| | | ︵2005 ᠤᠨ ᠤ 4 ᠰᠠᠷ᠎ᠠ ᠶᠢᠨ 27 ᠤ ᠡᠳᠦᠷ ᠠᠷᠪᠠᠳᠤᠭᠠᠷ ᠬᠤᠭᠤᠴᠠᠭᠠᠨ ᠤ | ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠲᠠᠪᠤᠳᠤᠭᠠᠷ ᠤᠳᠠᠭᠠᠨ ᠤ ᠬᠤᠷᠠᠯᠳᠤᠭᠠᠨ ᠠᠴᠠ ᠪᠠᠳᠤᠯᠠᠪᠠ︶ | | | ᠨᠢᠭᠡᠳᠦᠭᠡᠷ ᠪᠦᠯᠦᠭ ᠶᠡᠷᠦᠩᠭᠡᠢ ᠲᠦᠷᠢᠮ | ᠨᠢᠭᠡᠳᠦᠭᠡᠷ ᠵᠦᠢᠯ ᠠᠯᠪᠠᠳᠠᠨ ᠤ ᠬᠠᠮᠢᠶᠠᠷᠤᠯᠳᠠ ᠶᠢ ᠲᠦᠷᠢᠮᠵᠢᠬᠦᠯᠵᠦ᠂ ᠠᠯᠪᠠᠳᠠᠨ ᠤ ᠬᠠᠥᠯᠢ ᠶᠤᠰᠤᠨ ᠤ | ᠡᠷᠭᠡ ᠠᠰᠢᠭ ᠢ ᠬᠠᠮᠠᠭᠠᠯᠠᠵᠤ᠂ ᠠᠯᠪᠠᠳᠠᠨ ᠳᠤ ᠲᠠᠯᠪᠢᠬᠤ ᠬᠢᠨᠠᠯᠳᠠ ᠶᠢ ᠴᠢᠩᠭᠠᠥᠨᠬᠠᠨ᠂ ᠲᠡᠭᠡᠳᠦ ᠭᠡᠮᠵᠢᠶᠡᠨ ᠤ ᠭᠡᠪ | ᠴᠢᠨᠠᠷ ᠲᠠᠢ ᠠᠯᠪᠠᠳᠠᠨ ᠤ ᠡᠩᠨᠡᠭᠡ ᠶᠢ ᠪᠠᠶᠢᠭᠤᠯᠵᠤ᠂ ᠠᠵᠢᠯᠴᠢ ᠴᠢᠭᠡᠴᠢ ᠪᠠᠷ ᠵᠠᠰᠠᠭ ᠶᠠᠪᠤᠭᠤᠯᠬᠤ ᠶᠢ ᠠᠬᠢᠭᠤᠯᠵᠤ᠂ | ᠠᠵᠢᠯ ᠤᠨ ᠪᠦᠳᠦᠮᠵᠢ ᠴᠢᠳᠠᠪᠤᠷᠢ ᠶᠢ ᠲᠡᠭᠡᠭᠰᠢᠯᠡᠬᠦᠯᠬᠦ ᠶᠢᠨ ᠲᠤᠰᠠᠳᠠ ᠦᠨᠳᠦᠰᠦᠨ ᠬᠠᠥᠯᠢ ᠶᠢ ᠦᠨᠳᠦᠰᠦᠯᠡᠨ ᠲᠤᠰ | ᠬᠠᠥᠯᠢ ᠶᠢ ᠲᠤᠭᠳᠠᠭᠠᠪᠠ᠃ | ᠬᠤᠶᠠᠳᠤᠭᠠᠷ ᠵᠦᠢᠯ ᠲᠤᠰ ᠬᠠᠥᠯᠢ ᠳᠤ ᠨᠡᠷᠡᠯᠡᠭᠰᠡᠨ ᠠᠯᠪᠠᠳᠠᠨ ᠭᠡᠳᠡᠭ ᠪᠤᠯ ᠬᠠᠥᠯᠢ ᠶᠤᠰᠤᠭᠠᠷ ᠠᠯᠪᠠᠨ | ᠲᠤᠰᠢᠶᠠᠯ ᠢ ᠬᠦᠢᠴᠡᠥᠨᠭᠡᠳᠡᠭ᠂ ᠤᠯᠤᠰ ᠤᠨ ᠵᠠᠰᠠᠭ ᠵᠠᠬᠢᠷᠭᠠᠨ ᠤ ᠤᠷᠤᠨ ᠲᠤᠭ᠎ᠠ ᠳᠤ ᠤᠷᠤᠵᠤ ᠪᠠᠶᠢᠭ᠎ᠠ ᠪᠦᠭᠡᠥᠨ | ᠤᠯᠤᠰ ᠤᠨ ᠡᠳ᠋ ᠤᠨ ᠵᠠᠰᠠᠭ ᠠᠴᠠ ᠴᠠᠯᠢᠩ ᠠᠰᠠᠷᠠᠮᠵᠢ ᠶᠢ ᠨᠢ ᠡᠭᠦᠷᠭᠡᠯᠡᠵᠦ ᠪᠦᠬᠦᠢ ᠠᠵᠢᠯᠳᠠᠨ ᠢ ᠵᠢᠭᠠᠳᠠᠭ ᠶᠤᠮ᠃ | | ᠭᠤᠷᠪᠠᠳᠤᠭᠠᠷ ᠵᠦᠢᠯ ᠠᠯᠪᠠᠳᠠᠨ ᠤ ᠡᠭᠦᠷᠭᠡ᠂ ᠡᠷᠭᠡ ᠬᠢᠭᠡᠥᠨ ᠬᠠᠮᠢᠶᠠᠷᠤᠯᠳᠠ ᠳᠤ ᠲᠤᠰ ᠬᠠᠥᠯᠢ | ᠲᠤᠬᠢᠷᠠᠨ᠎ᠠ᠃ ᠠᠯᠪᠠᠳᠠᠨ ᠤ ᠲᠤᠮᠳᠠᠬᠢ ᠤᠳᠤᠷᠢᠥᠨᠬᠤ ᠪᠦᠷᠢᠯᠳᠦᠬᠦᠨ ᠢ ᠲᠤᠭᠳᠠᠭᠠᠬᠤ᠂ ᠲᠤᠮᠢᠯᠠᠬᠤ ᠪᠠᠭᠤᠯᠭᠠᠬᠤ᠂ | ᠬᠢᠨᠠᠯᠳᠠ ᠲᠠᠯᠪᠢᠬᠤ ᠵᠢᠴᠢ ᠰᠢᠬᠦᠭᠴᠢ᠂ ᠪᠠᠶᠢᠴᠠᠭᠠᠭᠴᠢ ᠶᠢᠨ ᠡᠭᠦᠷᠭᠡ᠂ ᠡᠷᠭᠡ ᠭᠢᠭᠡᠥᠨ ᠬᠠᠮᠢᠶᠠᠷᠤᠯᠳᠠ ᠶᠢᠨ | ᠲᠠᠯ᠎ᠠ ᠪᠠᠷ ᠬᠠᠥᠯᠢ ᠶᠢᠨ ᠪᠤᠰᠤᠤᠨ ᠲᠤᠭᠳᠠᠭᠠᠯ ᠲᠠᠢ ᠪᠤᠯ ᠲᠡᠷᠨ ᠬᠦ ᠲᠤᠭᠳᠠᠭᠠᠯ ᠢ ᠲᠠᠭᠠᠨ᠎ᠠ᠃ | ᠲᠦᠷᠪᠡᠳᠦᠭᠡᠷ ᠵᠦᠢᠯ ᠠᠯᠪᠠᠳᠠᠨ ᠤ ᠲᠦᠷᠢᠮ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠥᠩ ᠤᠨ | ᠦᠵᠡᠯ ᠰᠠᠨᠠᠭ᠎ᠠ᠂ ᠳ᠋ᠧᠩ ᠰᠢᠶᠣᠣ ᠫᠢᠡᠭ ᠤᠨ ᠤᠨᠤᠯ ᠬᠢᠭᠡᠥᠨ ︽ᠭᠤᠷᠪᠠ ᠶᠢ ᠲᠦᠯᠦᠭᠡᠯᠡᠬᠦ︾ ᠴᠢᠬᠤᠯᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠠᠩᠬᠠᠨ ᠤ ᠱᠠᠳᠤᠨ ᠤ | ᠦᠨᠳᠦᠰᠦᠨ ᠱᠤᠭᠤᠮ ᠢ ᠲᠤᠤᠱᠯᠠᠭᠤᠯᠤᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠺᠠᠳ᠋ᠷ ᠤᠨ ᠱᠤᠭᠤᠮ ᠪᠠ | ᠴᠢᠭᠯᠡᠯᠳᠡ ᠶᠢ ᠲᠤᠤᠱᠯᠠᠭᠤᠯᠵᠤ᠂ ᠺᠠᠳ᠋ᠷ ᠢ ᠨᠠᠮ ᠬᠠᠮᠢᠶᠠᠷᠬᠤ ᠵᠠᠷᠴᠢᠮ ᠢ ᠪᠠᠷᠢᠮᠳᠠᠯᠠᠨ᠎ᠠ᠃ | ᠲᠠᠪᠤᠳᠤᠭᠠᠷ ᠵᠦᠢᠯ ᠠᠯᠪᠠᠳᠠᠨ ᠤ ᠬᠠᠮᠢᠶᠠᠷᠤᠯᠳᠠ ᠳᠤ ᠢᠯᠨ᠂ ᠡᠷᠭᠡ ᠲᠡᠭᠰᠢ᠂ ᠦᠷᠢᠰᠦᠯᠳᠦᠬᠦ᠂ | ᠰᠢᠯᠢᠳᠡᠭ ᠢ ᠨᠢ ᠰᠤᠩᠭᠤᠬᠤ ᠵᠠᠷᠴᠢᠮ ᠢ ᠪᠠᠷᠢᠮᠳᠠᠯᠠᠵᠤ᠂ ᠬᠠᠥᠯᠢ ᠳᠤ ᠲᠤᠭᠳᠠᠭᠠᠭᠰᠠᠨ ᠡᠷᠭᠡ ᠮᠡᠳᠡᠯ ᠤᠨ ᠭᠡᠪᠴᠢᠶ᠎ᠡ᠂ | ᠨᠦᠬᠦᠴᠡᠯ᠂ ᠪᠠᠷᠢᠮᠵᠢᠶ᠎ᠠ ᠪᠠ ᠵᠢᠷᠤᠮ ᠶᠤᠰᠤᠭᠠᠷ ᠶᠠᠪᠤᠭᠳᠠᠭᠤᠯᠤᠨ᠎ᠠ᠃ | ᠵᠢᠷᠭᠤᠳᠤᠭᠠᠷ ᠵᠦᠢᠯ ᠠᠯᠪᠠᠳᠠᠨ ᠤ ᠬᠠᠮᠢᠶᠠᠷᠤᠯᠳᠠ ᠳᠤ ᠬᠢᠨᠠᠯᠳᠠ ᠲᠠᠯᠪᠢᠨ ᠬᠢᠵᠠᠭᠠᠷᠯᠠᠬᠤ ᠪᠠ | ᠤᠷᠮᠠᠰᠢᠭᠤᠯᠤᠨ ᠵᠤᠷᠢᠠᠠᠵᠢᠭᠤᠯᠵᠤ ᠪᠠᠳᠤᠯᠠᠭ᠎ᠠ ᠲᠠᠢ ᠪᠤᠯᠭᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ | ᠃ | ᠲᠤᠯᠤᠳᠤᠭᠠᠷ ᠵᠦᠢᠯ ᠠᠯᠪᠠᠳᠠᠨ ᠢ ᠭᠡᠷᠡᠭᠯᠡᠬᠦ ᠳᠡᠭᠡᠨ ᠡᠷᠳᠡᠮᠳᠡᠨ ᠮᠡᠷᠭᠡᠥᠨ ᠢ ᠭᠡᠷᠡᠭᠯᠡᠬᠦ᠂ ᠮᠤᠷᠠᠯ | ᠴᠢᠳᠠᠪᠤᠷᠢ ᠶᠢ ᠬᠤᠤᠰᠯᠠᠭᠤᠯᠬᠤ ᠵᠠᠷᠴᠢᠮ ᠢ ᠪᠠᠷᠢᠮᠳᠠᠯᠠᠵᠤ᠂ ᠠᠵᠢᠯ ᠤᠨ ᠪᠤᠳᠠᠳᠤ ᠠᠮᠵᠢᠯᠳᠠ ᠶᠢ ᠴᠢᠬᠤᠯᠠᠴᠢᠯᠠᠨ᠎ᠠ᠃ | ᠨᠠᠢᠮᠠᠳᠤᠭᠠᠷ ᠵᠦᠢᠯ ᠤᠯᠤᠰ ᠠᠴᠠ ᠠᠯᠪᠠᠳᠠᠨ ᠳᠤ ᠲᠦᠷᠦᠯ ᠬᠤᠪᠢᠶᠠᠨ ᠬᠠᠮᠢᠶᠠᠷᠬᠤ ᠶᠢ ᠭᠡᠷᠡᠭᠵᠢᠬᠦᠯᠵᠦ | ᠬᠠᠮᠢᠶᠠᠷᠤᠯᠳᠠ ᠶᠢᠨ ᠪᠦᠳᠦᠮᠵᠢ ᠴᠢᠳᠠᠪᠤᠷᠢ ᠬᠢᠭᠡᠥᠨ ᠰᠢᠨᠵᠢᠯᠡᠬᠦ ᠤᠬᠠᠭᠠᠨᠴᠢᠯᠠᠭᠰᠠᠨ ᠭᠢᠷᠢ ᠭᠡᠮᠵᠢᠶ᠎ᠡ ᠶᠢ | ᠲᠡᠭᠡᠭᠰᠢᠯᠡᠬᠦᠯᠦᠨ᠎ᠡ᠃ | ᠶᠢᠰᠦᠳᠦᠭᠡᠷ ᠵᠦᠢᠯ ᠠᠯᠪᠠᠳᠠᠨ ᠤ ᠬᠠᠥᠯᠢ ᠶᠤᠰᠤᠭᠠᠷ ᠡᠭᠦᠷᠭᠡ ᠲᠤᠰᠢᠶᠠᠯ ᠢᠶᠠᠨ ᠬᠦᠢᠴᠡᠥᠨᠭᠡᠭ᠊ ᠤ᠋ | ᠠᠵᠢᠯᠯᠠᠭ᠎ᠠ ᠶᠢ ᠬᠠᠥᠯᠢ ᠴᠠᠭᠠᠵᠠ ᠪᠠᠷ ᠬᠠᠮᠠᠭᠠᠯᠠᠨ᠎ᠠ᠃ | ᠠᠷᠪᠠᠳᠤᠭᠠᠷ ᠵᠦᠢᠯ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠪᠦᠬᠦ | ᠤᠯᠤᠰ ᠤᠨ ᠠᠯᠪᠠᠳᠠᠨ ᠢ ᠶᠡᠷᠦᠩᠭᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠰᠢᠶᠠᠨ ᠤ ᠱᠠᠳᠤᠨ ᠠᠴᠠ ᠲᠡᠭᠡᠭᠰᠢ | ᠤᠷᠤᠨ ᠨᠤᠳᠤᠭ ᠤᠨ ᠡᠯ᠎ᠡ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠬᠠᠷᠢᠶ᠎ᠠ | ᠤᠷᠤᠨ ᠳᠠᠬᠢ ᠠᠯᠪᠠᠳᠠᠨ ᠢ ᠶᠡᠷᠦᠩᠭᠡᠶᠢᠯᠡᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠲᠡᠭᠡᠳᠦ ᠱᠠᠳᠤᠨ ᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠤᠷᠠᠳᠤ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠤᠨ ᠠᠯᠪᠠᠳᠠᠨ ᠤ ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠤᠨ᠎ᠠ᠃ ᠡᠯ᠎ᠡ ᠱᠠᠳᠤᠨ ᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠡᠯ᠎ᠡ ᠪᠠᠶᠢᠭᠤᠯᠭ᠎ᠠ ᠶᠢᠨ ᠬᠠᠮᠢᠶᠠᠷᠤᠯᠳᠠ ᠶᠢᠨ | ᠠᠵᠢᠯ ᠢ ᠵᠢᠭᠠᠨ ᠵᠢᠯᠤᠭᠤᠳᠤᠨ᠎ᠠ᠃ | ᠬᠤᠶᠠᠳᠤᠭᠠᠷ ᠪᠦᠯᠦᠭ ᠠᠯᠪᠠᠳᠠᠨ ᠤ ᠨᠦᠬᠦᠴᠡᠯ᠂ ᠡᠭᠦᠷᠭᠡ ᠬᠢᠭᠡᠥᠨ ᠡᠷᠭᠡ | ᠠᠷᠪᠠᠨ ᠨᠢᠭᠡᠳᠦᠭᠡᠷ ᠵᠦᠢᠯ ᠠᠯᠪᠠᠳᠠᠨ ᠨᠢ ᠲᠤᠤᠷᠠᠬᠢ ᠨᠦᠬᠦᠴᠡᠯ ᠢ ᠪᠦᠷᠢᠯᠳᠦᠬᠦᠯᠬᠦ ᠭᠡᠷᠡᠭᠳᠡᠢ᠄ | ︵ᠨᠢᠭᠡ︶ ᠪᠦᠬᠦᠳᠠ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠬᠠᠷᠢᠶᠠᠳᠤ ᠪᠠᠶᠢᠬᠤ ︔ | ︵ᠬᠤᠶᠠᠷ︶ ᠪᠦᠬᠦᠯᠢ 18 ᠨᠠᠰᠤ ᠬᠦᠷᠦᠭᠰᠡᠥᠨ ︔ | ︵ᠭᠤᠷᠪᠠ︶ ᠪᠦᠬᠦᠳᠠ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠦᠨᠳᠦᠰᠦᠨ ᠬᠠᠥᠯᠢ ᠶᠢ | ᠬᠦᠷᠢᠶᠡᠯᠡᠳᠡᠭ ︔ | ︵ᠲᠦᠷᠪᠡ︶ ᠰᠢᠯᠢᠳᠡᠭ ᠰᠠᠶᠢᠨ ᠵᠠᠩ ᠰᠤᠷᠳᠠᠯ ᠲᠠᠢ ︔ | ︵ᠲᠠᠪᠤ︶ ᠡᠭᠦᠷᠭᠡ ᠬᠠᠷᠢᠭᠤᠴᠠᠯᠭ᠎ᠠ ᠪᠠᠨ ᠭᠡᠪ ᠤᠨ ᠶᠤᠰᠤᠭᠠᠷ ᠪᠡᠶᠡᠯᠡᠬᠦᠯᠵᠦ ᠴᠢᠳᠠᠬᠤ ᠪᠡᠶ᠎ᠡ | ᠮᠠᠬᠠᠪᠤᠤᠨ ᠤᠨ ᠨᠦᠬᠦᠴᠡᠯ ᠲᠠᠢ ᠪᠠᠶᠢᠬᠤ | ︵ᠵᠢᠷᠭᠤᠭ᠎ᠠ︶ ᠲᠤᠰᠢᠶᠠᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠶᠤᠯ ᠤᠨ ᠬᠢᠷᠢ ᠭᠡᠮᠵᠢᠶ᠎ᠡ | ᠪᠠ ᠠᠵᠢᠯ ᠤᠨ ᠴᠢᠳᠠᠪᠤᠷᠢ ᠲᠠᠢ ᠪᠠᠶᠢᠬᠤ ︔ | ︵ᠲᠤᠯᠤᠭ᠎ᠠ︶ ᠬᠠᠥᠯᠢ ᠳᠤ ᠲᠤᠭᠳᠠᠭᠠᠭᠰᠠᠨ ᠪᠤᠰᠤᠤᠨ ᠨᠦᠬᠦᠴᠡᠯ᠃ | ᠠᠷᠪᠠᠨ ᠬᠤᠶᠠᠳᠤᠭᠠᠷ ᠵᠦᠢᠯ ᠠᠯᠪᠠᠳᠠᠨ ᠲᠤᠤᠷᠠᠬᠢ ᠡᠭᠦᠷᠭᠡ ᠨᠦᠭᠦᠳ ᠢ ᠡᠷᠭᠡᠪᠡᠰᠢ ᠬᠦᠢᠴᠡᠥᠨᠭᠡᠬᠦ ᠭᠡᠷᠡᠭᠳᠡᠢ᠄ | ︵ᠨᠢᠭᠡ︶ ᠦᠨᠳᠦᠰᠦᠨ ᠬᠠᠥᠯᠢ ᠪᠤᠯᠤᠨ ᠬᠠᠥᠯᠢ ᠴᠠᠭᠠᠵᠠ ᠶᠢ ᠵᠢᠱᠢᠶᠡᠴᠢ ᠪᠠᠷ ᠰᠠᠬᠢᠨ᠎ᠠ ︔ | ︵ᠬᠤᠶᠠᠷ︶ ᠲᠤᠭᠳᠠᠭᠰᠠᠨ ᠡᠷᠭᠡ ᠮᠡᠳᠡᠯ ᠤᠨ ᠭᠡᠪᠴᠢᠶ᠎ᠡ ᠪᠠ ᠵᠢᠷᠤᠮ ᠢᠶᠠᠷ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠬᠦᠢᠴᠡᠥᠨᠭᠡᠨ᠂ ᠠᠵᠢᠯ ᠤᠨ ᠦᠷ᠎ᠡ ᠪᠦᠳᠦᠮᠵᠢ ᠪᠠᠨ ᠴᠢᠷᠮᠠᠶᠢᠨ ᠲᠡᠭᠡᠭᠰᠢᠯᠡᠬᠦᠯᠦᠨ᠎ᠡ ︔ | ︵ᠭᠤᠷᠪᠠ︶ ᠪᠦᠬᠦ ᠰᠡᠥᠨᠬᠢᠯ ᠪᠦᠬᠦ ᠵᠤᠷᠢᠭ ᠢᠶᠠᠷ ᠢᠶᠠᠨ ᠠᠷᠠᠥᠨ ᠲᠦᠮᠡᠨ ᠳᠤ ᠦᠢᠯᠡᠴᠢᠯᠡᠵᠦ᠂ ᠠᠷᠠᠥᠨ | ᠲᠦᠮᠡᠨ ᠤ ᠬᠢᠨᠠᠯᠳᠠ ᠶᠢ ᠬᠦᠯᠢᠶᠡᠨ᠎ᠡ ︔ | ︵ᠲᠦᠷᠪᠡ︶ ᠤᠯᠤᠰ ᠤᠨ ᠠᠮᠤᠷ ᠲᠦᠪᠰᠢᠨ᠂ ᠨᠡᠷ᠎ᠡ ᠲᠦᠷᠦ ᠪᠤᠯᠤᠨ ᠠᠰᠢᠭ ᠲᠤᠰᠠ ᠶᠢ ᠬᠠᠮᠠᠭᠠᠯᠠᠨ᠎ᠠ ︔ | | ︵ᠲᠠᠪᠤ︶ ᠡᠭᠦᠷᠭᠡ ᠲᠤᠰᠢᠶᠠᠯ ᠳᠠᠭᠠᠨ ᠰᠢᠳᠤᠷᠭᠤ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ ᠪᠦᠷᠢᠨ | ᠬᠦᠢᠴᠡᠥᠭᠡᠬᠦ ᠪᠠᠷ ᠬᠢᠴᠢᠶᠡᠨ ᠴᠢᠷᠮᠠᠶᠢᠵᠤ᠂ ᠲᠡᠭᠡᠳᠦ ᠱᠠᠳᠤᠨ ᠤ ᠬᠠᠥᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ | ᠵᠠᠷᠯᠢᠭ ᠢ ᠲᠠᠭᠠᠬᠤ ᠪᠠ ᠭᠡᠷᠡᠭᠵᠢᠬᠦᠯᠬᠦ ᠭᠡᠷᠡᠭᠳᠡᠢ᠃ | ︵ᠵᠢᠷᠭᠤᠭ᠎ᠠ︶ ᠤᠯᠤᠰ ᠤᠨ ᠨᠢᠭᠤᠴᠠ ᠪᠤᠯᠤᠨ ᠠᠵᠢᠯ ᠤᠨ ᠨᠢᠭᠤᠴᠠ ᠶᠢ ᠬᠠᠮᠠᠭᠠᠯᠠᠨ᠎ᠠ ︔ | ︵ᠲᠤᠯᠤᠭ᠎ᠠ︶ ᠰᠠᠬᠢᠯᠭ᠎ᠠ ᠪᠠᠳᠤ ᠶᠢ ᠰᠠᠬᠢᠨ᠂ ᠲᠤᠬᠠᠢᠢᠯᠠᠭᠰᠠᠨ ᠠᠵᠢᠯ ᠤᠨ ᠶᠤᠰᠤ ᠰᠤᠷᠳᠠᠬᠤᠨ ᠢ | ᠡᠷᠭᠢᠮᠯᠡᠵᠦ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠢ ᠵᠢᠱᠢᠶᠡᠴᠢ ᠪᠠᠷ ᠵᠢᠷᠤᠮᠯᠠᠨ᠎ᠠ ︔ | ︵ᠨᠠᠢᠮᠨ︶ ᠠᠷᠢᠭᠤᠨ ᠴᠢᠬᠡᠴᠢ᠂ ᠲᠦᠪ ᠭᠤᠤᠯᠴᠢ ᠪᠠᠶᠢᠬᠤ ᠭᠡᠷᠡᠭᠳᠡᠢ ︔ | ︵ᠶᠢᠰᠦ︶ ᠬᠠᠥᠯᠢ ᠴᠠᠭᠠᠵᠠ ᠳᠤ ᠲᠤᠭᠳᠠᠭᠠᠭᠰᠠᠨ ᠪᠤᠰᠤᠤᠨ ᠡᠭᠦᠷᠭᠡ᠃ | ᠠᠷᠪᠠᠨ ᠭᠤᠷᠪᠠᠳᠤᠭᠠᠷ ᠵᠦᠢᠯ ᠠᠯᠪᠠᠳᠠᠨ ᠲᠤᠤᠷᠠᠬᠢ ᠮᠡᠳᠦ ᠡᠷᠭᠡ ᠲᠠᠢ᠄ | ︵ᠨᠢᠭᠡ︶ ᠡᠭᠦᠷᠭᠡ ᠬᠠᠷᠢᠭᠤᠴᠠᠯᠭ᠎ᠠ ᠪᠠᠨ ᠬᠦᠢᠴᠡᠥᠨᠭᠡᠬᠦ ᠳᠤ ᠪᠠᠶᠢᠪᠠᠰᠤ ᠵᠤᠬᠢᠬᠤ ᠠᠵᠢᠯ ᠤᠨ ᠨᠦᠬᠦᠴᠡᠯ ᠢ | ᠬᠦᠷᠳᠡᠨ᠎ᠡ ︔ | ︵ᠬᠤᠶᠠᠷ︶ ᠬᠠᠥᠯᠢ ᠪᠠᠷ ᠲᠤᠭᠳᠠᠭᠠᠭᠰᠠᠨ ᠤᠴᠢᠷ ᠰᠢᠯᠳᠠᠭᠠᠨ ᠪᠢᠰᠢ᠂ ᠬᠠᠥᠯᠢ ᠶᠢᠨ ᠵᠢᠷᠤᠮ ᠢ ᠲᠠᠮᠵᠢᠭᠰᠠᠨ | ᠪᠢᠰᠢ ᠪᠤᠯ ᠲᠤᠰᠢᠶᠠᠯ ᠢ ᠨᠢ ᠤᠭᠴᠠᠷᠠᠭᠤᠯᠬᠤ ᠦᠭᠡᠢ᠂ ᠲᠤᠰᠢᠶᠠᠯ ᠢ ᠨᠢ ᠪᠠᠭᠤᠷᠠᠭᠤᠯᠬᠤ ᠦᠭᠡᠢ᠂ ᠠᠵᠢᠯ ᠠᠴᠠ ᠨᠢ | ᠵᠤᠭᠰᠤᠭᠠᠬᠤ ᠦᠭᠡᠢ ᠪᠤᠶᠤ ᠰᠢᠥᠨᠭᠡᠯ ᠦᠭᠬᠦ ᠦᠭᠡᠢ ︔ | ︵ᠭᠤᠷᠪᠠ︶ ᠠᠵᠢᠯ ᠤᠨ ᠴᠠᠯᠢᠩ ᠬᠠᠷᠠᠮᠵᠢ ᠤᠯᠵᠤ᠂ ᠠᠰᠠᠷᠠᠮᠵᠢ᠂ ᠲᠠᠭᠠᠥᠨᠬᠠᠯ ᠤᠨ ᠤᠯᠭᠤᠮᠵᠢ | ᠬᠦᠷᠳᠡᠨ᠎ᠡ ︔ | ︵ᠲᠦᠷᠪᠡ︶ ᠪᠤᠯᠪᠠᠰᠤᠷᠠᠯ ᠳᠤ ᠤᠷᠤᠯᠴᠠᠨ᠎ᠠ ︔ | ︵ᠲᠠᠪᠤ︶ ᠪᠠᠶᠢᠭᠤᠯᠭ᠎ᠠ ᠶᠢᠨ ᠠᠵᠢᠯ ᠪᠤᠯᠤᠨ ᠤᠳᠤᠷᠢᠥᠨᠬᠤ ᠬᠦᠮᠦᠰ ᠲᠤ ᠰᠢᠬᠦᠮᠵᠢᠯᠡᠯ ᠪᠤᠯᠤᠨ | ᠰᠠᠨᠠᠭᠤᠯᠭ᠎ᠠ ᠭᠠᠷᠭᠠᠵᠤ ᠪᠤᠯᠤᠨ᠎ᠠ ︔ | ︵ᠵᠢᠷᠭᠤᠭ᠎ᠠ︶ ᠭᠤᠮᠤᠳᠠᠯ ᠲᠤᠭᠠᠴᠠᠵᠤ ᠵᠠᠭᠠᠯᠳᠤᠯᠭ᠎ᠠ ᠬᠢᠵᠦ ᠪᠤᠯᠤᠨ᠎ᠠ ︔ | ︵ᠲᠤᠯᠤᠭ᠎ᠠ︶ ᠲᠤᠰᠢᠶᠠᠯ ᠠᠴᠠ ᠪᠠᠨ ᠪᠠᠭᠤᠬᠤ ᠪᠠᠷ ᠭᠤᠶᠤᠴᠢᠯᠠᠵᠤ ᠪᠤᠯᠤᠨ᠎ᠠ ︔ | ︵ᠨᠠᠢᠮᠨ︶ ᠬᠠᠥᠯᠢ ᠳᠤ ᠲᠤᠭᠳᠠᠭᠠᠭᠰᠠᠨ ᠪᠤᠰᠤᠤᠨ ᠡᠷᠭᠡ ᠶᠢ ᠡᠳ᠋ᠯᠡᠨ᠎ᠡ᠃ | ᠭᠤᠷᠪᠠᠳᠤᠭᠠᠷ ᠪᠦᠯᠦᠭ ᠲᠤᠰᠢᠶᠠᠯ ᠬᠢᠭᠡᠥᠨ ᠲᠡᠰ | ᠠᠷᠪᠠᠨ ᠲᠦᠷᠪᠡᠳᠦᠭᠡᠷ ᠵᠦᠢᠯ ᠤᠯᠤᠰ ᠠᠴᠠ ᠠᠯᠪᠠᠳᠠᠨ ᠤ ᠲᠤᠰᠢᠶᠠᠯ ᠤᠨ ᠪᠠᠶᠢᠷᠢ ᠶᠢᠨ ᠲᠦᠷᠦᠯ | ᠬᠤᠪᠢᠶᠠᠬᠤ ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠤ ᠲᠤᠰᠢᠶᠠᠯ ᠤᠨ ᠪᠠᠶᠢᠷᠢ ᠶᠢᠨ ᠲᠦᠷᠦᠯ ᠬᠤᠪᠢᠶᠠᠷᠢ ᠶᠢ | ᠠᠯᠪᠠᠳᠠᠨ ᠤ ᠲᠤᠰᠢᠶᠠᠯ ᠤᠨ ᠪᠠᠶᠢᠷᠢ ᠶᠢᠨ ᠰᠢᠨᠵᠢ ᠴᠢᠨᠠᠷ᠂ ᠤᠨᠴᠠᠯᠢᠭ ᠬᠢᠭᠡᠥᠨ ᠬᠠᠮᠢᠶᠠᠷᠤᠯᠳᠠ ᠶᠢᠨ ᠱᠠᠭᠠᠷᠳᠠᠯᠭ᠎ᠠ | ᠶᠤᠰᠤᠭᠠᠷ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ᠂ ᠲᠤᠰᠬᠠᠢ ᠮᠡᠷᠭᠡᠵᠢᠯ ᠤᠨ ᠲᠦᠷᠦᠯ ᠬᠢᠭᠡᠥᠨ ᠵᠠᠰᠠᠭ | ᠵᠠᠬᠢᠷᠭ᠎ᠠ ᠬᠠᠥᠯᠢ ᠭᠡᠷᠡᠭᠵᠢᠬᠦᠯᠬᠦ ᠲᠦᠷᠦᠯ ᠵᠡᠷᠭᠡ ᠪᠠᠷ ᠠᠩᠭᠢᠯᠠᠨ᠎ᠠ᠃ ᠲᠤᠰᠢᠶᠠᠯ ᠤᠨ ᠪᠠᠶᠢᠷᠢ ᠨᠢ ᠤᠨᠴᠠᠭᠠᠢ | ᠴᠢᠨᠠᠷ ᠲᠠᠢ ᠪᠠᠶᠢᠵᠤ ᠲᠤᠰᠠᠭᠠᠷ ᠬᠠᠮᠢᠶᠠᠷᠤᠯᠳᠠ ᠬᠢᠬᠦ ᠴᠢᠬᠤᠯᠨ ᠲᠠᠢ ᠪᠠᠶᠢᠪᠠᠯ ᠲᠦᠷᠦ ᠶᠢᠨ ᠶᠠᠪᠤᠳᠠᠯ ᠤᠨ | ᠬᠤᠷᠢᠶᠠᠨ ᠠᠴᠠ ᠲᠤᠰ ᠬᠠᠥᠯᠢ ᠶᠢ ᠦᠨᠳᠦᠰᠦᠯᠡᠵᠦ᠂ ᠪᠤᠰᠤᠤᠨ ᠲᠤᠰᠢᠶᠠᠯ ᠤᠨ ᠪᠠᠶᠢᠷᠢ ᠶᠢᠨ ᠲᠦᠷᠦᠯ ᠬᠤᠪᠢᠶᠠᠷᠢ ᠶᠢ | ᠨᠡᠮᠡᠨ ᠲᠤᠬᠢᠷᠠᠭᠤᠯᠵᠤ ᠪᠤᠯᠤᠨ᠎ᠠ᠃ ᠡᠯ᠎ᠡ ᠲᠤᠰᠢᠶᠠᠯ ᠤᠨ ᠪᠠᠶᠢᠷᠢ ᠶᠢᠨ ᠲᠦᠷᠦᠯ ᠬᠤᠪᠢᠶᠠᠷᠢ ᠶᠢᠨ ᠲᠤᠬᠢᠷᠠᠬᠤ ᠬᠦᠷᠢᠶ᠎ᠡ | ᠭᠡᠪᠴᠢᠶ᠎ᠡ ᠶᠢ ᠤᠯᠤᠰ ᠠᠴᠠ ᠠᠰ ᠲᠤᠨᠢ ᠲᠤᠭᠳᠠᠭᠠᠯ ᠭᠠᠷᠭᠠᠨ᠎ᠠ᠃ | ᠠᠷᠪᠠᠨ ᠲᠠᠪᠤᠳᠤᠭᠠᠷ ᠵᠦᠢᠯ ᠤᠯᠤᠰ ᠠᠴᠠ ᠠᠯᠪᠠᠳᠠᠨ ᠤ ᠲᠤᠰᠢᠶᠠᠯ ᠤᠨ ᠪᠠᠶᠢᠷᠢ ᠬᠤᠪᠢᠶᠠᠷᠢ ᠶᠢ | ᠦᠨᠳᠦᠰᠦᠯᠡᠵᠦ᠂ ᠠᠯᠪᠠᠳᠠᠨ ᠤ ᠲᠤᠰᠢᠶᠠᠯ ᠤᠨ ᠲᠠᠷᠡᠭᠠᠯᠠᠯ ᠢ ᠪᠠᠶᠢᠷᠢᠯᠡᠭᠤᠯᠤᠨᠠ᠃ | ᠠᠷᠪᠠᠨ ᠵᠢᠷᠭᠤᠳᠤᠭᠠᠷ ᠵᠦᠢᠯ ᠠᠯᠪᠳᠠᠠ ᠤ ᠲᠤᠰᠢᠶᠠᠯ ᠢ ᠤᠳᠤᠷᠢᠳᠤᠯᠭ᠎ᠠ ᠶᠢᠨ ᠲᠤᠰᠢᠶᠠᠯ ᠪᠤᠯᠤᠨ | ᠤᠳᠤᠷᠢᠳᠤᠯᠭ᠎ᠠ ᠶᠢᠨ ᠪᠤᠰᠤ ᠲᠤᠰᠢᠶᠠᠯ ᠭᠡᠵᠦ ᠬᠤᠪᠢᠶᠠᠨ᠎ᠠ᠃ ᠤᠳᠤᠷᠢᠳᠤᠯᠭ᠎ᠠ ᠶᠢᠨ ᠲᠤᠰᠢᠶᠠᠯ ᠤᠨ ᠲᠡᠰ | ᠲᠠᠪᠬᠤᠷᠭ᠎ᠠ ᠶᠢ ᠤᠯᠤᠰ ᠤᠨ ᠲᠡᠰ ᠤᠨ ᠲᠡᠷᠢᠬᠦᠨ ᠲᠤᠰᠢᠶᠠᠯ᠂ ᠤᠯᠤᠰ ᠤᠨ ᠲᠡᠰ ᠤᠨ ᠲᠡᠳ᠋ ᠲᠤᠰᠢᠶᠠᠯ᠂ ᠮᠤᠵᠢ | ᠶᠠᠮᠤᠨ ᠤ ᠲᠡᠰ ᠤᠨ ᠲᠡᠷᠢᠬᠦᠨ ᠲᠤᠰᠢᠶᠠᠯ᠂ ᠮᠤᠵᠢ ᠶᠠᠮᠤᠨ ᠤ ᠲᠡᠰ ᠤᠨ ᠲᠡᠳ᠋ ᠲᠤᠰᠢᠶᠠᠯ᠂ ᠲᠢᠩᠭᠢᠮ ᠲᠤᠪᠴᠢᠶ᠎ᠠ ᠶᠢᠨ | ᠲᠡᠰ ᠤᠨ ᠲᠡᠷᠢᠬᠦᠨ ᠲᠤᠰᠢᠶᠠᠯ᠂ ᠲᠢᠩᠭᠢᠮ ᠲᠤᠪᠴᠢᠶ᠎ᠠ ᠶᠢᠨ ᠲᠡᠰ ᠤᠨ ᠲᠡᠳ᠋ ᠲᠤᠰᠢᠶᠠᠯ᠂ ᠰᠢᠶᠠᠨ ᠭᠠᠵᠠᠷ ᠤᠨ | ᠲᠡᠰ ᠤᠨ ᠲᠡᠷᠢᠬᠦᠨ ᠲᠤᠰᠢᠶᠠᠯ᠂ ᠰᠢᠶᠠᠨ ᠭᠠᠵᠠᠷ ᠤᠨ ᠲᠡᠰ ᠤᠨ ᠲᠡᠳ᠋ ᠲᠤᠰᠢᠶᠠᠯ᠂ ᠰᠢᠶᠠᠩ ᠰᠠᠯᠠᠭ᠎ᠠ ᠶᠢᠨ ᠲᠡᠰ ᠤᠨ | ᠲᠡᠷᠢᠬᠦᠨ ᠲᠤᠰᠢᠶᠠᠯ᠂ ᠰᠢᠶᠠᠩ ᠰᠠᠯᠠᠭ᠎ᠠ ᠶᠢᠨ ᠲᠡᠰ ᠤᠨ ᠲᠡᠳ᠋ ᠲᠤᠰᠢᠶᠠᠯ ᠭᠡᠵᠦ ᠬᠤᠪᠢᠶᠠᠪᠠ᠃ ᠤᠳᠤᠷᠢᠳᠤᠯᠭ᠎ᠠ ᠶᠢᠨ | ᠪᠤᠰᠤ ᠲᠤᠰᠢᠶᠠᠯ ᠤᠨ ᠲᠡᠰ ᠲᠠᠪᠬᠤᠷᠭ᠎ᠠ ᠶᠢ ᠲᠢᠩᠭᠢᠮ ᠲᠤᠪᠴᠢᠶ᠎ᠠ ᠶᠢᠨ ᠲᠡᠰ ᠠᠴᠠ ᠲᠤᠷᠤᠭᠰᠢ ᠪᠠᠶᠢᠷᠢᠯᠠᠭᠤᠯᠪᠠ᠃ | ᠠᠷᠪᠠᠨ ᠲᠤᠯᠤᠳᠤᠭᠠᠷ ᠵᠦᠢᠯ ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠤᠨ ᠤᠳᠤᠷᠢᠳᠤᠯᠭ᠎ᠠ ᠶᠢᠨ | ᠲᠤᠰᠢᠶᠠᠯ ᠢ ᠦᠨᠳᠦᠰᠦᠨ ᠬᠠᠥᠯᠢ ᠪᠠ ᠬᠠᠮᠢᠶ᠎ᠠ ᠪᠦᠬᠦᠢ ᠬᠠᠥᠯᠢ ᠴᠠᠭᠠᠵᠠ᠂ ᠲᠤᠰᠢᠶᠠᠯ ᠤᠨ ᠲᠡᠰ ᠲᠠᠪᠬᠤᠷᠭ᠎ᠠ | ᠬᠢᠭᠡᠥᠨ ᠪᠠᠶᠢᠭᠤᠯᠤᠮᠵᠢ ᠶᠢᠨ ᠭᠡᠪ ᠪᠠᠷᠢᠮᠵᠢᠶ᠎ᠠ ᠶᠢᠨ ᠪᠠᠶᠢᠷᠢᠯᠠᠭᠤᠯᠤᠯᠳᠠ ᠶᠢ ᠦᠨᠳᠦᠰᠦᠯᠡᠨ ᠲᠤᠭᠳᠠᠭᠠᠪᠠ᠃ | ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠤᠨ ᠤᠳᠤᠷᠢᠳᠤᠯᠭ᠎ᠠ ᠶᠢᠨ ᠪᠤᠰᠤ ᠲᠤᠰᠢᠶᠠᠯ ᠢ ᠲᠤᠭᠤᠷᠢᠨ | ᠪᠠᠶᠢᠴᠠᠭᠠᠭᠴᠢ᠂ ᠲᠡᠳ᠋ ᠲᠤᠭᠤᠷᠢᠨ ᠪᠠᠶᠢᠴᠠᠭᠠᠭᠴᠢ᠂ ᠪᠠᠶᠢᠴᠠᠭᠠᠨ ᠰᠤᠳᠤᠯᠤᠭᠴᠢ᠂ ᠲᠡᠳ᠋ ᠪᠠᠶᠢᠴᠠᠭᠠᠨ ᠰᠤᠳᠤᠯᠤᠭᠴᠢ | ᠂ ᠡᠷᠬᠢᠯᠡᠬᠦ ᠭᠡᠰᠢᠬᠦᠴᠢ᠂ ᠭᠡᠰᠢᠬᠦᠴᠢ᠂ ᠲᠡᠳ᠋ ᠡᠷᠬᠢᠯᠡᠬᠦ ᠭᠡᠰᠢᠬᠦᠴᠢ᠂ ᠠᠯᠪᠠᠴᠢᠨ ᠭᠡᠵᠦ ᠬᠤᠪᠢᠶᠠᠨ᠎ᠠ᠃ | ᠶᠡᠷᠦᠩᠭᠡᠶᠢᠯᠡᠭᠰᠡᠨ ᠬᠠᠮᠢᠶᠠᠷᠤᠯᠳᠠ ᠶᠢᠨ ᠲᠦᠷᠦᠯ ᠠᠴᠠ ᠭᠠᠳᠠᠨᠠᠬᠢ ᠪᠤᠰᠤᠤᠨ ᠲᠤᠰᠢᠶᠠᠯ ᠤᠨ ᠪᠠᠶᠢᠷᠢ ᠶᠢᠨ ᠲᠦᠷᠦᠯ | ᠬᠤᠪᠢᠶᠠᠷᠢ ᠶᠢᠨ ᠠᠯᠪᠠᠳᠠᠨ ᠤ ᠲᠤᠰᠢᠶᠠᠯ ᠤᠨ ᠲᠠᠷᠠᠭᠠᠯᠠᠯ ᠢ ᠲᠤᠰ ᠬᠠᠥᠯᠢ ᠶᠢ ᠦᠨᠳᠦᠰᠦᠯᠡᠨ ᠤᠯᠤᠰ ᠠᠴᠠ | ᠠᠰ ᠲᠤᠨᠢ ᠲᠤᠭᠳᠠᠭᠠᠨ᠎ᠠ᠃ | ᠠᠷᠪᠠᠨ ᠨᠠᠢᠮᠠᠳᠤᠭᠠᠷ ᠵᠦᠢᠯ ᠡᠯ᠎ᠡ ᠪᠠᠶᠢᠭᠤᠯᠭ᠎ᠠ ᠨᠢ ᠲᠤᠭᠳᠠᠭᠰᠠᠨ ᠡᠭᠦᠷᠭᠡ ᠴᠢᠳᠠᠪᠤᠷᠢ᠂ ᠭᠡᠪ ᠪᠠᠷᠢᠮᠵᠢᠶ᠎ᠠ᠂ | ᠤᠷᠤᠨ ᠲᠤᠭ᠎ᠠ ᠶᠢᠨ ᠬᠢᠵᠠᠭᠠᠷᠯᠠᠯ᠂ ᠲᠤᠰᠢᠶᠠᠯ ᠤᠨ ᠲᠤᠭ᠎ᠠ ᠵᠢᠴᠢ ᠪᠦᠳᠦᠴᠡ ᠶᠢᠨ ᠬᠠᠷᠢᠴᠠᠯ ᠢ ᠦᠨᠳᠦᠰᠦᠯᠡᠵᠦ | ᠪᠠᠶᠢᠭᠠᠥᠨ ᠲᠤᠰ ᠪᠠᠶᠢᠭᠤᠯᠭ᠎ᠠ ᠶᠢᠨ ᠢᠶᠠᠨ ᠠᠯᠪᠠᠳᠠᠨ ᠤ ᠪᠤᠳᠠᠳᠠᠢ ᠲᠤᠰᠢᠶᠠᠯ ᠤᠨ ᠪᠠᠶᠢᠷᠢ ᠶᠢ ᠪᠠᠶᠢᠷᠢᠯᠠᠭᠤᠯᠤᠠ᠂ ᠡᠯ᠎ᠡ | ᠲᠤᠰᠢᠶᠠᠯ ᠤᠨ ᠪᠠᠶᠢᠷᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠬᠢᠭᠡᠥᠨ ᠲᠤᠰᠢᠶᠠᠯ ᠳᠤ ᠭᠠᠷᠬᠤ ᠬᠢᠷᠢ ᠭᠡᠮ ᠤᠨ | ᠨᠦᠬᠦᠴᠡᠯ ᠢ ᠲᠤᠭᠳᠠᠭᠠᠨ᠎ᠠ᠃ | ᠠᠷᠪᠠ ᠶᠢᠰᠦᠳᠦᠭᠡᠷ ᠵᠦᠢᠯ ᠠᠯᠪᠠᠳᠠᠨ ᠤ ᠲᠤᠰᠢᠶᠠᠯ ᠨᠢ ᠵᠤᠬᠢᠬᠤ ᠲᠡᠰ ᠲᠠᠢ ᠵᠤᠬᠢᠴᠠᠯᠳᠤᠬᠤ ᠭᠡᠷᠡᠭᠳᠡᠢ᠃ | ᠠᠯᠪᠠᠳᠠᠨ ᠤ ᠲᠤᠰᠢᠶᠠᠯ ᠭᠢᠭᠡᠥᠨ ᠲᠡᠰ ᠤᠨ ᠵᠤᠬᠢᠴᠠᠯᠳᠤᠬᠤ ᠬᠠᠷᠢᠴᠠᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠠᠴᠠ ᠲᠤᠭᠳᠠᠭᠠᠨ᠎ᠠ᠃ ᠠᠯᠪᠠᠳᠠᠨ ᠤ ᠲᠤᠰᠢᠶᠠᠯ ᠬᠢᠭᠡᠥᠨ ᠲᠡᠰ ᠪᠤᠯ ᠠᠯᠪᠠᠳᠠᠨ ᠤ ᠴᠠᠯᠢᠩ ᠵᠢᠴᠢ ᠪᠤᠰᠤᠤᠨ | ᠤᠯᠭᠤᠮᠵᠢ ᠶᠢ ᠲᠤᠭᠳᠠᠭᠠᠬᠤ ᠦᠨᠳᠦᠰᠦᠯᠡᠯ ᠪᠤᠯᠤᠨ᠎ᠠ᠃ ᠠᠯᠪᠠᠳᠠᠨ ᠤ ᠲᠡᠰ ᠢ ᠡᠭᠦᠷᠭᠡᠯᠡᠵᠦ ᠪᠠᠶᠢᠭ᠎ᠠ ᠲᠤᠰᠢᠶᠠᠯ ᠵᠢᠴᠢ | ᠲᠡᠬᠦᠨ ᠤ ᠮᠤᠷᠠᠯ ᠴᠢᠳᠠᠪᠤᠷᠢ ᠶᠢᠨ ᠢᠯᠡᠷᠡᠯ᠂ ᠠᠵᠢᠯ ᠤᠨ ᠪᠤᠳᠠᠳᠤ ᠠᠮᠵᠢᠯᠳᠠ ᠪᠤᠯᠤᠨ ᠠᠵᠢᠯ ᠤᠨ ᠦᠡᠭᠭᠡᠷᠡᠯᠳᠡ ᠶᠢ | ᠦᠨᠳᠦᠰᠦᠯᠡᠨ ᠲᠤᠭᠳᠠᠭᠠᠳᠠᠭ᠃ ᠠᠯᠪᠠᠳᠠᠨ ᠨᠢ ᠢᠵᠢᠯ ᠨᠢᠭᠡᠨ ᠲᠤᠰᠢᠶᠠᠯ ᠲᠡᠭᠡᠷ᠎ᠡ ᠤᠯᠤᠰ ᠤᠨ ᠲᠤᠭᠳᠠᠭᠠᠯ | ᠶᠤᠰᠤᠭᠠᠷ ᠲᠡᠰ ᠨᠢ ᠲᠠᠪᠰᠢᠵᠤ ᠪᠤᠯᠤᠨ᠎ᠠ᠃ | ᠬᠤᠷᠢᠳᠤᠭᠠᠷ ᠵᠦᠢᠯ ᠤᠯᠤᠰ ᠠᠴᠠ ᠠᠷᠠᠥᠨ ᠤᠨ ᠴᠠᠭᠳᠠᠭ᠎ᠠ ᠵᠢᠴᠢ ᠬᠢᠯᠢ ᠶᠢᠨ ᠪᠤᠭᠤᠮᠳᠠ᠂ | ᠭᠠᠳᠠᠭᠠᠳᠤ ᠳᠤ ᠰᠠᠭᠤᠭ᠎ᠠ ᠭᠠᠳᠠᠭᠠᠳᠤ ᠬᠠᠷᠢᠯᠴᠠᠭᠠᠨ ᠤ ᠪᠠᠶᠢᠭᠤᠯᠤᠮᠵᠢ ᠶᠢᠨ ᠠᠯᠪᠠᠳᠠᠨ ᠤ ᠠᠵᠢᠯ ᠤᠨ ᠤᠨᠴᠠᠯᠢᠭ ᠢ | ᠦᠨᠳᠦᠰᠦᠯᠡᠵᠦ᠂ ᠲᠡᠬᠦᠨ ᠤ ᠲᠤᠰᠢᠶᠠᠯ ᠲᠠᠢ ᠵᠤᠬᠢᠴᠠᠯᠳᠤᠭᠰᠠᠨ ᠴᠤᠯᠨ ᠶᠢᠨ ᠲᠡᠰ ᠢ ᠪᠠᠶᠢᠷᠢᠯᠡᠭᠤᠯᠤᠨᠠ᠃ | ᠲᠦᠷᠪᠡᠳᠦᠭᠡᠷ ᠪᠦᠯᠦᠭ ᠡᠯᠰᠡᠨ ᠭᠡᠷᠡᠭᠯᠡᠬᠦ | ᠬᠤᠷᠢᠨ ᠨᠢᠭᠡᠳᠦᠭᠡᠷ ᠵᠦᠢᠯ ᠡᠷᠬᠢᠯᠡᠬᠦ ᠭᠡᠰᠢᠬᠦᠨ ᠠᠴᠠ ᠲᠤᠷᠤᠭᠰᠢ ᠵᠢᠴᠢ ᠪᠤᠰᠤᠤᠨ ᠵᠤᠬᠢᠴᠠᠩᠭᠤᠢ | ᠲᠤᠰᠢᠶᠠᠯ ᠤᠨ ᠲᠡᠰ ᠲᠠᠪᠬᠤᠷᠭ᠎ᠠ ᠶᠢᠨ ᠤᠳᠤᠷᠢᠳᠤᠯᠭ᠎ᠠ ᠶᠢᠨ ᠪᠤᠰᠤ ᠲᠤᠰᠢᠶᠠᠯ ᠡᠭᠦᠷᠭᠡᠯᠡᠬᠦ ᠲᠦᠷᠦ ᠶᠢᠨ ᠠᠯᠪᠠᠳᠠᠨ ᠢ | ᠡᠯᠰᠡᠨ ᠭᠡᠷᠡᠭᠯᠡᠬᠦ ᠳᠤ ᠢᠯᠨ ᠰᠢᠯᠭᠠᠯᠳᠠ ᠬᠢᠬᠦ᠂ ᠴᠢᠩᠭ᠎ᠠ ᠰᠢᠯᠭᠠᠨ ᠪᠠᠶᠢᠴᠠᠭᠠᠬᠤ᠂ ᠡᠷᠭᠡ ᠲᠡᠭᠰᠢ᠂ | ᠦᠷᠢᠰᠦᠯᠳᠦᠬᠦᠯᠬᠦ᠂ ᠰᠢᠯᠢᠳᠡᠭ ᠢ ᠨᠢ ᠰᠤᠩᠭᠤᠨ ᠭᠡᠷᠡᠭᠯᠡᠬᠦ ᠠᠷᠭ᠎ᠠ ᠶᠢ ᠭᠡᠷᠡᠭᠯᠡᠬᠦ ᠪᠤᠯᠤᠨ᠎ᠠ᠃ ᠦᠨᠳᠦᠰᠦᠳᠡᠨ ᠤ | ᠦᠪᠡᠷᠳᠡᠭᠡᠨ ᠵᠠᠰᠠᠬᠤ ᠭᠠᠵᠠᠷ ᠤᠷᠤᠨ ᠨᠢ ᠲᠡᠭᠡᠷᠡᠬᠢ ᠵᠤᠷᠪᠤᠰ ᠤᠨ ᠲᠤᠭᠳᠠᠭᠠᠯ ᠶᠤᠰᠤᠭᠠᠷ ᠠᠯᠪᠠᠳᠠᠨ ᠢ ᠡᠯᠰᠡᠨ | ᠭᠡᠷᠡᠭᠯᠡᠬᠦ ᠳᠡᠭᠡᠨ ᠬᠠᠥᠯᠢ ᠲᠦᠷᠢᠮ ᠪᠠ ᠬᠠᠮᠢᠶ᠎ᠠ ᠪᠦᠬᠦᠢ ᠲᠤᠭᠳᠠᠭᠠᠯ ᠤᠨ ᠶᠤᠰᠤᠭᠠᠷ ᠴᠦᠭᠡᠨ ᠲᠤᠭᠠᠳᠤ | ᠦᠨᠳᠦᠰᠦᠳᠡᠨ ᠤ ᠰᠢᠯᠭᠠᠭᠤᠯᠤᠭᠰᠠᠤᠨ ᠲᠤ ᠵᠤᠬᠢᠬᠤ ᠬᠠᠷᠠᠭᠠᠯᠵᠠᠯ ᠦᠵᠡᠬᠦᠯᠬᠦ ᠭᠡᠷᠡᠭᠳᠡᠢ᠃ | ᠬᠤᠷᠢᠨ ᠬᠤᠶᠠᠳᠤᠭᠠᠷ ᠵᠦᠢᠯ ᠲᠦᠪ ᠤᠨ ᠪᠠᠶᠢᠭᠤᠯᠭ᠎ᠠ ᠵᠢᠴᠢ ᠲᠡᠬᠦᠨ ᠤ ᠪᠠᠶᠢᠭᠤᠯᠤᠮᠵᠢ ᠶᠢᠨ ᠠᠯᠪᠠᠳᠠᠨ ᠢ | ᠡᠯᠰᠡᠨ ᠭᠡᠷᠡᠭᠯᠡᠬᠦ ᠳᠡᠭᠡᠨ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠠᠷᠢᠭᠤᠴᠠᠨ ᠵᠤᠬᠢᠶᠠᠨ | ᠪᠠᠶᠢᠭᠤᠯᠤᠨ᠎ᠠ᠃ ᠤᠷᠤᠨ ᠨᠤᠳᠤᠭ ᠤᠨ ᠡᠯ᠎ᠡ ᠱᠠᠳᠤᠨ ᠤ ᠪᠠᠶᠢᠭᠤᠯᠭ᠎ᠠ ᠶᠢᠨ ᠠᠯᠪᠠᠳᠠᠨ ᠢ ᠡᠯᠰᠡᠨ ᠭᠡᠷᠡᠭᠯᠡᠬᠦ ᠳᠡᠭᠡᠨ | ᠮᠤᠵᠢ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠵᠤᠬᠢᠶᠠᠨ | ᠪᠠᠶᠢᠭᠤᠯᠤᠨ᠎ᠠ᠂ ᠴᠢᠬᠤᠯᠨ ᠲᠠᠢ ᠦᠶ᠎ᠡ ᠳᠤ ᠮᠤᠵᠢ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠨᠢ ᠲᠤᠭᠤᠷᠢᠭ ᠲᠠᠢ ᠬᠤᠳᠠ ᠶᠢᠨ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠨᠠᠶᠢᠳᠠᠵᠤ ᠡᠷᠭᠡ ᠤᠯᠭᠤᠨ ᠵᠤᠬᠢᠶᠠᠨ ᠪᠠᠶᠢᠭᠤᠯᠵᠤ ᠪᠠᠰᠠ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠠᠯᠪᠠᠳᠠᠨ ᠳᠤ ᠨᠡᠷ᠎ᠡ ᠮᠡᠳᠡᠬᠦᠯᠦᠨ ᠰᠢᠯᠭᠠᠬᠤ ᠳᠤ ᠲᠤᠰ ᠬᠠᠥᠯᠢ ᠶᠢᠨ | ᠠᠷᠪᠠᠨ ᠨᠢᠭᠡᠳᠦᠭᠡᠷ ᠵᠦᠢᠯ ᠳᠤ ᠲᠤᠭᠳᠠᠭᠠᠭᠰᠠᠨ ᠨᠦᠬᠦᠴᠡᠯ ᠢ ᠪᠦᠷᠢᠯᠳᠦᠬᠦᠯᠬᠦ ᠠᠴᠠ ᠭᠠᠳᠠᠨ᠎ᠠ ᠪᠠᠰᠠ ᠮᠤᠵᠢ ᠶᠢᠨ | ᠱᠠᠳᠤᠨ ᠠᠴᠠ ᠲᠡᠭᠡᠭᠰᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠲᠤᠭᠳᠠᠭᠠᠭᠰᠠᠨ ᠵᠢᠱᠢᠨ | ᠲᠤᠮᠢᠯᠠᠬᠤ ᠲᠤᠰᠢᠶᠠᠯ ᠤᠨ ᠪᠠᠶᠢᠷᠢ ᠳᠤ ᠱᠠᠭᠠᠷᠳᠠᠬᠤ ᠬᠢᠷᠢ ᠭᠡᠮ ᠤᠨ ᠨᠦᠬᠦᠴᠡᠯ ᠢ ᠪᠦᠷᠢᠯᠳᠦᠬᠦᠯᠬᠦ ᠭᠡᠷᠡᠭᠳᠡᠢ ᠶᠤᠮ᠃ | ᠬᠤᠷᠢᠨ ᠲᠦᠷᠪᠡᠳᠦᠭᠡᠷ ᠵᠦᠢᠯ ᠲᠤᠤᠷᠠᠬᠢ ᠬᠦᠮᠦᠰ ᠢ ᠠᠯᠪᠠᠳᠠᠨ ᠢᠶᠠᠷ ᠡᠯᠰᠡᠨ ᠭᠡᠷᠡᠭᠯᠡᠵᠦ ᠪᠤᠯᠬᠤ ᠦᠭᠡᠢ᠄ | ︵ᠨᠢᠭᠡ︶ ᠶᠠᠯ᠎ᠠ ᠬᠢᠵᠦ ᠡᠷᠡᠬᠦᠦ ᠶᠢᠨ ᠭᠡᠷᠡᠭ ᠢᠶᠠᠷ ᠶᠠᠯᠠᠯᠠᠭᠳᠠᠵᠤ ᠦᠡᠭᠭᠡᠷᠡᠭᠰᠡᠨ ︔ | ︵ᠬᠤᠶᠠᠷ︶ ᠠᠯᠪᠠᠨ ᠲᠤᠰᠢᠶᠠᠯ ᠠᠴᠠ ᠪᠠᠨ ᠬᠦᠭᠡᠭᠡᠭᠳᠡᠵᠦ ᠦᠡᠭᠭᠡᠷᠡᠭᠰᠡᠨ ︔ | ︵ᠭᠤᠷᠪᠠ︶ ᠠᠯᠪᠠᠳᠠᠨ ᠢᠶᠠᠷ ᠡᠯᠰᠡᠨ ᠭᠡᠷᠡᠭᠯᠡᠵᠦ ᠦᠯᠦ ᠪᠤᠯᠬᠤ ᠬᠠᠥᠯᠢ ᠪᠠᠷ ᠲᠤᠭᠳᠠᠭᠠᠭᠰᠠᠨ ᠪᠤᠰᠤᠤᠨ | ᠪᠠᠶᠢᠳᠠᠯ᠃ | ᠬᠤᠷᠢᠨ ᠲᠠᠪᠤᠳᠤᠭᠠᠷ ᠵᠦᠢᠯ ᠠᠯᠪᠠᠳᠠᠨ ᠢ ᠡᠯᠰᠡᠨ ᠭᠡᠷᠡᠭᠯᠡᠬᠦ ᠳᠤ ᠡᠷᠭᠡᠪᠰᠢ ᠬᠢᠵᠠᠭᠠᠷᠯᠠᠭᠰᠠᠨ ᠤᠷᠤᠨ | ᠲᠤᠭ᠎ᠠ ᠶᠢᠨ ᠲᠤᠳᠤᠷ᠎ᠠ ᠪᠠᠶᠢᠬᠤ ᠪᠦᠭᠡᠥᠨ ᠵᠤᠬᠢᠴᠠᠩᠭᠤᠢ ᠲᠤᠰᠢᠶᠠᠯ ᠤᠨ ᠪᠠᠶᠢᠷᠢ ᠶᠢᠨ ᠬᠤᠭᠤᠰᠤᠨ ᠤᠷᠤ ᠪᠠᠶᠢᠬᠤ | ᠭᠡᠷᠡᠭᠳᠡᠢ᠃ | ᠬᠤᠷᠢᠨ ᠵᠢᠷᠭᠤᠳᠤᠭᠠᠷ ᠵᠦᠢᠯ ᠠᠯᠪᠠᠳᠠᠨ ᠡᠯᠰᠡᠨ ᠭᠡᠷᠡᠭᠯᠡᠬᠦ ᠳᠡᠭᠡᠨ ᠡᠯᠰᠡᠨ ᠰᠢᠯᠭᠠᠬᠤ ᠠᠯᠪᠠᠨ ᠵᠠᠷ | ᠨᠡᠶᠢᠳᠡᠯᠡᠨ᠎ᠡ᠃ ᠡᠯᠰᠡᠨ ᠰᠢᠯᠭᠠᠬᠤ ᠠᠯᠪᠠᠨ ᠵᠠᠷ ᠲᠤ ᠡᠯᠰᠡᠨ ᠰᠢᠯᠭᠠᠬᠤ ᠲᠤᠰᠢᠶᠠᠯ ᠤᠨ ᠪᠠᠶᠢᠷᠢ᠂ ᠲᠤᠭ᠎ᠠ ᠨᠤᠷᠮ᠎ᠠ᠂ | ᠨᠡᠷ᠎ᠡ ᠮᠡᠳᠡᠬᠦᠯᠦᠨ ᠰᠢᠯᠭᠠᠬᠤ ᠭᠢᠷᠢ ᠭᠡᠮ ᠤᠨ ᠨᠦᠬᠦᠴᠡᠯ ᠬᠢᠭᠡᠥᠨ ᠨᠡᠷ᠎ᠡ ᠮᠡᠳᠡᠬᠦᠯᠦᠨ ᠰᠢᠯᠭᠠᠭᠤᠯᠬᠤ ᠳᠤ ᠲᠤᠰᠢᠶᠠᠬᠤ | ᠭᠤᠶᠤᠴᠢᠯᠠᠯ ᠤᠨ ᠮᠠᠲ᠋ᠧᠷᠢᠶᠠᠯ ᠵᠢᠴᠢ ᠪᠤᠰᠤᠤᠨ ᠮᠡᠳᠡᠪᠡᠰᠦ ᠵᠤᠬᠢᠬᠤ ᠵᠦᠢᠯ ᠢ ᠤᠷᠤᠭᠤᠯᠤᠨ ᠲᠤᠳᠤᠷᠬᠠᠢᠢᠯᠠᠬᠤ | ᠭᠡᠷᠡᠭᠳᠡᠢ᠃ ᠡᠯᠰᠡᠨ ᠭᠡᠷᠡᠭᠯᠡᠬᠦ ᠪᠠᠶᠢᠭᠤᠯᠭ᠎ᠠ ᠨᠢ ᠠᠷᠭ᠎ᠠ ᠭᠡᠮᠵᠢᠶ᠎ᠡ ᠠᠪᠴᠤ ᠪᠠᠶᠢᠭᠠᠥᠨ ᠠᠷᠠᠥᠨ ᠢᠷᠭᠡᠥᠨ ᠤᠨ ᠨᠡᠷ᠎ᠡ | ᠮᠡᠳᠡᠬᠦᠯᠦᠨ ᠰᠢᠯᠭᠠᠬᠤ ᠳᠤ ᠲᠦᠬᠦᠮ ᠦᠵᠡᠬᠦᠯᠬᠦ ᠭᠡᠷᠡᠭᠳᠡᠢ᠃ | ᠬᠤᠷᠢᠨ ᠲᠤᠯᠤᠳᠤᠭᠠᠷ ᠵᠦᠢᠯ ᠠᠯᠪᠠᠳᠠᠨ ᠡᠯᠰᠡᠨ ᠭᠡᠷᠡᠭᠯᠡᠬᠦ ᠪᠠᠶᠢᠭᠤᠯᠭ᠎ᠠ ᠠᠴᠠ ᠮᠡᠳᠡᠬᠦᠯᠦᠨ | ᠰᠢᠯᠭᠠᠭᠤᠯᠬᠤ ᠭᠢᠷᠢ ᠭᠡᠮ ᠤᠨ ᠨᠦᠬᠦᠴᠡᠯ ᠢ ᠦᠨᠳᠦᠰᠦᠯᠡᠵᠦ ᠮᠡᠳᠡᠬᠦᠯᠦᠨ ᠰᠢᠯᠭᠠᠭᠤᠯᠤᠭᠰᠠᠥᠨ ᠤᠨ ᠭᠤᠶᠤᠴᠢᠯᠠᠯ ᠢ | ᠬᠢᠨᠠᠨ ᠪᠠᠶᠢᠴᠠᠭᠠᠨ᠎ᠠ᠃ ᠰᠢᠯᠭᠠᠭᠤᠯᠤᠭᠰᠠᠥᠨ ᠤᠨ ᠲᠤᠰᠢᠶᠠᠭᠰᠠᠨ ᠭᠤᠶᠤᠴᠢᠯᠠᠯ ᠨᠢ ᠵᠠᠪᠠᠯ ᠦᠨᠡᠨ ᠪᠤᠳᠠᠳᠠᠢ ᠵᠦᠪ | ᠤᠨᠤᠪᠴᠢᠳᠠᠢ ᠪᠠᠶᠢᠬᠤ ᠭᠡᠷᠡᠭᠳᠡᠢ᠃ | ᠬᠤᠷᠢᠨ ᠨᠠᠢᠮᠠᠳᠤᠭᠠᠷ ᠵᠦᠢᠯ ᠠᠯᠪᠠᠳᠠᠨ ᠡᠯᠰᠡᠨ ᠭᠡᠷᠡᠭᠯᠡᠬᠦ ᠰᠢᠯᠭᠠᠯᠳᠠ ᠶᠢ ᠪᠢᠷ ᠢᠶᠠᠷ ᠰᠢᠯᠭᠠᠬᠤ ᠪᠠ | ᠨᠢᠭᠤᠷᠳᠠᠨ ᠰᠢᠯᠭᠠᠬᠤ ᠠᠷᠭ᠎ᠠ ᠪᠠᠷ ᠶᠠᠪᠤᠭᠳᠠᠭᠤᠯᠤᠨ᠎ᠠ᠂ ᠰᠢᠯᠭᠠᠯᠳᠠ ᠶᠢᠨ ᠠᠭᠤᠯᠭ᠎ᠠ ᠶᠢ ᠠᠯᠪᠠᠳᠠᠨ ᠤ | ᠪᠦᠷᠢᠯᠳᠦᠬᠦᠯᠪᠡᠰᠦ ᠵᠤᠬᠢᠬᠤ ᠦᠨᠳᠦᠰᠦᠨ ᠴᠢᠳᠠᠪᠤᠷᠢ ᠬᠢᠭᠡᠥᠨ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠲᠦᠷᠦᠯ | ᠬᠤᠪᠢᠶᠠᠷᠢ ᠶᠢ ᠨᠢ ᠦᠨᠳᠦᠰᠦᠯᠡᠨ ᠢᠯᠭᠠᠨ ᠪᠠᠶᠢᠷᠢᠯᠠᠭᠤᠯᠬᠤ ᠭᠡᠷᠡᠭᠳᠡᠢ᠃ | ᠬᠤᠷᠢ ᠶᠢᠰᠦᠳᠦᠭᠡᠷ ᠵᠦᠢᠯ ᠡᠯᠰᠡᠬᠦ ᠪᠠᠶᠢᠭᠤᠯᠭ᠎ᠠ ᠠᠴᠠ ᠰᠢᠯᠭᠠᠯᠳᠠ ᠶᠢᠨ ᠬᠢᠷᠢ ᠪᠦᠳᠦᠮᠵᠢ ᠶᠢ | ᠦᠨᠳᠦᠰᠦᠯᠡᠵᠦ ᠪᠠᠶᠢᠭᠠᠥᠨ ᠰᠢᠯᠭᠠᠨ ᠪᠠᠶᠢᠴᠠᠭᠠᠬᠤ ᠳᠤ ᠰᠤᠩᠭᠤᠭᠳᠠᠭᠰᠠᠤᠨ ᠢ ᠲᠤᠭᠳᠠᠭᠠᠨ᠂ ᠲᠡᠳᠡᠨᠡᠷ ᠤᠨ ᠨᠡᠷ᠎ᠡ | ᠮᠡᠳᠡᠬᠦᠯᠦᠨ ᠰᠢᠯᠭᠠᠭᠤᠯᠬᠤ ᠬᠢᠷᠢ ᠭᠡᠮ ᠢ ᠨᠢ ᠲᠠᠪᠳᠠᠨ ᠬᠢᠨᠠᠵᠤ᠂ ᠰᠢᠯᠭᠠᠨ ᠪᠠᠶᠢᠴᠠᠭᠠᠬᠤ ᠪᠠ ᠪᠡᠶ᠎ᠡ ᠮᠠᠬᠠᠪᠤᠤᠨ ᠤᠨ | ᠪᠠᠶᠢᠴᠠᠭᠠᠯᠳᠠ ᠬᠢᠨ᠎ᠡ᠃ ᠪᠡᠶ᠎ᠡ ᠮᠠᠬᠠᠪᠤᠤᠨ ᠢ ᠪᠠᠶᠢᠴᠠᠭᠠᠬᠤ ᠲᠦᠷᠦᠯ ᠵᠦᠢᠯ ᠪᠤᠯᠤᠨ ᠪᠠᠷᠢᠮᠵᠢᠶ᠎ᠠ ᠶᠢ ᠲᠤᠰᠢᠶᠠᠯ ᠤᠨ | ᠪᠠᠶᠢᠷᠢ ᠶᠢᠨ ᠱᠠᠭᠠᠷᠳᠠᠯᠭ᠎ᠠ ᠶᠢ ᠦᠨᠳᠦᠰᠦᠯᠡᠵᠤ ᠲᠤᠭᠳᠠᠭᠠᠨ᠎ᠠ᠃ ᠪᠤᠳᠠᠳᠠᠢ ᠠᠷᠭ᠎ᠠ ᠶᠢ ᠲᠦᠪ ᠤᠨ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠷᠡᠬᠦᠯ ᠬᠠᠮᠠᠭᠠᠯᠠᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠨ᠎ᠠ᠃ | ᠭᠤᠴᠢᠳᠤᠭᠠᠷ ᠵᠦᠢᠯ ᠡᠯᠰᠡᠨ ᠭᠡᠷᠡᠭᠯᠡᠬᠦ ᠪᠠᠶᠢᠭᠤᠯᠭ᠎ᠠ ᠠᠴᠠ ᠰᠢᠯᠭᠠᠯᠳᠠ ᠶᠢᠨ ᠬᠢᠷᠢ ᠪᠦᠳᠦᠮᠵᠢ᠂ | ᠰᠢᠯᠭᠠᠨ ᠪᠠᠶᠢᠴᠠᠭᠠᠭᠰᠠᠨ ᠪᠠᠶᠢᠳᠠᠯ ᠬᠢᠭᠡᠥᠨ ᠪᠡᠶ᠎ᠡ ᠮᠠᠬᠠᠪᠤᠤᠨ ᠪᠠᠶᠢᠴᠠᠭᠠᠭᠰᠠᠨ ᠦᠷ᠎ᠡ ᠳ᠋ᠥᠩ ᠢ ᠦᠨᠳᠦᠰᠦᠯᠡᠵᠦ᠂ | ᠵᠢᠱᠢᠨ ᠡᠯᠰᠡᠬᠦ ᠬᠦᠮᠦᠰ ᠤᠨ ᠨᠡᠷᠡᠰ ᠢ ᠭᠠᠷᠭᠠᠬᠤ ᠮᠦᠷᠳᠡᠭᠡᠨ ᠵᠠᠷᠯᠠᠨ ᠨᠡᠶᠢᠳᠡᠯᠡᠨ᠎ᠡ᠃ ᠵᠠᠷᠯᠠᠨ ᠨᠡᠶᠢᠳᠡᠯᠡᠬᠦ | ᠬᠤᠭᠤᠴᠠᠭ᠎ᠠ ᠲᠠᠭᠤᠰᠪᠠᠯ ᠲᠦᠪ ᠤᠨ ᠱᠠᠳᠤᠨ ᠤ ᠡᠯᠰᠡᠨ ᠭᠡᠷᠡᠭᠯᠡᠬᠦ ᠪᠠᠶᠢᠭᠤᠯᠭ᠎ᠠ ᠨᠢ ᠡᠯᠰᠡᠨ ᠭᠡᠷᠡᠭᠯᠡᠬᠦ ᠪᠠᠷ ᠵᠢᠱᠢᠵᠦ | ᠪᠠᠶᠢᠭ᠎ᠠ ᠬᠦᠮᠦᠰ ᠤᠨ ᠨᠡᠷᠡᠰ ᠢ ᠲᠦᠪ ᠤᠨ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ | ᠲᠠᠩᠰᠠᠯᠠᠭᠤᠯᠤᠨ᠎ᠠ ︔ ᠤᠷᠤᠨ ᠨᠤᠳᠤᠭ ᠤᠨ ᠡᠯ᠎ᠡ ᠱᠠᠳᠤᠨ ᠤ ᠡᠯᠰᠡᠨ ᠭᠡᠷᠡᠭᠯᠡᠬᠦ ᠪᠠᠶᠢᠭᠤᠯᠭ᠎ᠠ ᠨᠢ ᠡᠯᠰᠡᠨ | ᠭᠡᠷᠡᠭᠯᠡᠬᠦ ᠪᠠᠷ ᠵᠢᠱᠢᠵᠦ ᠪᠠᠶᠢᠭ᠎ᠠ ᠬᠦᠮᠦᠰ ᠤᠨ ᠨᠡᠷᠡᠰ ᠢ ᠮᠤᠵᠢ ᠶᠢᠨ ᠱᠠᠳᠤ ᠪᠤᠶᠤ ᠲᠤᠭᠤᠷᠢᠭ ᠲᠠᠢ ᠬᠤᠳᠠ ᠶᠢᠨ | ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠦᠨ᠎ᠡ᠃ | ᠭᠤᠴᠢᠨ ᠨᠢᠭᠡᠳᠦᠭᠡᠷ ᠵᠦᠢᠯ ᠤᠨᠴᠠ ᠲᠤᠰᠢᠶᠠᠯ ᠤᠨ ᠪᠠᠶᠢᠷᠢ ᠶᠢᠨ ᠠᠯᠪᠠᠳᠠᠨ ᠢ ᠭᠡᠷᠡᠭᠯᠡᠬᠦ ᠳᠡᠭᠡᠨ | ᠮᠤᠵᠢ ᠶᠢᠨ ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠦᠨ ᠵᠢᠷᠤᠮ ᠢ ᠬᠢᠯᠪᠠᠷᠴᠢᠯᠠᠬᠤ ᠪᠤᠶᠤ ᠡᠰᠡᠬᠦᠯ᠎ᠡ ᠪᠤᠰᠤᠤᠨ ᠰᠢᠯᠭᠠᠨ ᠦᠨᠡᠯᠡᠬᠦ ᠠᠷᠭ᠎ᠠ ᠶᠢ ᠭᠡᠷᠡᠭᠯᠡᠵᠦ | ᠪᠤᠯᠤᠨ᠎ᠠ᠃ | ᠭᠤᠴᠢᠨ ᠬᠤᠶᠠᠳᠤᠭᠠᠷ ᠵᠦᠢᠯ ᠰᠢᠨ᠎ᠡ ᠡᠯᠰᠡᠨ ᠭᠡᠷᠡᠭᠯᠡᠬᠦ ᠠᠯᠪᠠᠳᠠᠨ ᠤ ᠲᠤᠷᠰᠢᠨ ᠭᠡᠷᠡᠭᠯᠡᠬᠦ ᠬᠤᠭᠤᠴᠠᠭ᠎ᠠ ᠨᠢ ᠨᠢᠭᠡ | ᠵᠢᠯ ᠪᠤᠯᠤᠨ᠎ᠠ᠃ ᠲᠤᠷᠰᠢᠨ ᠭᠡᠷᠡᠭᠯᠡᠬᠦ ᠬᠤᠭᠤᠴᠠᠭ᠎ᠠ ᠨᠢ ᠲᠠᠭᠤᠰᠤᠭᠠᠥᠨ ᠬᠢᠷᠢ ᠲᠡᠩᠴᠡᠭᠰᠡᠥᠨ ᠢ ᠲᠤᠰᠢᠶᠠᠯ ᠳᠤ | ᠲᠤᠮᠢᠯᠠᠨ᠎ᠠ ︔ ᠭᠢᠷᠢ ᠦᠯᠦ ᠲᠡᠩᠴᠡᠭᠰᠡᠥᠨ ᠢ ᠡᠯᠰᠡᠨ ᠭᠡᠷᠡᠭᠯᠡᠬᠦ ᠶᠢ ᠬᠦᠴᠦᠨ ᠦᠭᠡᠢ ᠪᠤᠯᠭᠠᠨ᠎ᠠ᠃ | ᠲᠠᠪᠤᠳᠤᠭᠠᠷ ᠪᠦᠯᠦᠭ ᠬᠢᠨᠠᠨ ᠰᠢᠯᠭᠠᠬᠤ | ᠭᠤᠴᠢᠨ ᠭᠤᠷᠪᠠᠳᠤᠭᠠᠷ ᠵᠦᠢᠯ ᠠᠯᠪᠠᠳᠠᠨ ᠢ ᠬᠢᠨᠠᠨ ᠰᠢᠯᠭᠠᠬᠤ ᠳᠠᠭᠠᠨ ᠬᠠᠮᠢᠶᠠᠷᠤᠯᠳᠠ ᠶᠢᠨ ᠡᠷᠭᠡ | ᠮᠡᠳᠡᠯ ᠤᠨ ᠭᠡᠪᠴᠢᠶ᠎ᠡ ᠶᠤᠰᠤᠭᠠᠷ ᠠᠯᠪᠠᠳᠠᠨ ᠤ ᠤᠬᠠᠮᠰᠠᠷ᠂ ᠴᠢᠳᠠᠪᠤᠷᠢ᠂ ᠴᠢᠷᠮᠠᠶᠢᠯᠭ᠎ᠠ᠂ ᠠᠮᠵᠢᠯᠳᠠ᠂ ᠠᠷᠢᠭᠤᠨ | ᠴᠢᠬᠢᠴᠢ ᠶᠢ ᠪᠦᠬᠦ ᠲᠠᠯ᠎ᠠ ᠪᠠᠷ ᠬᠢᠨᠠᠨ ᠰᠢᠯᠭᠠᠵᠤ᠂ ᠠᠵᠢᠯ ᠤᠨ ᠪᠤᠳᠠᠳᠤ ᠠᠮᠵᠢᠯᠳᠠ ᠶᠢ ᠭᠤᠤᠯᠳᠠᠯᠭ᠎ᠠ ᠲᠠᠢ ᠬᠢᠨᠠᠨ | ᠰᠢᠯᠭᠠᠨ᠎ᠠ᠃ | ᠭᠤᠴᠢᠨ ᠲᠦᠷᠪᠡᠳᠦᠭᠡᠷ ᠵᠦᠢᠯ ᠠᠯᠪᠠᠳᠠᠨ ᠤ ᠬᠢᠨᠠᠨ ᠰᠢᠯᠭᠠᠯᠳᠠ ᠶᠢ ᠡᠩ ᠤᠨ ᠦᠶ᠎ᠡ ᠶᠢᠨ ᠬᠢᠨᠠᠨ | ᠰᠢᠯᠭᠠᠯᠳᠠ ᠪᠠ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠬᠡᠵᠦ ᠬᠤᠪᠢᠶᠠᠨ᠎ᠠ᠃ ᠲᠤᠭᠳᠠᠭᠰᠠᠨ | ᠬᠤᠭᠤᠴᠠᠭ᠎ᠠ ᠲᠠᠢ ᠬᠢᠨᠠᠨ ᠰᠢᠯᠭᠠᠯᠳᠠ ᠨᠢ ᠡᠩ ᠤᠨ ᠦᠶ᠎ᠡ ᠶᠢᠨ ᠬᠢᠨᠠᠨ ᠰᠢᠯᠭᠠᠯᠳᠠ ᠪᠠᠷ ᠰᠠᠭᠤᠷᠢ ᠪᠤᠯᠭᠠᠨ᠎ᠠ᠃ | ᠭᠤᠴᠢᠨ ᠲᠠᠪᠤᠳᠤᠭᠠᠷ ᠵᠦᠢᠯ ᠤᠳᠤᠷᠢᠥᠨᠬᠤ ᠪᠦᠷᠢᠯᠳᠦᠬᠦᠨ ᠪᠤᠰᠤ ᠠᠯᠪᠠᠳᠠᠨ ᠤ ᠲᠤᠭᠳᠠᠭᠰᠠᠨ | ᠬᠤᠭᠤᠴᠠᠭ᠎ᠠ ᠲᠠᠢ ᠬᠢᠨᠠᠨ ᠰᠢᠯᠭᠠᠯᠳᠠ ᠳᠤ ᠤᠨ ᠤ ᠬᠢᠨᠠᠨ ᠰᠢᠯᠭᠠᠯᠳᠠ ᠶᠢᠨ ᠠᠷᠭ᠎ᠠ ᠶᠢ ᠭᠡᠷᠡᠭᠯᠡᠨ᠎ᠡ᠂ ᠤᠷᠢᠳᠠᠪᠠᠷ | ᠬᠤᠪᠢ ᠬᠦᠮᠦᠨ ᠦᠪᠡᠷ ᠤᠨ ᠲᠤᠰᠢᠶᠠᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠬᠠᠮᠢᠶ᠎ᠠ ᠪᠦᠬᠦᠢ | ᠱᠠᠭᠠᠷᠳᠠᠯᠭ᠎ᠠ ᠪᠠᠷ ᠳ᠋ᠥᠩᠨᠡᠯᠳᠡ ᠬᠢᠵᠦ᠂ ᠭᠤᠤᠯᠯᠠᠨ ᠬᠠᠮᠢᠶᠠᠷᠬᠤ ᠤᠳᠤᠷᠢᠳᠤᠯᠭ᠎ᠠ ᠨᠢ ᠤᠯᠠᠨ ᠲᠦᠮᠡᠨ ᠤ ᠰᠠᠨᠠᠯ ᠢ | ᠰᠤᠨᠤᠰᠤᠭᠰᠠᠨ ᠰᠠᠭᠤᠷᠢ ᠲᠡᠭᠡᠷ᠎ᠡ᠂ ᠬᠢᠨᠠᠨ ᠰᠢᠯᠭᠠᠭᠰᠠᠨ ᠲᠡᠰ ᠲᠤᠭᠳᠠᠭᠠᠬᠤ ᠰᠠᠨᠠᠯ ᠲᠤᠷᠠᠥᠨᠴᠤ᠂ ᠲᠤᠰ | ᠪᠠᠶᠢᠭᠤᠯᠭ᠎ᠠ ᠶᠢᠨ ᠬᠠᠷᠢᠭᠤᠴᠠᠯᠭᠠᠳᠠᠨ ᠪᠤᠶᠤ ᠡᠷᠭᠡ ᠤᠯᠭᠤᠭᠰᠠᠨ ᠬᠢᠨᠠᠨ ᠰᠢᠯᠭᠠᠬᠤ ᠺᠤᠮᠢᠰ ᠬᠢᠨᠠᠨ ᠰᠢᠯᠭᠠᠭᠰᠠᠨ | ᠲᠡᠰ ᠢ ᠲᠤᠭᠳᠠᠭᠠᠨ᠎ᠠ᠃ ᠤᠳᠤᠷᠢᠥᠨᠬᠤ ᠪᠦᠷᠢᠯᠳᠦᠬᠦᠨ ᠤ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠶᠢ | ᠭᠤᠤᠯᠯᠠᠨ ᠬᠠᠮᠢᠶᠠᠷᠬᠤ ᠪᠠᠶᠢᠭᠤᠯᠭ᠎ᠠ ᠬᠤᠯᠪᠤᠭᠳᠠᠯ ᠪᠦᠬᠦᠢ ᠲᠤᠭᠳᠠᠭᠠᠯ ᠢᠶᠠᠷ ᠶᠠᠪᠤᠭᠳᠠᠭᠤᠯᠤᠨ᠎ᠠ᠃ | ᠭᠤᠴᠢᠨ ᠵᠢᠷᠭᠤᠳᠤᠭᠠᠷ ᠵᠦᠢᠯ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠶᠢᠨ ᠦᠷ᠎ᠡ | ᠳ᠋ᠥᠩ ᠢ ᠰᠢᠯᠢᠳᠡᠭ᠂ ᠲᠤᠰᠢᠶᠠᠯ ᠳᠠᠭᠠᠨ ᠲᠡᠩᠴᠡᠬᠦ᠂ ᠲᠤᠰᠢᠶᠠᠯ ᠳᠠᠭᠠᠨ ᠦᠨᠳᠦᠰᠦᠨ ᠳᠡᠭᠡᠨ ᠲᠡᠩᠴᠡᠬᠦ᠂ | ᠲᠤᠰᠢᠶᠠᠯ ᠳᠠᠭᠠᠨ ᠦᠯᠦ ᠲᠡᠩᠴᠡᠬᠦ ᠲᠦᠷᠪᠡᠨ ᠲᠡᠰ ᠬᠤᠪᠢᠶᠠᠨ᠎ᠠ᠃ ᠲᠤᠭᠳᠠᠭᠰᠠᠨ ᠬᠤᠭᠤᠴᠠᠭ᠎ᠠ ᠲᠠᠢ ᠬᠢᠨᠠᠨ | ᠰᠢᠯᠭᠠᠭᠰᠠᠨ ᠦᠷ᠎ᠡ ᠳ᠋ᠥᠩ ᠢ ᠠᠯᠪᠠᠳᠠᠨ ᠲᠤᠰ ᠬᠦᠮᠦᠨ ᠳᠤᠨᠢ ᠪᠢᠴᠢᠭ ᠢᠶᠠᠷ ᠮᠡᠳᠡᠭᠳᠡᠬᠦ ᠭᠡᠷᠡᠭᠳᠡᠢ᠃ | ᠭᠤᠴᠢᠨ ᠲᠤᠯᠤᠳᠤᠭᠠᠷ ᠵᠦᠢᠯ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠭᠰᠠᠠ ᠦᠷ᠎ᠡ ᠳ᠋ᠥᠩ ᠢᠶᠠᠷ ᠨᠢ | ᠠᠯᠪᠠᠳᠠᠨ ᠤ ᠲᠤᠰᠢᠶᠠᠯ᠂ ᠲᠡᠰ᠂ ᠴᠠᠯᠢᠩ ᠳᠤ ᠲᠤᠬᠢᠷᠠᠭᠤᠯᠤᠯᠳᠠ ᠬᠢᠬᠦ ᠵᠢᠴᠢ ᠠᠯᠪᠠᠳᠠᠨ ᠢ ᠱᠠᠩᠨᠠᠬᠤ᠂ | ᠪᠤᠯᠪᠠᠰᠤᠷᠠᠭᠤᠯᠬᠤ᠂ ᠠᠵᠢᠯ ᠠᠴᠠ ᠨᠢ ᠵᠤᠭᠰᠤᠭᠠᠬᠤ ᠶᠢᠨ ᠦᠨᠳᠦᠰᠦ ᠪᠠᠷᠢᠮᠳᠠ ᠪᠤᠯᠭᠠᠨ᠎ᠠ᠃ | ᠵᠢᠷᠭᠤᠳᠤᠭᠠᠷ ᠪᠦᠯᠦᠭ ᠲᠤᠰᠢᠶᠠᠯ ᠲᠤᠮᠢᠯᠠᠬᠤ ᠪᠠᠭᠤᠯᠭᠠᠬᠤ | ᠭᠤᠴᠢᠨ ᠨᠠᠢᠮᠠᠳᠤᠭᠠᠷ ᠵᠦᠢᠯ ᠠᠯᠪᠠᠳᠠᠨ ᠤ ᠲᠤᠰᠢᠶᠠᠯ ᠳᠤ ᠰᠤᠩᠭᠤᠨ ᠲᠤᠮᠢᠯᠠᠬᠤ ᠲᠦᠷᠢᠮ ᠪᠤᠯᠤᠨ | ᠲᠤᠮᠢᠯᠠᠯᠳᠠ ᠶᠢᠨ ᠲᠦᠷᠢᠮ ᠢ ᠭᠡᠷᠡᠭᠵᠢᠬᠦᠯᠦᠨ᠎ᠡ᠃ ᠤᠳᠤᠷᠢᠥᠨᠬᠤ ᠪᠦᠷᠢᠯᠳᠦᠬᠦᠨ ᠤ ᠲᠤᠰᠢᠶᠠᠯ ᠳᠤ ᠤᠯᠤᠰ ᠤᠨ | ᠲᠤᠭᠳᠠᠭᠠᠯ ᠶᠤᠰᠤᠭᠠᠷ ᠬᠤᠭᠤᠴᠠᠭᠠᠳᠤ ᠲᠤᠮᠢᠯᠠᠬᠤ ᠲᠦᠷᠢᠮ ᠢ ᠭᠡᠷᠡᠭᠵᠢᠬᠦᠯᠦᠨ᠎ᠡ᠃ | ᠭᠤᠴᠢ ᠶᠢᠰᠦᠳᠦᠭᠡᠷ ᠵᠦᠢᠯ ᠰᠤᠩᠭᠤᠨ ᠲᠤᠮᠢᠯᠠᠬᠤ ᠲᠦᠷᠢᠮᠳᠤ ᠠᠯᠪᠠᠳᠠᠨ ᠰᠤᠩᠭᠤᠭᠤᠯᠢ ᠶᠢᠨ ᠦᠷ᠎ᠡ | ᠳ᠋ᠥᠩ ᠬᠦᠴᠦᠨ ᠲᠠᠢ ᠪᠤᠯᠤᠮᠠᠭᠴᠠ ᠰᠤᠩᠭᠤᠭᠳᠠᠨ ᠭᠠᠷᠤᠭᠰᠠᠨ ᠲᠤᠰᠢᠶᠠᠯ ᠢ ᠬᠠᠷᠢᠭᠤᠴᠠᠨ᠎ᠠ ︔ ᠲᠤᠰᠢᠶᠠᠯ ᠤᠨ | ᠬᠤᠭᠤᠴᠠᠭ᠎ᠠ ᠲᠠᠭᠤᠰᠤᠭᠠᠥᠨ ᠦᠷᠬᠦᠯᠵᠢᠯᠡᠨ ᠲᠤᠮᠢᠯᠠᠬᠤ ᠦᠭᠡᠢ᠂ ᠡᠰᠡᠬᠦᠯ᠎ᠡ ᠲᠤᠰᠢᠶᠠᠯ ᠤᠨ ᠬᠤᠭᠤᠴᠠᠭᠠᠨ ᠳᠠᠭᠠᠨ | ᠲᠤᠰᠢᠶᠠᠯ ᠠᠴᠠ ᠪᠠᠭᠤᠬᠤ᠂ ᠲᠤᠰᠢᠶᠠᠯ ᠠᠴᠠ ᠪᠠᠨ ᠤᠭᠴᠠᠷᠠᠭᠤᠯᠤᠭᠳᠠᠬᠤ᠂ ᠲᠤᠰᠢᠶᠠᠯ ᠠᠴᠠ ᠬᠠᠰᠤᠭᠳᠠᠬᠤ ᠦᠶᠡᠰ | ᠡᠭᠦᠷᠭᠡᠯᠡᠵᠦ ᠪᠠᠶᠢᠭ᠎ᠠ ᠲᠤᠰᠢᠶᠠᠯ ᠢ ᠨᠢ ᠲᠠᠷᠤᠢ ᠳᠤᠨᠢ ᠡᠴᠦᠰᠯᠡᠬᠦᠯᠦᠨᠡ᠃ | ᠲᠦᠴᠢᠳᠤᠭᠡᠷ ᠵᠦᠢᠯ ᠲᠤᠮᠢᠯᠠᠬᠤ ᠲᠦᠷᠢᠮᠳᠤ ᠠᠯᠪᠠᠳᠠᠨ ᠤ ᠲᠤᠷᠰᠢᠨ ᠭᠡᠷᠡᠭᠯᠡᠬᠦ ᠬᠤᠭᠤᠴᠠᠭ᠎ᠠ ᠨᠢ | ᠬᠦᠢᠴᠡᠭᠡᠥᠨ ᠬᠢᠨᠠᠨ ᠰᠢᠯᠭᠠᠬᠤ ᠳᠤ ᠬᠢᠷᠢ ᠲᠡᠩᠴᠡᠭᠰᠡᠨ᠂ ᠲᠤᠰᠢᠶᠠᠯ ᠨᠢ ᠬᠤᠪᠢᠷᠠᠯᠳᠠ ᠭᠠᠷᠬᠤ᠂ ᠲᠠᠬᠢᠨ ᠠᠯᠪᠠᠳᠠᠨ ᠤ | ᠲᠤᠰᠢᠶᠠᠯ ᠢ ᠬᠠᠷᠢᠭᠤᠴᠠᠬᠤ ᠦᠭᠡᠢ ᠪᠤᠯᠬᠤ ᠵᠢᠴᠢ ᠲᠤᠰᠢᠶᠠᠯ ᠳᠤ ᠲᠤᠮᠢᠯᠠᠬᠤ ᠪᠤᠶᠤ ᠪᠠᠭᠤᠯᠭᠠᠬᠤ ᠴᠢᠬᠤᠯᠨ ᠲᠠᠢ | ᠪᠤᠰᠤᠤᠨ ᠪᠠᠶᠢᠳᠠᠯ ᠳᠤ ᠲᠤᠬᠢᠶᠠᠯᠳᠤᠬᠤ ᠦᠶᠡᠰ ᠵᠠᠪᠠᠯ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠬᠢᠭᠡᠥᠨ | ᠲᠤᠭᠳᠠᠭᠰᠠᠨ ᠵᠢᠷᠤᠮ ᠶᠤᠰᠤᠭᠠᠷ ᠲᠡᠬᠦᠨ ᠢ ᠲᠤᠰᠢᠶᠠᠯ ᠳᠤ ᠲᠤᠮᠢᠯᠬᠠᠤ ᠪᠤᠶᠤ ᠲᠤᠰᠢᠶᠠᠯ ᠠᠴᠠ ᠪᠠᠭᠤᠯᠭᠠᠬᠤ ᠭᠡᠷᠡᠭᠳᠡᠢ | ᠃ | ᠲᠦᠴᠢᠨ ᠨᠢᠭᠡᠳᠦᠭᠡᠷ ᠵᠦᠢᠯ ᠠᠯᠪᠠᠳᠠᠨ ᠢ ᠲᠤᠰᠢᠶᠠᠯ ᠳᠤ ᠲᠤᠮᠢᠯᠠᠬᠤ ᠳᠤ ᠡᠷᠭᠡᠪᠰᠢ ᠲᠤᠭᠳᠠᠭᠠᠭᠰᠠᠨ | ᠤᠷᠤᠨ ᠲᠤᠭᠠᠨ ᠤ ᠬᠢᠵᠠᠭᠠᠷᠯᠠᠯ ᠪᠠ ᠲᠤᠰᠢᠶᠠᠯ ᠤᠨ ᠲᠤᠭᠠᠨ ᠤ ᠲᠤᠳᠤᠷ᠎ᠠ ᠶᠠᠪᠤᠭᠳᠠᠭᠤᠯᠬᠤ ᠭᠡᠷᠡᠭᠳᠡᠢ ᠪᠦᠭᠡᠥᠨ | ᠵᠤᠬᠢᠴᠠᠩᠭᠤᠢ ᠲᠤᠰᠢᠶᠠᠯ ᠤᠨ ᠪᠠᠶᠢᠷᠢ ᠶᠢᠨ ᠬᠤᠭᠤᠰᠤᠨ ᠤᠷᠤ ᠪᠠᠶᠢᠬᠤ ᠭᠡᠷᠡᠭᠳᠡᠢ᠃ ᠲᠦᠴᠢᠨ ᠬᠤᠶᠠᠳᠤᠭᠠᠷ ᠵᠦᠢᠯ | ᠠᠯᠪᠠᠳᠠᠨ ᠠᠵᠢᠯ ᠤᠨ ᠭᠡᠷᠡᠭᠴᠡᠭᠡ ᠠᠴᠠ ᠪᠤᠯᠵᠤ ᠪᠠᠶᠢᠭᠤᠯᠭ᠎ᠠ ᠶᠢᠨ ᠭᠠᠳᠠᠨ᠎ᠠ ᠲᠤᠰᠢᠶᠠᠯ ᠬᠠᠪᠰᠤᠷᠭᠠᠨ ᠬᠠᠷᠢᠭᠤᠴᠠᠪᠠᠯ | ᠡᠷᠭᠡᠪᠡᠰᠢ ᠬᠠᠮᠢᠶ᠎ᠠ ᠪᠦᠬᠦᠢ ᠪᠠᠶᠢᠭᠤᠯᠭ᠎ᠠ ᠪᠠᠷ ᠵᠦᠪᠰᠢᠶᠡᠷᠡᠬᠦᠯᠬᠦ ᠭᠡᠷᠡᠭᠳᠡᠢ ᠪᠦᠭᠡᠥᠨ ᠲᠤᠰᠢᠶᠠᠯ ᠬᠠᠪᠰᠤᠷᠭᠠᠨ | ᠬᠠᠷᠢᠭᠤᠴᠠᠭᠰᠠᠨ ᠬᠦᠯᠦᠰᠦ ᠬᠠᠷᠠᠮᠵᠢ ᠠᠪᠴᠤ ᠪᠤᠯᠬᠤ ᠦᠭᠡᠢ᠃ | ᠲᠤᠯᠤᠳᠤᠭᠠᠷ ᠪᠦᠯᠦᠭ ᠲᠤᠰᠢᠶᠠᠯ ᠲᠡᠪᠰᠢᠬᠦᠯᠬᠦ ᠪᠠ ᠪᠠᠭᠤᠷᠠᠭᠤᠯᠬᠤ | ᠲᠦᠴᠢᠨ ᠭᠤᠷᠪᠠᠳᠤᠭᠠᠷ ᠵᠦᠢᠯ ᠠᠯᠪᠠᠳᠠᠨ ᠲᠤᠰᠢᠶᠠᠯ ᠲᠡᠪᠰᠢᠬᠦ ᠳᠤ ᠵᠢᠱᠢᠨ ᠲᠤᠮᠢᠯᠠᠬᠤ ᠲᠤᠰᠢᠶᠠᠯ ᠤᠨ | ᠱᠠᠭᠠᠷᠳᠠᠬᠤ ᠦᠵᠡᠯ ᠰᠠᠨᠠᠭ᠎ᠠ ᠤᠯᠤᠰ ᠲᠦᠷᠦ ᠶᠢᠨ ᠭᠡᠪ ᠴᠢᠨᠠᠷ᠂ ᠠᠵᠢᠯ ᠤᠨ ᠴᠢᠳᠠᠪᠤᠷᠢ᠂ ᠰᠤᠶᠤᠯ ᠤᠨ ᠭᠢᠷᠢ | ᠭᠡᠮᠵᠢᠶ᠎ᠡ ᠪᠠ ᠲᠤᠰᠢᠶᠠᠯ ᠡᠭᠦᠷᠭᠡᠯᠡᠭᠰᠡᠨ ᠦᠡᠭᠭᠡᠷᠡᠯᠳᠡ ᠵᠡᠷᠭᠡ ᠲᠠᠯ᠎ᠠ ᠶᠢᠨ ᠨᠦᠬᠦᠴᠡᠯ ᠪᠠ ᠭᠢᠷᠢ ᠭᠡᠮ ᠢ ᠪᠦᠷᠢᠯᠳᠦᠬᠦᠯᠬᠦ | ᠭᠡᠷᠡᠭᠳᠡᠢ᠃ ᠠᠯᠪᠠᠳᠠᠨ ᠲᠤᠰᠢᠶᠠᠯ ᠲᠡᠪᠰᠢᠬᠦ ᠳᠤ ᠱᠠᠳᠤ ᠲᠠᠷᠠᠭᠠᠯᠠᠨ ᠲᠡᠪᠰᠢᠨ᠎ᠡ᠃ ᠤᠨᠴᠠᠭᠠᠢ ᠰᠢᠯᠢᠳᠡᠭ ᠪᠤᠶᠤ | ᠠᠵᠢᠯ ᠤᠨ ᠤᠨᠴᠠᠭᠠᠢ ᠭᠡᠷᠡᠭᠴᠡᠭᠡ ᠲᠠᠢ ᠪᠤᠯ ᠲᠤᠭᠳᠠᠭᠠᠯ ᠶᠤᠰᠤᠭᠠᠷ ᠲᠦᠷᠢᠮ ᠢ ᠲᠠᠪᠠᠭᠤᠯᠵᠤ ᠪᠤᠯᠬᠤ ᠪᠤᠶᠤ ᠨᠢᠭᠡ | ᠲᠡᠰ ᠠᠯᠤᠰᠯᠠᠨ ᠲᠤᠰᠢᠶᠠᠯ ᠳᠤ ᠲᠡᠪᠰᠢᠬᠦᠯᠵᠦ ᠪᠤᠯᠤᠨ᠎ᠠ᠃ | ᠲᠦᠴᠢᠨ ᠲᠦᠷᠪᠡᠳᠦᠭᠡᠷ ᠵᠦᠢᠯ ᠠᠯᠪᠠᠳᠠᠨ ᠢ ᠤᠳᠤᠷᠢᠥᠨᠬᠤ ᠲᠤᠰᠢᠶᠠᠯ ᠳᠤ ᠲᠡᠪᠰᠢᠬᠦᠯᠬᠦ ᠳᠤ ᠲᠤᠤᠷᠠᠬᠢ ᠵᠢᠷᠤᠮ ᠢᠶᠠᠷ | ᠬᠢᠬᠦ ᠭᠡᠷᠡᠭᠳᠡᠢ᠄ | ︵ᠨᠢᠭᠡ︶ ᠠᠷᠠᠥᠨᠴᠢᠯᠠᠯ ᠢᠶᠠᠷ ᠲᠠᠨᠢᠯᠴᠠᠭᠤᠯᠵᠤ ᠬᠢᠨᠠᠨ ᠪᠠᠶᠢᠴᠠᠭᠠᠬᠤ ᠡᠳᠡᠭᠡᠥᠨ ᠢᠶᠠᠨ ᠲᠤᠭᠳᠠᠭᠠᠨ᠎ᠠ ︔ | ︵ᠬᠤᠶᠠᠷ︶ ᠬᠢᠨᠠᠨ ᠪᠠᠶᠢᠴᠠᠭᠠᠯᠳᠠ ᠶᠢ ᠵᠤᠬᠢᠶᠠᠨ ᠪᠠᠶᠢᠭᠤᠯᠵᠤ᠂ ᠲᠤᠰᠢᠶᠠᠯ ᠳᠤ ᠲᠤᠮᠢᠯᠠᠬᠤ ᠰᠠᠨᠠᠯ ᠤᠨ | ᠲᠦᠰᠦᠯ ᠢ ᠰᠤᠳᠤᠯᠤᠨ ᠲᠤᠷᠠᠥᠨᠴᠤ ᠭᠠᠷᠭᠠᠬᠤ ᠶᠢᠨ ᠵᠡᠷᠭᠡᠪᠡᠷ ᠭᠡᠷᠡᠭᠴᠡᠭᠡ ᠪᠠᠨ ᠦᠨᠳᠦᠰᠦᠯᠡᠨ ᠵᠤᠬᠢᠬᠤ ᠬᠦᠷᠢᠶ᠎ᠡ | ᠭᠡᠪᠴᠢᠶᠡᠨ ᠲᠤᠳᠤᠷ᠎ᠠ ᠪᠡᠯᠡᠥᠨᠭᠡᠨ ᠶᠠᠷᠢᠯᠴᠠᠭᠤᠯᠤᠨ᠎ᠠ ︔ | ︵ᠭᠤᠷᠪᠠ︶ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠋ᠨᠨ ᠲᠤᠳᠤᠷ᠎ᠠ ᠶᠠᠷᠢᠯᠴᠠᠨ ᠲᠤᠭᠳᠠᠭᠠᠨ᠎ᠠ ︔ | ︵ᠲᠦᠷᠪᠡ︶ ᠲᠤᠭᠳᠠᠭᠠᠯ ᠶᠤᠰᠤᠭᠠᠷ ᠲᠤᠰᠢᠶᠠᠯ ᠳᠤ ᠲᠤᠮᠢᠯᠠᠬᠤ ᠭᠠᠷ ᠬᠦᠢᠴᠡᠥᠨᠭᠡᠯ ᠬᠢᠨ᠎ᠡ᠃ ᠠᠯᠪᠠᠳᠠᠨ | ᠤᠳᠤᠷᠢᠳᠤᠯᠭ᠎ᠠ ᠶᠢᠨ ᠪᠤᠰᠤ ᠲᠤᠰᠢᠶᠠᠯ ᠳᠤ ᠲᠡᠪᠰᠢᠬᠦ ᠳᠤ ᠮᠦᠨ ᠲᠡᠭᠡᠷ᠎ᠡ ᠲᠤᠭᠳᠠᠭᠠᠭᠰᠠᠨ ᠵᠢᠷᠤᠮ ᠢᠶᠠᠷ ᠯᠠᠪᠯᠠᠯᠳᠠ | ᠪᠤᠯᠭᠠᠬᠤ ᠭᠡᠷᠡᠭᠳᠡᠢ᠃ | ᠲᠦᠴᠢᠨ ᠲᠠᠪᠤᠳᠤᠭᠠᠷ ᠵᠦᠢᠯ ᠪᠠᠶᠢᠭᠤᠯᠭ᠎ᠠ ᠶᠢᠨ ᠲᠤᠳᠤᠭᠠᠳᠤ ᠳᠤ ᠲᠤᠬᠢᠷᠠᠭᠤᠯᠤᠭᠰᠠᠨ ᠪᠠᠶᠢᠭᠤᠯᠤᠮᠵᠢ ᠶᠢᠨ ᠲᠢᠩᠭᠢᠮ | ᠲᠤᠪᠴᠢᠶ᠎ᠠ ᠶᠢᠨ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠳᠤᠯᠭ᠎ᠠ ᠶᠢᠨ ᠲᠤᠰᠢᠶᠠᠯ ᠬᠤᠭᠤᠰᠤᠨ ᠤᠷᠤ | ᠭᠠᠷᠪᠠᠯ ᠲᠤᠰ ᠪᠠᠶᠢᠭᠤᠯᠭ᠎ᠠ ᠪᠤᠶᠤ ᠲᠤᠰ ᠰᠢᠰᠲ᠋ᠧᠮ ᠤᠨ ᠲᠤᠳᠤᠭᠠᠳᠤ ᠳᠠᠭᠠᠨ ᠠᠵᠢᠯ ᠤᠨ ᠪᠠᠶᠢᠷᠢ ᠳᠤ | ᠦᠷᠢᠰᠦᠯᠳᠦᠨ ᠭᠠᠷᠬᠤ ᠠᠷᠭ᠎ᠠ ᠪᠠᠷ ᠲᠤᠰᠢᠶᠠᠯ ᠳᠤ ᠲᠤᠮᠢᠯᠠᠬᠤ ᠰᠤᠩᠭᠤᠭᠳᠠᠬᠤ ᠬᠦᠮᠦᠨ ᠢ ᠲᠤᠭᠳᠠᠭᠠᠵᠤ ᠪᠤᠯᠤᠨ᠎ᠠ᠃ | ᠲᠢᠩᠭᠢᠮ ᠲᠤᠪᠴᠢᠶ᠎ᠠ ᠶᠢᠨ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠳᠤᠯᠭ᠎ᠠ ᠶᠢᠨ ᠲᠤᠰᠢᠶᠠᠯ ᠪᠤᠶᠤ | ᠡᠰᠡᠬᠦᠯ᠎ᠡ ᠲᠡᠳ᠋ ᠪᠠᠶᠢᠴᠠᠭᠠᠨ ᠰᠤᠳᠤᠯᠤᠭᠴᠢ ᠠᠴᠠ ᠲᠡᠭᠡᠭᠰᠢᠬᠢ ᠵᠢᠴᠢ ᠪᠤᠰᠤᠤᠨ ᠠᠳᠠᠯᠢᠪᠳᠤᠷ ᠲᠤᠰᠢᠶᠠᠯ ᠤᠨ ᠲᠡᠰ | ᠲᠠᠪᠬᠤᠷᠭ᠎ᠠ ᠶᠢᠨ ᠤᠳᠤᠷᠢᠳᠤᠯᠭ᠎ᠠ ᠶᠢᠨ ᠪᠤᠰᠤ ᠲᠤᠰᠢᠶᠠᠯ ᠳᠤ ᠬᠤᠭᠤᠰᠤᠨ ᠤᠷᠤ ᠭᠠᠷᠪᠠᠯ ᠨᠡᠶᠢᠭᠡᠮ ᠳᠤ | ᠬᠠᠨᠳᠤᠭᠤᠯᠵᠤ ᠢᠯᠨ ᠪᠠᠷ ᠰᠢᠯᠢᠨ ᠰᠤᠩᠭᠤᠵᠤ ᠲᠤᠰᠢᠶᠠᠯ ᠲᠤ ᠲᠤᠮᠢᠯᠠᠬᠤ ᠰᠤᠩᠭᠤᠭᠳᠠᠬᠤ ᠬᠦᠮᠦᠨ ᠢ ᠲᠤᠭᠳᠠᠭᠠᠵᠤ | ᠪᠤᠯᠤᠨ᠎ᠠ᠃ ᠠᠩᠬ᠎ᠠ ᠲᠤᠮᠢᠯᠠᠬᠤ ᠰᠢᠬᠦᠭᠴᠢ ᠪᠤᠯᠤᠨ ᠠᠩᠬ᠎ᠠ ᠲᠤᠮᠢᠯᠠᠬᠤ ᠪᠠᠶᠢᠴᠠᠭᠠᠭᠴᠢ ᠶᠢᠨ ᠲᠤᠰᠢᠶᠠᠯ ᠳᠤ | ᠲᠤᠮᠢᠯᠠᠬᠤ ᠰᠤᠩᠭᠤᠭᠳᠠᠬᠤ ᠬᠦᠮᠦᠨ ᠢ ᠲᠤᠭᠳᠠᠭᠠᠬᠤ ᠳᠤ ᠨᠡᠶᠢᠭᠡᠮ ᠳᠤ ᠬᠠᠨᠳᠤᠭᠤᠯᠵᠤ᠂ ᠤᠯᠤᠰ ᠤᠨ ᠨᠢᠭᠡᠳᠦᠯᠳᠡᠢ | ᠬᠠᠥᠯᠢ ᠴᠠᠭᠠᠵᠠ ᠶᠢᠨ ᠰᠢᠯᠭᠠᠯᠳᠠ ᠪᠠᠷ ᠲᠠᠮᠵᠢᠨ ᠭᠢᠷᠢ ᠭᠡᠮ ᠤᠯᠤᠭᠰᠠᠨ ᠬᠦᠮᠦᠨ ᠤ ᠲᠤᠳᠤᠷ᠎ᠠ ᠠᠴᠠ ᠢᠯᠨ ᠪᠠᠷ | ᠰᠢᠯᠢᠨ ᠲᠡᠪᠰᠢᠬᠦᠯᠵᠦ ᠪᠤᠯᠤᠨ᠎ᠠ᠃ | ᠲᠦᠴᠢᠨ ᠵᠢᠷᠭᠤᠳᠤᠭᠠᠷ ᠵᠦᠢᠯ ᠠᠯᠪᠠᠳᠠᠨ ᠢ ᠤᠳᠤᠷᠢᠳᠤᠯᠭ᠎ᠠ ᠶᠢᠨ ᠲᠤᠰᠢᠶᠠᠯ ᠳᠤ ᠲᠡᠪᠰᠢᠬᠦᠯᠬᠦ ᠳᠤ | ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠤᠰᠢᠶᠠᠯ ᠳᠤ ᠲᠤᠮᠢᠯᠠᠬᠤ ᠠᠴᠠ ᠡᠮᠦᠨ᠎ᠡ ᠵᠠᠷᠯᠠᠨ ᠨᠡᠶᠢᠳᠡᠯᠡᠬᠦ ᠲᠦᠷᠢᠮ ᠪᠠ | ᠲᠤᠰᠢᠶᠠᠯ ᠳᠤ ᠲᠤᠮᠢᠯᠠᠬᠤ ᠳᠤ ᠲᠤᠷᠰᠢᠨ ᠭᠡᠷᠡᠭᠯᠡᠬᠦ ᠬᠤᠭᠤᠴᠠᠭᠠᠳᠤ ᠲᠦᠷᠢᠮ ᠢ ᠭᠡᠷᠡᠭᠵᠢᠬᠦᠯᠦᠨ᠎ᠡ᠃ | ᠲᠦᠴᠢᠨ ᠲᠤᠯᠤᠳᠤᠭᠠᠷ ᠵᠦᠢᠯ ᠠᠯᠪᠠᠳᠠᠨ ᠨᠢ ᠲᠤᠭᠳᠠᠭᠰᠠᠨ ᠬᠤᠭᠤᠴᠠᠭᠠᠨ ᠤ ᠬᠢᠨᠠᠨ ᠰᠢᠯᠭᠠᠯᠳᠠ ᠳᠤ | ᠲᠤᠰᠢᠶᠠᠯ ᠳᠠᠭᠠᠨ ᠦᠯᠦ ᠲᠤᠬᠢᠷᠠᠨ᠎ᠠ ᠭᠡᠵᠦ ᠲᠤᠭᠳᠠᠭᠠᠭᠳᠠᠭᠰᠠᠨ ᠪᠠᠶᠢᠪᠠᠯ ᠲᠤᠭᠳᠠᠭᠰᠠᠨ ᠵᠢᠷᠤᠮ ᠶᠤᠰᠤᠭᠠᠷ ᠨᠢᠭᠡ | ᠲᠤᠰᠢᠶᠠᠯ ᠤᠨ ᠲᠡᠰ ᠲᠠᠪᠬᠤᠷᠭ᠎ᠠ ᠪᠠᠭᠤᠷᠠᠭᠤᠯᠤᠨ ᠲᠤᠰᠢᠶᠠᠯ ᠬᠠᠷᠢᠭᠤᠴᠠᠭᠤᠯᠤᠨ᠎ᠠ᠃ | ᠨᠠᠢᠮᠠᠳᠤᠭᠠᠷ ᠪᠦᠯᠦᠭ ᠱᠠᠩᠨᠠᠬᠤ | ᠲᠦᠴᠢᠨ ᠨᠠᠢᠮᠠᠳᠤᠭᠠᠷ ᠵᠦᠢᠯ ᠠᠵᠢᠯ ᠳᠠᠭᠠᠨ ᠲᠤᠪᠤᠶᠢᠮ᠎ᠠ ᠢᠯᠡᠷᠡᠯ ᠲᠠᠢ᠂ ᠢᠯᠡᠥᠨᠳᠡ ᠠᠮᠵᠢᠯᠳᠠ ᠪᠦᠳᠦᠮᠵᠢ | ᠪᠠ ᠬᠤᠪᠢ ᠨᠡᠮᠡᠷᠢ ᠭᠠᠷᠭᠠᠭᠰᠠᠨ ᠪᠤᠶᠤ ᠡᠰᠡᠬᠦᠯ᠎ᠡ ᠪᠤᠰᠤᠤᠨ ᠲᠤᠪᠤᠶᠢᠮ᠎ᠠ ᠦᠢᠯᠨ ᠠᠵᠢᠯᠯᠠᠭ᠎ᠠ ᠲᠠᠢ ᠠᠯᠪᠠᠳᠠᠨ ᠪᠤᠶᠤ | ᠠᠯᠪᠠᠳᠠᠨ ᠤ ᠬᠠᠮᠳᠤ ᠨᠡᠶᠢᠳᠡ ᠶᠢ ᠱᠠᠩᠨᠠᠨ᠎ᠠ᠃ ᠱᠠᠩᠨᠠᠬᠤ ᠳᠠᠭᠠᠨ ᠤᠶᠤᠨ ᠤ ᠱᠠᠩᠨᠠᠯ ᠪᠠ ᠪᠤᠳᠠᠰ ᠤᠨ ᠱᠠᠩᠨᠠᠯ ᠢ | ᠬᠠᠷᠢᠯᠴᠠᠨ ᠤᠶᠠᠯᠳᠤᠭᠤᠯᠵᠤ ᠤᠶᠤᠨ ᠤ ᠱᠠᠩᠨᠠᠯ ᠢᠶᠠᠷ ᠭᠤᠤᠯ ᠪᠤᠯᠭᠠᠬᠤ ᠵᠠᠷᠴᠢᠮ ᠢ ᠪᠠᠷᠢᠮᠳᠠᠯᠠᠨ᠎ᠠ᠃ ᠠᠯᠪᠠᠳᠠᠨ ᠤ | ᠬᠠᠮᠳᠤ ᠨᠡᠶᠢᠳᠡ ᠶᠢ ᠱᠠᠩᠨᠠᠬᠤ ᠨᠢ ᠤᠷᠤᠨ ᠲᠤᠭ᠎ᠠ ᠶᠢᠨ ᠲᠠᠷᠠᠭᠠᠯᠠᠯ ᠢᠶᠠᠷ ᠪᠠᠶᠢᠷᠢᠯᠠᠭᠤᠯᠤᠭᠰᠠᠨ ᠪᠠᠶᠢᠭᠤᠯᠤᠮᠵᠢ | ᠡᠰᠡᠬᠦᠯ᠎ᠡ ᠲᠤᠰᠬᠠᠢ ᠡᠭᠦᠷᠭᠡ ᠶᠢ ᠪᠡᠶᠡᠯᠡᠬᠦᠯᠬᠦ ᠪᠠᠷ ᠪᠦᠷᠢᠯᠳᠦᠭᠰᠡᠨ ᠠᠵᠢᠯ ᠤᠨ ᠬᠠᠮᠳᠤ ᠨᠡᠶᠢᠳᠡ ᠳᠤ ᠲᠤᠬᠢᠷᠠᠨ᠎ᠠ᠃ | ᠲᠦᠴᠢ ᠶᠢᠰᠦᠳᠦᠭᠡᠷ ᠵᠦᠢᠯ ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠳᠤ ᠲᠤᠤᠷ᠎ᠠ ᠲᠤᠷᠠᠳᠤᠭᠰᠠᠨ | ᠢᠯᠡᠷᠡᠯ ᠤᠨ ᠨᠢᠭᠡ ᠨᠢ ᠪᠠᠶᠢᠪᠠᠯ ᠱᠠᠩᠨᠠᠬᠤ ᠭᠡᠷᠡᠭᠳᠡᠢ᠄ | ︵ᠨᠢᠭᠡ︶ ᠡᠭᠦᠷᠭᠡ ᠲᠤᠰᠢᠶᠠᠯ ᠳᠠᠭᠠᠨ ᠰᠢᠳᠤᠷᠭᠤ ᠪᠠᠶᠢᠵᠤ᠂ ᠢᠳᠡᠪᠬᠢᠳᠡᠢ ᠠᠵᠢᠯᠯᠠᠨ᠂ ᠢᠯᠡᠥᠨᠳᠡ | ᠠᠮᠵᠢᠯᠳᠠ ᠪᠦᠳᠦᠭᠡᠯ | ᠭᠠᠷᠭᠠᠭᠰᠠᠨ︔ | ︵ᠬᠤᠶᠠᠷ︶ ᠰᠠᠬᠢᠯᠭ᠎ᠠ ᠪᠠᠳᠤ ᠶᠢ ᠰᠠᠬᠢᠵᠤ᠂ ᠠᠷᠢᠭᠤᠨ ᠴᠢᠬᠡᠴᠢ ᠪᠠᠷ ᠤᠯᠨᠨ ᠤ ᠲᠦᠯᠦᠭᠡ ᠵᠢᠥᠨᠬᠦᠵᠦ᠂ | ᠦᠨᠡᠨ ᠴᠢᠬᠡᠴᠢ ᠤᠪᠤᠷ ᠰᠤᠷᠳᠠᠯ ᠲᠠᠢ ᠪᠠᠶᠢᠵᠤ᠂ ᠲᠦᠪ ᠭᠤᠤᠯᠴᠢ ᠪᠠᠷ ᠠᠵᠢᠯᠯᠠᠨ᠂ ᠵᠢᠱᠢᠶᠡᠴᠢ ᠦᠢᠯᠡᠳᠦᠯ ᠨᠢ | ᠲᠤᠪᠤᠶᠢᠮ᠎ᠠ ᠪᠠᠶᠢᠬᠤ ︔ | ︵ᠭᠤᠷᠪᠠ︶ ᠠᠵᠢᠯ ᠲᠡᠭᠡᠷ᠎ᠡ ᠪᠠᠨ ᠡᠭᠦᠳᠦᠯᠳᠡ ᠪᠦᠳᠦᠭᠡᠯᠳᠡ ᠲᠠᠢ ᠪᠤᠶᠤ ᠵᠦᠢ ᠵᠤᠬᠢᠰᠳᠠᠢ ᠰᠠᠨᠠᠭᠤᠯᠭ᠎ᠠ | ᠲᠤᠷᠠᠥᠨᠴᠤ ᠢᠯᠡᠥᠨᠳᠡ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠯᠭᠤᠭᠰᠠᠨ ︔ | ︵ᠲᠦᠷᠪᠡ︶ ᠦᠨᠳᠦᠰᠦᠳᠡᠨ ᠤ ᠪᠦᠯᠬᠦᠮᠳᠡᠯ ᠢ ᠴᠢᠩᠭᠠᠥᠨᠬᠠᠨ᠂ ᠨᠡᠶᠢᠭᠡᠮ ᠤᠨ ᠲᠤᠭᠳᠠᠭᠤᠨ ᠢ | ᠬᠠᠮᠠᠭᠠᠯᠠᠬᠤ ᠶᠢᠨ ᠲᠦᠯᠦᠭᠡ ᠲᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ︔ | ︵ᠲᠠᠪᠤ︶ ᠨᠡᠶᠢᠳᠡ ᠶᠢᠨ ᠡᠳ᠋ ᠬᠦᠷᠦᠩᠭᠡ ᠶᠢ ᠬᠠᠶᠢᠷᠠᠯᠠᠨ᠂ ᠤᠯᠤᠰ ᠤᠨ ᠡᠳ᠋ ᠮᠦᠡᠭᠭᠦ ᠶᠢ ᠠᠷᠪᠢᠯᠠᠨ | ᠭᠠᠮᠨᠠᠭᠠᠥᠨ ᠲᠤᠪᠤᠶᠢᠮ᠎ᠠ ᠠᠮᠵᠢᠯᠳᠠ ᠪᠦᠳᠦᠭᠡᠯ ᠭᠠᠷᠭᠠᠭᠰᠠᠨ ︔ | ︵ᠵᠢᠷᠭᠤᠭ᠎ᠠ︶ ᠠᠳᠡᠯ ᠢ ᠰᠡᠷᠭᠡᠶᠢᠯᠡᠭᠰᠡᠨ ᠪᠤᠶᠤ ᠠᠳᠡᠯ ᠠᠴᠠ ᠠᠪᠤᠷᠠᠭᠰᠠᠨ ᠭᠠᠪᠢᠶ᠎ᠠ ᠪᠠᠶᠢᠭᠤᠯᠤᠭᠠᠥᠨ ᠤᠯᠤᠰ | ᠪᠤᠯᠤᠨ ᠠᠷᠠᠥᠨ ᠲᠦᠮᠡᠨ ᠤ ᠠᠰᠢᠭ ᠲᠤᠰᠠ ᠶᠢ ᠬᠤᠬᠢᠷᠠᠯ ᠠᠴᠠ ᠵᠠᠶᠢᠯᠠᠭᠤᠯᠤᠭᠰᠠᠨ ᠪᠤᠶᠤ ᠬᠤᠬᠢᠷᠠᠯ ᠢ ᠨᠢ | ᠪᠠᠭᠠᠰᠬᠠᠭᠰᠠᠨ ︔ | ︵ᠲᠤᠯᠤᠭ᠎ᠠ︶ ᠠᠶᠤᠯ ᠠᠴᠠ ᠠᠪᠤᠷᠠᠨ᠂ ᠭᠠᠮᠰᠢᠭ ᠠᠴᠠ ᠠᠪᠤᠷᠠᠬᠤ ᠵᠡᠷᠭᠡ ᠤᠨᠴᠠᠭᠠᠢ ᠪᠠᠶᠢᠳᠠᠯ ᠲᠤᠤᠷ᠎ᠠ | ᠠᠮᠢ ᠪᠡᠶ᠎ᠡ ᠪᠠᠨ ᠬᠠᠶᠢᠬᠤᠷᠤᠯ ᠦᠭᠡᠢ ᠲᠡᠮᠡᠴᠡᠵᠦ ᠬᠤᠪᠢ ᠨᠡᠮᠡᠷᠢ ᠦᠵᠡᠬᠦᠯᠦᠭᠰᠡᠨ ︔ | ︵ᠨᠠᠢᠮᠨ︶ ᠬᠠᠥᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ ᠲᠠᠢ ᠲᠡᠮᠡᠴᠡᠯ ᠶᠠᠪᠤᠭᠤᠯᠵᠤ ᠭᠠᠪᠢᠶ᠎ᠠ ᠵᠢᠥᠨᠭᠦᠯ | ᠭᠠᠷᠭᠠᠭᠰᠠᠨ ︔ | ︵ᠶᠢᠰᠦ︶ ᠭᠠᠳᠠᠭᠠᠳᠤ ᠶᠢᠨ ᠬᠢᠨ ᠲᠠᠢ ᠬᠠᠷᠢᠯᠴᠠᠬᠤ ᠲᠤᠮᠳᠠ ᠤᠯᠤᠰ ᠤᠷᠤᠨ ᠳᠠᠭᠠᠨ ᠢᠷᠠᠭᠤ ᠠᠯᠳᠠᠷ ᠠᠰᠢᠭ | ᠲᠤᠰᠠ ᠤᠯᠭᠤᠵᠤ ᠦᠭᠬᠦᠭᠰᠡᠨ ︔ | ︵ᠠᠷᠪᠠ︶ ᠤᠨᠳᠤᠤ ᠲᠤᠪᠤᠶᠢᠮ᠎ᠠ ᠭᠠᠪᠢᠶ᠎ᠠ ᠵᠢᠥᠨᠭᠦᠯ ᠭᠠᠷᠭᠠᠭᠰᠠᠨ᠃ | ᠲᠠᠪᠢᠳᠤᠭᠠᠷ ᠵᠦᠢᠯ ᠱᠠᠩᠨᠠᠯ ᠢ ᠰᠠᠶᠢᠰᠢᠶᠠᠬᠤ᠂ ᠭᠤᠷᠪᠠᠳᠤᠭᠠᠷ ᠲᠡᠰ ᠤᠨ ᠭᠠᠪᠢᠶ᠎ᠠ ᠲᠡᠮᠳᠡᠭᠯᠡᠬᠦ᠂ ᠬᠤᠶᠠᠳᠤᠭᠠᠷ | ᠲᠡᠰ ᠤᠨ ᠭᠠᠪᠢᠶ᠎ᠠ ᠲᠡᠮᠳᠡᠭᠯᠡᠬᠦ᠂ ᠨᠢᠭᠡᠳᠦᠭᠡᠷ ᠲᠡᠰ ᠤᠨ ᠭᠠᠪᠢᠶ᠎ᠠ ᠲᠡᠮᠳᠡᠭᠯᠡᠬᠦ᠂ ᠢᠷᠠᠭᠤ ᠠᠯᠳᠠᠷ ᠤᠨ ᠴᠤᠯᠨ | ᠤᠯᠭᠤᠬᠤ ᠭᠡᠵᠦ ᠬᠤᠪᠢᠶᠠᠨ᠎ᠠ᠃ ᠱᠠᠩᠨᠠᠯ ᠬᠦᠷᠳᠡᠭᠰᠡᠨ ᠠᠯᠪᠠᠳᠠᠨ ᠪᠠ ᠠᠯᠪᠠᠳᠠᠨ ᠤ ᠬᠠᠮᠳᠤ ᠨᠡᠶᠢᠳᠡ ᠶᠢ | ᠬᠦᠬᠢᠬᠦᠯᠦᠨ ᠰᠠᠶᠢᠰᠢᠶᠠᠬᠤ ᠶᠢᠨ ᠬᠠᠮᠳᠤ ᠨᠢᠭᠡ ᠤᠳᠠᠭᠠᠨ ᠤ ᠴᠢᠨᠠᠷ ᠲᠠᠢ ᠱᠠᠩᠨᠠᠯ ᠤᠨ ᠮᠦᠡᠭᠭᠦ ᠦᠭᠬᠦ ᠪᠤᠶᠤ ᠪᠤᠰᠤᠤᠨ | ᠤᠯᠭᠤᠮᠵᠢ ᠬᠦᠷᠳᠡᠭᠡᠨ᠎ᠡ᠃ | ᠲᠠᠪᠢᠨ ᠨᠢᠭᠡᠳᠦᠭᠡᠷ ᠵᠦᠢᠯ ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠶᠢ ᠱᠠᠩᠨᠠᠬᠤ ᠳᠤ ᠲᠤᠭᠳᠠᠭᠰᠠᠨ | ᠡᠷᠭᠡ ᠮᠡᠳᠡᠯ ᠤᠨ ᠭᠡᠪᠴᠢᠶ᠎ᠡ ᠪᠠ ᠵᠢᠷᠤᠮ ᠶᠤᠰᠤᠭᠠᠷ ᠲᠤᠭᠳᠠᠭᠠᠯ ᠭᠠᠷᠭᠠᠬᠤ ᠪᠤᠶᠤ ᠬᠢᠨᠠᠨ ᠵᠦᠪᠰᠢᠶᠡᠷᠡᠬᠦᠯᠦᠨ᠎ᠡ᠃ | ᠲᠠᠪᠢᠨ ᠬᠤᠶᠠᠳᠤᠭᠠᠷ ᠵᠦᠢᠯ ᠠᠯᠪᠠᠳᠠᠨ ᠪᠤᠶᠤ ᠠᠯᠪᠠᠳᠠᠨ ᠤ ᠬᠠᠮᠳᠤ ᠨᠡᠶᠢᠳᠡ ᠲᠤᠤᠷᠠᠬᠢ ᠪᠠᠶᠢᠳᠠᠯ ᠤᠨ | ᠨᠢᠭᠡ ᠨᠢ ᠪᠠᠶᠢᠪᠠᠯ ᠱᠠᠩᠨᠠᠯ ᠢ ᠨᠢ ᠬᠦᠴᠦᠨ ᠦᠭᠡᠢ ᠪᠤᠯᠭᠠᠨ᠎ᠠ᠄ | ︵ᠨᠢᠭᠡ︶ ᠤᠷᠤ ᠦᠭᠡᠢ ᠭᠠᠵᠠᠷ ᠤᠪᠤᠭ᠎ᠠ ᠪᠤᠰᠬᠠᠵᠤ᠂ ᠱᠠᠩᠨᠠᠯ ᠬᠦᠬᠢᠬᠦᠯᠦᠯ ᠢ ᠮᠡᠭᠡᠯᠡᠨ ᠠᠪᠤᠭᠰᠠᠨ ︔ | ︵ᠬᠤᠶᠠᠷ︶ ᠱᠠᠩᠨᠠᠯ ᠬᠦᠬᠢᠬᠦᠯᠦᠯ ᠢ ᠭᠤᠶᠤᠴᠢᠯᠠᠨ ᠮᠡᠳᠡᠬᠦᠯᠬᠦ ᠳᠡᠭᠡᠨ ᠬᠦᠨᠳᠦ ᠨᠤᠴᠢᠳᠠᠢ ᠠᠯᠳᠠᠭ᠎ᠠ | ᠪᠤᠷᠤᠭᠤ ᠪᠠᠨ ᠨᠢᠭᠤᠨ ᠲᠠᠯᠳᠠᠯᠠᠭᠰᠠᠨ ᠪᠤᠶᠤ ᠲᠤᠭᠳᠠᠭᠰᠠᠨ ᠵᠢᠷᠤᠮ ᠢ ᠬᠦᠨᠳᠦ ᠨᠤᠴᠢᠳᠠᠢ ᠵᠦᠷᠢᠴᠡᠭᠰᠡᠨ ︔ | ︵ᠭᠤᠷᠪᠠ︶ ᠬᠠᠥᠯᠢ ᠲᠦᠷᠢᠮ ᠬᠠᠥᠯᠢ ᠲᠤᠭᠳᠠᠭᠠᠯ ᠳᠤ ᠲᠤᠭᠳᠠᠭᠠᠭᠰᠠᠨ ᠵᠠᠪᠠᠯ ᠱᠠᠩᠨᠠᠯ ᠢ ᠨᠢ ᠬᠦᠴᠦᠨ | ᠦᠭᠡᠢ ᠪᠤᠯᠭᠠᠬᠤ ᠪᠤᠰᠤᠤᠨ ᠪᠠᠶᠢᠳᠠᠯ ᠲᠠᠢ ᠪᠠᠶᠢᠬᠤ᠃ | ᠶᠢᠰᠦᠳᠦᠭᠡᠷ ᠪᠦᠯᠦᠭ ᠵᠠᠯᠬᠠᠭᠠᠨ ᠴᠡᠭᠡᠷᠯᠡᠬᠦᠯᠬᠦ | ᠲᠠᠪᠢᠨ ᠭᠤᠷᠪᠠᠳᠤᠭᠠᠷ ᠵᠦᠢᠯ ᠠᠯᠪᠠᠳᠠᠨ ᠰᠠᠬᠢᠯᠭ᠎ᠠ ᠪᠠᠳᠤ ᠶᠢ ᠵᠢᠷᠤᠮᠯᠠᠨ ᠰᠠᠬᠢᠬᠤ ᠭᠡᠷᠡᠭᠳᠡᠢ᠂ ᠲᠤᠤᠷᠠᠬᠢ | ᠮᠡᠳᠦ ᠦᠢᠯᠨ ᠠᠵᠢᠯᠯᠠᠭ᠎ᠠ ᠪᠠᠶᠢᠵᠤ ᠪᠤᠯᠬᠤ ᠦᠭᠡᠢ᠄ | ︵ᠨᠢᠭᠡ︶ ᠤᠯᠤᠰ ᠤᠨ ᠨᠡᠷ᠎ᠡ ᠲᠦᠷᠦ ᠶᠢ ᠬᠤᠬᠢᠷᠠᠭᠤᠯᠤᠭᠰᠠᠨ ᠦᠭᠡ ᠶᠠᠷᠢᠶ᠎ᠠ ᠲᠠᠷᠬᠠᠭᠠᠬᠤ᠂ ᠤᠯᠤᠰ ᠢ | ᠡᠰᠡᠷᠬᠦᠴᠡᠬᠦ ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠬᠦᠯᠬᠦ ᠵᠡᠷᠭᠡ | ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ | ︵ᠬᠤᠶᠠᠷ︶ ᠬᠠᠥᠯᠢ ᠪᠤᠰᠤ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ | ᠤᠷᠤᠯᠴᠠᠬᠤ᠂ ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠬᠦᠨ ᠳᠤ ᠤᠷᠤᠯᠴᠠᠬᠤ ︔ | ︵ᠭᠤᠷᠪᠠ︶ ᠡᠭᠦᠷᠭᠡ ᠲᠤᠰᠢᠶᠠᠯ ᠳᠠᠭᠠᠨ ᠠᠯᠮᠠᠶᠢᠷᠠᠨ ᠤᠰᠤᠯᠳᠤᠵᠤ᠂ ᠠᠵᠢᠯ ᠶᠠᠪᠤᠳᠠᠯ ᠢᠶᠠᠨ ᠰᠠᠭᠠᠳᠠᠭᠠᠬᠤ | ︔ | ︵ᠲᠦᠷᠪᠡ︶ ᠲᠡᠭᠡᠳᠦ ᠱᠠᠳᠤᠨ ᠤ ᠬᠠᠥᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠠᠷᠯᠢᠭ ᠢ | ᠭᠡᠷᠡᠭᠵᠢᠬᠦᠯᠬᠦ ᠶᠢ ᠲᠡᠪᠴᠢᠬᠦ ︔ | ︵ᠲᠠᠪᠤ︶ ᠰᠢᠬᠦᠮᠵᠢᠯᠡᠯ ᠢ ᠲᠠᠷᠤᠵᠤ᠂ ᠬᠠᠷᠢᠭᠤ ᠠᠪᠴᠤ ᠴᠤᠬᠢᠯᠳᠠ ᠦᠭᠬᠦ ︔ | ︵ᠵᠢᠷᠭᠤᠭ᠎ᠠ︶ ᠤᠪ ᠮᠡᠭᠡ ᠭᠠᠷᠭᠠᠵᠤ ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ ᠬᠦᠳᠦᠯᠬᠦ | ᠪᠡ ᠮᠡᠭᠡᠯᠡᠬᠦ ︔ | ︵ᠲᠤᠯᠤᠭ᠎ᠠ︶ ᠱᠠᠮᠰᠢᠬᠤ᠂ ᠭᠡᠭᠡᠯᠢ ᠲᠦᠯᠬᠢᠬᠦ᠂ ᠬᠠᠭ᠋ᠤᠤᠯᠢ ᠢᠳᠡᠬᠦ᠂ ᠲᠤᠰᠢᠶᠠᠯ ᠢᠶᠠᠨ ᠠᠰᠢᠭᠯᠠᠨ | ᠠᠮᠢᠨ ᠳᠠᠭᠠᠨ ᠪᠤᠶᠤ ᠪᠤᠰᠤᠤᠨ ᠲᠤ ᠬᠤᠪᠢ ᠶᠢᠨ ᠠᠰᠢᠭ ᠤᠯᠭᠤᠬᠤ ︔ | ︵ᠨᠠᠢᠮᠨ︶ ᠡᠳ᠋ ᠤᠨ ᠵᠠᠰᠠᠭ ᠤᠨ ᠰᠠᠬᠢᠯᠭ᠎ᠠ ᠪᠠᠳᠤ ᠶᠢ ᠵᠦᠷᠢᠴᠡᠵᠦ᠂ ᠤᠯᠤᠰ ᠤᠨ ᠡᠳ᠋ ᠮᠦᠡᠭᠭᠦ ᠶᠢ | ᠪᠦᠷᠢᠯᠭᠡᠬᠦ ︔ | ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ ᠠᠷᠠᠥᠨ᠂ ᠬᠠᠥᠯᠢ ᠶᠢᠨ ᠬᠦᠮᠦᠨ ᠪᠤᠶᠤ | ᠪᠤᠰᠤᠤᠨ ᠵᠤᠬᠢᠶᠠᠨ ᠪᠠᠶᠢᠭᠤᠯᠤᠯᠳᠠ ᠶᠢᠨ ᠬᠠᠥᠯᠢ ᠶᠤᠰᠤᠨ ᠤ ᠡᠷᠭᠡ ᠠᠰᠢᠭ ᠲᠤ ᠬᠠᠯᠳᠠᠬᠤ ︔ | ︵ᠠᠷᠪᠠ︶ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ ︔ | ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠲᠤᠮᠳᠠ ᠤᠯᠤᠰ ᠤᠨ ᠨᠡᠷ᠎ᠡ ᠲᠦᠷᠦ ᠪᠤᠯᠤᠨ | ᠠᠰᠢᠭ ᠲᠤᠰᠠ ᠶᠢ ᠬᠤᠬᠢᠷᠠᠭᠤᠯᠬᠤ ︔ | ︵ᠠᠷᠪᠠᠨ ᠬᠤᠶᠠᠷ︶ ᠱᠠᠯᠢᠭ ᠵᠠᠪᠠᠭ᠋ᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ | ᠵᠡᠷᠭᠡ ᠠᠵᠢᠯᠯᠠᠭ᠎ᠠ ᠳᠤ ᠤᠷᠤᠯᠴᠠᠬᠤ ᠪᠤᠶᠤ ᠲᠡᠬᠦᠨ ᠢ ᠲᠡᠮᠵᠢᠬᠦ ︔ | ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ | ᠵᠦᠷᠢᠴᠡᠬᠦ ︔ | ︵ᠠᠷᠪᠠᠨ ᠲᠦᠷᠪᠡ︶ ᠠᠰᠢᠭ ᠬᠤᠨᠵᠢᠪᠤᠷᠢ ᠬᠦᠭᠡᠭᠡᠴᠡᠯᠳᠦᠬᠦ ᠴᠢᠨᠠᠷᠳᠠᠢ ᠠᠵᠢᠯᠯᠠᠭ᠎ᠠ ᠶᠢ ᠡᠷᠬᠢᠯᠡᠬᠦ ᠪᠤᠶᠤ | ᠤᠷᠤᠯᠴᠠᠬᠤ᠂ ᠠᠵᠤ ᠠᠬᠤᠢᠢᠯᠠᠯ ᠪᠤᠶᠤ ᠪᠤᠰᠤᠤᠨ ᠠᠰᠢᠭ ᠬᠤᠨᠵᠢᠪᠤᠷᠢ ᠬᠦᠭᠡᠭᠡᠴᠡᠯᠳᠦᠬᠦ ᠴᠢᠨᠠᠷᠳᠠᠢ ᠵᠤᠬᠢᠶᠠᠨ | ᠪᠠᠶᠢᠭᠤᠯᠤᠯᠳᠠ ᠳᠤ ᠲᠤᠰᠢᠶᠠᠯ ᠬᠠᠪᠰᠤᠷᠭᠠᠨ ᠡᠭᠦᠷᠭᠡᠯᠡᠬᠦ ︔ | ︵ᠠᠷᠪᠠᠨ ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ ᠪᠠ ᠴᠢᠯᠦᠭᠡ | ᠭᠤᠶᠤᠭᠰᠠᠨ ᠬᠤᠭᠤᠴᠠᠭ᠎ᠠ ᠨᠢ ᠲᠤᠯᠤᠭᠠᠥᠨ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠲᠤᠭᠳᠠᠭᠰᠠᠨ | ᠬᠤᠭᠤᠴᠠᠭᠠᠨ ᠳᠠᠭᠠᠨ ᠦᠯᠦ ᠪᠤᠴᠠᠭᠰᠠᠥᠨ ︔ | ︵ᠠᠷᠪᠠᠨ ᠵᠢᠷᠭᠤᠭ᠎ᠠ︶ ᠰᠠᠬᠢᠯᠭ᠎ᠠ ᠪᠠᠳᠤ ᠶᠢ ᠵᠦᠷᠢᠴᠡᠭᠰᠡᠨ ᠪᠤᠰᠤᠤᠨ ᠠᠵᠢᠯᠯᠠᠭ᠎ᠠ ᠨᠤᠭᠤᠳ᠃ | ᠲᠠᠪᠢᠨ ᠲᠦᠷᠪᠡᠳᠦᠭᠡᠷ ᠵᠦᠢᠯ ᠠᠯᠪᠠᠳᠠᠨ ᠠᠯᠪᠠᠨ ᠠᠵᠢᠯ ᠬᠦᠢᠴᠡᠥᠨᠭᠡᠬᠦ ᠳᠡᠭᠡᠨ᠂ ᠲᠡᠭᠡᠳᠦ ᠱᠠᠳᠤᠨ ᠤ | ᠲᠤᠭᠳᠠᠭᠠᠯ ᠪᠤᠶᠤ ᠵᠠᠷᠯᠢᠭ ᠢ ᠪᠤᠷᠤᠭᠤ ᠭᠡᠵᠦ ᠦᠵᠡᠪᠡᠯ᠂ ᠲᠡᠭᠡᠳᠦ ᠱᠠᠳᠤᠨ ᠳᠠᠭᠠᠨ ᠲᠤᠰ ᠲᠤᠭᠳᠠᠭᠠᠯ ᠪᠤᠶᠤ | ᠵᠠᠷᠯᠢᠭ ᠢ ᠦᠭᠡᠷᠡᠴᠢᠯᠡᠬᠦ ᠪᠤᠶᠤ ᠬᠦᠴᠦᠨ ᠦᠭᠡᠢ ᠪᠤᠯᠭᠠᠬᠤ ᠰᠠᠨᠠᠯ ᠢᠶᠠᠨ ᠲᠤᠷᠠᠥᠨᠴᠤ ᠪᠤᠯᠤᠨ᠎ᠠ ︔ ᠲᠡᠭᠡᠳᠦ | ᠱᠠᠳᠤ ᠨᠢ ᠲᠤᠭᠳᠠᠭᠠᠯ ᠪᠤᠶᠤ ᠵᠠᠷᠯᠢᠭ ᠢᠶᠠᠨ ᠦᠭᠡᠷᠡᠴᠢᠯᠡᠬᠦ ᠦᠭᠡᠢ᠂ ᠡᠰᠡᠬᠦᠯ᠎ᠡ ᠲᠠᠷᠤᠢ ᠳᠤᠨᠢ ᠭᠡᠷᠡᠭᠵᠢᠬᠦᠯᠬᠦ ᠪᠠᠷ | ᠱᠠᠭᠠᠷᠳᠠᠪᠠᠯ ᠠᠯᠪᠠᠳᠠᠨ ᠲᠤᠰ ᠲᠤᠭᠳᠠᠭᠠᠯ ᠪᠤᠶᠤ ᠵᠠᠷᠯᠢᠭ ᠢ ᠬᠦᠢᠴᠡᠥᠨᠭᠡᠪᠡᠯ ᠵᠤᠬᠢᠨ᠎ᠠ᠂ ᠬᠦᠢᠴᠡᠥᠨᠭᠡᠭᠰᠡᠨ ᠦᠷ᠎ᠡ | ᠳ᠋ᠥᠩ ᠢ ᠲᠡᠭᠡᠳᠦ ᠱᠠᠳᠤ ᠨᠢ ᠬᠠᠷᠢᠭᠤᠴᠠᠨ᠎ᠠ᠂ ᠠᠯᠪᠠᠳᠠᠨ ᠬᠠᠷᠢᠭᠤᠴᠠᠯᠭ᠎ᠠ ᠡᠭᠦᠷᠭᠡᠯᠡᠬᠦ ᠦᠭᠡᠢ ︔ ᠭᠡᠪᠡᠴᠦ | ᠠᠯᠪᠠᠳᠠᠨ ᠢᠯᠡᠥᠨᠳᠡ ᠬᠠᠥᠯᠢ ᠶᠢ ᠵᠦᠷᠢᠴᠡᠭᠰᠡᠨ ᠲᠤᠭᠳᠠᠭᠠᠯ ᠪᠤᠶᠤ ᠵᠠᠷᠯᠢᠭ ᠢ ᠬᠦᠢᠴᠡᠥᠨᠭᠡᠭᠰᠡᠨ ᠪᠠᠶᠢᠪᠠᠯ ᠬᠠᠥᠯᠢ | ᠶᠤᠰᠤᠭᠠᠷ ᠵᠤᠬᠢᠬᠤ ᠬᠠᠷᠢᠭᠤᠴᠠᠯᠭ᠎ᠠ ᠡᠭᠦᠷᠭᠡᠯᠡᠬᠦ ᠶᠤᠰᠤᠳᠠᠢ᠃ | ᠲᠠᠪᠢᠨ ᠲᠠᠪᠤᠳᠤᠭᠠᠷ ᠵᠦᠢᠯ ᠠᠯᠪᠠᠳᠠᠨ ᠬᠠᠥᠯᠢ ᠶᠢ ᠵᠦᠷᠢᠴᠡᠨ ᠰᠠᠬᠢᠯᠭ᠎ᠠ ᠪᠠᠳᠤ ᠶᠢ ᠵᠦᠷᠢᠴᠡᠭᠰᠡᠨ ᠠᠴᠠ | ᠪᠤᠯᠤᠭᠠᠥᠨ ᠰᠠᠬᠢᠯᠭ᠎ᠠ ᠪᠠᠳᠤ ᠶᠢᠨ ᠬᠠᠷᠢᠭᠤᠴᠠᠯᠭ᠎ᠠ ᠡᠭᠦᠷᠭᠡᠯᠡᠬᠦ ᠶᠤᠰᠤᠳᠠᠢ ᠪᠠᠶᠢᠪᠠᠯ ᠲᠤᠰ ᠬᠠᠥᠯᠢ ᠶᠢ ᠦᠨᠳᠦᠰᠦᠯᠡᠵᠦ | ᠰᠢᠥᠨᠭᠡᠯ ᠤᠯᠭᠤᠨ᠎ᠠ ︔ ᠰᠠᠬᠢᠯᠭ᠎ᠠ ᠪᠠᠳᠤ ᠶᠢ ᠵᠦᠷᠢᠴᠡᠭᠰᠡᠨ ᠦᠢᠯᠨ ᠪᠠᠶᠢᠳᠠᠯ ᠨᠢ ᠬᠦᠡᠭᠭᠡᠨ ᠪᠦᠭᠡᠥᠨ ᠰᠢᠬᠦᠮᠵᠢᠯᠡᠵᠦ | ᠰᠤᠷᠭᠠᠭᠠᠥᠨ ᠵᠠᠯᠠᠷᠠᠭᠤᠯᠤᠭᠰᠠᠨ ᠪᠠᠶᠢᠪᠠᠯ ᠰᠢᠥᠨᠭᠡᠯ ᠦᠭᠬᠦ ᠠᠴᠠ ᠭᠡᠯᠳᠦᠷᠢᠬᠦᠯᠵᠦ ᠪᠤᠯᠤᠨ᠎ᠠ᠃ | ᠲᠠᠪᠢᠨ ᠵᠢᠷᠭᠤᠳᠤᠭᠠᠷ ᠵᠦᠢᠯ ᠰᠢᠥᠨᠭᠡᠯ ᠢ ᠲᠤᠩᠭᠤᠤᠬᠤ᠂ ᠤᠰᠤᠯ ᠲᠡᠮᠳᠡᠭᠯᠡᠬᠦ᠂ ᠲᠤᠮᠤ ᠤᠰᠤᠯ ᠲᠡᠮᠳᠡᠭᠯᠡᠬᠦ᠂ ᠲᠡᠰ ᠢ | ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠵᠡᠷᠭᠡ ᠪᠠᠷ ᠬᠤᠪᠢᠶᠠᠨ᠎ᠠ᠃ | ᠲᠠᠪᠢᠨ ᠲᠤᠯᠤᠳᠤᠭᠠᠷ ᠵᠦᠢᠯ ᠠᠯᠪᠠᠳᠠᠨ ᠳᠤ ᠦᠭᠬᠦ ᠰᠢᠥᠨᠭᠡᠯ ᠨᠢ ᠪᠤᠳᠠᠳᠤ ᠭᠡᠷᠡᠭ ᠨᠢ ᠲᠤᠳᠤᠷᠬᠠᠢ᠂ | ᠭᠡᠷᠡᠴᠢ ᠪᠠᠷᠢᠮᠳᠠ ᠨᠢ ᠦᠨᠡᠨ ᠪᠤᠳᠠᠳᠠᠢ᠂ ᠴᠢᠨᠠᠷ ᠢ ᠲᠤᠭᠳᠠᠭᠠᠭᠰᠠᠨ ᠨᠢ ᠤᠨᠤᠪᠴᠢᠳᠠᠢ᠂ ᠰᠢᠢᠥᠨᠪᠦᠷᠢᠯᠡᠭᠰᠡᠨ ᠨᠢ | ᠲᠤᠬᠢᠷᠠᠮᠵᠢᠳᠠᠢ᠂ ᠵᠢᠷᠤᠮ ᠨᠢ ᠬᠠᠥᠯᠢ ᠳᠤ ᠨᠡᠶᠢᠴᠡᠭᠰᠡᠨ᠂ ᠭᠠᠷ ᠬᠦᠢᠴᠡᠥᠨᠭᠡᠯ ᠨᠢ ᠪᠦᠷᠢᠨ ᠬᠦᠢᠴᠡᠥᠨ ᠪᠠᠶᠢᠬᠤ | ᠭᠡᠷᠡᠭᠳᠡᠢ᠃ ᠠᠯᠪᠠᠳᠠᠨ ᠰᠠᠬᠢᠯᠭ᠎ᠠ ᠪᠠᠳᠤ ᠶᠢ ᠵᠦᠷᠢᠴᠡᠪᠡᠯ ᠰᠢᠥᠨᠭᠡᠯ ᠢ ᠲᠤᠭᠳᠠᠭᠠᠬᠤ ᠪᠠᠶᠢᠭᠤᠯᠭ᠎ᠠ ᠠᠴᠠ ᠠᠯᠪᠠᠳᠠᠨ ᠤ | ᠰᠠᠬᠢᠯᠭ᠎ᠠ ᠪᠠᠳᠤ ᠶᠢ ᠵᠦᠷᠢᠴᠡᠭᠰᠡᠨ ᠪᠠᠶᠢᠳᠠᠯ ᠳᠤ ᠪᠠᠶᠢᠴᠠᠭᠠᠯᠳᠠ ᠬᠢᠵᠦ᠂ ᠪᠠᠶᠢᠴᠠᠭᠠᠨ ᠨᠤᠳᠠᠯᠠᠭᠰᠠᠨ ᠪᠤᠳᠠᠳᠤ ᠭᠡᠷᠡᠭ | ᠵᠢᠴᠢ ᠰᠢᠥᠨᠭᠡᠯ ᠦᠭᠬᠦ ᠪᠠᠷ ᠵᠢᠱᠢᠵᠦ ᠪᠦᠬᠦᠢ ᠦᠨᠳᠦᠰᠦ ᠪᠠᠷᠢᠮᠳᠠ ᠶᠢ ᠠᠯᠪᠠᠳᠠᠨ ᠬᠤᠪᠢ ᠬᠦᠮᠦᠨ ᠳᠤ ᠮᠡᠳᠡᠭᠳᠡᠬᠦ | ᠭᠡᠷᠡᠭᠳᠡᠢ᠃ ᠠᠯᠪᠠᠳᠠᠨ ᠭᠡᠯᠡᠵᠦ ᠲᠤᠳᠤᠷᠬᠠᠢᠢᠯᠠᠬᠤ᠂ ᠲᠠᠶᠢᠯᠪᠤᠷᠢᠯᠠᠬᠤ ᠡᠷᠭᠡ ᠲᠠᠢ᠃ ᠰᠢᠥᠨᠭᠡᠯ ᠢ ᠲᠤᠭᠳᠠᠭᠠᠬᠤ | ᠪᠠᠶᠢᠭᠤᠯᠭ᠎ᠠ ᠠᠴᠠ ᠠᠯᠪᠠᠳᠠᠨ ᠳᠤ ᠰᠢᠥᠨᠭᠡᠯ ᠦᠭᠬᠦ ᠶᠤᠰᠤᠳᠠᠢ ᠭᠡᠵᠦ ᠦᠵᠡᠪᠡᠯ᠂ ᠬᠠᠥᠯᠢ ᠪᠠᠷ ᠲᠤᠭᠳᠠᠭᠠᠭᠰᠠᠨ | ᠬᠤᠭᠤᠴᠠᠭᠠᠨ ᠲᠤᠳᠤᠷ᠎ᠠ ᠬᠠᠮᠢᠶᠠᠷᠤᠯᠳᠠ ᠶᠢᠨ ᠡᠷᠭᠡ ᠮᠡᠳᠡᠯ ᠤᠨ ᠭᠡᠪᠴᠢᠶ᠎ᠡ ᠪᠠ ᠲᠤᠭᠳᠠᠭᠰᠠᠨ ᠵᠢᠷᠤᠮ ᠶᠤᠰᠤᠭᠠᠷ | ᠰᠢᠥᠨᠭᠡᠯ ᠦᠭᠬᠦ ᠲᠤᠭᠳᠠᠭᠠᠯ ᠭᠠᠷᠭᠠᠬᠤ ᠭᠡᠷᠡᠭᠳᠡᠢ᠃ ᠰᠢᠥᠨᠭᠡᠯ ᠦᠭᠬᠦ ᠲᠤᠭᠳᠠᠭᠠᠯ ᠢ ᠪᠢᠴᠢᠭ ᠤᠨ ᠭᠡᠯᠪᠡᠷᠢ ᠪᠠᠷ | ᠠᠯᠪᠠᠳᠠᠨ ᠤ ᠲᠤᠰ ᠪᠡᠶ᠎ᠡ ᠳᠤ ᠮᠡᠳᠡᠭᠳᠡᠬᠦ ᠭᠡᠷᠡᠭᠳᠡᠢ᠃ | ᠲᠠᠪᠢᠨ ᠨᠠᠢᠮᠠᠳᠤᠭᠠᠷ ᠵᠦᠢᠯ ᠰᠢᠥᠨᠭᠡᠯ ᠤᠯᠭᠤᠬᠤ ᠬᠤᠭᠤᠴᠠᠭᠠᠨ ᠳᠤ ᠠᠯᠪᠠᠳᠠᠨ ᠤ ᠲᠤᠰᠢᠶᠠᠯ ᠪᠠ ᠲᠡᠰ ᠢ ᠨᠢ | ᠲᠡᠪᠰᠢᠬᠦᠯᠵᠦ ᠪᠤᠯᠬᠤ ᠦᠭᠡᠢ᠂ ᠡᠭᠦᠨ ᠳᠤ ᠤᠰᠤᠯ ᠲᠡᠮᠳᠡᠭᠯᠡᠬᠦ᠂ ᠲᠤᠮᠤ ᠤᠰᠤᠯ ᠲᠡᠮᠳᠡᠭᠯᠡᠬᠦ᠂ ᠲᠡᠰ ᠢ ᠨᠢ | ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠰᠢᠥᠨᠭᠡᠯ ᠤᠯᠤᠭᠰᠠᠨ ᠪᠤᠯ ᠴᠠᠯᠢᠩ ᠤᠨ ᠲᠡᠰ ᠢ ᠨᠢ | ᠦᠰᠭᠡᠵᠦ ᠪᠤᠯᠬᠤ ᠦᠭᠡᠢ᠃ ᠰᠢᠥᠨᠭᠡᠯ ᠤᠯᠭᠤᠬᠤ ᠬᠤᠭᠤᠴᠠᠭ᠎ᠠ᠄ ᠲᠤᠩᠭᠤᠤᠨᠬᠤ᠂ ᠵᠢᠷᠭᠤᠭᠠᠨ ᠰᠠᠷ᠎ᠠ ︔ ᠤᠰᠤᠯ | ᠲᠡᠮᠳᠡᠭᠯᠡᠬᠦ᠂ ᠠᠷᠪᠠᠨ ᠬᠤᠶᠠᠷ ᠰᠠᠷ᠎ᠠ ︔ ᠲᠤᠮᠤ ᠤᠰᠤᠯ ᠲᠡᠮᠳᠡᠭᠯᠡᠬᠦ᠂ ᠠᠷᠪᠠᠨ ᠨᠠᠢᠮᠠᠨ ᠰᠠᠷ᠎ᠠ ︔ ᠲᠡᠰ ᠢ ᠨᠢ | ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ ᠬᠤᠷᠢᠨ ᠲᠦᠷᠪᠡᠨ ᠰᠠᠷ᠎ᠠ ᠪᠤᠯᠤᠨ᠎ᠠ᠃ ᠲᠤᠰᠢᠶᠠᠯ ᠠᠴᠠ ᠨᠢ | ᠤᠭᠴᠠᠷᠠᠭᠤᠯᠬᠤ ᠰᠢᠥᠨᠭᠡᠯ ᠤᠯᠤᠭᠰᠠᠥᠨ ᠢ ᠲᠤᠭᠳᠠᠭᠠᠯ ᠶᠤᠰᠤᠭᠠᠷ ᠲᠡᠰ ᠢ ᠨᠢ ᠪᠠᠭᠤᠷᠠᠭᠤᠯᠤᠨ᠎ᠠ᠃ | ᠲᠠᠪᠢ ᠶᠢᠰᠦᠳᠦᠭᠡᠷ ᠵᠦᠢᠯ ᠠᠯᠪᠠᠳᠠᠨ ᠠᠵᠢᠯ ᠠᠴᠠ ᠬᠦᠭᠡᠭᠡᠭᠳᠡᠬᠦ ᠰᠢᠥᠨᠭᠡᠯ ᠠᠴᠠ ᠪᠤᠰᠤᠤᠨ ᠰᠢᠥᠨᠭᠡᠯ | ᠤᠯᠵᠤ᠂ ᠰᠢᠥᠨᠭᠡᠯ ᠤᠨ ᠬᠤᠭᠤᠴᠠᠭᠠᠨ ᠳᠤ ᠭᠡᠮᠰᠢᠨ ᠤᠬᠠᠭᠠᠷᠠᠬᠤ ᠢᠯᠡᠷᠡᠯ ᠲᠠᠢ ᠪᠦᠭᠡᠥᠨ ᠲᠠᠬᠢᠨ ᠰᠠᠬᠢᠯᠭ᠎ᠠ ᠶᠢ | ᠵᠦᠷᠢᠴᠡᠭᠰᠡᠨ ᠦᠢᠯᠨ ᠠᠵᠢᠯᠯᠠᠭ᠎ᠠ ᠦᠭᠡᠢ ᠪᠤᠯ ᠰᠢᠥᠨᠭᠡᠯ ᠤᠨ ᠬᠤᠭᠤᠴᠠᠭ᠎ᠠ ᠲᠦᠬᠦᠷᠦᠭᠰᠡᠨ ᠤ ᠲᠠᠷᠠᠭ᠎ᠠ ᠰᠢᠥᠨᠭᠡᠯ ᠢ | ᠲᠤᠭᠳᠠᠭᠠᠭᠰᠠᠨ ᠪᠠᠶᠢᠭᠤᠯᠭ᠎ᠠ ᠠᠴᠠ ᠰᠢᠥᠨᠭᠡᠯ ᠢ ᠲᠠᠶᠢᠯᠵᠤ᠂ ᠪᠢᠴᠢᠭ ᠤᠨ ᠭᠡᠯᠪᠡᠷᠢ ᠪᠠᠷ ᠲᠤᠰ ᠬᠦᠮᠦᠨ ᠳᠤᠨᠢ | ᠮᠡᠳᠡᠭᠳᠡᠬᠦ ᠭᠡᠷᠡᠭᠳᠡᠢ᠃ ᠰᠢᠥᠨᠭᠡᠯ ᠢ ᠲᠠᠶᠢᠯᠤᠭᠰᠠᠨ ᠤ ᠲᠠᠷᠠᠭ᠎ᠠ᠂ ᠴᠠᠯᠢᠩ ᠤᠨ ᠲᠡᠰ᠂ ᠲᠤᠰᠢᠶᠠᠯ ᠤᠨ ᠲᠡᠰ ᠬᠢᠭᠡᠥᠨ | ᠲᠤᠰᠢᠶᠠᠯ ᠲᠡᠪᠰᠢᠬᠦ ᠨᠢ ᠤᠤᠯ ᠤᠨ ᠰᠢᠥᠨᠭᠡᠯ ᠳᠤ ᠲᠠᠬᠢᠨ ᠨᠦᠯᠦᠭᠡᠯᠡᠭᠳᠡᠬᠦ ᠦᠭᠡᠢ᠃ ᠭᠡᠪᠡᠴᠦ ᠲᠡᠰ | ᠪᠠᠭᠤᠷᠠᠭᠤᠯᠤᠭᠰᠠᠨ ᠪᠠ ᠲᠤᠰᠢᠶᠠᠯ ᠠᠴᠠ ᠨᠢ ᠤᠭᠴᠠᠷᠠᠭᠤᠯᠤᠭᠰᠠᠨ ᠰᠢᠥᠨᠭᠡᠯ ᠢ ᠲᠠᠶᠢᠯᠠᠬᠤ ᠶᠠᠪᠤᠳᠠᠯ ᠢ ᠤᠤᠯ ᠤᠨ | ᠲᠡᠰ ᠪᠤᠯᠤᠨ ᠲᠤᠰᠢᠶᠠᠯ ᠢ ᠨᠢ ᠰᠡᠷᠬᠦᠭᠡᠬᠦ ᠶᠠᠪᠤᠳᠠᠯ ᠢᠶᠠᠷ ᠦᠵᠡᠵᠦ ᠪᠤᠯᠬᠤ ᠦᠭᠡᠢ᠃ | ᠠᠷᠪᠠᠳᠤᠭᠠᠷ ᠪᠦᠯᠦᠭ ᠪᠤᠯᠪᠠᠰᠤᠷᠠᠭᠤᠯᠬᠤ | ᠵᠢᠷᠠᠳᠤᠭᠠᠷ ᠵᠦᠢᠯ ᠪᠠᠶᠢᠭᠤᠯᠭ᠎ᠠ ᠠᠴᠠ ᠠᠯᠪᠠᠳᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ | ᠱᠠᠭᠠᠷᠳᠠᠯᠭ᠎ᠠ ᠪᠤᠯᠤᠨ ᠠᠯᠪᠠᠳᠠᠨ ᠤ ᠭᠡᠪ ᠴᠢᠨᠠᠷ ᠢ ᠲᠡᠭᠡᠭᠰᠢᠯᠡᠬᠦᠯᠬᠦ ᠭᠡᠷᠡᠭᠴᠡᠭᠡ ᠶᠢ ᠦᠨᠳᠦᠰᠦᠯᠡᠵᠦ᠂ ᠠᠯᠪᠠᠳᠠᠨ ᠢ | ᠲᠡᠰ ᠲᠦᠷᠦᠯ ᠬᠤᠪᠢᠶᠠᠵᠤ ᠪᠠᠶᠢᠭᠠᠥᠨ ᠪᠤᠯᠪᠠᠰᠤᠷᠠᠭᠤᠯᠤᠯ ᠬᠦᠷᠳᠡᠬᠡᠬᠦ ᠭᠡᠷᠡᠭᠳᠡᠢ᠃ ᠤᠯᠤᠰ ᠠᠴᠠ ᠠᠯᠪᠠᠳᠠᠨ ᠢ | ᠪᠤᠯᠪᠠᠰᠤᠷᠠᠭᠤᠯᠬᠤ ᠲᠤᠰᠬᠠᠢ ᠪᠠᠶᠢᠭᠤᠯᠤᠮᠵᠢ ᠶᠢ ᠪᠠᠶᠢᠭᠤᠯᠤᠨ᠎ᠠ᠃ ᠪᠠᠶᠢᠭᠤᠯᠭ᠎ᠠ ᠨᠢ ᠭᠡᠷᠡᠭᠴᠡᠭᠡ ᠪᠠᠨ ᠦᠨᠳᠦᠰᠦᠯᠡᠵᠦ | ᠪᠤᠰᠤᠤᠨ ᠪᠤᠯᠪᠠᠰᠤᠷᠠᠭᠤᠯᠤᠯ ᠤᠨ ᠪᠠᠶᠢᠭᠤᠯᠤᠮᠵᠢ ᠳᠤ ᠨᠡᠶᠢᠳᠡᠵᠦ ᠠᠯᠪᠠᠳᠠᠨ ᠢ ᠪᠤᠯᠪᠠᠰᠤᠷᠠᠭᠤᠯᠬᠤ ᠡᠭᠦᠷᠭᠡ ᠶᠢ | ᠡᠭᠦᠷᠭᠡᠯᠡᠬᠦᠯᠵᠦ ᠪᠤᠯᠤᠨ᠎ᠠ᠃ | ᠵᠢᠷᠠᠨ ᠨᠢᠭᠡᠳᠦᠭᠡᠷ ᠵᠦᠢᠯ ᠪᠠᠶᠢᠭᠤᠯᠭ᠎ᠠ ᠠᠴᠠ ᠰᠢᠨ᠎ᠡ ᠡᠯᠰᠡᠨ ᠭᠡᠷᠡᠭᠯᠡᠬᠦ ᠬᠦᠮᠦᠰ ᠲᠤ ᠲᠤᠷᠰᠢᠨ ᠭᠡᠷᠡᠭᠯᠡᠬᠦ | ᠬᠤᠭᠤᠴᠠᠭᠠᠨ ᠳᠤ ᠠᠩᠬ᠎ᠠ ᠲᠤᠰᠢᠶᠠᠯ ᠡᠭᠦᠷᠭᠡᠯᠡᠬᠦ ᠪᠤᠯᠪᠠᠰᠤᠷᠠᠭᠤᠯᠤᠯ ᠬᠢᠨ᠎ᠡ ︔ ᠤᠳᠤᠷᠢᠥᠨᠬᠤ ᠲᠤᠰᠢᠶᠠᠯ ᠳᠤ | ᠲᠡᠪᠰᠢᠬᠦ ᠠᠯᠪᠠᠳᠠᠨ ᠳᠤ ᠲᠡᠪᠰᠢᠬᠦ ᠠᠴᠠ ᠡᠮᠦᠨ᠎ᠡ ᠪᠤᠶᠤ ᠲᠡᠪᠰᠢᠭᠰᠡᠨ ᠤ ᠰᠡᠬᠦᠯᠡᠷ ᠨᠢᠭᠡ ᠵᠢᠯ ᠤᠨ ᠲᠤᠳᠤᠷ᠎ᠠ | ᠲᠤᠰᠢᠶᠠᠯ ᠡᠭᠦᠷᠭᠡᠯᠡᠬᠦ ᠪᠤᠯᠪᠠᠰᠤᠷᠠᠭᠤᠯᠤᠯ ᠬᠢᠨ᠎ᠠ ︔ ᠲᠤᠰᠬᠠᠢ ᠲᠦᠷᠦᠯ ᠤᠨ ᠠᠵᠢᠯ ᠡᠷᠬᠢᠯᠡᠵᠦ ᠪᠠᠶᠢᠭ᠎ᠠ | ᠠᠯᠪᠠᠳᠠᠨ ᠳᠤ ᠲᠤᠰᠬᠠᠢᠢᠯᠠᠨ ᠲᠤᠬᠠᠢᠢᠯᠠᠭᠰᠠᠨ ᠠᠵᠢᠯ ᠤᠨ ᠪᠤᠯᠪᠠᠰᠤᠷᠠᠭᠤᠯᠤᠯ ᠬᠢᠨ᠎ᠡ ︔ ᠪᠦᠬᠦ ᠠᠯᠪᠠᠳᠠᠨ ᠳᠤ | ᠮᠡᠳᠡᠯᠭᠡ ᠶᠢ ᠰᠢᠨᠡᠥᠨᠭᠡᠬᠦ᠂ ᠠᠵᠢᠯ ᠤᠨ ᠴᠢᠳᠠᠪᠤᠷᠢ ᠶᠢ ᠲᠡᠭᠡᠭᠰᠢᠯᠡᠬᠦᠯᠬᠦ ᠠᠵᠢᠯ ᠤᠨ ᠪᠠᠶᠢᠷᠢ ᠶᠢᠨ ᠪᠤᠯᠪᠠᠰᠤᠷᠠᠭᠤᠯᠤᠯ | ᠬᠢᠨ᠎ᠡ᠂ ᠡᠭᠦᠨ ᠤ ᠲᠤᠳᠤᠷ᠎ᠠ ᠲᠤᠰᠬᠠᠢ ᠮᠡᠷᠭᠡᠵᠢᠯ ᠤᠨ ᠲᠤᠰᠢᠶᠠᠯ ᠡᠭᠦᠷᠭᠡᠯᠡᠵᠦ ᠪᠠᠶᠢᠭ᠎ᠠ ᠠᠯᠪᠠᠳᠠᠨ ᠳᠤ ᠲᠤᠰᠬᠠᠢ | ᠮᠡᠷᠭᠡᠵᠢᠯ ᠤᠨ ᠠᠵᠢᠯᠳᠠᠨ ᠤ ᠦᠷᠬᠦᠯᠵᠢᠯᠡᠨ ᠰᠤᠷᠭᠠᠨ ᠬᠦᠮᠦᠵᠢᠯ ᠬᠢᠬᠦ ᠱᠠᠭᠠᠷᠳᠠᠯᠭ᠎ᠠ ᠪᠠᠷ ᠲᠤᠰᠬᠠᠢ ᠮᠡᠷᠭᠡᠵᠢᠯ ᠤᠨ | ᠪᠤᠯᠪᠠᠰᠤᠷᠠᠭᠤᠯᠤᠯ ᠬᠢᠨ᠎ᠡ᠃ ᠤᠯᠤᠰ ᠠᠴᠠ ᠲᠦᠯᠦᠪᠯᠡᠭᠡ ᠲᠠᠢ ᠪᠠᠷ ᠪᠡᠯᠡᠥᠨᠭᠡᠯ ᠤᠳᠤᠷᠢᠥᠨᠬᠤ ᠬᠦᠮᠦᠰ ᠢ | ᠪᠤᠯᠪᠠᠰᠤᠷᠠᠭᠤᠯᠬᠤ ᠠᠵᠢᠯ ᠢ ᠴᠢᠩᠭᠠᠥᠨᠬᠠᠨ᠎ᠠ᠃ | ᠵᠢᠷᠠᠨ ᠬᠤᠶᠠᠳᠤᠭᠠᠷ ᠵᠦᠢᠯ ᠠᠯᠪᠠᠳᠠᠨ ᠤ ᠪᠤᠯᠪᠠᠰᠤᠷᠠᠭᠤᠯᠤᠯ ᠳᠤ ᠪᠦᠷᠢᠥᠨᠭᠡᠨ ᠲᠡᠮᠳᠡᠭᠯᠡᠬᠦ | ᠬᠠᠮᠢᠶᠠᠷᠤᠯᠳᠠ ᠶᠢ ᠶᠠᠪᠤᠭᠤᠯᠤᠨ᠎ᠠ᠃ ᠠᠯᠪᠠᠳᠠᠨ ᠤ ᠪᠤᠯᠪᠠᠰᠤᠷᠠᠭᠤᠯᠬᠤ ᠳᠤ ᠤᠷᠤᠯᠴᠠᠬᠤ ᠴᠠᠭ ᠬᠤᠭᠤᠴᠠᠭ᠎ᠠ ᠶᠢ | ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠰ ᠬᠠᠥᠯᠢ ᠶᠢᠨ ᠵᠢᠷᠠᠨ ᠨᠢᠭᠡᠳᠦᠭᠡᠷ ᠵᠦᠢᠯ ᠳᠤ | ᠲᠤᠭᠳᠠᠭᠠᠭᠰᠠᠨ ᠪᠤᠯᠪᠠᠰᠤᠷᠠᠭᠤᠯᠤᠯ ᠤᠨ ᠱᠠᠭᠠᠷᠳᠠᠯᠭ᠎ᠠ ᠶᠢᠨ ᠶᠤᠰᠤᠭᠠᠷ ᠲᠤᠭᠳᠠᠭᠠᠨ᠎ᠠ᠃ ᠠᠯᠪᠠᠳᠠᠨ ᠤ | ᠪᠤᠯᠪᠠᠰᠤᠷᠠᠭᠤᠯᠤᠯ ᠤᠨ ᠪᠠᠶᠢᠳᠠᠯ᠂ ᠰᠤᠷᠤᠯᠭ᠎ᠠ ᠶᠢᠨ ᠬᠢᠷᠢ ᠪᠦᠳᠦᠮᠵᠢ ᠶᠢ ᠠᠯᠪᠠᠳᠠᠨ ᠢ ᠬᠢᠨᠠᠨ ᠰᠢᠯᠭᠠᠬᠤ ᠠᠭᠤᠯᠭ᠎ᠠ᠂ | ᠲᠤᠰᠢᠶᠠᠯ ᠳᠤ ᠲᠤᠮᠢᠯᠠᠬᠤ ᠪᠠ ᠵᠡᠷᠭᠡ ᠲᠡᠪᠰᠢᠬᠦᠯᠬᠦ ᠦᠨᠳᠦᠰᠦ ᠪᠠᠷᠢᠮᠳᠠ ᠶᠢᠨ ᠨᠢᠭᠡ ᠪᠤᠯᠭᠠᠨ᠎ᠠ᠃ | ᠠᠷᠪᠠᠨ ᠨᠢᠭᠡᠳᠦᠭᠡᠷ ᠪᠦᠯᠦᠭ ᠰᠤᠯᠢᠯᠴᠠᠬᠤ ᠪᠠ ᠵᠠᠶᠢᠯᠠᠭᠤᠯᠬᠤ | ᠵᠢᠷᠠᠨ ᠭᠤᠷᠪᠠᠳᠤᠭᠠᠷ ᠵᠦᠢᠯ ᠤᠯᠤᠰ ᠠᠴᠠ ᠠᠯᠪᠠᠳᠠᠨ ᠤ ᠰᠤᠯᠢᠯᠴᠠᠬᠤ ᠲᠦᠷᠢᠮ ᠢ ᠭᠡᠷᠡᠭᠵᠢᠬᠦᠯᠦᠨ᠎ᠡ᠃ | ᠠᠯᠪᠠᠳᠠᠨ ᠢ ᠠᠯᠪᠠᠳᠠᠨ ᠤ ᠡᠩᠨᠡᠭᠡᠨ ᠤ ᠲᠤᠳᠤᠭᠠᠳᠤ ᠳᠠᠭᠠᠨ ᠰᠤᠯᠢᠯᠴᠠᠵᠤ ᠪᠤᠯᠬᠤ ᠪᠦᠭᠡᠥᠨ ᠪᠠᠰᠠ ᠪᠦᠬᠦ ᠤᠯᠤᠰ ᠤᠨ | ᠦᠮᠴᠢᠯᠡᠯᠳᠦ ᠠᠵᠤ ᠠᠬᠤᠢᠢᠯᠠᠯ ᠠᠵᠢᠯ ᠦᠢᠯᠡᠰ ᠤᠨ ᠨᠢᠭᠡᠴᠡ᠂ ᠠᠷᠠᠥᠨ ᠤᠨ ᠪᠦᠯᠬᠦᠮ ᠪᠠ ᠤᠯᠠᠨ ᠲᠦᠮᠡᠨ ᠤ | ᠪᠦᠯᠬᠦᠮ ᠤᠨ ᠲᠤᠳᠤᠷᠠᠬᠢ ᠠᠯᠪᠠᠨ ᠠᠵᠢᠯᠳᠠᠨ ᠢ ᠡᠷᠬᠢᠯᠡᠵᠦ ᠪᠠᠶᠢᠭ᠎ᠠ ᠠᠵᠢᠯᠳᠠᠨ ᠲᠠᠢ ᠰᠤᠯᠢᠯᠴᠠᠵᠤ ᠪᠤᠯᠤᠨ᠎ᠠ᠃ | ᠰᠤᠯᠢᠯᠴᠠᠬᠤ ᠠᠷᠭ᠎ᠠ ᠭᠡᠯᠪᠡᠷᠢ ᠳᠤ ᠰᠢᠯᠵᠢᠬᠦᠯᠦᠨ ᠲᠤᠮᠢᠯᠠᠬᠤ᠂ ᠬᠠᠯᠠᠨ ᠲᠤᠮᠢᠯᠠᠬᠤ ᠪᠠ ᠲᠤᠰᠢᠶᠠᠯ ᠲᠠᠢ | ᠪᠤᠯᠪᠠᠰᠤᠷᠠᠭᠤᠯᠬᠤ ᠪᠠᠭᠳᠠᠨ᠎ᠠ᠃ | ᠵᠢᠷᠠᠨ ᠲᠦᠷᠪᠡᠳᠦᠭᠡᠷ ᠵᠦᠢᠯ ᠤᠯᠤᠰ ᠤᠨ ᠦᠮᠴᠢᠯᠡᠯᠳᠦ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠡ | ᠂ ᠠᠷᠠᠥᠨ ᠤᠨ ᠪᠦᠯᠬᠦᠮ ᠪᠠ ᠤᠯᠠᠨ ᠲᠦᠮᠡᠨ ᠤ ᠪᠦᠯᠬᠦᠮ ᠤᠨ ᠲᠤᠳᠤᠷᠠᠬᠢ ᠠᠯᠪᠠᠨ ᠠᠵᠢᠯ ᠢ ᠡᠷᠬᠢᠯᠡᠵᠦ ᠪᠠᠶᠢᠭ᠎ᠠ | ᠠᠵᠢᠯᠳᠠᠨ ᠪᠠᠶᠢᠭᠤᠯᠭ᠎ᠠ ᠳᠤ ᠰᠢᠯᠵᠢᠨ ᠤᠷᠤᠵᠤ ᠤᠳᠤᠷᠢᠳᠤᠯᠭ᠎ᠠ ᠶᠢᠨ ᠲᠤᠰᠢᠶᠠᠯ ᠪᠤᠶᠤ ᠲᠤᠰᠠᠯᠠᠬᠤ ᠪᠠᠶᠢᠴᠠᠭᠠᠨ | ᠰᠤᠳᠤᠯᠤᠭᠴᠢ ᠠᠴᠠ ᠲᠡᠭᠡᠭᠰᠢᠬᠢ ᠪᠠ ᠪᠤᠰᠤᠤᠨ ᠠᠳᠠᠯᠢ ᠲᠤᠰᠢᠶᠠᠯ ᠤᠨ ᠲᠡᠰ ᠲᠠᠪᠬᠤᠷᠭ᠎ᠠ ᠶᠢᠨ ᠤᠳᠤᠷᠢᠳᠤᠯᠭ᠎ᠠ ᠶᠢᠨ | ᠪᠤᠰᠤ ᠲᠤᠰᠢᠶᠠᠯ ᠢ ᠬᠠᠷᠢᠭᠤᠴᠠᠵᠤ ᠪᠤᠯᠤᠨ᠎ᠠ᠃ ᠰᠢᠯᠵᠢᠨ ᠲᠤᠰᠢᠶᠠᠯ ᠬᠠᠷᠢᠭᠤᠴᠠᠭᠰᠠᠤᠨ ᠨᠢ ᠲᠤᠰ ᠬᠠᠥᠯᠢ ᠶᠢᠨ | ᠠᠷᠪᠠᠨ ᠨᠢᠭᠡᠳᠦᠭᠡᠷ ᠵᠦᠢᠯ ᠳᠤ ᠲᠤᠭᠳᠠᠭᠠᠭᠰᠠᠨ ᠨᠦᠬᠦᠴᠡᠯ ᠬᠢᠭᠡᠥᠨ ᠲᠤᠮᠢᠯᠠᠬᠤ ᠪᠠᠷ ᠵᠢᠱᠢᠵᠦ ᠪᠦᠬᠦᠢ ᠲᠤᠰᠢᠶᠠᠯ ᠤᠨ | ᠪᠠᠶᠢᠷᠢ ᠳᠤ ᠱᠠᠭᠠᠷᠳᠠᠭᠳᠠᠬᠤ ᠭᠢᠷᠢ ᠭᠡᠮ ᠤᠨ ᠨᠦᠬᠦᠴᠡᠯ ᠢ ᠪᠦᠷᠢᠯᠳᠦᠬᠦᠯᠬᠦ ᠭᠡᠷᠡᠭᠳᠡᠢ ᠪᠦᠭᠡᠥᠨ ᠲᠤᠰ ᠬᠠᠥᠯᠢ ᠶᠢᠨ | ᠬᠤᠷᠢᠨ ᠲᠦᠷᠪᠡᠳᠦᠭᠡᠷ ᠵᠦᠢᠯ ᠳᠤ ᠲᠤᠭᠳᠠᠭᠠᠭᠰᠠᠨ ᠪᠠᠶᠢᠳᠠᠯ ᠲᠠᠢ ᠪᠠᠶᠢᠵᠤ ᠪᠤᠯᠬᠤ ᠦᠭᠡᠢ᠃ ᠰᠢᠯᠵᠢᠬᠦᠯᠦᠨ | ᠲᠤᠮᠢᠯᠠᠬᠤ ᠪᠠᠶᠢᠭᠤᠯᠭ᠎ᠠ ᠨᠢ ᠲᠡᠭᠡᠷ᠎ᠡ ᠲᠤᠷᠠᠳᠤᠭᠰᠠᠨ ᠲᠤᠭᠳᠠᠭᠠᠯ ᠢ ᠦᠨᠳᠦᠰᠦᠯᠡᠵᠦ ᠰᠢᠯᠵᠢᠨ ᠲᠤᠰᠢᠶᠠᠯ | ᠬᠠᠷᠢᠭᠤᠴᠠᠭᠰᠠᠥᠨ ᠢ ᠴᠢᠩᠭ᠎ᠠ ᠬᠢᠨᠠᠨ ᠰᠢᠯᠭᠠᠵᠤ᠂ ᠬᠠᠮᠢᠶᠠᠷᠤᠯᠳᠠ ᠶᠢᠨ ᠡᠷᠭᠡ ᠮᠡᠳᠡᠯ ᠤᠨ ᠬᠡᠪᠴᠢᠶ᠎ᠡ ᠶᠤᠰᠤᠭᠠᠷ | ᠬᠢᠨᠠᠨ ᠵᠦᠪᠰᠢᠶᠡᠷᠡᠬᠦᠯᠬᠦ ᠭᠡᠷᠡᠭᠳᠡᠢ᠂ ᠴᠢᠬᠤᠯᠨ ᠲᠠᠢ ᠦᠶ᠎ᠡ ᠳᠤ ᠰᠢᠯᠵᠢᠨ ᠲᠤᠰᠢᠶᠠᠯ ᠬᠠᠷᠢᠭᠤᠴᠠᠭᠰᠠᠥᠨ ᠲᠤ | ᠰᠢᠯᠭᠠᠯᠳᠠ ᠬᠢᠵᠦ ᠪᠤᠯᠤᠨ᠎ᠠ᠃ | ᠵᠢᠷᠠᠨ ᠲᠠᠪᠤᠳᠤᠭᠠᠷ ᠵᠦᠢᠯ ᠠᠯᠪᠠᠳᠠᠨ ᠢ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠬᠤᠭᠤᠷᠤᠨᠳᠤ ᠬᠠᠯᠠᠨ | ᠲᠤᠮᠢᠯᠠᠬᠤ ᠳᠤ ᠡᠷᠭᠡᠪᠡᠰᠢ ᠲᠤᠮᠢᠯᠠᠬᠤ ᠪᠠᠷ ᠵᠢᠱᠢᠵᠦ ᠪᠦᠬᠦᠢ ᠲᠤᠰᠢᠶᠠᠯ ᠤᠨ ᠪᠠᠶᠢᠷᠢ ᠳᠤ ᠱᠠᠭᠠᠷᠳᠠᠭᠳᠠᠬᠤ ᠬᠢᠷᠢ ᠭᠡᠮ ᠢ | ᠪᠦᠷᠢᠯᠳᠦᠬᠦᠯᠵᠦ᠂ ᠲᠤᠭᠳᠠᠭᠰᠠᠨ ᠤᠷᠤᠨ ᠲᠤᠭᠠᠨ ᠤ ᠬᠢᠵᠠᠭᠠᠷᠯᠠᠯ ᠪᠠ ᠲᠤᠰᠢᠶᠠᠯ ᠤᠨ ᠲᠤᠭ᠎ᠠ ᠶᠤᠰᠤᠭᠠᠷ ᠬᠢᠬᠦ | ᠭᠡᠷᠡᠭᠳᠡᠢ᠃ ᠮᠤᠵᠢ᠂ ᠶᠠᠮᠤᠨ ᠤ ᠱᠠᠳᠤᠨ ᠤ ᠵᠢᠩᠭᠢᠨᠢ ᠲᠤᠰᠢᠶᠠᠯ ᠠᠴᠠ ᠲᠤᠷᠤᠭᠰᠢᠬᠢ ᠤᠳᠤᠷᠢᠥᠨᠬᠤ ᠪᠦᠷᠢᠯᠳᠦᠬᠦᠨ ᠢ | ᠲᠦᠯᠦᠪᠯᠡᠭᠡ ᠲᠠᠢ ᠭᠤᠤᠯᠳᠠᠯᠭ᠎ᠠ ᠲᠠᠢ ᠪᠠᠷ ᠭᠠᠵᠠᠷ ᠤᠷᠤᠨ ᠠᠯᠤᠰᠯᠠᠨ᠂ ᠰᠠᠯᠠᠭ᠎ᠠ ᠮᠦᠴᠢᠷ ᠠᠯᠤᠰᠯᠠᠵᠤ ᠬᠠᠯᠠᠨ | ᠲᠤᠮᠢᠯᠠᠬᠤ ᠭᠡᠷᠡᠭᠳᠡᠢ᠃ ᠪᠠᠶᠢᠭᠤᠯᠭ᠎ᠠ ᠶᠢᠨ ᠲᠤᠳᠤᠭᠠᠳᠤ ᠳᠤ ᠲᠤᠬᠢᠷᠠᠭᠤᠯᠤᠭᠰᠠᠨ ᠪᠠᠶᠢᠭᠤᠯᠤᠮᠵᠢ ᠶᠢᠨ | ᠤᠳᠤᠷᠢᠳᠤᠯᠭ᠎ᠠ ᠶᠢᠨ ᠲᠤᠰᠢᠶᠠᠯ ᠪᠠ ᠤᠨᠴᠠᠭᠠᠢ ᠠᠵᠢᠯ ᠤᠨ ᠰᠢᠨᠵᠢ ᠴᠢᠨᠠᠷ ᠲᠠᠢ ᠤᠳᠤᠷᠢᠳᠤᠯᠭ᠎ᠠ ᠶᠢᠨ ᠪᠤᠰᠤ | ᠲᠤᠰᠢᠶᠠᠯ ᠢ ᠡᠭᠦᠷᠭᠡᠯᠡᠬᠦ ᠠᠯᠪᠠᠳᠠᠨ ᠢ ᠲᠦᠯᠦᠪᠯᠡᠭᠡ ᠲᠠᠢ ᠪᠠᠷ ᠲᠤᠰ ᠪᠠᠶᠢᠭᠤᠯᠭ᠎ᠠ ᠶᠢᠨ ᠲᠤᠳᠤᠭᠠᠳᠤ ᠳᠤ ᠬᠠᠯᠠᠨ | ᠲᠤᠮᠢᠯᠠᠪᠠᠯ ᠵᠤᠬᠢᠨ᠎ᠠ᠃ | ᠵᠢᠷᠠᠨ ᠵᠢᠷᠭᠤᠳᠤᠭᠠᠷ ᠵᠦᠢᠯ ᠠᠯᠪᠠᠳᠠᠨ ᠢ ᠬᠦᠮᠦᠵᠢᠬᠦᠯᠦᠨ ᠪᠤᠯᠪᠠᠰᠤᠷᠠᠭᠤᠯᠬᠤ ᠭᠡᠷᠡᠭᠴᠡᠭᠡ ᠶᠢ | ᠦᠨᠳᠦᠰᠦᠯᠡᠨ ᠠᠯᠪᠠᠳᠠᠨ ᠢ ᠲᠤᠤᠷᠠᠳᠤ ᠱᠠᠳᠤᠨ ᠤ ᠠᠯᠪᠠᠨ ᠪᠠᠶᠢᠭᠤᠯᠭ᠎ᠠ ᠪᠤᠶᠤ ᠡᠰᠡᠬᠦᠯ᠎ᠡ ᠲᠡᠬᠡᠳᠦ ᠱᠠᠳᠤᠨ ᠤ | ᠠᠯᠪᠠᠨ ᠪᠠᠶᠢᠭᠤᠯᠭ᠎ᠠ᠂ ᠪᠤᠰᠤᠤᠨ ᠭᠠᠵᠠᠷ ᠤᠷᠤᠨ ᠵᠢᠴᠢ ᠤᠯᠤᠰ ᠤᠨ ᠦᠮᠴᠢᠯᠡᠯᠳᠦ ᠠᠵᠤ ᠠᠬᠤᠢᠢᠯᠠᠯ᠂ ᠠᠵᠢᠯ | ᠦᠢᠯᠡᠰ ᠤᠨ ᠨᠢᠭᠡᠴᠡ ᠳᠤ ᠰᠢᠯᠢᠨ ᠲᠤᠮᠢᠯᠠᠵᠤ ᠲᠤᠰᠢᠶᠠᠯ ᠲᠠᠢ ᠪᠤᠯᠪᠠᠰᠤᠷᠠᠭᠤᠯᠬᠤ ᠪᠤᠯᠤᠨ᠎ᠠ᠃ ᠲᠤᠰᠢᠶᠠᠯ ᠲᠠᠢ | ᠪᠤᠯᠪᠠᠰᠤᠷᠠᠭᠤᠯᠵᠤ ᠪᠠᠶᠢᠭ᠎ᠠ ᠬᠤᠭᠤᠴᠠᠭᠠᠨ ᠳᠤ ᠠᠯᠪᠠᠳᠠᠨ ᠤ ᠤᠤᠯ ᠪᠠᠶᠢᠭᠤᠯᠭ᠎ᠠ ᠯᠤᠭ᠎ᠠ ᠶᠢᠨ ᠠᠵᠢᠯᠳᠠᠨ ᠤ | ᠶᠠᠪᠤᠳᠠᠯ ᠤᠨ ᠬᠠᠷᠢᠴᠠᠭ᠎ᠠ ᠶᠢ ᠬᠤᠪᠢᠷᠠᠭᠤᠯᠬᠤ ᠦᠭᠡᠢ᠃ | ᠵᠢᠷᠠᠨ ᠲᠤᠯᠤᠳᠤᠭᠠᠷ ᠵᠦᠢᠯ ᠠᠯᠪᠠᠳᠠᠨ ᠨᠢ ᠪᠠᠶᠢᠭᠤᠯᠭ᠎ᠠ ᠶᠢᠨ ᠢᠶᠠᠨ ᠰᠤᠯᠢᠯᠴᠠᠬᠤ ᠲᠤᠭᠳᠠᠭᠠᠯ ᠢ ᠲᠠᠭᠠᠬᠤ | ᠭᠡᠷᠡᠭᠳᠡᠢ᠃ ᠠᠯᠪᠠᠳᠠᠨ ᠬᠤᠪᠢ ᠬᠦᠮᠦᠨ ᠰᠤᠯᠢᠯᠴᠠᠬᠤ ᠶᠢ ᠭᠤᠶᠤᠴᠢᠯᠠᠪᠠᠯ ᠬᠠᠮᠢᠶᠠᠷᠤᠯᠳᠠ ᠶᠢᠨ ᠡᠷᠭᠡ ᠮᠡᠳᠡᠯ ᠤᠨ | ᠭᠡᠪᠴᠢᠶ᠎ᠡ ᠶᠤᠰᠤᠭᠠᠷ ᠬᠢᠨᠠᠨ ᠵᠦᠪᠰᠢᠶᠡᠷᠡᠬᠦᠯᠦᠨ᠎ᠡ᠃ | ᠵᠢᠷᠠᠨ ᠨᠠᠢᠮᠠᠳᠤᠭᠠᠷ ᠵᠦᠢᠯ ᠠᠯᠪᠠᠳᠠᠨ ᠤ ᠬᠤᠭᠤᠷᠤᠨᠳᠤ ᠡᠷ᠎ᠡ ᠡᠮ᠎ᠡ ᠶᠢᠨ ᠬᠠᠷᠢᠴᠠᠭ᠎ᠠ ᠲᠠᠢ᠂ ᠴᠢᠰᠤᠨ | ᠲᠦᠷᠦᠯ ᠤᠨ ᠬᠠᠷᠢᠴᠠᠭ᠎ᠠ ᠲᠠᠢ᠂ ᠭᠤᠷᠪᠠᠨ ᠦᠶ᠎ᠡ ᠶᠢᠨ ᠲᠤᠳᠤᠷᠠᠬᠢ ᠦᠶᠡᠯᠢᠥᠨ ᠴᠢᠰᠦᠨ ᠲᠦᠷᠦᠯ ᠤᠨ ᠬᠠᠷᠢᠴᠠᠭ᠎ᠠ | ᠵᠢᠴᠢ ᠦᠢᠷ᠎ᠠ ᠤᠷᠤᠭ ᠰᠠᠳᠤᠨ ᠤ ᠬᠠᠷᠢᠴᠠᠭ᠎ᠠ ᠲᠠᠢ ᠪᠠᠶᠢᠪᠠᠯ᠂ ᠨᠢᠭᠡ ᠪᠠᠶᠢᠭᠤᠯᠭ᠎ᠠ ᠳᠤ ᠬᠤᠶᠠᠷ ᠡᠳᠡᠭᠡᠥᠨ ᠢᠶᠠᠷ ᠢᠶᠠᠨ | ᠨᠢᠭᠡ ᠤᠳᠤᠷᠢᠳᠤᠯᠭ᠎ᠠ ᠳᠤ ᠰᠢᠭᠤᠤᠨ ᠬᠠᠷᠢᠶᠠᠯᠠᠭᠳᠠᠬᠤ ᠲᠤᠰᠢᠶᠠᠯ ᠪᠤᠶᠤ ᠰᠢᠭᠤᠤᠨ ᠲᠡᠭᠡᠳᠦ ᠲᠤᠤᠷᠠᠳᠤ ᠱᠠᠳᠤᠨ ᠤ | ᠤᠳᠤᠷᠢᠥᠨᠬᠤ ᠬᠠᠷᠢᠴᠠᠭ᠎ᠠ ᠲᠠᠢ ᠲᠤᠰᠢᠶᠠᠯ ᠢ ᠬᠠᠷᠢᠭᠤᠴᠠᠵᠤ ᠪᠤᠯᠬᠤ ᠦᠭᠡᠢ ᠪᠦᠭᠡᠥᠨ ᠲᠡᠬᠦᠨ ᠤ ᠨᠢᠭᠡ ᠡᠳᠡᠭᠡᠥᠨ ᠨᠢ | ᠤᠳᠤᠷᠢᠳᠤᠯᠭ᠎ᠠ ᠶᠢᠨ ᠲᠤᠰᠢᠶᠠᠯ ᠬᠠᠷᠢᠭᠤᠴᠠᠵᠤ ᠪᠠᠶᠢᠭ᠎ᠠ ᠪᠠᠶᠢᠭᠤᠯᠭ᠎ᠠ ᠳᠤ ᠵᠤᠬᠢᠶᠠᠨ ᠪᠠᠶᠢᠭᠤᠯᠬᠤ᠂ ᠠᠵᠢᠯᠳᠠᠨ ᠤ | ᠶᠠᠪᠤᠳᠠᠯ᠂ ᠰᠠᠬᠢᠯᠭ᠎ᠠ ᠪᠠᠳᠤ ᠪᠠᠶᠢᠴᠠᠭᠠᠬᠤ᠂ ᠬᠢᠨᠠᠨ ᠪᠠᠶᠢᠴᠠᠭᠠᠬᠤ᠂ ᠬᠢᠨᠠᠨ ᠪᠤᠳᠤᠬᠤ ᠬᠢᠭᠡᠥᠨ ᠡᠳ᠋ ᠤᠨ ᠶᠠᠪᠤᠳᠠᠯ ᠤᠨ | ᠠᠵᠢᠯ ᠢ ᠬᠢᠵᠦ ᠪᠤᠯᠬᠤ ᠦᠭᠡᠢ᠃ ᠭᠠᠵᠠᠷ ᠤᠷᠤᠨ ᠪᠤᠶᠤ ᠠᠵᠢᠯ ᠤᠨ ᠰᠢᠨᠵᠢ ᠴᠢᠨᠠᠷ ᠤᠨᠴᠠᠭᠠᠢ ᠠᠴᠠ ᠪᠤᠯᠵᠤ | ᠲᠤᠰᠢᠶᠠᠯ ᠤᠨ ᠵᠠᠶᠢᠯᠠᠭᠤᠯᠤᠯᠳᠠ ᠶᠢ ᠦᠭᠡᠷᠡᠳᠡᠬᠦᠯᠦᠨ ᠭᠡᠷᠡᠭᠵᠢᠬᠦᠯᠬᠦ ᠴᠢᠬᠤᠯᠨ ᠲᠠᠢ ᠦᠶ᠎ᠡ ᠳᠤ ᠮᠤᠵᠢ ᠶᠢᠨ | ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠵᠢᠷᠠ ᠶᠢᠰᠦᠳᠦᠭᠡᠷ ᠵᠦᠢᠯ ᠠᠯᠪᠠᠳᠠᠨ ᠰᠢᠶᠠᠩ ᠤᠨ ᠱᠠᠳᠤᠨ ᠤ ᠪᠠᠶᠢᠭᠤᠯᠭ᠎ᠠ᠂ ᠰᠢᠶᠠᠨ ᠤ ᠱᠠᠳᠤᠨ ᠤ | ᠪᠠᠶᠢᠭᠤᠯᠭ᠎ᠠ ᠵᠢᠴᠢ ᠲᠡᠬᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠤᠳᠤᠷᠢᠥᠨᠬᠤ ᠲᠤᠰᠢᠶᠠᠯ ᠢ | ᠡᠭᠦᠷᠭᠡᠯᠡᠬᠦ ᠳᠤ ᠬᠠᠥᠯᠢ ᠳᠤ ᠠᠰᠳᠠᠭᠠᠨ ᠲᠤᠭᠳᠠᠭᠠᠯ ᠪᠠᠶᠢᠬᠤ ᠠᠴᠠ ᠪᠤᠰᠤᠤᠨ ᠨᠢ ᠭᠠᠵᠠᠷ ᠤᠷᠤᠨ ᠤ | ᠵᠠᠶᠢᠯᠠᠭᠤᠯᠤᠯᠳᠠ ᠶᠢ ᠬᠡᠷᠡᠭᠵᠢᠬᠦᠯᠬᠦ ᠭᠡᠷᠡᠭᠳᠡᠢ᠃ | ᠲᠠᠯᠠᠳᠤᠭᠠᠷ ᠵᠦᠢᠯ ᠠᠯᠪᠠᠳᠠᠨ ᠠᠯᠪᠠᠨ ᠠᠵᠢᠯ ᠢ ᠬᠦᠢᠴᠡᠥᠨᠭᠡᠬᠦ ᠦᠶ᠎ᠡ ᠳᠤ ᠲᠤᠤᠷᠠᠬᠢ ᠪᠠᠶᠢᠳᠠᠯ ᠤᠨ ᠠᠯᠢ | ᠨᠢᠭᠡᠨ ᠵᠦᠢᠯ ᠪᠠᠶᠢᠪᠠᠯ ᠵᠠᠶᠢᠯᠠᠭᠤᠯᠬᠤ ᠭᠡᠷᠡᠭᠳᠡᠢ᠄ | ︵ᠨᠢᠭᠡ︶ ᠬᠤᠪᠢ ᠪᠡᠶ᠎ᠡ ᠶᠢᠨ ᠠᠰᠢᠭ ᠬᠤᠤᠷ ᠤᠨ ᠬᠠᠷᠢᠴᠠᠭ᠎ᠠ ᠲᠠᠢ ᠬᠤᠯᠪᠤᠭᠳᠠᠬᠤ ︔ | ︵ᠬᠤᠶᠠᠷ︶ ᠬᠤᠪᠢ ᠬᠦᠮᠦᠨ ᠯᠦᠭᠡ ᠲᠤᠰ ᠬᠠᠥᠯᠢ ᠶᠢᠨ ᠵᠢᠷᠠᠨ ᠨᠠᠢᠮᠠᠳᠤᠭᠠᠷ ᠵᠦᠢᠯ ᠤᠨ ᠨᠢᠭᠡᠳᠦᠭᠡᠷ | ᠵᠤᠷᠪᠤᠰ ᠲᠤ ᠵᠢᠭᠰᠠᠭᠠᠭᠰᠠᠨ ᠲᠦᠷᠦᠯ ᠰᠠᠳᠤᠨ ᠤ ᠬᠠᠷᠢᠴᠠᠭ᠎ᠠ ᠲᠠᠢ ᠬᠦᠮᠦᠰ ᠤᠨ ᠠᠰᠢᠭ ᠬᠤᠤᠷ ᠤᠨ | ᠬᠠᠷᠢᠴᠠᠭ᠎ᠠ ᠳᠤ ᠬᠤᠯᠪᠤᠭᠳᠠᠬᠤ ︔ | ︵ᠭᠤᠷᠪᠠ︶ ᠭᠤᠤᠯᠴᠢ ᠪᠠᠷ ᠠᠯᠪᠠᠨ ᠭᠡᠷᠡᠭ ᠬᠦᠢᠴᠡᠥᠨᠭᠡᠬᠦ ᠶᠢ ᠨᠦᠯᠦᠭᠡᠯᠡᠵᠦ ᠮᠡᠳᠡᠬᠦ ᠪᠤᠰᠤᠤᠨ ᠲᠠᠯ᠎ᠠ᠃ | ᠲᠠᠯᠠᠨ ᠨᠢᠭᠡᠳᠦᠭᠡᠷ ᠵᠦᠢᠯ ᠠᠯᠪᠠᠳᠠᠨ ᠳᠤ ᠵᠠᠶᠢᠯᠠᠭᠤᠯᠬᠤ ᠴᠢᠬᠤᠯᠨ ᠲᠠᠢ ᠪᠠᠶᠢᠳᠠᠯ ᠪᠠᠶᠢᠪᠠᠯ ᠬᠤᠪᠢ | ᠬᠦᠮᠦᠨ ᠨᠢ ᠵᠠᠶᠢᠯᠠᠭᠤᠯᠬᠤ ᠪᠠᠷ ᠭᠤᠶᠤᠴᠢᠯᠠᠬᠤ ᠭᠡᠷᠡᠭᠳᠡᠢ ︔ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ | ᠠᠯᠪᠠᠳᠠᠨ ᠢ ᠵᠠᠶᠢᠯᠠᠭᠤᠯᠬᠤ ᠪᠠᠷ ᠭᠤᠶᠤᠴᠢᠯᠠᠬᠤ ᠡᠷᠭᠡ ᠲᠠᠢ᠃ ᠪᠤᠰᠤᠤᠨ ᠬᠦᠮᠦᠰ ᠠᠴᠠ ᠠᠯᠪᠠᠳᠠᠨ ᠤ ᠵᠠᠶᠢᠯᠠᠭᠤᠯᠬᠤ | ᠴᠢᠬᠤᠯᠨ ᠲᠠᠢ ᠪᠠᠶᠢᠳᠠᠯ ᠢ ᠪᠠᠶᠢᠭᠤᠯᠭ᠎ᠠ ᠳᠤᠨᠢ ᠮᠡᠳᠡᠬᠦᠯᠵᠦ ᠪᠤᠯᠤᠨ᠎ᠠ᠃ ᠪᠠᠶᠢᠭᠤᠯᠭ᠎ᠠ ᠠᠴᠠ ᠠᠯᠪᠠᠳᠠᠨ ᠤ ᠲᠤᠰ ᠪᠡᠶ᠎ᠡ | ᠪᠤᠶᠤ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢ ᠦᠨᠳᠦᠰᠦᠯᠡᠵᠦ᠂ ᠬᠢᠨᠠᠨ ᠪᠠᠶᠢᠴᠠᠭᠠᠭᠰᠠᠨ ᠤ | ᠲᠠᠷᠠᠭ᠎ᠠ ᠵᠠᠶᠢᠯᠠᠭᠤᠯᠬᠤ ᠡᠰᠡᠬᠦ ᠶᠢ ᠲᠤᠭᠳᠠᠭᠠᠨ᠎ᠠ᠂ ᠭᠤᠶᠤᠴᠢᠯᠠᠯ ᠢ ᠲᠠᠮᠵᠢᠬᠤ ᠦᠭᠡᠢ ᠪᠠᠷ ᠰᠢᠭᠤᠤᠨ ᠵᠠᠶᠢᠯᠠᠭᠤᠯᠬᠤ | ᠲᠤᠭᠳᠠᠭᠠᠯ ᠭᠠᠷᠭᠠᠵᠤ ᠴᠤ ᠪᠤᠯᠤᠨ᠎ᠠ᠃ | ᠲᠠᠯᠠᠨ ᠬᠤᠶᠠᠳᠤᠭᠠᠷ ᠵᠦᠢᠯ ᠬᠠᠥᠯᠢ ᠠᠴᠠ ᠠᠯᠪᠠᠳᠠᠨ ᠢ ᠵᠠᠶᠢᠯᠠᠭᠤᠯᠬᠤ ᠠᠰᠳᠠᠭᠠᠨ ᠲᠤᠭᠳᠠᠭᠠᠯ ᠲᠠᠢ ᠪᠠᠶᠢᠪᠠᠯ | ᠲᠡᠷᠡ ᠬᠦ ᠲᠤᠭᠳᠠᠭᠠᠯ ᠢ ᠲᠠᠭᠠᠨ᠎ᠠ᠃ | ᠠᠷᠪᠠᠨ ᠬᠤᠶᠠᠳᠤᠭᠠᠷ ᠪᠦᠯᠦᠭ ᠴᠠᠯᠢᠩ ᠠᠰᠠᠷᠠᠮᠵᠢ ᠲᠠᠭᠠᠥᠨᠬᠠᠯ | ᠲᠠᠯᠠᠨ ᠭᠤᠷᠪᠠᠳᠤᠭᠠᠷ ᠵᠦᠢᠯ ᠠᠯᠪᠠᠳᠠᠨ ᠳᠤ ᠲᠤᠰᠢᠶᠠᠯ ᠬᠢᠭᠡᠥᠨ ᠲᠡᠰ ᠢ ᠬᠠᠷᠢᠯᠴᠠᠨ ᠤᠶᠠᠯᠳᠤᠭᠤᠯᠤᠭᠰᠠᠨ | ᠤᠯᠤᠰ ᠤᠨ ᠨᠢᠭᠡᠳᠦᠯᠳᠡᠢ ᠴᠠᠯᠢᠩ ᠤᠨ ᠲᠦᠷᠢᠮ ᠢ ᠭᠡᠷᠡᠭᠵᠢᠬᠦᠯᠦᠨ᠎ᠡ᠃ ᠠᠯᠪᠠᠳᠠᠨ ᠤ ᠴᠠᠯᠢᠩ ᠤᠨ ᠲᠦᠷᠢᠮ ᠳᠤ | ᠬᠦᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠵᠠᠷᠴᠢᠮ ᠢ ᠲᠤᠤᠱᠯᠠᠭᠤᠯᠵᠤ᠂ ᠠᠵᠢᠯ ᠤᠨ ᠡᠭᠦᠷᠭᠡ | ᠬᠠᠷᠢᠭᠤᠴᠠᠯᠭ᠎ᠠ᠂ ᠠᠵᠢᠯ ᠤᠨ ᠴᠢᠳᠠᠪᠤᠷᠢ᠂ ᠠᠵᠢᠯ ᠤᠨ ᠪᠤᠳᠠᠳᠤ ᠠᠮᠵᠢᠯᠳᠠ᠂ ᠠᠵᠢᠯ ᠤᠨ ᠦᠡᠭᠭᠡᠷᠡᠯᠳᠡ ᠵᠡᠷᠭᠡ | ᠬᠦᠴᠦᠨ ᠵᠦᠢᠯ ᠢ ᠢᠯᠡᠷᠡᠬᠦᠯᠵᠦ ᠠᠳᠠᠯᠢ ᠪᠤᠰᠤ ᠲᠤᠰᠢᠶᠠᠯ ᠬᠢᠭᠡᠥᠨ ᠲᠡᠰ ᠤᠨ ᠬᠤᠭᠤᠷᠤᠨᠳᠤ ᠵᠤᠬᠢᠰᠳᠠᠢ ᠴᠠᠯᠢᠩ ᠤᠨ | ᠵᠦᠷᠢᠶ᠎ᠡ ᠲᠠᠢ ᠪᠠᠶᠢᠯᠭᠠᠨ᠎ᠠ᠃ ᠤᠯᠤᠰ ᠠᠴᠠ ᠠᠯᠪᠠᠳᠠᠨ ᠤ ᠴᠠᠯᠢᠩ ᠤᠨ ᠭᠡᠪ ᠤᠨ ᠶᠤᠰᠤᠭᠠᠷ ᠨᠡᠮᠡᠭᠳᠡᠬᠦ ᠲᠤᠭᠳᠠᠴᠠ ᠶᠢ | ᠪᠠᠶᠢᠭᠤᠯᠤᠨ᠎ᠠ᠃ | ᠲᠠᠯᠠᠨ ᠲᠦᠷᠪᠡᠳᠦᠭᠡᠷ ᠵᠦᠢᠯ ᠠᠯᠪᠠᠳᠠᠨ ᠤ ᠴᠠᠯᠢᠩ ᠳᠤ ᠦᠨᠳᠦᠰᠦᠨ ᠴᠠᠯᠢᠩ᠂ ᠨᠦᠬᠦᠪᠦᠷᠢ ᠵᠤᠭᠤᠰ᠂ | ᠨᠦᠬᠦᠪᠦᠷᠢ ᠮᠦᠡᠭᠭᠦ ᠪᠠ ᠱᠠᠩᠨᠠᠯ ᠤᠨ ᠮᠦᠡᠭᠭᠦ ᠪᠠᠭᠳᠠᠨ᠎ᠠ᠃ ᠠᠯᠪᠠᠳᠠᠨ ᠤ ᠤᠯᠤᠰ ᠤᠨ ᠲᠤᠭᠳᠠᠭᠠᠯ ᠶᠤᠰᠤᠭᠠᠷ ᠭᠠᠵᠠᠷ | ᠤᠷᠤᠨ ᠤ ᠨᠡᠮᠡᠯᠳᠡ ᠨᠦᠬᠦᠪᠦᠷᠢ ᠵᠤᠭᠤᠰ᠂ ᠬᠠᠳᠠᠭᠤ ᠬᠦᠴᠢᠷᠳᠡᠯᠳᠡᠢ ᠬᠢᠯᠢ ᠬᠢᠵᠠᠭᠠᠷ ᠪᠤᠶᠢᠳᠠ ᠪᠦᠭᠯᠡᠬᠦᠦ ᠤᠷᠤᠨ ᠤ | ᠨᠦᠬᠦᠪᠦᠷᠢ ᠵᠤᠭᠤᠰ᠂ ᠠᠵᠢᠯ ᠤᠨ ᠪᠠᠶᠢᠷᠢ ᠶᠢᠨ ᠨᠦᠬᠦᠪᠦᠷᠢ ᠵᠤᠭᠤᠰ ᠵᠡᠷᠭᠡ ᠨᠦᠬᠦᠪᠦᠷᠢ ᠵᠤᠭᠤᠰ ᠤᠯᠤᠨ᠎ᠠ᠃ | ᠠᠯᠪᠠᠳᠠᠨ ᠤᠯᠤᠰ ᠤᠨ ᠲᠤᠭᠳᠠᠭᠠᠯ ᠶᠤᠰᠤᠭᠠᠷ ᠤᠷᠤᠨ ᠰᠠᠭᠤᠴᠠ᠂ ᠡᠮ ᠡᠮᠨᠡᠯᠭᠡ ᠵᠡᠷᠭᠡ ᠶᠢᠨ ᠨᠦᠬᠦᠪᠦᠷᠢ ᠮᠦᠡᠭᠭᠦ | ᠪᠤᠯᠤᠨ ᠲᠡᠥᠨᠬᠦᠮᠵᠢ ᠶᠢ ᠬᠦᠷᠳᠡᠨ᠎ᠡ᠃ ᠠᠯᠪᠠᠳᠠᠨ ᠲᠤᠭᠳᠠᠭᠰᠠᠨ ᠬᠤᠭᠤᠴᠠᠭᠠᠨ ᠤ ᠬᠢᠨᠠᠨ ᠰᠢᠯᠭᠠᠷᠠᠭᠤᠯᠤᠯᠳᠠ ᠳᠤ | ᠰᠢᠯᠢᠳᠡᠭ ᠬᠢᠭᠡᠥᠨ ᠲᠤᠰᠢᠶᠠᠯ ᠳᠠᠭᠠᠨ ᠲᠡᠩᠴᠡᠭᠰᠡᠨ ᠢᠶᠠᠷ ᠲᠤᠭᠳᠠᠭᠠᠭᠳᠠᠪᠠᠯ ᠤᠯᠤᠰ ᠤᠨ ᠲᠤᠭᠳᠠᠭᠠᠯ ᠶᠤᠰᠤᠭᠠᠷ | ᠵᠢᠯ ᠤᠨ ᠡᠴᠦᠰ ᠤᠨ ᠱᠠᠩᠨᠠᠯ ᠤᠨ ᠮᠦᠡᠭᠭᠦ ᠤᠯᠤᠨ᠎ᠠ᠃ ᠠᠯᠪᠠᠳᠠᠨ ᠤ ᠴᠠᠯᠢᠩ ᠢ ᠲᠤᠭᠳᠠᠭᠰᠠᠨ ᠴᠠᠭ ᠲᠤᠨᠢ ᠲᠤᠭ᠎ᠠ | ᠶᠤᠰᠤᠭᠠᠷ ᠲᠠᠯᠪᠢᠬᠤ ᠭᠡᠷᠡᠭᠳᠡᠢ᠃ | ᠲᠠᠯᠠᠨ ᠲᠠᠪᠤᠳᠤᠭᠠᠷ ᠵᠦᠢᠯ ᠠᠯᠪᠠᠳᠠᠨ ᠤ ᠴᠠᠯᠢᠩ ᠤᠨ ᠭᠡᠮᠵᠢᠶ᠎ᠡ ᠨᠢ ᠤᠯᠤᠰ ᠠᠷᠠᠥᠨ ᠤᠨ ᠠᠵᠤ ᠠᠬᠤᠢ ᠶᠢᠨ | ᠬᠦᠭᠵᠢᠯᠳᠡ ᠲᠠᠢ ᠬᠠᠷᠢᠯᠴᠠᠨ ᠵᠤᠬᠢᠴᠠᠵᠤ᠂ ᠨᠡᠶᠢᠭᠡᠮ ᠤᠨ ᠲᠠᠪᠰᠢᠯᠳᠠ ᠲᠠᠢ ᠲᠤᠬᠢᠷᠠᠯᠴᠠᠭᠰᠠᠨ ᠪᠠᠶᠢᠬᠤ ᠭᠡᠷᠡᠭᠳᠡᠢ᠃ | ᠤᠯᠤᠰ ᠠᠴᠠ ᠴᠠᠯᠢᠩ ᠤᠨ ᠪᠠᠶᠢᠴᠠᠭᠠᠯᠳᠠ ᠶᠢᠨ ᠲᠦᠷᠢᠮ ᠢ ᠭᠡᠷᠡᠭᠵᠢᠬᠦᠯᠵᠦ᠂ ᠠᠯᠪᠠᠳᠠᠨ ᠬᠢᠭᠡᠥᠨ ᠠᠵᠤ | ᠠᠬᠤᠢᠢᠯᠠᠯ ᠤᠨ ᠠᠳᠠᠯᠢᠪᠳᠤᠷ ᠠᠵᠢᠯᠳᠠᠨ ᠤ ᠴᠠᠯᠢᠩ ᠤᠨ ᠭᠡᠮᠵᠢᠶ᠎ᠡ ᠳᠤ ᠲᠤᠭᠳᠠᠭᠰᠠᠨ ᠬᠤᠭᠤᠴᠠᠭ᠎ᠠ ᠲᠠᠢ ᠪᠠᠷ | ᠪᠠᠶᠢᠴᠠᠭᠠᠯᠳᠠ ᠬᠢᠵᠦ ᠬᠠᠷᠢᠴᠠᠭᠤᠯᠤᠨ᠎ᠠ᠂ ᠴᠠᠯᠢᠩ ᠤᠨ ᠪᠠᠶᠢᠴᠠᠭᠠᠯᠳᠠ ᠬᠢᠵᠦ ᠬᠠᠷᠢᠴᠠᠭᠤᠯᠤᠭᠰᠠᠨ ᠦᠷ᠎ᠡ ᠳ᠋ᠥᠩ ᠢᠶᠠᠷ | ᠠᠯᠪᠠᠳᠠᠨ ᠤ ᠴᠠᠯᠢᠩ ᠤᠨ ᠲᠦᠪᠰᠢᠨ ᠳᠤ ᠲᠤᠬᠢᠷᠠᠭᠤᠯᠤᠯᠳᠠ ᠬᠢᠬᠦ ᠦᠨᠳᠦᠰᠦᠯᠡᠯ ᠪᠤᠯᠭᠠᠨ᠎ᠠ᠃ | ᠲᠠᠯᠠᠨ ᠵᠢᠷᠭᠤᠳᠤᠭᠠᠷ ᠵᠦᠢᠯ ᠠᠯᠪᠠᠳᠠᠨ ᠨᠢ ᠤᠯᠤᠰ ᠤᠨ ᠲᠤᠭᠳᠠᠭᠠᠯ ᠶᠤᠰᠤᠭᠠᠷ ᠠᠰᠠᠷᠠᠮᠵᠢ ᠶᠢᠨ ᠤᠯᠭᠤᠮᠵᠢ | ᠬᠦᠷᠳᠡᠨ᠎ᠡ᠃ ᠤᠯᠤᠰ ᠠᠴᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠢᠷᠢ ᠭᠡᠮᠵᠢᠶ᠎ᠡ ᠶᠢ ᠦᠨᠳᠦᠰᠦᠯᠡᠵᠦ | ᠠᠯᠪᠠᠳᠠᠨ ᠤ ᠠᠰᠠᠷᠠᠮᠵᠢ ᠶᠢᠨ ᠤᠯᠭᠤᠮᠵᠢ ᠶᠢ ᠲᠡᠭᠡᠭᠰᠢᠯᠡᠬᠦᠯᠦᠨ᠎ᠡ᠃ ᠠᠯᠪᠠᠳᠠᠨ ᠨᠢ ᠤᠯᠤᠰ ᠠᠴᠠ ᠲᠤᠭᠳᠠᠭᠠᠭᠰᠠᠨ | ᠠᠵᠢᠯᠯᠠᠬᠤ ᠴᠠᠭ ᠤᠨ ᠲᠦᠷᠢᠮ ᠢ ᠭᠡᠷᠡᠭᠵᠢᠬᠦᠯᠵᠦ᠂ ᠤᠯᠤᠰ ᠤᠨ ᠲᠤᠭᠳᠠᠭᠠᠯ ᠶᠤᠰᠤᠭᠠᠷ ᠠᠮᠠᠷᠠᠯᠳᠠ ᠠᠪᠤᠨ᠎ᠠ᠃ | ᠠᠯᠪᠠᠳᠠᠨ ᠬᠠᠥᠯᠢ ᠪᠠᠷ ᠲᠤᠭᠳᠠᠭᠠᠭᠰᠠᠨ ᠠᠵᠢᠯᠯᠠᠬᠤ ᠡᠳᠦᠷ ᠠᠴᠠ ᠭᠠᠳᠠᠨ᠎ᠠ ᠨᠡᠮᠡᠨ ᠠᠵᠢᠯᠯᠠᠭᠰᠠᠨ ᠪᠤᠯ | ᠵᠤᠬᠢᠴᠠᠩᠭᠤᠢ ᠪᠠᠷ ᠨᠦᠬᠦᠨ ᠠᠮᠠᠷᠠᠭᠤᠯᠤᠨ᠎ᠠ᠃ | ᠲᠠᠯᠠᠨ ᠲᠤᠯᠤᠳᠤᠭᠠᠷ ᠵᠦᠢᠯ ᠤᠯᠤᠰ ᠠᠴᠠ ᠠᠯᠪᠠᠳᠠᠨ ᠤ ᠲᠠᠭᠠᠥᠨᠬᠠᠯ ᠤᠨ ᠲᠦᠷᠢᠮ ᠢ ᠪᠠᠶᠢᠭᠤᠯᠵᠤ᠂ | ᠠᠯᠪᠠᠳᠠᠨ ᠤ ᠠᠵᠢᠯ ᠠᠴᠠ ᠠᠮᠠᠷᠠᠬᠤ᠂ ᠡᠪᠡᠥᠨᠴᠢᠯᠡᠬᠦ᠂ ᠠᠯᠪᠠᠨ ᠭᠡᠷᠡᠭ ᠢᠶᠠᠷ ᠭᠡᠮᠳᠦᠬᠦ᠂ ᠬᠦᠡᠭᠭᠡᠵᠢᠬᠦ᠂ ᠠᠵᠢᠯ | ᠠᠯᠳᠠᠬᠤ ᠵᠡᠷᠭᠡ ᠪᠠᠶᠢᠳᠠᠯ ᠤᠨ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠬᠦᠷᠳᠡᠬᠦ ᠶᠢ ᠪᠠᠳᠤᠯᠠᠨ᠎ᠠ᠃ ᠠᠯᠪᠠᠳᠠᠨ | ᠠᠯᠪᠠᠨ ᠤ ᠶᠠᠪᠤᠳᠠᠯ ᠠᠴᠠ ᠵᠡᠮᠳᠡᠭ ᠪᠤᠯᠤᠭᠰᠠᠨ ᠪᠤᠯ ᠤᠯᠤᠰ ᠠᠴᠠ ᠲᠤᠭᠳᠠᠭᠠᠭᠰᠠᠨ ᠵᠡᠮᠳᠡᠭ ᠪᠤᠯᠤᠭᠰᠠᠨ ᠬᠠᠷᠠᠭᠠᠯᠵᠠᠯ | ᠬᠦᠷᠳᠡᠨ᠎ᠡ᠃ ᠠᠯᠪᠠᠳᠠᠨ ᠠᠯᠪᠠᠨ ᠭᠡᠷᠡᠭ ᠢᠶᠠᠷ ᠪᠡᠶ᠎ᠡ ᠦᠷᠡᠭᠳᠡᠭᠰᠡᠨ᠂ ᠠᠯᠪᠠᠨ ᠭᠡᠷᠡᠭ ᠢᠶᠠᠷ ᠦᠭᠦᠭᠰᠡᠨ ᠪᠤᠶᠤ | ᠡᠪᠡᠥᠨᠴᠢᠨ ᠢᠶᠠᠷ ᠦᠬᠦᠭᠰᠡᠨ ᠪᠤᠯ ᠤᠢᠢᠷ᠎ᠠ ᠲᠦᠷᠦᠯ ᠨᠢ ᠤᠯᠤᠰ ᠠᠴᠠ ᠲᠤᠭᠳᠠᠭᠠᠭᠰᠠᠨ ᠠᠰᠠᠷᠠᠮᠵᠢ ᠪᠠ | ᠬᠠᠷᠠᠭᠠᠯᠵᠠᠯ ᠢ ᠬᠦᠷᠳᠡᠨ᠎ᠡ᠃ | ᠲᠠᠯᠠᠨ ᠨᠠᠢᠮᠠᠳᠤᠭᠠᠷ ᠵᠦᠢᠯ ᠶᠠᠮᠠᠷᠪᠠ ᠪᠠᠶᠢᠭᠤᠯᠭ᠎ᠠ ᠨᠢ ᠤᠯᠤᠰ ᠤᠨ ᠲᠤᠭᠳᠠᠭᠠᠯ ᠢ ᠵᠦᠷᠢᠴᠡᠵᠦ ᠠᠯᠪᠠᠳᠠᠨ ᠤ | ᠴᠠᠯᠢᠩ᠂ ᠠᠰᠠᠷᠠᠮᠵᠢ᠂ ᠲᠠᠭᠠᠥᠨᠬᠠᠯ ᠤᠨ ᠲᠦᠷᠦ ᠶᠢᠨ ᠪᠤᠳᠤᠯᠭ᠎ᠠ ᠶᠢ ᠲᠤᠷ᠎ᠠ ᠪᠠᠷ ᠢᠶᠠᠨ ᠬᠤᠪᠢᠷᠠᠭᠤᠯᠤᠨ | ᠦᠭᠡᠷᠡᠴᠢᠯᠡᠵᠦ ᠪᠤᠯᠬᠤ ᠦᠭᠡᠢ᠂ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ ᠤᠨ ᠤᠯᠭᠤᠮᠵᠢ ᠶᠢ | ᠲᠤᠷ᠎ᠠ ᠪᠠᠷ ᠢᠶᠠᠨ ᠦᠰᠬᠡᠬᠦ ᠪᠤᠶᠤ ᠪᠠᠭᠤᠷᠠᠭᠤᠯᠵᠤ ᠪᠤᠯᠬᠤ ᠦᠭᠡᠢ᠃ ᠶᠠᠮᠠᠷᠪᠠ ᠪᠠᠶᠢᠭᠤᠯᠭ᠎ᠠ ᠨᠢ ᠠᠯᠪᠠᠳᠠᠨ ᠤ | ᠴᠠᠯᠢᠩ ᠢ ᠬᠠᠰᠤᠬᠤ ᠪᠤᠶᠤ ᠦᠷᠢᠳᠤᠵᠤ ᠪᠤᠯᠬᠤ ᠦᠭᠡᠢ᠃ | ᠲᠠᠯᠨ ᠶᠢᠰᠦᠳᠦᠭᠡᠷ ᠵᠦᠢᠯ ᠠᠯᠪᠠᠳᠠᠨ ᠤ ᠴᠠᠯᠢᠩ᠂ ᠠᠰᠠᠷᠠᠮᠵᠢ᠂ ᠲᠠᠭᠠᠥᠨᠬᠠᠯ᠂ ᠠᠵᠢᠯ ᠠᠴᠠ ᠪᠠᠨ | ᠠᠮᠠᠷᠠᠭᠰᠠᠨ ᠮᠦᠡᠭᠭᠦ ᠵᠢᠴᠢ ᠡᠯᠰᠡᠨ ᠭᠡᠷᠡᠭᠯᠡᠬᠦ᠂ ᠪᠤᠯᠪᠠᠰᠤᠷᠠᠭᠤᠯᠬᠤ᠂ ᠱᠠᠩᠨᠠᠬᠤ᠂ ᠠᠵᠢᠯ ᠠᠴᠠ ᠨᠢ ᠵᠤᠭᠰᠤᠭᠠᠬᠤ | ᠵᠡᠷᠭᠡ ᠳᠤ ᠭᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ ᠪᠠᠳᠤᠯᠠᠬᠤ ᠭᠡᠷᠡᠭᠳᠡᠢ᠃ | ᠠᠷᠪᠠᠨ ᠭᠤᠷᠪᠠᠳᠤᠭᠠᠷ ᠪᠦᠯᠦᠭ ᠲᠤᠰᠢᠶᠠᠯ ᠠᠴᠠ ᠪᠠᠭᠤᠬᠤ ᠪᠠ ᠠᠵᠢᠯ ᠠᠴᠠ ᠨᠢ ᠵᠤᠭᠰᠤᠭᠠᠬᠤ | ᠨᠠᠶᠠᠳᠤᠭᠠᠷ ᠵᠦᠢᠯ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠭᠡᠪᠡᠯ᠂ ᠲᠤᠮᠢᠯᠠᠵᠤ ᠪᠠᠭᠤᠯᠭᠠᠬᠤ | ᠪᠠᠶᠢᠭᠤᠯᠭ᠎ᠠ ᠳᠤ ᠪᠢᠴᠢᠭ ᠢᠶᠠᠷ ᠭᠤᠶᠤᠴᠢᠯᠠᠬᠤ ᠭᠡᠷᠡᠭᠳᠡᠢ᠃ ᠲᠤᠮᠢᠯᠠᠵᠤ ᠪᠠᠭᠤᠯᠭᠠᠬᠤ ᠪᠠᠶᠢᠭᠤᠯᠭ᠎ᠠ ᠨᠢ ᠭᠤᠶᠤᠴᠢᠯᠠᠯ ᠢ | ᠬᠦᠯᠢᠶᠡᠵᠦ ᠠᠪᠤᠭᠰᠠᠨ ᠡᠳᠦᠷ ᠠᠴᠠ ᠪᠤᠳᠤᠨ ᠨᠢᠭᠡ ᠰᠠᠷ᠎ᠠ ᠶᠢᠨ ᠲᠤᠳᠤᠷ᠎ᠠ ᠬᠢᠨᠠᠨ ᠵᠦᠪᠰᠢᠶᠡᠷᠡᠬᠦ ᠭᠡᠷᠡᠭᠳᠡᠢ᠂ | ᠡᠭᠦᠨ ᠳᠤ ᠤᠳᠤᠷᠢᠥᠨᠬᠤ ᠪᠦᠷᠢᠯᠳᠦᠬᠦᠨ ᠤ ᠠᠯᠪᠠᠨ ᠲᠤᠰᠢᠶᠠᠯ ᠠᠴᠠ ᠪᠠᠭᠤᠬᠤ ᠭᠤᠶᠤᠴᠢᠯᠠᠯ ᠢ ᠬᠦᠯᠢᠶᠡᠵᠤ | ᠠᠪᠤᠭᠰᠠᠨ ᠡᠳᠦᠷ ᠠᠴᠠ ᠪᠤᠳᠤᠨ ᠶᠡᠷᠡᠨ ᠡᠳᠦᠷ ᠤᠨ ᠲᠤᠳᠤᠷ᠎ᠠ ᠬᠢᠨᠠᠨ ᠵᠦᠪᠰᠢᠶᠡᠷᠡᠬᠦ ᠭᠡᠷᠡᠭᠳᠡᠢ᠃ | ᠨᠠᠶᠠᠨ ᠨᠢᠭᠡᠳᠦᠭᠡᠷ ᠵᠦᠢᠯ ᠠᠯᠪᠠᠳᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠯᠪᠠᠨ ᠲᠤᠰᠢᠶᠠᠯ ᠠᠴᠠ ᠪᠠᠨ | ᠪᠠᠭᠤᠵᠤ ᠪᠤᠯᠬᠤ ᠦᠭᠡᠢ᠄ | ︵ᠨᠢᠭᠡ︶ ᠤᠯᠤᠰ ᠤᠨ ᠲᠤᠭᠳᠠᠭᠠᠯ ᠤᠨ ᠬᠠᠮᠤᠭ ᠤᠬᠤᠷ ᠦᠢᠯᠡᠴᠢᠯᠡᠬᠦ ᠬᠤᠭᠤᠴᠠᠭ᠎ᠠ ᠨᠢ ᠲᠤᠯᠤᠭᠠᠳᠠᠢ ︔ | ︵ᠬᠤᠶᠠᠷ︶ ᠤᠯᠤᠰ ᠤᠨ ᠨᠢᠭᠤᠴᠠ ᠳᠤ ᠬᠤᠯᠪᠤᠭᠳᠠᠬᠤ ᠤᠨᠴᠠᠭᠠᠢ ᠲᠤᠰᠢᠶᠠᠯ ᠤᠨ ᠪᠠᠶᠢᠷᠢ ᠲᠡᠭᠡᠷ᠎ᠡ | ᠲᠤᠰᠢᠶᠠᠯ ᠬᠠᠷᠢᠭᠤᠴᠠᠵᠤ ᠪᠠᠶᠢᠬᠤ ᠪᠤᠶᠤ ᠲᠡᠭᠡᠷ᠎ᠡ ᠲᠤᠷᠠᠳᠤᠭᠰᠠᠨ ᠠᠵᠢᠯ ᠤᠨ ᠪᠠᠶᠢᠷᠢ ᠠᠴᠠ ᠰᠠᠯᠬᠤ ᠤᠯᠤᠰ ᠠᠴᠠ | ᠲᠤᠭᠳᠠᠭᠰᠠᠨ ᠨᠢᠭᠤᠴᠠ ᠬᠠᠮᠠᠭᠠᠯᠠᠬᠤ ᠬᠤᠭᠤᠴᠠᠭ᠎ᠠ ᠬᠢᠵᠠᠭᠠᠷ ᠨᠢ ᠲᠤᠯᠤᠭᠠᠳᠤᠢ ︔ | ︵ᠭᠤᠷᠪᠠ︶ ᠬᠦᠨᠳᠦ ᠴᠢᠬᠤᠯᠨ ᠠᠯᠪᠠᠨ ᠶᠠᠪᠤᠳᠠᠯ ᠢᠶᠠᠨ ᠰᠢᠢᠥᠨᠪᠦᠷᠢᠯᠡᠵᠦ ᠪᠠᠷᠠᠭᠠᠳᠤᠢ ᠪᠦᠭᠡᠥᠨ ᠡᠷᠭᠡᠪᠡᠰᠢ | ᠲᠤᠰ ᠬᠦᠮᠦᠨ ᠨᠢ ᠦᠷᠬᠦᠯᠵᠢᠯᠡᠨ ᠰᠢᠢᠥᠨᠪᠦᠷᠢᠯᠡᠬᠦ ᠭᠡᠷᠡᠭᠳᠡᠢ ᠪᠠᠶᠢᠬᠤ ︔ | ︵ᠲᠦᠷᠪᠡ︶ ᠶᠠᠭ ᠬᠢᠨᠠᠨ ᠪᠤᠳᠤᠯᠳᠠ ᠪᠠ ᠰᠠᠬᠢᠯᠭ᠎ᠠ ᠪᠠᠳᠤ ᠶᠢᠨ ᠬᠢᠨᠠᠨ ᠪᠠᠶᠢᠴᠠᠭᠠᠯᠳᠠ ᠶᠢ ᠬᠦᠯᠢᠶᠡᠵᠦ | ᠪᠠᠶᠢᠭ᠎ᠠ ᠪᠤᠶᠤ ᠶᠠᠯ᠎ᠠ ᠬᠢᠭᠰᠡᠨ ᠰᠡᠵᠢᠭᠯᠡᠯᠳᠡᠢ ᠪᠦᠭᠡᠥᠨ ᠬᠠᠥᠯᠢ ᠶᠢᠨ ᠵᠢᠷᠤᠮ ᠢ ᠲᠡᠭᠦᠰᠭᠡᠭᠡᠳᠦᠢ ︔ | ︵ᠲᠠᠪᠤ︶ ᠬᠠᠥᠯᠢ᠂ ᠵᠠᠰᠠᠭ ᠵᠠᠬᠢᠷᠭᠠᠨ ᠤ ᠬᠠᠥᠯᠢ ᠲᠦᠷᠢᠮ ᠳᠤ ᠲᠤᠭᠳᠠᠭᠠᠭᠰᠠᠨ ᠪᠤᠰᠤᠤᠨ ᠠᠯᠪᠠᠨ | ᠲᠤᠰᠢᠶᠠᠯ ᠠᠴᠠ ᠪᠠᠭᠤᠵᠤ ᠪᠤᠯᠬᠤ ᠦᠭᠡᠢ ᠵᠦᠢᠯ ᠤᠨ ᠪᠠᠶᠢᠳᠠᠯ ᠲᠠᠢ᠃ | ᠨᠠᠶᠠᠨ ᠬᠤᠶᠠᠳᠤᠭᠠᠷ ᠵᠦᠢᠯ ᠤᠳᠤᠷᠢᠳᠤᠯᠭ᠎ᠠ ᠶᠢᠨ ᠲᠤᠰᠢᠶᠠᠯ ᠢ ᠡᠭᠦᠷᠭᠡᠯᠡᠵᠦ ᠪᠠᠶᠢᠭ᠎ᠠ ᠠᠯᠪᠠᠳᠠᠨ | ᠠᠵᠢᠯ ᠤᠨ ᠬᠤᠪᠢᠷᠠᠯᠳᠠ ᠠᠴᠠ ᠪᠤᠯᠵᠤ ᠬᠠᠥᠯᠢ ᠴᠠᠭᠠᠵᠠ ᠶᠢᠨ ᠲᠤᠭᠳᠠᠭᠠᠯ ᠶᠤᠰᠤᠭᠠᠷ ᠤᠳᠤ ᠶᠢᠨ | ᠲᠤᠰᠢᠶᠠᠯ ᠠᠴᠠ ᠪᠠᠨ ᠪᠠᠭᠤᠬᠤ ᠳᠤ ᠲᠤᠰᠢᠶᠠᠯ ᠠᠴᠠ ᠪᠠᠨ ᠪᠠᠭᠤᠬᠤ ᠭᠠᠷ ᠬᠦᠢᠴᠡᠥᠨᠭᠡᠯ ᠬᠢᠬᠦ ᠭᠡᠷᠡᠭᠳᠡᠢ᠃ | ᠤᠳᠤᠷᠢᠥᠨᠬᠤ ᠲᠤᠰᠢᠶᠠᠯ ᠢ ᠡᠭᠦᠷᠭᠡᠯᠡᠵᠦ ᠪᠠᠶᠢᠭ᠎ᠠ ᠠᠯᠪᠠᠳᠠᠨ ᠨᠢ ᠬᠤᠪᠢ ᠬᠦᠮᠦᠨ ᠤ ᠪᠤᠶᠤ ᠪᠤᠰᠤᠤᠨ | ᠰᠢᠯᠳᠠᠭᠠᠨ ᠠᠴᠠ ᠪᠤᠯᠵᠤ᠂ ᠦᠪᠡᠷ ᠤᠨ ᠲᠤᠷ᠎ᠠ ᠠᠴᠠ ᠪᠠᠨ ᠤᠳᠤᠷᠢᠥᠨᠬᠤ ᠲᠤᠰᠢᠶᠠᠯ ᠠᠴᠠ ᠪᠠᠨ ᠪᠠᠭᠤᠬᠤ ᠶᠢ | ᠲᠤᠷᠠᠥᠨᠴᠤ ᠪᠤᠯᠤᠨ᠎ᠠ᠃ ᠤᠳᠤᠷᠢᠥᠨᠬᠤ ᠪᠦᠷᠢᠯᠳᠦᠬᠦᠨ ᠠᠵᠢᠯ ᠤᠨ ᠬᠦᠨᠳᠦ ᠠᠯᠳᠠᠭ᠎ᠠ ᠭᠠᠷᠭᠠᠵᠤ᠂ | ᠬᠠᠷᠢᠭᠤᠴᠠᠯᠭ᠎ᠠ ᠪᠠᠨ ᠠᠯᠳᠠᠵᠤ ᠬᠦᠨᠳᠦ ᠶᠡᠭᠡ ᠬᠤᠬᠢᠷᠠᠯ ᠭᠠᠷᠭᠠᠭᠰᠠᠨ ᠪᠤᠶᠤ ᠨᠡᠶᠢᠭᠡᠮ ᠳᠤ ᠮᠠᠭᠤ ᠨᠦᠯᠦᠭᠡ | ᠦᠵᠡᠬᠦᠯᠦᠭᠰᠡᠨ᠂ ᠡᠰᠡᠬᠦᠯ᠎ᠡ ᠲᠤᠮᠤ ᠶᠡᠭᠡ ᠠᠳᠡᠯ ᠳᠤ ᠤᠳᠤᠷᠢᠥᠨᠬᠤ ᠬᠠᠷᠢᠭᠤᠴᠠᠯᠭ᠎ᠠ ᠲᠠᠢ ᠪᠠᠶᠢᠪᠠᠯ ᠪᠤᠷᠤᠭᠤ ᠪᠠᠨ | ᠮᠡᠳᠡᠷᠡᠵᠦ ᠤᠳᠤᠷᠢᠥᠨᠬᠤ ᠲᠤᠰᠢᠶᠠᠯ ᠠᠴᠠ ᠪᠠᠨ ᠪᠠᠭᠤᠬᠤ ᠭᠡᠷᠡᠭᠳᠡᠢ᠃ ᠤᠳᠤᠷᠢᠥᠨᠬᠤ ᠪᠦᠷᠢᠯᠳᠦᠬᠦᠨ ᠠᠯᠳᠠᠭ᠎ᠠ | ᠪᠤᠷᠤᠭᠤ ᠪᠠᠨ ᠮᠡᠳᠡᠷᠡᠵᠦ ᠲᠤᠰᠢᠶᠠᠯ ᠠᠴᠠ ᠪᠠᠨ ᠪᠠᠭᠤᠬᠤ ᠶᠤᠰᠤᠳᠠᠢ ᠪᠤᠶᠤ ᠪᠤᠰᠤᠤᠨ ᠰᠢᠯᠳᠠᠭᠠᠨ ᠠᠴᠠ ᠪᠤᠯᠵᠤ | ᠤᠳᠤ ᠶᠢᠨ ᠤᠳᠤᠷᠢᠥᠨᠬᠤ ᠲᠤᠰᠢᠶᠠᠯ ᠢᠶᠠᠨ ᠡᠭᠦᠷᠭᠡᠯᠡᠬᠦ ᠳᠤ ᠲᠤᠬᠢᠷᠠᠬᠤ ᠪᠠᠨ ᠪᠤᠯᠢᠭᠰᠠᠨ ᠪᠠᠶᠢᠳᠠᠯ᠎ᠠ ᠬᠤᠪᠢ | ᠬᠦᠮᠦᠨ ᠨᠢ ᠲᠤᠰᠢᠶᠠᠯ ᠠᠴᠠ ᠪᠠᠨ ᠪᠠᠭᠤᠬᠤ ᠶᠢ ᠲᠤᠷᠠᠥᠨᠬᠤ ᠦᠭᠡᠢ ᠪᠠᠶᠢᠪᠠᠯ ᠲᠡᠬᠦᠨ ᠢ ᠤᠳᠤᠷᠢᠥᠨᠬᠤ | ᠲᠤᠰᠢᠶᠠᠯ ᠠᠴᠠ ᠪᠠᠭᠤᠬᠤ ᠭᠡᠷᠡᠭᠳᠡᠢ ᠭᠡᠵᠦ ᠠᠯᠪᠠᠳᠠᠨ ᠱᠠᠭᠠᠷᠳᠠᠬᠤ ᠭᠡᠷᠡᠭᠳᠡᠢ᠃ | ᠨᠠᠶᠠᠨ ᠭᠤᠷᠪᠠᠳᠤᠭᠠᠷ ᠵᠦᠢᠯ ᠠᠯᠪᠠᠳᠠᠨ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯ ᠠᠴᠠ ᠨᠢ | ᠵᠤᠭᠰᠤᠭᠠᠬᠤ ᠭᠡᠷᠡᠭᠳᠡᠢ᠄ | ︵ᠨᠢᠭᠡ︶ ᠵᠢᠯ ᠤᠨ ᠡᠴᠦᠰ ᠤᠨ ᠬᠢᠨᠠᠨ ᠰᠢᠯᠭᠠᠯᠳᠠ ᠳᠤ ᠬᠤᠶᠠᠷ ᠵᠢᠯ ᠲᠠᠷᠠᠭᠠᠯᠠᠨ ᠲᠤᠰᠢᠶᠠᠯ ᠳᠠᠭᠠᠨ ᠦᠯᠦ | ᠲᠡᠩᠴᠡᠬᠦ ᠪᠠᠷ ᠲᠤᠭᠳᠠᠭᠠᠭᠳᠠᠭᠰᠠᠥᠨ ︔ | ︵ᠬᠤᠶᠠᠷ︶ ᠤᠳᠤᠬᠢ ᠲᠤᠰᠢᠶᠠᠯ ᠤᠨ ᠠᠵᠢᠯ ᠢᠶᠠᠨ ᠬᠦᠢᠴᠡᠥᠨᠭᠡᠵᠦ ᠴᠢᠳᠠᠬᠤ ᠦᠭᠡᠢ ᠪᠦᠭᠡᠥᠨ ᠪᠤᠰᠤᠤᠨ | ᠲᠤᠬᠢᠷᠠᠭᠤᠯᠤᠯᠳᠠ ᠶᠢ ᠡᠰᠡ ᠬᠦᠯᠢᠶᠡᠭᠰᠡᠨ ︔ | ︵ᠭᠤᠷᠪᠠ︶ ᠤᠤᠯ ᠨᠢᠭᠡᠴᠡ ᠶᠢ ᠨᠢ ᠲᠤᠬᠢᠷᠠᠭᠤᠯᠤᠯᠳᠠ ᠬᠢᠭᠰᠡᠨ᠂ ᠬᠠᠰᠤᠭᠰᠠᠨ᠂ ᠨᠡᠶᠢᠯᠡᠬᠦᠯᠦᠭᠰᠡᠨ ᠪᠤᠶᠤ | ᠠᠵᠢᠯᠳᠠᠨ ᠤ ᠤᠷᠤᠨ ᠲᠤᠭ᠎ᠠ ᠶᠢ ᠪᠠᠭᠠᠰᠬᠠᠭᠰᠠᠨ ᠠᠴᠠ ᠪᠤᠯᠵᠤ ᠠᠵᠢᠯ ᠲᠤᠬᠢᠷᠠᠭᠤᠯᠬᠤ ᠳᠤ ᠲᠤᠰ ᠬᠦᠮᠦᠨ ᠨᠢ ᠵᠦᠢ | ᠵᠤᠬᠢᠰᠳᠠᠢ ᠲᠤᠬᠢᠷᠠᠭᠤᠯᠤᠯᠳᠠ ᠶᠢ ᠡᠰᠡ ᠵᠦᠪᠰᠢᠶᠡᠷᠡᠭᠰᠡᠨ ︔ | ︵ᠲᠦᠷᠪᠡ︶ ᠠᠯᠪᠠᠳᠠᠨ ᠤ ᠡᠭᠦᠷᠭᠡ ᠶᠢ ᠬᠦᠢᠴᠡᠥᠨᠭᠡᠬᠦ ᠦᠭᠡᠢ᠂ ᠠᠯᠪᠠᠳᠠᠨ ᠤ ᠰᠠᠬᠢᠯᠭ᠎ᠠ ᠪᠠᠳᠤ ᠶᠢ | ᠵᠢᠷᠤᠮᠯᠠᠬᠤ ᠦᠭᠡᠢ᠂ ᠤᠯᠠᠨᠳᠠ ᠰᠤᠷᠭᠠᠪᠠᠴᠤ ᠵᠠᠰᠠᠷᠠᠬᠤ ᠦᠭᠡᠢ ᠪᠦᠭᠡᠥᠨ ᠪᠠᠶᠢᠭᠤᠯᠭ᠎ᠠ ᠳᠤ ᠦᠷᠬᠦᠯᠵᠢᠯᠡᠨ | ᠠᠵᠢᠯᠯᠠᠬᠤ ᠳᠤ ᠲᠤᠬᠢᠷᠠᠬᠤ ᠦᠭᠡᠢ ᠪᠤᠯᠵᠤ᠂ ᠪᠠᠰᠠ ᠠᠵᠢᠯ ᠠᠴᠠ ᠨᠢ ᠬᠦᠭᠡᠭᠡᠬᠦ ᠰᠢᠥᠨᠭᠡᠯ ᠦᠭᠬᠦ ᠳᠤ ᠦᠯᠦ | ᠵᠤᠬᠢᠴᠠᠭᠰᠠᠥᠨ ︔ | ︵ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠪᠠ ᠡᠷᠭᠡ ᠴᠢᠯᠦᠭᠡ | ᠭᠤᠶᠤᠭᠰᠠᠨ ᠬᠤᠭᠤᠴᠠᠭ᠎ᠠ ᠨᠢ ᠲᠤᠯᠤᠭᠠᠠᠥᠨ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ ᠴᠢᠯᠦᠭᠡ ᠠᠴᠠ ᠪᠠᠨ | ᠭᠡᠳᠦᠷᠡᠭᠡᠥᠨ ᠢᠷᠡᠬᠦ ᠦᠭᠡᠢ ᠵᠠᠯᠭᠠᠯᠳᠤᠭᠠᠪᠠᠷ ᠠᠷᠪᠠᠨ ᠲᠠᠪᠤᠨ ᠡᠳᠦᠷ ᠬᠡᠳᠦᠷᠡᠭᠰᠡᠨ᠂ ᠡᠰᠡᠬᠦᠯ᠎ᠡ ᠨᠢᠭᠡ ᠵᠢᠯ ᠳᠤ | ᠨᠡᠶᠢᠳᠡ ᠭᠤᠴᠢᠨ ᠡᠳᠦᠷ ᠠᠴᠠ ᠭᠡᠳᠦᠷᠡᠭᠰᠡᠨ᠃ | ᠨᠠᠶᠠᠨ ᠲᠦᠷᠪᠡᠳᠦᠭᠡᠷ ᠵᠦᠢᠯ ᠠᠯᠪᠠᠳᠠᠨ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠠᠵᠢᠯ ᠠᠴᠠ ᠨᠢ | ᠵᠤᠭᠰᠤᠭᠠᠵᠤ ᠪᠤᠯᠬᠤ ᠦᠭᠡᠢ᠄ | ︵ᠨᠢᠭᠡ︶ ᠠᠯᠪᠠᠨ ᠤᠴᠢᠷ ᠠᠴᠠ ᠪᠤᠯᠵᠤ ᠵᠡᠮᠳᠡᠭ ᠪᠤᠯᠵᠤ ᠠᠵᠢᠯᠯᠠᠬᠤ ᠴᠢᠳᠠᠪᠤᠷᠢ ᠪᠠᠨ ᠠᠯᠳᠠᠭᠰᠠᠨ ᠪᠤᠶᠤ | ᠭᠡᠰᠡᠭ ᠲᠠᠯ᠎ᠠ ᠪᠠᠷ ᠠᠯᠳᠠᠭᠰᠠᠨ ᠭᠡᠵᠦ ᠨᠤᠳᠠᠯᠠᠨ ᠲᠤᠭᠳᠠᠭᠠᠭᠰᠠᠨ ︔ | ︵ᠬᠤᠶᠠᠷ︶ ᠡᠪᠡᠥᠨᠴᠢᠯᠡᠭᠰᠡᠨ ᠪᠤᠶᠤ ᠰᠢᠷᠬᠠᠳᠤᠵᠤ᠂ ᠲᠤᠭᠳᠠᠭᠭᠠᠭᠰᠠ ᠡᠮᠴᠢᠯᠡᠬᠦ ᠬᠤᠭᠤᠴᠠᠭᠠᠨ ᠳᠤ ᠪᠠᠶᠢᠭ᠎ᠠ | ︔ | ︵ᠭᠤᠷᠪᠠ︶ ᠡᠮᠡᠭᠳᠡᠢ ᠠᠯᠪᠠᠳᠠᠨ ᠵᠢᠷᠮᠤᠰᠤᠯᠡᠭᠰᠡᠨ ᠬᠤᠭᠤᠴᠠᠭ᠎ᠠ᠂ ᠬᠦᠡᠭᠭᠡᠵᠢᠬᠦ ᠴᠢᠯᠦᠭᠡ ᠪᠠ ᠬᠦᠬᠦᠬᠦᠯᠬᠦ | ᠬᠤᠭᠤᠴᠠᠭᠠᠨ ᠳᠤ ᠪᠠᠶᠢᠬᠤ ︔ | ︵ᠲᠦᠷᠪᠡ︶ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠪᠠᠷ ᠲᠤᠭᠳᠠᠭᠠᠭᠰᠠᠨ ᠪᠤᠰᠤᠤᠨ ᠲᠠᠯ᠎ᠠ ᠶᠢᠨ | ᠠᠵᠢᠯ ᠠᠴᠠ ᠨᠢ ᠵᠤᠭᠰᠤᠭᠠᠵᠤ ᠦᠯᠦ ᠪᠤᠯᠬᠤ ᠪᠠᠶᠢᠳᠠᠯ ᠲᠠᠢ ᠪᠠᠶᠢᠬᠤ᠃ | ᠨᠠᠶᠠᠨ ᠲᠠᠪᠤᠳᠤᠭᠠᠷ ᠵᠦᠢᠯ ᠠᠯᠪᠠᠳᠠᠨ ᠢ ᠠᠵᠢᠯ ᠠᠴᠠ ᠨᠢ ᠵᠤᠭᠰᠤᠭᠠᠬᠤ ᠳᠤ ᠬᠠᠮᠢᠶᠠᠷᠣᠯᠳᠡ ᠶᠢᠨ ᠡᠷᠭᠡ | ᠮᠡᠳᠡᠯ ᠤᠨ ᠭᠡᠪᠴᠢᠶ᠎ᠡ ᠶᠤᠰᠤᠭᠠᠷ ᠲᠤᠭᠳᠠᠭᠠᠨ᠎ᠠ᠃ ᠠᠵᠢᠯ ᠠᠴᠠ ᠨᠢ ᠵᠤᠭᠰᠤᠭᠠᠬᠤ ᠰᠢᠢᠥᠨᠪᠦᠷᠢ ᠶᠢ ᠪᠢᠴᠢᠭ ᠤᠨ | ᠭᠡᠯᠪᠡᠷᠢ ᠪᠠᠷ ᠠᠵᠢᠯ ᠠᠴᠠ ᠨᠢ ᠵᠤᠭᠰᠤᠭᠠᠬᠤ ᠠᠯᠪᠠᠳᠠᠨ ᠳᠤ ᠮᠡᠳᠡᠭᠳᠡᠬᠦ ᠭᠡᠷᠡᠭᠳᠡᠢ ︔ ᠠᠵᠢᠯ ᠠᠴᠠ ᠪᠠᠨ | ᠵᠤᠭᠰᠤᠭᠠᠭᠳᠠᠭᠰᠠᠨ ᠠᠯᠪᠠᠳᠠᠨ᠂ ᠠᠵᠢᠯ ᠠᠴᠠ ᠵᠤᠭᠰᠤᠭᠰᠠᠨ ᠰᠦᠢᠥᠨᠭᠡᠯ ᠠᠪᠬᠤ ᠪᠤᠶᠤ ᠡᠰᠡᠬᠦᠯ᠎ᠡ ᠤᠯᠤᠰ ᠤᠨ | ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠦ ᠠᠵᠢᠯ ᠠᠯᠳᠠᠭᠰᠠᠨ ᠲᠠᠭᠠᠥᠨᠬᠠᠯ ᠬᠦᠷᠳᠡᠵᠦ ᠪᠤᠯᠤᠨ᠎ᠠ᠃ | ᠨᠠᠶᠠᠨ ᠵᠢᠷᠭᠤᠳᠤᠭᠠᠷ ᠵᠦᠢᠯ ᠠᠯᠪᠠᠳᠠᠨ ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠪᠠᠨ | ᠵᠤᠭᠰᠤᠭᠠᠭᠳᠠᠬᠤ ᠳᠤ᠂ ᠲᠤᠰᠢᠶᠠᠯ ᠠᠴᠠ ᠪᠠᠨ ᠰᠠᠯᠬᠤ ᠠᠴᠠ ᠡᠮᠦᠨ᠎ᠡ ᠠᠯᠪᠠᠨ ᠶᠠᠪᠤᠳᠠᠯ ᠢ ᠲᠤᠰᠢᠶᠠᠬᠤ ᠪᠠ ᠬᠦᠯᠢᠶᠡᠨ | ᠠᠪᠤᠭᠤᠯᠬᠤ ᠭᠠᠷ ᠬᠦᠢᠴᠡᠥᠨᠭᠡᠯ ᠬᠢᠵᠦ᠂ ᠴᠢᠬᠤᠯᠠᠳᠠᠢ ᠦᠶ᠎ᠡ ᠳᠤ ᠲᠤᠭᠳᠠᠭᠠᠯ ᠶᠤᠰᠤᠭᠠᠷ ᠬᠢᠨᠠᠨ ᠪᠤᠳᠤᠬᠤ ᠶᠢ | ᠬᠦᠯᠢᠶᠡᠬᠦ ᠭᠡᠷᠡᠭᠳᠡᠢ᠃ | ᠠᠷᠪᠠᠨ ᠲᠦᠷᠪᠡᠳᠦᠭᠡᠷ ᠪᠦᠯᠦᠭ ᠠᠵᠢᠯ ᠠᠴᠠ ᠪᠠᠨ ᠠᠮᠠᠷᠠᠬᠤ | ᠨᠠᠶᠠᠨ ᠲᠤᠯᠤᠳᠤᠭᠠᠷ ᠵᠦᠢᠯ ᠠᠯᠪᠠᠳᠠᠨ ᠤᠯᠤᠰ ᠠᠴᠠ ᠲᠤᠭᠳᠠᠭᠠᠭᠰᠠᠨ ᠠᠵᠢᠯ ᠠᠴᠠ ᠠᠮᠠᠷᠠᠬᠤ | ᠨᠠᠰᠤᠨ ᠳᠤ ᠬᠦᠷᠦᠭᠰᠡᠨ ᠪᠤᠶᠤ ᠠᠵᠢᠯᠯᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠤᠯ ᠠᠵᠢᠯ ᠠᠴᠠ ᠪᠠᠨ | ᠠᠮᠠᠷᠠᠬᠤ ᠭᠡᠷᠡᠭᠳᠡᠢ᠃ | ᠨᠠᠶᠠᠨ ᠨᠠᠢᠮᠠᠳᠤᠭᠠᠷ ᠵᠦᠢᠯ ᠠᠯᠪᠠᠳᠠᠨ ᠲᠤᠤᠷᠠᠬᠢ ᠨᠦᠬᠦᠴᠡᠯ ᠤᠨ ᠨᠢᠭᠡ ᠳᠤᠨᠢ ᠨᠡᠶᠢᠴᠡᠪᠡᠯ ᠲᠤᠰ ᠬᠦᠮᠦᠨ ᠦᠪᠡᠷ ᠤᠨ | ᠰᠠᠶᠢᠨ ᠲᠤᠷ᠎ᠠ ᠠᠴᠠ ᠪᠠᠨ ᠭᠤᠶᠤᠴᠢᠯᠠᠵᠤ ᠲᠤᠮᠢᠯᠠᠵᠤ ᠪᠠᠭᠤᠯᠭᠠᠬᠤ ᠪᠠᠶᠢᠭᠤᠯᠭ᠎ᠠ ᠪᠠᠷ ᠵᠦᠪᠰᠢᠶᠡᠷᠡᠬᠦᠯᠪᠡᠯ | ᠤᠷᠢᠥᠨᠴᠢᠯᠠᠨ ᠠᠵᠢᠯ ᠠᠴᠠ ᠪᠠᠨ ᠠᠮᠠᠷᠠᠵᠤ ᠪᠤᠯᠤᠨ᠎ᠠ᠄ | ︵ᠨᠢᠭᠡ︶ ᠠᠵᠢᠯᠯᠠᠭᠰᠠᠨ ᠤᠨ ᠵᠢᠯ ᠨᠢ ᠪᠦᠬᠦᠯᠢ ᠭᠤᠴᠢᠨ ᠵᠢᠯ ᠪᠤᠯᠤᠭᠰᠠᠨ ︔ | ︵ᠬᠤᠶᠠᠷ︶ ᠤᠯᠤᠰ ᠠᠴᠠ ᠲᠤᠭᠳᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠳᠡᠯ᠎ᠡ ᠲᠠᠪᠤᠨ | ᠵᠢᠯ ᠬᠦᠷᠬᠦ ᠦᠭᠡᠢ ᠪᠦᠭᠡᠥᠨ ᠠᠵᠢᠯᠯᠠᠭᠰᠠᠨ ᠤᠨ ᠵᠢᠯ ᠨᠢ ᠪᠦᠬᠦᠯᠢ ᠬᠤᠷᠢᠨ ᠵᠢᠯ ᠪᠤᠯᠤᠭᠰᠠᠨ ︔ | ︵ᠭᠤᠷᠪᠠ︶ ᠤᠯᠤᠰ ᠠᠴᠠ ᠲᠤᠭᠳᠠᠭᠠᠭᠰᠠᠨ ᠤᠷᠢᠥᠨᠴᠢᠯᠠᠨ ᠠᠵᠢᠯ ᠠᠴᠠ ᠪᠠᠨ ᠠᠮᠠᠷᠠᠵᠤ ᠪᠤᠯᠬᠤ ᠪᠤᠰᠤᠤᠨ | ᠪᠠᠶᠢᠳᠠᠯ ᠲᠠᠢ ᠲᠤᠬᠢᠷᠠᠭᠰᠠᠨ᠃ | ᠨᠠᠶ᠋ᠨ ᠶᠢᠰᠦᠳᠦᠭᠡᠷ ᠵᠦᠢᠯ ᠠᠯᠪᠠᠳᠠᠨ ᠠᠵᠢᠯ ᠠᠴᠠ ᠠᠮᠠᠷᠠᠭᠰᠠᠨ ᠬᠤᠶᠢᠨ᠎ᠠ ᠤᠯᠤᠰ ᠠᠴᠠ ᠲᠤᠭᠳᠠᠭᠠᠭᠰᠠᠨ | ᠠᠵᠢᠯ ᠠᠴᠠ ᠠᠮᠠᠷᠠᠭᠰᠠᠨ ᠮᠦᠡᠭᠭᠦ ᠪᠤᠯᠤᠨ ᠪᠤᠰᠤᠤᠨ ᠤᠯᠭᠤᠮᠵᠢ ᠶᠢ ᠬᠦᠷᠳᠡᠨ᠎ᠡ ︔ ᠤᠯᠤᠰ ᠠᠴᠠ ᠲᠡᠬᠦᠨ ᠤ | ᠠᠮᠢᠳᠤᠷᠠᠯ ᠪᠤᠯᠤᠨ ᠡᠷᠡᠬᠦᠯ ᠮᠡᠨᠳᠦ ᠳᠤ ᠴᠢᠬᠤᠯᠨ ᠪᠦᠬᠦᠢ ᠦᠢᠯᠡᠴᠢᠯᠡᠭᠡ ᠬᠢᠭᠡᠥᠨ ᠬᠠᠪᠰᠤᠷᠤᠯᠭ᠎ᠠ ᠦᠭᠴᠦ᠂ ᠬᠤᠪᠢ | ᠬᠦᠮᠦᠨ ᠤ ᠲᠠᠪᠠᠭᠤᠯᠢᠭ ᠢᠶᠠᠨ ᠪᠠᠳᠠᠷᠠᠭᠤᠯᠵᠤ ᠨᠡᠶᠢᠭᠡᠮ ᠤᠨ ᠬᠦᠭᠵᠢᠯᠳᠡ ᠳᠤ ᠤᠷᠤᠯᠴᠠᠬᠤ ᠶᠢ ᠵᠤᠷᠢᠠᠠᠵᠢᠭᠤᠯᠤᠨ᠎ᠠ᠃ | ᠠᠷᠪᠠᠨ ᠲᠠᠪᠤᠳᠤᠭᠠᠷ ᠪᠦᠯᠦᠭ ᠭᠤᠮᠤᠳᠠᠯ ᠲᠤᠭᠠᠴᠢᠬᠤ ᠪᠠ ᠵᠠᠭᠠᠯᠳᠤᠬᠤ | ᠶᠡᠷᠡᠳᠦᠭᠡᠷ ᠵᠦᠢᠯ ᠠᠯᠪᠠᠳᠠᠨ ᠲᠤᠰ ᠪᠡᠶ᠎ᠡ ᠳᠤᠨᠢ ᠬᠤᠯᠪᠤᠭᠳᠠᠬᠤ ᠲᠤᠤᠷᠠᠬᠢ ᠮᠡᠳᠦ ᠠᠵᠢᠯᠳᠠᠨ ᠤ ᠶᠠᠪᠤᠳᠠᠯ ᠤᠨ | ᠰᠢᠢᠥᠨᠪᠦᠷᠢᠯᠡᠭᠰᠡᠨ ᠲᠤᠭᠳᠠᠭᠠᠯ ᠢ ᠵᠦᠪᠰᠢᠶᠡᠷᠡᠬᠦ ᠦᠭᠡᠢ ᠪᠤᠯ ᠲᠤᠰ ᠠᠵᠢᠯᠳᠠᠨ ᠤ ᠶᠠᠪᠤᠳᠠᠯ ᠤᠨ ᠰᠢᠢᠥᠨᠪᠦᠷᠢ ᠶᠢ | ᠮᠡᠳᠡᠭᠰᠡᠨ ᠡᠳᠦᠷ ᠠᠴᠠ ᠡᠭᠢᠯᠡᠵᠦ ᠭᠤᠴᠢᠨ ᠡᠳᠦᠷ ᠤᠨ ᠲᠤᠳᠤᠷ᠎ᠠ ᠤᠤᠯ ᠰᠢᠢᠥᠨᠪᠦᠷᠢᠯᠡᠭᠰᠡᠨ ᠪᠠᠶᠢᠭᠤᠯᠭ᠎ᠠ ᠳᠤ ᠲᠠᠬᠢᠨ | ᠬᠢᠨᠠᠭᠤᠯᠬᠤ ᠪᠠᠷ ᠭᠤᠶᠤᠴᠢᠯᠠᠯ ᠭᠠᠷᠭᠠᠨ᠎ᠠ ︔ ᠲᠠᠬᠢᠨ ᠬᠢᠨᠠᠭᠰᠠᠨ ᠦᠷ᠎ᠡ ᠳ᠋ᠥᠩ ᠢ ᠵᠦᠪᠰᠢᠶᠡᠷᠡᠬᠦ ᠦᠭᠡᠢ ᠪᠤᠯ | ᠲᠠᠬᠢᠨ ᠬᠢᠨᠠᠭᠰᠠᠨ ᠲᠤᠭᠳᠠᠭᠠᠯ ᠢ ᠬᠦᠯᠢᠶᠡᠨ ᠠᠪᠤᠭᠰᠠᠨ ᠡᠳᠦᠷ ᠠᠴᠠ ᠡᠭᠢᠯᠡᠵᠦ ᠠᠷᠪᠠᠨ ᠲᠠᠪᠤᠨ ᠡᠳᠦᠷ ᠤᠨ | ᠲᠤᠳᠤᠷ᠎ᠠ ᠲᠤᠭᠳᠠᠭᠠᠯ ᠶᠤᠰᠤᠭᠠᠷ ᠠᠳᠠᠯᠢ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ | ᠲᠤᠰ ᠠᠵᠢᠯᠳᠠᠨ ᠤ ᠶᠠᠪᠤᠳᠠᠯ ᠢ ᠰᠢᠢᠥᠨᠪᠦᠷᠢᠯᠡᠭᠰᠡᠨ ᠪᠠᠶᠢᠭᠤᠯᠭ᠎ᠠ ᠶᠢᠨ ᠲᠡᠭᠡᠳᠦ ᠱᠠᠳᠤᠨ ᠤ ᠪᠠᠶᠢᠭᠤᠯᠭ᠎ᠠ ᠳᠤ | ᠭᠤᠮᠤᠳᠠᠯ ᠲᠤᠭᠠᠴᠠᠵᠤ ᠪᠤᠯᠤᠨ᠎ᠠ ︔ ᠲᠠᠬᠢᠨ ᠬᠢᠨᠠᠬᠤ ᠶᠢ ᠲᠠᠮᠵᠢᠬᠤ ᠦᠭᠡᠢ ᠪᠠᠷ ᠲᠤᠰ ᠠᠵᠢᠯᠳᠠᠨ ᠤ ᠶᠠᠪᠤᠳᠠᠯ ᠤᠨ | ᠰᠢᠢᠥᠨᠪᠦᠷᠢᠯᠡᠭᠰᠡᠨ ᠲᠤᠭᠳᠠᠭᠠᠯ ᠢ ᠮᠡᠳᠡᠭᠰᠡᠨ ᠡᠳᠦᠷ ᠠᠴᠠ ᠡᠭᠢᠯᠡᠵᠦ ᠭᠤᠴᠢᠨ ᠡᠳᠦᠷ ᠤᠨ ᠲᠤᠳᠤᠷ᠎ᠠ ᠰᠢᠭᠤᠤᠨ | ᠭᠤᠮᠤᠳᠠᠯ ᠲᠤᠭᠠᠴᠠᠵᠤ ᠪᠠᠰᠠ ᠪᠤᠯᠤᠨ᠎ᠠ᠄ | ︵ᠨᠢᠭᠡ︶ ᠰᠢᠥᠨᠭᠡᠯ ᠦᠭᠬᠦ ︔ | ︵ᠬᠤᠶᠠᠷ︶ ᠠᠵᠢᠯ ᠠᠴᠠ ᠨᠢ ᠵᠤᠭᠰᠤᠭᠠᠬᠤ ᠡᠰᠡᠬᠦᠯ᠎ᠡ ᠡᠯᠰᠡᠨ ᠭᠡᠷᠡᠭᠯᠡᠬᠦ ᠶᠢ ᠬᠦᠴᠦᠨ ᠦᠭᠡᠢ ᠪᠤᠯᠭᠠᠬᠤ ︔ | | ︵ᠭᠤᠷᠪᠠ︶ ᠲᠤᠰᠢᠶᠠᠯ ᠢ ᠨᠢ ᠪᠠᠭᠤᠷᠠᠭᠤᠯᠬᠤ ︔ | ︵ᠲᠦᠷᠪᠡ︶ ᠲᠤᠭᠳᠠᠮᠠᠯ ᠬᠤᠭᠤᠴᠠᠭ᠎ᠠ ᠲᠠᠢ ᠬᠢᠨᠠᠨ ᠰᠢᠯᠭᠠᠯᠳᠠ ᠳᠤ ᠲᠤᠰᠢᠶᠠᠯ ᠳᠠᠭᠠᠨ ᠦᠯᠦ ᠲᠡᠩᠴᠡᠬᠦ ᠪᠠᠷ | ᠲᠤᠭᠳᠠᠬᠤ ︔ | ︵ᠲᠠᠪᠤ︶ ᠲᠤᠰᠢᠶᠠᠯ ᠠᠴᠠ ᠨᠢ ᠤᠭᠴᠠᠷᠠᠭᠤᠯᠤᠭᠰᠠ ︔ | ︵ᠵᠢᠷᠭᠤᠭ᠎ᠠ︶ ᠲᠤᠰᠢᠶᠠᠯ ᠠᠴᠠ ᠪᠠᠭᠤᠬᠤ᠂ ᠤᠷᠢᠥᠨᠴᠢᠯᠠᠨ ᠠᠵᠢᠯ ᠠᠴᠠ ᠪᠠᠨ ᠠᠮᠠᠷᠠᠬᠤ ᠶᠢ | ᠭᠤᠶᠤᠴᠢᠯᠠᠭᠠᠥᠨ ᠦᠯᠦ ᠵᠦᠪᠰᠢᠶᠡᠷᠡᠭᠰᠡᠨ | ︵ᠲᠤᠯᠤᠭ᠎ᠠ︶ ᠴᠠᠯᠢᠩ ᠠᠰᠠᠷᠠᠮᠵᠢ ᠲᠠᠭᠠᠥᠨᠬᠠᠯ ᠤᠨ ᠤᠯᠭᠤᠮᠵᠢ ᠶᠢ ᠲᠤᠭᠳᠠᠭᠠᠯ ᠶᠤᠰᠤᠭᠠᠷ ᠲᠤᠭᠳᠠᠭᠠᠵᠤ | ᠦᠭᠬᠦᠭᠰᠡᠨ ᠦᠭᠡᠢ ᠪᠤᠶᠤ ᠬᠠᠰᠤᠭᠰᠠᠨ ︔ | ︵ᠨᠠᠢᠮᠨ︶ ᠬᠠᠥᠯᠢ ᠴᠠᠭᠠᠵᠠ ᠬᠠᠥᠯᠢ ᠲᠦᠷᠢᠮ ᠳᠤ ᠲᠤᠭᠳᠠᠭᠠᠭᠰᠠᠨ ᠭᠤᠮᠤᠳᠠᠯ ᠲᠤᠭᠠᠴᠠᠵᠤ ᠪᠤᠯᠬᠤ | ᠪᠤᠰᠤᠤᠨ ᠪᠠᠶᠢᠳᠠᠯ᠃ | ᠮᠤᠵᠢ ᠶᠢᠨ ᠱᠠᠳᠤᠨ ᠠᠴᠠ ᠲᠤᠷᠤᠭᠰᠢᠬᠢ ᠪᠠᠶᠢᠭᠤᠯᠭ᠎ᠠ ᠠᠴᠠ ᠭᠠᠷᠭᠠᠭᠰᠠᠨ ᠭᠤᠮᠤᠳᠠᠯ ᠲᠤᠭᠠᠴᠠᠬᠤ ᠶᠢ | ᠰᠢᠢᠥᠨᠪᠦᠷᠢᠯᠡᠭᠰᠡᠨ ᠲᠤᠭᠳᠠᠭᠠᠯ ᠢ ᠵᠦᠪᠰᠢᠶᠡᠷᠡᠬᠦ ᠦᠭᠡᠢ ᠪᠤᠯ ᠲᠤᠭᠳᠠᠭᠠᠯ ᠭᠠᠷᠭᠠᠭᠰᠠᠨ ᠪᠠᠶᠢᠭᠤᠯᠭ᠎ᠠ ᠶᠢᠨ ᠲᠡᠭᠡᠳᠦ | ᠱᠠᠳᠤᠨ ᠤ ᠪᠠᠶᠢᠭᠤᠯᠭ᠎ᠠ ᠳᠤ ᠲᠠᠬᠢᠨ ᠭᠤᠮᠤᠳᠠᠯ ᠲᠤᠭᠠᠴᠠᠵᠤ ᠪᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠠᠯᠪᠠᠳᠠᠨ ᠰᠢᠥᠨᠭᠡᠯ ᠦᠭᠬᠦ ᠶᠢ ᠵᠦᠪᠰᠢᠶᠡᠷᠡᠬᠦ ᠦᠭᠡᠢ ᠪᠠᠶᠢᠵᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠭᠤᠮᠤᠳᠠᠯ ᠲᠤᠭᠠᠴᠠᠪᠠᠯ ︽ᠪᠦᠬᠦᠳᠠ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠵᠠᠰᠠᠭ | ᠵᠠᠬᠢᠷᠭᠠᠨ ᠤ ᠬᠢᠨᠠᠨ ᠪᠠᠶᠢᠴᠠᠭᠠᠬᠤ ᠬᠠᠥᠯᠢ︾ ᠶᠢᠨ ᠲᠤᠭᠳᠠᠭᠠᠯ ᠢᠶᠠᠷ ᠬᠢᠨ᠎ᠡ᠃ | ᠶᠡᠷᠡᠨ ᠨᠢᠭᠡᠳᠦᠭᠡᠷ ᠵᠦᠢᠯ ᠤᠤᠯ ᠰᠢᠢᠥᠨᠪᠦᠷᠢᠯᠡᠭᠰᠡᠨ ᠪᠠᠶᠢᠭᠤᠯᠭ᠎ᠠ ᠲᠠᠬᠢᠨ ᠬᠢᠨᠠᠬᠤ ᠭᠤᠶᠤᠴᠢᠯᠠᠯ ᠤᠨ | ᠪᠢᠴᠢᠭ ᠢ ᠬᠦᠯᠢᠶᠡᠵᠤ ᠠᠪᠤᠭᠰᠠᠨ ᠭᠤᠴᠢᠨ ᠡᠳᠦᠷ ᠤᠨ ᠲᠤᠳᠤᠷ᠎ᠠ ᠲᠠᠬᠢᠨ ᠬᠢᠨᠠᠭᠰᠠᠨ ᠲᠤᠭᠳᠠᠭᠠᠯ ᠭᠠᠷᠭᠠᠬᠤ | ᠭᠡᠷᠡᠭᠳᠡᠢ᠃ ᠠᠯᠪᠠᠳᠠᠨ ᠤ ᠭᠤᠮᠤᠳᠠᠯ ᠲᠤᠭᠠᠴᠠᠯᠳᠠ ᠶᠢ ᠬᠦᠯᠢᠶᠡᠨ ᠠᠪᠤᠭᠰᠠᠨ ᠪᠠᠶᠢᠭᠤᠯᠭ᠎ᠠ ᠨᠢ ᠬᠦᠯᠢᠶᠡᠵᠤ | ᠠᠪᠤᠭᠰᠠᠨ ᠡᠳᠦᠷ ᠠᠴᠠ ᠵᠢᠷᠠᠨ ᠡᠳᠦᠷ ᠤᠨ ᠲᠤᠳᠤᠷ᠎ᠠ ᠰᠢᠢᠥᠨᠪᠦᠷᠢᠯᠡᠭᠰᠡᠨ ᠲᠤᠭᠳᠠᠭᠠᠯ ᠭᠠᠷᠭᠠᠬᠤ ᠭᠡᠷᠡᠭᠳᠡᠢ ︔ | ᠭᠡᠷᠡᠭ ᠤᠨ ᠪᠠᠶᠢᠳᠠᠯ ᠨᠢ ᠪᠤᠳᠤᠯᠢᠶᠠᠨᠳᠠᠢ ᠪᠤᠯ ᠴᠠᠭ ᠬᠤᠭᠤᠴᠠᠭ᠎ᠠ ᠶᠢ ᠵᠤᠬᠢᠰᠳᠠᠢ ᠤᠷᠳᠤᠤᠨᠬᠠᠵᠤ ᠪᠤᠯᠤᠨ᠎ᠠ᠂ ᠭᠡᠪᠡᠴᠦ | ᠤᠷᠳᠤᠤᠨᠬᠠᠭᠰᠠᠨ ᠬᠤᠭᠤᠴᠠᠭ᠎ᠠ ᠨᠢ ᠭᠤᠴᠢᠨ ᠡᠳᠦᠷ ᠠᠴᠠ ᠭᠡᠳᠦᠷᠡᠵᠦ ᠪᠤᠯᠬᠤ ᠦᠭᠡᠢ᠃ ᠲᠠᠬᠢᠨ ᠬᠢᠨᠠᠬᠤ ᠪᠠ | ᠭᠤᠮᠤᠳᠠᠯ ᠲᠤᠭᠠᠴᠠᠭᠰᠠᠨ ᠬᠤᠭᠤᠴᠠᠭᠠᠨ ᠳᠤ ᠠᠵᠢᠯᠳᠠᠨ ᠤ ᠶᠠᠪᠤᠳᠠᠯ ᠤᠨ ᠰᠢᠢᠥᠨᠪᠦᠷᠢ ᠶᠢ ᠭᠡᠷᠡᠭᠵᠢᠬᠦᠯᠬᠦ ᠪᠠᠨ | ᠵᠤᠭᠰᠤᠭᠠᠬᠤ ᠦᠭᠡᠢ᠃ | ᠶᠡᠷᠡᠨ ᠬᠤᠶᠠᠳᠤᠭᠠᠷ ᠵᠦᠢᠯ ᠠᠯᠪᠠᠳᠠᠨ ᠤ ᠭᠤᠮᠤᠳᠠᠯ ᠲᠤᠭᠠᠴᠠᠬᠤ ᠶᠢ ᠬᠦᠯᠢᠶᠡᠨ ᠠᠪᠤᠭᠰᠠᠨ | ᠪᠠᠶᠢᠭᠤᠯᠭ᠎ᠠ ᠠᠴᠠ ᠠᠵᠢᠯᠳᠠᠨ ᠤ ᠶᠠᠪᠤᠳᠠᠯ ᠢ ᠪᠤᠷᠤᠭᠤ ᠰᠢᠢᠥᠨᠪᠦᠷᠢᠯᠡᠭᠰᠡᠨ ᠢ ᠬᠢᠨᠠᠨ ᠲᠤᠳᠤᠯᠤᠭᠰᠠᠨ ᠪᠤᠯ ᠤᠤᠯ | ᠰᠢᠢᠥᠨᠪᠦᠷᠢᠯᠡᠭᠰᠡᠨ ᠪᠠᠶᠢᠭᠤᠯᠭ᠎ᠠ ᠵᠠᠪᠠᠯ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠳᠡᠢ᠃ | ᠶᠡᠷᠡᠨ ᠭᠤᠷᠪᠠᠳᠤᠭᠠᠷ ᠵᠦᠢᠯ ᠠᠯᠪᠠᠳᠠᠨ ᠠᠴᠠ ᠪᠠᠶᠢᠭᠤᠯᠭ᠎ᠠ ᠬᠢᠭᠡᠥᠨ ᠲᠡᠬᠦᠨ ᠤ ᠤᠳᠤᠷᠢᠥᠨᠬᠤ ᠬᠦᠮᠦᠨ | ᠦᠪᠡᠷ ᠤᠨ ᠬᠢᠨᠢ ᠬᠠᠥᠯᠢ ᠶᠤᠰᠤᠨ ᠤ ᠡᠷᠭᠡ ᠠᠰᠢᠭ ᠲᠤ ᠬᠠᠯᠳᠠᠭᠰᠠᠨ ᠭᠡᠵᠦ ᠦᠵᠡᠪᠡᠯ ᠬᠠᠥᠯᠢ ᠶᠤᠰᠤᠭᠠᠷ ᠲᠡᠭᠡᠳᠦ | ᠱᠠᠳᠤᠨ ᠤ ᠪᠠᠶᠢᠭᠤᠯᠭ᠎ᠠ ᠪᠤᠶᠤ ᠡᠰᠡᠬᠦᠯ᠎ᠡ ᠬᠠᠮᠢᠶ᠎ᠠ ᠲᠠᠢ ᠲᠤᠰᠬᠠᠢ ᠪᠠᠶᠢᠭᠤᠯᠤᠮᠵᠢ ᠳᠤ ᠵᠠᠭᠠᠯᠳᠤᠯᠭ᠎ᠠ ᠬᠢᠵᠦ ᠪᠤᠯᠤᠨ᠎ᠠ᠃ | ᠵᠠᠭᠠᠯᠳᠤᠯᠭ᠎ᠠ ᠶᠢ ᠬᠦᠯᠢᠶᠡᠵᠦ ᠠᠪᠤᠭᠰᠠᠨ ᠪᠠᠶᠢᠭᠤᠯᠭ᠎ᠠ ᠲᠤᠭᠳᠠᠭᠠᠯ ᠶᠤᠰᠤᠭᠠᠷ ᠴᠠᠭ ᠲᠠᠷᠤᠢ ᠳᠤᠨᠢ ᠰᠢᠢᠥᠨᠪᠦᠷᠢᠯᠡᠬᠦ | ᠭᠡᠷᠡᠭᠳᠡᠢ᠃ | ᠶᠡᠷᠡᠨ ᠲᠦᠷᠪᠡᠳᠦᠭᠡᠷ ᠵᠦᠢᠯ ᠠᠯᠪᠠᠳᠠᠨ ᠭᠤᠮᠤᠳᠠᠯ ᠲᠤᠭᠠᠴᠢᠬᠤ ᠪᠠ ᠵᠠᠭᠠᠯᠳᠤᠯᠭ᠎ᠠ ᠭᠠᠷᠭᠠᠬᠤ ᠳᠠᠭᠠᠨ | ᠬᠤᠳᠠᠯ ᠭᠡᠷᠡᠭ ᠵᠤᠬᠢᠶᠠᠵᠤ ᠪᠤᠰᠤᠤᠨ ᠢ ᠬᠦᠥᠨᠭᠡᠵᠦ ᠬᠤᠤᠷᠯᠠᠵᠤ ᠪᠤᠯᠬᠤ ᠦᠭᠡᠢ᠃ | ᠠᠷᠪᠠᠨ ᠵᠢᠷᠭᠤᠳᠤᠭᠠᠷ ᠪᠦᠯᠦᠭ ᠲᠤᠰᠢᠶᠠᠯ ᠤᠨ ᠪᠠᠶᠢᠷᠢ ᠳᠤ ᠤᠷᠢᠨ ᠲᠤᠮᠢᠯᠠᠬᠤ | ᠶᠡᠷᠡᠨ ᠲᠠᠪᠤᠳᠤᠭᠠᠷ ᠵᠦᠢᠯ ᠪᠠᠶᠢᠭᠤᠯᠭ᠎ᠠ ᠨᠢ ᠠᠵᠢᠯ ᠤᠨ ᠭᠡᠷᠡᠭᠴᠡᠭᠡ ᠪᠠᠨ ᠦᠨᠳᠦᠰᠦᠯᠡᠨ᠂ ᠮᠤᠵᠢ ᠶᠢᠨ | ᠱᠠᠳᠤᠨ ᠠᠴᠠ ᠲᠡᠭᠡᠭᠰᠢᠬᠢ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠨ ᠲᠤᠰᠬᠠᠢ | ᠮᠡᠷᠭᠡᠵᠢᠯ ᠤᠨ ᠴᠢᠨᠠᠷ ᠢᠶᠠᠷ ᠨᠡᠯᠢᠶᠡᠥᠨ ᠴᠢᠩᠭ᠎ᠠ ᠲᠤᠰᠢᠶᠠᠯ ᠤᠨ ᠪᠠᠶᠢᠷᠢ ᠪᠠ ᠲᠤᠰᠠᠯᠠᠬᠤ ᠴᠢᠨᠠᠷ ᠲᠠᠢ ᠲᠤᠰᠢᠶᠠᠯ ᠤᠨ | ᠪᠠᠶᠢᠷᠢ ᠳᠤ ᠤᠷᠢᠨ ᠲᠤᠮᠢᠯᠠᠬᠤ ᠲᠦᠷᠢᠮ ᠢ ᠭᠡᠷᠡᠭᠵᠢᠬᠦᠯᠵᠦ ᠪᠤᠯᠤᠨ᠎ᠠ᠃ ᠡᠮᠦᠨᠡᠬᠢ ᠵᠤᠷᠪᠤᠰ ᠲᠤ ᠵᠢᠭᠰᠠᠭᠠᠭᠰᠠᠨ | ᠲᠤᠰᠢᠶᠠᠯ ᠤᠨ ᠪᠠᠶᠢᠷᠢ ᠨᠢ ᠤᠯᠤᠰ ᠤᠨ ᠨᠢᠭᠤᠴᠠ ᠳᠤ ᠬᠤᠯᠪᠤᠭᠳᠠᠪᠠᠯ ᠤᠷᠢᠨ ᠲᠤᠮᠢᠯᠠᠬᠤ ᠲᠦᠷᠢᠮ ᠢ ᠭᠡᠷᠡᠭᠵᠢᠬᠦᠯᠬᠦ | ᠦᠭᠡᠢ᠃ | ᠶᠡᠷᠡᠨ ᠵᠢᠷᠭᠤᠳᠤᠭᠠᠷ ᠵᠦᠢᠯ ᠪᠠᠶᠢᠭᠤᠯᠭ᠎ᠠ ᠠᠴᠠ ᠠᠯᠪᠠᠳᠠᠨ ᠢ ᠤᠷᠢᠨ ᠲᠤᠮᠢᠯᠠᠬᠤ ᠳᠤ ᠠᠯᠪᠠᠳᠠᠨ ᠢ ᠰᠢᠯᠭᠠᠨ | ᠡᠯᠰᠡᠬᠦ ᠵᠢᠷᠤᠮ ᠢᠶᠠᠷ ᠯᠠᠪᠯᠠᠯᠳᠠ ᠪᠤᠯᠭᠠᠵᠤ ᠢᠯᠨ ᠪᠠᠷ ᠤᠷᠢᠨ ᠡᠯᠰᠡᠵᠦ ᠪᠤᠯᠤᠨ᠎ᠠ᠂ ᠨᠦᠬᠦᠴᠡᠯ ᠬᠦᠷᠦᠭᠰᠡᠨ | ᠬᠦᠮᠦᠰ ᠤᠨ ᠲᠤᠮᠳᠠ ᠠᠴᠠ ᠰᠢᠭᠤᠤᠨ ᠰᠤᠩᠭᠤᠨ ᠤᠷᠢᠵᠤ ᠪᠠᠰᠠ ᠪᠤᠯᠤᠨ᠎ᠠ᠃ ᠪᠠᠶᠢᠭᠤᠯᠭ᠎ᠠ ᠠᠴᠠ ᠠᠯᠪᠠᠳᠠᠨ ᠢ | ᠤᠷᠢᠨ ᠲᠤᠮᠢᠯᠠᠬᠤ ᠳᠤ ᠲᠤᠭᠳᠠᠭᠰᠠᠨ ᠤᠷᠤᠨ ᠲᠤᠭ᠎ᠠ ᠪᠤᠯᠤᠨ ᠴᠠᠯᠢᠩ ᠤᠨ ᠵᠠᠷᠤᠳᠠᠯ ᠤᠨ ᠬᠢᠵᠠᠭᠠᠷᠯᠠᠭᠰᠠᠨ ᠲᠤᠭ᠎ᠠ | ᠲᠤᠳᠤᠷ᠎ᠠ ᠶᠠᠪᠤᠭᠤᠯᠬᠤ ᠭᠡᠷᠡᠭᠳᠡᠢ᠃ | ᠶᠡᠷᠡᠨ ᠲᠤᠯᠤᠳᠤᠭᠠᠷ ᠵᠦᠢᠯ ᠪᠠᠶᠢᠭᠤᠯᠭ᠎ᠠ ᠠᠴᠠ ᠠᠯᠪᠠᠳᠠᠨ ᠢ ᠤᠷᠢᠨ ᠲᠤᠮᠢᠯᠠᠬᠤ ᠳᠤ ᠵᠠᠪᠠᠯ ᠡᠷᠭᠡ ᠲᠡᠭᠰᠢ | ᠰᠠᠶᠢᠨ ᠲᠤᠷ᠎ᠠ ᠠᠴᠠ᠂ ᠵᠦᠪᠳᠡᠯᠴᠡᠨ ᠨᠢᠭᠡᠳᠦᠯᠳᠡᠢ ᠪᠠᠶᠢᠬᠤ ᠵᠠᠷᠴᠢᠮ ᠤᠨ ᠶᠤᠰᠤᠭᠠᠷ ᠪᠢᠴᠢᠭ ᠤᠨ ᠬᠡᠯᠪᠡᠷᠢ ᠪᠠᠷ | ᠤᠷᠢᠨ ᠲᠤᠮᠢᠯᠠᠬᠤ ᠭᠡᠷ᠎ᠡ ᠲᠤᠭᠳᠠᠨ᠂ ᠪᠠᠶᠢᠭᠤᠯᠭ᠎ᠠ ᠪᠠ ᠤᠷᠢᠭᠳᠠᠭᠰᠠᠨ ᠠᠯᠪᠠᠳᠠᠨ ᠬᠤᠶᠠᠷ ᠲᠠᠯ᠎ᠠ ᠶᠢᠨ ᠡᠷᠭᠡ ᠪᠠ | ᠡᠭᠦᠷᠭᠡ ᠶᠢ ᠲᠤᠳᠤᠷᠬᠠᠢᠢᠯᠠᠨ᠎ᠠ᠃ ᠬᠤᠶᠠᠷ ᠲᠠᠯ᠎ᠠ ᠪᠠᠷ ᠢᠶᠠᠨ ᠵᠦᠪᠳᠡᠯᠴᠡᠨ ᠨᠢᠭᠡᠥᠨᠪᠡᠯ ᠤᠷᠢᠨ ᠲᠤᠮᠢᠯᠠᠬᠤ ᠭᠡᠷ᠎ᠡ ᠶᠢ | ᠬᠤᠪᠢᠷᠠᠭᠠᠬᠤ ᠦᠭᠡᠢ ᠪᠤᠶᠤ ᠬᠦᠴᠦᠨ ᠦᠭᠡᠢ ᠪᠤᠯᠭᠠᠵᠤ ᠪᠤᠯᠤᠨ᠎ᠠ᠃ ᠤᠷᠢᠨ ᠲᠤᠮᠢᠯᠠᠬᠤ ᠭᠡᠷ᠎ᠡ ᠲᠤᠭᠳᠠᠭᠠᠬᠤ᠂ | ᠬᠤᠪᠢᠷᠠᠭᠠᠬᠤ ᠪᠤᠶᠤ ᠬᠦᠴᠦᠨ ᠦᠭᠡᠢ ᠪᠤᠯᠭᠠᠬᠤ ᠳᠤ ᠵᠠᠪᠠᠯ ᠠᠳᠠᠯᠢ ᠱᠠᠳᠤᠨ ᠤ ᠠᠯᠪᠠᠳᠠᠨ ᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ᠃ | ᠶᠡᠷᠡᠨ ᠨᠠᠢᠮᠠᠳᠤᠭᠠᠷ ᠵᠦᠢᠯ ᠤᠷᠢᠨ ᠲᠤᠮᠢᠯᠠᠬᠤ ᠭᠡᠷ᠎ᠡ ᠨᠢ ᠵᠠᠪᠠᠯ ᠭᠡᠷ᠎ᠡ ᠶᠢᠨ ᠬᠤᠭᠤᠴᠠᠭ᠎ᠠ᠂ ᠲᠤᠰᠢᠶᠠᠯ ᠤᠨ | ᠪᠠᠶᠢᠷᠢ ᠵᠢᠴᠢ ᠲᠡᠬᠦᠨ ᠤ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ᠂ ᠴᠠᠯᠢᠩ ᠠᠰᠠᠷᠠᠮᠵᠢ ᠲᠠᠭᠠᠥᠨᠬᠠᠯ ᠤᠨ | ᠤᠯᠭᠤᠮᠵᠢ᠂ ᠪᠤᠯᠵᠤᠭ᠎ᠠ ᠠᠴᠠ ᠵᠦᠷᠢᠴᠡᠭᠰᠡᠨ ᠬᠠᠷᠢᠭᠤᠴᠠᠯᠭ᠎ᠠ ᠵᠡᠷᠭᠡ ᠵᠦᠢᠯ ᠢ ᠪᠦᠷᠢᠯᠳᠦᠬᠦᠯᠬᠦ ᠭᠡᠷᠡᠭᠳᠡᠢ᠃ ᠤᠷᠢᠨ | ᠲᠤᠮᠢᠯᠠᠬᠤ ᠭᠡᠷ᠎ᠡ ᠶᠢᠨ ᠬᠤᠭᠤᠴᠠᠭ᠎ᠠ ᠨᠢ ᠨᠢᠭᠡ ᠵᠢᠯ ᠠᠴᠠ ᠲᠠᠪᠤᠨ ᠵᠢᠯ ᠪᠠᠶᠢᠵᠤ ᠪᠤᠯᠤᠨ᠎ᠠ᠃ ᠤᠷᠢᠨ ᠲᠤᠮᠢᠯᠠᠬᠤ | ᠭᠡᠷ᠎ᠡ ᠳᠤ ᠲᠤᠷᠰᠢᠨ ᠭᠡᠷᠡᠭᠯᠡᠬᠦ ᠬᠤᠭᠤᠴᠠᠭ᠎ᠠ ᠲᠤᠭᠳᠠᠭᠠᠵᠤ ᠪᠤᠯᠤᠨ᠎ᠠ᠂ ᠲᠤᠷᠰᠢᠨ ᠭᠡᠷᠡᠭᠯᠡᠬᠦ ᠬᠤᠭᠤᠴᠠᠭ᠎ᠠ ᠨᠢ ᠨᠢᠭᠡ | ᠰᠠᠷ᠎ᠠ ᠠᠴᠠ ᠵᠢᠷᠭᠤᠭᠠᠨ ᠰᠠᠷ᠎ᠠ ᠪᠤᠯᠤᠨ᠎ᠠ᠃ ᠤᠷᠢᠨ ᠲᠤᠮᠢᠯᠠᠬᠤ ᠲᠦᠷᠢᠮᠳᠤ ᠠᠯᠪᠠᠳᠠᠨ ᠳᠤ ᠤᠯᠤᠰ ᠤᠨ ᠲᠤᠭᠳᠠᠭᠠᠯ | ᠶᠤᠰᠤᠭᠠᠷ ᠭᠡᠯᠡᠯᠴᠡᠭᠡᠷ ᠢᠶᠠᠷ ᠦᠭᠬᠦ ᠴᠠᠯᠢᠩ ᠤᠨ ᠲᠦᠷᠢᠮ ᠢ ᠭᠡᠷᠡᠭᠵᠢᠬᠦᠯᠦᠨ᠎ᠡ᠂ ᠪᠤᠳᠠᠳᠤ ᠠᠷᠭ᠎ᠠ ᠶᠢ ᠲᠦᠪ ᠤᠨ | ᠠᠯᠪᠠᠳᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | ᠶᠡᠷᠡ ᠶᠢᠰᠦᠳᠦᠭᠡᠷ ᠵᠦᠢᠯ ᠪᠠᠶᠢᠭᠤᠯᠭ᠎ᠠ ᠨᠢ ᠲᠤᠰ ᠬᠠᠥᠯᠢ ᠬᠢᠭᠡᠥᠨ ᠤᠷᠢᠨ ᠲᠤᠮᠢᠯᠠᠬᠤ ᠭᠡᠷ᠎ᠡ ᠶᠢ | ᠦᠨᠳᠦᠰᠦᠯᠡᠵᠦ ᠤᠷᠢᠵᠤ ᠭᠡᠷᠡᠭᠯᠡᠭᠰᠡᠨ ᠠᠯᠪᠠᠳᠠᠨ ᠳᠤ ᠬᠠᠮᠢᠶᠠᠷᠤᠯᠳᠠ ᠭᠢᠨ᠎ᠡ᠃ | ᠵᠠᠭᠤᠳᠤᠭᠠᠷ ᠵᠦᠢᠯ ᠤᠯᠤᠰ ᠠᠴᠠ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ | ᠲᠦᠷᠢᠮ ᠢ ᠪᠠᠶᠢᠭᠤᠯᠤᠨ᠎ᠠ᠃ ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠳᠤ ᠵᠠᠪᠠᠯ | ᠬᠠᠥᠯᠢ ᠳᠤ ᠨᠡᠶᠢᠴᠡᠬᠦ᠂ ᠲᠦᠪ ᠭᠤᠤᠯᠴᠢ᠂ ᠲᠠᠷᠦ᠋ᠢᠬᠠᠨ ᠰᠢᠢᠥᠨᠪᠦᠷᠢᠯᠡᠬᠦ ᠵᠠᠷᠴᠢᠮ ᠢ ᠦᠨᠳᠦᠰᠦᠯᠡᠵᠦ᠂ | ᠮᠠᠷᠭᠤᠭᠠᠨ ᠲᠠᠢ ᠬᠤᠶᠠᠷ ᠲᠠᠯ᠎ᠠ ᠶᠢᠨ ᠬᠠᠥᠯᠢ ᠶᠤᠰᠤᠨ ᠤ ᠡᠷᠭᠡ ᠠᠰᠢᠭ ᠢ ᠬᠠᠥᠯᠢ ᠪᠠᠷ ᠬᠠᠮᠠᠭᠠᠯᠠᠨ᠎ᠠ᠃ ᠠᠵᠢᠯᠳᠠᠨ ᠤ | ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠵᠦᠪᠯᠡᠯ ᠢ ᠭᠡᠷᠡᠭᠴᠡᠭᠡ ᠪᠠᠨ ᠦᠨᠳᠦᠰᠦᠯᠡᠵᠦ ᠪᠠᠶᠢᠭᠤᠯᠤᠨ᠎ᠠ᠃ | ᠠᠵᠢᠯᠳᠠᠨ ᠤ ᠶᠠᠪᠤᠳᠠᠯ ᠤᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠵᠦᠪᠯᠡᠯ ᠨᠢ ᠠᠯᠪᠠᠳᠠᠨ ᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠤᠷᠢᠨ ᠭᠡᠷᠡᠭᠯᠡᠬᠦ ᠪᠠᠶᠢᠭᠤᠯᠭ᠎ᠠ ᠶᠢᠨ ᠲᠦᠯᠦᠭᠡᠯᠡᠭᠴᠢ᠂ ᠤᠷᠢᠨ | ᠲᠤᠮᠢᠯᠠᠬᠤ ᠲᠦᠷᠢᠮᠳᠤ ᠠᠯᠪᠠᠳᠠᠨ ᠤ ᠲᠦᠯᠦᠭᠡᠯᠡᠭᠴᠢ ᠵᠢᠴᠢ ᠬᠠᠥᠯᠢ ᠴᠠᠭᠠᠵᠠ ᠶᠢᠨ ᠮᠡᠷᠭᠡᠵᠢᠯᠳᠡᠨ ᠢᠶᠠᠷ ᠪᠦᠷᠢᠯᠳᠦᠨ᠎ᠡ᠃ | ᠤᠷᠢᠨ ᠲᠤᠮᠢᠠᠯᠬᠤ ᠲᠦᠷᠢᠮᠳᠤ ᠠᠯᠪᠠᠳᠠᠨ ᠬᠢᠭᠡᠥᠨ ᠲᠡᠬᠦᠨ ᠤ ᠠᠵᠢᠯᠯᠠᠵᠤ ᠪᠠᠶᠢᠭ᠎ᠠ ᠪᠠᠶᠢᠭᠤᠯᠭ᠎ᠠ ᠶᠢᠨ | ᠬᠤᠭᠤᠷᠤᠨᠳᠤ ᠪᠠᠨ ᠤᠷᠢᠨ ᠲᠤᠮᠢᠯᠠᠬᠤ ᠭᠡᠷ᠎ᠡ ᠶᠢᠨ ᠭᠡᠷᠡᠭᠵᠢᠬᠦᠯᠬᠦ ᠲᠠᠯ᠎ᠠ ᠪᠠᠷ ᠮᠠᠷᠭᠤᠭᠠᠨ ᠡᠭᠦᠰᠦᠭᠰᠡᠨ ᠪᠤᠯ | ᠮᠠᠷᠭᠤᠭᠠᠨ ᠡᠭᠦᠰᠦᠭᠰᠡᠨ ᠡᠳᠦᠷ ᠠᠴᠠ ᠡᠭᠢᠯᠡᠵᠦ ᠵᠢᠷᠠᠨ ᠡᠳᠦᠷ ᠤᠨ ᠲᠤᠳᠤᠷ᠎ᠠ ᠠᠵᠢᠯᠳᠠᠨ ᠤ ᠶᠠᠪᠤᠳᠠᠯ ᠤᠨ | ᠮᠠᠷᠭᠤᠭᠠᠨ ᠢ ᠬᠦᠨᠳᠡᠯᠡᠨ ᠠᠴᠠ ᠲᠠᠰᠤᠯᠬᠤ ᠵᠦᠪᠯᠡᠯ ᠳᠤ ᠬᠦᠨᠳᠡᠯᠡᠨ ᠠᠴᠠ ᠲᠠᠰᠤᠯᠬᠤ ᠭᠤᠶᠤᠴᠢᠯᠠᠯ ᠭᠠᠷᠭᠠᠵᠤ | ᠪᠤᠯᠤᠨ᠎ᠠ᠃ ᠲᠤᠬᠠᠢ ᠶᠢᠨ ᠬᠦᠮᠦᠨ ᠬᠦᠨᠳᠡᠯᠡᠨ ᠠᠴᠠ ᠲᠠᠰᠤᠯᠬᠤ ᠲᠠᠰᠤᠯᠤᠯᠳᠠ ᠶᠢ ᠵᠦᠪᠰᠢᠶᠡᠷᠡᠬᠦ ᠦᠭᠡᠢ ᠪᠤᠯ | ᠬᠦᠨᠳᠡᠯᠡᠨ ᠠᠴᠠ ᠲᠠᠰᠤᠯᠬᠤ ᠲᠠᠰᠤᠯᠠᠯᠳᠠ ᠶᠢᠨ ᠪᠢᠴᠢᠭ ᠢ ᠬᠦᠯᠢᠶᠡᠵᠤ ᠠᠪᠤᠭᠰᠠᠨ ᠡᠳᠦᠷ ᠠᠴᠠ ᠡᠭᠢᠯᠡᠨ ᠠᠷᠪᠠᠨ | ᠲᠠᠪᠤᠨ ᠡᠳᠦᠷ ᠤᠨ ᠲᠤᠳᠤᠷ᠎ᠠ ᠠᠷᠠᠥᠨ ᠤᠨ ᠰᠢᠬᠦᠬᠦ ᠬᠤᠷᠢᠶᠠᠨ ᠳᠤ ᠵᠠᠷᠭᠤ ᠬᠢᠵᠦ ᠪᠤᠯᠤᠨ᠎ᠠ᠃ ᠬᠦᠨᠳᠡᠯᠡᠨ ᠠᠴᠠ | ᠲᠠᠰᠤᠯᠬᠤ ᠲᠠᠰᠤᠯᠤᠯᠳᠠ ᠬᠦᠴᠦᠨ ᠲᠠᠢ ᠪᠤᠯᠤᠭᠰᠠᠨ ᠤ ᠬᠤᠶᠢᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ | ᠭᠡᠷᠡᠭᠵᠢᠬᠦᠯᠬᠦ ᠦᠭᠡᠢ ᠪᠠᠶᠢᠪᠠᠯ ᠨᠦᠬᠦᠭᠡ ᠨᠢᠭᠡ ᠲᠠᠯ᠎ᠠ ᠶᠢᠨ ᠲᠤᠬᠠᠢ ᠶᠢᠨ ᠬᠦᠮᠦᠨ ᠠᠴᠠ ᠠᠷᠠᠥᠨ ᠤᠨ ᠰᠢᠬᠦᠬᠦ | ᠬᠤᠷᠢᠶᠠᠨ ᠳᠤ ᠭᠡᠷᠡᠭᠵᠢᠬᠦᠯᠬᠦ ᠶᠢ ᠭᠤᠶᠤᠴᠢᠯᠠᠵᠤ ᠪᠤᠯᠤᠨ᠎ᠠ᠃ | ᠠᠷᠪᠠᠨ ᠲᠤᠯᠤᠳᠤᠭᠠᠷ ᠪᠦᠯᠦᠭ ᠬᠠᠥᠯᠢ ᠶᠢᠨ ᠬᠠᠷᠢᠭᠤᠴᠠᠯᠭ᠎ᠠ | ᠵᠠᠭᠤ ᠪᠦᠭᠡᠥᠨ ᠨᠢᠭᠡᠳᠦᠭᠡᠷ ᠵᠦᠢᠯ ᠲᠤᠰ ᠬᠠᠥᠯᠢ ᠶᠢᠨ ᠲᠤᠭᠳᠠᠭᠠᠯ ᠢ ᠵᠦᠷᠢᠴᠡᠭᠰᠡᠨ ᠲᠤᠤᠷᠠᠬᠢ | ᠪᠠᠶᠢᠳᠠᠯ ᠤᠳ ᠪᠠᠶᠢᠪᠠᠯ ᠰᠢᠶᠠᠨ ᠤ ᠱᠠᠳᠤᠨ ᠠᠴᠠ ᠲᠡᠭᠡᠭᠰᠢ ᠤᠳᠤᠷᠢᠥᠨᠬᠤ ᠪᠠᠶᠢᠭᠤᠯᠭ᠎ᠠ ᠪᠤᠶᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠮᠢᠶᠠᠷᠣᠯᠳᠡ ᠶᠢᠨ ᠡᠷᠭᠡ ᠮᠡᠳᠡᠯ ᠤᠨ ᠬᠡᠪᠴᠢᠶ᠎ᠡ ᠶᠤᠰᠤᠭᠠᠷ ᠠᠳᠠᠯᠢ | ᠪᠤᠰᠤ ᠪᠠᠶᠢᠳᠠᠯ ᠢ ᠢᠯᠭᠠᠨ ᠰᠠᠯᠭᠠᠵᠤ᠂ ᠲᠤᠰ ᠲᠤᠰ ᠵᠠᠷᠯᠢᠭᠳᠠᠨ ᠵᠠᠯᠠᠷᠠᠭᠤᠯᠬᠤ ᠪᠤᠶᠤ ᠬᠦᠴᠦᠨ ᠦᠭᠡᠢ | ᠪᠤᠯᠭᠠᠬᠤ ᠪᠠᠷ ᠨᠡᠶᠢᠳᠡᠯᠡᠨ᠎ᠡ ︔ ᠬᠠᠷᠢᠭᠤᠴᠠᠯᠭ᠎ᠠ ᠲᠠᠢ ᠤᠳᠤᠷᠢᠥᠨᠬᠤ ᠬᠦᠮᠦᠨ ᠪᠠ ᠰᠢᠭᠤᠤᠨ ᠬᠠᠷᠢᠭᠤᠴᠠᠯᠭ᠎ᠠ ᠲᠠᠢ | ᠠᠵᠢᠯᠳᠠᠠ ᠢ ᠦᠢᠯᠨ ᠪᠠᠶᠢᠳᠠᠯ ᠤᠨ ᠬᠦᠨᠳᠦ ᠬᠦᠡᠭᠭᠡᠨ ᠢ ᠦᠨᠳᠦᠰᠦᠯᠡᠵᠦ ᠰᠢᠬᠦᠮᠵᠢᠯᠡᠨ ᠰᠤᠷᠭᠠᠬᠤ ᠪᠤᠶᠤ ᠰᠢᠥᠨᠭᠡᠯ | ᠦᠭᠬᠦ ᠭᠡᠷᠡᠭᠳᠡᠢ ︔ ᠶᠠᠯ᠎ᠠ ᠬᠢᠭᠰᠡᠨ ᠭᠡᠮᠵᠢᠶᠡᠨ ᠳᠤ ᠬᠦᠷᠪᠡᠯ ᠬᠠᠥᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ | ᠨᠡᠭᠡᠮᠵᠢᠯᠡᠨ᠎ᠡ᠄ | ︵ᠨᠢᠭᠡ︶ ᠤᠷᠤᠨ ᠲᠤᠭ᠎ᠠ ᠶᠢᠨ ᠬᠢᠵᠠᠭᠠᠷᠯᠠᠭᠰᠠᠨ ᠲᠤᠭ᠎ᠠ᠂ ᠲᠤᠰᠢᠶᠠᠯ ᠤᠨ ᠲᠤᠭ᠎ᠠ ᠪᠤᠶᠤ ᠲᠤᠰᠢᠶᠠᠯ ᠳᠤ | ᠲᠤᠮᠢᠯᠠᠬᠤ ᠬᠢᠷᠢ ᠭᠡᠮ ᠤᠨ ᠨᠦᠬᠦᠴᠡᠯ ᠶᠤᠰᠤᠭᠠᠷ ᠠᠯᠪᠠᠳᠠᠨ ᠢ ᠡᠯᠰᠡᠨ ᠭᠡᠷᠡᠭᠯᠡᠭᠰᠡᠨ ᠦᠭᠡᠢ᠂ ᠰᠢᠯᠵᠢᠬᠦᠯᠦᠨ | ᠲᠤᠮᠢᠯᠠᠭᠰᠠᠨ ᠦᠭᠡᠢ᠂ ᠬᠠᠯᠠᠨ ᠲᠤᠮᠢᠯᠠᠭᠰᠠᠨ ᠦᠭᠡᠢ᠂ ᠤᠷᠢᠨ ᠲᠤᠮᠢᠯᠠᠭᠰᠠᠨ ᠦᠭᠡᠢ ᠪᠠ ᠲᠡᠪᠰᠢᠬᠦᠯᠦᠭᠰᠡᠨ ᠦᠭᠡᠢ | ︔ | ︵ᠬᠤᠶᠠᠷ︶ ᠠᠯᠪᠠᠳᠠᠨ ᠢ ᠱᠠᠩᠨᠠᠵᠤ ᠰᠢᠥᠨᠭᠡᠬᠦ᠂ ᠵᠠᠶᠢᠯᠠᠭᠤᠯᠬᠤ ᠪᠠ ᠠᠵᠢᠯ ᠠᠴᠠ ᠪᠠᠨ ᠠᠮᠠᠷᠠᠬᠤ | ᠬᠦᠢᠴᠡᠥᠨᠭᠡᠯ ᠢ ᠲᠤᠭᠳᠠᠭᠠᠭᠰᠠᠨ ᠨᠦᠬᠦᠴᠡᠯ ᠶᠤᠰᠤᠭᠠᠷ ᠬᠢᠭᠰᠡᠨ ᠦᠭᠡᠢ ︔ | ︵ᠭᠤᠷᠪᠠ︶ ᠠᠯᠪᠠᠳᠠᠨ ᠢ ᠡᠯᠰᠡᠨ ᠭᠡᠷᠡᠭᠯᠡᠬᠦ᠂ ᠰᠢᠯᠵᠢᠬᠦᠯᠦᠨ ᠲᠤᠮᠢᠯᠠᠬᠤ᠂ ᠬᠠᠯᠠᠨ ᠲᠤᠮᠢᠯᠠᠬᠤ᠂ ᠤᠷᠢᠨ | ᠲᠤᠮᠢᠯᠠᠬᠤ᠂ ᠲᠡᠪᠰᠢᠬᠦᠯᠬᠦ᠂ ᠠᠵᠢᠯ ᠤᠨ ᠪᠠᠶᠢᠷᠢ ᠳᠤ ᠦᠷᠢᠰᠦᠯᠳᠦᠨ ᠭᠠᠷᠬᠤ᠂ ᠢᠯᠨ ᠪᠠᠷ ᠰᠢᠯᠢᠨ ᠲᠡᠪᠰᠢᠬᠦᠯᠬᠦ | ᠵᠢᠴᠢ ᠬᠢᠨᠠᠨ ᠰᠢᠯᠭᠠᠬᠤ᠂ ᠱᠠᠩᠨᠠᠵᠤ ᠰᠢᠥᠨᠭᠡᠬᠦ ᠳᠤ ᠲᠤᠭᠳᠠᠭᠠᠭᠰᠠᠨ ᠵᠢᠷᠤᠮ ᠶᠤᠰᠤᠭᠠᠷ ᠬᠢᠭᠰᠡᠨ ᠦᠭᠡᠢ ︔ | ︵ᠲᠦᠷᠪᠡ︶ ᠤᠯᠤᠰ ᠤᠨ ᠲᠤᠭᠳᠠᠭᠠᠯ ᠢ ᠵᠦᠷᠢᠴᠡᠵᠦ ᠠᠯᠪᠠᠳᠠᠨ ᠤ ᠴᠠᠯᠢᠩ᠂ ᠠᠰᠠᠷᠠᠮᠵᠢ᠂ | ᠲᠠᠭᠠᠥᠨᠬᠠᠯ ᠤᠨ ᠤᠯᠭᠤᠮᠵᠢ ᠶᠢᠨ ᠪᠠᠷᠢᠮᠵᠢᠶ᠎ᠠ ᠶᠢ ᠬᠤᠪᠢᠷᠠᠭᠤᠯᠤᠭᠰᠠᠨ ︔ | ︵ᠲᠠᠪᠤ︶ ᠡᠯᠰᠡᠨ ᠭᠡᠷᠡᠭᠯᠡᠬᠦ᠂ ᠠᠵᠢᠯ ᠤᠨ ᠪᠠᠶᠢᠷᠢ ᠳᠤ ᠦᠷᠢᠰᠦᠯᠳᠦᠨ ᠭᠠᠷᠬᠤ᠂ ᠢᠯᠨ ᠪᠠᠷ ᠰᠢᠯᠢᠨ | ᠲᠡᠪᠰᠢᠬᠦᠯᠬᠦ ᠲᠤᠮᠳᠠ ᠰᠢᠯᠭᠠᠯᠳᠠ ᠶᠢᠨ ᠰᠡᠳᠦᠪ ᠢ ᠵᠠᠳᠠᠷᠠᠭᠤᠯᠤᠭᠰᠠᠨ᠂ ᠰᠢᠯᠭᠠᠯᠳᠠ ᠶᠢᠨ ᠲᠠᠯᠠᠪᠠᠢ ᠶᠢᠨ | ᠰᠠᠬᠢᠯᠭ᠎ᠠ ᠠᠴᠠ ᠵᠦᠷᠢᠴᠡᠭᠰᠡᠨ ᠬᠢᠭᠡᠥᠨ ᠢᠯᠨ᠂ ᠲᠦᠪ ᠭᠤᠤᠯᠴᠢ ᠪᠠᠶᠢᠬᠤ ᠶᠢ ᠬᠦᠨᠳᠦ ᠨᠤᠴᠢᠳᠠᠢ ᠨᠦᠯᠦᠭᠡᠯᠡᠭᠰᠡᠨ | ᠪᠤᠰᠤᠤᠨ ᠪᠠᠶᠢᠳᠠᠯ ᠪᠠᠶᠢᠬᠤ ︔ | ︵ᠵᠢᠷᠭᠤᠭ᠎ᠠ︶ ᠠᠯᠪᠠᠳᠠᠨ ᠤ ᠭᠤᠮᠤᠳᠠᠯ ᠲᠤᠭᠠᠴᠢᠬᠤ ᠪᠠ ᠵᠠᠭᠠᠯᠳᠤᠬᠤ ᠶᠢ ᠲᠤᠭᠳᠠᠭᠠᠯ ᠶᠤᠰᠤᠭᠠᠷ ᠬᠦᠯᠢᠶᠡᠨ | ᠠᠪᠴᠤ ᠰᠢᠢᠥᠨᠪᠦᠷᠢᠯᠡᠭᠰᠡᠨ ᠦᠭᠡᠢ ︔ | ︵ᠲᠤᠯᠤᠭ᠎ᠠ︶ ᠲᠤᠰ ᠬᠠᠥᠯᠢ ᠶᠢᠨ ᠲᠤᠭᠳᠠᠭᠠᠯ ᠢ ᠵᠦᠷᠢᠴᠡᠭᠰᠡᠨ ᠪᠤᠰᠤᠤᠨ ᠪᠠᠶᠢᠳᠠᠯ ᠤᠳ᠃ | ᠵᠠᠭᠤ ᠪᠦᠭᠡᠥᠨ ᠬᠤᠶᠠᠳᠤᠭᠠᠷ ᠵᠦᠢᠯ ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠤᠶᠤ ᠡᠰᠡᠬᠦᠯ᠎ᠡ | ᠠᠵᠢᠯ ᠠᠴᠠ ᠠᠮᠠᠷᠠᠪᠠᠯ ᠤᠤᠯ ᠨᠢ ᠤᠳᠤᠷᠢᠥᠨᠬᠤ ᠪᠦᠷᠢᠯᠳᠦᠬᠦᠨ ᠪᠠᠶᠢᠭᠰᠠᠨ ᠠᠯᠪᠠᠳᠠᠨ ᠲᠤᠰᠢᠶᠠᠯ ᠠᠴᠠ ᠪᠠᠨ | ᠰᠠᠯᠤᠭᠰᠠᠨ ᠭᠤᠷᠪᠠᠨ ᠵᠢᠯ ᠤᠨ ᠲᠤᠳᠤᠷ᠎ᠠ᠂ ᠪᠤᠰᠤᠤᠨ ᠠᠯᠪᠠᠳᠠᠨ ᠲᠤᠰᠢᠶᠠᠯ ᠠᠴᠠ ᠰᠠᠯᠤᠭᠰᠠᠨ ᠬᠤᠶᠠᠷ ᠵᠢᠯ ᠤᠨ | ᠲᠤᠳᠤᠷ᠎ᠠ ᠤᠤᠯ ᠤᠨ ᠲᠤᠬᠠᠢᠢᠯᠠᠭᠰᠠᠨ ᠠᠵᠢᠯ ᠲᠠᠢ ᠰᠢᠭᠤᠤᠨ ᠬᠤᠯᠪᠤᠭᠳᠠᠬᠤ ᠠᠵᠤ ᠠᠬᠤᠢᠢᠯᠠᠯ ᠪᠤᠶᠤ ᠪᠤᠰᠤᠤᠨ | ᠡᠵᠡᠩᠨᠡᠯ ᠤᠨ ᠴᠢᠨᠠᠷ ᠲᠠᠢ ᠵᠤᠬᠢᠶᠠᠨ ᠪᠠᠶᠢᠭᠤᠯᠤᠯᠳᠠ ᠳᠤ ᠲᠤᠰᠢᠶᠠᠯ ᠡᠭᠦᠷᠭᠡᠯᠡᠵᠦ ᠪᠤᠯᠬᠤ ᠦᠭᠡᠢ᠃ ᠤᠤᠯ ᠤᠨ | ᠲᠤᠬᠠᠢᠢᠯᠠᠭᠰᠠᠨ ᠠᠵᠢᠯ ᠲᠠᠢ ᠰᠢᠭᠤᠤᠨ ᠬᠤᠯᠪᠤᠭ᠎ᠠ ᠲᠠᠢ ᠡᠵᠡᠩᠨᠡᠯ ᠤᠨ ᠴᠢᠨᠠᠷ ᠲᠠᠢ ᠠᠵᠢᠯ ᠬᠢᠵᠦ ᠪᠤᠯᠬᠤ ᠦᠭᠡᠢ | ᠠᠯᠪᠠᠳᠠᠨ ᠠᠯᠪᠠᠨ ᠲᠤᠰᠢᠶᠠᠯ ᠠᠴᠠ ᠪᠠᠨ ᠪᠠᠭᠤᠬᠤ ᠪᠤᠶᠤ ᠠᠵᠢᠯ ᠠᠴᠠ ᠠᠮᠠᠷᠠᠭᠰᠠᠨ ᠤ ᠲᠠᠷᠠᠭ᠎ᠠ ᠲᠡᠭᠡᠷᠡᠬᠢ | ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠲᠠᠢ ᠪᠤᠯ ᠤᠤᠯ ᠤᠨ ᠪᠠᠶᠢᠭᠤᠯᠭ᠎ᠠ ᠶᠢᠨ ᠠᠳᠠᠯᠢ ᠱᠠᠳᠤᠨ ᠤ ᠠᠯᠪᠠᠳᠠᠨ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠠᠷᠯᠢᠭᠳᠠᠵᠤ ᠪᠠᠶᠢᠭᠠᠥᠨ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠤᠨ᠎ᠠ | ︔ ᠬᠤᠭᠤᠴᠠᠭ᠎ᠠ ᠦᠡᠭᠭᠡᠷᠡᠭᠡᠥᠨ ᠵᠠᠯᠠᠷᠠᠭᠤᠯᠬᠤ ᠦᠭᠡᠢ ᠪᠤᠯ ᠰᠢᠶᠠᠨ ᠤ ᠱᠠᠳᠤᠨ ᠠᠴᠠ ᠲᠡᠭᠡᠭᠰᠢᠬᠢ ᠦᠢᠯᠡᠥᠨᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠤᠰ ᠬᠦᠮᠦᠨ ᠤ ᠠᠵᠢᠯ | ᠡᠷᠬᠢᠯᠡᠭᠰᠡᠨ ᠬᠤᠭᠤᠴᠠᠭᠠᠨ ᠳᠠᠬᠢ ᠬᠠᠥᠯᠢ ᠪᠤᠰᠤ ᠤᠷᠤᠯᠭ᠎ᠠ ᠶᠢ ᠬᠤᠷᠢᠶᠠᠨ ᠠᠪᠴᠤ᠂ ᠬᠦᠯᠢᠶᠡᠨ ᠠᠪᠤᠭᠰᠠᠨ | ᠨᠢᠭᠡᠴᠡ ᠶᠢ ᠵᠠᠷᠯᠢᠭᠳᠠᠵᠤ ᠪᠠᠶᠢᠭᠠᠥᠨ ᠲᠤᠰ ᠠᠵᠢᠯᠳᠠᠨ ᠢ ᠪᠤᠴᠠᠭᠠᠨ᠎ᠠ᠂ ᠭᠡᠬᠦ ᠮᠦᠷᠳᠡᠭᠡᠨ ᠦᠢᠯᠨ ᠪᠠᠶᠢᠳᠠᠯ ᠤᠨ | ᠬᠦᠨᠳᠦ ᠬᠦᠡᠭᠭᠡᠨ ᠢ ᠦᠨᠳᠦᠰᠦᠯᠡᠵᠦ᠂ ᠬᠦᠯᠢᠶᠡᠵᠤ ᠠᠪᠤᠭᠰᠠᠨ ᠨᠢᠭᠡᠴᠡ ᠶᠢ ᠲᠤᠷᠭᠤᠭᠠᠭᠳᠠᠭᠰᠠᠨ ᠬᠦᠮᠦᠨ ᠤ ᠬᠠᠥᠯᠢ | ᠪᠤᠰᠤ ᠤᠷᠤᠯᠭ᠎ᠠ ᠶᠢᠨ ᠬᠢᠨᠢ ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠷᠤᠭᠰᠢ ᠮᠦᠡᠭᠭᠦ ᠪᠠᠷ ᠲᠤᠷᠭᠠᠨ᠎ᠠ | ᠃ | ᠵᠠᠭᠤ ᠪᠦᠭᠡᠥᠨ ᠭᠤᠷᠪᠠᠳᠤᠭᠠᠷ ᠵᠦᠢᠯ ᠪᠠᠶᠢᠭᠤᠯᠭ᠎ᠠ ᠠᠴᠠ ᠪᠤᠳᠠᠳᠤ ᠠᠵᠢᠯᠳᠠᠨ ᠤ ᠶᠠᠪᠤᠳᠠᠯ ᠤᠨ ᠪᠤᠷᠤᠭᠤ | ᠰᠢᠢᠥᠨᠪᠦᠷᠢᠯᠡᠯᠳᠡ ᠠᠴᠠ ᠪᠤᠯᠵᠤ ᠠᠯᠪᠠᠳᠠᠨ ᠤ ᠨᠡᠷ᠎ᠡ ᠲᠦᠷᠦ ᠶᠢ ᠨᠢ ᠬᠤᠬᠢᠷᠠᠭᠤᠯᠤᠭᠰᠠᠨ ᠪᠠᠶᠢᠪᠠᠯ ᠪᠤᠷᠤᠭᠤ | ᠭᠦᠯᠢᠶᠡᠵᠦ ᠨᠡᠷ᠎ᠡ ᠲᠦᠷᠦ ᠶᠢ ᠨᠢ ᠰᠡᠷᠬᠦᠭᠡᠵᠦ᠂ ᠨᠦᠯᠦᠭᠡ ᠶᠢ ᠠᠷᠢᠯᠭᠠᠬᠤ ᠭᠡᠷᠡᠭᠳᠡᠢ ︔ ᠠᠵᠤ ᠠᠬᠤᠢ ᠶᠢᠨ | ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠥᠯᠢ ᠶᠤᠰᠤᠭᠠᠷ ᠲᠦᠯᠦᠭᠦ ᠭᠡᠷᠡᠭᠳᠡᠢ᠃ | ᠵᠠᠭᠤ ᠪᠦᠭᠡᠥᠨ ᠲᠦᠷᠪᠡᠳᠦᠭᠡᠷ ᠵᠦᠢᠯ ᠠᠯᠪᠠᠳᠠᠨ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ | ᠠᠵᠢᠯᠳᠠᠨ ᠲᠤᠰ ᠬᠠᠥᠯᠢ ᠶᠢ ᠵᠦᠷᠢᠴᠡᠵᠦ ᠡᠷᠭᠡ ᠪᠠᠨ ᠲᠤᠷ᠎ᠠ ᠪᠠᠷ ᠢᠶᠠᠨ ᠭᠡᠷᠡᠭᠯᠡᠨ᠂ ᠲᠤᠰᠢᠶᠠᠯ ᠢᠶᠠᠨ ᠭᠤᠳᠤᠭᠠᠵᠤ᠂ | ᠬᠤᠪᠢ ᠶᠢᠨ ᠨᠠᠶᠢᠷ ᠢᠶᠠᠷ ᠬᠠᠥᠯᠢ ᠶᠤᠰᠤ ᠶᠢ ᠵᠦᠷᠢᠴᠡᠵᠦ ᠶᠠᠯ᠎ᠠ ᠬᠢᠬᠦ ᠭᠡᠮᠵᠢᠶᠡᠨ ᠳᠤ ᠬᠦᠷᠦᠭᠰᠡᠨ ᠪᠤᠯ ᠬᠠᠥᠯᠢ | ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠶᠠᠯ᠎ᠠ ᠬᠢᠬᠦ ᠭᠡᠮᠵᠢᠶᠡᠨ ᠳᠤ ᠬᠦᠷᠦᠭᠰᠡᠨ ᠦᠭᠡᠢ ᠳᠤᠨᠢ | ᠰᠢᠥᠨᠭᠡᠯ ᠦᠭᠬᠦᠨ᠎ᠡ᠃ | ᠠᠷᠪᠠᠨ ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | ᠵᠠᠭᠤ ᠪᠦᠭᠡᠥᠨ ᠲᠠᠪᠤᠳᠤᠭᠠᠷ ᠵᠦᠢᠯ ᠲᠤᠰ ᠬᠠᠥᠯᠢ ᠳᠤ ᠨᠡᠷᠡᠶᠢᠥᠨᠴᠦ ᠪᠠᠶᠢᠭ᠎ᠠ ᠤᠳᠤᠷᠢᠥᠨᠬᠤ ᠪᠦᠷᠢᠯᠳᠦᠬᠦᠨ | ᠭᠡᠳᠡᠭ ᠪᠤᠯ ᠪᠠᠶᠢᠭᠤᠯᠭ᠎ᠠ ᠶᠢᠨ ᠤᠳᠤᠷᠢᠥᠨᠬᠤ ᠬᠦᠮᠦᠨ ᠢ ᠵᠢᠭᠠᠵᠤ ᠪᠠᠶᠢᠨ᠎ᠠ᠂ ᠪᠠᠶᠢᠭᠤᠯᠭ᠎ᠠ ᠶᠢᠨ ᠲᠤᠳᠤᠭᠠᠳᠤ ᠳᠤ | ᠲᠤᠬᠢᠷᠠᠭᠤᠯᠤᠭᠰᠠᠨ ᠪᠠᠶᠢᠭᠤᠯᠤᠮᠵᠢ ᠳᠤ ᠤᠳᠤᠷᠢᠥᠨᠬᠤ ᠲᠤᠰᠢᠶᠠᠯ ᠬᠠᠷᠢᠭᠤᠴᠠᠵᠤ ᠪᠠᠶᠢᠭ᠎ᠠ ᠬᠦᠮᠦᠰ ᠢ ᠪᠠᠭᠳᠠᠭᠠᠬᠤ | ᠦᠭᠡᠢ᠃ | ᠵᠠᠭᠤ ᠪᠦᠭᠡᠥᠨ ᠵᠢᠷᠭᠤᠳᠤᠭᠠᠷ ᠵᠦᠢᠯ ᠬᠠᠥᠯᠢ ᠲᠦᠷᠢᠮ᠂ ᠬᠠᠥᠯᠢ ᠲᠤᠭᠳᠠᠭᠠᠯ ᠠᠴᠠ ᠡᠷᠭᠡ ᠤᠯᠭᠤᠵᠤ | ᠤᠯᠠᠨ ᠨᠡᠶᠢᠳᠡ ᠶᠢᠨ ᠶᠠᠪᠤᠳᠠᠯ ᠤᠨ ᠬᠠᠮᠢᠶᠠᠷᠤᠯᠳᠠ ᠶᠢᠨ ᠡᠭᠦᠷᠭᠡ ᠴᠢᠳᠠᠪᠤᠷᠢ ᠲᠠᠢ ᠠᠵᠢᠯ ᠦᠢᠯᠡᠰ ᠤᠨ ᠨᠢᠭᠡᠴᠡ ᠳᠠᠬᠢ | ᠠᠵᠢᠯᠴᠢᠨ ᠦᠢᠯᠡᠴᠢᠯᠡᠭᠴᠢᠥᠨ ᠠᠴᠠ ᠪᠤᠰᠤᠤᠨ ᠠᠵᠢᠯᠳᠠᠨ ᠳᠤ ᠵᠦᠪᠰᠢᠶᠡᠷᠡᠯ ᠢᠶᠠᠷ ᠲᠠᠮᠵᠢᠵᠤ ᠲᠤᠰ ᠬᠠᠥᠯᠢ ᠪᠠᠷ | ᠯᠠᠪᠯᠠᠯᠳᠠ ᠪᠤᠯᠭᠠᠵᠤ ᠬᠠᠮᠢᠶᠠᠷᠤᠯᠳᠠ ᠶᠠᠪᠤᠭᠤᠯᠤᠨ᠎ᠠ᠃ | ᠵᠠᠭᠤ ᠪᠦᠭᠡᠥᠨ ᠲᠤᠯᠤᠳᠤᠭᠠᠷ ᠵᠦᠢᠯ ᠲᠤᠰ ᠬᠠᠥᠯᠢ 2006 ᠤᠨ ᠤ 1 ᠰᠠᠷ᠎ᠠ ᠶᠢᠨ 1 ᠤ ᠡᠳᠦᠷ ᠠᠴᠠ | ᠡᠭᠢᠯᠡᠨ ᠭᠡᠷᠡᠭᠵᠢᠬᠦᠯᠦᠨ᠎ᠡ᠃ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠠᠴᠠ 1957 ᠤᠨ ᠤ 10 ᠰᠠᠷ᠎ᠠ ᠶᠢᠨ 23 ᠤ ᠡᠳᠦᠷ ᠪᠠᠳᠤᠯᠠᠭᠠᠥᠨ᠂ ᠲᠦᠷᠦ ᠶᠢᠨ | ᠶᠠᠪᠤᠳᠠᠯ ᠤᠨ ᠬᠤᠷᠢᠶᠠᠨ ᠠᠴᠠ 1957 ᠤᠨ ᠤ 10 ᠰᠠᠷ᠎ᠠ ᠶᠢᠨ 26 ᠤ ᠡᠳᠦᠷ ᠨᠡᠶᠢᠳᠡᠯᠡᠭᠰᠡᠨ ︽ᠤᠯᠤᠰ ᠤᠨ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠢ ᠱᠠᠩᠨᠠᠵᠤ ᠰᠢᠥᠨᠭᠡᠬᠦ ᠲᠤᠬᠠᠢ ᠲᠦᠷ ᠭᠡᠷᠡᠭᠵᠢᠬᠦᠯᠬᠦ ᠲᠤᠭᠳᠠᠭᠠᠯ︾ | ᠂ 1993 ᠤᠨ ᠤ 8 ᠰᠠᠷ᠎ᠠ ᠶᠢᠨ 14 ᠤ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠨᠡᠶᠢᠳᠡᠯᠡᠭᠰᠡᠨ ︽ | ᠲᠦᠷᠦ ᠶᠢᠨ ᠠᠯᠪᠠᠳᠠᠨ ᠤ ᠲᠦᠷ ᠭᠡᠷᠡᠭᠵᠢᠬᠦᠯᠬᠦ ᠲᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ | | | | | |