︵2011 ᠤᠨ ᠤ 9 ᠳ᠋ᠦᠭᠡᠷ ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠠᠴᠠ ᠪᠠᠳᠤᠯᠠᠪᠠ︶ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ | 31 ᠳ᠋ᠦᠭᠡᠷ ᠳᠤᠭᠠᠳᠤ | 2011 ᠤᠨ ᠤ 9 ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠳᠡᠭᠡᠷ᠎ᠠ ᠵᠠᠰᠠᠪᠤᠷᠢ ᠤᠷᠤᠭᠤᠯᠵᠤ | ᠪᠠᠳᠤᠯᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ | ᠬᠠᠮᠠᠭᠠᠯᠠᠬᠤ ᠳᠦᠷᠢᠮ︾ ᠢ ᠤᠳᠤ ᠨᠠᠶᠢᠳᠠᠯᠡᠪᠠ᠂ 2011 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠤ | ᠬᠡᠷᠡᠭᠵᠢᠭᠦᠯᠦᠨ᠎ᠠ᠃ 1998 ᠤᠨ ᠤ 11 ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠠᠴᠠ ᠪᠠᠳᠤᠯᠠᠭᠰᠡᠨ ︽ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ ᠬᠠᠮᠳᠤ ᠳᠤᠨᠢ ᠬᠦᠴᠦᠨ ᠦᠭᠡᠢ | ᠪᠤᠯᠭᠠᠨ᠎ᠠ᠃ | 2011 ᠤᠨ ᠤ 9 ᠰᠠᠷ᠎ᠠ ᠶᠢᠨ 29 ᠤ ᠡᠳᠦᠷ | | | ᠨᠢᠭᠡᠳᠦᠭᠡᠷ ᠪᠦᠯᠦᠭ ᠶᠡᠷᠦᠩᠭᠡᠢ ᠳᠦᠷᠢᠮ | ᠨᠢᠭᠡᠳᠦᠭᠡᠷ ᠵᠦᠢᠯ ᠦᠨᠳᠦᠰᠦᠨ ᠨᠤᠳᠤᠭ ᠪᠡᠯᠴᠢᠭᠡᠷ ᠲᠤ ᠤᠨᠴᠠᠭᠠᠢ ᠬᠠᠮᠠᠭᠠᠯᠠᠯᠳᠠ ᠬᠢᠵᠤ ᠨᠤᠳᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠠᠵᠤ ᠠᠬᠤᠢ | ᠪᠠ ᠨᠡᠶᠢᠭᠡᠮ ᠤᠨ ᠦᠷᠭᠦᠯᠵᠢᠯᠡᠠ ᠬᠦᠭᠵᠢᠬᠦ ᠶᠢ ᠠᠬᠢᠭᠤᠯᠬᠤ ᠶᠢᠨ ᠲᠦᠯᠦᠭᠡ ︽ᠪᠦᠭᠦᠳᠠ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠦᠯᠢ︾ ᠪᠠ ᠤᠯᠤᠰ ᠤᠨ ᠬᠤᠯᠪᠤᠭᠳᠠᠯ ᠪᠦᠭᠦᠢ ᠬᠠᠦᠯᠢ ᠴᠠᠭᠠᠵᠠ᠂ | ᠳᠦᠷᠢᠮ ᠲᠤᠭᠳᠠᠭᠠᠯ ᠶᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ | ᠤᠶᠠᠯᠳᠤᠭᠤᠯᠤᠨ ᠲᠤᠰ ᠳᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠳᠦᠷᠢᠮ ᠳᠤ ᠶᠠᠷᠢᠵᠤ ᠪᠠᠶᠢᠭ᠎ᠠ ᠦᠨᠳᠦᠰᠦᠨ ᠨᠤᠳᠤᠭ ᠪᠡᠯᠴᠢᠭᠡᠷ ᠭᠡᠳᠡᠭ ᠨᠢ | ᠬᠠᠦᠯᠢ ᠶᠤᠰᠤᠭᠠᠷ ᠤᠨᠴᠠᠭᠠᠢ ᠬᠠᠮᠠᠭᠠᠯᠠᠯᠳᠠ ᠬᠢᠭᠦ ᠪᠠᠷ ᠲᠤᠭᠳᠠᠭᠰᠡᠨ ᠨᠤᠳᠤᠭ ᠪᠡᠯᠴᠢᠭᠡᠷ ᠤᠨ ᠠᠮᠢ ᠠᠬᠤᠢ ᠶᠢᠨ | ᠴᠢᠳᠠᠪᠬᠢ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠤᠬᠢᠷᠠᠬᠤ ᠪᠠᠶᠢᠭᠠᠯᠢ ᠶᠢᠨ ᠨᠤᠳᠤᠭ ᠪᠡᠯᠴᠢᠭᠡᠷ ᠪᠠ | ᠬᠦᠮᠦᠨ ᠤ ᠬᠦᠴᠦ ᠪᠠᠷ ᠳᠠᠷᠢᠭᠰᠠᠨ ᠪᠡᠯᠴᠢᠬᠡᠷ ᠢ ᠵᠢᠭᠠᠨ᠎ᠠ᠃ | ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠷᠢᠶᠠᠨ ᠳᠤ ᠦᠨᠳᠦᠰᠦᠨ | ᠨᠤᠳᠤᠭ ᠪᠡᠯᠴᠢᠭᠡᠷ ᠢ ᠲᠦᠯᠦᠪᠵᠢᠭᠦᠯᠭᠦ᠂ ᠬᠤᠪᠢᠶᠠᠬᠤ᠂ ᠬᠠᠮᠠᠭᠠᠯᠠᠬᠤ᠂ ᠪᠦᠳᠦᠭᠡᠨ ᠪᠠᠶᠢᠭᠤᠯᠬᠤ᠂ ᠠᠰᠢᠭᠯᠠᠬᠤ ᠪᠠ | ᠬᠠᠮᠢᠶᠠᠷᠬᠤ ᠳᠤ ᠲᠤᠰ ᠳᠦᠷᠢᠮ ᠢ ᠬᠡᠷᠡᠭᠯᠡᠨ᠎ᠠ᠃ | ᠳᠦᠷᠪᠡᠳᠦᠭᠡᠷ ᠵᠦᠢᠯ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠳᠤ ᠰᠢᠨᠵᠢᠯᠡᠭᠦ ᠤᠬᠠᠭᠠᠨᠴᠢ ᠪᠠᠷ | ᠲᠦᠯᠦᠪᠵᠢᠭᠦᠯᠵᠤ᠂ ᠬᠠᠮᠭᠠᠯᠠᠬᠤ ᠶᠢ ᠴᠢᠬᠤᠯᠠᠴᠢᠯᠠᠵᠤ᠂ ᠪᠦᠳᠦᠭᠡᠨ ᠪᠠᠶᠢᠭᠤᠯᠤᠯᠳᠠ ᠪᠠᠷ ᠭᠤᠤᠯᠳᠠᠭᠤᠯᠤᠨ᠂ ᠵᠦᠢ | ᠵᠤᠬᠢᠰᠳᠠᠢ ᠠᠰᠢᠭᠯᠠᠵᠤ᠂ ᠴᠢᠩᠬ᠎ᠠ ᠨᠢᠮᠪᠠᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠠᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠦᠭᠵᠢᠯᠳᠠ ᠶᠢᠨ ᠲᠦᠯᠦᠪᠵᠢᠭᠦᠯᠭᠡ ᠳᠡᠭᠡᠨ ᠤᠷᠤᠭᠤᠯᠤᠨ᠂ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ | ᠠᠵᠢᠯ ᠳᠤ ᠬᠡᠷᠡᠭᠰᠡᠬᠦ ᠵᠠᠷᠤᠳᠠᠯ ᠰᠦᠢᠳᠭᠡᠯ ᠢ ᠪᠠᠳᠤᠯᠠᠬᠤ ᠬᠡᠷᠡᠭᠳᠠᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ | ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠵᠤ ᠬᠢᠨᠠᠨ ᠬᠠᠮᠢᠶᠠᠷᠬᠤ ᠠᠵᠢᠯ ᠢ ᠭᠤᠤᠯᠯᠠᠨ | ᠬᠠᠮᠢᠶᠠᠷᠤᠨ᠎ᠠ᠃ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠠᠶᠢᠭᠤᠯᠤᠮᠵᠢ ᠲᠤᠰ ᠵᠠᠰᠠᠭ | ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠤᠳᠠᠳᠠᠢ ᠠᠵᠢᠯ ᠢ | ᠬᠠᠷᠢᠭᠤᠴᠠᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ | ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠠᠯᠭᠠᠬᠤ ᠶᠢ ᠬᠢᠨᠠᠯᠳᠠ ᠲᠠᠯᠪᠢᠨ ᠪᠠᠶᠢᠴᠠᠭᠠᠬᠤ ᠠᠵᠢᠯ ᠢᠶᠠᠨ | ᠴᠢᠩᠭᠠᠳᠬᠠᠬᠤ ᠬᠡᠷᠡᠭᠳᠠᠢ᠃ | ᠲᠤᠯᠤᠳᠤᠭᠠᠷ ᠵᠦᠢᠯ ᠶᠠᠮᠠᠷᠪᠠ ᠨᠢᠭᠡᠴᠠ ᠪᠠ ᠬᠤᠪᠢ ᠬᠦᠮᠦᠨ ᠪᠦᠷ ᠦᠨᠳᠦᠰᠦᠨ ᠨᠤᠳᠤᠭ ᠪᠡᠯᠴᠢᠭᠡᠷ ᠢ | ᠬᠠᠮᠭᠠᠯᠠᠬᠤ ᠡᠭᠦᠷᠭᠡ ᠲᠠᠢ᠂ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠪᠠᠷ ᠨᠡᠶᠢᠭᠡᠮ ᠠᠴᠠ ᠬᠢᠨᠠᠯᠳᠠ | ᠲᠠᠯᠪᠢᠬᠤ ᠳᠤ ᠤᠷᠤᠯᠴᠠᠬᠤ ᠡᠷᠭᠡ ᠲᠠᠢ ᠪᠦᠭᠡᠳ ᠦᠨᠳᠦᠰᠦᠨ ᠨᠤᠳᠤᠭ ᠪᠡᠯᠴᠢᠭᠡᠷ ᠢ ᠡᠪᠳᠡᠭᠰᠡᠨ ᠬᠠᠦᠯᠢ ᠪᠤᠰᠤ | ᠠᠵᠢᠯᠯᠠᠭ᠎ᠠ ᠢ ᠢᠯᠡᠴᠢᠯᠡᠨ ᠵᠠᠭᠠᠯᠳᠤᠬᠤ ᠡᠷᠭᠡ ᠲᠠᠢ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ | ᠪᠡᠯᠡ ᠮᠦᠡᠭᠭᠦᠨ ᠤ ᠨᠦᠬᠦᠪᠦᠷᠢ᠂ ᠮᠡᠷᠭᠡᠵᠢᠯ ᠤᠨ ᠲᠠᠮᠵᠢᠯᠭᠡ ᠵᠡᠷᠭᠡ ᠠᠷᠭ᠎ᠠ ᠪᠠᠷ ᠦᠨᠳᠦᠰᠦᠨ ᠨᠤᠳᠤᠭ ᠪᠡᠯᠴᠢᠭᠡᠷ ᠤᠨ | ᠠᠮᠢ ᠠᠬᠤᠢ ᠶᠢ ᠨᠦᠭᠦᠪᠦᠷᠢᠯᠡᠭᠦ ᠤᠷᠳᠤ ᠬᠤᠭᠤᠴᠠᠭᠠᠨ ᠤ ᠪᠦᠲᠦᠮᠵᠢᠲᠡᠢ ᠲᠤᠭᠳᠠᠴᠠ ᠪᠠ ᠤᠯᠠᠨ ᠠᠷᠭ᠎ᠠ ᠵᠠᠮ ᠢᠶᠠᠷ | ᠦᠨᠳᠦᠰᠦᠨ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢ ᠨᠡᠮᠡᠭᠲᠡᠬᠦᠯᠬᠦ | ᠲᠤᠭᠳᠠᠴᠠ ᠪᠠᠶᠢᠭᠤᠯᠬᠤ ᠬᠡᠷᠡᠭᠳᠠᠢ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠡᠨ ᠨᠢᠭᠡᠴᠠ ᠪᠠ | ᠬᠤᠪᠢ ᠬᠦᠮᠦᠨ ᠢ ᠬᠦᠬᠢᠭᠦᠯᠦᠨ ᠱᠠᠩᠨᠠᠬᠤ ᠬᠡᠷᠡᠭᠳᠠᠢ᠃ | ᠬᠤᠶᠠᠳᠤᠭᠠᠷ ᠪᠦᠯᠦᠭ ᠲᠦᠯᠦᠪᠵᠢᠭᠦᠯᠭᠡ ᠪᠠ ᠬᠤᠪᠢᠶᠠᠷᠢᠯᠠᠨ ᠲᠣᠭᠲᠠᠭᠠᠬᠤ | ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ | ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ | ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠠ ᠳᠡᠭᠡᠷ᠎ᠠ ᠨᠢᠭᠡ ᠱᠠᠳᠤᠨ ᠤ ᠦᠨᠳᠦᠰᠤᠨ | ᠨᠤᠳᠤᠭ ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠶᠢ ᠦᠨᠳᠦᠰᠦᠯᠡᠵᠦ᠂ ᠲᠤᠬᠠᠢ ᠶᠢᠨ ᠭᠠᠵᠠᠷ ᠤᠷᠤᠨ ᠤ ᠪᠠᠨ | ᠪᠤᠳᠠᠳᠠᠢ ᠲᠠᠢ ᠤᠶᠠᠯᠳᠤᠭᠤᠯᠤᠨ᠂ ᠪᠠᠶᠢᠭᠠᠯᠢ ᠶᠢᠨ ᠵᠢᠮ᠎ᠠ ᠶᠤᠰᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ | ᠵᠢᠮ᠎ᠠ ᠶᠤᠰᠤ ᠶᠢ ᠬᠦᠨᠳᠦᠳᠭᠡᠨ᠂ ᠲᠤᠰ ᠵᠠᠰᠠᠭ ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ | ᠬᠠᠮᠭᠠᠯᠠᠬᠤ ᠲᠦᠯᠦᠪᠵᠢᠭᠦᠯᠭᠡ ᠭᠠᠷᠭᠠᠨ᠂ ᠲᠤᠰ ᠱᠠᠳᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ | ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠠ᠃ ᠵᠦᠪᠰᠢᠶᠡᠷᠡᠭᠦᠯᠦᠭᠰᠡᠨ ᠨᠤᠳᠤᠭ ᠪᠡᠯᠴᠢᠭᠡᠷ ᠢ ᠬᠠᠮᠠᠭᠠᠯᠠᠬᠤ | ᠲᠦᠯᠦᠪᠵᠢᠭᠦᠯᠭᠡ ᠨᠢ ᠲᠤᠬᠢᠷᠠᠭᠤᠯᠤᠯᠳᠠ ᠬᠢᠵᠤ ᠵᠠᠰᠠᠪᠤᠷᠢ ᠤᠷᠤᠭᠤᠯᠬᠤ ᠴᠢᠬᠤᠯᠠᠳᠠᠢ ᠪᠤᠯ ᠤᠤᠯ ᠤᠨ ᠬᠢᠨᠠᠨ | ᠵᠦᠪᠰᠢᠶᠡᠷᠡᠭᠰᠡᠨ ᠪᠠᠶᠢᠭᠤᠯᠤᠯᠭ᠎ᠠ ᠨᠢᠭᠡᠴᠠ ᠳᠤ ᠮᠡᠳᠡᠬᠦᠯᠦᠨ ᠵᠦᠪᠰᠢᠶᠡᠷᠡᠭᠦᠯᠬᠦ ᠬᠡᠷᠡᠭᠳᠠᠢ᠃ | ᠠᠷᠪᠠᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ | ᠦᠨᠳᠦᠰᠦᠨ ᠨᠤᠳᠤᠭ ᠪᠡᠯᠴᠢᠭᠡᠷ ᠢ ᠬᠤᠪᠢᠶᠠᠷᠢᠯᠠᠨ ᠲᠤᠭᠳᠠᠭᠠᠬᠤ ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠦᠨᠳᠦᠰᠦᠨ ᠨᠤᠳᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠳᠠᠯᠢ ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤ ᠦᠨᠳᠦᠰᠦᠨ ᠨᠤᠳᠤᠭ ᠪᠡᠯᠴᠢᠭᠡᠷ ᠢ | ᠬᠤᠪᠢᠶᠠᠷᠢᠯᠠᠨ ᠲᠤᠭᠳᠠᠭᠠᠬᠤ ᠪᠤᠳᠠᠳᠠᠢ ᠠᠵᠢᠯ ᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ᠲᠤᠤᠷᠠᠬᠢ ᠨᠤᠳᠤᠭ ᠪᠡᠯᠴᠢᠭᠡᠷ ᠢ ᠦᠨᠳᠦᠰᠦᠨ ᠨᠤᠳᠤᠭ ᠪᠡᠯᠴᠢᠭᠡᠷ ᠲᠤ | ᠤᠷᠤᠭᠤᠯᠬᠤ ᠬᠡᠷᠡᠭᠳᠠᠢ᠄ | ︵ᠨᠢᠬᠡ︶ ᠠᠭᠤᠷ ᠠᠮᠢᠰᠬᠤᠯ ᠢ ᠵᠤᠬᠢᠴᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠤᠰᠤ | ᠰᠢᠷᠤᠢ ᠶᠢ ᠬᠠᠮᠭᠠᠯᠠᠬᠤ᠂ ᠰᠠᠯᠬᠢᠨ ᠢ ᠬᠠᠯᠬᠠᠯᠠᠵᠤ ᠡᠯᠡᠰᠤ ᠶᠢ ᠲᠤᠭᠳᠠᠪᠤᠷᠢᠵᠢᠭᠤᠯᠬᠤ ᠤᠨᠴᠠᠭᠠᠢ ᠠᠮᠢ ᠠᠬᠤᠢ ᠶᠢᠨ | ᠴᠢᠳᠠᠪᠬᠢ ᠲᠠᠢ ᠨᠤᠳᠤᠭ ᠪᠡᠯᠴᠢᠭᠡᠷ ︔ | ︵ᠬᠤᠶᠠᠷ︶ ᠴᠢᠬᠤᠯᠠ ᠪᠡᠯᠴᠢᠭᠡᠷ ︔ | ︵ᠭᠤᠷᠪᠠ︶ ᠬᠠᠳᠤᠯᠠᠩ ︔ | ︵ᠳᠦᠷᠪᠡ︶ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠬᠡᠷᠡᠭᠯᠡᠳᠡᠭ ᠲᠠᠷᠢᠮᠠᠯ ᠪᠡᠯᠴᠢᠭᠡᠷ᠂ ᠡᠪᠡᠰᠦ | ᠪᠤᠷᠳᠤᠭᠠᠨ ᠰᠠᠭᠤᠷᠢᠨ᠂ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠨᠤᠲᠤᠭ ᠪᠠ ᠰᠢᠯᠢᠳᠡᠭᠵᠢᠭᠦᠯᠦᠨ | ᠰᠠᠶᠢᠵᠢᠷᠠᠭᠤᠯᠤᠭᠰᠠᠨ ᠪᠡᠯᠴᠢᠭᠡᠷ᠂ ᠡᠪᠡᠰᠦᠨ ᠦᠷ᠎ᠡ ᠶᠢᠨ ᠰᠠᠭᠤᠷᠢᠨ ︔ | ︵ᠲᠠᠪᠤ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ | ᠠᠮᠢᠳᠠᠨ ᠤᠷᠭᠤᠮᠠᠯ ᠤᠨ ᠤᠷᠤᠰᠢᠨ ᠳᠤᠬᠳᠠᠨᠢᠬᠤ ᠤᠷᠴᠢᠨ ᠪᠤᠯᠳᠠᠭ ᠨᠤᠲᠤᠭ ᠪᠡᠯᠴᠢᠭᠡᠷ ︔ | ︵ᠵᠢᠷᠭᠤᠭ᠎ᠠ︶ ᠨᠤᠲᠤᠭ ᠪᠡᠯᠴᠢᠭᠡᠷ ᠤᠨ ᠰᠤᠳᠤᠯᠭᠠᠨ ᠪᠠ ᠵᠢᠭᠠᠨ ᠰᠤᠷᠭᠠᠯᠳᠠ ᠶᠢᠨ ᠲᠤᠷᠰᠢᠯᠳᠠ ᠶᠢᠨ | ᠰᠠᠭᠤᠷᠢᠨ ︔ | ︵ᠳᠤᠯᠤᠭ᠎ᠠ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠭᠳᠠᠭᠠᠯ ᠢᠶᠠᠷ ᠦᠨᠳᠦᠰᠦᠨ ᠨᠤᠲᠤᠭ | ᠪᠡᠯᠴᠢᠭᠡᠷ ᠲᠤ ᠤᠷᠤᠭᠤᠯᠪᠠᠰᠤ ᠵᠤᠬᠢᠬᠤ ᠪᠤᠰᠤᠳ ᠨᠤᠲᠤᠭ ᠪᠡᠯᠴᠢᠭᠡᠷ᠃ | ᠠᠷᠪᠠᠨ ᠭᠤᠷᠪᠠᠳᠤᠭᠠᠷ ᠵᠦᠢᠯ ᠬᠠᠮᠳᠤ ᠶᠢᠨ ᠦᠮᠴᠢᠯᠡᠯ ᠤᠨ ᠨᠤᠲᠤᠭ ᠪᠡᠯᠴᠢᠭᠡᠷ ᠢ ᠭᠠᠴᠠᠭ᠎ᠠ | ᠲᠤᠰᠬᠤᠨ ᠢᠶᠠᠷ ᠨᠢᠭᠡᠴᠢ ᠪᠤᠯᠭᠠᠨ ᠵᠠᠭᠠᠭᠯᠠᠵᠤ᠂ ᠤᠯᠤᠰ ᠤᠨ ᠦᠮᠴᠢᠯᠡᠯ ᠤᠨ ᠨᠤᠲᠤᠭ ᠪᠡᠯᠴᠢᠭᠡᠷ ᠢ ᠬᠡᠷᠡᠭᠯᠡᠬᠦ | ᠡᠷᠬᠡ ᠪᠠᠷ ᠨᠢᠭᠡᠴᠢ ᠪᠤᠯᠭᠠᠨ ᠵᠠᠭᠠᠭᠯᠠᠨ᠎ᠠ᠃ ᠬᠤᠪᠢᠶᠠᠷᠢᠯᠠᠨ ᠵᠠᠭᠠᠭᠯᠠᠭᠰᠠᠨ ᠦᠨᠳᠦᠰᠦᠨ ᠨᠤᠲᠤᠭ ᠪᠡᠯᠴᠢᠭᠡᠷ ᠢ | ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠳᠠᠩᠰᠠ ᠡᠪᠬᠡᠮᠡᠯ ᠪᠠᠶᠢᠭᠤᠯᠵᠤ᠂ | ᠦᠨᠳᠦᠰᠦᠨ ᠨᠤᠲᠤᠭ ᠪᠡᠯᠴᠢᠭᠡᠷ ᠤᠨ ᠲᠠᠷᠬᠠᠭᠠᠯᠳᠠ ᠶᠢᠨ ᠪᠤᠷᠤ ᠵᠢᠷᠤᠭ ᠢ ᠵᠢᠷᠤᠵᠤ᠂ ᠬᠠᠮᠠᠭᠠᠯᠠᠯᠳᠠ ᠬᠢᠬᠦ ᠲᠡᠮᠳᠡᠭ | ᠲᠠᠯᠪᠢᠵᠤ ᠤᠯᠠᠨ ᠳᠤ ᠵᠠᠷᠯᠠᠬᠤ ᠶᠢᠨ ᠬᠠᠮᠳᠤ ᠳᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ | ᠮᠡᠳᠡᠭᠦᠯᠦᠨ ᠳᠠᠩᠰᠠᠯᠠᠭᠤᠯᠬᠤ ᠬᠡᠷᠡᠭᠳᠠᠢ᠃ | ᠠᠷᠪᠠᠨ ᠳᠦᠷᠪᠡᠳᠦᠭᠡᠷ ᠵᠦᠢᠯ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠵᠠᠭᠠᠭᠯᠠᠬᠤ | ᠮᠡᠷᠭᠡᠵᠢᠯ ᠤᠨ ᠳᠦᠷᠢᠮᠵᠢᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ | ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠭᠳᠠᠭᠠᠨ᠎ᠠ᠃ | ᠭᠤᠷᠪᠠᠳᠤᠭᠠᠷ ᠪᠦᠯᠦᠭ ᠬᠠᠮᠠᠭᠠᠯᠠᠯᠳᠠ ᠪᠠ ᠠᠰᠢᠭᠯᠠᠯᠳᠠ | ᠠᠷᠪᠠᠨ ᠲᠠᠪᠤᠳᠤᠭᠠᠷ ᠵᠦᠢᠯ ᠦᠨᠳᠦᠰᠦᠨ ᠨᠤᠲᠤᠭ ᠪᠡᠯᠴᠢᠭᠡᠷ ᠲᠤ ᠳᠤᠤᠷᠠᠬᠢ ᠠᠵᠢᠯᠯᠠᠭ᠎ᠠ ᠬᠢᠬᠦ ᠶᠢ | ᠴᠠᠭᠠᠵᠠᠯᠠᠨ᠎ᠠ᠄ | ︵ᠨᠢᠭᠡ︶ ᠦᠨᠳᠦᠰᠦᠨ ᠨᠤᠲᠤᠭ ᠪᠡᠯᠴᠢᠭᠡᠷ ᠲᠤ ᠠᠳᠠᠷ ᠬᠠᠭᠠᠯᠪᠤᠷᠢᠯᠠᠬᠤ ︔ | ︵ᠬᠤᠶᠠᠷ︶ ᠦᠨᠳᠦᠰᠦᠨ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠦᠭᠡᠷᠡᠴᠢᠯᠡᠬᠦ ︔ | ︵ᠭᠤᠷᠪᠠ︶ ᠨᠤᠲᠤᠭ ᠪᠡᠯᠴᠢᠭᠡᠷ ᠤᠨ ᠳᠤᠤᠷ ᠬᠦᠷᠢᠶ᠎ᠠ ᠪᠠ ᠬᠦᠮᠦᠨ ᠮᠠᠯ ᠤᠨ ᠤᠰᠤ ᠤᠮᠳᠠ ᠶᠢᠨ | ᠲᠦᠭᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢᠨ ᠲᠤᠨᠤᠭ | ᠲᠦᠬᠦᠭᠡᠷᠦᠮᠵᠢ ᠶᠢ ᠡᠪᠳᠡᠬᠦ ︔ | ︵ᠳᠦᠷᠪᠡ︶ ᠳᠤᠷ᠎ᠠ ᠪᠠᠷ ᠬᠤᠳᠳᠤᠭ ᠦᠷᠦᠮᠲᠡᠵᠦ ᠠᠵᠤ ᠦᠢᠯᠡᠳᠪᠤᠷᠢ ᠳᠤ ᠬᠡᠷᠡᠭᠯᠡᠬᠦ ᠤᠰᠤ ᠳᠠᠳᠠᠬᠤ ︔ | | ︵ᠲᠠᠪᠤ︶ ᠵᠢᠭᠠᠰᠦᠨ ᠴᠦᠬᠦᠷᠦᠮ ᠪᠤᠶᠤ ᠭᠤᠤ ᠰᠤᠪᠠᠭ ᠮᠠᠯᠳᠠᠵᠤ᠂ ᠡᠪᠡᠰᠦᠨ ᠤ ᠬᠦᠷᠦᠰᠦ ᠶᠢ ᠢᠷᠠᠬᠤ᠂ | ᠬᠦᠯᠦᠷ᠎ᠡ ᠮᠠᠯᠳᠠᠬᠤ ᠵᠡᠷᠭᠡ ᠨᠤᠲᠤᠭ ᠪᠡᠯᠴᠢᠭᠡᠷ ᠤᠨ ᠤᠷᠭᠤᠮᠠᠯ ᠪᠦᠷᠬᠦᠴᠡ ᠶᠢ ᠡᠪᠳᠡᠬᠦ ᠠᠵᠢᠯᠯᠠᠭ᠎ᠠ ︔ | ︵ᠵᠢᠷᠭᠤᠭ᠎ᠠ︶ ᠬᠡᠭᠦᠷ ᠤᠩᠭᠤᠨ ᠪᠤᠰᠬᠠᠬᠤ ︔ | ︵ᠳᠤᠯᠤᠭ᠎ᠠ︶ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠳᠦᠷᠢᠮ ᠢ ᠵᠦᠷᠢᠴᠡᠵᠦ᠂ ᠬᠠᠳᠠᠭᠤ | ᠪᠡᠶᠡᠳᠦ᠂ ᠰᠢᠩᠭᠡᠨ ᠪᠡᠶᠡᠳᠦ ᠪᠤᠶᠤ ᠬᠡᠢ ᠪᠡᠶᠡᠳᠦ ᠬᠠᠶᠠᠭᠳᠠᠮᠠᠯ ᠪᠤᠳᠠᠰ᠂ ᠠᠮᠢᠳᠤᠷᠠᠯ ᠤᠨ ᠬᠤᠭ ᠨᠤᠪᠰᠢ ᠬᠠᠶᠠᠬᠤ᠂ | ᠡᠰᠡᠭᠦᠯ᠎ᠡ ᠤᠷᠴᠢᠨ ᠲᠤᠭᠤᠷᠢᠨ ᠤ ᠳᠠᠭᠤ ᠱᠤᠤᠬᠢᠶᠠᠨ ᠤ ᠪᠤᠬᠢᠷᠳᠦᠯ᠂ ᠲᠤᠭᠤᠰᠤ ᠰᠢᠷᠤᠢ ᠶᠢᠨ ᠪᠤᠬᠢᠷᠳᠦᠯ᠂ | ᠰᠠᠴᠤᠷᠠᠭ ᠪᠤᠳᠠᠰ ᠤᠨ ᠪᠤᠬᠢᠷᠳᠦᠯ᠂ ᠴᠠᠬᠢᠯᠭᠠᠨ ᠰᠤᠷᠢᠨᠵᠢᠨ ᠳᠤᠯᠬᠢᠶᠠᠨ ᠤ ᠪᠤᠬᠢᠷᠳᠦᠯ ᠡᠭᠦᠰᠭᠡᠬᠦ ᠠᠵᠢᠯᠯᠠᠭ᠎ᠠ ︔ | ︵ᠨᠠᠢᠮᠠ︶ ᠦᠨᠳᠦᠰᠦᠨ ᠨᠤᠲᠤᠭ ᠪᠡᠯᠴᠢᠭᠡᠷ ᠢ ᠡᠪᠳᠡᠬᠦ ᠪᠤᠰᠤᠳ ᠡᠯ᠎ᠡ ᠵᠦᠢᠯ ᠤᠨ ᠠᠵᠢᠯᠯᠠᠭ᠎ᠠ᠃ | ᠠᠷᠪᠠᠨ ᠵᠢᠷᠭᠤᠳᠤᠭᠠᠷ ᠵᠦᠢᠯ ᠠᠶᠤᠯ ᠭᠠᠮᠰᠢᠭ ᠠᠴᠠ ᠠᠪᠤᠷᠠᠬᠤ ᠪᠤᠶᠤ ᠮᠠᠯᠴᠢᠳ ᠤᠳᠤᠷᠯᠠᠨ ᠨᠡᠭᠦᠬᠦ ᠳᠤ | ᠬᠡᠷᠡᠭᠯᠡᠬᠦ ᠮᠠᠰᠢᠨ ᠲᠡᠷᠭᠡ ᠠᠴᠠ ᠭᠠᠳᠠᠨ᠎ᠠ ᠡᠯ᠎ᠡ ᠵᠦᠢᠯ ᠤᠨ ᠮᠠᠰᠢᠨ ᠲᠡᠷᠭᠡ ᠵᠠᠮ ᠠᠴᠠ ᠭᠠᠷᠴᠤ ᠦᠨᠳᠦᠰᠦᠨ ᠨᠤᠲᠤᠭ | ᠪᠡᠯᠴᠢᠭᠡᠷ ᠲᠤ ᠳᠤᠷ᠎ᠠ ᠪᠠᠷ ᠳᠠᠪᠬᠢᠵᠤ ᠨᠤᠲᠤᠭ ᠪᠡᠯᠴᠢᠭᠡᠷ ᠤᠨ ᠤᠷᠭᠤᠮᠠᠯ ᠪᠦᠷᠬᠦᠴᠡ ᠶᠢ ᠡᠪᠳᠡᠬᠦ ᠶᠢ ᠴᠠᠭᠠᠵᠠᠯᠠᠨ᠎ᠠ | ︔ ᠭᠠᠵᠠᠷ ᠰᠢᠨᠵᠢᠯᠡᠭᠡᠨ ᠤ ᠬᠠᠶᠢᠯᠳᠠ ᠬᠢᠬᠦ ᠪᠤᠶᠤ ᠰᠢᠨᠵᠢᠯᠡᠬᠦ ᠤᠬᠠᠭᠠᠨ ᠤ ᠪᠠᠶᠢᠴᠠᠭᠠᠯᠳᠠ ᠬᠢᠬᠦ ᠵᠡᠷᠭᠡ | ᠠᠵᠢᠯᠯᠠᠭ᠎ᠠ ᠠᠴᠠ ᠪᠤᠯᠵᠤ ᠵᠠᠮ ᠠᠴᠠ ᠭᠠᠷᠴᠤ ᠮᠠᠰᠢᠨ ᠲᠡᠷᠭᠡ ᠪᠠᠷ ᠦᠨᠳᠦᠰᠦᠨ ᠨᠤᠲᠤᠭ ᠪᠡᠯᠴᠢᠭᠡᠷ ᠢᠶᠠᠷ ᠶᠠᠪᠤᠬᠤ | ᠴᠢᠬᠤᠯᠠ ᠲᠠᠢ ᠪᠤᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠶᠠᠪᠤᠵᠤ ᠪᠠᠭᠤᠬᠤ ᠤᠷᠤᠨ ᠪᠠ ᠶᠠᠪᠤᠵᠤ ᠪᠠᠭᠤᠬᠤ ᠱᠤᠭᠤᠮ ᠤᠨ | ᠲᠦᠰᠦᠯ ᠢᠶᠠᠨ ᠮᠡᠳᠡᠭᠳᠡᠵᠦ᠂ ᠵᠦᠪᠰᠢᠶᠡᠷᠡᠯ ᠤᠯᠪᠠᠯ ᠰᠠᠢᠢ ᠶᠠᠪᠤᠵᠤ ᠪᠤᠯᠤᠨ᠎ᠠ᠃ | ᠠᠷᠪᠠᠨ ᠳᠤᠯᠤᠳᠤᠭᠠᠷ ᠵᠦᠢᠯ ᠦᠨᠳᠦᠰᠦᠨ ᠨᠤᠲᠤᠭ ᠪᠡᠯᠴᠢᠭᠡᠷ ᠲᠤ ᠡᠵᠡᠩᠨᠡᠯᠳᠡ ᠶᠢᠨ ᠴᠢᠨᠠᠷᠳᠠᠢ | ᠵᠤᠭᠠᠴᠠᠯ ᠤᠨ ᠠᠵᠢᠯᠯᠠᠭ᠎ᠠ ᠡᠷᠬᠢᠯᠡᠬᠦ ᠳᠤ᠂ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ | ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ ᠪᠦᠭᠡᠳ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠥᠭᠰᠡᠡ ᠤ ᠳᠠᠷᠠᠭ᠎ᠠ ᠬᠤᠯᠪᠤᠭᠳᠠᠯ ᠪᠦᠬᠦᠢ ᠭᠠᠷᠳᠠᠮ ᠢ ᠭᠦᠢᠴᠡᠳᠭᠡᠵᠦ ᠪᠤᠯᠤᠨ᠎ᠠ᠃ ᠬᠤᠰᠢᠭᠤ | ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠤᠭᠠᠴᠠᠯ ᠤᠨ ᠠᠵᠢᠯᠯᠠᠭ᠎ᠠ ᠡᠷᠬᠢᠯᠡᠭᠰᠡᠳ ᠤᠨ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠬᠰᠠᠠ ᠪᠠᠶᠢᠳᠠᠯ ᠢ ᠦᠷᠭᠦᠯᠵᠢ ᠬᠢᠨᠠᠵᠤ ᠪᠠᠶᠢᠴᠠᠭᠠᠬᠤ ᠬᠡᠷᠡᠭᠳᠠᠢ᠃ | | ᠠᠷᠪᠠᠨ ᠨᠠᠢᠮᠠᠳᠤᠭᠠᠷ ᠵᠦᠢᠯ ᠠᠭᠤᠷᠬᠠᠢ ᠪᠤᠯᠠᠬᠳᠠᠴᠠ ᠮᠠᠯᠳᠠᠬᠤ ᠪᠤᠶᠤ ᠪᠠᠷᠢᠯᠭ᠎ᠠ ᠪᠠᠶᠢᠭᠤᠯᠬᠤ ᠳᠤ | ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠴᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠ ᠲᠠᠢ | ᠦᠶᠡᠰ ᠲᠤ᠂ ᠡᠷᠬᠡᠪᠰᠢ ᠦᠪᠡᠷᠳᠡᠭᠡᠨ ᠵᠠᠰᠠᠬᠤ ᠤᠷᠤᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠡᠨ ᠵᠦᠪᠰᠢᠶᠡᠷᠡᠬᠦᠯᠥᠭᠰᠡᠡ ᠤ | ᠳᠠᠷᠠᠭ᠎ᠠ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ ᠪᠠ ᠵᠠᠰᠠᠭ ᠵᠠᠬᠢᠷᠭᠠᠨ ᠤ ᠳᠦᠷᠢᠮ ᠳᠤᠭᠳᠠᠭᠠᠯ ᠢ | ᠦᠨᠳᠦᠰᠦᠯᠡᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠬᠢᠨᠠᠨ ᠵᠦᠪᠰᠢᠶᠡᠷᠡᠬᠦᠯᠬᠦ ᠭᠠᠷ | ᠭᠦᠢᠴᠡᠳᠭᠡᠯ ᠬᠢᠯᠭᠡᠨ᠎ᠠ᠃ ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ ᠪᠤᠶᠤ | ᠬᠡᠷᠡᠭᠯᠡᠭᠰᠡᠨ ᠪᠠᠶᠢᠳᠠᠯ ᠢ ᠬᠢᠨᠠᠵᠤ ᠪᠠᠶᠢᠴᠠᠭᠠᠬᠤ ᠠᠵᠢᠯ ᠢ ᠦᠪᠡᠷᠳᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠢ | ᠬᠢᠨᠠᠵᠤ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠵᠤᠬᠢᠶᠠᠨ ᠪᠠᠶᠢᠭᠤᠯᠵᠤ ᠬᠢᠨ᠎ᠡ᠃ | ᠠᠷᠪᠠᠨ ᠶᠢᠰᠤᠳᠦᠬᠡᠷ ᠵᠦᠢᠯ ᠦᠨᠳᠤᠰᠤᠨ ᠨᠤᠳᠤᠭ ᠪᠡᠯᠴᠢᠬᠡᠷ ᠲᠡᠬᠡᠷ᠎ᠠ ᠬᠠᠶᠢᠨ ᠰᠢᠨᠵᠢᠯᠡᠬᠡᠨ ᠬᠢᠬᠦ᠂ | ᠬᠤᠳᠳᠤᠭ ᠦᠷᠦᠮᠳᠡᠬᠦ᠂ ᠭᠠᠵᠠᠷ ᠲᠡᠬᠡᠷᠡᠬᠢ ᠪᠤᠶᠤ ᠭᠠᠵᠠᠷ ᠲᠤᠤᠷᠠᠬᠢ ᠪᠠᠷᠢᠯᠭ᠎ᠠ ᠪᠠᠷᠢᠬᠤ᠂ ᠰᠢᠷᠤᠢ ᠪᠠ ᠬᠠᠶᠢᠷ | ᠴᠢᠯᠠᠭᠤ ᠠᠪᠬᠤ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ ᠳᠡᠭᠡᠨ ᠦᠨᠳᠤᠰᠤᠨ ᠨᠤᠳᠤᠭ ᠪᠡᠯᠴᠢᠬᠡᠷ ᠢ ᠲᠦᠷ | ᠡᠵᠡᠯᠡᠭᠰᠡᠨ ᠲᠠᠯᠠᠪᠠᠢ ᠨᠢ 2 ᠾᠧᠺᠲ᠋ᠠᠷ ᠲᠤ ᠬᠦᠷᠬᠦ ᠦᠬᠡᠢ ᠪᠤᠯ ᠬᠤᠰᠢᠭᠤ ᠰᠢᠶᠠᠨ ᠤ ᠱᠠᠳᠤ ᠶᠢᠨ ᠠᠷᠠᠳ ᠤᠨ | ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠢᠶᠠᠷ ᠬᠢᠨᠡᠨ ᠵᠦᠪᠰᠢᠶᠡᠷᠡᠬᠦᠯᠦᠨ᠎ᠠ ︔ 2 ᠾᠧᠺᠲ᠋ᠠᠷ ᠠᠴᠠ ᠲᠡᠬᠡᠭᠰᠢ 30 ᠾᠧᠺᠲ᠋ᠠᠷ ᠠᠴᠠ ᠲᠤᠷᠤᠭᠰᠢ ᠪᠤᠯ | ᠠᠶᠢᠮᠠᠭ ᠤᠨ ᠵᠠᠬᠢᠷᠭ᠎ᠠ ᠪᠤᠶᠤ ᠬᠤᠳᠠ ᠶᠢᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠠ ︔ 30 ᠾᠧᠺᠲ᠋ᠠᠷ ᠢ ᠲᠠᠪᠠᠪᠠᠯ | ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠠ᠃ ᠦᠨᠳᠤᠰᠤᠨ ᠨᠤᠳᠤᠭ ᠪᠡᠯᠴᠢᠬᠡᠷ ᠢ | ᠲᠦᠷ ᠡᠵᠡᠯᠡᠬᠦ ᠬᠤᠭᠤᠴᠠᠭ᠎ᠠ ᠨᠢ 2 ᠵᠢᠯ ᠠᠴᠠ ᠲᠠᠪᠠᠵᠤ ᠪᠤᠯᠬᠤ ᠦᠬᠡᠢ ᠮᠦᠷᠳᠡᠬᠡᠨ ᠲᠦᠷ ᠡᠵᠡᠯᠡᠭᠰᠡᠨ ᠦᠨᠳᠤᠰᠤᠨ | ᠨᠤᠳᠤᠭ ᠪᠡᠯᠴᠢᠬᠡᠷ ᠲᠠᠬᠡᠷ᠎ᠠ ᠪᠠᠶᠢᠩᠭᠤ ᠶᠢᠨ ᠴᠢᠨᠠᠷᠳᠠᠢ ᠪᠠᠷᠢᠯᠭ᠎ᠠ ᠪᠠᠷᠢᠵᠤ ᠪᠤᠯᠬᠤ ᠦᠬᠡᠢ᠃ | ᠬᠤᠷᠢᠳᠤᠭᠠᠷ ᠵᠦᠢᠯ ᠵᠦᠪᠰᠢᠶᠡᠷᠡᠯ ᠢᠶᠠᠷ ᠲᠠᠮᠵᠢᠨ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ | ᠲᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠡᠭᠡᠨ ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ | ᠪᠠ ᠲᠠᠭᠠᠯᠳᠠ ᠪᠤᠳᠠᠰ ᠤᠨ ᠨᠦᠬᠦᠪᠤᠷᠢ ᠦᠭᠬᠦ ᠬᠡᠷᠡᠭᠳᠠᠢ᠃ ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ | ᠨᠦᠬᠦᠪᠤᠷᠢ ᠶᠢᠨ ᠪᠠᠷᠢᠮᠵᠢᠶ᠎ᠠ ᠶᠢ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠢᠮ ᠢ | ᠦᠨᠳᠤᠰᠤᠯᠡᠨ ᠬᠡᠷᠡᠭᠵᠢᠬᠦᠯᠵᠤ᠂ ᠲᠠᠭᠠᠯᠳᠠ ᠪᠤᠳᠠᠰ ᠤᠨ ᠨᠦᠬᠦᠪᠤᠷᠢ ᠶᠢ ᠪᠤᠳᠠᠳᠠᠢ ᠬᠤᠬᠢᠷᠠᠯ ᠳᠤ ᠤᠴᠠᠷᠠᠭᠰᠠᠨ | ᠪᠠᠶᠢᠳᠠᠯ ᠢ ᠦᠨᠳᠤᠰᠤᠯᠡᠨ ᠨᠦᠬᠦᠪᠤᠷᠢᠯᠡᠨ᠎ᠠ᠃ | ᠬᠤᠷᠢᠨ ᠨᠢᠬᠡᠳᠤᠬᠡᠷ ᠵᠦᠢᠯ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ | ᠪᠠ ᠬᠡᠷᠡᠭᠯᠡᠬᠦ ᠪᠤᠶᠤ ᠡᠰᠡᠬᠦᠯ᠎ᠠ ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠨ ᠬᠡᠷᠡᠭᠯᠡᠭᠰᠡᠨ ᠤ ᠲᠠᠷᠠᠭ᠎ᠠ ᠨᠤᠳᠤᠭ | ᠪᠡᠯᠴᠢᠬᠡᠷ ᠢ ᠰᠡᠷᠬᠦᠬᠡᠬᠦ ᠡᠬᠦᠷᠬᠡ ᠪᠠᠨ ᠪᠡᠶᠡᠯᠡᠬᠦᠯᠦᠭᠰᠡᠨ ᠦᠬᠡᠢ ᠪᠤᠯ ᠬᠠᠤᠯᠢ ᠶᠤᠰᠤᠭᠠᠷ ᠨᠤᠳᠤᠭ ᠪᠡᠯᠴᠢᠬᠡᠷ ᠤᠨ | ᠤᠷᠭᠤᠮᠠᠯ ᠤᠨ ᠪᠦᠷᠬᠦᠴᠡ ᠶᠢ ᠰᠡᠷᠬᠦᠬᠡᠬᠦ ᠰᠦᠢᠳᠬᠡᠯ ᠲᠤᠰᠢᠶᠠᠬᠤ ᠶᠢᠨ ᠬᠠᠮᠳᠤ ᠬᠠᠷᠠᠭᠠᠯᠵᠠᠭᠰᠠᠨ ᠤᠷᠢᠳᠴᠢᠯᠠᠨ | ᠰᠡᠷᠬᠡᠶᠢᠯᠡᠬᠦ ᠠᠷᠭ᠎ᠠ ᠬᠡᠮᠵᠢᠶ᠎ᠠ ᠠᠪᠴᠦ ᠪᠠᠶᠢᠭᠠᠳ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ | ᠰᠡᠷᠬᠦᠬᠡᠬᠦ ᠶᠢ ᠪᠠᠳᠤᠯᠠᠬᠤ ᠬᠡᠷᠡᠭᠳᠠᠢ᠃ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠲᠤᠰᠬᠠᠢ | ᠰᠦᠢᠳᠬᠡᠯ ᠢ ᠲᠤᠰᠬᠠᠢ ᠬᠡᠷᠡᠭᠯᠡᠵᠤ᠂ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠲᠤᠭᠳᠠᠭᠠᠯ ᠶᠤᠰᠤᠭᠠᠷ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠳᠤ | ᠬᠡᠷᠡᠭᠯᠡᠵᠤ᠂ ᠠᠯᠢᠪᠠ ᠪᠠᠶᠢᠭᠤᠯᠤᠯᠭ᠎ᠠ ᠨᠢᠬᠡᠴᠡ ᠪᠠ ᠬᠤᠪᠢ ᠬᠦᠮᠦᠨ ᠦᠯᠡᠳᠡᠬᠡᠨ ᠠᠪᠬᠤ ᠪᠤᠶᠤ ᠨᠡᠬᠦᠯᠬᠡᠨ ᠬᠡᠷᠡᠭᠯᠡᠵᠤ | ᠪᠤᠯᠬᠤ ᠦᠬᠡᠢ᠃ | ᠬᠤᠷᠢᠨ ᠬᠤᠶᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠠᠴᠠ ᠬᠠᠤᠯᠢ ᠶᠤᠰᠤᠭᠠᠷ ᠮᠠᠯ ᠪᠡᠯᠴᠢᠬᠡᠷ ᠤᠨ | ᠲᠠᠩᠴᠡᠬᠦᠷᠢ ᠶᠢᠨ ᠲᠦᠷᠢᠮ ᠪᠠ ᠪᠡᠯᠴᠢᠬᠡᠷᠯᠡᠬᠦᠯᠬᠦ ᠶᠢ ᠵᠤᠭᠰᠤᠭᠠᠬᠤ᠂ ᠪᠡᠯᠴᠢᠬᠡᠷ ᠢ ᠰᠡᠷᠬᠦᠬᠡᠬᠦ᠂ ᠪᠡᠯᠴᠢᠬᠡᠷ ᠢᠶᠠᠨ | ᠬᠡᠰᠡᠭᠯᠡᠨ ᠰᠡᠯᠬᠦᠨ ᠮᠠᠯᠵᠢᠬᠤ ᠲᠦᠷᠢᠮ ᠢ ᠬᠡᠷᠡᠭᠵᠢᠬᠦᠯᠬᠦ ᠶᠢᠨ ᠬᠠᠮᠳᠤ ᠤᠯᠤᠰ ᠪᠠ ᠦᠪᠡᠷᠳᠡᠬᠡᠨ ᠵᠠᠰᠠᠬᠤ ᠤᠷᠤᠨ ᠤ | ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠦᠷᠢᠮ ᠢ ᠨᠠᠶᠢᠳᠠᠪᠤᠷᠵᠢᠭᠤᠯᠤᠭᠰᠠᠨ ᠮᠠᠯᠴᠢᠨ ᠲᠠᠷᠢᠶᠠᠴᠢᠨ ᠳᠤ ᠱᠠᠩᠨᠠᠯ | ᠨᠦᠬᠦᠪᠤᠷᠢ ᠤᠯᠭᠤᠬᠤ ᠬᠡᠷᠡᠭᠳᠠᠢ᠃ | ᠬᠤᠷᠢᠨ ᠭᠤᠷᠪᠠᠳᠤᠭᠠᠷ ᠵᠦᠢᠯ ᠲᠠᠵᠢᠬᠡᠯ ᠡᠪᠡᠰᠤ ᠪᠤᠷᠳᠤᠭ᠎ᠠ ᠶᠢᠨ ᠰᠠᠭᠤᠷᠢᠨ ᠪᠠᠶᠢᠭᠤᠯᠬᠤ ᠳᠠᠭᠠᠨ | ᠦᠨᠳᠤᠰᠤᠨ ᠨᠤᠳᠤᠭ ᠪᠡᠯᠴᠢᠬᠡᠷ ᠢ ᠬᠠᠮᠠᠭᠠᠯᠠᠬᠤ ᠲᠦᠯᠦᠪᠵᠢᠬᠦᠯᠬᠡ ᠳᠤ ᠵᠤᠬᠢᠴᠠᠭᠰᠠᠨ ᠪᠠᠶᠢᠬᠤ ᠬᠡᠷᠡᠭᠳᠠᠢ᠃ ᠲᠠᠷᠢᠬᠤ | ᠲᠠᠵᠢᠬᠡᠯ ᠡᠪᠡᠰᠤ ᠪᠤᠷᠳᠤᠭ᠎ᠠ ᠶᠢᠨ ᠲᠦᠷᠦᠯ ᠢ ᠬᠤᠰᠢᠭᠤ ᠰᠢᠶᠠᠨ ᠤ ᠱᠠᠳᠤ ᠶᠢᠨ ᠠᠷᠠᠳ ᠤᠨ ᠵᠠᠰᠠᠭ ᠤᠨ ᠤᠷᠳᠤᠨ ᠤ | ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠤᠳᠠᠳᠠᠢ ᠲᠤᠭᠳᠠᠭᠠᠯ | ᠭᠠᠷᠭᠠᠬᠤ ᠬᠡᠷᠡᠭᠳᠠᠢ᠃ | ᠬᠤᠷᠢᠨ ᠲᠦᠷᠪᠡᠳᠤᠬᠡᠷ ᠵᠦᠢᠯ ᠦᠨᠳᠤᠰᠤᠨ ᠨᠤᠳᠤᠭ ᠪᠡᠯᠴᠢᠬᠡᠷ ᠲᠡᠬᠡᠷ᠎ᠠ ᠠᠴᠠ ᠤᠯᠤᠰ ᠤᠨ ᠬᠤᠶᠠᠳᠤᠭᠠᠷ | ᠲᠡᠰ ᠤᠨ ᠬᠠᠮᠠᠭᠠᠯᠠᠯᠳᠠ ᠲᠠᠢ ᠪᠠ ᠦᠪᠡᠷᠳᠡᠬᠡᠨ ᠵᠠᠰᠠᠬᠤ ᠤᠷᠤᠨ ᠠᠴᠠ ᠲᠤᠭᠳᠠᠭᠠᠭᠰᠠᠨ ᠭᠤᠤᠯᠳᠠᠯᠭ᠎ᠠ ᠲᠠᠢ ᠪᠠᠷ | ᠬᠠᠮᠠᠭᠠᠯᠠᠬᠤ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠳᠠᠭᠠᠨ ᠬᠠᠤᠯᠢ | ᠶᠤᠰᠤᠭᠠᠷ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠢ ᠤᠯᠬᠤ | ᠬᠡᠷᠡᠭᠳᠠᠢ᠃ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ | ᠦᠨᠡᠮᠯᠡᠯ ᠢ ᠤᠯᠤᠭᠰᠠᠨ ᠪᠤᠯ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ ᠦᠨᠡᠮᠯᠡᠯ ᠳᠤ ᠲᠤᠭᠳᠠᠭᠠᠭᠰᠠᠨ ᠨᠤᠳᠤᠭ | ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠤᠨ ᠲᠦᠷᠦᠯ ᠬᠡᠯᠪᠡᠷᠢ᠂ ᠤᠷᠤᠨ ᠲᠤᠭᠤᠷᠢᠭ᠂ ᠴᠠᠭ ᠬᠤᠭᠤᠴᠠᠭ᠎ᠠ᠂ ᠲᠤᠭ᠎ᠠ | ᠬᠡᠮᠵᠢᠶ᠎ᠠ ᠪᠠ ᠠᠷᠭ᠎ᠠ ᠬᠡᠯᠪᠡᠷᠢ ᠶᠤᠰᠤᠭᠠᠷ ᠴᠤᠭᠯᠠᠭᠤᠯᠵᠤ ᠬᠤᠷᠢᠶᠠᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ᠂ | ᠬᠡᠷᠡᠭᠯᠡᠬᠦ ᠪᠤᠶᠤ ᠲᠦᠷ ᠡᠵᠡᠯᠡᠪᠡᠯ ᠬᠠᠮᠢᠶ᠎ᠠ ᠪᠦᠬᠦᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠳᠠᠭᠠᠯ ᠢ ᠵᠢᠷᠤᠮᠯᠡᠵᠤ᠂ ᠪᠦᠳᠦᠬᠡᠨ | ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠤᠨ ᠨᠦᠯᠦᠬᠡᠯᠡᠯ ᠤᠨ ᠮᠡᠳᠡᠬᠦᠯᠦᠯᠳᠡ ᠶᠢᠨ | ᠪᠢᠴᠢᠭ ᠲᠡᠭᠡᠨ ᠦᠨᠳᠤᠰᠤᠨ ᠨᠤᠳᠤᠭ ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠲᠠᠢ ᠪᠠᠶᠢᠬᠤ | ᠬᠡᠷᠡᠭᠳᠠᠢ᠃ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠵᠦᠪᠰᠢᠶᠡᠷᠡᠭᠳᠡᠭᠰᠡᠨ ᠬᠤᠶᠢᠨ᠎ᠠ ᠦᠨᠳᠤᠰᠤᠨ ᠨᠤᠳᠤᠭ | ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠢ ᠪᠦᠳᠦᠬᠡᠨ ᠪᠠᠶᠢᠭᠤᠯᠤᠯᠳᠠ ᠶᠢᠨ ᠲᠦᠷᠦᠯ | ᠵᠦᠢᠯ ᠯᠤᠭ᠎ᠠ ᠵᠡᠷᠬᠡᠪᠡᠷ ᠬᠡᠷᠡᠭᠵᠢᠬᠦᠯᠬᠦ ᠬᠡᠷᠡᠭᠳᠠᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠤ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ | ᠱᠠᠳᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠠᠢ ᠬᠠᠮᠵᠢᠯᠴᠠᠨ ᠦᠡᠳᠤᠰᠤᠨ ᠨᠤᠳᠤᠬ ᠪᠠᠯᠴᠢᠬᠡᠷ ᠤᠨ ᠤᠷᠴᠢᠨ ᠳᠤᠭᠤᠷᠢᠨ ᠤ ᠶᠠᠰᠤ ᠴᠢᠨᠠᠷ ᠪᠠ | ᠪᠤᠬᠢᠷᠳᠤᠯ ᠤᠨ ᠪᠠᠶᠢᠳᠠᠯ ᠳᠤ ᠮᠦᠷᠳᠡᠠ ᠬᠢᠨᠠᠨ ᠬᠡᠮᠵᠢᠯᠳᠡ ᠬᠢᠵᠤ᠂ ᠳᠤᠬᠳᠠᠬᠰᠠᠨ ᠬᠤᠭᠤᠴᠠᠭᠠᠨ ᠳᠤ ᠳᠤᠰ | ᠱᠠᠳᠤᠨ ᠤ ᠠᠷᠠᠳ ᠤᠨ ᠵᠠᠰᠠᠬ ᠤᠨ ᠤᠷᠳᠤᠨ ᠳᠤ ᠤᠷᠴᠢᠨ ᠳᠤᠭᠤᠷᠢᠨ ᠤ ᠶᠠᠰᠤ ᠴᠢᠨᠠᠷ ᠪᠤᠯᠤᠨ ᠬᠤᠪᠢᠷᠠᠯᠳᠠ ᠶᠢᠨ | ᠪᠠᠶᠢᠳᠠᠯ ᠢ ᠮᠡᠳᠡᠭᠦᠯᠬᠦ ᠬᠡᠷᠡᠭᠳᠠᠢ᠃ | ᠬᠤᠷᠢᠨ ᠳᠤᠯᠤᠳᠤᠭᠠᠷ ᠵᠦᠢᠯ ᠠᠳᠡᠯ ᠡᠭᠦᠰᠦᠭᠰᠡᠨ ᠪᠤᠶᠤ ᠭᠡᠨᠡᠳᠳᠡ ᠶᠢᠨ ᠴᠢᠨᠠᠷ ᠲᠠᠢ ᠬᠡᠷᠡᠭ ᠶᠠᠪᠤᠳᠠᠯ ᠠᠴᠠ | ᠪᠤᠯᠵᠤ᠂ ᠳᠠᠯ᠎ᠠ ᠨᠤᠳᠤᠬ ᠤᠨ ᠠᠮᠢ ᠠᠬᠤᠢ ᠶᠢ ᠡᠪᠳᠡᠭᠰᠡᠨ ᠪᠤᠶᠤ ᠤᠷᠴᠢᠨ ᠳᠤᠭᠤᠷᠢᠨ ᠢ ᠪᠤᠬᠢᠷᠳᠤᠭᠤᠯᠤᠬᠰᠠᠨ ᠪᠤᠶᠤ | ᠪᠤᠬᠢᠷᠳᠤᠭᠤᠯᠬᠤ ᠪᠤᠯᠤᠮᠵᠢ ᠲᠠᠢ ᠬᠡᠷᠡᠭ ᠭᠠᠷᠤᠬᠰᠠᠨ ᠪᠤᠯ᠂ ᠳᠤᠬᠠᠢ ᠶᠢᠨ ᠬᠦᠮᠤᠨ ᠡᠷᠬᠡᠪᠰᠢ ᠴᠠᠬ ᠳᠤᠬᠠᠢ ᠳᠤᠨᠢ | ᠠᠷᠭ᠎ᠠ ᠬᠡᠮᠵᠢᠶ᠎ᠠ ᠠᠪᠴᠤ᠂ ᠪᠠᠰᠠ ᠰᠠᠭᠤᠭ᠎ᠠ ᠭᠠᠵᠠᠷ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ᠂ ᠪᠠᠶᠢᠴᠠᠭᠠᠨ ᠰᠢᠢᠳᠪᠤᠷᠢᠯᠡᠬᠦ ᠶᠢ ᠬᠦᠯᠢᠶᠡᠨ ᠠᠪᠬᠤ ᠬᠡᠷᠡᠭᠳᠠᠢ᠃ | ᠳᠦᠷᠪᠡᠳᠤᠭᠡᠷ ᠪᠦᠯᠦᠭ ᠬᠢᠨᠠᠯᠳᠠ ᠳᠠᠯᠪᠢᠵᠤ ᠬᠠᠮᠢᠶᠠᠷᠬᠤ | ᠬᠤᠷᠢᠨ ᠨᠠᠢᠮᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠦᠡᠳᠤᠰᠤᠨ ᠨᠤᠳᠤᠬ ᠪᠠᠯᠴᠢᠬᠡᠷ ᠤᠨ | ᠬᠠᠮᠠᠭᠠᠯᠠᠯᠳᠠ ᠶᠢᠨ ᠬᠠᠮᠢᠶᠠᠷᠤᠯᠳᠠ ᠶᠢᠨ ᠬᠠᠷᠠᠯᠳᠠᠳᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠤᠨ᠎ᠠ᠃ ᠬᠤᠰᠢᠭᠤ | ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠬᠠᠮᠠᠭᠠᠯᠠᠬᠤ | ᠬᠠᠮᠢᠶᠠᠷᠤᠯᠳᠠ ᠶᠢᠨ ᠠᠵᠢᠯ ᠢ ᠤᠨ ᠤ ᠬᠠᠷᠠᠯᠳᠠᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠳᠠᠭᠠᠨ ᠤᠷᠤᠭᠤᠯᠵᠤ᠂ | ᠪᠠᠰᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠲᠠᠢ ᠦᠡᠳᠤᠰᠤᠨ ᠨᠤᠳᠤᠬ ᠪᠠᠯᠴᠢᠬᠡᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠬᠡᠷᠡᠭᠯᠡᠬᠦ ᠡᠷᠬᠡ ᠶᠢᠨ ᠨᠢᠭᠡᠴᠡ ᠲᠠᠢ ᠦᠡᠳᠤᠰᠤᠨ ᠨᠤᠳᠤᠬ | ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠦᠮᠴᠢᠯᠡᠬᠦ ᠡᠷᠭᠡ ᠲᠠᠢ ᠨᠢᠭᠡᠴᠡ ᠲᠠᠢ ᠦᠡᠳᠤᠰᠤᠨ | ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ | ᠬᠤᠷᠢᠨ ᠶᠢᠰᠤᠳᠤᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠡᠷᠬᠡᠪᠰᠢ ᠦᠡᠳᠤᠰᠤᠨ ᠨᠤᠳᠤᠬ ᠪᠠᠯᠴᠢᠬᠡᠷ ᠤᠨ ᠬᠠᠮᠠᠭᠠᠯᠠᠯᠳᠠ ᠶᠢ ᠬᠢᠨᠠᠨ ᠪᠠᠶᠢᠴᠠᠭᠠᠬᠤ ᠳᠦᠷᠢᠮ ᠢ | ᠪᠠᠶᠢᠭᠤᠯᠵᠤ᠂ ᠳᠤᠬᠳᠠᠬᠰᠠᠨ ᠬᠤᠭᠤᠴᠠᠭᠠᠨ ᠳᠤ ᠬᠤᠯᠪᠤᠬᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ | ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠪᠠ ᠦᠡᠳᠤᠰᠤᠨ ᠨᠤᠳᠤᠬ ᠪᠠᠯᠴᠢᠬᠡᠷ ᠢ ᠡᠪᠳᠡᠭᠰᠡᠨ ᠠᠵᠢᠯᠯᠠᠭ᠎ᠠ ᠶᠢ | ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ ᠢ ᠬᠦᠯᠢᠶᠡᠨ ᠠᠪᠴᠤ ᠬᠢᠨᠠᠨ ᠰᠢᠭᠦᠵᠤ᠂ ᠮᠠᠯ ᠪᠡᠯᠴᠢᠭᠡᠷ ᠤᠨ ᠳᠡᠩᠴᠡᠭᠦᠷᠢ᠂ | ᠪᠡᠯᠴᠢᠭᠡᠷᠯᠡᠭᠦᠯᠬᠦ ᠶᠢ ᠵᠤᠬᠰᠤᠭᠠᠬᠤ ᠰᠡᠯᠭᠦᠨ ᠮᠡᠯᠵᠢᠬᠤ ᠡᠭᠡᠯᠵᠢᠯᠡᠨ ᠮᠡᠯᠵᠢᠬᠤ᠂ ᠳᠠᠯ᠎ᠠ ᠨᠤᠳᠤᠬ ᠤᠨ ᠠᠮᠢ ᠠᠬᠤᠢ ᠶᠢᠨ | ᠬᠠᠮᠠᠭᠠᠯᠠᠯᠳᠠ ᠶᠢᠨ ᠱᠠᠩᠨᠠᠬᠤ ᠨᠦᠬᠦᠪᠤᠷᠢ ᠶᠢᠨ ᠪᠠᠶᠢᠳᠠᠯ᠂ ᠨᠤᠳᠤᠬ ᠪᠠᠯᠴᠢᠬᠡᠷ ᠤᠨ ᠭᠤᠤᠯᠳᠠᠯᠭ᠎ᠠ ᠲᠠᠢ ᠪᠦᠳᠤᠭᠡᠨ | ᠪᠠᠶᠢᠭᠤᠯᠤᠯᠳᠠ ᠶᠢᠨ ᠪᠠᠶᠢᠳᠠᠯ ᠵᠢᠴᠢ ᠨᠤᠳᠤᠬ ᠪᠠᠯᠴᠢᠬᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ᠂ | ᠬᠡᠷᠡᠭᠯᠡᠬᠦ ᠪᠤᠶᠤ ᠳᠦᠷ ᠴᠠᠬ ᠡᠵᠡᠯᠡᠬᠦ ᠵᠡᠷᠭᠡ ᠪᠠᠶᠢᠳᠠᠯ ᠳᠤ ᠪᠠᠶᠢᠴᠠᠭᠠᠯᠳᠠ ᠬᠢᠵᠤ᠂ ᠪᠠᠰᠠ ᠳᠡᠭᠡᠷ᠎ᠠ ᠨᠢᠭᠡ ᠱᠠᠳᠤᠨ ᠤ | ᠠᠷᠠᠳ ᠤᠨ ᠵᠠᠰᠠᠬ ᠤᠨ ᠤᠷᠳᠤᠨ ᠳᠤ ᠮᠡᠳᠡᠭᠦᠯᠬᠦ ᠬᠡᠷᠡᠭᠳᠠᠢ᠃ | ᠭᠤᠴᠢᠳᠤᠭᠠᠷ ᠵᠦᠢᠯ ᠨᠤᠳᠤᠬ ᠪᠠᠯᠴᠢᠬᠡᠷ ᠤᠨ ᠬᠢᠨᠠᠨ ᠬᠠᠮᠢᠶᠠᠷᠤᠯᠳᠠ ᠶᠢᠨ ᠠᠵᠢᠯᠳᠠᠳ ᠡᠭᠦᠷᠭᠡ | ᠳᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠦᠶᠡᠰ᠂ ᠡᠷᠬᠡᠪᠰᠢ ᠨᠢᠭᠡᠳᠤᠯᠳᠠᠢ ᠢᠯᠡ ᠳᠤᠳᠤ ᠳᠡᠮᠳᠡᠭ ᠵᠡᠭᠦᠵᠤ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠠᠷᠭᠤᠭᠤᠯᠤᠨ ᠳᠠᠷᠬᠠᠭᠠᠬᠰᠠᠨ ᠵᠠᠰᠠᠬ | ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠴᠢ ᠳᠡᠮᠳᠡᠭ ᠢᠶᠠᠨ ᠭᠠᠷᠭᠠᠨ ᠦᠵᠡᠭᠦᠯᠬᠦ ᠬᠡᠷᠡᠭᠳᠠᠢ᠃ ᠬᠤᠯᠪᠤᠬᠳᠠᠯ ᠪᠦᠬᠦᠢ | ᠨᠢᠭᠡᠴᠡ ᠪᠡ ᠬᠤᠪᠢ ᠬᠦᠮᠤᠨ ᠡᠷᠬᠡᠪᠰᠢ ᠳᠡᠮᠵᠢᠬᠦ ᠪᠡ ᠬᠠᠮᠵᠢᠯᠴᠠᠬᠤ ᠬᠡᠷᠡᠭᠳᠠᠢ᠂ ᠳᠡᠪᠴᠢᠬᠦ ᠪᠤᠶᠤ ᠬᠠᠷᠰᠢᠯᠠᠵᠤ | ᠪᠤᠯᠬᠤ ᠦᠭᠡᠢ᠃ |