭᠤᠳ ᠲᠠᠷᠢᠶᠠᠨ ᠭᠠᠵᠠᠷ | ᠡᠵᠡᠯᠡᠨ ᠬᠡᠷᠡᠭᠯᠡᠬᠦ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ ︔ ᠲᠡᠮᠦᠷ | ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ᠂ ᠨᠢᠰᠬᠡᠯ | ᠵᠣᠭᠰᠣᠬᠤ ᠲᠠᠪᠴᠠᠩ᠂ ᠭᠠᠷᠠᠮ᠂ ᠠᠶᠠᠯᠠᠯ ᠤᠨ ᠵᠠᠮ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠲᠡᠭᠰᠢ | ᠳᠥᠷᠪᠡᠯᠵᠢᠨ ᠮᠧᠳ᠋ᠷ ᠪᠦᠷᠢ ᠳᠤ 2 ᠲᠥᠭᠦᠷᠢᠭ ᠤᠨ ᠭᠠᠶᠢᠯᠢ ᠶᠢᠨ ᠨᠤᠷᠮ᠎ᠠ ᠪᠠᠷ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠬᠠᠰᠤᠵᠤ ᠲᠠᠲᠠᠪᠤᠷᠢᠯᠠᠨ᠎ᠠ᠃ ᠡᠮᠦᠨᠡᠬᠢ ᠵᠤᠷᠪᠤᠰ ᠤᠨ ᠶᠣᠰᠣᠭᠠᠷ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ ᠳᠠᠷᠠᠭ᠎ᠠ᠂ ᠭᠠᠶᠢᠯᠢ | ᠲᠤᠰᠢᠶᠠᠭᠴᠢ ᠠᠴᠠ ᠤᠤᠯ ᠤᠨ ᠡᠵᠡᠯᠡᠨ ᠬᠡᠷᠡᠭᠯᠡᠵᠦ ᠪᠠᠶᠢᠭ᠎ᠠ ᠭᠠᠵᠠᠷ ᠤᠨ ᠬᠡᠷᠡᠭᠯᠡᠮᠵᠢ ᠶᠢ ᠬᠤᠪᠢᠷᠠᠭᠤᠯᠤᠭᠠᠳ᠂ | ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ | ᠬᠠᠷᠢᠶᠠᠯᠠᠭᠳᠠᠬᠤ ᠪᠠᠨ ᠪᠣᠯᠢᠭᠰᠠᠨ ᠪᠣᠯ ᠬᠡᠷᠡᠭᠯᠡᠮᠵᠢ ᠶᠢ ᠬᠤᠪᠢᠷᠠᠭᠤᠯᠤᠭᠰᠠᠨ ᠡᠳᠦᠷ ᠠᠴᠠ ᠡᠬᠢᠯᠡᠨ 30 ᠡᠳᠦᠷ ᠤᠨ | ᠲᠣᠲᠣᠷ᠎ᠠ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠨᠥᠬᠦᠪᠦᠷᠢᠯᠡᠨ ᠲᠤᠰᠢᠶᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠤᠢ ᠰᠢᠭᠤᠢ ᠶᠢᠨ ᠭᠠᠵᠠᠷ᠂ ᠪᠡᠯᠴᠢᠭᠡᠷ ᠤᠨ ᠭᠠᠵᠠᠷ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠢᠴᠢ ᠵᠢᠭᠠᠰᠤᠨ ᠠᠵᠤ | ᠠᠬᠤᠢ ᠶᠢᠨ ᠤᠰᠤᠨ ᠤ ᠲᠠᠩ ᠵᠡᠷᠭᠡ ᠪᠤᠰᠤᠳ ᠲᠠᠷᠢᠶᠠᠨ ᠭᠠᠵᠠᠷ ᠲᠤ ᠭᠡᠷ ᠪᠠᠷᠢᠬᠤ ᠪᠤᠶᠤ ᠲᠠᠷᠢᠶᠠᠯᠠᠩ ᠤᠨ ᠪᠤᠰᠤ | ᠪᠦᠲᠦᠭᠡᠨ ᠪᠠᠶᠢᠭᠤᠯᠤᠯᠲᠠ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ ᠬᠠᠷᠢᠴᠠᠭᠤᠯᠵᠤ ᠲᠠᠷᠢᠶᠠᠨ ᠭᠠᠵᠠᠷ | ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠵᠤ᠂ ᠲᠣᠬᠢᠷᠠᠬᠤ ᠭᠠᠶᠢᠯᠢ ᠶᠢᠨ ᠨᠤᠷᠮ᠎ᠠ ᠨᠢ ᠲᠤᠬᠠᠢ ᠶᠢᠨ ᠭᠠᠵᠠᠷ ᠤᠨ | ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠪᠠᠷᠢᠮᠵᠢᠶ᠎ᠠ ᠲᠠᠢ ᠠᠳᠠᠯᠢ ᠪᠣᠯᠭᠠᠬᠤ | ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ | ᠪᠠᠶᠢᠭᠤᠯᠬᠤ ᠳᠤ ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ᠂ ᠲᠠᠷᠢᠶᠠᠨ | ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ᠃ | ᠠᠷᠪᠠᠨ ᠵᠢᠷᠭᠤᠳᠤᠭᠠᠷ ᠵᠦᠢᠯ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠪᠤᠶᠤ ᠪᠤᠰᠤᠳ ᠲᠠᠷᠢᠶᠠᠯᠠᠩ ᠳᠤ | ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠪᠤᠶᠤ ᠪᠤᠰᠤᠳ ᠲᠠᠷᠢᠶᠠᠯᠠᠩ ᠳᠤ ᠬᠡᠷᠡᠭᠯᠡᠬᠦ | ᠭᠠᠵᠠᠷ ᠤᠨ ᠬᠠᠷᠢᠶᠠᠯᠠᠭᠳᠠᠬᠤ ᠭᠠᠵᠠᠷ ᠲᠤ ᠭᠤᠶᠤᠴᠢᠯᠠᠨ ᠮᠡᠳᠡᠭᠦᠯᠵᠦ ᠭᠠᠶᠢᠯᠢ ᠲᠤᠰᠢᠶᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠲᠠᠲᠠᠪᠤᠷᠢᠯᠠᠬᠤ | ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠲᠠᠲᠠᠪᠤᠷᠢᠯᠠᠨ | ᠬᠤᠷᠢᠶᠠᠬᠤ ᠬᠠᠮᠢᠶᠠᠷᠤᠯᠲᠠ ᠶᠢᠨ ᠠᠷᠭ᠎ᠠ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ | ᠲᠠᠲᠠᠪᠤᠷᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠪᠠ ᠲᠤᠰ | ᠠᠷᠭ᠎ᠠ ᠶᠢᠨ ᠬᠠᠮᠢᠶ᠎ᠠ ᠪᠦᠬᠦᠢ ᠲᠤᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠲᠤᠰ ᠲᠣᠭᠲᠠᠭᠠᠯ ᠢ 2008 ᠣᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃ 1996 ᠣᠨ ᠤ 8 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 73 ᠳ᠋ᠤᠭᠠᠷ ᠲᠣᠭᠠᠲᠤ︶ ᠶᠢ ᠬᠠᠮᠲᠤ ᠳᠤᠨᠢ | ᠬᠦᠴᠦᠨ ᠦᠭᠡᠢ ᠪᠣᠯᠭᠠᠨ᠎ᠠ᠃ |