ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ
ᠨᠡᠶᠢᠲᠡᠯᠡᠭᠰᠡᠨ ᠴᠠᠭ᠄
2016-12-05
  ︵2004 ᠣᠨ ᠤ 11 ᠳ᠋ᠤᠭᠡᠷ ᠰᠠᠷ᠎ᠠ ᠶᠢᠨ 26 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠢᠶᠠᠷ ᠪᠠᠲᠤᠯᠠᠪᠠ︶           ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠠᠷᠠᠳ ᠤᠨ           ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷ                                                     19 ᠳ᠋ᠦᠭᠡᠷ ᠳᠤᠭᠠᠳᠤ 2004 ᠣᠨ ᠤ 11 ᠳ᠋ᠤᠭᠡᠷ ᠰᠠᠷ᠎ᠠ ᠶᠢᠨ 26 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠢᠶᠠᠷ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ ᠪᠠᠲᠤᠯᠠᠪᠠ᠂ ᠣᠳᠣ ᠨᠡᠶᠢᠲᠡᠯᠡᠶ᠎ᠡ᠂ 2005 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠳᠤᠬᠡᠢ᠃                                                      2004 ᠣᠨ ᠤ 11 ᠰᠠᠷ᠎ᠠ ᠶᠢᠨ 26 ᠤ ᠡᠳᠦᠷ ᠭᠠᠷᠴᠠᠭ ᠨᠢᠭᠡᠳᠦᠭᠡᠷ ᠪᠦᠯᠦᠭ ᠶᠡᠷᠦᠩᠬᠡᠢ ᠳᠦᠷᠢᠮ ᠬᠤᠶᠠᠳᠤᠭᠠᠷ ᠪᠦᠯᠦᠭ ᠰᠤᠷᠤᠯᠴᠠᠭ᠎ᠠ ᠪᠠ ᠰᠤᠷᠭᠠᠨ ᠬᠥᠮᠥᠵᠢᠯ ᠭᠤᠷᠪᠠᠳᠤᠭᠠᠷ ᠪᠦᠯᠦᠭ ᠬᠡᠷᠡᠭᠯᠡᠯᠲᠡ ᠪᠠ ᠬᠠᠮᠢᠶᠠᠷᠤᠯᠲᠠ ᠳᠥᠷᠪᠡᠳᠦᠭᠡᠷ ᠪᠦᠯᠦᠭ ᠰᠢᠨᠵᠢᠯᠡᠬᠦ ᠤᠬᠠᠭᠠᠨ ᠤ ᠰᠤᠳᠤᠯᠤᠯᠲᠠ ᠪᠠ ᠳᠦᠷᠢᠮᠵᠢᠯ᠂ ᠪᠠᠷᠢᠮᠵᠢᠶᠠᠵᠢᠯ ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ ᠨᠢᠭᠡᠳᠦᠭᠡᠷ ᠪᠦᠯᠦᠭ   ᠶᠡᠷᠦᠩᠬᠡᠢ ᠳᠦᠷᠢᠮ         ᠨᠢᠭᠡᠳᠦᠭᠡᠷ ᠵᠦᠢᠯ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠯ᠂ ᠪᠠᠷᠢᠮᠵᠢᠶᠠᠵᠢᠯ᠂ ᠰᠤᠷᠤᠯᠴᠠᠯᠭ᠎ᠠ ᠬᠡᠷᠡᠭᠯᠡᠭᠡᠨ ᠤ ᠵᠢᠷᠣᠮᠵᠢᠯᠲᠡ ᠪᠣᠯᠣᠨ ᠮᠣᠩᠭᠤᠯ ᠦᠭᠡ ᠬᠡᠯᠡ ᠦᠰᠦᠭ ᠪᠢᠴᠢᠭ ᠤᠨ ᠴᠡᠴᠡᠭᠯᠡᠯ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠠᠮᠢᠳᠤᠷᠠᠯ ᠢ ᠭᠠᠷᠭᠠᠬᠤ ᠦᠢᠯᠡᠳᠦᠯ ᠢ ᠨᠢ ᠤᠯᠠᠮ ᠰᠠᠶᠢᠨ ᠪᠠᠳᠠᠷᠠᠭᠤᠯᠬᠤ ᠶᠢᠨ ᠲᠥᠯᠥᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠬᠢᠭᠡᠳ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ ᠳᠦᠷᠢᠮ ᠢ ᠲᠣᠭᠲᠠᠭᠠᠪᠠ᠃         ᠬᠤᠶᠠᠳᠤᠭᠠᠷ ᠵᠦᠢᠯ ᠮᠣᠩᠭᠤᠯ ᠦᠭᠡ ᠬᠡᠯᠡ ᠦᠰᠦᠭ ᠪᠢᠴᠢᠭ ᠪᠣᠯ ᠥᠪᠡᠷᠳᠡᠭᠡᠨ ᠵᠠᠰᠠᠬᠤ ᠤᠷᠤᠨ ᠤ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠮᠥᠨ ᠪᠥᠭᠡᠳ ᠥᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠴᠢᠬᠤᠯᠠ ᠪᠠᠭᠠᠵᠢ ᠮᠥᠨ᠃ ᠥᠪᠡᠷᠳᠡᠭᠡᠨ ᠵᠠᠰᠠᠬᠤ ᠤᠷᠤᠨ ᠤ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ ᠡᠷᠬᠡ ᠲᠤᠰᠢᠶᠠᠯ ᠢᠶᠠᠨ ᠭᠦᠢᠴᠡᠳᠬᠡᠬᠦ ᠦᠶᠡᠰ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠳᠡᠭᠡᠨ ᠮᠣᠩᠭᠤᠯ ᠦᠭᠡ ᠬᠡᠯᠡ ᠦᠰᠦᠭ ᠪᠢᠴᠢᠭ ᠢᠶᠠᠷ ᠭᠤᠣᠯ ᠪᠣᠯᠭᠠᠵᠤ ᠪᠣᠯᠣᠨ᠎ᠠ᠃       ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠣᠯᠣᠨ ᠮᠣᠩᠭᠤᠯ ᠦᠭᠡ ᠶᠢᠨ ᠲᠥᠷᠥᠯᠵᠢᠭᠦᠯᠦᠭᠰᠡᠨ ᠪᠢᠴᠢᠯᠭᠡ ᠶᠢ ᠲᠦᠭᠡᠭᠡᠨ ᠳᠡᠯᠭᠡᠷᠡᠭᠦᠯᠬᠦ ᠬᠡᠷᠡᠭᠲᠡᠢ᠂ ᠥᠪᠡᠷᠳᠡᠭᠡᠨ ᠵᠠᠰᠠᠬᠤ ᠤᠷᠤᠨ ᠳᠤ ᠰᠢᠯᠤᠭᠤᠨ ᠬᠥᠬᠡ ᠬᠤᠰᠢᠭᠤ ᠪᠠᠷ ᠲᠥᠯᠥᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠣᠯᠭᠠᠨ᠎ᠠ᠃       ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠦᠨᠳᠦᠰᠦᠲᠡᠨ ᠤ ᠠᠷᠠᠳ ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠢᠶᠠᠨ ᠰᠤᠷᠴᠤ ᠬᠡᠷᠡᠭᠯᠡᠬᠦ᠂ ᠰᠤᠳᠤᠯᠵᠤ ᠬᠥᠭᠵᠢᠭᠦᠯᠬᠦ ᠡᠷᠬᠡ ᠴᠢᠯᠦᠭᠡ ᠶᠢ ᠪᠠᠲᠤᠯᠠᠬᠤ ᠬᠡᠷᠡᠭᠲᠡᠢ ᠪᠥᠭᠡᠳ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠰᠤᠷᠬᠤ᠂ ᠬᠡᠷᠡᠭᠯᠡᠬᠦ᠂ ᠰᠤᠳᠤᠯᠬᠤ ᠶᠢ ᠵᠦ᠋ᠷᠢᠭᠵᠢᠭᠤᠯᠤᠨ ᠳᠡᠮᠵᠢᠬᠦ ᠬᠡᠷᠡᠭᠲᠡᠢ᠃         ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡ ᠪᠢᠴᠢᠭ ᠤᠨ ᠠᠵᠢᠯ ᠤᠨ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃         ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠨᠢ ᠲᠤᠰ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠠᠬᠢ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠲᠥᠯᠥᠪᠵᠢᠭᠦᠯᠬᠦ᠂ ᠵᠢᠯᠣᠭᠤᠳᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠰᠡᠳ ᠤᠨ ᠡᠭᠦᠷᠭᠡ ᠬᠠᠷᠢᠭᠤᠴᠠᠯᠭ᠎ᠠ ᠪᠠᠷ ᠢᠶᠠᠨ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃       ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠭᠡᠳ ᠲᠣᠪᠤᠶᠢᠮ᠎ᠠ ᠪᠦᠲᠦᠮᠵᠢ ᠭᠠᠷᠭᠠᠭᠰᠠᠨ ᠨᠢᠭᠡᠴᠡ ᠪᠣᠯᠣᠨ ᠬᠤᠪᠢ ᠬᠥᠮᠥᠨ ᠢ ᠱᠠᠩᠨᠠᠵᠤ ᠬᠥᠬᠢᠭᠦᠯᠦᠨ᠎ᠡ᠃ ᠬᠤ ᠶᠠᠳᠤᠭᠠᠷ ᠪᠦᠯᠦᠭ     ᠰᠤᠷᠤᠯᠴᠠᠯᠭ᠎ᠠ ᠪᠠ ᠰᠤᠷᠭᠠᠨ ᠬᠥᠮᠥᠵᠢᠯ           ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠢᠶᠠᠷ ᠬᠢᠴᠢᠶᠡᠯᠯᠡᠬᠦ ᠪᠠᠷ ᠭᠤᠣᠯᠯᠠᠭᠤᠯᠤᠭᠰᠠᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠥᠵᠢᠯ ᠢ ᠤᠷᠢᠳᠴᠢᠯᠠᠨ ᠬᠥᠭᠵᠢᠭᠦᠯᠵᠦ᠂ ᠭᠤᠣᠯᠳᠠᠯᠭ᠎ᠠ ᠲᠠᠢ ᠲᠡᠳᠬᠦᠵᠦ᠂ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠵᠡᠷᠭᠡ ᠪᠠᠷ ᠡᠵᠡᠮᠰᠢᠭᠰᠡᠨ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃           ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠢᠶᠠᠷ ᠬᠢᠴᠢᠶᠡᠯᠯᠡᠬᠦ ᠰᠤᠷᠭᠠᠨ ᠬᠥᠮᠥᠵᠢᠯ ᠤᠨ ᠪᠡᠯᠡ ᠣᠷᠤᠭᠤᠯᠤᠯᠲᠠ ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃         ᠠᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠢᠶᠠᠷ ᠬᠢᠴᠢᠶᠡᠯᠯᠡᠬᠦ ᠰᠤᠷᠭᠠᠭᠤᠯᠢ ᠨᠤᠭᠤᠳ ᠲᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠪᠠ ᠪᠡᠯᠡ ᠮᠥᠩᠭᠦᠨ ᠤ ᠨᠥᠬᠦᠪᠦᠷᠢ ᠥᠭᠴᠦ᠂ ᠮᠣᠩᠭᠤᠯ ᠢᠶᠠᠷ ᠬᠢᠴᠢᠶᠡᠯᠯᠡᠬᠦ ᠰᠤᠷᠤᠭᠴᠢ ᠶᠢᠨ ᠰᠤᠷᠤᠯᠭ᠎ᠠ ᠶᠢᠨ ᠵᠠᠷᠤᠳᠠᠯ᠂ ᠢᠬᠢᠷ ᠰᠢᠬᠢᠷ ᠵᠠᠷᠤᠳᠠᠯ᠂ ᠰᠤᠷᠬᠤ ᠪᠢᠴᠢᠭ ᠤᠨ ᠵᠠᠷᠤᠳᠠᠯ ᠢ ᠨᠢ ᠬᠥᠩᠭᠡᠯᠡᠬᠦ ᠪᠤᠶᠤ ᠬᠡᠯᠲᠦᠷᠢᠭᠦᠯᠬᠦ ᠬᠡᠷᠡᠭᠲᠡᠢ᠃ ᠡᠭᠦᠨ ᠤ ᠬᠠᠮᠲᠤ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ ᠱᠠᠩᠨᠠᠯ ᠤᠨ ᠮᠦᠩᠭᠦᠨ ᠤ ᠳᠦᠷᠢᠮ ᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢ ᠶᠢᠨ ᠰᠤᠷᠤᠯᠭ᠎ᠠ ᠪᠠᠨ ᠲᠡᠭᠦᠰᠬᠡᠬᠦ ᠶᠢ ᠪᠠᠲᠤᠯᠠᠬᠤ ᠬᠡᠷᠡᠭᠲᠡᠢ᠃         ᠠᠷᠪᠠᠨ ᠨᠢᠭᠡᠳᠦᠭᠡᠷ ᠵᠦᠢᠯ ᠬᠢᠲᠠᠳ ᠢᠶᠠᠷ ᠬᠢᠴᠢᠶᠡᠯᠯᠡᠬᠦ ᠮᠣᠩᠭᠤᠯ ᠦᠨᠳᠦᠰᠦᠲᠡᠨ ᠤ ᠳᠤᠮᠳᠠᠳᠤ᠂ ᠪᠠᠭ᠎ᠠ ᠰᠤᠷᠭᠠᠭᠤᠯᠢ ᠨᠤᠭᠤᠳ ᠲᠤ ᠮᠣᠩᠭᠤᠯ ᠬᠡᠯᠡ ᠪᠢᠴᠢᠭ ᠤᠨ ᠬᠢᠴᠢᠶᠡᠯ ᠲᠣᠬᠢᠷᠠᠭᠤᠯᠬᠤ ᠬᠡᠷᠡᠭᠲᠡᠢ᠃         ᠠᠷᠪᠠᠨ ᠬᠤᠶᠠᠳᠤᠭᠠᠷ ᠵᠦᠢᠯ ᠮᠣᠩᠭᠤᠯ ᠬᠥᠮᠥᠨ ᠠᠮᠠ ᠣᠯᠠᠨ ᠲᠠᠢ ᠠᠶᠢᠮᠠᠭ ᠬᠤᠲᠠ ᠮᠣᠩᠭᠤᠯ ᠢᠶᠠᠷ ᠬᠢᠴᠢᠶᠡᠯᠯᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠬᠡᠷᠡᠭᠲᠡᠢ᠃         ᠠᠷᠪᠠᠨ ᠭᠤᠷᠪᠠᠳᠤᠭᠠᠷ ᠵᠦᠢᠯ ᠡᠯ᠎ᠡ ᠲᠥᠷᠥᠯ ᠤᠨ ᠳᠡᠭᠡᠳᠦ ᠰᠤᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠪᠠᠷ ᠭᠤᠣᠯᠯᠠᠭᠤᠯᠤᠭᠰᠠᠨ ᠲᠤᠰᠬᠠᠢ ᠮᠡᠷᠭᠡᠵᠢᠯ ᠢ ᠠᠯᠬᠤᠮ ᠠᠯᠬᠤᠮ ᠢᠶᠠᠷ ᠴᠢᠩᠭᠠᠳᠬᠠᠬᠤ ᠪᠤᠶᠤ ᠲᠣᠬᠢᠷᠠᠭᠤᠯᠬᠤ ᠶᠢᠨ ᠬᠠᠮᠲᠤ ᠪᠡᠯᠡᠳᠬᠡᠯ ᠠᠩᠭᠢ ᠶᠢᠨ ᠡᠯᠰᠡᠯᠲᠡ ᠶᠢᠨ ᠬᠡᠪᠴᠢᠶ᠎ᠡ ᠪᠠᠨ ᠥᠷᠭᠡᠳᠬᠡᠵᠦ᠂ ᠪᠡᠯᠡᠳᠬᠡᠯ ᠠᠩᠭᠢ ᠳᠤ ᠮᠣᠩᠭᠤᠯ ᠢᠶᠠᠷ ᠰᠤᠷᠤᠭᠰᠠᠨ ᠰᠤᠷᠤᠭᠴᠢ ᠶᠢ ᠡᠯᠰᠡᠬᠦ ᠬᠡᠷᠡᠭᠲᠡᠢ᠃ ᠡᠯ᠎ᠡ ᠲᠥᠷᠥᠯ ᠤᠨ ᠳᠡᠭᠡᠳᠦ ᠰᠤᠷᠭᠠᠭᠤᠯᠢ ᠨᠤᠭᠤᠳ ᠮᠣᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠰᠤᠷᠤᠭᠴᠢ ᠡᠯᠰᠡᠯᠲᠡ ᠳᠤ ᠲᠤᠰᠠᠭᠠᠷ ᠲᠥᠯᠥᠪᠯᠡᠭᠡ ᠬᠡᠷᠡᠭᠵᠢᠭᠦᠯᠵᠦ᠂ ᠡᠯᠰᠡᠬᠦ ᠰᠤᠷᠤᠭᠴᠢ ᠶᠢᠨ ᠲᠤᠭ᠎ᠠ ᠪᠠᠨ ᠠᠯᠬᠤᠮ ᠠᠯᠬᠤᠮ ᠢᠶᠠᠷ ᠨᠡᠮᠡᠭᠳᠡᠭᠦᠯᠬᠦ ᠬᠡᠷᠡᠭᠲᠡᠢ         ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠣᠨᠴᠠᠭᠠᠢ ᠲᠥᠷᠥ ᠶᠢᠨ ᠪᠣᠳᠣᠯᠭ᠎ᠠ ᠲᠣᠭᠲᠠᠭᠠᠵᠤ᠂ ᠮᠣᠩᠭᠤᠯ ᠢᠶᠠᠷ ᠬᠢᠴᠢᠶᠡᠯᠯᠡᠬᠦ ᠳᠡᠭᠡᠳᠦ᠂ ᠳᠤᠮᠳᠠ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠬᠤ ᠵᠠᠮ ᠢ ᠥᠷᠭᠡᠵᠢᠭᠦᠯᠬᠦ ᠬᠡᠷᠡᠭᠲᠡᠢ ᠪᠥᠭᠡᠳ ᠲᠥᠷᠥ ᠶᠢᠨ ᠪᠠᠶᠢᠭᠤᠯᠭ᠎ᠠ ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠮᠣᠩᠭᠤᠯ ᠢᠶᠠᠷ ᠬᠢᠴᠢᠶᠡᠯᠯᠡᠬᠦ ᠳᠡᠭᠡᠳᠦ᠂ ᠳᠤᠮᠳᠠ ᠮᠡᠷᠭᠡᠵᠢᠯ ᠤᠨ ᠰᠤᠷᠭᠠᠭᠤᠯᠢ ᠲᠡᠭᠦᠰᠤᠬᠡᠭᠰᠡᠨ ᠰᠤᠷᠤᠭᠴᠢ ᠶᠢ ᠡᠯᠰᠡᠨ ᠬᠡᠷᠡᠭᠯᠡᠬᠦ ᠬᠡᠷᠡᠭᠲᠡᠢ᠃         ᠠᠷᠪᠠᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠮᠠᠯᠴᠢᠨ ᠲᠠᠷᠢᠶᠠᠴᠢᠨ ᠳᠤ ᠮᠣᠩᠭᠤᠯ ᠢᠶᠠᠷ ᠬᠢᠴᠢᠶᠡᠯᠯᠡᠬᠦ ᠪᠠᠷ ᠭᠤᠣᠯᠯᠠᠭᠤᠯᠤᠭᠰᠠᠨ ᠬᠡᠷᠡᠭᠯᠡᠭᠡᠨ ᠤ ᠮᠡᠷᠭᠡᠵᠢᠯ ᠤᠨ ᠬᠥᠮᠥᠵᠢᠯ ᠪᠣᠯᠪᠠᠰᠤᠷᠠᠯ ᠬᠦᠷᠲᠡᠭᠡᠵᠦ᠂ ᠬᠡᠷᠡᠭᠯᠡᠭᠡᠨ ᠤ ᠮᠡᠷᠭᠡᠵᠢᠯ ᠤᠨ ᠬᠥᠮᠥᠵᠢᠯ ᠪᠣᠯᠪᠠᠰᠤᠷᠠᠯ ᠤᠨ ᠢᠵᠢ ᠪᠦᠷᠢᠲᠦᠭᠦᠯᠬᠦ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠢ᠃ ᠭᠤᠷᠪᠠᠳᠤᠭᠠᠷ ᠪᠦᠯᠦᠭ ᠬᠡᠷᠡᠭᠯᠡᠯᠲᠡ ᠪᠠ ᠬᠠᠮᠢᠶᠠᠷᠤᠯᠲᠠ         ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠤᠨ ᠠᠯᠪᠠᠨ ᠪᠢᠴᠢᠭ ᠲᠤ ᠮᠣᠩᠭᠤᠯ ᠬᠢᠲᠠᠳ ᠬᠤᠶᠠᠷ ᠲᠥᠷᠥᠯ ᠤᠨ ᠦᠰᠦᠭ ᠪᠢᠴᠢᠭ ᠢ ᠬᠡᠷᠡᠭᠯᠡᠬᠦ ᠬᠡᠷᠡᠭᠲᠡᠢ᠃ ᠥᠪᠡᠷᠳᠡᠭᠡᠨ ᠵᠠᠰᠠᠬᠤ ᠤᠷᠤᠨ ᠳᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠤᠳ ᠡᠮᠦᠨᠡᠬᠢ ᠪᠠᠳᠠᠭ ᠤᠨ ᠲᠣᠭᠲᠠᠭᠠᠯ ᠢ ᠵᠢᠷᠤᠮᠯᠠᠵᠤ ᠬᠡᠷᠡᠭᠵᠢᠭᠦᠯᠦᠨ᠎ᠡ᠃         ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢᠶᠠᠷ ᠠᠵᠢᠯᠯᠠᠳᠠᠭ ᠮᠥᠷᠲᠡᠭᠡᠨ ᠥᠪᠡᠷᠳᠡᠭᠡᠨ ᠵᠠᠰᠠᠬᠤ ᠤᠷᠤᠨ ᠤ ᠲᠣᠭᠲᠠᠭᠠᠭᠰᠠᠨ ᠪᠠᠷᠢᠮᠵᠢᠶᠠᠨ ᠳᠤ ᠬᠦᠷᠦᠭᠰᠡᠨ ᠠᠵᠢᠯᠲᠠᠳ ᠲᠤ ᠮᠣᠩᠭᠤᠯ ᠦᠭᠡ ᠬᠡᠯᠡ ᠦᠰᠦᠭ ᠪᠢᠴᠢᠭ ᠤᠨ ᠨᠡᠮᠡᠯᠭᠡ ᠮᠦᠩᠭᠦ ᠣᠯᠭᠤᠨ᠎ᠠ᠃ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃         ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠢᠯ ᠦᠢᠯᠡᠰ ᠤᠨ ᠨᠢᠭᠡᠴᠢ ᠨᠦᠭᠦᠳ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠪᠠᠶᠢᠭᠤᠯᠤᠮᠵᠢ ᠪᠣᠯᠣᠨ ᠣᠷᠴᠢᠭᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠣᠷᠴᠢᠭᠤᠯᠤᠭᠴᠢ ᠲᠣᠬᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠢᠯ ᠦᠢᠯᠡᠰ ᠤᠨ ᠨᠢᠭᠡᠴᠡ ᠶᠢᠨ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠠᠵᠢᠯᠲᠠᠨ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠠᠵᠢᠯ ᠤᠨ ᠪᠠᠶᠢᠷᠢ ᠶᠢᠨ ᠨᠡᠮᠡᠯᠭᠡ ᠮᠥᠩᠭᠦ ᠬᠦᠷᠲᠡᠨ᠎ᠡ᠃ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠳᠤ ᠮᠣᠩᠭᠤᠯ ᠬᠡᠯᠡ ᠪᠢᠴᠢᠭ ᠤᠨ ᠣᠷᠴᠢᠭᠤᠯᠭ᠎ᠠ ᠶᠢᠨ ᠠᠵᠢᠯ ᠬᠢᠵᠦ ᠪᠠᠶᠢᠭ᠎ᠠ ᠬᠥᠮᠥᠰ ᠲᠤᠰᠬᠠᠢ ᠮᠡᠷᠭᠡᠵᠢᠯ ᠤᠨ ᠲᠤᠰᠢᠶᠠᠯ ᠤᠨ ᠴᠣᠯᠠ ᠣᠯᠪᠠᠯ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ ᠪᠣᠯᠣᠨ ᠵᠠᠮ ᠤᠨ ᠵᠠᠷᠤᠳᠠᠯ ᠵᠡᠷᠭᠡ ᠲᠠᠯ᠎ᠠ ᠪᠠᠷ ᠠᠳᠠᠯᠢ ᠲᠡᠰ ᠤᠨ ᠲᠤᠰᠬᠠᠢ ᠮᠡᠷᠭᠡᠵᠢᠯ ᠤᠨ ᠲᠤᠰᠢᠶᠠᠯ ᠤᠨ ᠴᠣᠯᠠ ᠪᠦᠬᠦᠢ ᠠᠵᠢᠯᠲᠠᠨ ᠤ ᠣᠯᠭᠤᠮᠵᠢ ᠬᠦᠷᠲᠡᠨ᠎ᠡ᠃         ᠠᠷᠪᠠ ᠶᠢᠰᠦᠳᠦᠭᠡᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠢᠯ ᠦᠢᠯᠡᠰ ᠤᠨ ᠨᠢᠭᠡᠴᠢ ᠨᠦᠭᠦᠳ ᠲᠣᠮᠣ ᠴᠢᠬᠤᠯᠠ ᠴᠤᠭᠯᠠᠭᠠᠨ ᠳᠠᠭᠠᠨ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠡᠢ ︔ ᠡᠩ ᠤᠨ ᠬᠤᠷᠠᠯ ᠴᠤᠭᠯᠠᠭᠠᠨ ᠳᠤ ᠣᠷᠣᠯᠴᠠᠭᠴᠢᠳ ᠤᠨ ᠪᠠᠶᠢᠳᠠᠯ ᠳᠤ ᠦᠨᠳᠦᠰᠦᠯᠡᠵᠦ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠬᠦ ᠬᠡᠷᠡᠭᠲᠡᠢ᠃       ᠬᠤᠷᠢᠳᠤᠭᠠᠷ ᠵᠦᠢᠯ ᠡᠯ᠎ᠡ ᠱᠠᠲᠤᠨ ᠤ ᠬᠠᠤᠯᠢ ᠴᠠᠭᠠᠵᠠ ᠶᠢᠨ ᠪᠠᠶᠢᠭᠤᠯᠭ᠎ᠠ ᠨᠤᠭᠤᠳ ᠬᠠᠤᠯᠢ ᠴᠠᠭᠠᠵᠠ ᠶᠢᠨ ᠠᠵᠢᠯᠯᠠᠭᠠᠨ ᠳᠠᠭᠠᠨ ᠦᠨᠳᠦᠰᠦᠲᠡᠨ ᠨᠦᠭᠦᠳ ᠤᠨ ᠠᠷᠠᠳ ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠢᠶᠠᠷ ᠵᠠᠷᠭᠤᠯᠳᠤᠬᠤ ᠡᠷᠬᠡ ᠴᠢᠯᠦᠭᠡ ᠶᠢ ᠪᠠᠲᠤᠯᠠᠬᠤ ᠬᠡᠷᠡᠭᠲᠡᠢ᠃         ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠮᠣᠩᠭᠤᠯ ᠬᠢᠲᠠᠳ ᠬᠤᠶᠠᠷ ᠲᠥᠷᠥᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠲᠡᠢ᠃         ᠬᠤᠷᠢᠨ ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣ᠊ ᠷᠣᠨ ᠤ ᠬᠡᠪᠴᠢᠶᠡᠨ ᠳᠠᠬᠢ ᠨᠡᠶᠢᠭᠡᠮ ᠤᠨ ᠥᠩᠭᠡᠨ ᠬᠡᠷᠡᠭᠯᠡᠭᠡᠨ ᠤ ᠦᠰᠦᠭ ᠪᠢᠴᠢᠭ ᠲᠤ ᠮᠣᠩᠭᠤᠯ ᠬᠢᠲᠠᠳ ᠬᠤᠶᠠᠷ ᠲᠥᠷᠥᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠬᠡᠷᠡᠭᠲᠡᠢ᠃ ᠨᠡᠶᠢᠭᠡᠮ ᠤᠨ ᠥᠩᠭᠡᠨ ᠬᠡᠷᠡᠭᠯᠡᠭᠡᠨ ᠤ ᠦᠰᠦᠭ ᠪᠢᠴᠢᠭ ᠤᠨ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃         ᠬᠤᠷᠢᠨ ᠭᠤᠷᠪᠠᠳᠤᠭᠠᠷ ᠵᠦᠢᠯ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠭᠴᠢ ᠠᠷᠠᠳ ᠢᠷᠭᠡᠳ ᠲᠤ ᠦᠢᠯᠡᠴᠢᠯᠡᠬᠦ ᠳᠡᠭᠡᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ᠃         ᠬᠤᠷᠢᠨ ᠳᠥᠷᠪᠡᠳᠦᠭᠡᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠢᠯ ᠦᠢᠯᠡᠰ ᠤᠨ ᠨᠢᠭᠡᠴᠡ ᠨᠦᠭᠦᠳ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠵᠡᠷᠭᠡ ᠪᠠᠷ ᠡᠵᠡᠮᠰᠢᠭᠰᠡᠨ ᠠᠵᠢᠯᠲᠠᠨ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃         ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠲᠥᠷᠥ ᠶᠢᠨ ᠪᠠᠶᠢᠭᠤᠯᠭ᠎ᠠ᠂ ᠠᠷᠠᠳ ᠤᠨ ᠪᠦᠯᠬᠦᠮ ᠪᠣᠯᠣᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠥᠷᠥ ᠶᠢᠨ ᠠᠯᠪᠠᠲᠠᠨ ᠡᠯᠰᠡᠬᠦ᠂ ᠰᠢᠯᠢᠵᠦ ᠳᠡᠪᠰᠢᠭᠦᠯᠬᠦ ᠪᠣᠯᠣᠨ ᠠᠵᠢᠯᠲᠠᠨ ᠤᠷᠢᠵᠤ ᠬᠡᠷᠡᠭᠯᠡᠬᠦ᠂ ᠲᠤᠰᠬᠠᠢ ᠮᠡᠷᠭᠡᠵᠢᠯ ᠤᠨ ᠲᠤᠰᠢᠶᠠᠯ ᠤᠨ ᠴᠣᠯᠠ ᠳᠡᠪᠰᠢᠬᠦ ᠵᠡᠷᠭᠡ ᠡᠯ᠎ᠡ ᠵᠦᠢᠯ ᠤᠨ ᠰᠢᠯᠭᠠᠯᠲᠠ ᠳᠤ ᠮᠣᠩᠭᠤᠯ ᠢᠶᠠᠷ ᠰᠢᠯᠭᠠᠯᠲᠠ ᠶᠢᠨ ᠰᠡᠳᠦᠪ ᠬᠠᠩᠭᠠᠬᠤ ᠬᠡᠷᠡᠭᠲᠡᠢ ᠪᠥᠭᠡᠳ ᠰᠢᠯᠭᠠᠭᠤᠯᠤᠭᠴᠢ ᠮᠣᠩᠭᠤᠯ ᠦᠭᠡ ᠬᠡᠯᠡ ᠦᠰᠦᠭ ᠪᠢᠴᠢᠭ ᠢᠶᠠᠷ ᠠᠮᠠᠨ ᠰᠢᠯᠭᠠᠯᠲᠠ ᠪᠣᠯᠣᠨ ᠪᠢᠷ ᠤᠨ ᠰᠢᠯᠭᠠᠯᠲᠠ ᠥᠭᠴᠦ ᠪᠣᠯᠣᠨ᠎ᠠ᠃ ᠠᠳᠠᠯᠢ ᠨᠥᠬᠦᠴᠡᠯ ᠳᠤ ᠮᠣᠩᠭᠤᠯ ᠬᠢᠲᠠᠳ ᠬᠤᠶᠠᠷ ᠲᠥᠷᠥᠯ ᠤᠨ ᠦᠭᠡ ᠬᠡᠯᠡ ᠦᠰᠦᠭ ᠪᠢᠴᠢᠭ ᠢ ᠵᠡᠷᠭᠡ ᠪᠠᠷ ᠡᠵᠡᠮᠰᠢᠭᠰᠡᠳ ᠢ ᠬᠠᠷᠠᠭᠠᠯᠵᠠᠨ ᠡᠯᠰᠡᠨ᠎ᠡ᠃         ᠬᠤᠷᠢᠨ ᠵᠢᠷᠭᠤᠳᠤᠭᠠᠷ ᠵᠦᠢᠯ ᠷᠠᠳᠢᠣ᠋᠂ ᠲᠧᠯᠸᠢᠰ᠂ ᠺᠢᠨᠣ᠋ ᠶᠢᠨ ᠪᠠᠶᠢᠭᠤᠯᠤᠮᠵᠢ ᠨᠤᠭᠤᠳ ᠮᠣᠩᠭᠤᠯ ᠬᠡᠯᠡ ᠪᠠᠷ ᠠᠵᠢᠯᠯᠠᠬᠤ ᠠᠵᠢᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠱᠠᠭᠠᠷᠳᠠᠯᠭ᠎ᠠ ᠶᠢ ᠬᠠᠩᠭᠠᠭᠰᠠᠨ ᠡᠯᠪᠡᠭ ᠪᠠᠶᠠᠯᠢᠭ ᠠᠭᠤᠯᠭ᠎ᠠ ᠪᠦᠬᠦᠢ ᠮᠣᠩᠭᠤᠯ ᠬᠡᠯᠡᠨ ᠤ ᠫᠷᠦᠭᠷᠡᠮ ᠪᠣᠯᠣᠨ ᠺᠢᠨᠣ᠋ ᠲᠧᠯᠸᠢᠰ ᠪᠦᠲᠦᠭᠡᠯ ᠨᠠᠶᠢᠷᠠᠭᠤᠯᠤᠨ ᠦᠢᠯᠡᠳᠬᠦ ᠬᠡᠷᠡᠭᠲᠡᠢ ᠪᠥᠭᠡᠳ ᠨᠡᠪᠲᠡᠷᠡᠭᠦᠯᠬᠦ ᠴᠠᠭ ᠪᠣᠯᠣᠨ ᠤᠳᠠᠭ᠎ᠠ ᠶᠢ ᠨᠡᠮᠡᠭᠳᠡᠭᠦᠯᠬᠦ ᠬᠡᠷᠡᠭᠲᠡᠢ᠃ ᠡᠯ᠎ᠡ ᠱᠠᠲᠤᠨ ᠤ ᠤᠷᠠᠯᠢᠭ ᠤᠨ ᠪᠦᠯᠬᠦᠮ ᠮᠣᠩᠭᠤᠯ ᠬᠡᠯᠡᠨ ᠤ ᠤᠷᠠᠨ ᠰᠠᠶᠢᠬᠠᠨ ᠤ ᠫᠷᠦᠭᠷᠡᠮ ᠢ ᠨᠡᠮᠡᠭᠳᠡᠭᠦᠯᠬᠦ ᠬᠡᠷᠡᠭᠲᠡᠢ᠃         ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠵᠢᠭᠠᠬᠤ ᠮᠠᠲ᠋ᠧᠷᠢᠶᠠᠯ᠂ ᠬᠢᠴᠢᠶᠡᠯ ᠤᠨ ᠭᠠᠳᠠᠨᠠᠬᠢ ᠤᠩᠰᠢᠬᠤ ᠪᠢᠴᠢᠭ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠮᠣᠩᠭᠤᠯ ᠰᠣᠨᠢᠨ ᠰᠡᠳᠬᠦᠯ ᠬᠡᠪᠯᠡᠭᠦᠯᠦᠨ ᠲᠠᠷᠬᠠᠭᠠᠬᠤ ᠠᠵᠢᠯ ᠪᠣᠯᠣᠨ ᠮᠣᠩᠭᠤᠯ ᠨᠧᠲ ᠥᠷᠲᠡᠭᠡᠨ ᠤ ᠪᠠᠶᠢᠭᠤᠯᠤᠯᠲᠠ ᠶᠢ ᠲᠡᠳᠬᠦᠨ ᠳᠡᠮᠵᠢᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠣᠯᠠᠨ ᠵᠦᠢᠯ ᠤᠨ ᠲᠠᠷᠬᠠᠭᠠᠯᠲᠠ ᠶᠢᠨ ᠵᠠᠮ ᠨᠡᠭᠡᠭᠡᠵᠦ᠂ ᠬᠤᠳᠠᠯᠳᠤᠭᠠᠨ ᠤ ᠪᠣᠯᠣᠨ ᠬᠠᠩᠭᠠᠨ ᠪᠣᠷᠣᠯᠠᠭᠤᠯᠬᠤ ᠵᠡᠷᠭᠡ ᠪᠠᠶᠢᠭᠤᠯᠤᠮᠵᠢ ᠮᠣᠩᠭᠤᠯ ᠨᠣᠮ ᠪᠢᠴᠢᠭ ᠣᠷᠣᠯᠠᠨ ᠪᠣᠷᠣᠯᠠᠭᠤᠯᠬᠤ ᠶᠢ ᠬᠥᠬᠢᠭᠦᠯᠦᠨ ᠵᠦ᠋ᠷᠢᠭᠵᠢᠭᠤᠯᠵᠤ᠂ ᠬᠠᠮᠲᠤ ᠨᠡᠶᠢᠲᠡ ᠪᠣᠯᠣᠨ ᠬᠤᠪᠢ ᠬᠥᠮᠥᠨ ᠮᠣᠩᠭᠤᠯ ᠨᠣᠮ ᠤᠨ ᠳᠡᠯᠭᠡᠭᠦᠷ ᠡᠷᠬᠢᠯᠡᠬᠦ ᠶᠢ ᠰᠠᠨᠠᠭᠠᠴᠢᠯᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠬᠡᠷᠡᠭᠲᠡᠢ᠃ ᠡᠯ᠎ᠡ ᠱᠠᠲᠤᠨ ᠤ ᠰᠢᠨᠬᠤᠸᠠ ᠨᠣᠮ ᠤᠨ ᠳᠡᠯᠭᠡᠭᠦᠷ ᠮᠣᠩᠭᠤᠯ ᠨᠣᠮ ᠪᠢᠴᠢᠭ ᠲᠠᠷᠬᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠪᠥᠭᠡᠳ ᠮᠣᠩᠭᠤᠯ ᠨᠣᠮ ᠬᠤᠳᠠᠯᠳᠤᠬᠤ ᠲᠤᠰᠬᠠᠢ ᠯᠠᠩᠭᠦᠢ ᠭᠠᠷᠭᠠᠬᠤ ᠬᠡᠷᠡᠭᠲᠡᠢ᠃         ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠷᠠᠳᠢᠣ᠋᠂ ᠲᠧᠯᠸᠢᠰ᠂ ᠺᠢᠨᠣ᠋᠂ ᠰᠣᠨᠢᠨ ᠰᠡᠳᠬᠦᠯ᠂ ᠨᠣᠮ ᠪᠢᠴᠢᠭ ᠤᠨ ᠬᠡᠪᠯᠡᠯ᠂ ᠨᠧᠲ ᠥᠷᠲᠡᠭᠡᠨ ᠤ ᠪᠡᠯᠡ ᠣᠷᠤᠭᠤᠯᠤᠯᠲᠠ ᠪᠣᠯᠣᠨ ᠨᠥᠬᠦᠪᠦᠷᠢ ᠮᠥᠩᠭᠦ ᠪᠠᠨ ᠵᠢᠯ ᠳᠠᠷᠠᠭᠠᠯᠠᠨ ᠨᠡᠮᠡᠭᠳᠡᠭᠦᠯᠬᠦ ᠬᠡᠷᠡᠭᠲᠡᠢ᠃         ᠬᠤᠷᠢ ᠶᠢᠰᠦᠳᠦᠭᠡᠷ ᠵᠦᠢᠯ ᠮᠣᠩᠭᠤᠯᠴᠤᠳ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠦᠨᠳᠦᠰᠦᠨ ᠱᠠᠲᠤᠨ ᠤ ᠰᠣᠶᠣᠯ ᠤᠨ ᠥᠷᠳᠡᠭᠡ ᠪᠣᠯᠣᠨ ᠨᠣᠮ ᠤᠨ ᠥᠷᠥᠭᠡ ᠮᠣᠩᠭᠤᠯ ᠨᠣᠮ ᠪᠢᠴᠢᠭ᠂ ᠰᠣᠨᠢᠨ ᠰᠡᠳᠬᠦᠯ ᠬᠠᠩᠭᠠᠵᠤ᠂ ᠮᠣᠩᠭᠤᠯ ᠺᠢᠨᠣ᠋ ᠲᠧᠯᠸᠢᠰ ᠤᠨ ᠪᠦᠲᠦᠭᠡᠯ ᠲᠠᠯᠪᠢᠵᠤ ᠰᠣᠨᠢᠷᠬᠠᠭᠤᠯᠬᠤ ᠬᠡᠷᠡᠭᠲᠡᠢ᠃ ᠳᠥᠷᠪᠡᠳᠦᠭᠡᠷ ᠪᠦᠯᠦᠭ   ᠰᠢᠨᠵᠢᠯᠡᠬᠦ ᠤᠬᠠᠭᠠᠨ ᠤ ᠰᠤᠳᠤᠯᠤᠯᠲᠠ ᠪᠠ ᠳᠦᠷᠢᠮᠵᠢᠯ᠂ ᠪᠠᠷᠢᠮ᠊ ‍ᠵᠢᠶᠠᠵᠢᠯ         ᠭᠤᠴᠢᠳᠤᠭᠠᠷ ᠵᠦᠢᠯ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠳᠤ ᠦᠨᠳᠦᠰᠦᠨ ᠣᠨᠣᠯ ᠤᠨ ᠰᠤᠳᠤᠯᠤᠯ ᠪᠣᠯᠣᠨ ᠬᠡᠷᠡᠭᠯᠡᠭᠡᠨ ᠤ ᠣᠨᠣᠯ ᠤᠨ ᠰᠤᠳᠤᠯᠤᠯ ᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠬᠡᠷᠡᠭᠯᠡᠭᠡ ᠪᠣᠯᠣᠨ ᠬᠥᠭᠵᠢᠯᠲᠡ ᠶᠢ ᠠᠬᠢᠭᠤᠯᠬᠤ ᠬᠡᠷᠡᠭᠲᠡᠢ᠃         ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠬᠡᠯᠡ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠰᠤᠳᠤᠯᠭᠠᠨ ᠤ ᠲᠥᠷᠥᠯ ᠵᠦᠢᠯ ᠢ ᠨᠢᠭᠡᠳᠦᠯᠲᠡᠢ ᠲᠣᠬᠢᠷᠠᠭᠤᠯᠵᠤ᠂ ᠨᠢᠭᠡᠳᠦᠯᠲᠡᠢ ᠬᠠᠮᠢᠶᠠᠷᠬᠤ ᠬᠡᠷᠡᠭᠲᠡᠢ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠯᠥᠪᠵᠢᠭᠦᠯᠭᠡ ᠳᠤ ᠣᠷᠣᠭᠤᠯᠵᠤ᠂ ᠲᠤᠰᠬᠠᠢ ᠵᠠᠷᠤᠳᠠᠯ ᠥᠭᠴᠦ ᠳᠡᠮᠵᠢᠬᠦ ᠬᠡᠷᠡᠭᠲᠡᠢ᠃ ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠪᠠᠶᠢᠭᠤᠯᠤᠮᠵᠢ ᠪᠣᠯᠣᠨ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠨᠤᠭᠤᠳ ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠠᠵᠢᠯᠲᠠᠨ ᠢ ᠲᠥᠯᠥᠪᠯᠡᠭᠡ ᠲᠠᠢ ᠬᠥᠮᠥᠵᠢᠭᠦᠯᠵᠦ᠂ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠠᠵᠢᠯᠲᠠᠨ ᠤ ᠡᠩᠨᠡᠭᠡ ᠶᠢ ᠲᠠᠰᠤᠷᠠᠯᠲᠠ ᠦᠭᠡᠢ ᠥᠷᠭᠡᠵᠢᠭᠦᠯᠬᠦ ᠬᠡᠷᠡᠭᠲᠡᠢ᠃         ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠮᠣᠩᠭᠤᠯ ᠬᠡᠯᠡ ᠪᠢᠴᠢᠭ ᠤᠨ ᠳᠦᠷᠢᠮᠵᠢᠯ᠂ ᠪᠠᠷᠢᠮᠵᠢᠶᠠᠵᠢᠯ ᠪᠣᠯᠣᠨ ᠮᠡᠳᠡᠭᠡ ᠵᠠᠩᠬᠢᠵᠢᠯᠳᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠮᠣᠩᠭᠤᠯ ᠬᠡᠯᠡᠨ ᠤ ᠬᠢᠷᠢ ᠬᠡᠮ ᠤᠨ ᠰᠢᠯᠭᠠᠯᠲᠠ ᠶᠢ ᠵᠣᠬᠢᠶᠠᠨ ᠪᠠᠶᠢᠭᠤᠯᠵᠤ᠂ ᠮᠣᠩᠭᠤᠯ ᠬᠡᠯᠡ ᠪᠠᠷ ᠠᠵᠢᠯᠯᠠᠳᠠᠭ ᠠᠵᠢᠯᠲᠠᠳ ᠲᠤ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠯ ᠪᠣᠯᠣᠨ ᠰᠢᠯᠭᠠᠯᠲᠠ ᠬᠢᠬᠦ ᠬᠡᠷᠡᠭᠲᠡᠢ᠃         ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠦᠭᠡ ᠬᠡᠯᠡ ᠦᠰᠦᠭ ᠪᠢᠴᠢᠭ ᠤᠨ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠬᠤ᠂ ᠮᠣᠩᠭᠤᠯ ᠡᠷᠲᠡᠨ ᠤ ᠨᠣᠮ ᠪᠢᠴᠢᠭ ᠢ ᠠᠪᠤᠷᠠᠬᠤ᠂ ᠴᠤᠭᠯᠠᠭᠤᠯᠬᠤ᠂ ᠡᠮᠬᠢᠯᠡᠬᠦ᠂ ᠬᠡᠪᠯᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃         ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠮᠣᠩᠭᠤᠯ ᠦᠭᠡ ᠬᠡᠯᠡ ᠦᠰᠦᠭ ᠪᠢᠴᠢᠭ ᠤᠨ ᠭᠠᠵᠠᠷ ᠣᠷᠣᠨ ᠰᠤᠨᠳᠠᠯᠠᠭᠰᠠᠨ ᠬᠠᠮᠵᠢᠯᠴᠠᠭ᠎ᠠ ᠪᠣᠯᠣᠨ ᠤᠯᠤᠰ ᠬᠤᠭᠤᠷᠣᠨᠳᠤ ᠶᠢᠨ ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠲᠠᠪᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ         ᠭᠤᠴᠢᠨ ᠲᠠᠪᠤᠳᠤᠭᠠᠷ ᠵᠦᠢᠯ ᠲᠤᠰ ᠳᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠢ ᠵᠥᠷᠢᠴᠡᠪᠡᠯ ᠪᠦᠬᠦᠢ ᠰᠠᠯᠠᠭ᠎ᠠ ᠮᠥᠴᠢᠷ ᠠᠴᠠ ᠰᠢᠭᠤᠳ ᠬᠠᠷᠢᠭᠤᠴᠠᠯᠭ᠎ᠠ ᠪᠦᠬᠦᠢ ᠭᠤᠣᠯ ᠬᠠᠮᠢᠶᠠᠷᠤᠭᠴᠢ ᠪᠣᠯᠣᠨ ᠰᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠥᠰ ᠲᠤ ᠬᠠᠤᠯᠢ ᠶᠣᠰᠣ ᠪᠠᠷ ᠵᠠᠰᠠᠭ ᠵᠠᠬᠢᠷᠭᠠᠨ ᠤ ᠰᠢᠳᠬᠡᠯ ᠣᠯᠭᠤᠨ᠎ᠠ᠃         ᠭᠤᠴᠢᠨ ᠵᠢᠷᠭᠤᠳᠤᠭᠠᠷ ᠵᠦᠢᠯ ᠲᠤᠰ ᠳᠦᠷᠢᠮ ᠤᠨ ᠬᠤᠷᠢᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠪᠡᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠢᠵᠠᠭᠠᠷᠯᠠᠭᠰᠠᠨ ᠬᠤᠭᠤᠴᠠᠭᠠᠨ ᠳᠤ ᠥᠯᠥ ᠵᠠᠯᠠᠷᠠᠭᠤᠯᠤᠭᠴᠢᠳ ᠢ 300 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃       ᠭᠤᠴᠢᠨ ᠳᠣᠯᠣᠳᠤᠭᠠᠷ ᠵᠦᠢᠯ ᠲᠤᠰ ᠳᠦᠷᠢᠮ ᠤᠨ ᠪᠤᠰᠤᠳ ᠵᠦᠢᠯ ᠪᠠᠳᠠᠭ ᠤᠨ ᠲᠣᠭᠲᠠᠭᠠᠯ ᠤᠳ ᠢ ᠵᠥᠷᠢᠴᠡᠪᠡᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠠᠷᠯᠢᠭᠳᠠᠨ ᠵᠠᠯᠠᠷᠠᠭᠤᠯᠤᠨ᠎ᠠ ︔ ᠵᠠᠯᠠᠷᠠᠭᠤᠯᠬᠤ ᠶᠢ ᠲᠡᠪᠴᠢᠭᠰᠡᠳ ᠢ ᠡᠷᠬᠡᠪᠰᠢ ᠰᠢᠢᠳᠪᠦᠷᠢᠯᠡᠬᠦ ᠬᠡᠷᠡᠭᠲᠡᠢ᠃         ᠭᠤᠴᠢᠨ ᠨᠠᠢᠮᠠᠳᠤᠭᠠᠷ ᠵᠦᠢᠯ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠡᠷᠬᠡ ᠲᠤᠰᠢᠶᠠᠯ ᠢᠶᠠᠨ ᠭᠦᠢᠴᠡᠳᠬᠡᠬᠦ ᠦᠶᠡᠰ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠬᠡᠷᠡᠭᠲᠡᠢ ᠪᠠᠶᠢᠲᠠᠯ᠎ᠠ ᠬᠡᠷᠡᠭᠯᠡᠭᠰᠡᠨ ᠦᠭᠡᠢ ᠪᠤᠶᠤ ᠠᠷᠠᠳ ᠢᠷᠭᠡᠳ ᠤᠨ ᠮᠣᠩᠭᠤᠯ ᠦᠭᠡ ᠬᠡᠯᠡ ᠦᠰᠦᠭ ᠪᠢᠴᠢᠭ ᠬᠡᠷᠡᠭᠯᠡᠬᠦ ᠶᠢ ᠬᠠᠷᠰᠢᠯᠠᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠳᠬᠡᠯ ᠣᠯᠭᠤᠨ᠎ᠠ᠃       ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠪᠠᠶᠢᠭᠤᠯᠤᠮᠵᠢ ᠶᠢᠨ ᠠᠵᠢᠯᠲᠠᠨ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣ ᠪᠠᠷ ᠭᠦᠢᠴᠡᠳᠬᠡᠬᠦ ᠦᠭᠡᠢ ᠪᠤᠶᠤ ᠬᠠᠤᠯᠢ ᠪᠤᠰᠤ ᠠᠵᠢᠯᠯᠠᠭ᠎ᠠ ᠶᠢ ᠪᠠᠶᠢᠴᠠᠭᠠᠵᠤ ᠰᠢᠢᠳᠪᠦᠷᠢᠯᠡᠬᠦ ᠦᠭᠡᠢ ᠪᠣᠯ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠢᠭᠤᠳ ᠬᠠᠷᠢᠭᠤᠴᠠᠯᠭ᠎ᠠ ᠪᠦᠬᠦᠢ ᠭᠤᠣᠯ ᠬᠠᠮᠢᠶᠠᠷᠤᠭᠴᠢ ᠪᠣᠯᠣᠨ ᠰᠢᠭᠤᠳ ᠬᠠᠷᠢᠭᠤᠴᠠᠯᠭ᠎ᠠ ᠪᠦᠬᠦᠢ ᠪᠤᠰᠤᠳ ᠬᠥᠮᠥᠰ ᠲᠤ ᠬᠠᠤᠯᠢ ᠶᠣᠰᠣ ᠪᠠᠷ ᠵᠠᠰᠠᠭ ᠵᠠᠬᠢᠷᠭᠠᠨ ᠤ ᠰᠢᠳᠬᠡᠯ ᠣᠯᠭᠤᠨ᠎ᠠ᠃ ᠵᠢᠷᠭᠤᠳᠤᠭᠠᠷ ᠪᠦᠯᠦᠭ     ᠳᠠᠭᠠᠯᠳᠤᠭᠤᠯᠤᠭᠰᠠᠨ ᠳᠦᠷᠢᠮ       ᠳᠥᠴᠢᠳᠦᠭᠡᠷ ᠵᠦᠢᠯ ᠲᠤᠰ ᠳᠦᠷᠢᠮ ᠢ 2005 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号