| | ᠥᠪᠥᠷ ᠵᠠᠰᠠᠭ ᠲᠠᠷᠬᠠᠭᠠᠭᠰᠠᠨ ﹇2015﹈ 135 ᠳ᠋ᠤᠭᠠᠷ ᠲᠤᠭᠠᠳᠤ | 12 ᠳ᠋ᠤᠭᠠᠷ ᠰᠠᠷ᠎ᠠ ᠶᠢᠨ 11 ᠤ ᠡᠳᠥᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠠ ᠬᠦᠨᠳᠦ ᠵᠡᠮᠳᠡᠭᠴᠦᠳ ᠢ ᠰᠣᠪᠢᠯᠠᠬᠤ | ᠨᠦᠬᠦᠪᠦᠷᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ | ︵ᠲᠥᠷᠥ ᠲᠠᠷᠬᠠᠭᠠᠭᠰᠠᠨ ﹇2015﹈ 52 ᠳ᠋ᠤᠭᠠᠷ ᠲᠣᠭᠠᠲᠤ᠂ ᠳᠣᠷᠤᠭᠰᠢ ︽ᠰᠠᠨᠠᠯ︾ ᠭᠡᠵᠦ ᠲᠣᠪᠴᠢᠯᠠᠨ᠎ᠠ | ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠵᠡᠮᠳᠡᠭᠴᠦᠳ ᠤᠨ | ᠠᠮᠢᠳᠤᠷᠠᠯ ᠤᠨ ᠣᠨᠴᠠ ᠬᠦᠴᠢᠷᠳᠡᠯ ᠪᠠ ᠬᠠᠷᠠᠭᠠᠯᠵᠠᠨ ᠠᠰᠠᠷᠠᠬᠤ ᠳᠤ ᠬᠦᠴᠢᠷᠲᠡᠢ ᠠᠰᠠᠭᠤᠳᠠᠯ ᠢ ᠦᠨᠡᠨᠬᠦ | ᠰᠢᠢᠳᠪᠦᠷᠢᠯᠡᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠣᠣᠯ ᠤᠨ ᠠᠰᠠᠷᠠᠮᠵᠢ ᠶᠢᠨ | ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠠ | ᠬᠦᠨᠳᠦ ᠵᠡᠮᠳᠡᠭᠴᠦᠳ ᠢ ᠰᠣᠪᠢᠯᠠᠬᠤ ᠨᠦᠬᠦᠪᠦᠷᠢ ᠶᠢᠨ ᠳᠦᠷᠢᠮ ︵ᠳᠣᠷᠤᠭᠰᠢ ᠵᠡᠮᠳᠡᠭᠴᠦᠳ ᠤᠨ ᠬᠤᠶᠠᠷ ᠵᠦᠢᠯ ᠤᠨ | ᠨᠦᠬᠦᠪᠦᠷᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠢ ᠪᠦᠬᠦ ᠲᠠᠯ᠎ᠠ ᠪᠠᠷ ᠪᠠᠶᠢᠭᠤᠯᠬᠤ ᠳᠤ ᠡᠳᠦᠭᠡ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠬᠢᠨᠠᠭᠠᠮᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯ ᠢ ᠵᠣᠬᠢᠴᠠᠭᠤᠯᠤᠨ ᠠᠬᠢᠭᠤᠯᠬᠤ ᠪᠠᠷ ᠶᠡᠷᠦᠩᠬᠡᠢ ᠬᠦᠲᠦᠯᠦᠭᠴᠢ ᠪᠣᠯᠭᠠᠨ | ᠂ ᠵᠡᠮᠳᠡᠭᠴᠦᠳ ᠢ ᠴᠢᠨᠡᠭᠡᠯᠢᠭᠵᠢᠭᠦᠯᠬᠦ ᠠᠬᠢᠴᠠ ᠶᠢ ᠲᠦᠷᠭᠡᠳᠭᠡᠨ ᠠᠬᠢᠭᠤᠯᠬᠤ ᠪᠠᠷ ᠬᠠᠷᠠᠯᠲᠠ ᠪᠣᠯᠭᠠᠵᠤ᠂ | ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠡᠮᠳᠡᠭᠴᠦᠳ ᠤᠨ ᠲᠤᠰᠬᠠᠢ | ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠪᠠᠶᠢᠭᠤᠯᠤᠨ ᠪᠦᠷᠢᠨᠰᠢᠭᠦᠯᠵᠦ᠂ ᠵᠡᠮᠳᠡᠭᠴᠦᠳ ᠤᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ︵ᠬᠤᠶᠠᠷ︶ ᠦᠨᠳᠦᠰᠦᠨ ᠵᠠᠷᠴᠢᠮ᠃ | ᠦᠨᠳᠦᠰᠦ ᠶᠢ ᠪᠠᠲᠤᠯᠠᠵᠤ᠂ ᠪᠠᠷᠢᠮᠵᠢᠶ᠎ᠠ ᠪᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠪᠠᠷᠢᠮᠲᠠᠯᠠᠬᠤ | ᠬᠡᠷᠡᠭᠲᠡᠢ᠃ ᠵᠡᠮᠳᠡᠭᠴᠦᠳ ᠤᠨ ᠬᠠᠮᠤᠭ ᠤᠨ ᠦᠨᠳᠦᠰᠦᠨ ᠬᠠᠮᠤᠭ ᠤᠨ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠠᠴᠠ | ᠭᠠᠷᠳᠠᠵᠤ᠂ ᠵᠡᠮᠳᠡᠭᠴᠦᠳ ᠤᠨ ᠵᠡᠮᠳᠡᠭ ᠠᠴᠠ ᠪᠣᠯᠵᠤ ᠪᠣᠢ ᠪᠣᠯᠣᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠪᠣᠯᠣᠨ | ᠤᠷᠲᠤ ᠬᠤᠭᠤᠴᠠᠭ᠎ᠠ ᠬᠠᠷᠠᠭᠠᠯᠵᠠᠨ ᠠᠰᠠᠷᠠᠬᠤ ᠵᠠᠷᠤᠯᠭ᠎ᠠ ᠶᠢᠨ ᠬᠦᠴᠢᠷᠲᠡᠢ ᠠᠰᠠᠭᠤᠳᠠᠯ ᠢ ᠬᠦᠴᠦᠯᠡᠨ ᠰᠢᠢᠳᠪᠦᠷᠢᠯᠡᠬᠦ | ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠰᠠᠭᠤᠷᠢᠯᠠᠵᠤ᠂ ᠪᠠᠲᠤᠯᠠᠬᠤ ᠪᠠᠷᠢᠮᠵᠢᠶ᠎ᠠ ᠶᠢ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠭᠲᠠᠭᠠᠨ᠂ ᠠᠯᠬᠤᠮ ᠠᠯᠬᠤᠮ ᠢᠶᠠᠷ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠭᠡᠵᠦ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ᠲᠥᠷᠥ ᠶᠢᠨ ᠪᠣᠳᠣᠯᠭ᠎ᠠ ᠶᠢ ᠵᠤᠯᠭᠠᠭᠤᠯᠵᠤ᠂ ᠳᠦᠷᠢᠮ ᠢ ᠪᠦᠬᠦ ᠲᠠᠯ᠎ᠠ ᠪᠠᠷ ᠪᠦᠷᠭᠦᠭᠦᠯᠬᠦ ᠶᠢ ᠪᠠᠷᠢᠮᠲᠠᠯᠠᠬᠤ | ᠬᠡᠷᠡᠭᠲᠡᠢ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠳᠠᠭᠠᠳᠬᠠᠯ᠂ ᠣᠯᠠᠨ ᠨᠡᠶᠢᠲᠡ ᠶᠢᠨ ᠠᠰᠠᠷᠠᠮᠵᠢ ᠶᠢᠨ | ᠪᠣᠶᠠᠨ ᠤ ᠦᠢᠯᠡᠰ ᠯᠦᠭᠡ ᠪᠦᠲᠦᠮᠵᠢᠲᠡᠢ ᠵᠤᠯᠭᠠᠭᠤᠯᠬᠤ ᠶᠢ ᠴᠢᠬᠤᠯᠠᠴᠢᠯᠠᠵᠤ᠂ ᠵᠡᠮᠳᠡᠭᠴᠦᠳ ᠤᠨ ᠨᠡᠶᠢᠭᠡᠮ ᠤᠨ | ᠪᠠᠲᠤᠯᠠᠭ᠎ᠠ ᠶᠢᠨ ᠬᠠᠮᠲᠤᠷᠠᠯ ᠤᠨ ᠬᠦᠴᠦᠨ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠨᠦᠬᠦᠪᠦᠷᠢᠯᠡᠪᠡᠰᠦ | ᠵᠣᠬᠢᠬᠤ ᠶᠢ ᠨᠢ ᠴᠢᠳᠠᠬᠤ ᠶᠢᠨ ᠬᠢᠷᠢ ᠪᠠᠷ ᠨᠦᠬᠦᠪᠦᠷᠢᠯᠡᠵᠦ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ | ᠳᠦᠷᠢᠮ ᠤᠨ ᠪᠣᠢ ᠪᠦᠬᠦᠢ ᠨᠦᠬᠦᠴᠡᠯ ᠳᠤ ᠨᠡᠶᠢᠴᠡᠬᠦ ᠵᠡᠮᠳᠡᠭ ᠬᠦᠮᠦᠨ ᠢ ᠪᠦᠬᠦᠨ ᠢ ᠬᠠᠮᠤᠷᠬᠤ ᠪᠠᠨ ᠦᠨᠡᠨᠬᠦ | ᠪᠠᠲᠤᠯᠠᠬᠤ ᠬᠡᠷᠡᠭᠲᠡᠢ᠃ | ᠢᠯᠡ ᠪᠦᠭᠡᠳ ᠭᠤᠣᠯᠴᠢ ᠪᠠᠶᠢᠯᠭᠠᠵᠤ᠂ ᠳᠡᠰ ᠳᠠᠷᠠᠭᠠᠯᠠᠯ ᠢ ᠵᠢᠷᠤᠮᠵᠢᠯ ᠲᠠᠢ ᠡᠮᠬᠢ ᠲᠢᠭᠯᠢᠮ ᠲᠠᠢ | ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠪᠠᠷᠢᠮᠵᠢᠶ᠎ᠠ ᠨᠢ ᠨᠢᠭᠡᠲᠦᠯᠲᠡᠢ᠂ ᠠᠷᠠᠳ ᠲᠤ ᠳᠦᠭᠦᠮ ᠦᠵᠡᠭᠦᠯᠦᠨ ᠠᠰᠢᠭ | ᠬᠦᠷᠲᠡᠭᠡᠬᠦ ᠶᠢᠨ ᠭᠤᠶᠤᠴᠢᠯᠠᠬᠤ᠂ ᠬᠢᠨᠠᠨ ᠬᠠᠷᠭᠤᠭᠤᠯᠬᠤ᠂ ᠨᠦᠬᠦᠪᠦᠷᠢ ᠤᠯᠭᠤᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠢᠯᠡ ᠲᠤᠳᠤ᠂ ᠪᠤᠰᠤᠳᠴᠢ ᠭᠤᠣᠯᠴᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃ ᠲᠥᠷᠥ ᠶᠢᠨ | ᠪᠣᠳᠣᠯᠭ᠎ᠠ ᠶᠢ ᠦᠨᠡᠯᠡᠨ ᠵᠢᠱᠢᠬᠦ ᠪᠠ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ | ᠳᠦᠷᠢᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠡᠮᠳᠡᠭᠴᠦᠳ ᠲᠤ | ᠦᠨᠡᠨᠬᠦ ᠠᠰᠢᠭ ᠲᠤᠰᠠ ᠬᠦᠷᠲᠡᠭᠡᠬᠦ ᠶᠢ ᠪᠠᠲᠤᠯᠠᠬᠤ ᠬᠡᠷᠡᠭᠲᠡᠢ᠃ | ᠰᠠᠶᠢᠨ ᠳᠤᠷ᠎ᠠ ᠠᠴᠠ ᠪᠠᠨ ᠭᠤᠶᠤᠴᠢᠯᠠᠵᠤ᠂ ᠪᠠᠲᠤᠯᠠᠬᠤ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ ᠶᠢ | ᠪᠠᠷᠢᠮᠲᠠᠯᠠᠬᠤ ᠬᠡᠷᠡᠭᠲᠡᠢ᠃ ᠵᠡᠮᠳᠡᠭᠴᠦᠳ ᠤᠨ ᠰᠠᠶᠢᠨ ᠳᠤᠷ᠎ᠠ ᠠᠴᠠ ᠪᠠᠨ ᠨᠦᠬᠦᠪᠦᠷᠢ ᠭᠤᠶᠤᠴᠢᠯᠠᠬᠤ ᠵᠠᠷᠴᠢᠮ ᠢ | ᠪᠠᠷᠢᠮᠲᠠᠯᠠᠵᠤ᠂ ᠭᠡᠷ ᠪᠦᠯᠢ᠂ ᠨᠡᠶᠢᠭᠡᠮ᠂ ᠵᠠᠰᠠᠭ ᠤᠨ ᠣᠷᠳᠣᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠭᠡᠷ | ᠪᠦᠯᠢ ᠨᠢ ᠴᠢᠳᠠᠮᠠᠭᠠᠢ ᠪᠠᠷ ᠡᠭᠦᠷᠭᠡ ᠪᠠᠨ ᠪᠡᠶᠡᠯᠡᠭᠦᠯᠬᠦ᠂ ᠨᠡᠶᠢᠭᠡᠮ ᠠᠴᠠ ᠢᠳᠡᠪᠬᠢᠲᠡᠢ ᠲᠡᠳᠭᠦᠬᠦ᠂ ᠵᠠᠰᠠᠭ ᠤᠨ | ᠣᠷᠳᠣᠨ ᠠᠴᠠ ᠰᠠᠭᠤᠷᠢ ᠶᠢ ᠪᠠᠲᠤᠯᠬᠠᠤ ᠬᠠᠷᠢᠭᠤᠴᠠᠯᠭ᠎ᠠ ᠶᠢ ᠬᠠᠮᠲᠤ ᠡᠭᠦᠷᠭᠡᠯᠡᠭᠰᠡᠨ ᠪᠠᠶᠢᠳᠠᠯ ᠢ ᠪᠣᠢ ᠪᠣᠯᠭᠠᠬᠤ | ᠬᠡᠷᠡᠭᠲᠡᠢ᠃ | ᠬᠤᠶᠠᠷ᠂ ᠭᠤᠣᠯ ᠠᠭᠤᠯᠭ᠎ᠠ | ︽ᠰᠠᠨᠠᠯ︾ ᠤᠨ ᠱᠠᠭᠠᠷᠳᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠣᠣᠯ ᠤᠨ | ᠠᠰᠠᠷᠠᠮᠵᠢ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠨᠦᠬᠦᠪᠦᠷᠢ ᠬᠦᠷᠳᠡᠬᠦ ᠡᠲᠡᠭᠡᠳ᠂ | ᠨᠦᠬᠦᠪᠦᠷᠢ ᠥᠭᠬᠦ ᠪᠠᠷᠢᠮᠵᠢᠶ᠎ᠠ ᠪᠣᠯᠣᠨ ᠨᠦᠬᠦᠪᠦᠷᠢ ᠥᠭᠬᠦ ᠬᠡᠯᠪᠡᠷᠢ ᠮᠠᠶ᠋ᠢᠭ ᠢ ᠤᠯᠠᠮ ᠨᠢᠭᠡ ᠠᠯᠬᠤᠮ | ᠲᠣᠳᠤᠷᠬᠠᠶᠢᠯᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠵᠤᠯᠭᠠᠯᠲᠠ ᠶᠢ ᠦᠨᠡᠨᠬᠦ ᠰᠠᠶᠢᠲᠤᠷ ᠬᠢᠬᠦ ᠬᠡᠷᠡᠭᠲᠡᠢ | ᠃ | ︵ᠨᠢᠭᠡ︶ ᠨᠦᠬᠦᠪᠦᠷᠢ ᠬᠦᠷᠳᠡᠬᠦ ᠡᠲᠡᠭᠡᠳ᠃ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ | ᠨᠦᠬᠦᠪᠦᠷᠢ ᠨᠢ ᠭᠤᠣᠯᠳᠠᠭᠤ ᠵᠡᠮᠳᠡᠭ ᠠᠴᠠ ᠪᠣᠯᠵᠤ ᠪᠣᠢ ᠪᠣᠯᠣᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠶᠢ | ᠨᠦᠬᠦᠪᠦᠷᠢᠯᠡᠵᠦ᠂ ᠨᠦᠬᠦᠪᠦᠷᠢ ᠬᠦᠷᠳᠡᠬᠦ ᠡᠲᠡᠭᠡᠳ ᠪᠣᠯ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ | ᠪᠦᠯᠢ ᠳᠠᠬᠢ ᠵᠡᠮᠳᠡᠭᠴᠦᠳ ᠪᠣᠯᠣᠨ᠎ᠠ᠃ ᠨᠦᠬᠦᠴᠡᠯ ᠲᠠᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠨᠤᠭᠤᠳ ᠣᠷᠣᠯᠭ᠎ᠠ ᠪᠠᠭᠠᠲᠠᠢ ᠵᠡᠮᠳᠡᠭᠴᠦᠳ ᠵᠢᠴᠢ ᠪᠤᠰᠤᠳ ᠬᠦᠴᠢᠷᠳᠡᠯᠲᠡᠢ ᠵᠡᠮᠳᠡᠭᠴᠦᠳ ᠢ | ᠪᠠᠭᠲᠠᠭᠠᠬᠤ ᠪᠠᠷ ᠠᠯᠬᠤᠮ ᠠᠯᠬᠤᠮ ᠢᠶᠠᠷ ᠥᠷᠭᠡᠳᠭᠡᠵᠦ ᠪᠣᠯᠣᠨ᠎ᠠ᠃ ᠣᠷᠣᠯᠭ᠎ᠠ ᠪᠠᠭᠠᠲᠠᠢ ᠵᠡᠮᠳᠡᠭᠴᠦᠳ ᠵᠢᠴᠢ | ᠪᠤᠰᠤᠳ ᠬᠦᠴᠢᠷᠳᠡᠯᠲᠡᠢ ᠵᠡᠮᠳᠡᠭᠴᠦᠳ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠠᠮᠢᠶ᠎ᠠ ᠪᠦᠬᠦᠢ | ᠲᠣᠭᠲᠠᠭᠠᠯ ᠢ ᠯᠠᠪᠯᠠᠵᠤ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠢ᠃ ᠬᠦᠨᠳᠦ | ᠵᠡᠮᠳᠡᠭᠴᠦᠳ ᠤᠨ ᠰᠣᠪᠢᠯᠠᠯᠲᠠ ᠶᠢᠨ ᠨᠦᠬᠦᠪᠦᠷᠢ ᠨᠢ ᠭᠤᠣᠯᠳᠠᠭᠤ ᠵᠡᠮᠳᠡᠭ ᠠᠴᠠ ᠪᠣᠯᠵᠤ ᠪᠣᠢ ᠪᠣᠯᠣᠭᠰᠠᠨ | ᠬᠠᠷᠠᠭᠠᠯᠵᠠᠨ ᠠᠰᠠᠷᠠᠬᠤ ᠢᠯᠡᠭᠦᠴᠡ ᠵᠠᠷᠤᠯᠭ᠎ᠠ ᠶᠢ ᠨᠦᠬᠦᠪᠦᠷᠢᠯᠡᠵᠦ᠂ ᠨᠦᠬᠦᠪᠦᠷᠢ ᠬᠦᠷᠳᠡᠬᠦ ᠡᠲᠡᠭᠡᠳ ᠪᠣᠯ | ᠵᠡᠮᠳᠡᠭ ᠤᠨ ᠳᠡᠰ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠭᠡᠵᠦ ᠬᠢᠨᠠᠨ ᠲᠣᠭᠲᠠᠭᠠᠭᠳᠠᠭᠰᠠᠨ ᠬᠦᠨᠳᠦ | ᠵᠡᠮᠳᠡᠭᠴᠦᠳ ᠪᠣᠯᠣᠨ᠎ᠠ᠃ ᠨᠦᠬᠦᠴᠡᠯ ᠲᠠᠢ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ | ᠨᠤᠭᠤᠳ ᠬᠦᠨᠳᠦ ᠪᠤᠰᠤ ᠤᠶᠤᠨ ᠤ᠂ ᠤᠶᠤᠨ ᠮᠡᠳᠡᠷᠡᠯ ᠤᠨ ᠵᠡᠮᠳᠡᠭᠴᠦᠳ ᠪᠣᠯᠣᠨ ᠪᠤᠰᠤᠳ ᠵᠡᠮᠳᠡᠭᠴᠦᠳ ᠢ | ᠪᠠᠭᠲᠠᠭᠠᠬᠤ ᠪᠠᠷ ᠥᠷᠭᠡᠳᠭᠡᠵᠦ ᠪᠣᠯᠣᠨ᠎ᠠ᠃ ᠡᠯ᠎ᠡ ᠭᠠᠵᠠᠷ ᠣᠷᠣᠨ ᠤ ᠬᠢᠨ ᠡᠭᠦᠨ ᠠᠴᠠ ᠤᠷᠢᠳᠤᠬᠢ ᠲᠥᠷᠥ ᠶᠢᠨ | ᠪᠣᠳᠤᠯᠭ᠎ᠠ ᠳᠠᠬᠢ ᠨᠦᠬᠦᠪᠦᠷᠢ ᠬᠦᠷᠳᠡᠬᠦ ᠡᠲᠡᠭᠡᠳ ᠨᠢ ᠲᠤᠰ ᠰᠠᠨᠠᠯ ᠯᠤᠭ᠎ᠠ ᠨᠡᠶᠢᠴᠡᠬᠦ ᠦᠭᠡᠢ ᠪᠠᠶᠢᠪᠠᠯ᠂ ᠲᠤᠰ | ᠰᠠᠨᠠᠯ ᠤᠨ ᠶᠤᠰᠤᠭᠠᠷ ᠬᠡᠷᠡᠭᠵᠢᠭᠦᠯᠬᠦ ᠬᠡᠷᠡᠭᠲᠡᠢ᠃ | ︵ᠬᠤᠶᠠᠷ︶ ᠨᠦᠬᠦᠪᠦᠷᠢ ᠥᠭᠬᠦ ᠪᠠᠷᠢᠮᠵᠢᠶ᠎ᠠ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ | ᠪᠠᠷᠢᠮᠵᠢᠶ᠎ᠠ ᠶᠢ ᠡᠯ᠎ᠡ ᠠᠶᠢᠮᠠᠭ ᠬᠤᠲᠠ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠠ᠂ | ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠬᠠᠷᠠᠭᠠᠯᠵᠠᠨ ᠠᠰᠠᠷᠠᠬᠤ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ ᠨᠢᠭᠡᠲᠦᠯᠲᠡᠢ ᠲᠦᠯᠦᠪᠯᠡᠨ ᠲᠣᠭᠲᠠᠭᠠᠬᠤ ᠶᠢᠨ ᠬᠠᠮᠲᠤ᠂ ᠴᠠᠭ ᠲᠤᠨᠢ ᠵᠣᠬᠢᠴᠠᠭᠤᠯᠤᠨ ᠲᠣᠬᠢᠷᠠᠭᠤᠯᠬᠤ | ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠠᠷᠢᠮᠵᠢᠶ᠎ᠠ ᠨᠢ ᠬᠤᠲᠠ ᠬᠦᠳᠡᠭᠡ ᠶᠢ | ᠨᠢᠭᠡᠲᠦᠯᠲᠡᠢ ᠲᠦᠯᠦᠪᠯᠡᠬᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠶᠢ ᠪᠡᠶᠡᠯᠡᠭᠦᠯᠵᠦ᠂ ᠨᠦᠬᠦᠴᠡᠯ ᠲᠠᠢ | ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠵᠡᠮᠳᠡᠭᠴᠦᠳ ᠤᠨ ᠠᠳᠠᠯᠢ ᠪᠤᠰᠤ | ᠬᠦᠴᠢᠷᠳᠡᠯ ᠤᠨ ᠬᠡᠮᠵᠢᠶ᠎ᠠ ᠶᠤᠰᠤᠭᠠᠷ ᠳᠡᠰ ᠬᠤᠪᠢᠶᠠᠨ ᠨᠦᠬᠦᠪᠦᠷᠢᠯᠡᠬᠦ ᠪᠠᠷᠢᠮᠵᠢᠶ᠎ᠠ ᠶᠢ ᠲᠣᠭᠲᠠᠭᠠᠨ᠂ ᠬᠤᠲᠠ | ᠬᠦᠳᠡᠭᠡ ᠶᠢᠨ ᠵᠡᠮᠳᠡᠭᠴᠦᠳ ᠤᠨ ᠨᠦᠬᠦᠪᠦᠷᠢ ᠶᠢᠨ ᠪᠠᠷᠢᠮᠵᠢᠶ᠎ᠠ ᠶᠢ ᠨᠢᠭᠡᠳᠭᠡᠵᠦ ᠪᠣᠯᠣᠨ᠎ᠠ᠃ | ︵ᠭᠤᠷᠪᠠ︶ ᠨᠦᠬᠦᠪᠦᠷᠢ ᠥᠭᠬᠦ ᠬᠡᠯᠪᠡᠷᠢ ᠮᠠᠶ᠋ᠢᠭ᠃ ᠵᠡᠮᠳᠡᠭᠴᠦᠳ ᠤᠨ ᠬᠤᠶᠠᠷ ᠵᠦᠢᠯ ᠤᠨ | ᠨᠦᠬᠦᠪᠦᠷᠢ ᠶᠢᠨ ᠮᠦᠩᠭᠦ ᠶᠢ ᠡᠳ᠋ ᠤᠨ ᠵᠠᠰᠠᠭ ᠤᠨ ᠨᠦᠬᠦᠪᠦᠷᠢ ᠶᠢᠨ ᠮᠦᠩᠭᠦ ᠶᠢᠨ ︽ᠪᠦᠬᠦᠨ ᠳᠤ ᠲᠣᠬᠢᠷᠠᠬᠤ ᠺᠠᠷᠲ︾ | ᠢᠶᠠᠷ ᠳᠡᠮᠵᠢᠨ ᠡᠷᠦᠬᠡ ᠳᠤ ᠤᠯᠭᠤᠭᠠᠬᠤ ᠬᠡᠷᠡᠭᠲᠡᠢ᠃ ᠨᠦᠬᠦᠪᠦᠷᠢᠯᠡᠬᠦ ᠬᠢᠷᠢ ᠬᠡᠮ ᠢ ᠬᠢᠨᠠᠨ ᠲᠣᠭᠲᠠᠭᠠᠳ ᠬᠢᠷᠢ | ᠲᠡᠩᠴᠡᠭᠰᠡᠨ ᠵᠡᠮᠳᠡᠭᠴᠦᠳ ᠲᠤ ᠭᠤᠶᠤᠴᠢᠯᠠᠯ ᠲᠤᠰᠢᠶᠠᠭᠰᠠᠨ ᠲᠤᠰ ᠰᠠᠷ᠎ᠠ ᠠᠴᠠ ᠨᠢ ᠨᠦᠬᠦᠪᠦᠷᠢ ᠶᠢ ᠪᠤᠳᠤᠵᠤ | ᠲᠠᠷᠬᠠᠭᠠᠨ᠎ᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠵᠤᠯᠭᠠᠭᠤᠯᠲᠠ᠃ ᠨᠦᠬᠦᠴᠡᠯ ᠳᠤ ᠨᠡᠶᠢᠴᠡᠭᠰᠡᠨ | ᠵᠡᠮᠳᠡᠭᠴᠦᠳ ᠨᠢ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠦᠬᠦᠪᠦᠷᠢ ᠪᠣᠯᠣᠨ ᠬᠦᠨᠳᠦ ᠵᠡᠮᠳᠡᠭᠴᠦᠳ ᠤᠨ | ᠰᠤᠪᠢᠯᠠᠯᠲᠠ ᠶᠢᠨ ᠨᠦᠬᠦᠪᠦᠷᠢ ᠶᠢ ᠵᠡᠷᠭᠡᠪᠡᠷ ᠭᠤᠶᠤᠴᠢᠯᠠᠨ ᠠᠪᠴᠤ ᠪᠣᠯᠣᠨ᠎ᠠ᠃ ᠵᠡᠮᠳᠡᠭᠴᠦᠳ ᠤᠨ ᠬᠤᠶᠠᠷ | ᠵᠦᠢᠯ ᠤᠨ ᠨᠦᠬᠦᠪᠦᠷᠢ ᠶᠢᠨ ᠨᠦᠬᠦᠴᠡᠯ ᠳᠤ ᠨᠡᠶᠢᠴᠡᠭᠰᠡᠨ ᠮᠦᠷᠲᠡᠭᠡᠨ᠂ ᠪᠠᠰᠠ ᠨᠠᠰᠤᠲᠠᠢ ᠬᠦᠮᠦᠨ᠂ ᠠᠯᠪᠠᠨ ᠠᠴᠠ | ᠪᠣᠯᠵᠤ ᠵᠡᠮᠳᠡᠭ ᠪᠣᠯᠣᠭᠰᠠᠨ᠂ ᠠᠵᠢᠯ ᠠᠴᠠ ᠪᠠᠨ ᠠᠮᠠᠷᠠᠭᠰᠠᠨ ᠵᠡᠷᠭᠡ ᠠᠰᠠᠷᠠᠮᠵᠢ ᠶᠢᠨ ᠴᠢᠨᠠᠷᠲᠠᠢ ᠠᠮᠢᠳᠤᠷᠠᠯ ᠤᠨ | ᠨᠦᠬᠦᠪᠦᠷᠢ ︵ᠨᠡᠮᠡᠭᠦᠷᠢ ᠵᠤᠭᠤᠰ︶᠂ ᠰᠤᠪᠢᠯᠠᠯᠲᠠ ᠶᠢᠨ ᠨᠦᠬᠦᠪᠦᠷᠢ ︵ᠨᠡᠮᠡᠭᠦᠷᠢ ᠵᠤᠭᠤᠰ︶ ᠶᠢᠨ ᠨᠦᠬᠦᠴᠡᠯ ᠳᠤ | ᠨᠡᠶᠢᠴᠡᠭᠰᠡᠨ ᠵᠡᠮᠳᠡᠭᠴᠦᠳ ᠪᠣᠯ ᠲᠡᠭᠦᠨ ᠤ ᠳᠤᠲᠤᠷᠠᠬᠢ ᠨᠢᠭᠡ ᠲᠦᠷᠦᠯ ᠤᠨ ᠠᠮᠢᠳᠤᠷᠠᠯ ᠤᠨ ᠨᠦᠬᠦᠪᠦᠷᠢ ︵ᠨᠡᠮᠡᠭᠦᠷᠢ | ᠵᠤᠭᠤᠰ︶᠂ ᠰᠤᠪᠢᠯᠠᠯᠲᠠ ᠶᠢᠨ ᠨᠦᠬᠦᠪᠦᠷᠢ ︵ᠨᠡᠮᠡᠭᠦᠷᠢ ᠵᠤᠭᠤᠰ︶ ᠶᠢ ᠦᠨᠳᠦᠷ ᠠᠴᠠ ᠨᠢ ᠰᠤᠩᠭᠤᠵᠤ | ᠭᠤᠶᠤᠴᠢᠯᠠᠨ ᠠᠪᠴᠤ ᠪᠣᠯᠣᠨ᠎ᠠ᠃ ᠦᠨᠦᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠬᠦᠷᠲᠡᠳᠡᠭ ᠵᠡᠮᠳᠡᠭ ᠬᠡᠦᠬᠡᠳ ᠨᠢ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ | ᠨᠦᠬᠦᠪᠦᠷᠢ ᠶᠢ ᠬᠦᠷᠲᠡᠬᠦ ᠦᠭᠡᠢ᠂ ᠬᠦᠨᠳᠦ ᠵᠡᠮᠳᠡᠭᠴᠦᠳ ᠢ ᠰᠤᠪᠢᠯᠠᠬᠤ ᠨᠦᠬᠦᠪᠦᠷᠢ ᠶᠢ ᠬᠦᠷᠲᠡᠵᠦ ᠪᠣᠯᠣᠨ᠎ᠠ᠃ | ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠬᠤᠲᠠ ᠬᠦᠳᠡᠭᠡ ᠶᠢᠨ ᠠᠮᠢᠳᠤᠷᠠᠯ ᠤᠨ ᠬᠠᠮᠤᠭ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠣᠷᠣᠯᠭ᠎ᠠ ᠳᠤ ᠪᠣᠳᠤᠵᠤ ᠣᠷᠤᠭᠤᠯᠬᠤ ᠦᠭᠡᠢ᠃ ᠠᠵᠢᠯ ᠠᠴᠠ | ᠪᠤᠯᠤᠭᠰᠠᠨ ᠭᠡᠮᠳᠦᠯ ᠤᠨ ᠳᠠᠭᠠᠳᠬᠠᠯ ᠤᠨ ᠠᠮᠢᠳᠤᠷᠠᠯ ᠤᠨ ᠰᠣᠪᠢᠯᠠᠯᠲᠠ ᠶᠢᠨ ᠵᠠᠷᠤᠳᠠᠯ ᠢ ᠭᠤᠶᠤᠴᠢᠯᠠᠵᠤ ᠠᠪᠤᠭᠰᠠᠨ᠂ | ᠣᠨᠴᠠ ᠬᠦᠴᠢᠷᠳᠡᠯᠲᠡᠢ ᠬᠦᠮᠦᠰ ᠢ ᠠᠰᠠᠷᠠᠨ ᠪᠠᠲᠤᠯᠠᠬᠤ ᠳᠤ ᠣᠷᠤᠭᠤᠯᠤᠭᠰᠠᠨ ᠵᠡᠮᠳᠡᠭᠴᠦᠳ ᠲᠤ ᠵᠡᠮᠳᠡᠭᠴᠦᠳ ᠤᠨ | ᠬᠤᠶᠠᠷ ᠵᠦᠢᠯ ᠤᠨ ᠨᠦᠬᠦᠪᠦᠷᠢ ᠶᠢ ᠬᠦᠷᠲᠡᠭᠡᠬᠦ ᠦᠭᠡᠢ᠃ | ᠭᠤᠷᠪᠠ᠂ ᠭᠤᠶᠤᠴᠢᠯᠠᠨ ᠠᠪᠬᠤ ᠳᠡᠰ ᠳᠠᠷᠠᠭᠠᠯᠠᠯ ᠪᠠ ᠬᠠᠮᠢᠶᠠᠷᠤᠯᠲᠠ ᠶᠢᠨ ᠱᠠᠭᠠᠷᠳᠠᠯᠭ᠎ᠠ | ︽ᠰᠠᠨᠠᠯ︾ ᠤᠨ ᠱᠠᠭᠠᠷᠳᠠᠯᠭ᠎ᠠ ᠶᠤᠰᠤᠭᠠᠷ᠂ ᠪᠦᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ | ᠪᠣᠯᠣᠨ ᠵᠡᠮᠳᠡᠭᠴᠦᠳ ᠤᠨ ᠣᠣᠯ ᠤᠨ ᠠᠰᠠᠷᠠᠮᠵᠢ ᠶᠢᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠲᠠᠢ | ᠤᠶᠠᠯᠳᠤᠭᠤᠯᠤᠨ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠲᠦᠷᠦᠭᠦᠯᠡᠵᠦ᠂ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ | ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠤᠯᠭᠤᠵᠦ ᠬᠠᠮᠢᠶᠠᠷᠬᠤ ᠠᠷᠭ᠎ᠠ ᠵᠢᠴᠢ ᠬᠠᠮᠢᠶ᠎ᠠ ᠪᠦᠬᠦᠢ ᠨᠠᠷᠢᠨ | ᠳᠦᠷᠢᠮ ᠢ ᠲᠣᠭᠲᠠᠭᠠᠨ ᠨᠡᠶᠢᠲᠡᠯᠡᠬᠦ ᠬᠡᠷᠡᠭᠲᠡᠢ᠃ ᠡᠭᠦᠨ ᠳᠤ ᠭᠤᠶᠤᠴᠢᠯᠠᠨ ᠠᠪᠬᠤ ᠦᠨᠳᠦᠰᠦᠨ ᠳᠡᠰ ᠳᠠᠷᠠᠭᠠᠯᠠᠯ ᠪᠠ | ᠬᠠᠮᠢᠶᠠᠷᠤᠯᠲᠠ ᠶᠢᠨ ᠱᠠᠭᠠᠷᠳᠠᠯᠭ᠎ᠠ ᠨᠢ ᠳᠣᠣᠷᠠᠬᠢ ᠮᠡᠲᠦ ᠪᠤᠯᠤᠨ᠎ᠠ᠄ | ︵ᠨᠢᠭᠡ︶ ᠰᠠᠶᠢᠨ ᠳᠤᠷ᠎ᠠ ᠠᠴᠠ ᠪᠠᠨ ᠭᠤᠶᠤᠴᠢᠯᠠᠨ᠎ᠠ᠃ | ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠵᠡᠮᠳᠡᠭᠴᠦᠳ ᠠᠴᠠ ᠡᠷᠦᠬᠡ ᠠᠮᠠ ᠶᠢᠨ ᠪᠠᠶᠢᠭ᠎ᠠ | ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠶᠣ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠤᠨ ᠤ ᠠᠷᠠᠳ ᠤᠨ ᠶᠠᠪᠤᠳᠠᠯ ᠢ ᠬᠦᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠳᠤ ᠪᠢᠴᠢᠭ ᠤᠨ | ᠭᠤᠶᠤᠴᠢᠯᠠᠭ᠎ᠠ ᠶᠢ ᠲᠤᠰᠢᠶᠠᠬᠤ ᠬᠡᠷᠡᠭᠲᠡᠢ᠃ ᠵᠡᠮᠳᠡᠭ ᠬᠦᠮᠦᠨ ᠤ ᠬᠠᠤᠯᠢ ᠪᠠᠷ ᠲᠣᠭᠲᠠᠭᠠᠰᠠᠨ ᠬᠠᠷᠠᠭᠠᠯᠵᠠᠨ | ᠬᠠᠮᠠᠭᠠᠯᠠᠭᠴᠢ᠂ ᠬᠠᠤᠯᠢ ᠪᠠᠷ ᠲᠣᠭᠲᠠᠭᠠᠭᠰᠠᠨ ᠠᠰᠠᠷᠠᠨ ᠬᠠᠷᠠᠭᠠᠯᠵᠠᠬᠤ᠂ ᠠᠰᠠᠷᠠᠨ ᠲᠡᠵᠢᠭᠡᠬᠦ᠂ ᠠᠰᠠᠷᠠᠨ ᠲᠡᠳᠭᠦᠬᠦ | ᠡᠬᠦᠷᠬᠡᠳᠤ ᠬᠦᠮᠦᠨ᠂ ᠪᠠᠶᠢᠭ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠭᠠᠴᠠᠭ᠎ᠠ ᠲᠤᠰᠬᠤᠨ ᠤ | ᠠᠷᠠᠳ ᠤᠨ ᠵᠦᠪᠯᠡᠯ ᠪᠣᠶᠣ ᠪᠤᠰᠤᠳ ᠨᠠᠶᠢᠳᠠᠯᠭ᠎ᠠ ᠶᠢᠨ ᠬᠦᠮᠦᠨ ᠠᠴᠠ ᠭᠤᠶᠤᠴᠢᠯᠠᠬᠤ ᠵᠦᠢᠯᠡᠰ ᠢ ᠣᠷᠣᠯᠠᠨ | ᠭᠦᠢᠴᠡᠳᠭᠡᠵᠦ ᠪᠣᠯᠣᠨ᠎ᠠ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠭᠤᠶᠤᠴᠢᠯᠠᠬᠤ ᠳᠤ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠶᠠᠳᠤᠭᠠᠷ ᠦᠶ᠎ᠡ ᠶᠢᠨ ᠵᠡᠮᠳᠡᠭᠴᠦᠳ ᠤᠨ ᠦᠨᠡᠮᠯᠡᠯ ᠢ ᠠᠪᠴᠤ | ᠤᠴᠢᠬᠤ ᠶᠢᠨ ᠬᠠᠮᠲᠤ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ︵ᠬᠤᠶᠠᠷ︶ ᠱᠠᠲᠤ ᠳᠠᠷᠠᠭᠠᠯᠠᠨ ᠬᠢᠨᠠᠨ ᠬᠠᠷᠭᠤᠭᠤᠯᠤᠨ᠎ᠠ᠃ | 1. ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠨᠡᠶᠢᠭᠡᠮ ᠤᠨ | ᠠᠪᠤᠷᠠᠯᠲᠠ ᠲᠤᠰᠠᠯᠠᠮᠵᠢ᠂ ᠨᠡᠶᠢᠭᠡᠮ ᠤᠨ ᠦᠢᠯᠡᠴᠢᠯᠡᠭᠡ ᠶᠢᠨ ︽ᠨᠢᠭᠡ ᠰᠠᠯᠠᠭ᠎ᠠ ᠮᠦᠴᠢᠷ ᠠᠴᠠ ᠬᠦᠯᠢᠶᠡᠨ ᠠᠪᠴᠤ | ᠰᠢᠢᠳᠪᠦᠷᠢᠯᠡᠵᠦ᠂ ᠬᠠᠮᠵᠢᠯᠴᠠᠨ ᠭᠦᠢᠴᠡᠳᠭᠡᠬᠦ︾ ᠲᠣᠭᠲᠠᠴᠠ ᠳᠤ ᠲᠦᠰᠢᠭᠯᠡᠨ᠂ ᠵᠡᠮᠳᠡᠭᠴᠦᠳ ᠤᠨ ᠬᠤᠶᠠᠷ | ᠵᠦᠢᠯ ᠤᠨ ᠨᠦᠬᠦᠪᠦᠷᠢ ᠶᠢᠨ ᠭᠤᠶᠤᠴᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠵᠦ᠂ 20 ᠠᠵᠢᠯᠯᠠᠬᠤ ᠡᠳᠦᠷ ᠤᠨ | ᠲᠤᠳᠤᠷ᠎ᠠ ᠠᠩᠬᠠᠨ ᠤ ᠬᠢᠨᠠᠯᠲᠠ ᠶᠢᠨ ᠠᠵᠢᠯ ᠢ ᠪᠡᠶᠡᠯᠡᠭᠦᠯᠬᠦ ᠶᠢᠨ ᠬᠠᠮᠲᠤ᠂ 10 ᠠᠵᠢᠯᠯᠠᠬᠤ ᠡᠳᠦᠷ ᠤᠨ ᠨᠡᠶᠢᠲᠡ ᠳᠤ | ᠵᠠᠷᠯᠠᠬᠤ ᠳᠡᠰ ᠳᠠᠷᠠᠭᠠᠯᠠᠯ ᠢ ᠦᠩᠭᠡᠷᠡᠭᠡᠬᠦ ᠬᠡᠷᠡᠭᠲᠡᠢ᠃ | 2. ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠠᠩᠬᠠᠨ ᠤ | ᠬᠢᠨᠠᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠡᠮᠳᠡᠭᠴᠦᠳ ᠤᠨ | ᠬᠤᠯᠪᠣᠭ᠎ᠠ ᠳᠤ ᠮᠡᠳᠡᠭᠦᠯᠦᠨ ᠬᠦᠷᠭᠡᠵᠦ ᠵᠡᠮᠳᠡᠭ ᠬᠦᠮᠦᠨ ᠤ ᠦᠨᠡᠮᠯᠡᠯ ᠤᠨ ᠬᠦᠴᠦᠨ ᠲᠠᠢ ᠴᠢᠨᠠᠷ ᠪᠣᠯᠣᠨ ᠬᠦᠨᠳᠦ | ᠵᠡᠮᠳᠡᠭᠴᠦᠳ ᠤᠨ ᠨᠦᠬᠦᠴᠡᠯ ᠢ ᠮᠠᠭᠠᠳᠯᠠᠨ ᠲᠣᠭᠲᠠᠭᠠᠵᠤ᠂ 10 ᠠᠵᠢᠯᠯᠠᠬᠤ ᠡᠳᠦᠷ ᠤᠨ ᠲᠤᠳᠤᠷ᠎ᠠ ᠬᠢᠨᠠᠨ | ᠬᠠᠷᠭᠤᠭᠤᠯᠬᠤ ᠠᠵᠢᠯ ᠢ ᠪᠡᠶᠡᠯᠡᠭᠦᠯᠬᠦ ᠬᠡᠷᠡᠭᠲᠡᠢ᠃ | 3. ᠬᠤᠰᠢᠭᠤ ᠰᠢᠶᠠᠨ ︵ᠬᠤᠲᠠ᠂ ᠲᠣᠭᠤᠷᠢᠭ︶ ᠤ ᠵᠡᠮᠳᠡᠭᠴᠦᠳ ᠤᠨ ᠬᠤᠯᠪᠣᠭ᠎ᠠ ᠠᠴᠠ ᠬᠢᠨᠠᠨ | ᠬᠠᠷᠭᠤᠭᠤᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠠᠳᠠᠯᠢ ᠱᠠᠲᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤ | ᠰᠢᠯᠵᠢᠭᠦᠯᠦᠨ ᠬᠦᠷᠭᠡᠵᠦ ᠬᠢᠨᠠᠨ ᠲᠣᠭᠲᠠᠭᠠᠯᠭᠠᠬᠤ ᠬᠡᠷᠡᠭᠲᠡᠢ᠃ ᠭᠤᠶᠤᠴᠢᠯᠠᠭᠴᠢ ᠠᠴᠠ ᠰᠠᠨᠠᠭᠠᠴᠢᠯᠠᠭ᠎ᠠ ᠲᠠᠢ ᠪᠠᠷ | ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠵᠡᠮᠳᠡᠭᠴᠦᠳ ᠤᠨ ᠭᠡᠷ ᠪᠦᠯᠢ ᠶᠢᠨ ᠠᠵᠤ ᠠᠬᠤᠢ ᠶᠢᠨ | ᠪᠠᠶᠢᠳᠠᠯ ᠢ ᠰᠠᠭᠤᠭᠠᠯᠢ ᠠᠷᠠᠳ ᠤᠨ ᠬᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠳᠤ | ᠲᠦᠰᠢᠭᠯᠡᠨ ᠬᠢᠨᠠᠨ ᠬᠠᠷᠭᠤᠭᠤᠯᠵᠤ᠂ ᠲᠥᠷᠥ ᠶᠢᠨ ᠪᠣᠳᠣᠯᠭ᠎ᠠ ᠶᠢ ᠵᠤᠯᠭᠠᠭᠤᠯᠬᠤ ᠳᠤ ᠬᠤᠯᠪᠣᠭᠳᠠᠭᠰᠠᠨ ᠨᠦᠬᠦᠪᠦᠷᠢ | ᠬᠦᠷᠳᠡᠬᠦ ᠡᠲᠡᠭᠡᠳ ᠤᠨ ᠪᠡᠶ᠎ᠡ ᠶᠢᠨ ᠭᠠᠷᠤᠯ ᠢ ᠬᠢᠨᠠᠨ ᠬᠠᠷᠭᠤᠭᠤᠯᠵᠤ᠂ 20 ᠠᠵᠢᠯᠯᠠᠬᠤ ᠡᠳᠦᠷ ᠤᠨ ᠳᠣᠲᠤᠷ᠎ᠠ ᠬᠢᠨᠠᠨ | ᠲᠣᠭᠲᠠᠭᠠᠬᠤ ᠠᠵᠢᠯ ᠢ ᠪᠡᠶᠡᠯᠡᠭᠦᠯᠬᠦ ᠬᠡᠷᠡᠭᠲᠡᠢ᠃ | 4. ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠢᠨᠠᠨ | ᠲᠣᠭᠲᠠᠭᠠᠯᠲᠠ ᠳᠤ ᠬᠢᠷᠢ ᠲᠡᠩᠴᠡᠭᠰᠡᠨ ᠮᠠᠲ᠋ᠧᠷᠢᠶᠠᠯ ᠢ ᠦᠨᠳᠦᠰᠦᠯᠡᠵᠦ ᠠᠳᠠᠯᠢ ᠱᠠᠲᠤᠨ ᠤ ᠡᠳ᠋ ᠤᠨ ᠵᠠᠰᠠᠭ ᠤᠨ | ᠲᠣᠪᠴᠢᠶ᠎ᠠ ᠳᠤ ᠮᠡᠳᠡᠭᠦᠯᠦᠨ ᠪᠡᠯᠡ ᠮᠦᠩᠭᠦ ᠰᠠᠯᠭᠠᠨ ᠥᠭᠬᠦ ᠪᠠᠷ ᠭᠤᠶᠤᠴᠢᠯᠠᠬᠤ ᠬᠡᠷᠡᠭᠲᠡᠢ᠃ | ( ᠭᠤᠷᠪᠠ︶ ᠨᠦᠬᠦᠪᠦᠷᠢ ᠤᠯᠭᠤᠨ᠎ᠠ᠃ | ᠨᠦᠬᠦᠪᠦᠷᠢᠯᠡᠬᠦ ᠬᠢᠷᠢ ᠭᠡᠮ ᠨᠢ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠵᠡᠮᠳᠡᠭᠴᠦᠳ ᠲᠤ | ᠭᠤᠶᠤᠴᠢᠯᠠᠭ᠎ᠠ ᠪᠠᠨ ᠲᠤᠰᠢᠶᠠᠭᠰᠠᠨ ᠲᠤᠰ ᠰᠠᠷ᠎ᠠ ᠠᠴᠠ ᠨᠢ ᠡᠬᠢᠯᠡᠨ ᠨᠦᠬᠦᠪᠦᠷᠢ ᠶᠢ ᠪᠤᠳᠤᠵᠤ ᠤᠯᠭᠤᠬᠤ ᠬᠡᠷᠡᠭᠲᠡᠢ᠃ | ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠰᠠᠷ᠎ᠠ ᠪᠠᠷ ᠤᠯᠭᠤᠵᠦ᠂ ᠤᠯᠭᠤᠬᠤ ᠴᠠᠭ ᠬᠤᠭᠤᠴᠠᠭ᠎ᠠ ᠨᠢ | ᠰᠠᠷ᠎ᠠ ᠪᠦᠷᠢ ᠶᠢᠨ 10 ᠤ ᠡᠳᠦᠷ ᠠᠴᠠ ᠡᠮᠦᠨ᠎ᠡ ᠪᠠᠶᠢᠵᠤ᠂ ᠣᠨᠴᠤᠭᠤᠢ ᠪᠠᠶᠢᠳᠠᠯ ᠳᠣᠣᠷ᠎ᠠ᠂ ᠵᠡᠮᠳᠡᠭᠴᠦᠳ ᠤᠨ | ᠬᠤᠶᠠᠷ ᠵᠦᠢᠯ ᠤᠨ ᠨᠦᠬᠦᠪᠦᠷᠢ ᠶᠢ ᠤᠯᠠᠷᠢᠯ ᠢᠶᠠᠷ ᠤᠯᠭᠤᠵᠦ᠂ ᠤᠯᠭᠤᠬᠤ ᠴᠠᠭ ᠬᠤᠭᠤᠴᠠᠭ᠎ᠠ ᠨᠢ ᠤᠯᠠᠷᠢᠯ | ᠪᠦᠷᠢ ᠶᠢᠨ ᠨᠢᠭᠡᠳᠦᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠪᠠᠶᠢᠬᠤ ᠬᠡᠷᠡᠭᠲᠡᠢ᠃ ᠵᠡᠮᠳᠡᠭᠴᠦᠳ ᠤᠨ ᠬᠤᠶᠠᠷ | ᠵᠦᠢᠯ ᠤᠨ ᠨᠦᠬᠦᠪᠦᠷᠢ ᠶᠢ ᠨᠡᠶᠢᠭᠡᠮᠴᠢᠯᠡᠭᠰᠡᠨ ᠬᠡᠯᠪᠡᠷᠢ ᠶᠢ ᠠᠪᠴᠤ ᠪᠠᠶᠢᠭᠠᠳ ᠤᠯᠭᠤᠵᠦ᠂ ᠡᠳ᠋ ᠤᠨ ᠵᠠᠰᠠᠭ ᠤᠨ | ᠨᠦᠬᠦᠪᠦᠷᠢ ᠶᠢᠨ ᠪᠡᠯᠡ ᠮᠦᠩᠭᠦ ᠶᠢᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠨ ᠡᠷᠦᠬᠡ ᠳᠤ ᠤᠯᠭᠤᠬᠤ | ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠣᠨᠴᠤᠭᠤᠢ ᠪᠠᠶᠢᠳᠠᠯ ᠠᠴᠠ ᠪᠣᠯᠵᠤ ᠪᠡᠯᠡᠨ | ᠵᠤᠭᠤᠰ ᠢ ᠰᠢᠭᠤᠳ ᠤᠯᠭᠤᠬᠤ ᠴᠢᠬᠤᠯᠠᠲᠠᠢ ᠪᠠᠶᠢᠪᠠᠯ᠂ ᠲᠤᠰᠬᠠᠢ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠲᠣᠭᠲᠠᠭᠠᠵᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠱᠠᠲᠤ ᠱᠠᠳᠤ ᠪᠠᠷ | ᠲᠡᠪᠰᠢᠬᠦᠯᠦᠨ ᠮᠡᠳᠡᠭᠦᠯᠵᠦ ᠪᠥᠷᠢᠳᠭᠡᠨ ᠳᠠᠩᠰᠠᠯᠠᠭᠤᠯᠬᠤ ᠶᠢᠨ ᠬᠠᠮᠲᠤ᠂ ᠡᠯ᠎ᠡ ᠱᠠᠲᠤᠨ ᠤ ᠪᠡᠯᠡ ᠮᠦᠩᠭᠦ ᠳᠤ | ᠪᠠᠶᠢᠴᠠᠭᠠᠯᠲᠠ ᠬᠢᠬᠦ ᠭᠤᠣᠯᠳᠠᠯᠭ᠎ᠠ ᠪᠣᠯᠭᠠᠵᠤ᠂ ᠬᠠᠭᠤᠷᠮᠠᠭᠯᠠᠨ ᠠᠪᠬᠤ᠂ ᠳᠠᠬᠢᠨ ᠳᠠᠪᠳᠠᠨ ᠭᠤᠶᠤᠴᠢᠯᠠᠨ ᠠᠪᠬᠤ᠂ | ᠦᠯᠡᠳᠡᠭᠡᠵᠦ ᠠᠪᠬᠤ ᠪᠠᠶᠢᠳᠠᠯ ᠡᠭᠦᠰᠬᠦ ᠶᠢ ᠡᠷᠡᠰ ᠬᠤᠷᠢᠬᠯᠠᠬᠤ ᠬᠡᠷᠡᠭᠲᠡᠢ᠃ | ︵ᠳᠥᠷᠪᠡ︶ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠭᠤᠯᠤᠨ᠎ᠠ᠃ | ᠵᠡᠮᠳᠡᠭ ᠬᠦᠮᠦᠨ ᠠᠴᠠ ᠰᠠᠨᠠᠭᠠᠴᠢᠯᠠᠭ᠎ᠠ ᠲᠠᠢ ᠪᠠᠷ ᠭᠤᠶᠤᠴᠢᠯᠠᠨ ᠮᠡᠳᠡᠭᠦᠯᠬᠦ ᠪᠠ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠠᠴᠠ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠠᠨ ᠪᠠᠶᠢᠴᠠᠭᠠᠬᠤ ᠶᠢ ᠤᠶᠠᠯᠳᠤᠭᠤᠯᠤᠭᠰᠠᠨ | ᠠᠷᠭ᠎ᠠ ᠮᠠᠶ᠋ᠢᠭ ᠢ ᠠᠪᠴᠤ ᠪᠠᠶᠢᠭᠠᠳ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢ ᠲᠣᠭᠲᠠᠮᠠᠯ | ᠬᠤᠭᠤᠴᠠᠭ᠎ᠠ ᠲᠠᠢ ᠪᠠᠷ ᠳᠠᠬᠢᠨ ᠬᠢᠨᠠᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠡᠮᠳᠡᠭᠴᠦᠳ ᠤᠨ ᠬᠤᠶᠠᠷ | ᠵᠦᠢᠯ ᠤᠨ ᠨᠦᠬᠦᠪᠦᠷᠢ ᠶᠢ ᠨᠦᠬᠦᠪᠦᠷᠢᠯᠡᠪᠡᠰᠦ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠨᠦᠬᠦᠪᠦᠷᠢᠯᠡᠬᠦ᠂ | ᠪᠤᠴᠠᠭᠠᠪᠠᠰᠤ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠪᠤᠴᠠᠭᠠᠬᠤ ᠬᠦᠳᠡᠯᠦᠩᠭᠦᠢ ᠪᠠᠶᠢᠳᠠᠯ ᠤᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ᠃ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠭᠤᠯᠬᠤ ᠠᠭᠤᠯᠭ᠎ᠠ ᠳᠤ | ᠭᠤᠶᠤᠴᠢᠯᠠᠭᠴᠢ ᠶᠢᠨ ᠬᠢᠷᠢ ᠭᠡᠮ ᠤᠨ ᠨᠦᠬᠦᠴᠡᠯ ᠳᠤ ᠬᠤᠪᠢᠷᠠᠯᠲᠠ ᠭᠠᠷᠤᠭᠰᠠᠨ ᠡᠰᠡᠬᠦ᠂ ᠨᠦᠬᠦᠪᠦᠷᠢ ᠶᠢ ᠴᠠᠭ | ᠲᠤᠬᠠᠢ ᠳᠤᠨᠢ ᠲᠤᠭ᠎ᠠ ᠶᠤᠰᠤᠭᠠᠷ ᠭᠦᠢᠴᠡᠳ ᠣᠯᠭᠤᠭᠰᠠᠨ ᠡᠰᠡᠬᠦ ᠵᠡᠷᠭᠡ ᠪᠠᠭᠲᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠰᠠᠨᠠᠯ︾ ᠤᠨ ᠱᠠᠭᠠᠷᠳᠠᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠡᠭᠦᠨ ᠢ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠡᠭᠦᠷᠭᠡ ᠪᠣᠯᠭᠠᠨ᠂ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮᠵᠢ᠂ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠬᠥᠭᠵᠢᠯᠲᠡ ᠶᠢᠨ | ᠲᠦᠯᠦᠪᠵᠢᠭᠦᠯᠭᠡ᠂ ᠵᠡᠮᠳᠡᠭᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠳᠤ ᠣᠷᠤᠭᠤᠯᠵᠤ᠂ | ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠣᠷᠤᠭᠤᠯᠤᠨ᠂ ᠵᠠᠰᠠᠭ ᠤᠨ ᠣᠷᠳᠤᠨ ᠠᠴᠠ ᠤᠳᠤᠷᠢᠳᠬᠤ᠂ | ᠠᠷᠠᠳ ᠤᠨ ᠶᠠᠪᠤᠳᠠᠯ ᠠᠴᠠ ᠲᠦᠷᠦᠭᠦᠯᠡᠬᠦ᠂ ᠵᠡᠮᠳᠡᠭᠴᠦᠳ ᠤᠨ ᠬᠤᠯᠪᠣᠭ᠎ᠠ ᠠᠴᠠ ᠬᠠᠮᠵᠢᠯᠴᠠᠬᠤ᠂ ᠡᠳ᠋ ᠤᠨ | ᠵᠠᠰᠠᠭ ᠠᠴᠠ ᠪᠠᠲᠤᠯᠠᠬᠤ᠂ ᠨᠡᠶᠢᠭᠡᠮ ᠤᠨ ᠬᠢᠨ ᠣᠷᠤᠯᠴᠠᠬᠤ ᠠᠵᠢᠯ ᠤᠨ ᠲᠣᠭᠲᠠᠴᠠ ᠶᠢ ᠦᠨᠡᠨᠬᠦ ᠲᠡᠭᠦᠯᠳᠡᠷᠵᠢᠭᠦᠯᠦᠨ᠂ | ᠳᠦᠬᠦᠷᠵᠢᠭᠦᠯᠬᠦ ᠠᠷᠭ᠎ᠠ ᠪᠠ ᠠᠷᠭ᠎ᠠ ᠬᠡᠮᠵᠢᠶ᠎ᠡ ᠶᠢ ᠳᠠᠷᠦ᠋ᠢᠬᠠᠨ ᠲᠣᠭᠲᠠᠭᠠᠵᠤ᠂ ᠪᠦᠬᠦ ᠣᠷᠣᠨ ᠤ ᠵᠡᠮᠳᠡᠭᠴᠦᠳ ᠤᠨ | ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ 2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ | ᠪᠦᠬᠦ ᠲᠠᠯ᠎ᠠ ᠪᠠᠷ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ᠂ | ᠡᠳ᠋ ᠤᠨ ᠵᠠᠰᠠᠭ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠤᠳ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠶᠢ ᠪᠡᠶᠡᠯᠡᠭᠦᠯᠦᠨ᠂ ᠨᠦᠬᠦᠪᠦᠷᠢ ᠤᠯᠭᠤᠭᠰᠠᠨ | ᠪᠠᠶᠢᠳᠠᠯ ᠢ ᠵᠢᠯ ᠪᠦᠷᠢ ᠨᠢᠭᠡ ᠤᠳᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠬᠡᠷᠡᠭᠲᠡᠢ᠃ | ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠬᠤ ᠬᠡᠷᠡᠭᠲᠡᠢ᠃ | ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠵᠡᠮᠳᠡᠭᠴᠦᠳ ᠤᠨ ᠬᠤᠶᠠᠷ ᠵᠦᠢᠯ ᠤᠨ | ᠨᠦᠬᠦᠪᠦᠷᠢ ᠶᠢ ᠬᠢᠨᠠᠨ ᠲᠣᠭᠲᠠᠭᠠᠬᠤ᠂ ᠨᠦᠬᠦᠪᠦᠷᠢ ᠶᠢ ᠤᠯᠭᠤᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠪᠤᠲᠠᠲᠠᠢ | ᠬᠠᠷᠢᠭᠤᠴᠠᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ ᠬᠠᠮᠢᠶ᠎ᠠ ᠪᠦᠬᠦᠢ | ᠨᠡᠶᠢᠭᠡᠮ ᠤᠨ ᠠᠰᠠᠷᠠᠮᠵᠢ᠂ ᠨᠡᠶᠢᠭᠡᠮ ᠤᠨ ᠠᠪᠤᠷᠠᠯᠲᠠ ᠲᠤᠰᠠᠯᠠᠮᠵᠢ᠂ ᠨᠡᠶᠢᠭᠡᠮ ᠤᠨ ᠳᠠᠭᠠᠳᠬᠠᠯ ᠤᠨ ᠳᠦᠷᠢᠮ ᠯᠦᠭᠡ | ᠤᠷᠭᠠᠨᠢᠭ ᠢᠶᠠᠷ ᠵᠤᠯᠭᠠᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠪᠡᠯᠡ ᠮᠦᠩᠭᠦ ᠶᠢᠨ ᠪᠠᠲᠤᠯᠠᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠡᠯᠡ ᠮᠦᠩᠭᠦ ᠶᠢ ᠡᠯ᠎ᠡ | ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠤᠨ᠂ ᠨᠦᠬᠦᠪᠦᠷᠢ ᠶᠢᠨ ᠪᠡᠯᠡ ᠮᠦᠩᠭᠦ ᠵᠢᠴᠢ ᠠᠵᠢᠯ ᠤᠨ | ᠵᠠᠷᠤᠳᠠᠯ ᠢ ᠴᠠᠭ ᠲᠣᠬᠠᠢ ᠳᠤᠨᠢ ᠲᠤᠭ᠎ᠠ ᠶᠤᠰᠤᠭᠠᠷ ᠭᠦᠢᠴᠡᠳ ᠲᠣᠬᠢᠷᠠᠭᠤᠯᠵᠤ᠂ ᠵᠡᠮᠳᠡᠭᠴᠦᠳ ᠤᠨ ᠬᠤᠶᠠᠷ | ᠵᠦᠢᠯ ᠤᠨ ᠨᠦᠬᠦᠪᠦᠷᠢ ᠶᠢᠨ ᠳᠦᠷᠢᠮ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠡᠯ᠎ᠡ ᠭᠠᠵᠠᠷ ᠣᠷᠣᠨ ᠤ ᠡᠳ᠋ ᠤᠨ | ᠬᠦᠴᠦᠨ ᠤ ᠪᠠᠶᠢᠳᠠᠯ ᠤᠨ ᠶᠤᠰᠤᠭᠠᠷ ᠲᠦᠷᠦᠯ ᠬᠤᠪᠢᠶᠠᠨ ᠨᠦᠬᠦᠪᠦᠷᠢᠯᠡᠬᠦ ᠶᠢ ᠬᠡᠷᠡᠭᠵᠢᠭᠦᠯᠬᠦ ᠬᠡᠷᠡᠭᠲᠡᠢ᠃ | ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠨᠢ ︽ᠲᠦᠯᠦᠭᠡᠯᠡᠬᠦ᠂ ᠦᠢᠯᠡᠴᠢᠯᠡᠬᠦ᠂ ᠬᠠᠮᠢᠶᠠᠷᠬᠤ︾ | ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠢ | ᠴᠠᠭ ᠲᠤᠬᠠᠢ ᠳᠤᠨᠢ ᠡᠵᠡᠮᠳᠡᠨ᠂ ᠵᠡᠮᠳᠡᠭ ᠬᠦᠮᠦᠨ ᠤ ᠦᠨᠡᠮᠯᠡᠯ ᠢ ᠲᠠᠷᠬᠠᠭᠠᠨ ᠬᠠᠮᠢᠶᠠᠷᠬᠤ ᠶᠢ ᠴᠢᠩᠳᠠᠯᠠᠵᠤ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠢᠳᠡᠪᠬᠢᠲᠡᠢ ᠬᠠᠮᠵᠢᠯᠴᠠᠨ ᠵᠡᠮᠳᠡᠭ ᠬᠦᠮᠦᠨ ᠤ ᠦᠨᠡᠮᠯᠡᠯ ᠤᠨ | ᠬᠦᠴᠦᠨ ᠲᠠᠢ ᠴᠢᠨᠠᠷ ᠪᠣᠯᠣᠨ ᠬᠦᠨᠳᠦ ᠵᠡᠮᠳᠡᠭᠴᠦᠳ ᠤᠨ ᠠᠰᠠᠷᠠᠮᠵᠢ ᠶᠢᠨ ᠨᠦᠬᠦᠴᠡᠯ ᠢ ᠮᠠᠭᠠᠳᠯᠠᠨ ᠲᠣᠭᠲᠠᠭᠠᠬᠤ | ᠠᠵᠢᠯ ᠢ ᠰᠠᠶᠢᠲᠤᠷ ᠬᠢᠵᠦ᠂ ᠵᠡᠮᠳᠡᠭᠴᠦᠳ ᠤᠨ ᠮᠡᠳᠡᠭᠡ ᠵᠠᠩᠭᠢ ᠶᠢᠨ ᠳ᠋ᠡᠶᠢᠲ᠋ᠠ ᠶᠢᠨ ᠳᠡᠮᠵᠢᠯᠭᠡ ᠶᠢ ᠬᠠᠩᠭᠠᠨ᠂ | ᠵᠡᠮᠳᠡᠭᠴᠦᠳ ᠤᠨ ᠣᠣᠯ ᠤᠨ ᠪᠠᠶᠢᠭ᠎ᠠ ᠠᠰᠠᠷᠠᠮᠵᠢ ᠶᠢᠨ ᠲᠥᠷᠥ ᠶᠢᠨ ᠪᠣᠳᠤᠯᠭ᠎ᠠ ᠳᠠᠬᠢ ᠨᠦᠬᠦᠪᠦᠷᠢ ᠬᠦᠷᠳᠡᠬᠦ | ᠡᠲᠡᠭᠡᠳ ᠤᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠳ᠋ᠡᠶᠢᠲ᠋ᠠ ᠶᠢ ᠤᠷᠤᠭᠰᠢᠲᠠᠢ ᠵᠠᠯᠭᠠᠭᠤᠯᠬᠤ ᠶᠢ ᠦᠨᠡᠨᠬᠦ | ᠪᠡᠶᠡᠯᠡᠭᠦᠯᠵᠦ ᠪᠠᠶᠢᠭᠠᠳ ᠪᠦᠬᠦ ᠣᠷᠣᠨ ᠤ ᠵᠡᠮᠳᠡᠭᠴᠦᠳ ᠤᠨ ᠠᠰᠠᠷᠠᠮᠵᠢ ᠶᠢᠨ ᠨᠦᠬᠦᠪᠦᠷᠢ ᠶᠢᠨ ᠲᠥᠷᠥ ᠶᠢᠨ | ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠬᠡᠷᠡᠭᠲᠡᠢ᠃ | ︵ᠭᠤᠷᠪᠠ︶ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ | ᠡᠯ᠎ᠡ ᠭᠠᠵᠠᠷ ᠣᠷᠣᠨ ᠨᠢ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠠᠵᠢᠯ ᠢ ᠣᠨ ᠤ | ᠰᠢᠯᠭᠠᠨ ᠬᠢᠨᠠᠬᠤ ᠠᠭᠤᠯᠭ᠎ᠠ ᠳᠠᠭᠠᠨ ᠣᠷᠣᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ | ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠯ᠎ᠡ ᠭᠠᠵᠠᠷ ᠣᠷᠣᠨ ᠨᠢ ᠵᠢᠯ ᠪᠦᠷᠢ ᠶᠢᠨ ᠨᠢᠭᠡᠳᠦᠭᠡᠷ ᠤᠯᠠᠷᠢᠯ ᠳᠤ | ᠵᠣᠬᠢᠰᠲᠠᠢ ᠬᠡᠯᠪᠡᠷᠢ ᠪᠠᠷ ᠳᠠᠮᠵᠢᠨ ᠳᠡᠭᠡᠷ᠎ᠡ ᠵᠢᠯ ᠤᠨ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠪᠡᠯᠡ | ᠮᠦᠩᠭᠦ ᠶᠢ ᠤᠯᠭᠤᠨ ᠬᠡᠷᠡᠭᠯᠡᠭᠰᠡᠨ ᠪᠠᠶᠢᠳᠠᠯ ᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ | ᠬᠦᠯᠢᠶᠡᠬᠦ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ᠂ ᠬᠢᠨᠠᠨ ᠪᠤᠳᠤᠯᠲᠠ᠂ ᠬᠢᠨᠠᠨ ᠪᠠᠶᠢᠴᠠᠭᠠᠬᠤ ᠰᠠᠯᠠᠭ᠎ᠠ | ᠮᠦᠴᠢᠷ ᠨᠢ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠪᠠᠨ ᠴᠢᠩᠭᠠᠳᠬᠠᠵᠤ᠂ ᠰᠢᠬᠠᠨ ᠡᠵᠡᠯᠡᠬᠦ᠂ ᠰᠢᠯᠵᠢᠭᠦᠯᠦᠨ | ᠬᠡᠷᠡᠭᠯᠡᠬᠦ᠂ ᠮᠡᠬᠡᠯᠡᠨ ᠠᠪᠬᠤ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠪᠠᠶᠢᠳᠠᠯ ᠭᠠᠷᠬᠤ ᠠᠴᠠ ᠰᠡᠷᠭᠡᠶᠢᠯᠡᠬᠦ | ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠵᠡᠮᠳᠡᠭᠴᠦᠳ ᠤᠨ ᠬᠤᠯᠪᠣᠭ᠎ᠠ ᠲᠠᠢ ᠬᠠᠮᠲᠤᠪᠠᠷ | ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠠᠵᠢᠯ ᠤᠨ ᠠᠮᠵᠢᠯᠲᠠ ᠪᠦᠳᠦᠮᠵᠢ ᠶᠢ ᠦᠨᠡᠯᠡᠨ ᠵᠢᠱᠢᠬᠦ ᠶᠢ | ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠵᠡᠮᠳᠡᠭᠴᠦᠳ ᠵᠢᠴᠢ ᠪᠤᠰᠤᠳ ᠣᠯᠠᠨ ᠲᠦᠮᠡᠨ ᠤ ᠵᠠᠭᠠᠯᠳᠤᠯᠭ᠎ᠠ | ᠰᠠᠨᠠᠭᠤᠯᠭ᠎ᠠ ᠶᠢ ᠴᠠᠭ ᠲᠣᠬᠠᠢ ᠳᠤᠨᠢ ᠰᠢᠢᠳᠪᠦᠷᠢᠯᠡᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ | ᠦᠨᠡᠨᠬᠦ ᠬᠠᠮᠠᠭᠠᠯᠠᠬᠤ ᠬᠡᠷᠡᠭᠲᠡᠢ᠃ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠠᠵᠢᠯ ᠤᠨ ᠨᠢᠭᠡᠲᠦᠯᠲᠡᠢ | ᠰᠦᠯᠵᠢᠶ᠎ᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠡᠪᠴᠡᠩ ᠢ ᠲᠦᠯᠦᠪᠯᠡᠨ ᠪᠠᠶᠢᠭᠤᠯᠵᠤ᠂ ᠦᠨᠳᠦᠰᠦᠨ | ᠮᠡᠳᠡᠭᠡ ᠵᠠᠩᠭᠢ ᠶᠢ ᠴᠠᠭ ᠲᠣᠬᠠᠢ ᠳᠤᠨᠢ ᠬᠢᠨᠠᠨ ᠬᠡᠮᠵᠢᠬᠦ᠂ ᠬᠠᠷᠢᠴᠠᠭᠤᠯᠬᠤ᠂ ᠬᠤᠷᠢᠶᠠᠩᠭᠤᠶᠢᠯᠠᠨ ᠵᠠᠳᠠᠯᠬᠤ ᠪᠠ | ᠬᠦᠳᠡᠯᠦᠩᠭᠦᠢ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠰᠤᠷᠤᠯᠴᠠᠭᠤᠯᠤᠨ | ᠪᠣᠯᠪᠠᠰᠤᠷᠠᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠵᠤ᠂ ᠵᠡᠮᠳᠡᠭᠴᠦᠳ ᠤᠨ ᠬᠤᠶᠠᠷ ᠵᠦᠢᠯ ᠤᠨ | ᠨᠦᠬᠦᠪᠦᠷᠢ ᠶᠢᠨ ᠳᠦᠷᠢᠮ ᠤᠨ ᠠᠭᠤᠯᠭ᠎ᠠ ᠵᠢᠴᠢ ᠬᠠᠮᠢᠶ᠎ᠠ ᠪᠦᠬᠦᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠡᠵᠡᠮᠳᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠠ ᠶᠢᠨ ᠡᠮᠬᠢ ᠵᠢᠷᠤᠮ ᠲᠠᠢ ᠪᠦᠲᠦᠮᠵᠢᠲᠡᠢ | ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ᠂ ᠵᠡᠮᠳᠡᠭᠴᠦᠳ ᠤᠨ ᠬᠤᠯᠪᠣᠭ᠎ᠠ ᠨᠢ ᠡᠯ᠎ᠡ ᠭᠠᠵᠠᠷ ᠣᠷᠣᠨ ᠤ ᠦᠷᠨᠢᠭᠦᠯᠦᠭᠰᠡᠨ ᠵᠡᠮᠳᠡᠭᠴᠦᠳ ᠤᠨ ᠬᠤᠶᠠᠷ | ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠨᠢᠭᠡᠲᠦᠯᠲᠡᠢ ᠲᠦᠯᠦᠪᠯᠡᠨ | ᠵᠢᠯᠤᠭᠤᠳᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠨᠤᠭᠤᠳ ᠲᠤᠰ ᠭᠠᠵᠠᠷ ᠣᠷᠣᠨ ᠤ ᠲᠥᠷᠥ ᠶᠢᠨ | ᠪᠣᠳᠣᠯᠭ᠎ᠠ ᠤᠬᠠᠭᠤᠯᠬᠤ ᠠᠵᠢᠯ ᠢ ᠪᠤᠲᠠᠲᠠᠢ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠷᠦᠯ ᠤᠨ | ᠵᠠᠭᠤᠴᠢ ᠶᠢ ᠭᠦᠢᠴᠡᠳ ᠠᠰᠢᠭᠯᠠᠨ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠢ ᠤᠬᠠᠭᠤᠯᠵᠤ᠂ | ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠨ᠂ ᠪᠦᠬᠦ ᠨᠡᠶᠢᠭᠡᠮ ᠢ ᠬᠦᠲᠦᠯᠦᠨ | ᠵᠢᠯᠤᠭᠤᠳᠴᠤ ᠪᠠᠶᠢᠭᠠᠳ ᠵᠡᠮᠳᠡᠭᠴᠦᠳ ᠲᠤ ᠨᠡᠩ ᠢᠯᠡᠭᠦᠦ ᠬᠠᠯᠠᠮᠵᠢᠯᠠᠵᠦ᠂ ᠬᠠᠷᠠᠭᠠᠯᠵᠠᠬᠤ ᠬᠡᠷᠡᠭᠲᠡᠢ᠃ ᠡᠯ᠎ᠡ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ ᠶᠠᠪᠤᠳᠠᠯ᠂ | ᠵᠡᠮᠳᠡᠭᠴᠦᠳ ᠤᠨ ᠬᠤᠯᠪᠣᠭ᠎ᠠ ᠶᠢᠨ ᠠᠵᠢᠯᠲᠠᠳ ᠵᠡᠮᠳᠡᠭᠴᠦᠳ ᠤᠨ ᠮᠡᠳᠡᠭᠡ ᠵᠠᠩᠭᠢ ᠣᠯᠬᠤ ᠣᠨᠴᠤᠭᠤᠢ ᠱᠠᠭᠠᠷᠳᠠᠯᠭ᠎ᠠ | ᠪᠣᠯᠣᠨ ᠪᠤᠳᠠᠳᠤ ᠬᠦᠴᠢᠷᠳᠡᠯ ᠢ ᠭᠦᠢᠴᠡᠳ ᠪᠣᠳᠣᠯᠬᠢᠯᠠᠵᠤ᠂ ᠠᠮᠢᠳᠤᠯᠢᠬ ᠪᠦᠬᠡᠳ ᠤᠯᠠᠨ ᠵᠦᠢᠯ ᠤᠨ ᠬᠡᠯᠪᠡᠷᠢ ᠶᠢ | ᠬᠡᠷᠡᠭᠯᠡᠨ ᠤᠬᠠᠭᠤᠯᠵᠦ᠂ ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢᠨ | ᠲᠠᠶᠢᠯᠪᠤᠷᠢᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠬᠢᠨ ᠳᠤ | ᠵᠡᠮᠳᠡᠭᠴᠦᠳ ᠤᠨ ᠬᠤᠶᠠᠷ ᠵᠦᠢᠯ ᠤᠨ ᠨᠦᠬᠦᠪᠦᠷᠢ ᠶᠢᠨ ᠳᠦᠷᠢᠮ ᠤᠨ ᠠᠭᠤᠯᠭ᠎ᠠ ᠶᠢ ᠮᠡᠳᠡᠭᠦᠯᠵᠦ᠂ ᠭᠤᠶᠤᠴᠢᠯᠠᠨ | ᠠᠪᠬᠤ ᠦᠨᠳᠦᠰᠦᠨ ᠳᠡᠰ ᠳᠠᠷᠠᠭᠠᠯᠠᠯ ᠪᠣᠯᠣᠨ ᠱᠠᠭᠠᠷᠳᠠᠯᠭ᠎ᠠ ᠶᠢ ᠣᠶᠢᠯᠠᠭᠠᠭᠤᠯᠤᠨ᠂ ᠵᠡᠮᠳᠡᠭᠴᠦᠳ ᠢ ᠬᠠᠪᠰᠤᠷᠤᠨ | ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠳᠤ ᠳᠦᠭᠦᠮ ᠳᠦᠳᠡ ᠦᠵᠡᠭᠦᠯᠬᠦ ᠬᠡᠷᠡᠭᠲᠡᠢ᠃ | |