ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠮᠠᠯ ᠠᠵᠦ ᠠᠬᠤᠢ ᠶᠢᠨ ᠬᠠᠦᠯᠢ
ᠨᠡᠶᠢᠲᠡᠯᠡᠭᠰᠡᠨ ᠴᠠᠭ᠄
2016-12-05
︵2005 ᠤᠨ ᠤ 12 ᠳ᠋ᠤᠭᠠᠷ ᠰᠠᠷ᠎ᠠ ᠶᠢᠨ 29 ᠤ ᠡᠳᠤᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠠ ᠠᠴᠠ ᠪᠠᠳᠤᠯᠠᠪᠠ︶  ᠭᠠᠷᠴᠠᠭ ᠨᠢᠭᠡᠳᠤᠭᠡᠷ ᠪᠦᠯᠦᠭ    ᠶᠡᠷᠦᠩᠭᠡᠢ ᠲᠦᠷᠢᠮ ᠬᠤᠶᠠᠳᠤᠭᠠᠷ ᠪᠦᠯᠦᠭ    ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠭᠤᠷᠪᠠᠳᠤᠭᠠᠷ ᠪᠦᠯᠦᠭ     ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ ᠦᠢᠯᠡᠳᠪᠦᠷᠢᠯᠡᠵᠦ ᠡᠵᠡᠩᠨᠡᠬᠦ ᠲᠦᠷᠪᠡᠳᠦᠬᠡᠷ ᠪᠦᠯᠦᠭ    ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠪᠤᠳᠤᠭᠠᠷ ᠪᠦᠯᠦᠭ    ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ ᠵᠢᠷᠭᠤᠳᠤᠭᠠᠷ ᠪᠦᠯᠦᠭ    ᠶᠠᠰᠦ ᠴᠢᠨᠠᠷ ᠤᠨ ᠠᠶᠤᠯᠬᠦᠢ ᠶᠢ ᠪᠠᠳᠤᠯᠠᠬᠤ ᠲᠤᠯᠤᠳᠤᠭᠠᠷ ᠪᠦᠯᠦᠭ    ᠬᠠᠦᠯᠢ ᠶᠢᠨ ᠬᠠᠷᠢᠭᠤᠴᠠᠯᠭ᠎ᠠ ᠨᠠᠢᠮᠠᠳᠤᠭᠠᠷ ᠪᠦᠯᠦᠭ   ᠲᠠᠭᠠᠯᠳᠤᠭᠤᠯᠤᠬᠰᠠᠨ ᠲᠦᠷᠢᠮ   ᠨᠢᠭᠡᠳᠦᠭᠡᠷ ᠪᠦᠯᠦᠭ ᠶᠡᠷᠦᠩᠭᠡᠢ ᠲᠦᠷᠢᠮ       ᠨᠢᠭᠡᠳᠦᠭᠡᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠮᠠᠯ ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠭᠦᠢ ᠪᠠᠶᠢᠬᠤ ᠶᠢ ᠪᠠᠳᠤᠯᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠵᠦ᠂ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠮᠠᠯ ᠠᠵᠦ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠶᠢᠨ ᠲᠦᠯᠦᠭᠡ ᠲᠤᠰ ᠬᠠᠦᠯᠢ ᠶᠢ ᠲᠤᠭᠳᠠᠭᠠᠪᠠ᠃       ᠬᠤᠶᠠᠳᠤᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠶᠢᠨ ᠲᠤᠳᠤᠷ᠎ᠠ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠦ ᠠᠰᠢᠭᠯᠠᠬᠤ᠂ ᠪᠤᠶᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂ ᠡᠵᠡᠩᠨᠡᠬᠦ᠂ ᠵᠦᠭᠡᠭᠡᠪᠦᠷᠢᠯᠡᠬᠦ ᠵᠡᠷᠭᠡ ᠠᠵᠢᠯᠯᠠᠭ᠎ᠠ ᠬᠢᠬᠦ ᠳᠤ ᠲᠤᠰ ᠬᠠᠦᠯᠢ ᠶᠢ ᠬᠡᠷᠡᠭᠯᠡᠨ᠎ᠠ᠃ ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠭᠡᠳᠡᠭ ᠪᠤᠯ ᠲᠤᠰ ᠬᠠᠦᠯᠢ ᠶᠢᠨ ᠠᠷᠪᠠᠨ ᠨᠢᠭᠡᠳᠦᠭᠡᠷ ᠵᠦᠢᠯ ᠤᠨ ᠲᠤᠭᠳᠠᠭᠠᠯ ᠶᠤᠰᠤᠭᠠᠷ ᠨᠡᠶᠢᠳᠡᠯᠡᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠲᠤ ᠤᠷᠤᠭᠤᠯᠤᠭᠰᠠᠨ ᠮᠠᠯ ᠵᠢᠬᠦᠷᠳᠡᠨ ᠢ ᠬᠡᠯᠡᠵᠦ ᠪᠠᠶᠢᠨ᠎ᠠ᠃ ᠵᠦᠬᠡᠢ᠂ ᠬᠦᠷᠢ ᠶᠢᠨ ᠡᠬᠢ ᠪᠠᠶᠠᠯᠢᠭ ᠢ ᠬᠠᠮᠠᠭᠠᠯᠠᠵᠦ ᠠᠰᠢᠭᠯᠠᠬᠤ ᠪᠤᠯᠤᠨ ᠦᠢᠯᠡᠳᠪᠦᠷᠢᠯᠡᠵᠦ ᠡᠵᠡᠩᠨᠡᠬᠦ ᠳᠤ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠠ᠃       ᠭᠤᠷᠪᠠᠳᠤᠭᠠᠷ ᠵᠦᠢᠯ ᠤᠯᠤᠰ ᠠᠴᠠ ᠮᠠᠯ ᠠᠵᠦ ᠠᠬᠤᠢ ᠶᠢᠨ ᠬᠦᠭᠵᠢᠯᠳᠡ ᠶᠢ ᠲᠡᠮᠵᠢᠵᠦ᠂ ᠲᠠᠷᠢᠶᠠᠯᠠᠩ᠂ ᠬᠦᠳᠡᠭᠡ ᠲᠤᠰᠬᠤᠨ ᠤ ᠠᠵᠦ ᠠᠬᠤᠢ ᠶᠢ ᠬᠦᠭᠵᠢᠬᠦᠯᠬᠦ ᠪᠠ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠳᠤ ᠮᠠᠯ ᠠᠵᠦ ᠠᠬᠤᠢ ᠶᠢᠨ ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠬᠡᠪᠴᠢᠶᠡᠵᠢᠬᠦᠯᠦᠨ ᠲᠡᠵᠢᠭᠡᠵᠦ ᠦᠷᠡᠵᠢᠭᠦᠯᠬᠦ ᠦᠢᠯᠡᠰ ᠤᠨ ᠬᠦᠭᠵᠢᠯᠳᠠ ᠶᠢ ᠵᠤᠷᠢᠬᠵᠢᠭᠤᠯᠤᠨ ᠲᠡᠳᠬᠦᠵᠦ᠂ ᠮᠠᠯ ᠠᠵᠦ ᠠᠬᠤᠢ ᠶᠢᠨ ᠠᠵᠦ ᠦᠢᠯᠡᠰᠵᠢᠭᠰᠡᠨ ᠡᠵᠡᠩᠨᠡᠯᠳᠡ ᠶᠢ ᠠᠬᠢᠭᠤᠯᠵᠦ᠂ ᠮᠠᠯ ᠠᠵᠦ ᠠᠬᠤᠢ ᠶᠢᠨ ᠶᠡᠷᠦᠩᠭᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠴᠢᠨᠠᠷ ᠰᠠᠶᠢᠳᠠᠢ᠂ ᠦᠨᠳᠦᠷ ᠦᠷ᠎ᠠ ᠠᠰᠢᠭᠳᠠᠢ᠂ ᠠᠮᠢ ᠠᠬᠤᠢ ᠶᠢᠨ᠂ ᠠᠶᠤᠯᠬᠦᠢ ᠮᠠᠯ ᠠᠵᠦ ᠠᠬᠤᠢ ᠶᠢ ᠬᠦᠭᠵᠢᠬᠦᠯᠬᠦ ᠭᠡᠷᠡᠭᠳᠠᠢ᠃ ᠤᠯᠤᠰ ᠠᠴᠠ ᠴᠦᠬᠡᠨ ᠲᠤᠭᠠᠳᠦ ᠦᠨᠳᠦᠰᠦᠳᠡᠨ ᠤ ᠭᠠᠵᠠᠷ ᠤᠷᠤᠨ᠂ ᠶᠠᠳᠠᠭᠤ ᠬᠦᠴᠢᠷᠳᠡᠯ ᠲᠠᠢ ᠭᠠᠵᠠᠷ ᠤᠷᠤᠨ ᠤ ᠮᠠᠯ ᠠᠵᠦ ᠠᠬᠤᠢ ᠶᠢ ᠬᠦᠭᠵᠢᠬᠦᠯᠵᠦ᠂ ᠨᠤᠳᠤᠭ ᠪᠡᠯᠴᠢᠭᠡᠷ ᠢ ᠬᠠᠮᠠᠭᠠᠯᠠᠬᠤ ᠪᠠ ᠵᠦᠢ ᠵᠤᠬᠢᠰᠳᠠᠢ ᠠᠰᠢᠬᠯᠠᠬᠤ᠂ ᠮᠠᠯ ᠠᠵᠦ ᠠᠬᠤᠢ ᠶᠢᠨ ᠦᠢᠯᠡᠳᠪᠦᠷᠢᠯᠡᠯ ᠤᠨ ᠨᠦᠬᠦᠴᠡᠯ ᠢ ᠰᠠᠶᠢᠵᠢᠷᠠᠭᠤᠯᠬᠤ ᠶᠢ ᠬᠠᠪᠰᠤᠷᠤᠨ ᠲᠡᠳᠬᠦᠨ᠎ᠠ᠃       ᠲᠦᠷᠪᠡᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠠᠵᠦ ᠠᠬᠤᠢ ᠮᠠᠯ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠢ ᠬᠦᠮᠦᠵᠢᠬᠦᠯᠦᠨ᠂ ᠮᠠᠯ ᠠᠵᠦ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠬᠤ ᠪᠠ ᠲᠡᠯᠭᠡᠷᠡᠬᠦᠯᠬᠦ ᠦᠢᠯᠡᠰ ᠢ ᠬᠦᠭᠵᠢᠬᠦᠯᠵᠦ᠂ ᠮᠠᠯ ᠠᠵᠦ ᠠᠬᠤᠢ ᠮᠠᠯ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠯᠭᠡ ᠶᠢᠨ ᠬᠦᠮᠦᠵᠢᠯ ᠤᠬᠠᠭᠤᠯᠭ᠎ᠠ ᠶᠢᠨ ᠠᠵᠢᠯ ᠪᠤᠯᠤᠨ ᠮᠠᠯ ᠠᠵᠦ ᠠᠬᠤᠢ ᠮᠠᠯ ᠡᠮᠨᠡᠯᠭᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠦᠷᠨᠢᠬᠦᠯᠵᠦ᠂ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠳᠠ ᠶᠢ ᠠᠬᠢᠭᠤᠯᠤᠨ᠎ᠠ᠃       ᠲᠠᠪᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠰᠠᠶᠢᠨ ᠲᠤᠷ᠎ᠠ ᠠᠴᠠ ᠪᠠᠨ ᠬᠠᠦᠯᠢ ᠶᠤᠰᠤᠭᠠᠷ ᠠᠵᠢᠯ ᠲᠦᠷᠦᠯ ᠤᠨ ᠨᠡᠶᠢᠭᠡᠮᠯᠢᠭ ᠢ ᠪᠠᠶᠢᠭᠤᠯᠵᠦ᠂ ᠪᠦᠷᠢᠯᠳᠦᠬᠦᠨ ᠳᠡᠭᠡᠨ ᠮᠡᠳᠡᠭᠡ ᠵᠠᠩᠭᠢ᠂ ᠮᠡᠷᠭᠡᠵᠢᠯ᠂ ᠡᠵᠡᠩᠨᠡᠯᠳᠡ᠂ ᠪᠤᠷᠤᠯᠠᠭᠤᠯᠭ᠎ᠠ᠂ ᠪᠤᠯᠪᠠᠰᠤᠷᠠᠭᠤᠯᠤᠯ ᠵᠡᠷᠭᠡ ᠳᠠᠯ᠎ᠠ ᠶᠢᠨ ᠦᠢᠯᠡᠴᠢᠯᠡᠭᠡ ᠬᠠᠨᠭ᠍ᠭᠠᠵᠦ᠂ ᠠᠵᠢᠯ ᠲᠦᠷᠤᠯ ᠤᠨ ᠦᠪᠡᠷ ᠢ ᠪᠠᠨ ᠱᠠᠭᠠᠷᠳᠠᠬᠤ ᠶᠢ ᠴᠢᠩᠭᠠᠳᠬᠠᠵᠦ᠂ ᠪᠦᠷᠢᠯᠳᠦᠬᠦᠨ ᠪᠠ ᠠᠵᠢᠯ ᠲᠦᠷᠦᠯ ᠤᠨ ᠢᠶᠠᠨ ᠠᠰᠢᠭ ᠲᠤᠰᠠ ᠶᠢ ᠬᠠᠮᠠᠭᠠᠯᠠᠵᠦ ᠪᠤᠯᠤᠨ᠎ᠠ᠃       ᠵᠢᠷᠭᠤᠳᠤᠭᠠᠷ ᠵᠦᠢᠯ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠠᠮᠢᠳᠠᠨ ᠤ ᠬᠢᠵᠢᠭ ᠢ ᠰᠡᠷᠭᠡᠶᠢᠯᠡᠬᠦ ᠪᠠ ᠤᠷᠴᠢᠨ ᠠᠬᠤᠢ ᠶᠢ ᠬᠠᠮᠠᠭᠠᠯᠠᠬᠤ ᠡᠬᠦᠷᠭᠡ ᠪᠠᠨ ᠬᠠᠦᠯᠢ ᠶᠤᠰᠤᠭᠠᠷ ᠬᠦᠢᠴᠡᠳᠭᠡᠵᠦ᠂ ᠬᠤᠯᠪᠤᠭᠳᠠᠯ ᠪᠦᠭᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠬᠠᠦᠯᠢ ᠶᠤᠰᠤᠭᠠᠷ ᠶᠠᠪᠤᠭᠤᠯᠬᠤ ᠬᠢᠨᠠᠯᠳᠠ ᠪᠠᠶᠢᠴᠠᠭᠠᠯᠳᠠ ᠶᠢ ᠬᠦᠯᠢᠶᠡᠬᠦ ᠬᠡᠷᠡᠭᠳᠠᠢ᠃       ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠮᠠᠯ ᠠᠵᠦ ᠠᠬᠤᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ ᠠᠵᠦ ᠠᠬᠤᠢ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠢᠶᠠᠠ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠲᠤᠰ ᠤᠨ ᠡᠬᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠡᠭᠡᠨ ᠮᠠᠯ ᠠᠵᠦ ᠠᠬᠤᠢ ᠶᠢᠨ ᠬᠦᠭᠵᠢᠯᠳᠠ ᠶᠢ ᠠᠬᠢᠭᠤᠯᠬᠤ ᠬᠤᠯᠪᠤᠭᠳᠠᠯ ᠪᠦᠭᠦᠢ ᠠᠵᠢᠯ ᠢ ᠬᠠᠷᠢᠭᠤᠴᠠᠨ᠎ᠠ᠃         ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠠᠵᠦ ᠠᠬᠤᠢ ᠶᠢᠨ ᠦᠢᠯᠡᠳᠪᠦᠷᠢᠯᠡᠭᠴᠢᠳ ᠡᠵᠡᠩᠨᠡᠭᠴᠢᠳ ᠢ ᠵᠢᠯᠤᠭᠤᠳᠴᠦ ᠪᠠᠶᠢᠭᠠᠳ ᠮᠠᠯ ᠵᠢᠬᠦᠷᠳᠡᠨ ᠢ ᠪᠤᠶᠢᠵᠢᠭᠤᠯᠤᠨ ᠦᠷᠡᠵᠢᠬᠦᠯᠬᠦ᠂ ᠠᠷᠠᠴᠢᠯᠠᠨ ᠲᠡᠵᠢᠭᠡᠬᠦ᠂ ᠵᠦᠭᠡᠭᠡᠪᠦᠷᠢᠯᠡᠬᠦ ᠨᠦᠬᠦᠴᠡᠯ ᠪᠤᠯᠤᠨ ᠤᠷᠴᠢᠨ ᠲᠤᠭᠤᠷᠢᠨ ᠢ ᠨᠢ ᠰᠠᠶᠢᠵᠢᠷᠠᠭᠤᠯᠬᠤ ᠬᠡᠷᠡᠭᠳᠠᠢ᠃ᠬᠤᠶᠠᠳᠤᠭᠠᠷ ᠪᠦᠯᠦᠭ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠬᠡᠷᠡᠭᠲᠠᠢ᠃        ᠶᠢᠰᠦᠳᠦᠭᠡᠷ ᠵᠦᠢᠯ ᠤᠯᠤᠰ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠲᠦᠷᠢᠮ ᠢ ᠲᠤᠭᠳᠠᠭᠠᠨ᠎ᠠ᠃ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠬᠤ ᠬᠡᠷᠡᠭᠳᠠᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠨᠢ ᠤᠯᠤᠰ ᠤᠨ ᠬᠢ ᠪᠠᠷ ᠭᠤᠤᠯ ᠪᠤᠯᠭᠠᠨ᠂ ᠬᠤᠯᠪᠤᠭᠳᠠᠯ ᠪᠦᠬᠦᠢ ᠨᠢᠭᠡᠴᠢ᠂ ᠬᠤᠪᠢ ᠬᠦᠮᠦᠨ ᠤ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠦᠢᠯᠡᠰ ᠢ ᠬᠠᠤᠯᠢ ᠶᠤᠰᠤᠭᠠᠷ ᠬᠦᠭᠵᠢᠬᠦᠯᠬᠦ ᠶᠢ ᠵᠤᠷᠢᠬᠵᠢᠭᠤᠯᠤᠨ ᠲᠡᠮᠵᠢᠨ᠎ᠠ᠃       ᠠᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰᠬᠠᠢ ᠮᠡᠷᠭᠡᠵᠢᠯ ᠤᠨ ᠠᠵᠢᠯᠳᠠᠡ ᠢᠶᠠᠷ ᠪᠦᠷᠢᠯᠳᠦᠭᠰᠡᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢ ᠪᠠᠶᠢᠭᠤᠯᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ᠂ ᠦᠨᠡᠯᠡᠨ ᠵᠢᠱᠢᠬᠦ ᠪᠠ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠵᠢᠯ ᠢ ᠬᠠᠷᠢᠭᠤᠴᠠᠨ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠬᠡ ᠶᠢ ᠨᠤᠳᠠᠯᠠᠬᠤ ᠵᠢᠴᠢ ᠮᠠᠯ ᠵᠢᠭᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠲᠤᠬᠠᠢ ᠬᠤᠯᠪᠤᠬᠳᠠᠯ ᠪᠦᠬᠦᠢ ᠵᠦᠪᠯᠡᠯᠭᠡ ᠦᠭᠬᠦ ᠠᠵᠢᠯ ᠢ ᠡᠬᠦᠷᠭᠡᠯᠡᠨ᠎ᠠ᠃        ᠠᠷᠪᠠᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠴᠠᠭᠠᠯᠳᠠ ᠶᠢᠨ ᠠᠵᠢᠯ ᠢ ᠵᠤᠬᠢᠶᠠᠨ ᠪᠠᠶᠢᠭᠤᠯᠬᠤ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠤᠨ ᠲᠤᠬᠠᠢ ᠮᠡᠳᠡᠬᠦᠯᠦᠯᠳᠠ ᠶᠢ ᠨᠡᠶᠢᠳᠡᠯᠡᠬᠦ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠭᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ ᠢ ᠨᠡᠶᠢᠳᠡᠯᠡᠬᠦ ᠠᠵᠢᠯ ᠢ ᠬᠠᠷᠢᠭᠤᠴᠠᠨ᠎ᠠ᠃        ᠠᠷᠪᠠᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠲᠠᠷᠬᠠᠴᠠ ᠶᠢᠨ ᠪᠠᠶᠢᠳᠠᠯ ᠢ ᠦᠨᠳᠦᠰᠦᠯᠡᠡ᠂ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠠ ᠠᠰᠢᠬᠯᠠᠬᠤ ᠲᠦᠯᠦᠪᠵᠢᠬᠦᠯᠭᠡ ᠶᠢ ᠲᠤᠭᠳᠠᠭᠠᠵᠦ᠂ ᠤᠯᠤᠰ ᠤᠨ ᠲᠡᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠵᠦ᠂ ᠮᠠᠨ ᠤ ᠤᠯᠤᠰ ᠤᠨ ᠤᠭ ᠭᠠᠷᠤᠯ ᠲᠠᠢ ᠦᠨᠡᠳᠦ᠂ ᠬᠤᠪᠤᠷ ᠴᠤᠬᠠᠭ᠂ ᠰᠦᠨᠦᠬᠦ ᠰᠢᠬᠠᠭᠰᠠᠨ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠪᠠᠷ ᠬᠠᠮᠠᠭᠠᠯᠠᠨ᠎ᠠ᠃ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠪᠠᠶᠢᠳᠠᠯ ᠢ ᠦᠨᠳᠦᠰᠦᠯᠡᠵᠦ᠂ ᠮᠤᠵᠢ ᠶᠢᠨ ᠱᠠᠳᠤᠨ ᠤ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠲᠤᠭᠳᠠᠭᠠᠨ ᠨᠡᠶᠢᠳᠡᠯᠡᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠲᠠᠩᠰᠠᠯᠠᠭᠤᠯᠤᠨ᠎ᠠ᠃       ᠠᠷᠪᠠᠨ ᠭᠤᠷᠪᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠨ ᠠᠰᠢᠬᠯᠠᠬᠤ ᠲᠦᠯᠦᠪᠵᠢᠬᠦᠯᠭᠡ ᠵᠢᠴᠢ ᠤᠯᠤᠰ ᠤᠨ ᠲᠡᠰ ᠤᠨ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠨ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠤᠵᠢ ᠶᠢᠨ ᠱᠠᠳᠤᠨ ᠤ ᠮᠠᠯ ᠵᠢᠬᠦᠷᠳᠡᠡ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠲᠤᠪᠶᠤᠭ ᠢ ᠦᠨᠳᠦᠰᠦᠯᠡᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠶᠢ ᠲᠤᠰ ᠲᠤᠰ ᠪᠠᠶᠢᠭᠤᠯᠬᠤ ᠪᠤᠶᠤ ᠲᠤᠭᠳᠠᠭᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ ᠡᠬᠦᠷᠭᠡ ᠶᠢ ᠡᠬᠦᠷᠭᠡᠯᠡᠨ᠎ᠠ᠃ ᠲᠦᠪ ᠤᠨ ᠪᠠ ᠮᠤᠵᠢ ᠶᠢᠨ ᠱᠠᠳᠤᠨ ᠤ ᠡᠳ᠋ ᠤᠨ ᠵᠠᠰᠠᠭ ᠤᠨ ᠪᠡᠯᠡ ᠮᠦᠡᠭᠭᠦᠨ ᠤ ᠲᠡᠮᠵᠢᠯᠭᠡ ᠶᠢ ᠬᠦᠷᠳᠡᠵᠦ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠠᠷᠡᠯ ᠦᠬᠡᠢ ᠪᠠᠷ ᠬᠠᠮᠠᠭᠠᠯᠠᠯᠳᠠ ᠳᠤ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠲᠤᠷ᠎ᠠ ᠪᠠᠷ ᠢᠶᠠᠨ ᠰᠢᠢᠳᠪᠦᠷᠢᠯᠡᠵᠦ ᠪᠤᠯᠬᠤ ᠦᠭᠡᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ᠂ ᠮᠠᠯ ᠵᠢᠬᠦᠷᠳᠡᠨ ᠤ ᠤᠳᠤᠮᠯᠠᠯ ᠤᠨ ᠮᠠᠲ᠋ᠧᠷᠢᠶᠠᠯ ᠢ ᠲᠤᠭᠳᠠᠮᠠᠯ ᠬᠤᠭᠤᠴᠠᠭ᠎ᠠ ᠲᠠᠢ ᠪᠠᠷ ᠴᠤᠬᠯᠠᠭᠤᠯᠤᠨ ᠰᠢᠨᠡᠳᠭᠡᠬᠦ ᠭᠡᠷᠡᠭᠳᠠᠢ᠃ ᠬᠤᠯᠪᠤᠬᠳᠠᠯ ᠪᠦᠬᠦᠢ ᠨᠢᠭᠡᠴᠢ᠂ ᠬᠤᠪᠢ ᠬᠦᠮᠦᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠭᠧᠨ ᠤ ᠬᠦᠮᠦᠷᠭᠡ ᠯᠦᠭᠡ ᠬᠠᠮᠵᠢᠯᠴᠠᠨ ᠮᠠᠯ ᠵᠢᠬᠦᠷᠳᠡᠨ ᠤ ᠤᠳᠤᠮᠯᠠᠯ ᠤᠨ ᠮᠠᠲ᠋ᠧᠷᠢᠶᠠᠯ ᠢ ᠴᠤᠬᠯᠠᠭᠤᠯᠬᠤ ᠶᠢᠨ ᠬᠠᠮᠳᠦ ᠵᠤᠬᠢᠬᠤ ᠬᠡᠮᠵᠢᠶᠠᠨ ᠤ ᠠᠵᠦ ᠠᠬᠤᠢ ᠶᠢᠨ ᠨᠦᠬᠦᠪᠦᠷᠢ ᠤᠯᠬᠤ ᠡᠷᠭᠡ ᠲᠠᠢ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠦᠷ᠎ᠠ ᠶᠢᠨ ᠬᠠᠮᠠᠭᠠᠯᠠᠯᠳᠠ ᠶᠢᠨ ᠲᠠᠯᠠᠪᠠᠢ᠂ ᠬᠠᠮᠠᠭᠠᠯᠠᠯᠳᠠ ᠶᠢᠨ ᠤᠷᠤᠨ ᠪᠠ ᠭᠧᠨ ᠤ ᠬᠦᠮᠦᠷᠭᠡ ᠶᠢᠨ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃          ᠠᠷᠪᠠᠨ ᠲᠦᠷᠪᠡᠳᠦᠭᠡᠷ ᠵᠦᠢᠯ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠰᠢᠯᠭᠠᠨ ᠲᠤᠭᠳᠠᠭᠠᠬᠤ ᠠᠴᠠ ᠡᠮᠦᠨ᠎ᠠ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠠᠮᠠᠭᠠᠯᠠᠯᠳᠠ ᠶᠢᠨ ᠲᠦᠰᠦᠯ ᠲᠤᠭᠳᠠᠭᠠᠵᠦ᠂ ᠲᠦᠷ ᠴᠠᠭ ᠤᠨ ᠬᠠᠮᠠᠭᠠᠯᠠᠯᠳᠠ ᠶᠢᠨ ᠠᠷᠭ᠎ᠠ ᠬᠡᠮᠵᠢᠶ᠎ᠠ ᠠᠪᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠬᠤ ᠬᠡᠷᠡᠭᠳᠠᠢ᠃        ᠠᠷᠪᠠᠨ ᠲᠠᠪᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠠᠴᠠ ᠤᠷᠤᠭᠤᠯᠵᠦ ᠢᠷᠡᠬᠦ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠭᠡᠷᠡᠭᠳᠠᠢ ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠦᠨᠡᠯᠡᠨ ᠨᠤᠳᠠᠯᠠᠭᠤᠯᠤᠭᠰᠠᠨ ᠤ ᠲᠠᠷᠠᠭ᠎ᠠ ᠵᠦᠪᠰᠢᠶᠡᠷᠡᠨ᠎ᠠ᠃ ᠵᠦᠪᠰᠢᠶᠠᠷᠡᠭᠰᠡᠨ ᠪᠠᠶᠢᠪᠠᠯ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠦᠯᠢ︾ ᠶᠢᠨ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ ᠬᠢᠵᠢᠭ ᠤᠨ ᠪᠠᠶᠢᠴᠠᠭᠠᠯᠳᠠ ᠬᠢᠨ᠎ᠠ᠃ ᠬᠢᠯᠢ ᠶᠢᠨ ᠭᠠᠳᠠᠨ᠎ᠠ ᠠᠴᠠ ᠤᠷᠤᠭᠤᠯᠤᠬᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠨᠢ ᠬᠢᠯᠢ ᠶᠢᠨ ᠲᠤᠳᠤᠷᠠᠬᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ᠂ ᠠᠮᠢ ᠠᠬᠤᠢ ᠶᠢᠨ ᠤᠷᠴᠢᠨ ᠲᠤᠭᠤᠷᠢᠨ ᠳᠤ ᠬᠤᠤᠷ ᠬᠦᠨᠦᠭᠡᠯ ᠤᠴᠠᠷᠠᠭᠤᠯᠬᠤ ᠪᠤᠶᠤ ᠬᠤᠤᠷ ᠬᠦᠨᠦᠭᠡᠯ ᠤᠴᠠᠷᠠᠭᠤᠯᠬᠤ ᠪᠤᠯᠤᠮᠵᠢ ᠲᠠᠢ ᠪᠠᠶᠢᠬᠤ ᠶᠢ ᠤᠯᠵᠦ ᠮᠡᠳᠡᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠬᠳᠠᠯ ᠪᠦᠬᠦᠢ ᠰᠠᠯᠠᠭ᠎ᠠ ᠮᠦᠴᠢᠷ ᠯᠦᠭᠡ ᠵᠦᠪᠳᠡᠵᠦ ᠪᠠᠶᠢᠭᠠᠳ ᠠᠶᠤᠯᠬᠦᠢ ᠶᠢᠨ ᠬᠢᠵᠠᠭᠠᠷᠯᠠᠬᠤ ᠵᠤᠬᠢᠴᠠᠩᠭᠤᠢ ᠠᠷᠭ᠎ᠠ ᠬᠡᠮᠵᠢᠶ᠎ᠠ ᠠᠪᠬᠤ ᠭᠡᠷᠡᠭᠳᠠᠢ᠃          ᠠᠷᠪᠠᠨ ᠵᠢᠷᠭᠤᠳᠤᠭᠠᠷ ᠵᠦᠢᠯ ᠬᠠᠮᠠᠭᠠᠯᠠᠯᠳᠠ ᠶᠢᠨ ᠲᠤᠪᠶᠤᠭ ᠲᠤ ᠤᠷᠤᠭᠤᠯᠤᠬᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠪᠤᠶᠤ ᠬᠢᠯᠢ ᠶᠢᠨ ᠲᠤᠳᠤᠷ᠎ᠠ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠵᠦ ᠰᠤᠳᠤᠯᠤᠨ ᠠᠰᠢᠬᠯᠠᠬᠤ ᠳᠤ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠶᠢᠨ ᠬᠠᠮᠳᠦ ᠠᠰᠢᠭ ᠲᠤᠰᠠ ᠶᠢ ᠤᠯᠤᠰ ᠤᠷᠤᠨ ᠬᠠᠮᠳᠦ ᠪᠠᠷ ᠬᠦᠷᠳᠡᠬᠦ ᠲᠦᠰᠦᠯ ᠢ ᠲᠤᠷᠠᠳᠬᠤ ᠭᠡᠷᠡᠭᠳᠠᠢ ︔ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠬᠢᠨᠠᠨ ᠪᠠᠶᠢᠴᠠᠭᠠᠭᠠᠳ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠤᠨ ᠵᠦᠪᠰᠢᠶᠠᠷᠡᠬᠦᠯᠦᠨ᠎ᠠ᠃ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠶᠢᠨ ᠭᠠᠳᠠᠨ᠎ᠠ ᠭᠠᠷᠭᠠᠬᠤ ᠳᠤ ᠬᠦᠷᠪᠠᠯ᠂ ᠪᠠᠰᠠ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠢᠯᠢ ᠪᠠᠷ ᠤᠷᠤᠭᠤᠯᠵᠦ ᠭᠠᠷᠭᠠᠬᠤ ᠠᠮᠢᠳᠠᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠦᠯᠢ︾ ᠶᠢᠨ ᠲᠤᠭᠳᠠᠭᠠᠯ ᠶᠤᠰᠤᠭᠠᠷ ᠬᠤᠯᠪᠤᠬᠳᠠᠯ ᠪᠦᠬᠦᠢ ᠭᠠᠷ ᠬᠦᠢᠴᠡᠳᠭᠡᠯ ᠢ ᠬᠢᠬᠦ ᠶᠢᠨ ᠬᠠᠮᠳᠦ ᠬᠢᠵᠢᠭ ᠤᠨ ᠪᠠᠶᠢᠴᠠᠭᠠᠯᠳᠠ ᠬᠢᠬᠦ ᠬᠡᠷᠡᠭᠳᠠᠢ᠃ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠬᠢᠨᠠᠨ ᠲᠤᠭᠳᠠᠭᠠᠬᠤ ᠠᠴᠠ ᠡᠮᠦᠨ᠎ᠠ ᠬᠢᠯᠢ ᠶᠢᠨ ᠭᠠᠳᠠᠨ᠎ᠠ ᠭᠠᠷᠭᠠᠵᠦ ᠪᠤᠯᠬᠤ ᠦᠭᠡᠢ᠂ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠠᠮᠳᠤᠷᠠᠨ ᠲᠡᠬᠦᠨ ᠢ ᠰᠤᠳᠤᠯᠤᠨ ᠠᠰᠢᠬᠯᠠᠵᠦ ᠪᠤᠯᠬᠤ ᠦᠬᠡᠢ᠃            ᠠᠷᠪᠠᠨ ᠲᠤᠯᠤᠳᠤᠭᠠᠷ ᠵᠦᠢᠯ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠪᠠᠷ ᠤᠷᠤᠭᠤᠯᠵᠦ ᠭᠠᠷᠭᠠᠬᠤ ᠪᠠ ᠭᠠᠳᠠᠭᠠᠳᠦ ᠲᠠᠢ ᠬᠤᠷᠰᠢᠵᠦ ᠰᠤᠳᠤᠯᠤᠨ ᠠᠰᠢᠬᠯᠠᠬᠤ ᠶᠢ ᠬᠢᠨᠠᠨ ᠵᠦᠪᠰᠢᠶᠡᠷᠡᠬᠦ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠨ᠎ᠠ᠃ ᠭᠤᠷᠪᠠᠳᠤᠭᠠᠷ ᠪᠦᠯᠦᠭ ᠦᠷ᠎ᠠ ᠶᠢᠨ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ ᠦᠢᠯᠡᠳᠪᠦᠷᠢᠯᠡᠵᠦ ᠡᠵᠡᠩᠨᠡᠬᠦ           ᠠᠷᠪᠠᠨ ᠨᠠᠢᠮᠠᠳᠤᠭᠠᠷ ᠵᠦᠢᠯ ᠤᠯᠤᠰ ᠠᠴᠠ ᠮᠠᠯ ᠵᠢᠬᠦᠷᠳᠡᠨ ᠤ ᠡᠬᠦᠯᠳᠡᠷ ᠢ ᠰᠤᠩᠭᠤᠨ ᠪᠤᠶᠢᠵᠢᠭᠤᠯᠬᠤ ᠪᠠ ᠰᠠᠶᠢᠨ ᠡᠬᠦᠯᠳᠡᠷ ᠢ ᠲᠡᠯᠭᠡᠷᠡᠬᠦᠯᠤᠨ ᠬᠡᠷᠡᠭᠯᠡᠬᠦ ᠶᠢ ᠲᠡᠳᠬᠦᠵᠦ᠂ ᠠᠵᠦ ᠠᠬᠤᠢᠢᠯᠠᠯ᠂ ᠲᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠢᠭᠡᠳ ᠮᠡᠷᠬᠡᠵᠢᠯ ᠲᠡᠯᠭᠡᠷᠡᠬᠦᠯᠬᠦ ᠨᠢᠭᠡᠴᠢ ᠶᠢᠨ ᠬᠢᠨ ᠬᠤᠯᠪᠤᠭᠠᠯᠠᠵᠦ ᠪᠠᠶᠢᠭᠠᠳ ᠦᠷ᠎ᠠ ᠪᠤᠶᠢᠵᠢᠭᠤᠯᠬᠤ ᠠᠵᠢᠯ ᠢ ᠦᠷᠨᠢᠬᠦᠯᠦᠨ᠂ ᠮᠠᠯ ᠵᠢᠬᠦᠷᠳᠡᠨ ᠤ ᠰᠠᠶᠢᠨ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ ᠰᠢᠰᠲ᠋ᠧᠮ ᠪᠠᠶᠢᠭᠤᠯᠬᠤ ᠶᠢ ᠲᠡᠮᠵᠢᠨ᠎ᠠ᠃           ᠠᠷᠪᠠ ᠶᠢᠰᠦᠳᠦᠭᠡᠷ ᠵᠦᠢᠯ ᠪᠤᠶᠢᠵᠢᠭᠤᠯᠤᠬᠰᠠᠨ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠭᠦᠷᠵᠢᠭᠰᠡᠨ ᠤᠳᠤᠮ ᠬᠢᠭᠡᠳ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠲᠡᠯᠭᠡᠷᠡᠬᠦᠯᠬᠦ ᠠᠴᠠ ᠡᠮᠦᠨ᠎ᠠ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠬᠤ ᠪᠤᠶᠤ ᠰᠢᠯᠭᠠᠨ ᠲᠤᠭᠳᠠᠭᠠᠯᠭᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠠᠨ ᠨᠡᠶᠢᠳᠡᠯᠡᠬᠦ ᠬᠡᠷᠡᠭᠳᠠᠢ᠃ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠬᠢᠨᠠᠨ ᠲᠤᠭᠳᠠᠭᠠᠬᠤ ᠠᠷᠭ᠎ᠠ ᠪᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠢᠯᠭᠠᠨ ᠲᠤᠭᠳᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ ᠬᠢᠨᠠᠨ ᠲᠤᠭᠳᠠᠭᠠᠬᠤ ᠪᠤᠶᠤ ᠰᠢᠯᠭᠠᠨ ᠲᠤᠭᠳᠠᠭᠠᠬᠤ ᠳᠤ ᠬᠡᠷᠡᠭᠰᠡᠬᠦ ᠲᠤᠷᠰᠢᠯᠳᠠ ᠬᠢᠬᠦ ᠂ ᠰᠢᠯᠭᠠᠨ ᠬᠡᠮᠵᠢᠬᠦ ᠵᠠᠷᠭᠡ ᠶᠢᠨ ᠵᠠᠷᠤᠳᠠᠯ ᠰᠦᠢᠳᠭᠡᠯ ᠢ ᠭᠤᠶᠤᠴᠢᠯᠠᠭᠴᠢ ᠲᠠᠭᠠᠭᠠᠨ᠎ᠠ᠂ ᠵᠠᠷᠤᠳᠠᠯ ᠬᠤᠷᠢᠶᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ ᠬᠠᠨᠭ᠍ᠰᠢ ᠶᠢᠨ ᠰᠠᠯᠠᠭ᠎ᠠ ᠮᠦᠴᠢᠷ ᠤᠨ ᠬᠢᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠠ ᠲᠤᠭᠳᠠᠭᠠᠨ᠎ᠠ᠃ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠬᠤ ᠶᠠᠪᠤᠴᠠ ᠲᠤᠮᠳᠠᠬᠢ ᠲᠤᠷᠰᠢᠯᠳᠠ ᠶᠢ ᠬᠢᠬᠦ ᠳᠤ ᠲᠤᠷᠰᠢᠯᠳᠠ ᠬᠢᠵᠦ ᠪᠠᠶᠢᠭ᠎ᠠ ᠭᠠᠵᠠᠷ ᠤᠷᠤᠨ ᠤ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠠᠷᠡᠬᠦᠯᠬᠦ ᠭᠡᠷᠡᠭᠳᠠᠢ᠃ ᠮᠠᠯ ᠵᠢᠬᠦᠷᠳᠡᠨ ᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠪᠤᠶᠢᠵᠢᠭᠤᠯᠤᠭᠰᠡᠳ ᠤᠨ ᠬᠠᠦᠯᠢ ᠶᠤᠰᠤᠨ ᠤ ᠡᠷᠭᠡ ᠠᠰᠢᠭ ᠢ ᠬᠠᠤᠯᠢ ᠪᠠᠷ ᠬᠠᠮᠠᠭᠠᠯᠠᠨ᠎ᠠ᠃            ᠬᠤᠷᠢᠳᠤᠭᠠᠷ ᠵᠦᠢᠯ ᠭᠧᠨ ᠰᠢᠯᠵᠢᠬᠦᠯᠦᠭᠰᠠᠨ ᠮᠠᠯ ᠵᠢᠬᠦᠷᠳᠡᠨ ᠤ ᠡᠬᠦᠯᠳᠡᠷ ᠢ ᠪᠤᠶᠢᠵᠢᠭᠤᠯᠬᠤ᠂ ᠲᠤᠷᠰᠢᠯᠳᠠ ᠬᠢᠬᠦ᠂ ᠬᠢᠨᠠᠨ ᠲᠤᠭᠳᠠᠭᠠᠬᠤ ᠪᠠ ᠲᠡᠯᠭᠡᠷᠡᠬᠦᠯᠬᠦ ᠳᠤ ᠤᠯᠤᠰ ᠤᠨ ᠲᠠᠷᠢᠶᠠᠯᠠᠩ ᠤᠨ ᠭᠧᠨ ᠰᠢᠯᠵᠢᠬᠦᠯᠬᠦ ᠠᠮᠢᠳᠦ ᠪᠤᠳᠠᠰ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠪᠠᠶᠢᠬᠤ ᠭᠡᠷᠡᠭᠳᠠᠢ᠃                      ᠬᠤᠷᠢᠨ ᠨᠢᠭᠡᠳᠦᠭᠡᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠨᠤᠭᠤᠳ ᠦᠷ᠎ᠠ ᠶᠢᠨ ᠮᠠᠯ ᠤᠨ ᠰᠢᠯᠢᠳᠡᠭ ᠪᠤᠳᠠᠭᠠᠯᠢ ᠪᠠᠶ᠎ᠠ ᠶᠢ ᠲᠠᠩᠰᠠᠯᠠᠵᠦ᠂ ᠰᠢᠯᠢᠳᠡᠭ ᠦᠷ᠎ᠠ ᠶᠢᠨ ᠮᠠᠯ ᠢ ᠨᠡᠶᠢᠭᠡᠮ ᠨᠡᠶᠢᠳᠡ ᠳᠤ ᠲᠠᠨᠢᠯᠴᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠵᠦ ᠪᠤᠯᠤᠨ᠎ᠠ᠃ ᠰᠢᠯᠢᠳᠡᠭ ᠦᠷ᠎ᠠ ᠶᠢᠨ ᠮᠠᠯ ᠢ ᠲᠠᠩᠰᠠᠯᠠᠬᠤ ᠲᠦᠷᠢᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃              ᠬᠤᠷᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠪᠤᠶᠤ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠶᠢᠵᠢᠭᠤᠯᠤᠨ ᠦᠢᠯᠡᠳᠪᠦᠷᠢᠯᠡᠬᠦ ᠠᠵᠢᠯ ᠢ ᠡᠷᠬᠢᠯᠡᠵᠦ ᠪᠠᠶᠢᠭ᠎ᠠ ᠨᠢᠭᠡᠴᠢ᠂ ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠢ ᠤᠯᠤᠬᠰᠠᠨ ᠪᠠᠶᠢᠬᠤ ᠭᠡᠷᠡᠭᠳᠠᠢ᠃ ᠭᠤᠶᠤᠴᠢᠯᠠᠬᠴᠢᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠢᠶᠠᠨ ᠠᠪᠴᠦ ᠦᠢᠯᠡᠳᠪᠦᠷᠢ ᠬᠤᠳᠠᠯᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠬᠠᠦᠯᠢ ᠶᠤᠰᠤᠭᠠᠷ ᠲᠠᠩᠰᠠᠯᠠᠭᠤᠯᠵᠦ᠂ ᠡᠵᠡᠩᠨᠡᠯᠳᠡ ᠶᠢᠨ ᠦᠨᠡᠮᠯᠡᠯ ᠢ ᠤᠯᠤᠬᠰᠠᠨ ᠤ ᠪᠠᠨ ᠲᠠᠷᠠᠭ᠎ᠠ ᠰᠠᠶ᠋ᠢ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠬᠢᠵᠦ ᠪᠤᠯᠤᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ ᠲᠤᠤᠷ᠎ᠠ ᠵᠢᠬᠰᠠᠭᠠᠭᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄          ︵ᠨᠢᠭᠡ︶ ᠦᠢᠯᠡᠳᠪᠦᠷᠢᠯᠡᠵᠦ ᠡᠵᠡᠩᠨᠡᠬᠦ ᠦᠷ᠎ᠠ ᠶᠢᠨ ᠮᠠᠯ ᠵᠢᠬᠦᠷᠳᠡᠨ ᠨᠢ ᠡᠷᠭᠡᠪᠰᠢ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠭᠰᠠᠨ ᠪᠤᠶᠤ ᠰᠢᠯᠭᠠᠨ ᠲᠤᠭᠳᠠᠭᠠᠯᠭᠠᠭᠰᠠᠨ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ ᠭᠡᠷᠡᠭᠳᠡᠢ᠂ ᠡᠰᠡᠬᠦᠯ᠎ᠠ ᠵᠦᠪᠰᠢᠶᠡᠷᠡᠬᠦᠯᠦᠭᠡᠳ ᠤᠷᠤᠭᠤᠯᠵᠦ ᠢᠷᠡᠭᠰᠠᠨ ᠬᠢᠯᠢ ᠶᠢᠨ ᠭᠠᠳᠠᠨᠠᠬᠢ ᠡᠬᠦᠯᠳᠡᠷ᠂ ᠲᠦᠬᠦᠷᠵᠢᠭᠰᠡᠨ ᠤᠳᠤᠮ ᠪᠠᠶᠢᠬᠤ ᠬᠡᠷᠡᠭᠳᠠᠢ ︔          ︵ᠬᠤᠶᠠᠷ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ ᠤᠨ ᠠᠵᠢᠯᠳᠠᠨ ᠲᠠᠢ ᠪᠠᠶᠢᠬᠤ ︔          ︵ᠭᠤᠷᠪᠠ︶ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠳᠡᠭᠡᠨ ᠲᠤᠬᠢᠷᠠᠭᠰᠠᠨ ᠦᠷᠡᠵᠢᠬᠦᠯᠦᠨ ᠪᠤᠶᠢᠵᠢᠭᠤᠯᠬᠤ ᠪᠡᠯᠡᠳᠬᠡᠮᠵᠢ ᠲᠤᠨᠤᠭ ᠲᠦᠬᠦᠬᠡᠷᠤᠮᠵᠢ ᠲᠠᠢ ᠪᠠᠶᠢᠬᠤ ︔          ︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠬᠢᠭᠡᠳ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠵᠢᠭ ᠰᠡᠷᠬᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ ︔         ︵ᠲᠠᠪᠤ︶ ᠪᠦᠷᠢᠨ ᠲᠡᠬᠦᠯᠳᠡᠷ ᠶᠠᠰᠦ ᠴᠢᠨᠠᠷ ᠤᠨ ᠬᠠᠮᠢᠶᠠᠷᠤᠯᠳᠠ ᠪᠠ ᠦᠷ᠎ᠠ ᠪᠤᠶᠢᠵᠢᠭᠤᠯᠬᠤ ᠲᠡᠮᠳᠡᠭᠯᠡᠯ ᠤᠨ ᠲᠦᠷᠢᠮ ᠲᠠᠢ ᠪᠠᠶᠢᠬᠤ ︔         ︵ᠵᠢᠷᠭᠤᠭ᠎ᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠳᠤ ᠲᠤᠭᠳᠠᠭᠠᠨᠰᠠᠨ ᠪᠤᠰᠤᠳ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃         ᠬᠤᠷᠢᠨ ᠭᠤᠷᠪᠠᠳᠤᠭᠠᠷ ᠵᠦᠢᠯ ᠭᠡᠷ ᠤᠨ ᠲᠡᠵᠢᠭᠡᠪᠦᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠤᠷᠡᠯ ᠵᠡᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠡᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠲᠤᠰ ᠬᠠᠦᠯᠢ ᠶᠢᠨ ᠬᠤᠷᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠲᠤ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠠᠴᠠ ᠭᠠᠳᠠᠨ᠎ᠠ ᠪᠠᠰᠠ ᠲᠤᠤᠷ᠎ᠠ ᠵᠢᠬᠰᠠᠭᠠᠬᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠬᠡᠷᠡᠭᠳᠠᠢ᠄        ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠲᠤᠷᠰᠢᠯᠳᠠ ᠶᠢᠨ ᠲᠠᠰᠤᠭ᠂ ᠬᠠᠳᠠᠭᠠᠯᠠᠬᠤ ᠪᠠ ᠵᠦᠭᠡᠭᠡᠪᠦᠷᠢᠯᠡᠬᠦ ᠨᠦᠬᠦᠴᠡᠯ ᠳᠤ ᠨᠡᠶᠢᠴᠡᠭᠰᠡᠨ ᠪᠠᠶᠢᠬᠤ ︔        ︵ᠬᠤᠶᠠᠷ︶ ᠲᠦᠷᠦ ᠶᠢᠨ ᠶᠠᠪᠤᠳᠠᠯ ᠤᠨ ᠬᠤᠷᠢᠶᠠᠠ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠦᠷ᠎ᠠ ᠶᠢᠨ ᠮᠠᠯ ᠤᠨ ᠲᠤᠭ᠎ᠠ ᠲᠤᠯᠤᠭᠠᠢ ᠪᠤᠯᠤᠨ ᠶᠠᠰᠦ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ︔        ︵ᠭᠤᠷᠪᠠ︶ ᠪᠡᠶ᠎ᠠ ᠶᠢᠨ ᠭᠠᠳᠠᠨ᠎ᠠ ᠦᠷ᠎ᠠ ᠲᠤᠭᠳᠠᠭᠠᠵᠦ ᠤᠯᠤᠭᠰᠠᠨ ᠬᠦᠪᠤᠷᠡᠯ᠂ ᠬᠡᠷᠡᠭᠯᠡᠭᠰᠡᠨ ᠦᠨᠳᠡᠭᠡᠨ ᠡᠰ ᠤᠨ ᠢᠷᠡᠯᠳᠡ ᠨᠢ ᠲᠤᠳᠤᠷᠬᠠᠢ ᠪᠠᠶᠢᠵᠦ᠂ ᠦᠷ᠎ᠠ ᠲᠤᠭᠳᠠᠭᠠᠬᠤ ᠮᠠᠯ ᠨᠢ ᠤᠯᠤᠰ ᠤᠨ ᠲᠤᠭᠳᠠᠭᠠᠭᠰᠠᠨ ᠦᠷ᠎ᠠ ᠶᠢᠨ ᠮᠠᠯ ᠤᠨ ᠡᠷᠡᠬᠦᠯ ᠤᠨ ᠪᠠᠷᠢᠮᠵᠢᠶ᠎ᠠ ᠪᠤᠯᠤᠨ ᠶᠠᠰᠦ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ︔        ︵ᠲᠦᠷᠪᠡ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ ᠮᠠᠷᠭᠡᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃         ᠬᠤᠷᠢᠨ ᠲᠦᠷᠪᠡᠳᠦᠭᠡᠷ ᠵᠦᠢᠯ ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠡᠷᠭᠡ ᠤᠳᠤᠮᠯᠠᠯ ᠤᠨ ᠡᠬᠢ ᠪᠠᠶᠠᠯᠢᠭ ᠤᠨ ᠮᠠᠲ᠋ᠧᠷᠢᠶᠠᠯ ᠢ ᠦᠢᠯᠡᠳᠪᠦᠷᠢᠯᠡᠬᠦ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠡᠷᠡᠯ ᠤᠨ ᠦᠨᠡᠮᠯᠡᠯ ᠤᠯᠬᠤ ᠪᠠᠷ ᠭᠤᠶᠤᠴᠢᠯᠠᠬᠤ ᠳᠤ ᠬᠦᠷᠪᠡᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠳᠠᠢ᠃ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠠᠨ ᠠᠪᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠭᠡᠳ ᠭᠤᠴᠢᠨ ᠠᠵᠢᠯ ᠤᠨ ᠡᠳᠦᠷ ᠤᠨ ᠲᠤᠳᠤᠷ᠎ᠠ ᠬᠢᠨᠠᠨ ᠪᠠᠶᠢᠴᠠᠭᠠᠵᠦ ᠲᠠᠭᠤᠰᠬᠠᠬᠤ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠬᠢᠨᠠᠨ ᠵᠦᠪᠰᠢᠶᠠᠷᠡᠬᠦᠯᠬᠦ ᠭᠡᠷᠡᠭᠳᠠᠢ ︔ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ ᠢ ᠤᠯᠤᠭᠰᠠᠨ ᠡᠳᠦᠷ ᠠᠴᠠ ᠡᠬᠢᠯᠡᠵᠦ ᠵᠢᠷᠠᠨ ᠠᠵᠢᠯ ᠤᠨ ᠡᠳᠦᠷ ᠤᠨ ᠲᠤᠳᠤᠷ᠎ᠠ᠂ ᠦᠢᠯᠡᠳᠪᠦᠷᠢᠯᠡᠯ ᠡᠵᠡᠩᠨᠡᠯᠳᠠ ᠶᠢᠨ ᠵᠦᠪᠰᠢᠶᠠᠷᠡᠯ ᠤᠨ ᠦᠨᠡᠮᠯᠡᠯ ᠢ ᠤᠯᠭᠤᠬᠤ ᠡᠰᠡᠬᠦ ᠶᠢ ᠬᠠᠦᠯᠢ ᠶᠤᠰᠤᠭᠠᠷ ᠲᠤᠭᠳᠠᠭᠠᠬᠤ ᠭᠡᠷᠡᠭᠳᠠᠢ᠃ ᠪᠤᠰᠤᠳ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠰᠢᠶᠠᠨ ᠤ ᠱᠠᠳᠤᠨ ᠠᠴᠠ ᠲᠠᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠨ ᠪᠠᠶᠢᠴᠠᠭᠠᠵᠦ ᠤᠯᠭᠤᠨ᠎ᠠ᠂ ᠬᠢᠨᠠᠨ ᠪᠠᠶᠢᠴᠠᠭᠠᠵᠦ ᠤᠯᠭᠤᠬᠤ ᠪᠤᠳᠠᠳᠠᠢ ᠠᠷᠭ᠎ᠠ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠭᠳᠠᠭᠠᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠦᠯᠢᠭᠡᠷ ᠶᠠᠩᠵᠦ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠂ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠭᠤᠷᠪᠠᠨ ᠵᠢᠯ ᠪᠤᠯᠤᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠤᠯᠭᠤᠬᠤ ᠳᠤ ᠬᠦᠯᠦᠰᠦ ᠦᠷᠳᠡᠭ ᠤᠨ ᠵᠠᠷᠤᠳᠠᠯ ᠬᠤᠷᠢᠶᠠᠵᠦ ᠪᠤᠯᠤᠨ᠎ᠠ᠂ ᠵᠠᠷᠤᠳᠠᠯ ᠬᠤᠷᠢᠶᠠᠬᠤ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠦᠨ᠎ᠠ ᠬᠠᠨᠭ᠍ᠰᠢ ᠶᠢᠨ ᠰᠠᠯᠠᠭ᠎ᠠ ᠮᠦᠴᠢᠷ ᠠᠴᠠ ᠲᠤᠭᠳᠠᠭᠠᠨ᠎ᠠ᠃           ᠬᠤᠷᠢᠨ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠳᠤ ᠦᠢᠯᠡᠳᠪᠦᠷᠢᠯᠡᠵᠦ ᠡᠵᠡᠩᠨᠡᠭᠴᠢ ᠶᠢᠨ ᠨᠡᠷᠡᠶᠢᠳᠤᠯ᠂ ᠲᠠᠯᠠᠪᠠᠢ ︵ᠦᠢᠯᠡᠳᠪᠤᠷᠢ︶ ᠶᠢᠨ ᠬᠠᠶ᠋ᠢᠭ᠂ ᠦᠢᠯᠡᠳᠪᠦᠷᠢᠯᠡᠵᠦ ᠡᠵᠡᠩᠨᠡᠬᠦ ᠬᠡᠪᠴᠢᠶ᠎ᠠ ᠵᠢᠴᠢ ᠵᠦᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠶᠢᠨ ᠡᠬᠢᠯᠡᠵᠦ ᠳᠠᠭᠤᠰᠬᠤ ᠡᠳᠦᠷ ᠬᠤᠭᠤᠴᠠᠭ᠎ᠠ ᠵᠡᠷᠭᠡ ᠶᠢ ᠲᠤᠳᠤᠷᠬᠠᠢᠢᠯᠠᠬᠤ ᠬᠡᠷᠡᠭᠳᠠᠢ᠃ ᠶᠠᠮᠠᠷᠪᠠ ᠨᠢᠭᠡᠴᠢ᠂ ᠬᠤᠪᠢ ᠬᠦᠮᠦᠨ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠦᠭᠡᠢ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠳᠠᠬᠢ ᠲᠤᠭᠳᠠᠭᠠᠯ ᠢ ᠵᠦᠷᠢᠴᠡᠵᠦ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠶᠢ ᠴᠠᠭᠠᠵᠠᠯᠠᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠬᠠᠭᠤᠷᠮᠠᠬᠯᠠᠨ ᠵᠤᠬᠢᠶᠠᠬᠤ ᠂ ᠦᠭᠡᠷᠡᠳᠡᠬᠦᠯᠦᠨ ᠵᠤᠬᠢᠶᠠᠬᠤ᠂ ᠰᠢᠯᠵᠢᠬᠦᠯᠦᠨ ᠦᠭᠬᠦ᠂ ᠲᠦᠷᠢᠶᠡᠰᠦᠯᠡᠬᠦᠯᠵᠦ ᠵᠢᠭᠡᠯᠡᠬᠦᠯᠬᠦ ᠶᠢ ᠴᠠᠭᠠᠵᠠᠯᠠᠨ᠎ᠠ᠃           ᠬᠤᠷᠢᠨ ᠵᠢᠷᠭᠤᠳᠤᠭᠠᠷ ᠵᠦᠢᠯ ᠲᠠᠷᠢᠶᠠᠴᠢᠨ ᠡᠷᠦᠭᠡ ᠶᠢᠨ ᠠᠷᠠᠴᠢᠯᠠᠨ ᠲᠡᠵᠢᠭᠡᠭᠰᠡᠨ ᠦᠷ᠎ᠠ ᠶᠢᠨ ᠮᠠᠯ ᠵᠢᠬᠦᠷᠳᠡᠨ ᠢᠶᠠᠨ ᠦᠪᠡᠷ ᠢᠶᠠᠨ ᠦᠷᠡᠵᠢᠬᠦᠯᠦᠨ ᠲᠡᠵᠢᠭᠡᠬᠦ ᠪᠠ ᠦᠯᠡᠬᠦᠳᠡᠭᠰᠡᠨ ᠴᠦᠬᠡᠪᠤᠷᠢ ᠲᠦᠯ ᠮᠠᠯ᠂ ᠵᠢᠬᠦᠷᠳᠡᠨ ᠤ ᠴᠤᠷᠪᠠᠭ᠎ᠠ ᠪᠠᠨ ᠬᠤᠳᠠᠯᠳᠤᠬᠤ ᠳᠤ᠂ ᠲᠠᠷᠢᠶᠠᠴᠢᠨ ᠡᠷᠦᠭᠡ ᠬᠡᠬᠡᠯᠳᠦᠬᠦᠯᠦᠭᠴᠢ ᠮᠠᠯ ᠲᠡᠵᠢᠬᠡᠭᠡᠳ ᠳᠤᠰᠠᠯᠠᠯᠴᠠᠬᠤ ᠬᠡᠬᠡᠯᠳᠦᠬᠦᠯᠭᠡ ᠬᠢᠬᠦ ᠳᠤ ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠠᠪᠬᠤ ᠭᠡᠷᠡᠭ ᠦᠭᠡᠢ᠃           ᠬᠤᠷᠢᠨ ᠲᠤᠯᠤᠳᠤᠭᠠᠷ ᠵᠦᠢᠯ ᠲᠤᠰᠬᠠᠢᠢᠯᠠᠨ ᠭᠡᠷ ᠤᠨ ᠲᠡᠵᠢᠬᠡᠪᠤᠷᠢ ᠶᠢᠨ ᠭᠠᠷ ᠬᠡᠬᠡᠯᠳᠦᠬᠦᠯᠭᠡ᠂ ᠬᠦᠪᠦᠷᠡᠯ ᠰᠢᠯᠵᠢᠬᠦᠯᠬᠦ ᠵᠡᠷᠭᠡ ᠦᠷᠡᠵᠢᠬᠦᠯᠬᠦ ᠠᠵᠢᠯ ᠢ ᠬᠢᠵᠦ ᠪᠠᠶᠢᠭ᠎ᠠ ᠠᠵᠢᠯᠳᠠᠨ᠂ ᠤᠯᠤᠰ ᠤᠨ ᠠᠵᠢᠯ ᠮᠡᠷᠬᠡᠵᠢᠯ ᠤᠨ ᠵᠤᠬᠢᠴᠠᠩᠭᠤᠢ ᠬᠢᠷᠢ ᠬᠡᠮ ᠤᠨ ᠦᠨᠡᠮᠯᠡᠯ ᠢ ᠤᠯᠤᠭᠰᠠᠨ ᠪᠠᠶᠢᠬᠤ ᠭᠡᠷᠡᠭᠳᠠᠢ᠃           ᠬᠤᠷᠢᠨ ᠨᠡᠢᠮᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠤᠬᠠᠢ ᠵᠠᠷ ᠨᠡᠶᠢᠳᠡᠯᠡᠬᠦ ᠳᠤ ᠬᠦᠷᠪᠡᠯ᠂ ᠵᠠᠷ ᠨᠡᠶᠢᠳᠡᠯᠡᠬᠦᠯᠦᠭᠴᠢ ᠨᠢ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠪᠤᠯᠤᠨ ᠡᠵᠡᠩᠨᠡᠯᠳᠡ ᠶᠢᠨ ᠦᠨᠡᠮᠯᠡᠯ ᠢᠶᠠᠨ ᠬᠠᠨᠭ᠍ᠭᠠᠬᠤ ᠭᠡᠷᠡᠭᠳᠠᠢ᠃ ᠵᠠᠷ ᠤᠨ ᠠᠭᠤᠯᠭ᠎ᠠ ᠨᠢ ᠬᠤᠯᠪᠤᠭᠳᠠᠯ ᠪᠦᠬᠦᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠦᠷᠢᠮ ᠤᠨ ᠲᠤᠭᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠠᠢ ᠪᠦᠭᠡᠳ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠤᠨ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢᠨ ᠨᠡᠷ᠎ᠠ ᠶᠢ ᠲᠤᠳᠤᠷᠬᠠᠢᠢᠯᠠᠨ ᠲᠡᠮᠳᠡᠭᠯᠡᠭᠰᠡᠨ ᠪᠠᠶᠢᠬᠤ ᠭᠡᠷᠡᠭᠳᠠᠢ ︔ ᠭᠤᠤᠯ ᠰᠢᠨᠵᠢ ᠪᠠᠶᠢᠳᠠᠯ ᠤᠨ ᠲᠤᠬᠠᠢ ᠲᠦᠷᠰᠦᠯᠡᠨ ᠲᠤᠭᠠᠴᠢᠬᠰᠠᠨ ᠨᠢ ᠲᠤᠰ ᠡᠬᠦᠯᠳᠡᠷ᠂ ᠲᠦᠬᠦᠷᠵᠢᠭᠰᠡᠨ ᠤᠳᠤᠮ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃           ᠬᠤᠷᠢ ᠶᠢᠰᠦᠳᠦᠭᠡᠷ ᠵᠦᠢᠯ ᠪᠤᠷᠤᠯᠠᠭᠤᠯᠬᠤ ᠦᠷ᠎ᠠ ᠶᠢᠨ ᠮᠠᠯ ᠵᠢᠬᠦᠷᠳᠡᠨ ᠪᠠ ᠭᠡᠷ ᠤᠨ ᠲᠡᠵᠢᠬᠡᠪᠤᠷᠢ ᠶᠢᠨ ᠬᠡᠬᠡᠯᠳᠦᠬᠦᠯᠭᠡ ᠶᠢᠨ ᠦᠷᠳᠡᠭᠡ ︵ᠴᠡᠭ︶ ᠳᠤ ᠬᠡᠷᠡᠭᠯᠡᠵᠦ ᠪᠠᠶᠢᠭ᠎ᠠ ᠬᠡᠬᠡᠯᠳᠦᠬᠦᠯᠦᠭᠴᠢ ᠮᠠᠯ ᠨᠢ ᠡᠷᠬᠡᠪᠰᠢ ᠭᠡᠭᠡᠯᠳᠦᠬᠦᠯᠭᠡ ᠳᠤ ᠬᠡᠷᠡᠭᠯᠡᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ᠦᠶ᠎ᠠ ᠳᠤ᠂ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ ᠦᠭᠬᠦᠭᠰᠡᠨ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠠᠮᠢᠳᠡᠠ ᠤ ᠬᠢᠵᠢᠭ ᠢ ᠰᠡᠷᠬᠡᠶᠢᠯᠡᠨ ᠬᠢᠨᠠᠬᠤ ᠪᠠᠶᠢᠭᠤᠯᠤᠮᠵᠢ ᠠᠴᠠ ᠭᠠᠷᠭᠠᠵᠦ ᠦᠭᠬᠦᠭᠰᠡᠨ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠶᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠂ ᠪᠤᠷᠤᠯᠠᠭᠤᠯᠬᠤ ᠦᠷ᠎ᠠ ᠶᠢᠨ ᠮᠠᠯ ᠳᠤ ᠪᠠᠰᠠ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠠᠴᠠ ᠭᠠᠷᠭᠠᠵᠦ ᠦᠭᠬᠦᠭᠰᠡᠨ ᠭᠡᠷ ᠤᠨ ᠲᠡᠵᠢᠬᠡᠪᠦᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ ᠭᠡᠷ ᠤᠨ ᠲᠡᠵᠢᠭᠡᠪᠤᠷᠢ ᠶᠢᠨ ᠦᠨᠳᠡᠭᠡᠨ ᠡᠰ᠂ ᠢᠴᠡᠭᠡᠯ ᠦᠷ᠎ᠠ᠂ ᠬᠦᠪᠦᠷᠡᠯ ᠵᠠᠷᠭᠡ ᠤᠳᠤᠮᠯᠠᠯ ᠤᠨ ᠮᠠᠲ᠋ᠧᠷᠢᠶᠠᠯ ᠢ ᠦᠢᠯᠡᠳᠪᠦᠷᠢᠯᠡᠬᠦ ᠳᠡᠭᠡᠨ ᠦᠷ᠎ᠠ ᠠᠪᠤᠭᠰᠠᠨ᠂ ᠪᠤᠷᠤᠯᠠᠭᠤᠯᠤᠭᠰᠠᠨ᠂ ᠰᠢᠯᠵᠢᠬᠦᠯᠵᠦ ᠰᠠᠭᠤᠯᠭᠠᠭᠰᠠᠨ ᠵᠡᠷᠭᠡ ᠲᠠᠯ᠎ᠠ ᠶᠢᠨ ᠪᠦᠷᠢᠨ ᠪᠦᠳᠦᠨ ᠲᠡᠮᠳᠡᠭᠯᠡᠯ ᠲᠠᠢ ᠪᠠᠶᠢᠵᠦ᠂ ᠲᠡᠮᠳᠡᠭᠯᠡᠯ ᠢᠶᠠᠨ ᠬᠤᠶᠠᠷ ᠵᠢᠯ ᠬᠠᠳᠠᠭᠠᠯᠠᠬᠤ ᠭᠡᠷᠡᠭᠳᠠᠢ᠃         ᠭᠤᠴᠢᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ᠳᠠᠭᠠᠨ ᠲᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄         ︵ᠨᠢᠭᠡ︶ ᠪᠤᠰᠤᠳ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢᠶᠠᠷ ᠪᠤᠷᠤᠯᠠᠭᠤᠯᠤᠨ ᠬᠤᠳᠠᠯᠳᠤᠵᠦ ᠪᠠᠶᠢᠭ᠎ᠠ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠬᠠᠭᠤᠷᠮᠠᠭᠯᠠᠨ ᠤᠷᠤᠯᠠᠭᠤᠯᠬᠤ ︔         ︵ᠬᠤᠶᠠᠷ︶ ᠪᠤᠭᠤᠨᠢ ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢᠶᠠᠷ ᠦᠨᠳᠦᠷ ᠦᠶ᠎ᠠ ᠲᠠᠢ ᠤᠨᠳᠤᠤ ᠲᠦᠷᠦᠯ ᠤᠨ ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ ︔         ︵ᠭᠤᠷᠪᠠ︶ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠦᠯᠦ ᠨᠡᠶᠢᠴᠡᠬᠦ ᠮᠠᠯ ᠵᠢᠬᠦᠷᠳᠡᠨ ᠢᠶᠠᠷ ᠦᠷ᠎ᠠ ᠶᠢᠨ ᠮᠠᠯ ᠵᠢᠬᠦᠷᠳᠡᠨ ᠢ ᠬᠠᠭᠤᠷᠮᠠᠭᠯᠠᠨ ᠤᠷᠤᠯᠠᠭᠤᠯᠬᠤ ︔         ︵ᠲᠦᠷᠪᠡ︶ ᠭᠠᠳᠠᠭᠠᠳᠦ ᠠᠴᠠ ᠤᠷᠤᠭᠤᠯᠬᠤ ᠵᠦᠪᠰᠢᠶᠡᠷᠡᠯ ᠠᠪᠤᠭᠰᠠᠨ ᠦᠭᠡᠢ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠬᠤ ︔         ︵ᠲᠠᠪᠤ︶ ᠲᠤᠰ ᠬᠠᠦᠯᠢ ᠶᠢᠨ ᠬᠤᠷᠢ ᠶᠢᠰᠦᠳᠦᠭᠡᠷ ᠵᠦᠢᠯ ᠳᠤ ᠲᠤᠭᠳᠠᠭᠠᠭᠰᠠᠨ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ ᠲᠠᠭᠠᠯᠳᠤᠭᠤᠯᠤᠭᠰᠠᠨ ᠦᠭᠡᠢ ᠦᠷ᠎ᠠ ᠶᠢᠨ ᠮᠠᠯ ᠵᠢᠬᠦᠷᠳᠡᠨ ᠪᠤᠶᠤ ᠭᠡᠷ ᠤᠨ ᠲᠡᠵᠢᠬᠡᠪᠤᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠦᠭᠡᠢ ᠦᠷ᠎ᠠ ᠶᠢᠨ ᠮᠠᠯ ᠢ ᠪᠤᠷᠤᠯᠠᠭᠤᠯᠬᠤ ︔         ︵ᠵᠢᠷᠭᠤᠭ᠎ᠠ︶ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠭᠡᠭᠰᠡᠨ ᠦᠬᠡᠢ ᠦᠷ᠎ᠠ ᠶᠢᠨ ᠮᠠᠯ ᠵᠢᠬᠦᠷᠳᠡᠨ ᠤ ᠡᠬᠦᠯᠳᠡᠷ᠂ ᠲᠦᠬᠦᠷᠵᠢᠭᠰᠡᠨ ᠤᠳᠤᠮ ᠢ ᠪᠤᠷᠤᠯᠠᠭᠤᠯᠬᠤ᠃         ᠭᠤᠴᠢᠨ ᠨᠢᠬᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠪᠠᠷ ᠭᠤᠶᠤᠴᠢᠯᠠᠬᠤ ᠳᠤ ᠬᠦᠷᠪᠡᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠵᠢᠷᠭᠤᠭᠠᠨ ᠰᠠᠷ᠎ᠠ ᠪᠤᠯᠤᠨ᠎ᠠ᠃ ᠭᠠᠳᠠᠭᠠᠳᠦ ᠠᠴᠠ ᠤᠷᠤᠭᠤᠯᠬᠤ ᠦᠷ᠎ᠠ ᠶᠢᠨ ᠮᠠᠯ ᠵᠢᠬᠦᠷᠳᠡᠨ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠮᠡᠷᠬᠡᠵᠢᠯ ᠤᠨ ᠱᠠᠭᠠᠷᠳᠠᠯᠭ᠎ᠠ ᠳᠤ ᠨᠡᠶᠢᠴᠡᠬᠦ ᠭᠡᠷᠡᠭᠳᠠᠢ᠃ ᠠᠩᠬ᠎ᠠ ᠤᠳᠠᠭ᠎ᠠ ᠭᠠᠳᠠᠭᠠᠳᠦ ᠠᠴᠠ ᠤᠷᠤᠭᠤᠯᠬᠤ ᠦᠷ᠎ᠠ ᠶᠢᠨ ᠮᠠᠯ ᠵᠢᠬᠦᠷᠳᠡᠨ ᠳᠤ ᠪᠠᠰᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠠᠴᠠ ᠬᠡᠭᠡᠯᠳᠦᠬᠦᠯᠭᠡ ᠳᠤ ᠭᠡᠷᠡᠭᠯᠡᠬᠦ ᠴᠢᠳᠠᠪᠬᠢ ᠶᠢᠨ ᠦᠨᠡᠯᠡᠯᠳᠠ ᠬᠢᠨ᠎ᠠ᠃ ᠦᠷ᠎ᠠ ᠶᠢᠨ ᠮᠠᠯ ᠵᠢᠬᠦᠷᠳᠡᠨ ᠢ ᠭᠠᠳᠠᠭᠠᠳᠦ ᠠᠴᠠ ᠤᠷᠤᠭᠤᠯᠵᠦ ᠭᠠᠳᠠᠭᠠᠳᠦ ᠳᠤ ᠭᠠᠷᠭᠠᠬᠤ ᠬᠠᠮᠢᠶᠠᠷᠤᠯᠳᠠ ᠳᠤ ᠡᠮᠤᠨᠡᠬᠢ ᠬᠤᠶᠠᠷ ᠪᠠᠳᠠᠭ ᠤᠨ ᠲᠤᠭᠳᠠᠭᠠᠯ ᠢ ᠬᠡᠷᠡᠭᠯᠡᠬᠦ ᠠᠴᠠ ᠭᠠᠳᠠᠨ᠎ᠠ᠂ ᠪᠠᠰᠠ ᠲᠤᠰ ᠬᠠᠦᠯᠢ ᠶᠢᠨ ᠠᠷᠪᠠᠨ ᠲᠠᠪᠤᠳᠤᠭᠠᠷ ᠵᠦᠢᠯ ᠪᠤᠯᠤᠨ ᠠᠷᠪᠠᠨ ᠵᠢᠷᠭᠤᠳᠤᠭᠠᠷ ᠵᠦᠢᠯ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠠ᠃ ᠤᠯᠤᠰ ᠠᠴᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠤᠨ ᠭᠠᠳᠠᠭᠠᠳᠦ ᠠᠴᠠ ᠤᠷᠤᠭᠤᠯᠤᠬᠰᠠᠨ ᠮᠠᠯ ᠵᠢᠬᠦᠷᠳᠡᠨ ᠳᠤ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠰᠤᠩᠭᠤᠨ ᠪᠤᠶᠢᠵᠢᠭᠤᠯᠬᠤ ᠶᠢ ᠵᠤᠷᠢᠬᠵᠢᠭᠤᠯᠤᠨ᠎ᠠ ︔ ᠰᠤᠩᠭᠤᠨ ᠪᠤᠶᠢᠵᠢᠭᠤᠯᠤᠭᠰᠠᠨ ᠰᠢᠨ᠎ᠠ ᠡᠬᠦᠯᠳᠡᠷ᠂ ᠲᠦᠬᠦᠷᠵᠢᠭᠰᠡᠨ ᠤᠳᠤᠮ ᠢ ᠲᠡᠯᠭᠡᠷᠡᠬᠦᠯᠬᠦ ᠠᠴᠠ ᠡᠮᠦᠨ᠎ᠠ᠂ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠢᠶᠠᠷ ᠬᠢᠨᠠᠨ ᠲᠤᠭᠳᠠᠭᠠᠯᠭᠠᠬᠤ ᠭᠡᠷᠡᠭᠳᠠᠢ᠃         ᠭᠤᠴᠢᠨ ᠬᠤᠶᠠᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠪᠠ ᠨᠡᠪᠴᠢᠭᠡᠬᠦ ᠲᠠᠯᠠᠪᠠᠢ ︵ᠦᠢᠯᠡᠳᠪᠦᠷᠢ︶ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠬᠤ ᠳᠤ ᠬᠦᠷᠪᠡᠯ᠂ ᠬᠤᠳᠠᠯᠳᠤᠨ ᠠᠪᠤᠭᠴᠢ ᠳᠤ ᠪᠤᠷᠤᠯᠠᠭᠤᠯᠬᠤ ᠲᠦᠯ ᠮᠠᠯ᠂ ᠵᠢᠬᠦᠷᠳᠡᠨ ᠤ ᠴᠤᠷᠪᠠᠭ᠎ᠠ ᠶᠢᠨ ᠢᠶᠠᠨ ᠦᠢᠯᠡᠳᠪᠦᠷᠢᠯᠡᠯ ᠤᠨ ᠴᠢᠳᠠᠪᠤᠷᠢ ᠶᠢᠨ ᠭᠤᠤᠯ ᠭᠦᠢᠴᠡᠳᠬᠡᠬᠦ ᠲᠤᠭ᠎ᠠ᠂ ᠴᠠᠷᠤᠯᠳᠠ ᠶᠢᠨ ᠪᠠᠶᠢᠳᠠᠯ᠂ ᠠᠷᠠᠴᠢᠯᠠᠵᠦ ᠲᠡᠵᠢᠭᠡᠬᠦ ᠮᠡᠷᠬᠡᠵᠢᠯ ᠤᠨ ᠱᠠᠭᠠᠷᠳᠠᠯᠭ᠎ᠠ ᠪᠤᠯᠤᠨ ᠬᠤᠯᠪᠤᠭᠳᠠᠯ ᠪᠦᠬᠦᠢ ᠵᠦᠪᠯᠡᠯᠭᠡ ᠦᠭᠬᠦ ᠦᠢᠯᠡᠴᠢᠯᠡᠭᠡ ᠵᠠᠷᠭᠡ ᠶᠢ ᠬᠠᠨᠭ᠍ᠭᠠᠬᠤ ᠶᠢᠨ ᠬᠠᠮᠳᠦ ᠠᠮᠢᠳᠠᠨ ᠤ ᠬᠢᠵᠢᠭ ᠢ ᠰᠡᠷᠭᠡᠶᠢᠯᠡᠨ ᠬᠢᠨᠠᠬᠤ ᠪᠠᠶᠢᠭᠤᠯᠤᠮᠵᠢ ᠠᠴᠠ ᠭᠠᠷᠭᠠᠵᠦ ᠦᠭᠬᠦᠭᠰᠡᠨ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢ ᠲᠠᠭᠠᠯᠳᠤᠭᠤᠯᠤᠭᠰᠠᠨ ᠪᠠᠶᠢᠬᠤ ᠭᠡᠷᠡᠭᠳᠠᠢ᠃ ᠦᠷ᠎ᠠ ᠶᠢᠨ ᠮᠠᠯ ᠵᠢᠬᠦᠷᠳᠡᠨ ᠪᠠ ᠲᠠᠸᠠᠷ ᠤᠨ ᠲᠦᠯ ᠮᠠᠯ᠂ ᠵᠢᠬᠦᠷᠳᠡᠨ ᠤ ᠴᠤᠷᠪᠠᠭ᠎ᠠ ᠶᠢ ᠪᠤᠷᠤᠯᠠᠭᠤᠯᠤᠭᠠᠳ᠂ ᠶᠠᠰᠦ ᠴᠢᠨᠠᠷ ᠤᠨ ᠠᠰᠠᠭᠤᠳᠠᠯ ᠠᠴᠠ ᠪᠤᠯᠵᠦ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠦᠯᠢ ᠶᠤᠰᠤᠭᠠᠷ ᠬᠤᠬᠢᠷᠠᠯ ᠢ ᠨᠢ ᠲᠦᠯᠦᠬᠦ ᠭᠡᠷᠡᠭᠳᠠᠢ᠃         ᠭᠤᠴᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠦᠷ᠎ᠠ ᠶᠢᠨ ᠮᠠᠯ ᠵᠢᠬᠦᠷᠳᠡᠡ ᠤ ᠶᠠᠰᠦ ᠴᠢᠨᠠᠷ ᠤᠨ ᠠᠶᠤᠯᠬᠦᠢ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠷ᠎ᠠ ᠶᠢᠨ ᠮᠠᠯ ᠵᠢᠬᠦᠷᠳᠡᠨ ᠤ ᠶᠠᠰᠦ ᠴᠢᠨᠠᠷ ᠤᠨ ᠠᠶᠤᠯᠬᠦᠢ ᠶᠢᠨ ᠬᠢᠨᠠᠯᠳᠠ ᠪᠠᠶᠢᠴᠠᠭᠠᠯᠳᠠ ᠶᠢ ᠬᠠᠦᠯᠢ ᠪᠠᠷ ᠲᠤᠭᠳᠠᠭᠠᠭᠰᠠᠨ ᠬᠢᠷᠢ ᠬᠡᠮ ᠪᠦᠬᠦᠢ ᠦᠷ᠎ᠠ ᠶᠢᠨ ᠮᠠᠯ ᠵᠢᠬᠦᠷᠳᠡᠨ ᠤ ᠶᠠᠰᠦ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠨᠠᠶᠢᠳᠠᠵᠦ ᠬᠢᠯᠭᠡᠬᠦ ᠭᠡᠷᠡᠭᠳᠠᠢ ︔ ᠰᠢᠯᠭᠠᠨ ᠪᠠᠶᠢᠴᠠᠭᠠᠬᠤ ᠳᠤ ᠭᠡᠷᠡᠭᠰᠡᠬᠦ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠶᠤᠰᠤᠭᠠᠷ ᠭᠠᠷᠭᠠᠵᠦ᠂ ᠰᠢᠯᠭᠠᠨ ᠪᠠᠶᠢᠴᠠᠭᠠᠯᠭᠠᠭᠴᠢ ᠠᠴᠠ ᠬᠤᠷᠢᠶᠠᠵᠦ ᠪᠤᠯᠬᠤ ᠦᠭᠡᠢ᠃        ᠭᠤᠴᠢᠨ ᠲᠦᠷᠪᠡᠳᠦᠭᠡᠷ ᠵᠦᠢᠯ ᠬᠦᠷᠢ ᠶᠢᠨ ᠦᠷ᠎ᠠ ᠶᠢᠨ ᠡᠬᠢ ᠪᠠᠶᠠᠯᠢᠭ ᠢ ᠬᠠᠮᠠᠭᠠᠯᠠᠬᠤ᠂ ᠰᠢᠨ᠎ᠠ ᠡᠬᠦᠯᠳᠡᠷ ᠢ ᠰᠤᠩᠭᠤᠨ ᠪᠤᠶᠢᠵᠢᠭᠤᠯᠬᠤ᠂ ᠦᠢᠯᠡᠳᠪᠦᠷᠢᠯᠡᠵᠦ ᠡᠵᠡᠩᠨᠡᠬᠦ ᠪᠠ ᠲᠡᠯᠭᠡᠷᠡᠬᠦᠯᠬᠦ ᠳᠤ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠭᠡᠷᠡᠭᠯᠡᠨ᠎ᠠ᠂ ᠪᠤᠳᠠᠳᠠᠢ ᠬᠠᠮᠢᠶᠠᠷᠤᠯᠳᠠ ᠶᠢᠨ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ ᠲᠦᠷᠪᠡᠳᠦᠭᠡᠷ ᠪᠦᠯᠦᠭ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ        ᠭᠤᠴᠢᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠯᠠᠭ᠎ᠠ ᠮᠦᠴᠢᠷ ᠤᠳ ᠮᠠᠯ ᠠᠵᠦ ᠠᠬᠤᠢ ᠶᠢᠨ ᠬᠦᠭᠵᠢᠯᠳᠠ ᠶᠢᠨ ᠲᠦᠯᠦᠪᠵᠢᠬᠦᠯᠭᠡ ᠪᠤᠯᠤᠨ ᠵᠠᠬ᠎ᠠ ᠲᠡᠯᠭᠡᠬᠦᠷ ᠤᠨ ᠭᠡᠷᠡᠭᠴᠡᠭᠡ ᠶᠢ ᠦᠨᠳᠦᠰᠦᠯᠡᠵᠦ᠂ ᠮᠠᠯ ᠠᠵᠦ ᠠᠬᠤᠢ ᠶᠢᠨ ᠪᠦᠳᠦᠴᠠ ᠶᠢ ᠲᠤᠬᠢᠷᠠᠭᠤᠯᠬᠤ᠂ ᠲᠠᠪᠠᠭᠤᠯᠢᠭ ᠮᠠᠯ ᠵᠢᠬᠦᠷᠳᠡᠨ ᠤ ᠦᠢᠯᠡᠳᠪᠦᠷᠢᠯᠡᠯ ᠢ ᠬᠦᠭᠵᠢᠬᠦᠯᠬᠦ᠂ ᠮᠠᠯ ᠵᠢᠬᠦᠷᠳᠡᠨ ᠤ ᠪᠦᠳᠦᠭᠡᠭᠳᠡᠬᠦᠨ ᠤ ᠵᠠᠬ᠎ᠠ ᠲᠡᠯᠭᠡᠬᠦᠷ ᠲᠠᠬᠢ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ ᠶᠢ ᠵᠢᠯᠤᠭᠤᠳᠤᠨ ᠲᠡᠮᠵᠢᠬᠦ ᠬᠡᠷᠡᠭᠳᠠᠢ᠃ ᠤᠯᠤᠰ ᠠᠴᠠ ᠲᠠᠯ᠎ᠠ ᠨᠤᠳᠤᠭ ᠤᠨ ᠮᠠᠯᠵᠢᠬᠤ ᠤᠷᠤᠨ ᠤ ᠨᠤᠳᠤᠭ ᠪᠡᠯᠴᠢᠭᠡᠷ ᠢ ᠬᠦᠷᠢᠶᠠᠯᠡᠨ ᠬᠠᠮᠠᠭᠠᠯᠠᠬᠤ᠂ ᠨᠤᠳᠤᠭ ᠪᠡᠯᠴᠢᠭᠡᠷ ᠤᠨ ᠤᠰᠤᠨ ᠠᠰᠢᠭᠯᠠᠯᠳᠠ᠂ ᠨᠤᠳᠤᠭ ᠪᠡᠯᠴᠢᠭᠡᠷ ᠢ ᠰᠠᠶᠢᠵᠢᠷᠠᠭᠤᠯᠬᠤ᠂ ᠡᠪᠡᠰᠦ ᠪᠤᠷᠳᠤᠭᠠᠨ ᠤ ᠰᠠᠭᠤᠷᠢᠨ ᠵᠠᠷᠭᠡ ᠨᠤᠳᠤᠭ ᠪᠡᠯᠴᠢᠭᠡᠷ ᠤᠨ ᠦᠨᠳᠤᠰᠦᠨ ᠪᠦᠳᠦᠭᠡᠨ ᠪᠠᠶᠢᠭᠤᠯᠤᠯᠳᠠ ᠬᠢᠬᠦ ᠶᠢ ᠳᠡᠮᠵᠢᠵᠦ᠂ ᠮᠠᠯ ᠰᠦᠷᠦᠭ ᠤᠨ ᠪᠦᠳᠦᠴᠠ ᠶᠢ ᠰᠢᠯᠢᠳᠡᠭᠵᠢᠬᠦᠯᠦᠨ᠂ ᠮᠠᠯ ᠤᠨ ᠡᠬᠦᠯᠳᠡᠷ ᠢ ᠰᠠᠶᠢᠵᠢᠷᠠᠭᠤᠯᠵᠦ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠬᠠᠰᠢᠶᠠᠯᠠᠨ ᠲᠡᠵᠢᠭᠡᠵᠦ ᠠᠷᠠᠴᠢᠯᠠᠬᠤ᠂ ᠪᠡᠯᠴᠢᠭᠡᠷ ᠬᠤᠪᠢᠶᠠᠨ ᠡᠬᠡᠯᠵᠢᠯᠡᠨ ᠮᠠᠯᠵᠢᠬᠤ ᠶᠢ ᠬᠦᠭᠵᠢᠬᠦᠯᠵᠦ᠂ ᠮᠠᠯ ᠪᠤᠯᠤᠨ ᠪᠡᠯᠴᠢᠬᠡᠷ ᠤᠨ ᠲᠡᠩᠴᠡᠬᠦᠷᠢ ᠶᠢ ᠠᠯᠬᠤᠮ ᠠᠯᠬᠤᠮ ᠢᠶᠠᠷ ᠪᠡᠶᠡᠯᠡᠬᠦᠯᠵᠦ᠂ ᠨᠤᠳᠤᠭ ᠪᠡᠯᠴᠢᠭᠡᠷ ᠤᠨ ᠠᠮᠢ ᠠᠬᠤᠢ ᠶᠢᠨ ᠤᠷᠴᠢᠨ ᠨᠦᠬᠦᠴᠡᠯ ᠢ ᠦᠭᠡᠷᠡᠴᠢᠯᠡᠨ ᠰᠠᠶᠢᠵᠢᠷᠠᠭᠤᠯᠤᠨ᠎ᠠ᠃         ᠭᠤᠴᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠠ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠮᠠᠯ ᠠᠵᠦ ᠠᠬᠤᠢ ᠶᠢᠨ ᠬᠦᠭᠵᠢᠯᠳᠠ ᠶᠢ ᠲᠡᠮᠵᠢᠬᠦ ᠰᠠᠶᠢᠨ ᠡᠬᠦᠯᠳᠡᠷ ᠤᠨ ᠨᠦᠬᠦᠪᠤᠷᠢ᠂ ᠲᠠᠮ ᠬᠦᠦ ᠲᠠᠢ ᠨᠦᠬᠦᠪᠤᠷᠢ ᠵᠡᠷᠭᠡ ᠪᠡᠯᠨ ᠮᠦᠡᠭᠭᠦ ᠶᠢ ᠡᠳ᠋ ᠤᠨ ᠵᠠᠰᠠᠭ ᠤᠨ ᠲᠦᠰᠦᠪ ᠲᠡᠭᠡᠨ ᠲᠤᠬᠢᠷᠠᠭᠤᠯᠬᠤ ᠶᠢᠨ ᠬᠠᠮᠳᠦ᠂ ᠬᠤᠯᠪᠤᠭᠳᠠᠯ ᠪᠦᠬᠦᠢ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠵᠢᠬᠡᠯᠡᠯᠭᠡ ᠤᠯᠭᠤᠬᠤ᠂ ᠲᠠᠭᠠᠳᠬᠠᠯ ᠤᠨ ᠦᠢᠯᠡᠴᠢᠯᠡᠭᠡ ᠬᠠᠨᠭ᠍ᠭᠠᠬᠤ ᠵᠡᠷᠭᠡ ᠬᠡᠯᠪᠡᠷᠢ ᠪᠠᠷ ᠲᠠᠮᠵᠢᠭᠤᠯᠤᠨ᠂ ᠮᠠᠯ ᠵᠢᠬᠦᠷᠳᠡᠨ ᠲᠡᠵᠢᠭᠡᠨ ᠦᠷᠡᠵᠢᠬᠦᠯᠦᠭᠴᠢᠳ ᠤᠨ ᠰᠢᠯᠢᠳᠡᠭ ᠰᠠᠶᠢᠨ ᠮᠠᠯ ᠵᠢᠬᠦᠷᠳᠡᠨ ᠢ ᠬᠤᠳᠠᠯᠳᠤᠨ ᠠᠪᠬᠤ᠂ ᠰᠠᠶᠢᠨ ᠡᠬᠦᠯᠳᠡᠷ ᠢ ᠦᠷᠡᠵᠢᠬᠦᠯᠦᠨ ᠪᠤᠶᠢᠵᠢᠭᠤᠯᠬᠤ᠂ ᠦᠢᠯᠡᠳᠪᠤᠷᠢᠯᠡᠯ ᠤᠨ ᠲᠦᠬᠦᠬᠡᠷᠤᠮᠵᠢ ᠪᠠᠨ ᠦᠭᠡᠷᠡᠴᠢᠯᠡᠨ ᠰᠠᠶᠢᠵᠢᠷᠠᠭᠤᠯᠬᠤ᠂ ᠲᠡᠵᠢᠬᠡᠵᠦ ᠦᠷᠡᠵᠢᠬᠦᠯᠬᠦ ᠭᠡᠪᠴᠢᠶ᠎ᠠ ᠪᠠᠨ ᠦᠷᠭᠡᠳᠭᠡᠬᠦ ᠶᠢ ᠲᠡᠮᠵᠢᠵᠦ᠂ ᠲᠡᠵᠢᠭᠡᠵᠦ ᠦᠷᠡᠵᠢᠬᠦᠯᠬᠦ ᠦᠷ᠎ᠠ ᠠᠰᠢᠭ ᠢᠶᠠᠨ ᠲᠡᠭᠡᠭᠰᠢᠯᠡᠬᠦᠯᠬᠦ ᠶᠢ ᠵᠤᠷᠢᠬᠵᠢᠭᠤᠯᠤᠨ᠎ᠠ᠃         ᠭᠤᠴᠢᠨ ᠲᠤᠯᠤᠳᠤᠭᠠᠷ ᠵᠦᠢᠯ ᠤᠯᠤᠰ ᠠᠴᠠ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠲᠠᠷᠢᠶᠠᠴᠢᠨ ᠪᠠ ᠮᠠᠯ ᠠᠵᠦ ᠠᠬᠤᠢ ᠶᠢᠨ ᠬᠤᠷᠰᠢᠭᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠮᠠᠯ ᠵᠢᠬᠦᠷᠳᠡᠡ ᠲᠡᠵᠢᠭᠡᠨ ᠦᠷᠡᠵᠢᠬᠦᠯᠬᠦ ᠲᠠᠯᠠᠪᠠᠢ᠂ ᠲᠠᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶᠢᠭᠤᠯᠬᠤ ᠶᠢ ᠲᠡᠮᠵᠢᠵᠦ᠂ ᠭᠡᠪᠴᠢᠶᠠᠵᠢᠭ᠍ᠰᠡᠨ᠂ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠦᠢᠯᠡᠰ ᠢ ᠬᠦᠭᠵᠢᠬᠦᠯᠤᠨ᠎ᠠ᠃ ᠰᠤᠮᠤ ︵ᠪᠠᠯᠭᠠᠰᠤ︶ ᠶᠢᠨ ᠭᠠᠵᠠᠷ ᠰᠢᠷᠤᠢ ᠶᠢ ᠠᠰᠢᠬᠯᠠᠬᠤ ᠶᠡᠷᠦᠩᠭᠡᠢ ᠲᠦᠯᠦᠪᠵᠢᠬᠦᠯᠬᠡ ᠬᠢᠬᠦ ᠳᠡᠭᠡᠨ ᠲᠤᠬᠠᠢ ᠶᠢᠨ ᠭᠠᠵᠠᠷ ᠤᠨ ᠢᠶᠠᠨ ᠪᠤᠳᠠᠳᠦ ᠪᠠᠶᠢᠳᠠᠯ ᠢᠶᠠᠨ ᠦᠨᠳᠦᠰᠦᠯᠡᠵᠦ᠂ ᠮᠠᠯ ᠵᠢᠬᠦᠷᠳᠡᠨ ᠢ ᠲᠡᠵᠢᠬᠡᠵᠦ ᠦᠷᠡᠵᠢᠬᠦᠯᠬᠦ ᠳᠤ ᠭᠡᠷᠡᠭᠯᠡᠬᠦ ᠭᠠᠵᠠᠷ ᠢ ᠲᠤᠬᠢᠷᠠᠭᠤᠯᠬᠤ ᠭᠡᠷᠡᠭᠳᠠᠢ᠃ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ᠂ ᠲᠠᠷᠢᠶᠠᠴᠢᠨ᠂ ᠮᠠᠯ ᠠᠵᠦ ᠠᠬᠤᠢ ᠶᠢᠨ ᠬᠤᠷᠰᠢᠬᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠰᠤᠮᠤ ︵ᠪᠠᠯᠭᠠᠰᠦ︶ ᠶᠢᠨ ᠭᠠᠵᠠᠷ ᠰᠢᠷᠤᠢ ᠶᠢ ᠠᠰᠢᠬᠯᠠᠬᠤ ᠶᠡᠷᠦᠩᠭᠡᠢ ᠲᠦᠯᠦᠪᠵᠢᠬᠦᠯᠭᠡ ᠶᠢᠨ ᠶᠤᠰᠤᠭᠠᠷ ᠪᠠᠶᠢᠭᠤᠯᠤᠬᠰᠠᠨ ᠮᠠᠯ ᠵᠢᠬᠦᠷᠳᠡᠨ ᠢ ᠲᠡᠵᠢᠭᠡᠵᠦ ᠦᠷᠡᠵᠢᠬᠦᠯᠬᠦ ᠲᠠᠯᠠᠪᠡᠢ᠂ ᠲᠠᠵᠢᠬᠡᠨ ᠦᠷᠡᠵᠢᠬᠦᠯᠬᠦ ᠪᠠᠭ᠎ᠠ ᠲᠤᠭᠤᠷᠢᠭ ᠤᠨ ᠭᠡᠷᠡᠭᠯᠡᠬᠦ ᠭᠠᠵᠠᠷ ᠢ ᠲᠠᠷᠢᠶᠠᠯᠠᠩ ᠳᠤ ᠭᠡᠷᠡᠭᠯᠡᠬᠦ ᠭᠠᠵᠠᠷ ᠤᠨ ᠶᠤᠰᠤᠭᠠᠷ ᠬᠠᠮᠢᠶᠠᠷᠤᠨ᠎ᠠ᠃ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠲᠤ ᠭᠡᠷᠡᠭᠯᠡᠬᠦ ᠭᠠᠵᠠᠷ ᠤᠨ ᠭᠡᠷᠡᠭᠯᠡᠬᠦ ᠡᠷᠭᠡ ᠶᠢᠨ ᠬᠤᠭᠤᠴᠠᠭ᠎ᠠ ᠨᠢ ᠲᠦᠬᠦᠷᠴᠦ᠂ ᠤᠤᠯ ᠤᠨ ᠬᠡᠷᠡᠭᠴᠡᠭᠡ ᠶᠢ ᠨᠢ ᠰᠡᠷᠬᠦᠭᠡᠬᠦ ᠴᠢᠬᠤᠯᠨ ᠲᠠᠢ ᠪᠤᠯ᠂ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠭᠠᠵᠠᠷ ᠬᠡᠷᠡᠭᠯᠡᠬᠦ ᠡᠷᠭᠡᠳᠦ ᠬᠦᠮᠦᠨ ᠬᠠᠷᠢᠭᠤᠴᠠᠵᠦ ᠲᠡᠬᠦᠨ ᠢ ᠰᠡᠷᠬᠦᠭᠡᠨ᠎ᠠ᠃ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠭᠡᠷᠡᠭᠯᠡᠬᠦ ᠭᠠᠵᠠᠷ ᠤᠨ ᠭᠡᠪᠴᠢᠶᠡᠨ ᠲᠤᠳᠤᠷ᠎ᠠ ᠡᠬᠦᠷᠢᠳᠠ ᠶᠢᠨ ᠴᠢᠨᠠᠷᠳᠠᠢ ᠪᠠᠷᠢᠯᠭ᠎ᠠ ︵ᠪᠠᠷᠢᠯᠭ᠎ᠠ ᠶᠢᠨ ᠵᠦᠢᠯ︶ ᠪᠠᠶᠢᠭᠤᠯᠬᠤ ᠴᠢᠬᠤᠯᠨ ᠲᠠᠢ ᠪᠠᠶᠢᠵᠦ ᠲᠡᠷᠢᠶᠠᠯᠠᠩ ᠳᠤ ᠭᠡᠷᠡᠭᠯᠡᠬᠦ ᠭᠠᠵᠠᠷ ᠢ ᠰᠢᠯᠵᠢᠬᠦᠯᠦᠨ ᠭᠡᠷᠡᠭᠯᠡᠬᠦ ᠲᠠᠢ ᠬᠤᠯᠪᠤᠭᠳᠠᠬᠤ ᠳᠤ ᠬᠦᠷᠪᠡᠯ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠦᠯᠢ︾ ᠶᠢᠨ ᠲᠤᠭᠳᠠᠭᠠᠯ ᠶᠤᠰᠤᠭᠠᠷ ᠰᠢᠢᠳᠪᠦᠷᠢᠯᠡᠨ᠎ᠠ᠃         ᠭᠤᠴᠢᠨ ᠨᠠᠢᠮᠠᠳᠤᠭᠠᠷ ᠵᠦᠢᠯ ᠤᠯᠤᠰ ᠠᠴᠠ ᠪᠠᠶᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠨᠤᠭᠤᠳ ᠲᠠᠷᠢᠶᠠᠴᠢᠳ ᠲᠤ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠮᠡᠷᠭᠡᠵᠢᠯ ᠤᠨ ᠪᠤᠯᠪᠠᠰᠤᠷᠠᠯ᠂ ᠰᠠᠶᠢᠨ ᠡᠬᠦᠯᠳᠡᠷ ᠲᠡᠯᠭᠡᠷᠡᠬᠦᠯᠬᠦ᠂ ᠭᠡᠮ ᠬᠢᠵᠢᠭ ᠰᠡᠷᠬᠡᠶᠢᠯᠡᠨ ᠵᠠᠰᠠᠬᠤ ᠵᠡᠷᠭᠡ ᠦᠢᠯᠡᠴᠢᠯᠡᠭᠡ ᠶᠢ ᠬᠠᠨᠭ᠍ᠭᠠᠵᠦ ᠦᠭᠬᠦ ᠭᠡᠷᠡᠭᠳᠠᠢ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ ᠤᠯᠤᠰ ᠠᠴᠠ ᠪᠠᠶᠢᠭᠤᠯᠤᠭᠰᠠᠨ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯ ᠲᠡᠯᠭᠡᠷᠡᠬᠦᠯᠬᠦ ᠪᠠᠶᠢᠭᠤᠯᠤᠮᠵᠢ ᠶᠢᠨ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠮᠠᠷᠭᠡᠵᠢᠯ ᠤᠨ ᠦᠢᠯᠡᠴᠢᠯᠡᠭᠡ ᠬᠢᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠪᠠᠳᠤᠯᠠᠬᠤ ᠭᠡᠷᠡᠭᠳᠠᠢ᠃ ᠤᠯᠤᠰ ᠠᠴᠠ ᠮᠠᠯ ᠵᠢᠬᠦᠷᠳᠡᠨ ᠤ ᠪᠦᠳᠦᠭᠡᠭᠳᠡᠬᠦᠨ ᠢ ᠡᠳ᠋ᠰᠢᠬᠦᠯᠬᠦ ᠠᠵᠦ ᠠᠬᠤᠢᠢᠯᠠᠯ ᠪᠤᠯᠤᠨ ᠪᠤᠰᠤᠳ ᠬᠤᠯᠪᠤᠭᠳᠠᠯ ᠪᠦᠬᠦᠢ ᠦᠢᠯᠡᠳᠪᠦᠷᠢᠯᠡᠭᠴᠢ ᠡᠵᠡᠩᠨᠡᠭᠴᠢᠳ ᠤᠨ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠲᠤ ᠭᠡᠷᠡᠭᠰᠡᠬᠦ ᠦᠢᠯᠡᠴᠢᠯᠡᠭᠡ ᠬᠠᠨᠭ᠍ᠭᠠᠬᠤ ᠶᠢ ᠵᠤᠷᠢᠬᠵᠢᠭᠤᠯᠤᠨ᠎ᠠ᠃          ᠭᠤᠴᠢ ᠶᠢᠰᠦᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠨᠢ ᠲᠤᠤᠷ᠎ᠠ ᠵᠢᠬᠰᠠᠭᠠᠭᠰᠠᠨ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ ᠭᠡᠷᠡᠭᠳᠠᠢ᠄         ︵ᠨᠢᠭᠡ︶ ᠠᠷᠠᠴᠢᠯᠠᠨ ᠲᠠᠵᠢᠭᠡᠬᠦ ᠭᠡᠪᠴᠢᠶ᠎ᠠ ᠲᠠᠢ ᠪᠠᠨ ᠲᠤᠬᠢᠷᠠᠭᠰᠠᠨ ᠦᠢᠯᠡᠳᠪᠦᠷᠢᠯᠡᠯ ᠤᠨ ᠳᠠᠯᠠᠪᠤᠷ ᠭᠠᠵᠠᠷ ᠪᠠ ᠢᠵᠢ ᠪᠦᠷᠢᠳᠦᠭᠰᠡᠨ ᠦᠢᠯᠡᠳᠪᠦᠷᠢᠯᠡᠯ ᠤᠨ ᠲᠦᠬᠦᠭᠡᠷᠤᠮᠵᠢ ᠲᠠᠢ ᠪᠠᠶᠢᠬᠤ ︔         ︵ᠬᠤᠶᠠᠷ︶ ᠲᠡᠵᠢᠬᠡᠵᠦ ᠦᠷᠡᠵᠢᠬᠦᠯᠬᠦ ᠳᠤᠨᠢ ᠦᠢᠯᠡᠴᠢᠯᠡᠬᠦ ᠮᠠᠯ ᠠᠵᠦ ᠠᠬᠤᠢ ᠮᠠᠯ ᠡᠮᠨᠡᠯᠭᠡ ᠶᠢᠨ ᠮᠡᠷᠭᠡᠵᠢᠯᠳᠡᠨ ᠲᠠᠢ ᠪᠠᠶᠢᠬᠤ ︔         ︵ᠭᠤᠷᠪᠠ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠬᠢᠵᠢᠭ ᠢ ᠰᠡᠷᠭᠡᠶᠢᠯᠡᠬᠦ ᠨᠦᠬᠦᠴᠡᠯ ᠢ ᠪᠦᠷᠢᠯᠳᠦᠬᠦᠯᠦᠭᠰᠡᠨ ᠪᠠᠶᠢᠬᠤ ︔         ︵ᠲᠦᠷᠪᠠ︶ ᠮᠠᠯ ᠵᠢᠬᠦᠷᠳᠡᠨ ᠤ ᠪᠠᠭᠠᠰᠦ ᠰᠢᠬᠡᠰᠦ᠂ ᠬᠠᠶᠠᠭᠳᠠᠮᠠᠯ ᠤᠰᠦ ᠪᠠ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠬᠯᠠᠬᠤ ᠨᠠᠮᠤᠭ ᠤᠨ ᠬᠡᠢ ᠶᠢᠨ ᠲᠠᠳᠠᠭᠠᠯ ᠵᠡᠷᠭᠡ ᠲᠦᠬᠦᠭᠡᠷᠤᠮᠵᠢ ᠪᠤᠶᠤ ᠪᠤᠰᠤᠳ ᠬᠤᠤᠷ ᠦᠭᠡᠶᠢᠵᠢᠬᠦᠯᠤᠨ ᠰᠢᠢᠳᠪᠦᠷᠢᠯᠡᠬᠦ ᠲᠦᠬᠦᠭᠡᠷᠤᠮᠵᠢ ᠲᠠᠢ ᠪᠠᠶᠢᠬᠤ ︔ ︵ᠲᠠᠪᠤ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠬᠳᠠᠭᠠᠯ ᠳᠤ ᠲᠤᠭᠳᠠᠭᠠᠭᠰᠠᠨ ᠪᠤᠰᠤᠳ ᠨᠦᠬᠦᠴᠡᠯ ᠤᠳ ᠢ ᠪᠦᠷᠢᠯᠳᠦᠬᠦᠯᠦᠭᠰᠡᠨ ᠪᠠᠶᠢᠬᠤ᠃ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠢ ᠪᠠᠶᠢᠭᠤᠯᠤᠭᠴᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠨᠡᠷᠡᠶᠢᠳᠤᠯ᠂ ᠲᠡᠵᠢᠭᠡᠨ ᠦᠷᠡᠵᠢᠬᠦᠯᠬᠦ ᠭᠠᠵᠠᠷ ᠤᠨ ᠬᠠᠶ᠋ᠢᠭ᠂ ᠮᠠᠯ ᠵᠢᠬᠦᠷᠳᠡᠨ ᠤ ᠡᠬᠦᠯᠳᠡᠷ ᠪᠤᠯᠤᠨ ᠲᠡᠵᠢᠭᠡᠨ ᠦᠷᠡᠵᠢᠬᠦᠯᠬᠦ ᠭᠡᠪᠴᠢᠶ᠎ᠠ ᠶᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠤᠨ ᠪᠠᠶᠢᠭ᠎ᠠ ᠭᠠᠵᠠᠷ ᠤᠨ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠲᠠᠩᠰᠠᠯᠠᠭᠤᠯᠵᠦ᠂ ᠮᠠᠯ ᠵᠢᠬᠦᠷᠳᠡᠨ ᠢ ᠢᠯᠭᠠᠬᠤ ᠲᠡᠮᠳᠡᠭ ᠤᠨ ᠲᠦᠯᠦᠭᠡᠨ ᠤ ᠨᠤᠮᠧᠷ ᠢ ᠤᠯᠬᠤ ᠭᠡᠷᠡᠭᠳᠠᠢ᠃ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠮᠠᠯ ᠠᠵᠦ ᠠᠬᠤᠢ ᠶᠢᠨ ᠬᠦᠭᠵᠢᠯᠳᠠ ᠶᠢᠨ ᠪᠠᠶᠢᠳᠠᠯ ᠢ ᠦᠨᠳᠦᠰᠦᠯᠡᠵᠦ᠂ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠤᠨ ᠬᠡᠪᠴᠢᠶᠠᠨ ᠤ ᠪᠠᠷᠢᠮᠵᠢᠶ᠎ᠠ ᠪᠠ ᠲᠠᠩᠰᠠᠯᠠᠭᠤᠯᠬᠤ ᠵᠢᠷᠤᠮ ᠢ ᠲᠤᠭᠳᠠᠭᠠᠨ᠎ᠠ᠃          ᠲᠦᠴᠢᠳᠦᠭᠡᠷ ᠵᠦᠢᠯ ᠲᠤᠤᠷ᠎ᠠ ᠵᠢᠭᠰᠠᠭᠠᠬᠰᠠᠨ ᠤᠷᠤᠨ ᠤ ᠲᠤᠳᠤᠷ᠎ᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠪᠠᠶᠢᠭᠤᠯᠬᠤ ᠶᠢ ᠴᠠᠭᠠᠵᠠᠯᠠᠨ᠎ᠠ᠄         ︵ᠨᠢᠭᠡ︶ ᠠᠮᠢᠳᠤᠷᠠᠯ ᠤᠨ ᠤᠤᠭᠤᠬᠤ ᠤᠰᠦ ᠶᠢᠨ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠂ ᠨᠡᠷᠡᠳᠦ ᠦᠵᠡᠮᠵᠢᠳᠦ ᠤᠷᠤᠨ ᠵᠢᠴᠢ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠤᠤᠯ ᠤᠷᠤᠨ ᠪᠤᠯᠤᠨ ᠵᠠᠪᠰᠠᠷ ᠤᠨ ᠤᠷᠤᠨ ︔         ︵ᠬᠤᠶᠠᠷ︶ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠲᠤᠭᠤᠷᠢᠭ᠂ ᠰᠤᠶᠤᠯ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠤᠷᠤᠨ ᠵᠡᠷᠭᠡ ᠬᠦᠮᠦᠨ ᠠᠮᠠ ᠲᠦᠪᠯᠡᠷᠡᠭᠰᠡᠨ ᠤᠷᠤᠨ ︔        ︵ᠭᠤᠷᠪᠠ︶ ᠬᠠᠦᠯᠢ ᠴᠠᠭᠠᠵᠠ᠂ ᠬᠠᠦᠯᠢ ᠳᠤᠭᠳᠠᠭᠠᠯ ᠳᠤ ᠲᠤᠭᠳᠠᠭᠠᠭᠰᠠᠨ ᠲᠡᠵᠢᠬᠡᠬᠦ ᠶᠢ ᠴᠠᠭᠠᠵᠠᠯᠠᠬᠤ ᠪᠤᠰᠤᠳ ᠤᠷᠤᠨ᠃         ᠲᠦᠴᠢᠨ ᠨᠢᠭᠡᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠡᠢ ᠨᠢ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠪᠠᠶᠢᠭᠤᠯᠵᠦ᠂ ᠲᠤᠤᠷᠠᠬᠢ ᠠᠭᠤᠯᠭ᠎ᠠ ᠨᠤᠭᠤᠳ ᠢ ᠲᠤᠳᠤᠷᠬᠠᠢ ᠲᠡᠮᠳᠡᠭᠯᠡᠭᠰᠡᠨ ᠪᠠᠶᠢᠬᠤ ᠭᠡᠷᠡᠭᠳᠠᠢ᠄        ︵ᠨᠢᠭᠡ︶ ᠮᠠᠯ ᠵᠢᠬᠦᠷᠳᠡᠨ ᠤ ᠡᠬᠦᠯᠳᠡᠷ᠂ ᠲᠤᠭ᠎ᠠ ᠲᠤᠯᠤᠭᠠᠢ᠂ ᠦᠷᠡᠵᠢᠯᠳᠠ ᠶᠢᠨ ᠲᠡᠮᠳᠡᠭᠯᠡᠯ᠂ ᠢᠯᠭᠠᠬᠤ ᠲᠡᠮᠳᠡᠭ ᠤᠨ ᠪᠠᠶᠢᠳᠠᠯ᠂ ᠢᠷᠡᠯᠳᠡ ᠪᠤᠯᠤᠨ ᠲᠠᠯᠠᠪᠠᠢ ᠳᠤ ᠤᠷᠤᠭᠤᠯᠵᠦ ᠲᠠᠯᠠᠪᠡᠢ ᠠᠴᠠ ᠭᠠᠷᠭᠠᠭᠰᠠᠨ ᠡᠳᠦᠷ ᠬᠤᠭᠤᠴᠠᠭ᠎ᠠ ︔       ︵ᠬᠤᠶᠠᠷ︶ ᠲᠡᠵᠢᠭᠡᠯ ᠪᠤᠷᠳᠤᠭ᠎ᠠ᠂ ᠪᠤᠷᠳᠤᠭ᠎ᠠ ᠶᠢᠨ ᠨᠡᠮᠡᠯᠳᠠ ᠡᠳ᠋᠂ ᠮᠠᠯ ᠤᠨ ᠡᠮ ᠵᠡᠷᠭᠡ ᠤᠷᠤᠭᠤᠯᠤᠯᠳᠠ ᠶᠢᠨ ᠡᠳ᠋ ᠤᠨ ᠢᠷᠡᠯᠳᠠ᠂ ᠨᠡᠷᠡᠶᠢᠳᠤᠯ᠂ ᠬᠡᠷᠡᠭᠯᠡᠬᠦ ᠡᠳᠡᠭᠡᠳ᠂ ᠭᠡᠷᠡᠭᠯᠡᠬᠦ ᠴᠠᠭ ᠪᠤᠯᠤᠨ ᠬᠡᠷᠡᠭᠯᠡᠬᠦ ᠭᠡᠮᠵᠢᠶ᠎ᠠ ︔       ︵ᠭᠤᠷᠪᠠ︶ ᠬᠢᠵᠢᠭ ᠪᠠᠶᠢᠴᠠᠭᠠᠭᠰᠠᠨ᠂ ᠴᠠᠷᠤᠯᠳᠠ ᠬᠢᠭᠰᠡᠨ᠂ ᠠᠷᠢᠭᠤᠳᠬᠠᠬᠰᠠᠨ ᠪᠠᠶᠢᠳᠠᠯ ︔       ︵ᠲᠦᠷᠪᠡ︶ ᠮᠠᠯ ᠵᠢᠬᠦᠷᠳᠡᠨ ᠤ ᠡᠪᠡᠳᠴᠢᠨ ᠤᠯᠤᠭᠰᠠᠨ᠂ ᠦᠬᠦᠭᠰᠡᠨ ᠪᠠ ᠬᠤᠤᠷ ᠦᠭᠡᠶᠢᠵᠢᠬᠦᠯᠦᠨ ᠰᠢᠢᠳᠪᠦᠷᠢᠯᠡᠭᠰᠡᠨ ᠪᠠᠶᠢᠳᠠᠯ ︔       ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠪᠤᠰᠤᠳ ᠠᠭᠤᠯᠭ᠎ᠠ ᠨᠤᠭᠤᠳ᠃        ᠲᠦᠴᠢᠨ ᠬᠤᠶᠠᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠡᠢ ᠨᠤᠭᠤᠳ ᠠᠷᠠᠴᠢᠯᠠᠨ ᠲᠡᠵᠢᠭᠡᠵᠦ ᠪᠠᠶᠢᠭ᠎ᠠ ᠮᠠᠯ ᠵᠢᠬᠦᠷᠳᠡᠨ ᠳᠡᠭᠡᠨ ᠲᠤᠬᠢᠷᠡᠮᠵᠢᠳᠠᠢ ᠦᠷᠡᠵᠢᠯᠳᠠ ᠶᠢᠨ ᠨᠦᠬᠦᠴᠡᠯ ᠪᠠ ᠤᠷᠤᠰᠢᠨ ᠠᠮᠢᠳᠤᠷᠠᠬᠤ ᠂ ᠦᠰᠦᠨ ᠪᠤᠶᠢᠵᠢᠬᠤ ᠤᠷᠴᠢᠨ ᠲᠤᠭᠤᠷᠢᠨ ᠢ ᠬᠠᠨᠭ᠍ᠭᠠᠵᠦ ᠦᠭᠬᠦ ᠭᠡᠷᠡᠭᠳᠠᠢ᠃        ᠲᠦᠴᠢᠨ ᠭᠤᠷᠪᠠᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠳᠡᠭᠡᠨ ᠲᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠬᠢᠵᠦ ᠪᠤᠯᠬᠤ ᠦᠭᠡᠢ᠄       ︵ᠨᠢᠭᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠤᠨ ᠲᠤᠭᠳᠠᠭᠠᠯ ᠪᠠ ᠤᠯᠤᠰ ᠤᠨ ᠮᠠᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠶᠢ ᠵᠦᠷᠢᠴᠡᠵᠦ᠂ ᠲᠡᠵᠢᠭᠡᠯ ᠪᠤᠷᠳᠤᠭ᠎ᠠ᠂ ᠪᠤᠷᠳᠤᠭ᠎ᠠ ᠶᠢᠨ ᠨᠡᠮᠡᠯᠳᠠ ᠡᠳ᠋᠂ ᠮᠠᠯ ᠤᠨ ᠡᠮ ᠢ ᠭᠡᠷᠡᠭᠯᠡᠬᠦ ︔       ︵ᠬᠤᠶᠠᠷ︶ ᠭᠤᠸᠠᠩᠵᠠ᠂ ᠬᠤᠭᠤᠯᠠᠨ ᠭᠡᠷ ᠤᠨ ᠦᠨᠳᠦᠷ ᠬᠠᠯᠠᠭᠤᠨ ᠢᠶᠠᠷ ᠰᠢᠢᠳᠪᠦᠷᠢᠯᠡᠬᠦ ᠶᠠᠪᠤᠴᠠ ᠶᠢ ᠦᠡᠭᠭᠡᠷᠡᠭᠡᠭᠰᠡᠨ ᠦᠭᠡᠢ ᠤᠬᠢᠶᠠᠳᠠᠰᠦ ᠪᠠᠷ ᠭᠡᠷ ᠤᠨ ᠲᠡᠵᠢᠭᠡᠪᠤᠷᠢ ᠶᠢ ᠲᠡᠵᠢᠭᠡᠬᠦ ︔       ︵ᠭᠤᠷᠪᠠ︶ ᠬᠤᠭ ᠨᠤᠪᠰᠢ ᠶᠢᠨ ᠲᠠᠯᠠᠪᠠᠢ ᠳᠤ ᠪᠤᠶᠤ ᠬᠤᠭ ᠨᠤᠪᠰᠢ ᠶᠢᠨ ᠲᠠᠯᠠᠪᠠᠢ ᠳᠠᠬᠢ ᠪᠤᠳᠠᠰ ᠢᠶᠠᠷ ᠮᠠᠯ ᠵᠢᠬᠦᠷᠳᠡᠨ ᠢ ᠠᠷᠠᠴᠢᠯᠠᠨ ᠲᠡᠵᠢᠭᠡᠬᠦ ︔       ︵ᠲᠦᠷᠪᠡ︶ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠭᠰᠠᠨ ᠬᠦᠮᠦᠨ ᠪᠠ ᠮᠠᠯ ᠵᠢᠬᠦᠷᠳᠡᠨ ᠤ ᠡᠷᠡᠬᠦᠯ ᠮᠡᠨᠳᠦ ᠳᠤ ᠬᠤᠤᠷ ᠬᠦᠨᠦᠭᠡᠯ ᠲᠠᠢ ᠪᠤᠰᠤᠳ ᠠᠵᠢᠯᠯᠠᠭ᠎ᠠ ᠨᠤᠭᠤᠳ᠃        ᠲᠦᠴᠢᠨ ᠲᠦᠷᠪᠡᠳᠦᠭᠡᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠠᠵᠢᠯ ᠢ ᠬᠢᠬᠦ ᠳᠡᠭᠡᠨ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠠᠮᠢᠳᠠᠨ ᠤ ᠬᠢᠵᠢᠭ ᠢ ᠰᠡᠷᠭᠡᠶᠢᠯᠡᠬᠦ ᠬᠠᠦᠯᠢ︾ ᠶᠢᠨ ᠲᠤᠭᠳᠠᠭᠠᠯ ᠶᠤᠰᠤᠭᠠᠷ ᠮᠠᠯ ᠵᠢᠬᠦᠷᠳᠡᠨ ᠤ ᠬᠢᠵᠢᠭ ᠢ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠭᠡᠷᠡᠭᠳᠠᠢ᠃       ᠲᠦᠴᠢᠨ ᠲᠠᠪᠤᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠴᠢᠳ ᠤᠯᠤᠰ ᠤᠨ ᠮᠠᠯ ᠵᠢᠬᠦᠷᠳᠡᠨ ᠤ ᠢᠯᠭᠠᠬᠤ ᠲᠡᠮᠳᠡᠭ ᠤᠨ ᠬᠠᠮᠢᠶᠠᠷᠤᠯᠳᠠ ᠶᠢᠨ ᠲᠤᠭᠳᠠᠭᠠᠯ ᠶᠤᠰᠤᠭᠠᠷ᠂ ᠢᠯᠭᠠᠬᠤ ᠲᠡᠮᠳᠡᠭ ᠬᠢᠬᠦ ᠴᠢᠬᠤᠯᠠᠳᠠᠢ ᠮᠠᠯ ᠵᠢᠬᠦᠷᠳᠡᠨ ᠤ ᠲᠤᠭᠳᠠᠭᠰᠠᠨ ᠤᠷᠤᠨ ᠪᠠᠶᠢᠷᠢ ᠳᠤᠨᠢ ᠢᠯᠭᠠᠬᠤ ᠲᠡᠮᠳᠡᠭ ᠳᠠᠯᠪᠢᠬᠤ ᠭᠡᠷᠡᠭᠳᠠᠢ᠃ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠯᠭᠠᠬᠤ ᠲᠡᠮᠳᠡᠭ ᠬᠠᠨᠭ᠍ᠭᠠᠬᠤ ᠳᠠᠭᠠᠨ ᠰᠦᠢᠳᠭᠡᠯ ᠬᠤᠷᠢᠶᠠᠵᠦ ᠪᠤᠯᠬᠤ ᠦᠭᠡᠢ᠂ ᠬᠡᠷᠡᠭᠰᠡᠬᠦ ᠵᠠᠷᠤᠳᠠᠯ ᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ ᠮᠠᠯ ᠵᠢᠬᠦᠷᠳᠡᠨ ᠤ ᠢᠯᠭᠠᠬᠤ ᠲᠡᠮᠳᠡᠭ ᠢ ᠲᠠᠪᠳᠠᠨ ᠭᠡᠷᠡᠭᠯᠡᠵᠦ ᠪᠤᠯᠬᠤ ᠦᠭᠡᠢ᠃        ᠲᠦᠴᠢᠨ ᠵᠢᠷᠭᠤᠳᠤᠭᠠᠷ ᠵᠦᠢᠯ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠲᠤᠭᠤᠷᠢᠭ ᠨᠢ ᠮᠠᠯ ᠵᠢᠬᠦᠷᠳᠡᠨ ᠤ ᠪᠠᠭᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠪᠤᠶᠤ ᠬᠤᠤᠷ ᠦᠭᠡᠶᠢᠵᠢᠬᠦᠯᠦᠨ ᠰᠢᠢᠳᠪᠦᠷᠢᠯᠡᠬᠦ ᠲᠦᠬᠦᠭᠡᠷᠤᠮᠵᠢ ᠶᠢᠨ ᠬᠡᠪ ᠤᠨ ᠶᠤᠰᠤᠭᠠᠷ ᠠᠵᠢᠯᠯᠠᠬᠤ ᠶᠢ ᠪᠠᠳᠤᠯᠠᠵᠦ᠂ ᠪᠤᠬᠢᠷᠳᠤᠯ ᠪᠤᠳᠠᠰ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠠᠳᠤᠯᠠᠵᠦ᠂ ᠤᠷᠴᠢᠨ ᠲᠤᠭᠤᠷᠢᠨ ᠢ ᠪᠤᠬᠢᠷᠳᠤᠭᠤᠯᠬᠤ ᠶᠢ ᠰᠡᠷᠬᠡᠶᠢᠯᠡᠬᠦ ᠭᠡᠷᠡᠭᠳᠠᠢ᠃ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠨᠢ ᠬᠠᠦᠯᠢ ᠠᠴᠠ ᠵᠦᠷᠢᠴᠠᠵᠦ ᠮᠠᠯ ᠵᠢᠬᠦᠷᠳᠡᠨ ᠤ ᠪᠠᠭᠠᠰᠤ ᠰᠢᠭᠡᠰᠦ᠂ ᠬᠠᠶᠠᠭᠳᠠᠮᠠᠯ ᠤᠰᠤ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠭᠠᠳᠠᠭᠰᠢᠯᠠᠭᠤᠯᠤᠭᠠᠳ᠂ ᠤᠷᠴᠢᠨ ᠲᠤᠭᠤᠷᠢᠨ ᠢ ᠪᠤᠬᠢᠷᠳᠤᠭᠤᠯᠬᠤ ᠬᠤᠤᠷ ᠬᠦᠨᠦᠭᠡᠯ ᠭᠠᠷᠭᠠᠭᠰᠠᠨ ᠪᠠᠶᠢᠪᠠᠯ᠂ ᠬᠤᠤᠷ ᠬᠦᠨᠦᠬᠡᠯ ᠢ ᠠᠷᠢᠯᠭᠠᠨ᠂ ᠬᠠᠦᠯᠢ ᠶᠤᠰᠤᠭᠠᠷ ᠬᠤᠬᠢᠷᠠᠯ ᠢ ᠲᠦᠯᠦᠬᠦ ᠭᠡᠷᠡᠭᠳᠠᠢ᠃ ᠤᠯᠤᠰ ᠠᠴᠠ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ᠂ ᠲᠡᠵᠢᠭᠡᠨ ᠦᠷᠡᠵᠢᠬᠦᠯᠬᠦ ᠪᠠᠭ᠎ᠠ ᠳᠤᠭᠤᠷᠢᠭ ᠤᠨ ᠮᠠᠯ ᠵᠢᠬᠦᠷᠳᠡᠨ ᠤ ᠪᠠᠭᠠᠰᠦ ᠰᠢᠭᠡᠰᠦ᠂ ᠬᠠᠶᠠᠭᠳᠠᠮᠠᠯ ᠤᠰᠦ ᠪᠤᠯᠤᠨ ᠪᠤᠰᠤᠳ ᠬᠠᠳᠠᠭᠤ ᠪᠡᠶᠡᠳᠦ ᠬᠠᠶᠠᠭᠳᠠᠮᠠᠯ ᠪᠤᠳᠠᠰ ᠢ ᠶᠡᠷᠦᠩᠭᠡᠶᠢᠯᠡᠨ ᠠᠰᠢᠭᠯᠠᠬᠤ ᠲᠦᠬᠦᠬᠡᠷᠤᠮᠵᠢ ᠪᠠᠶᠢᠭᠤᠯᠬᠤ ᠶᠢ ᠲᠡᠮᠵᠢᠨ᠎ᠠ᠃         ᠲᠦᠴᠢᠨ ᠲᠤᠯᠤᠳᠤᠭᠠᠷ ᠵᠦᠢᠯ ᠤᠯᠤᠰ ᠠᠴᠠ ᠵᠦᠭᠡᠢ ᠲᠡᠵᠢᠭᠡᠬᠦ ᠦᠢᠯᠡᠰ ᠢ ᠬᠦᠭᠵᠢᠬᠦᠯᠬᠦ ᠶᠢ ᠵᠤᠷᠢᠬᠵᠢᠭᠤᠯᠤᠨ᠂ ᠵᠦᠬᠡᠢ ᠲᠡᠵᠢᠬᠡᠬᠦ ᠦᠢᠯᠡᠳᠪᠦᠷᠢᠯᠡᠭᠴᠢᠳ ᠤᠨ ᠬᠠᠦᠯᠢ ᠶᠤᠰᠤᠨ ᠤ ᠡᠷᠭᠡ ᠠᠰᠢᠭ ᠢ ᠬᠠᠮᠠᠭᠠᠯᠨ᠎ᠠ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠤᠳ ᠪᠠᠯᠳᠦ ᠵᠦᠬᠡᠢ ᠶᠢᠨ ᠲᠤᠭᠤᠰᠤ ᠬᠦᠷᠳᠡᠬᠡᠬᠦ ᠲᠠᠷᠢᠶᠠᠯᠠᠩ ᠤᠨ ᠤᠷ᠎ᠠ ᠮᠡᠷᠬᠡᠵᠢᠯ ᠤᠨ ᠠᠷᠭ᠎ᠠ ᠬᠡᠮᠵᠢᠶ᠎ᠠ ᠶᠢ ᠢᠳᠡᠪᠬᠢᠳᠠᠢ ᠪᠠᠷ ᠤᠬᠠᠭᠤᠯᠤᠨ ᠲᠡᠯᠭᠡᠷᠡᠬᠦᠯᠬᠦ ᠭᠡᠷᠡᠭᠳᠠᠢ᠃        ᠲᠦᠴᠢᠨ ᠨᠠᠢᠮᠠᠳᠤᠭᠠᠷ ᠵᠦᠢᠯ ᠵᠦᠭᠡᠢ ᠲᠡᠵᠢᠭᠡᠬᠦ ᠦᠢᠯᠡᠳᠪᠦᠷᠢᠯᠡᠭᠴᠢᠳ ᠦᠢᠯᠡᠳᠪᠦᠷᠢᠯᠡᠯ ᠤᠨ ᠶᠠᠪᠤᠴᠨ ᠳᠠᠭᠠᠨ ᠵᠦᠬᠡᠢ ᠶᠢᠨ ᠪᠦᠳᠦᠭᠡᠭᠳᠡᠬᠦᠨ ᠤ ᠶᠠᠰᠦ ᠴᠢᠨᠠᠷ ᠤᠨ ᠠᠶᠤᠯᠬᠦᠢ ᠪᠠᠶᠢᠳᠠᠯ ᠳᠤ ᠬᠤᠤᠷ ᠬᠦᠨᠦᠭᠡᠯ ᠤᠴᠠᠷᠠᠭᠤᠯᠬᠤ ᠡᠮ ᠤᠨ ᠵᠦᠢᠯ ᠪᠠ ᠰᠠᠪᠠ ᠭᠡᠷᠡᠭᠰᠡᠯ ᠢ ᠭᠡᠷᠡᠭᠯᠡᠵᠦ ᠪᠤᠯᠬᠤ ᠦᠭᠡᠢ᠂ ᠵᠦᠭᠡᠢ ᠶᠢᠨ ᠪᠦᠳᠦᠭᠡᠭᠳᠡᠬᠦᠨ ᠤ ᠴᠢᠨᠠᠷ ᠢ ᠦᠨᠡᠨᠬᠦ ᠪᠠᠳᠤᠯᠠᠬᠤ ᠭᠡᠷᠡᠭᠳᠠᠢ᠃ ᠵᠦᠬᠡᠢ ᠲᠡᠵᠢᠬᠡᠬᠦ ᠰᠠᠪᠠ ᠬᠡᠷᠡᠭᠰᠡᠯ ᠨᠢ ᠤᠯᠤᠰ ᠤᠨ ᠮᠡᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃              ᠲᠦᠴᠢ ᠶᠢᠰᠦᠳᠤᠭᠡᠷ ᠵᠦᠢᠯ ᠵᠦᠬᠡᠢ ᠲᠠᠵᠢᠬᠡᠬᠦ ᠦᠢᠯᠡᠳᠪᠦᠷᠢᠯᠡᠭᠴᠢᠳ ᠭᠠᠵᠠᠷ ᠰᠢᠯᠵᠢᠨ ᠵᠦᠬᠡᠢ ᠪᠠᠨ ᠲᠠᠯᠪᠢᠬᠤ ᠦᠶ᠎ᠠ ᠳᠤ᠂ ᠲᠤᠬᠠᠢ ᠶᠢᠨ ᠭᠠᠵᠠᠷ ᠤᠨ ᠲᠤᠳᠤᠭᠠᠳᠦ ᠶᠢ ᠬᠠᠮᠠᠭᠠᠯᠠᠬᠤ᠂ ᠵᠠᠮ ᠲᠡᠭᠡᠭᠡᠪᠤᠷᠢ᠂ ᠮᠠᠯ ᠠᠵᠦ ᠠᠬᠤᠢ ᠮᠠᠯ ᠡᠮᠨᠡᠯᠭᠡ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠴᠢᠬᠤᠯᠠ ᠪᠦᠬᠦᠢ ᠲᠦᠬᠦᠮ ᠦᠵᠡᠬᠦᠯᠬᠦ ᠭᠡᠷᠡᠭᠳᠠᠢ᠃ ᠵᠦᠭᠡᠢ ᠲᠡᠵᠢᠬᠡᠬᠦ ᠦᠢᠯᠡᠳᠪᠦᠷᠢᠯᠡᠭᠴᠢᠳ ᠤᠯᠤᠰ ᠤᠨ ᠲᠤᠳᠤᠭᠠᠳᠦ ᠳᠤ ᠭᠠᠵᠠᠷ ᠰᠢᠯᠵᠢᠨ ᠵᠦᠭᠡᠢ ᠪᠠᠨ ᠲᠠᠯᠪᠢᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠨᠢᠭᠡᠳᠦᠯᠳᠠᠢ ᠵᠠᠬᠪᠤᠷ ᠢᠶᠠᠷ ᠲᠠᠷᠤᠮᠠᠯᠯᠠᠠ ᠦᠢᠯᠡᠳᠦᠭᠰᠡᠨ ᠬᠢᠵᠢᠭ ᠤᠨ ᠪᠠᠶᠢᠴᠠᠭᠠᠯᠳᠠ ᠶᠢᠨ ᠬᠢᠷᠢ ᠲᠡᠩᠴᠡᠭᠰᠡᠨ ᠬᠡᠷᠡᠴᠢ ᠪᠠᠷ ᠪᠠᠷᠢᠮᠳᠠ ᠪᠤᠯᠭᠠᠨ ᠵᠦᠭᠡᠢ ᠪᠠᠨ ᠲᠡᠭᠡᠭᠡᠪᠦᠷᠢᠯᠡᠨ᠎ᠠ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ ᠶᠢᠨ ᠬᠦᠴᠦᠨ ᠲᠠᠢ ᠬᠤᠭᠤᠴᠠᠭᠠᠨ ᠳᠤ ᠲᠠᠬᠢᠨ ᠲᠠᠪᠳᠠᠨ ᠬᠢᠵᠢᠭ ᠪᠠᠶᠢᠴᠠᠭᠠᠵᠦ ᠪᠤᠯᠬᠤ ᠦᠭᠡᠢ᠃ ᠲᠠᠪᠤᠳᠤᠭᠠᠷ ᠪᠦᠯᠦᠭ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ       ᠲᠠᠪᠢᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ ᠨᠡᠭᠡᠭᠡᠯᠳᠠ ᠲᠠᠢ ᠪᠦᠭᠡᠳ ᠨᠢᠭᠡᠳᠦᠯᠳᠠᠢ᠂ ᠦᠷᠢᠰᠦᠯᠳᠦᠭᠡᠨ ᠲᠠᠢ ᠪᠦᠭᠡᠳ ᠡᠮᠬᠢ ᠵᠢᠷᠤᠮ ᠲᠠᠢ ᠮᠠᠯ ᠵᠢᠬᠦᠷᠳᠡᠨ ᠤ ᠠᠷᠠᠯᠵᠢᠶᠠᠨ ᠤ ᠵᠠᠬ᠎ᠠ ᠲᠡᠯᠭᠡᠬᠦᠷ ᠤᠨ ᠪᠠᠶᠢᠭᠤᠯᠤᠯᠳᠠ ᠶᠢ ᠠᠬᠢᠭᠤᠯᠬᠤ ᠭᠡᠷᠡᠭᠳᠠᠢ᠃ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ ᠵᠢᠬᠦᠷᠳᠡᠨ ᠤ ᠦᠢᠯᠡᠳᠪᠦᠷᠢᠯᠡᠯ ᠪᠤᠷᠤᠯᠠᠭᠤᠯᠭ᠎ᠠ ᠶᠢᠨ ᠮᠡᠳᠡᠭᠡ ᠵᠠᠩᠭᠢ ᠶᠢ ᠴᠤᠬᠯᠠᠭᠤᠯᠬᠤ᠂ ᠡᠮᠬᠢᠳᠭᠡᠬᠦ᠂ ᠨᠡᠶᠢᠳᠡᠯᠡᠬᠦ ᠠᠵᠢᠯ ᠢ ᠵᠤᠬᠢᠶᠠᠨ ᠪᠠᠶᠢᠭᠤᠯᠵᠦ᠂ ᠦᠢᠯᠡᠳᠪᠦᠷᠢᠯᠡᠭᠴᠢᠳ ᠲᠤ ᠮᠠᠳᠡᠭᠡ ᠵᠠᠩᠭᠢ ᠶᠢᠨ ᠦᠢᠯᠡᠴᠢᠯᠡᠭᠡ ᠬᠠᠨᠭ᠍ᠭᠠᠬᠤ ᠭᠡᠷᠡᠭᠳᠠᠢ᠃         ᠲᠠᠪᠢᠨ ᠨᠢᠭᠡᠳᠦᠭᠡᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠤᠭᠤᠳ ᠲᠠᠷᠢᠶᠠᠯᠠᠩ ᠤᠨ ᠪᠦᠳᠦᠭᠡᠭᠳᠡᠬᠦᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠤᠨ ᠬᠦᠭᠵᠢᠯᠳᠠ ᠶᠢᠨ ᠲᠦᠯᠦᠪᠵᠢᠬᠦᠯᠭᠡ ᠶᠢ ᠦᠨᠳᠦᠰᠦᠯᠡᠨ᠂ ᠮᠠᠯ ᠵᠢᠬᠦᠷᠳᠡᠨ ᠢ ᠳᠦᠪᠯᠡᠷᠡᠬᠦᠯᠵᠦ ᠲᠡᠷᠬᠠᠭᠠᠬᠤ ᠭᠠᠵᠠᠷ ᠲᠤ ᠮᠠᠯ ᠵᠢᠬᠦᠷᠳᠡᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠪᠠᠶᠢᠭᠤᠯᠬᠤ ᠳᠤ ᠲᠡᠮᠵᠢᠯᠭᠡ ᠦᠵᠡᠬᠦᠯᠦᠨ᠎ᠠ᠃ ᠮᠠᠯ ᠵᠢᠬᠦᠷᠳᠡᠨ ᠢ ᠪᠦᠭᠡᠮ ᠢᠶᠠᠷ ᠬᠤᠳᠠᠯᠳᠤᠬᠤ ᠵᠠᠬ᠎ᠠ ᠲᠡᠯᠭᠡᠬᠦᠷ ᠪᠠᠶᠢᠭᠤᠯᠬᠤ ᠭᠠᠵᠠᠷ ᠢ ᠰᠤᠩᠭᠤᠬᠤ ᠳᠠᠭᠠᠨ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠠᠮᠢᠳᠠᠨ ᠤ ᠬᠢᠵᠢᠭ ᠢ ᠰᠡᠷᠭᠡᠶᠢᠯᠡᠬᠦ ᠨᠦᠬᠦᠴᠡᠯ ᠳᠤ ᠨᠡᠶᠢᠴᠡᠬᠦᠯᠬᠦ ᠭᠡᠷᠡᠭᠳᠠᠢ ᠪᠦᠭᠡᠳ ᠦᠷ᠎ᠠ ᠶᠢᠨ ᠮᠠᠯ ᠵᠢᠬᠦᠷᠳᠡᠨ ᠤ ᠲᠠᠯᠠᠪᠠᠢ ᠪᠠ ᠲᠤᠮᠤ ᠬᠡᠯᠪᠡᠷᠢ ᠶᠢᠨ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ ᠠᠴᠠ ᠭᠤᠷᠪᠠᠨ ᠺᠢᠯᠤᠮᠧᠳ᠋ᠷ ᠵᠠᠶᠢᠳᠠᠢ ᠪᠠᠶᠢᠯᠭᠠᠬᠤ ᠭᠡᠷᠡᠭᠳᠡᠢ᠃         ᠲᠠᠪᠢᠨ ᠬᠤᠶᠠᠳᠤᠭᠠᠷ ᠵᠦᠢᠯ ᠠᠷᠠᠯᠵᠢᠶᠠᠯᠠᠬᠤ ᠮᠠᠯ ᠵᠢᠬᠦᠷᠳᠡᠨ ᠨᠢ ᠡᠷᠭᠡᠪᠰᠢ ᠤᠯᠤᠰ ᠤᠨ ᠮᠡᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠢᠯᠭᠠᠬᠤ ᠲᠡᠮᠳᠡᠭ ᠳᠠᠯᠪᠢᠬᠤ ᠶᠤᠰᠤᠳᠠᠢ ᠮᠠᠯ ᠵᠢᠬᠦᠷᠳᠡᠨ ᠳᠤ ᠢᠯᠭᠠᠬᠤ ᠲᠡᠮᠳᠡᠭ ᠳᠠᠯᠪᠢᠭᠰᠠᠨ ᠦᠭᠡᠢ ᠪᠤᠯ ᠲᠡᠬᠦᠨ ᠢ ᠪᠤᠷᠤᠯᠠᠭᠤᠯᠬᠤ ᠪᠤᠶᠤ ᠬᠤᠳᠠᠯᠳᠤᠨ ᠠᠪᠴᠦ ᠪᠤᠯᠬᠤ ᠦᠭᠡᠢ᠃        ᠲᠠᠪᠢᠨ ᠭᠤᠷᠪᠠᠳᠤᠭᠠᠷ ᠵᠦᠢᠯ ᠮᠠᠯ ᠵᠢᠬᠦᠷᠳᠡᠨ ᠢ ᠵᠦᠭᠡᠭᠡᠪᠦᠷᠢᠯᠡᠬᠦ ᠳᠤ ᠡᠷᠬᠡᠪᠰᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠠᠮᠢᠳᠠᠨ ᠤ ᠬᠢᠵᠢᠭ ᠢ ᠰᠡᠷᠭᠡᠶᠢᠯᠡᠬᠦ ᠨᠦᠬᠦᠴᠡᠯ ᠳᠤ ᠨᠡᠶᠢᠴᠡᠬᠦᠯᠵᠦ᠂ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠵᠢᠬᠦᠷᠳᠡᠨ ᠤ ᠠᠶᠤᠯᠬᠦᠢ ᠪᠠᠶᠢᠳᠠᠯ ᠢ ᠬᠠᠮᠠᠭᠠᠯᠠᠬᠤ ᠶᠢᠨ ᠬᠠᠮᠳᠦ ᠵᠦᠭᠡᠭᠡᠪᠦᠷᠢᠯᠡᠵᠦ ᠪᠠᠶᠢᠭ᠎ᠠ ᠮᠠᠯ ᠵᠢᠬᠦᠷᠳᠡᠨ ᠳᠡᠭᠡᠨ ᠴᠢᠬᠤᠯᠨ ᠪᠦᠬᠦᠢ ᠤᠷᠤᠨ ᠵᠠᠢ ᠪᠤᠯᠤᠨ ᠲᠡᠵᠢᠭᠡᠵᠦ ᠤᠰᠤᠯᠠᠬᠤ ᠨᠦᠬᠦᠴᠡᠯ ᠢ ᠪᠦᠷᠢᠯᠳᠦᠬᠦᠯᠵᠦ ᠦᠭᠬᠦ ᠭᠡᠷᠡᠭᠳᠠᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠵᠦᠬᠡᠭᠡᠪᠦᠷᠢᠯᠡᠵᠦ ᠪᠠᠶᠢᠭ᠎ᠠ ᠮᠠᠯ ᠵᠢᠬᠦᠷᠳᠡᠡ ᠳᠤ ᠪᠠᠶᠢᠴᠠᠭᠠᠯᠳᠠ ᠬᠢᠬᠦ ᠳᠡᠭᠡᠨ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠳᠤᠭᠳᠠᠭᠠᠯ ᠤᠨ ᠦᠨᠳᠦᠰᠦᠯᠡᠯ ᠲᠠᠢ ᠪᠠᠶᠢᠬᠤ ᠬᠡᠷᠡᠭᠳᠠᠢ᠃ ᠵᠢᠷᠭᠤᠳᠤᠭᠠᠷ ᠪᠦᠯᠦᠭ ᠶᠠᠰᠦ ᠴᠢᠨᠠᠷ ᠤᠨ ᠠᠶᠤᠯᠬᠦᠢ ᠶᠢ ᠪᠠᠳᠤᠯᠠᠬᠤ        ᠲᠠᠪᠢᠨ ᠲᠦᠷᠪᠡᠳᠦᠭᠡᠷ ᠵᠦᠢᠯ ᠰᠢᠶᠠᠨ ᠤ ᠱᠠᠳᠤᠨ ᠠᠴᠠ ᠲᠠᠭᠡᠭᠰᠢᠬᠢ ᠠᠷᠠᠳ ᠤᠨ ᠵᠠᠰᠠᠭ ᠤᠨ ᠤᠷᠳᠤᠨ ᠨᠤᠭᠤᠳ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ᠂ ᠲᠤᠰ ᠬᠠᠦᠯᠢ ᠪᠤᠯᠤᠨ ᠬᠤᠯᠪᠤᠭᠳᠠᠯ ᠪᠦᠬᠦᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠤᠨ ᠲᠤᠭᠳᠠᠭᠠᠯ ᠶᠤᠰᠤᠭᠠᠷ ᠮᠠᠯ ᠵᠢᠬᠦᠷᠳᠡᠨ ᠢ ᠠᠷᠠᠴᠢᠯᠠᠨ ᠲᠡᠵᠢᠬᠡᠬᠦ ᠤᠷᠴᠢᠨ ᠲᠤᠭᠤᠷᠢᠨ᠂ ᠦᠷ᠎ᠠ ᠶᠢᠨ ᠮᠠᠯ ᠵᠢᠬᠦᠷᠳᠡᠨ ᠤ ᠶᠠᠰᠤ ᠴᠢᠨᠠᠷ᠂ ᠲᠡᠵᠢᠭᠡᠯ ᠪᠤᠷᠳᠤᠭ᠎ᠠ ᠪᠤᠯᠤᠨ ᠮᠠᠯ ᠤᠨ ᠡᠮ ᠵᠠᠷᠭᠡ ᠤᠷᠤᠭᠤᠯᠤᠯᠳᠠ ᠶᠢᠨ ᠪᠤᠳᠠᠰ ᠤᠨ ᠬᠡᠷᠡᠭᠯᠡᠭᠡ ᠵᠢᠴᠢ ᠮᠠᠯ ᠵᠢᠬᠦᠷᠳᠡᠨ ᠢ ᠠᠷᠠᠯᠵᠢᠶᠠᠯᠠᠬᠤ ᠪᠠ ᠵᠦᠭᠡᠭᠡᠪᠦᠷᠢᠯᠡᠬᠦ ᠶᠢᠨ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠬᠤ ᠭᠡᠷᠡᠭᠳᠠᠢ᠃        ᠲᠠᠪᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠮᠠᠯ ᠵᠢᠬᠦᠷᠳᠡᠨ ᠤ ᠢᠯᠭᠠᠬᠤ ᠲᠡᠮᠳᠡᠭ ᠪᠤᠯᠤᠨ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠢ ᠬᠠᠮᠢᠶᠠᠷᠬᠤ ᠠᠷᠭ᠎ᠠ ᠶᠢ ᠲᠤᠭᠳᠠᠭᠠᠵᠦ᠂ ᠠᠷᠭ᠎ᠠ ᠬᠡᠮᠵᠢᠶ᠎ᠠ ᠠᠪᠴᠦ ᠪᠠᠶᠢᠭᠠᠳ ᠮᠠᠯ ᠵᠢᠬᠦᠷᠳᠡᠨ ᠤ ᠪᠦᠳᠦᠭᠡᠭᠳᠡᠬᠦᠨ ᠤ ᠶᠠᠰᠦ ᠴᠢᠨᠠᠷ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠠᠶᠢᠳᠠᠪᠤᠷᠢᠵᠢᠭᠤᠯᠬᠤ ᠭᠡᠷᠡᠭᠳᠠᠢ᠃        ᠲᠠᠪᠢᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠠᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ ᠵᠢᠬᠦᠷᠳᠡᠨ ᠤ ᠶᠠᠰᠤ ᠴᠢᠨᠠᠷ ᠤᠨ ᠠᠶᠤᠯᠬᠦᠢ ᠶᠢ ᠬᠢᠨᠠᠨ ᠪᠠᠶᠢᠴᠠᠭᠠᠬᠤ ᠲᠦᠯᠦᠪᠯᠡᠭᠡ ᠲᠤᠭᠳᠠᠭᠠᠵᠦ᠂ ᠲᠦᠯᠦᠪᠯᠡᠭᠡ ᠶᠤᠰᠤᠭᠠᠷ ᠬᠢᠨᠠᠯᠳᠠ ᠲᠠᠯᠪᠢᠵᠦ ᠰᠤᠩᠭᠤᠨ ᠪᠠᠶᠢᠴᠠᠭᠠᠬᠤ ᠠᠵᠢᠯ ᠢ ᠦᠷᠨᠢᠬᠦᠯᠬᠦ ᠭᠡᠷᠡᠭᠳᠠᠢ᠃       ᠲᠡᠪᠢᠨ ᠲᠤᠯᠤᠳᠤᠭᠠᠷ ᠵᠦᠢᠯ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠮᠠᠯ ᠵᠢᠬᠦᠷᠳᠡᠨ ᠤ ᠦᠢᠯᠡᠳᠪᠦᠷᠢᠯᠡᠯ ᠤᠨ ᠲᠦᠷᠢᠮᠵᠢᠯ ᠢ ᠵᠤᠬᠢᠶᠠᠨ ᠪᠠᠶᠢᠭᠤᠯᠤᠨ ᠲᠤᠭᠳᠠᠭᠠᠵᠦ᠂ ᠮᠠᠯ ᠵᠢᠬᠦᠷᠳᠡᠨ ᠤ ᠠᠶᠤᠯᠬᠦᠢ ᠦᠢᠯᠡᠳᠪᠦᠷᠢᠯᠡᠯ ᠢ ᠵᠢᠯᠤᠭᠤᠳᠬᠤ ᠭᠡᠷᠡᠭᠳᠠᠢ᠃ ᠲᠤᠯᠤᠳᠤᠭᠠᠷ ᠪᠦᠯᠦᠭ ᠬᠠᠦᠯᠢ ᠶᠢᠨ ᠬᠠᠷᠢᠭᠤᠴᠠᠯᠭ᠎ᠠ       ᠲᠠᠪᠢᠨ ᠨᠠᠢᠮᠠᠳᠤᠭᠠᠷ ᠵᠦᠢᠯ ᠲᠤᠰ ᠬᠠᠦᠯᠢ ᠶᠢᠨ ᠠᠷᠪᠠᠨ ᠭᠤᠷᠪᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠢ ᠵᠦᠷᠢᠴᠡᠡ᠂ ᠬᠠᠮᠠᠭᠠᠯᠠᠯᠳᠠ ᠲᠠᠢ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠲᠤᠷ᠎ᠠ ᠪᠠᠷ ᠢᠶᠠᠨ ᠰᠢᠢᠳᠪᠦᠷᠢᠯᠡᠭᠡᠳ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠲᠠᠪᠤᠨ ᠲᠦᠮᠡᠨ ᠲᠦᠬᠦᠷᠢᠭ ᠠᠴᠠ ᠲᠡᠭᠡᠭᠰᠢ ᠲᠠᠪᠢᠨ ᠲᠦᠮᠡᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠭᠡᠨ᠎ᠡ ᠃ ᠲᠠᠪᠢ ᠶᠢᠰᠦᠳᠤᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ᠂ ᠲᠤᠤᠷ᠎ᠠ ᠵᠢᠬᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠭᠢᠭᠰᠡᠨ ᠪᠠᠶᠢᠪᠠᠯ᠂ ᠮᠤᠵᠢ ᠶᠢᠨ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠬᠤ ᠶᠢᠨ ᠬᠠᠮᠳᠦ ᠨᠢᠭᠡ ᠲᠦᠮᠡᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃        ︵ᠨᠢᠭᠡ︶ ᠬᠢᠨᠠᠨ ᠪᠠᠶᠢᠴᠠᠭᠠᠵᠦ ᠵᠦᠪᠰᠢᠶᠡᠷᠡᠬᠦᠯᠦᠭᠰᠡᠨ ᠦᠭᠡᠢ ᠪᠠᠷ ᠬᠢᠯᠢ ᠶᠢᠨ ᠭᠠᠳᠠᠨ᠎ᠠ ᠠᠴᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠤᠷᠤᠭᠤᠯᠤᠭᠰᠠᠨ ︔        ︵ᠬᠤᠶᠠᠷ︶ ᠬᠢᠨᠠᠨ ᠪᠠᠶᠢᠴᠠᠭᠠᠵᠦ ᠵᠦᠪᠰᠢᠶᠠᠷᠡᠬᠦᠯᠦᠭᠰᠡᠨ ᠦᠭᠡᠢ ᠪᠠᠷ ᠬᠢᠯᠢ ᠶᠢᠨ ᠲᠤᠳᠤᠷ᠎ᠠ ᠪᠠᠨ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠨ ᠬᠠᠮᠠᠭᠠᠯᠠᠯᠳᠠ ᠶᠢᠨ ᠲᠤᠪᠶᠤᠭ ᠲᠤ ᠵᠢᠭᠰᠠᠭᠠᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠵᠦ ᠠᠰᠢᠬᠯᠠᠭᠰᠠᠨ        ︵ᠭᠤᠷᠪᠠ︶ ᠬᠢᠯᠢ ᠶᠢᠨ ᠲᠤᠳᠤᠷ᠎ᠠ ᠪᠠᠨ ᠬᠢᠯᠢ ᠶᠢᠨ ᠭᠠᠳᠠᠨᠠᠬᠢ ᠪᠠᠶᠢᠭᠤᠯᠤᠮᠵᠢ᠂ ᠬᠤᠪᠢ ᠬᠦᠮᠦᠨ ᠲᠠᠢ ᠬᠤᠷᠰᠢᠨ ᠤᠯᠤᠰ ᠤᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠤᠨ ᠺᠤᠮᠢᠰ ᠤᠨ ᠬᠢᠨᠠᠨ ᠲᠤᠭᠳᠠᠭᠠᠯᠳᠠ ᠶᠢ ᠦᠡᠭᠭᠡᠷᠡᠬᠦᠯᠦᠭᠡ ᠦᠭᠡᠢ ᠰᠢᠨ᠎ᠠ ᠪᠠᠷ ᠢᠯᠡᠷᠡᠬᠦᠯᠦᠭᠰᠡᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠰᠤᠳᠤᠯᠵᠦ ᠠᠰᠢᠬᠯᠠᠬᠰᠠᠨ᠃         ᠵᠢᠷᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠦᠭᠡᠢ ᠪᠠᠷ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠬᠢᠯᠢ ᠠᠴᠠ ᠭᠠᠳᠠᠭᠰᠢ ᠭᠠᠷᠭᠠᠭᠰᠠᠨ ᠪᠠᠶᠢᠪᠠᠯ᠂ ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠪᠤᠭᠤᠮᠳᠠ ᠶᠢᠨ ᠬᠠᠦᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠦᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ ᠪᠤᠭᠤᠮᠳᠠ ᠨᠢ ᠬᠤᠷᠢᠶᠠᠵᠦ ᠠᠪᠤᠭᠰᠠᠨ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠰᠢᠯᠵᠢᠬᠦᠯᠦᠨ ᠬᠦᠷᠭᠡᠵᠦ ᠰᠢᠢᠳᠪᠦᠷᠢᠯᠡᠬᠦᠯᠬᠦ ᠭᠡᠷᠡᠭᠳᠠᠢ᠃         ᠵᠢᠷᠡᠨ ᠨᠢᠭᠡᠳᠦᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠬᠢᠨᠠᠨ ᠲᠤᠭᠳᠠᠭᠠᠯᠳᠠ ᠪᠤᠶᠤ ᠰᠢᠯᠭᠠᠨ ᠲᠤᠭᠳᠠᠭᠠᠯᠳᠠ ᠶᠢ ᠦᠡᠭᠭᠡᠷᠡᠬᠦᠯᠦᠭᠰᠡᠨ ᠦᠭᠡᠢ ᠮᠠᠯ ᠵᠢᠬᠦᠷᠳᠡᠨ ᠤ ᠡᠬᠦᠯᠳᠡᠷ ᠢ ᠪᠤᠷᠤᠯᠠᠭᠤᠯᠵᠦ ᠲᠡᠯᠭᠡᠷᠡᠬᠦᠯᠦᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠮᠠᠯ ᠵᠢᠬᠦᠷᠳᠡᠨ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠠᠴᠠ ᠲᠡᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ ᠮᠢᠩᠭᠠᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃         ᠵᠢᠷᠡᠨ ᠬᠤᠶᠠᠳᠤᠭᠠᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠦᠭᠡᠢ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠤᠨ ᠲᠤᠭᠳᠠᠭᠠᠯ ᠢ ᠵᠦᠷᠢᠴᠡᠵᠦ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠭᠰᠡᠨ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠭᠤᠷᠪᠠᠨ ᠲᠦᠮᠡᠨ ᠲᠦᠬᠦᠷᠢᠭ ᠠᠴᠠ ᠲᠡᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠭᠤᠷᠪᠠᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠭᠤᠷᠪᠠᠨ ᠮᠢᠩᠭᠠᠨ ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠤᠨ ᠲᠤᠭᠳᠠᠭᠠᠯ ᠢ ᠵᠦᠷᠢᠴᠡᠨ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠭᠰᠡᠨ ᠪᠤᠶᠤ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠠᠷᠡᠯ ᠤᠨ ᠦᠨᠡᠮᠯᠡᠯ ᠢ ᠰᠢᠯᠵᠢᠬᠦᠯᠦᠨ ᠦᠭᠬᠦᠭᠰᠡᠨ᠂ ᠲᠦᠷᠢᠶᠡᠰᠦᠯᠡᠬᠦᠯᠦᠨ ᠵᠢᠭᠡᠯᠡᠬᠦᠯᠦᠭᠰᠡᠨ ᠪᠦᠭᠡᠳ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠬᠤ ᠪᠠᠷ ᠨᠡᠶᠢᠯᠡᠬᠦᠯᠤᠨ ᠰᠢᠳᠭᠡᠨ᠎ᠠ᠃        ᠵᠢᠷᠠᠨ ᠭᠤᠷᠪᠠᠳᠤᠭᠠᠷ ᠵᠦᠢᠯ ᠲᠤᠰ ᠬᠠᠦᠯᠢ ᠶᠢᠨ ᠬᠤᠷᠢᠨ ᠨᠠᠢᠮᠠᠳᠤᠭᠠᠷ ᠵᠦᠢᠯ ᠤᠨ ᠲᠤᠭᠳᠠᠭᠠᠯ ᠢ ᠵᠦᠷᠢᠴᠡᠭᠰᠡᠨ ᠪᠠᠶᠢᠪᠠᠯ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠠᠷ ᠤᠨ ᠬᠠᠦᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠠᠦᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠠ᠃         ᠵᠢᠷᠡᠨ ᠲᠦᠷᠪᠡᠳᠦᠭᠡᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠨ᠂ ᠬᠡᠷᠡᠭᠯᠡᠭᠰᠡᠨ ᠦᠷ᠎ᠠ ᠶᠢᠨ ᠮᠠᠯ ᠵᠢᠬᠦᠷᠳᠡᠨ ᠨᠢ ᠭᠡᠭᠡᠯᠳᠦᠬᠦᠯᠭᠡ ᠳᠤ ᠭᠡᠷᠡᠭᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠮᠢᠩᠭᠠᠨ ᠲᠦᠬᠦᠷᠢᠭ ᠠᠴᠠ ᠲᠠᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠬᠤᠶᠠᠷ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠤᠨ ᠰᠢᠳᠭᠡᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠮᠢᠩᠭᠠᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠨᠢᠭᠡ ᠮᠢᠩᠭᠠᠨ ᠲᠦᠬᠦᠷᠢᠭ ᠠᠴᠠ ᠲᠠᠭᠡᠭᠰᠢ ᠲᠠᠪᠤᠨ ᠮᠢᠩᠭᠠᠨ ᠲᠦᠭᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠬᠡᠨ᠎ᠠ᠃        ᠵᠢᠷᠡᠠ ᠲᠠᠪᠤᠳᠤᠭᠠᠷ ᠵᠦᠢᠯ ᠦᠷ᠎ᠠ ᠶᠢᠨ ᠮᠠᠯ ᠵᠢᠬᠦᠷᠳᠡᠨ ᠢ ᠪᠤᠷᠤᠯᠠᠭᠤᠯᠤᠨ ᠬᠤᠳᠠᠯᠳᠤᠬᠤ ᠳᠠᠭᠠᠨ ᠲᠤᠰ ᠬᠠᠦᠯᠢ ᠶᠢᠨ ᠭᠤᠴᠢᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠦᠷᠪᠡᠳᠦᠭᠡᠷ ᠵᠤᠷᠪᠤᠰ ᠲᠠᠬᠢ ᠬᠠᠦᠯᠢ ᠶᠢ ᠵᠦᠷᠢᠴᠡᠭᠰᠡᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠤᠷᠤᠯᠠᠭᠤᠯᠤᠨ ᠬᠤᠳᠠᠯᠳᠤᠬᠤ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ᠂ ᠬᠠᠦᠯᠢ ᠶᠢ ᠵᠦᠷᠢᠴᠡᠵᠦ ᠪᠤᠷᠤᠯᠠᠭᠤᠯᠤᠨ ᠬᠤᠳᠠᠯᠳᠤᠭᠰᠠᠨ ᠮᠠᠯ ᠵᠢᠬᠦᠷᠳᠡᠨ ᠪᠤᠯᠤᠨ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠤᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠠᠴᠠ ᠲᠠᠭᠡᠭᠰᠢ ᠪᠠᠶᠢᠪᠠᠯ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ ︔ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠪᠠᠶᠢᠬᠤ ᠦᠭᠡᠢ ᠪᠤᠶᠤ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠨᠢ ᠲᠠᠪᠤᠨ ᠲᠦᠮᠡᠨ ᠲᠦᠬᠦᠷᠢᠭ ᠲᠤ ᠬᠦᠷᠬᠦ ᠦᠭᠡᠢ ᠪᠠᠶᠢᠪᠠᠯ᠂ ᠲᠠᠪᠤᠨ ᠮᠢᠩᠭᠠᠨ ᠲᠦᠬᠦᠷᠢᠭ ᠠᠴᠠ ᠲᠡᠭᠡᠭᠰᠢ ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠨᠩᠨᠡᠬᠦ ᠵᠦᠪᠰᠢᠶᠡᠷᠡᠯ ᠤᠨ ᠦᠨᠡᠮᠯᠡᠯ ᠪᠤᠶᠤ ᠡᠵᠡᠩᠨᠡᠯᠳᠠ ᠶᠢᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠬᠤ ᠪᠠᠷ ᠨᠡᠶᠢᠯᠡᠬᠦᠯᠦᠨ ᠰᠢᠳᠭᠡᠨ᠎ᠠ᠃        ᠵᠢᠷᠠᠨ ᠵᠢᠷᠭᠤᠳᠤᠭᠠᠷ ᠵᠦᠢᠯ ᠲᠤᠰ ᠬᠠᠦᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠳᠠᠭᠠᠯ ᠢ ᠵᠦᠷᠢᠴᠡᠨ᠂ ᠮᠠᠯ ᠵᠢᠬᠦᠷᠳᠡᠨ ᠢ ᠲᠡᠵᠢᠭᠡᠨ ᠦᠷᠡᠵᠢᠬᠦᠯᠬᠦ ᠲᠠᠯᠠᠪᠠᠢ ᠨᠢ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠵᠤᠬᠢᠶᠠᠭᠰᠠᠨ ᠦᠭᠡᠢ ᠡᠰᠡᠬᠦᠯ᠎ᠠ ᠲᠡᠵᠢᠭᠡᠨ ᠦᠷᠡᠵᠢᠬᠦᠯᠬᠦ ᠲᠠᠩᠰᠠ ᠡᠪᠭᠡᠮᠡᠯ ᠢ ᠲᠤᠭᠳᠠᠭᠠᠯ ᠶᠤᠰᠤᠭᠠᠷ ᠬᠠᠳᠠᠭᠠᠯᠠᠭᠰᠠᠨ ᠦᠭᠡᠢ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠦ᠂ ᠨᠢᠭᠡ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠵᠦ ᠪᠤᠯᠤᠨ᠎ᠠ᠃            ᠵᠢᠷᠠᠨ ᠲᠤᠯᠤᠳᠤᠭᠠᠷ ᠵᠦᠢᠯ ᠲᠤᠰ ᠬᠠᠦᠯᠢ ᠶᠢᠨ ᠲᠦᠴᠢᠨ ᠭᠤᠷᠪᠠᠳᠤᠭᠠᠷ ᠵᠦᠢᠯ ᠤᠨ ᠲᠤᠭᠳᠠᠭᠠᠯ ᠢ ᠵᠦᠷᠢᠴᠡᠵᠦ ᠮᠠᠯ ᠵᠢᠬᠦᠷᠳᠡᠨ ᠢ ᠲᠡᠵᠢᠭᠡᠨ ᠦᠷᠡᠵᠢᠬᠦᠯᠦᠭᠰᠡᠨ ᠪᠠᠶᠢᠪᠠᠯ᠂ ᠬᠤᠯᠪᠤᠭᠳᠠᠯ ᠪᠦᠬᠦᠢ ᠬᠠᠦᠯᠢ ᠴᠠᠭᠠᠵᠠ᠂ ᠵᠠᠰᠠᠭ ᠵᠠᠬᠢᠷᠭᠠᠨ ᠤ ᠬᠠᠦᠯᠢ ᠲᠤᠭᠳᠠᠭᠠᠯ ᠤᠨ ᠲᠤᠭᠳᠠᠭᠠᠯ ᠶᠤᠰᠤᠭᠠᠷ ᠰᠢᠳᠭᠡᠨ᠎ᠠ᠃        ᠵᠢᠷᠠᠨ ᠨᠠᠢᠮᠠᠳᠤᠭᠠᠷ ᠵᠦᠢᠯ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠪᠤᠷᠤᠯᠠᠭᠤᠯᠤᠨ ᠬᠤᠳᠠᠯᠳᠤᠭᠰᠠᠨ ᠦᠷ᠎ᠠ ᠶᠢᠨ ᠮᠠᠯ ᠵᠢᠬᠦᠷᠳᠡᠨ ᠨᠢ ᠦᠷ᠎ᠠ ᠶᠢᠨ ᠮᠠᠯ ᠵᠢᠬᠦᠷᠳᠡᠨ ᠤ ᠬᠢᠷᠢ ᠲᠡᠩᠴᠡᠭᠰᠡᠨ ᠬᠡᠷᠡᠴᠢ᠂ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠬᠡᠷᠡᠴᠢ᠂ ᠭᠡᠷ ᠤᠨ ᠲᠡᠵᠢᠭᠡᠪᠤᠷᠢ ᠶᠢᠨ ᠤᠳᠤᠮ ᠤᠨ ᠲᠡᠮᠳᠡᠭᠯᠡᠯ ᠢ ᠲᠠᠭᠠᠯᠳᠤᠭᠤᠯᠤᠭᠰᠠᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠯ ᠶᠤᠰᠤᠭᠠᠷ ᠢᠯᠭᠠᠬᠤ ᠲᠡᠮᠳᠡᠭ ᠳᠠᠯᠪᠢᠬᠤ ᠶᠤᠰᠤᠳᠠᠢ ᠪᠠᠶᠢᠳᠠᠯ᠎ᠠ ᠢᠯᠭᠠᠬᠤ ᠲᠡᠮᠳᠡᠭ ᠳᠠᠯᠪᠢᠬᠰᠠᠨ ᠦᠭᠡᠢ ᠮᠠᠯ ᠵᠢᠬᠦᠷᠳᠡᠨ ᠢ ᠪᠤᠷᠤᠯᠠᠭᠤᠯᠤᠭᠰᠠᠨ᠂ ᠬᠤᠳᠠᠯᠳᠤᠨ ᠠᠪᠤᠭᠰᠠᠨ᠂ ᠡᠰᠡᠬᠦᠯ᠎ᠠ ᠮᠠᠯ ᠵᠢᠬᠦᠷᠳᠡᠨ ᠤ ᠢᠯᠭᠠᠬᠤ ᠲᠡᠮᠳᠡᠭ ᠢ ᠲᠠᠬᠢᠨ ᠲᠠᠪᠳᠠᠨ ᠭᠡᠷᠡᠭᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠠ ᠵᠠᠯᠠᠷᠠᠭᠤᠯᠤᠭᠤᠯᠵᠦ᠂ ᠬᠤᠶᠠᠷ ᠮᠢᠩᠭᠠᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠵᠦ ᠪᠤᠯᠤᠨ᠎ᠠ᠃ ᠲᠤᠰ ᠬᠠᠦᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠦ᠂ ᠬᠠᠭᠤᠷᠮᠠᠭᠯᠠᠨ ᠵᠤᠬᠢᠶᠠᠭᠰᠠᠨ᠂ ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ ᠤ ᠢᠯᠭᠠᠬᠤ ᠲᠡᠮᠳᠡᠭ ᠢ ᠭᠡᠷᠡᠭᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠭᠤᠷᠮᠠᠭᠯᠠᠨ ᠵᠤᠬᠢᠶᠠᠭᠰᠠᠨ᠂ ᠦᠭᠡᠷᠡᠳᠡᠬᠦᠯᠦᠨ ᠵᠤᠬᠢᠶᠠᠭᠰᠠᠨ ᠮᠠᠯ ᠵᠢᠬᠦᠷᠳᠡᠨ ᠤ ᠢᠯᠭᠠᠬᠤ ᠲᠡᠮᠳᠡᠭ ᠪᠠ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂ ᠭᠤᠷᠪᠠᠨ ᠮᠢᠩᠭᠠᠨ ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ᠃        ᠵᠢᠷᠠ ᠶᠢᠰᠦᠳᠦᠭᠡᠷ ᠵᠦᠢᠯ ᠤᠯᠤᠰ ᠤᠨ ᠮᠡᠷᠭᠡᠵᠢᠯ ᠤᠨ ᠲᠦᠷᠢᠮᠵᠢᠯ ᠤᠨ ᠠᠯᠪᠠᠳᠠᠯᠭ᠎ᠠ ᠶᠢᠨ ᠴᠢᠨᠠᠷᠳᠠᠢ ᠱᠠᠭᠠᠷᠳᠠᠯᠭ᠎ᠠ ᠳᠤ ᠨᠡᠶᠢᠴᠡᠬᠦ ᠦᠭᠡᠢ ᠮᠠᠯ ᠵᠢᠬᠦᠷᠳᠡᠨ ᠢ ᠪᠤᠷᠤᠯᠠᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠶᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠵᠦ ᠂ ᠬᠠᠦᠯᠢ ᠶᠢ ᠵᠦᠷᠢᠴᠡᠵᠦ ᠪᠤᠷᠤᠯᠠᠭᠤᠯᠤᠭᠰᠠᠨ ᠮᠠᠯ ᠵᠢᠬᠦᠷᠳᠡᠨ ᠪᠤᠯᠤᠨ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂ ᠬᠠᠦᠯᠢ ᠶᠢ ᠵᠦᠷᠢᠴᠡᠵᠦ ᠤᠯᠤᠭᠰᠠᠨ ᠤᠯᠵᠠ ᠠᠰᠢᠭ ᠤᠨ ᠬᠢᠨᠢ ᠨᠢᠭᠡ ᠲᠠᠬᠢᠨ ᠠᠴᠠ ᠲᠡᠭᠡᠭᠰᠢ ᠭᠤᠷᠪᠠᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠨ᠎ᠠ ︔ ᠦᠢᠯᠨ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠠ ᠶᠢᠨ ᠦᠨᠡᠮᠯᠡᠯ ᠢ ᠨᠢ ᠬᠤᠷᠢᠶᠠᠨ ᠠᠪᠴᠦ ᠬᠦᠴᠦᠨ ᠦᠭᠡᠢ ᠪᠤᠯᠭᠠᠬᠤ ᠪᠠᠷ ᠨᠡᠶᠢᠯᠡᠬᠦᠯᠦᠨ ᠰᠢᠳᠬᠡᠨ᠎ᠠ᠃        ᠲᠠᠯᠠᠳᠤᠭᠠᠷ ᠵᠦᠢᠯ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠲᠤᠰᠢᠶᠠᠯ ᠤᠨ ᠢᠶᠠᠨ ᠲᠦᠬᠦᠮ ᠢ ᠠᠰᠢᠬᠯᠠᠨ ᠪᠤᠰᠤᠳ ᠤᠨ ᠵᠤᠭᠤᠰ ᠮᠦᠡᠭᠬᠦ ᠡᠳ᠋ ᠪᠤᠳᠠᠰ ᠢ ᠬᠦᠯᠢᠶᠡᠨ ᠠᠪᠤᠭᠰᠠᠨ ᠪᠤᠶᠤ ᠪᠤᠰᠤᠳ ᠠᠰᠢᠭ ᠳᠤᠰᠠ ᠤᠯᠤᠭᠰᠠᠨ᠂ ᠬᠠᠦᠯᠢ ᠪᠠᠷ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠦᠭᠡᠢ ᠪᠠᠶᠢᠭᠤᠯᠭ᠎ᠠ᠂ ᠬᠤᠪᠢ ᠬᠦᠮᠦᠨ ᠳᠤ ᠵᠦᠪᠰᠢᠶᠡᠷᠡᠯ ᠤᠨ ᠦᠨᠡᠮᠯᠡᠯ ᠪᠤᠶᠤ ᠬᠤᠯᠪᠤᠭᠳᠠᠯ ᠪᠦᠬᠦᠢ ᠵᠦᠪᠰᠢᠶᠡᠷᠡᠯ ᠤᠨ ᠪᠢᠴᠢᠭ ᠮᠠᠲ᠋ᠧᠷᠢᠶᠠᠯ ᠢ ᠵᠦᠪᠰᠢᠶᠡᠷᠡᠨ ᠤᠯᠭᠤᠭᠰᠠᠨ᠂ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠡᠰᠠ ᠬᠦᠢᠴᠡᠳᠬᠡᠭᠰᠡᠨ᠂ ᠡᠰᠡᠬᠦᠯ᠎ᠠ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ ᠪᠠᠶᠢᠴᠠᠭᠠᠨ ᠰᠢᠳᠬᠡᠭᠰᠡᠨ ᠦᠬᠡᠢ ᠪᠠᠶᠢᠪᠠᠯ᠂ ᠬᠠᠦᠯᠢ ᠶᠤᠰᠤᠭᠠᠷ ᠵᠠᠰᠠᠭ ᠵᠠᠬᠢᠷᠭᠠᠨ ᠤ ᠰᠢᠳᠬᠡᠯ ᠦᠭᠬᠦᠨ᠎ᠠ᠃       ᠲᠠᠯᠠᠨ ᠨᠢᠭᠡᠳᠦᠭᠡᠷ ᠵᠦᠢᠯ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠨ ᠡᠵᠡᠩᠨᠡᠭᠴᠢ ᠨᠢ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠵᠦ ᠡᠵᠡᠩᠨᠡᠬᠦ ᠵᠦᠪᠰᠢᠶᠡᠷᠡᠯ ᠤᠨ ᠦᠨᠡᠮᠯᠡᠯ ᠢᠶᠠᠨ ᠬᠤᠷᠢᠶᠠᠬᠳᠠᠨ ᠬᠦᠴᠦᠨ ᠦᠭᠡᠢ ᠪᠤᠯᠭᠠᠭᠳᠠᠭᠰᠠᠨ ᠪᠠᠶᠢᠪᠠᠯ᠂ ᠮᠠᠯ ᠠᠵᠦ ᠠᠬᠤᠢ ᠮᠠᠯ ᠡᠮᠨᠡᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠵᠦᠪᠰᠢᠶᠡᠷᠡᠯ ᠤᠨ ᠦᠨᠡᠮᠯᠡᠯ ᠢ ᠬᠤᠷᠢᠶᠠᠨ ᠠᠪᠴᠦ ᠬᠦᠴᠦᠨ ᠦᠭᠡᠢ ᠪᠤᠯᠭᠠᠭᠰᠠᠨ ᠡᠳᠦᠷ ᠠᠴᠠ ᠡᠬᠢᠯᠡᠵᠦ ᠠᠷᠪᠠᠨ ᠡᠳᠦᠷ ᠤᠨ ᠲᠤᠳᠤᠷ᠎ᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠳᠡᠨ᠎ᠠ᠃ ᠦᠷ᠎ᠠ ᠶᠢᠨ ᠮᠠᠯ ᠵᠢᠬᠦᠷᠳᠡᠨ ᠢ ᠦᠢᠯᠡᠳᠪᠦᠷᠢᠯᠡᠨ ᠡᠵᠡᠩᠨᠡᠭᠴᠢ ᠨᠢ ᠬᠠᠦᠯᠢ ᠶᠤᠰᠤᠭᠠᠷ ᠦᠢᠯᠡᠳᠪᠤᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠬᠦᠷᠴᠦ ᠲᠠᠩᠰᠠᠯᠠᠯᠳᠠ ᠪᠠᠨ ᠬᠤᠪᠢᠷᠠᠭᠤᠯᠬᠤ ᠪᠤᠶᠤ ᠲᠠᠩᠰᠠᠯᠠᠯᠳᠠ ᠠᠴᠠ ᠬᠠᠰᠤᠬᠤ ᠭᠠᠷ ᠬᠦᠢᠴᠡᠳᠭᠡᠯ ᠬᠢᠬᠦ ᠭᠡᠷᠡᠭᠳᠠᠢ᠃        ᠲᠠᠯᠠᠨ ᠬᠤᠶᠠᠳᠤᠭᠠᠷ ᠵᠦᠢᠯ ᠲᠤᠰ ᠬᠠᠦᠯᠢ ᠶᠢᠨ ᠲᠤᠭᠳᠠᠭᠠᠯ ᠢ ᠵᠦᠷᠢᠴᠡᠵᠦ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠦᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ        ᠲᠠᠯᠠᠨ ᠭᠤᠷᠪᠠᠳᠤᠭᠠᠷ ᠵᠦᠢᠯ ᠲᠤᠰ ᠬᠠᠦᠯᠢ ᠳᠤ ᠬᠡᠯᠡᠵᠦ ᠪᠠᠶᠢᠭ᠎ᠠ ᠮᠠᠯ ᠵᠢᠬᠦᠷᠳᠡᠨ ᠤ ᠤᠳᠤᠮᠯᠠᠯ ᠤᠨ ᠡᠬᠢ ᠪᠠᠶᠠᠯᠢᠭ ᠬᠡᠳᠡᠭ ᠨᠢ ᠮᠠᠯ ᠵᠢᠬᠦᠷᠳᠡᠨ ᠪᠠ ᠲᠡᠬᠦᠨ ᠤ ᠦᠨᠳᠡᠭᠡᠨ ᠡᠰ ︵ᠦᠨᠳᠡᠭᠡ︶᠂ ᠬᠦᠪᠦᠷᠡᠯ᠂ ᠦᠷ᠎ᠠ ᠶᠢᠨ ᠰᠢᠩᠭᠡᠨ᠂ ᠭᠧᠨ ᠤ ᠡᠳ᠋ ᠵᠡᠷᠭᠡ ᠤᠳᠤᠮᠯᠠᠯ ᠤᠨ ᠮᠠᠲ᠋ᠧᠷᠢᠶᠠᠯ ᠢ ᠵᠢᠭᠠᠵᠦ ᠪᠠᠶᠢᠨ᠎ᠠ᠃ ᠲᠤᠰ ᠬᠠᠦᠯᠢ ᠳᠤ ᠬᠡᠯᠡᠵᠦ ᠪᠠᠶᠢᠭ᠎ᠠ ᠦᠷ᠎ᠠ ᠶᠢᠨ ᠮᠠᠯ ᠵᠢᠬᠦᠷᠳᠡᠨ ᠭᠡᠳᠡᠭ ᠨᠢ ᠰᠤᠩᠭᠤᠨ ᠪᠤᠶᠢᠵᠢᠭᠤᠯᠤᠯᠳᠠ ᠶᠢ ᠦᠡᠭᠭᠡᠷᠡᠭᠡᠭᠰᠡᠨ᠂ ᠭᠡᠭᠡᠯᠳᠦᠬᠦᠯᠭᠡ ᠳᠤ ᠭᠡᠷᠡᠭᠯᠡᠬᠦ ᠦᠨ᠎ᠠ ᠦᠷᠳᠡᠭ ᠲᠠᠢ᠂ ᠬᠤᠶᠢᠴᠢ ᠦᠶ᠎ᠠ ᠶᠢ ᠦᠷᠡᠵᠢᠬᠦᠯᠬᠦ ᠳᠤ ᠲᠤᠬᠢᠷᠠᠬᠤ ᠮᠠᠯ ᠵᠢᠬᠦᠷᠳᠡᠨ ᠵᠢᠴᠢ ᠲᠡᠬᠦᠨ ᠤ ᠦᠨᠳᠡᠭᠡᠨ ᠡᠰ ︵ᠦᠨᠳᠡᠭᠡ︶᠂ ᠬᠦᠪᠦᠷᠡᠯ᠂ ᠦᠷ᠎ᠠ ᠶᠢᠨ ᠰᠢᠩᠭᠡᠨ ᠵᠡᠷᠭᠡ ᠶᠢ ᠵᠢᠭᠠᠵᠦ ᠪᠠᠶᠢᠨ᠎ᠠ᠃ ᠲᠠᠯᠠᠨ ᠲᠦᠷᠪᠡᠳᠦᠭᠡᠷ ᠵᠦᠢᠯ ᠲᠤᠰ ᠬᠠᠦᠯᠢ ᠶᠢ 2006 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠭᠡᠷᠡᠭᠵᠢᠬᠦᠯᠦᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号