ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ ︵ᠬᠤᠶᠠᠷ︶
ᠨᠡᠶᠢᠲᠡᠯᠡᠭᠰᠡᠨ ᠴᠠᠭ᠄
2016-12-06
    ᠳᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ       ᠭᠤᠴᠢᠨ ᠨᠢᠭᠡᠳᠤᠭᠡᠷ ᠵᠦᠢᠯ ᠳᠤᠰ ᠳᠦᠷᠢᠮ ᠤᠨ ᠠᠷᠪᠠᠨ ᠨᠢᠭᠡᠳᠤᠭᠡᠷ ᠵᠦᠢᠯ᠂ ᠠᠷᠪᠠᠨ ᠬᠤᠶᠠᠳᠤᠭᠠᠷ ᠵᠦᠢᠯ ᠂ ᠠᠷᠪᠠᠨ ᠭᠤᠷᠪᠠᠳᠤᠭᠠᠷ ᠵᠦᠢᠯ ᠤᠨ ᠳᠤᠬᠳᠠᠭᠠᠯ ᠶᠤᠰᠤᠭᠠᠷ ᠬᠤᠪᠢᠶᠠᠷᠢᠯᠠᠬᠰᠠᠨ ᠦᠭᠡᠢ ᠨᠤᠳᠤᠬ ᠪᠠᠯᠴᠢᠬᠡᠷ ᠢ ᠪᠤᠯ᠂ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠵᠠᠷᠯᠢᠬᠳᠠᠨ ᠳᠤᠬᠳᠠᠬᠰᠠᠨ ᠬᠤᠭᠤᠴᠠᠭᠠᠨ ᠳᠤ ᠬᠠᠯᠠᠨ ᠰᠠᠶᠢᠵᠢᠷᠠᠭᠤᠯᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠤᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠤᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠳᠬᠡᠯ ᠦᠭᠬᠦᠨ᠎ᠠ᠃       ᠭᠤᠴᠢᠨ ᠬᠤᠶᠠᠳᠤᠭᠠᠷ ᠵᠦᠢᠯ ᠳᠤᠰ ᠳᠦᠷᠢᠮ ᠤᠨ ᠠᠷᠪᠠᠨ ᠳᠠᠪᠤᠳᠤᠭᠠᠷ ᠵᠦᠢᠯ ᠤᠨ ᠳᠤᠬᠳᠠᠭᠠᠯ ᠢ ᠵᠦᠷᠢᠴᠡᠨ᠂ ᠳᠤᠤᠷᠠᠬᠢ ᠨᠢᠭᠡ ᠠᠵᠢᠯᠯᠠᠭ᠎ᠠ ᠲᠠᠢ ᠪᠤᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠳᠤᠬ ᠪᠠᠯᠴᠢᠬᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠬᠳᠠᠨ ᠵᠤᠬᠰᠤᠭᠠᠵᠤ᠂ ᠳᠤᠬᠳᠠᠬᠰᠠᠨ ᠬᠤᠭᠤᠴᠠᠭᠠᠨ ᠳᠤ ᠤᠷᠭᠤᠮᠠᠯ ᠤᠨ ᠪᠦᠷᠬᠦᠴᠡ ᠶᠢ ᠰᠡᠷᠭᠦᠭᠡᠨ᠂ ᠬᠠᠤᠯᠢ ᠪᠤᠰᠤ ᠡᠳ᠋ ᠪᠤᠳᠠᠰ ᠪᠠ ᠬᠠᠤᠯᠢ ᠪᠤᠰᠤ ᠪᠠᠷ ᠤᠯᠤᠬᠰᠠᠨ ᠤᠯᠵᠠ ᠶᠢ ᠬᠤᠷᠢᠶᠠᠨ ᠠᠪᠴᠤ᠂ ᠳᠤᠤᠷᠠᠬᠢ ᠳᠤᠬᠳᠠᠭᠠᠯ ᠢᠶᠠᠷ ᠰᠢᠳᠬᠡᠬᠦ ᠬᠡᠷᠡᠭᠳᠠᠢ᠄ ᠨᠤᠳᠤᠬ ᠪᠠᠯᠴᠢᠬᠡᠷ ᠢ ᠦᠮᠴᠢᠯᠡᠭᠴᠢ ᠪᠤᠶᠤ ᠬᠡᠷᠡᠭᠯᠡᠭᠴᠢ ᠬᠤᠬᠢᠷᠠᠯ ᠳᠤ ᠤᠴᠠᠷᠠᠬᠰᠠᠨ ᠪᠤᠯ᠂ ᠳᠦᠯᠤᠪᠤᠷᠢ ᠦᠭᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠠ ︔ ᠶᠠᠯ᠎ᠠ ᠬᠢᠭᠰᠡᠨ ᠳᠤ ᠳᠤᠭᠠᠴᠢᠬᠳᠠᠪᠠᠯ ᠬᠠᠤᠯᠢ ᠶᠤᠰᠤᠭᠠᠷ ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠠ᠄       ︵ᠨᠢᠬᠡ︶ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠬᠰᠠᠨ ᠪᠤᠯ ᠬᠠᠤᠯᠢ ᠪᠤᠰᠤ ᠤᠯᠵᠠᠪᠤᠷᠢ ᠶᠢᠨ ᠭᠤᠷᠪᠠᠨ ᠲᠠᠬᠢᠨ ᠠᠴᠠ ᠲᠠᠪᠤᠨ ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ ︔ ᠬᠠᠤᠯᠢ ᠪᠤᠰᠤ ᠤᠯᠵᠠᠪᠤᠷᠢ ᠦᠬᠡᠢ ᠪᠤᠯ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠵᠤᠭᠤᠰ ᠢᠶᠠᠷ ᠲᠤᠷᠭᠠᠨ᠎ᠠ ︔      ︵ᠬᠤᠶᠠᠷ︶ ᠦᠨᠳᠦᠰᠦᠨ ᠨᠤᠲᠤᠭ ᠪᠡᠯᠴᠢᠬᠡᠷ ᠤᠨ ᠬᠡᠷᠡᠭᠯᠡᠭᠡ ᠶᠢ ᠲᠤᠷ᠎ᠠ ᠪᠠᠷ ᠢᠶᠠᠨ ᠬᠤᠪᠢᠷᠠᠭᠤᠯᠤᠬᠰᠠᠨ ᠪᠤᠯ ᠮᠦ ᠪᠦᠷᠢ ᠶᠢ 1000 ᠲᠦᠬᠦᠷᠢᠭ ᠠᠴᠠ ᠲᠡᠭᠡᠭᠰᠢ 5000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ      ︵ᠭᠤᠷᠪᠠ︶ ᠲᠤᠤᠷ ᠬᠦᠷᠢᠶ᠎ᠠ᠂ ᠬᠦᠮᠦᠨ ᠮᠠᠯ ᠤᠨ ᠢᠳᠡᠬᠦ ᠤᠰᠤᠨ ᠤ ᠲᠦᠬᠦᠬᠡᠷᠦᠮᠵᠢ ᠵᠡᠷᠭᠡ ᠨᠤᠲᠤᠭ ᠪᠡᠯᠴᠢᠬᠡᠷ ᠤᠨ ᠪᠦᠲᠦᠬᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠦᠬᠦᠬᠡᠷᠦᠮᠵᠢ ᠶᠢ ᠬᠤᠬᠢᠷᠠᠭᠤᠯᠤᠨ ᠡᠪᠳᠡᠭᠰᠡᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠵᠠᠰᠠᠨ ᠰᠡᠯᠪᠢᠬᠦᠯᠬᠦ ᠶᠢᠨ ᠬᠠᠮᠲᠤ᠂ ᠪᠤᠲᠠᠲᠤ ᠬᠤᠬᠢᠷᠠᠯ ᠤᠨ ᠭᠤᠷᠪᠠᠨ ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ ︔      ︵ᠲᠦᠷᠪᠡ︶ ᠵᠢᠭᠠᠰᠤᠨ ᠨᠠᠭᠤᠷ ᠮᠠᠯᠲᠠᠬᠤ᠂ ᠭᠤᠤ ᠰᠤᠪᠠᠬ ᠮᠠᠯᠲᠠᠬᠤ᠂ ᠡᠪᠡᠰᠦ ᠮᠠᠯᠲᠠᠬᠤ᠂ ᠡᠪᠡᠰᠦᠨ ᠦᠨᠳᠦᠰᠦ ᠮᠠᠯᠲᠠᠭᠰᠠᠨ ᠪᠤᠯ ᠮᠦ ᠪᠦᠷᠢ ᠶᠢ 5000 ᠲᠦᠬᠦᠷᠢᠭ ᠠᠴᠠ ᠲᠡᠭᠡᠭᠰᠢ ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ ︔      ︵ᠲᠠᠪᠤ︶ ᠤᠩᠭᠤᠨ ᠪᠤᠰᠬᠠᠭᠰᠠᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠰᠢᠯᠵᠢᠬᠦᠯᠬᠦ ᠶᠢᠨ ᠬᠠᠮᠲᠤ᠂ 1000 ᠲᠦᠬᠦᠷᠢᠭ ᠠᠴᠠ ᠲᠡᠭᠡᠭᠰᠢ 2000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃       ᠭᠤᠴᠢᠨ ᠭᠤᠷᠪᠠᠳᠤᠭᠠᠷ ᠵᠦᠢᠯ ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠲᠦᠷᠪᠡᠳᠦᠬᠡᠷ ᠵᠤᠷᠪᠤᠰ᠂ ᠲᠤᠯᠤᠳᠤᠭᠠᠷ ᠵᠦᠢᠯ ᠤᠨ ᠲᠤᠭᠲᠠᠭᠠᠯ ᠢ ᠵᠦᠷᠢᠴᠡᠨ᠂ ᠲᠤᠷ᠎ᠠ ᠪᠠᠷ ᠢᠶᠠᠨ ᠬᠤᠳᠳᠤᠭ ᠮᠠᠯᠲᠠᠵᠦ ᠠᠵᠦ ᠦᠢᠯᠡᠳᠪᠦᠷᠢ ᠶᠢᠨ ᠭᠡᠷᠡᠭᠯᠡᠭᠡᠨ ᠤ ᠤᠰᠤ ᠠᠪᠤᠬᠰᠠᠨ᠂ ᠦᠨᠳᠦᠰᠦᠨ ᠨᠤᠲᠤᠭ ᠪᠡᠯᠴᠢᠬᠡᠷ ᠲᠤ ᠬᠠᠲᠠᠭᠤ ᠪᠡᠶᠡᠲᠦ᠂ ᠰᠢᠩᠭᠡᠨ ᠪᠡᠶᠡᠲᠦ᠂ ᠬᠡᠢ ᠪᠡᠶᠡᠲᠦ ᠬᠠᠶᠠᠬᠳᠠᠮᠠᠯ ᠪᠤᠳᠠᠰ ᠪᠠ ᠠᠮᠢᠳᠤᠷᠠᠯ ᠤᠨ ᠬᠤᠬ ᠨᠤᠪᠰᠢ ᠬᠠᠶᠠᠬᠰᠠᠨ ᠵᠢᠴᠢ ᠤᠷᠴᠢᠨ ᠲᠤᠭᠤᠷᠢᠨ ᠳᠤ ᠲᠠᠭᠤ ᠱᠤᠤᠬᠢᠶᠠᠨ ᠤ ᠪᠤᠬᠢᠷᠲᠤᠯ᠂ ᠲᠤᠭᠤᠰᠤ ᠰᠢᠷᠤᠢ ᠶᠢᠨ ᠪᠤᠬᠢᠷᠲᠤᠯ᠂ ᠰᠠᠴᠤᠷᠠᠬ ᠪᠤᠳᠠᠰ ᠤᠨ ᠪᠤᠬᠢᠷᠲᠤᠯ᠂ ᠴᠠᠬᠢᠯᠭᠠᠨ ᠰᠠᠴᠤᠷᠠᠬ ᠪᠤᠳᠠᠰ ᠤᠨ ᠪᠤᠬᠢᠷᠲᠤᠯ ᠡᠬᠦᠰᠭᠡᠭᠰᠡᠨ ᠪᠤᠯ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠶᠢ ᠦᠨᠳᠦᠰᠦᠯᠡᠵᠦ ᠲᠤᠷᠭᠠᠨ᠎ᠠ ︔ ᠨᠤᠲᠤᠭ ᠪᠡᠯᠴᠢᠬᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠᠨ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃       ᠭᠤᠴᠢᠨ ᠲᠦᠷᠪᠡᠳᠦᠭᠡᠷ ᠵᠦᠢᠯ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠲᠠᠭᠠᠯ ᠢ ᠵᠦᠷᠢᠴᠡᠨ᠂ ᠵᠠᠰᠠᠮᠠᠯ ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠬᠡᠷ ᠢᠶᠠᠷ ᠲᠠᠪᠬᠢᠭᠤᠯᠤᠬᠰᠠᠨ ᠪᠤᠶᠤ ᠲᠤᠭᠲᠠᠬᠰᠠᠨ ᠮᠠᠰᠢᠨ ᠲᠡᠷᠭᠡ ᠶᠠᠪᠤᠬᠤ ᠤᠷᠤᠨ ᠪᠠ ᠮᠠᠰᠢᠨ ᠲᠡᠷᠭᠡ ᠶᠠᠪᠤᠬᠤ ᠵᠠᠮ ᠱᠤᠭᠤᠮ ᠢᠶᠠᠷ ᠶᠠᠪᠤᠬᠤ ᠦᠬᠡᠢ᠂ ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠡᠪᠳᠡᠭᠰᠡᠨ ᠪᠤᠯ᠂ ᠬᠤᠰᠢᠭᠤ ᠰᠢᠶᠠᠨ ᠤ ᠱᠠᠲᠤᠨ ᠤ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠬᠳᠠᠵᠦ ᠵᠤᠭᠰᠤᠭᠠᠨ᠂ ᠬᠤᠭᠤᠴᠠᠭ᠎ᠠ ᠲᠤᠭᠲᠠᠭᠠᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠨᠤᠲᠤᠭ ᠪᠡᠯᠴᠢᠬᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠦᠢᠯᠡᠳᠪᠦᠷᠢᠯᠡᠯ ᠤᠨ ᠦᠷᠲᠡᠭ ᠤᠨ ᠭᠤᠷᠪᠠᠨ ᠲᠠᠬᠢᠨ ᠠᠴᠠ ᠲᠡᠭᠡᠭᠰᠢ ᠶᠢᠰᠦᠨ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ ︔ ᠨᠤᠲᠤᠭ ᠪᠡᠯᠴᠢᠬᠡᠷ ᠤᠨ ᠦᠮᠴᠢᠯᠡᠭᠴᠢ ᠪᠠ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃       ᠭᠤᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠤᠳᠤ ᠶᠠᠬ ᠮᠠᠰᠢᠨ ᠲᠦᠬᠦᠬᠡᠷᠦᠮᠵᠢ ᠬᠡᠷᠡᠭᠯᠡᠵᠦ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠨ ᠡᠪᠳᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠪᠠᠯ ᠬᠠᠤᠯᠢ ᠪᠤᠰᠤ ᠠᠵᠢᠯᠯᠠᠭ᠎ᠠ ᠶᠢ ᠵᠤᠭᠰᠤᠭᠠᠬᠤ ᠶᠢᠨ ᠬᠠᠮᠲᠤ᠂ ︽ᠪᠦᠬᠦᠳᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠵᠠᠰᠠᠬ ᠵᠠᠬᠢᠷᠭᠠᠨ ᠤ ᠲᠤᠷᠭᠠᠭᠤᠯᠢ ᠶᠢᠨ ᠬᠠᠤᠯᠢ︾ ᠶᠢᠨ ᠭᠤᠴᠢᠨ ᠲᠤᠯᠤᠳᠤᠭᠠᠷ ᠵᠦᠢᠯ ᠤᠨ ᠬᠠᠮᠢᠶ᠎ᠠ ᠪᠦᠬᠦᠢ ᠲᠤᠭᠲᠠᠭᠠᠯ ᠢ ᠦᠨᠳᠦᠰᠦᠯᠡᠨ ᠰᠢᠢᠳᠪᠦᠷᠢᠯᠡᠨ᠎ᠠ᠃       ᠭᠤᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠦᠬᠡᠢ ᠪᠠᠷ ᠪᠤᠶᠤ ᠮᠡᠬᠡᠯᠡᠬᠦ ᠠᠷᠭ᠎ᠠ ᠠᠪᠴᠠᠯ ᠢᠶᠠᠷ ᠵᠦᠪᠰᠢᠶᠡᠷᠡᠯ ᠤᠯᠵᠦ᠂ ᠦᠨᠳᠦᠰᠦᠨ ᠨᠤᠲᠤᠭ ᠪᠡᠯᠴᠢᠬᠡᠷ ᠢ ᠬᠠᠤᠯᠢ ᠪᠤᠰᠤ ᠪᠠᠷ ᠬᠡᠷᠡᠭᠯᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠠᠤᠯᠢ ᠪᠤᠰᠤ ᠪᠠᠷ ᠭᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠢ ᠪᠤᠴᠠᠭᠠᠯᠭᠠᠵᠦ᠂ ᠬᠠᠤᠯᠢ ᠪᠤᠰᠤ ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠰᠢᠨ᠎ᠠ ᠪᠠᠷ ᠪᠠᠶᠢᠭᠤᠯᠤᠬᠰᠠᠨ ᠪᠠᠷᠢᠯᠭ᠎ᠠ ᠪᠠ ᠪᠤᠰᠤᠳ ᠲᠦᠬᠦᠬᠡᠷᠦᠮᠵᠢ ᠶᠢ ᠬᠤᠭᠤᠴᠠᠭ᠎ᠠ ᠲᠤᠭᠲᠠᠭᠠᠨ ᠨᠤᠷᠠᠭᠠᠵᠦ᠂ ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠲᠤᠰ ᠦᠨᠳᠦᠰᠦᠨ ᠨᠤᠲᠤᠭ ᠪᠡᠯᠴᠢᠬᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠲᠠᠴᠢ ᠦᠢᠯᠡᠳᠪᠦᠷᠢᠯᠡᠯ ᠤᠨ ᠦᠷᠲᠡᠭ ᠤᠨ ᠶᠢᠰᠦᠨ ᠲᠠᠬᠢᠨ ᠠᠴᠠ ᠲᠡᠭᠡᠭᠰᠢ ᠠᠷᠪᠠᠨ ᠬᠤᠶᠠᠷ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ ︔ ᠶᠠᠯ᠎ᠠ ᠬᠢᠭᠰᠡᠨ ᠬᠡᠮᠵᠢᠶᠠᠨ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠃       ᠭᠤᠴᠢᠨ ᠲᠤᠯᠤᠳᠤᠭᠠᠷ ᠵᠦᠢᠯ ᠲᠤᠰ ᠲᠦᠷᠢᠮ ᠤᠨ ᠠᠷᠪᠠ ᠶᠢᠰᠦᠳᠦᠭᠡᠷ ᠵᠦᠢᠯ ᠤᠨ ᠬᠤᠶᠠᠳᠤᠭᠠᠷ ᠲᠤᠭᠲᠠᠭᠠᠯ ᠢ ᠵᠦᠷᠢᠴᠡᠨ᠂ ᠲᠦᠷ ᠴᠠᠬ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠦᠨᠢᠳᠡ ᠶᠢᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠤᠶᠤ ᠲᠦᠷ ᠴᠠᠬ ᠡᠵᠡᠯᠡᠨ ᠬᠡᠷᠡᠭᠯᠡᠭᠦ ᠬᠤᠭᠤᠴᠠᠭ᠎ᠠ ᠨᠢ ᠲᠦᠬᠦᠷᠦᠭᠰᠡᠨ ᠪᠠᠶᠢᠲᠠᠯ᠎ᠠ ᠲᠦᠷ ᠴᠠᠬ ᠤᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠠᠨ ᠨᠤᠷᠠᠭᠠᠬᠰᠠᠨ ᠦᠬᠡᠢ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠤᠭᠤᠴᠠᠭ᠎ᠠ ᠲᠤᠭᠲᠠᠭᠠᠨ ᠨᠤᠷᠠᠭᠠᠯᠭᠠᠨ᠎ᠠ ︔ ᠬᠤᠭᠤᠴᠠᠭ᠎ᠠ ᠨᠢ ᠦᠩᠭᠡᠷᠡᠭᠰᠡᠨ ᠪᠠᠶᠢᠳᠠᠯ᠎ᠠ ᠨᠤᠷᠠᠭᠠᠬᠰᠠᠨ ᠦᠬᠡᠢ ᠪᠤᠯ ᠬᠠᠤᠯᠢ ᠶᠤᠰᠤᠭᠠᠷ ᠠᠯᠪᠠᠳᠠᠯᠭ᠎ᠠ ᠪᠠᠷ ᠨᠤᠷᠠᠭᠠᠨ ᠂ ᠬᠡᠷᠡᠭᠰᠡᠬᠦ ᠰᠦᠢᠳᠭᠡᠯ ᠢ ᠬᠠᠤᠯᠢ ᠶᠢ ᠵᠦᠷᠢᠴᠡᠭᠴᠢ ᠠᠴᠠ ᠲᠠᠭᠠᠭᠠᠨ᠎ᠠ᠃       ᠭᠤᠴᠢᠨ ᠨᠡᠢᠮᠠᠳᠤᠭᠠᠷ ᠵᠦᠢᠯ ᠲᠤᠰ ᠲᠤᠭᠳᠠᠭᠠᠯ ᠤᠨ ᠬᠤᠷᠢᠨ ᠬᠤᠶᠠᠳᠤᠭᠠᠷ ᠵᠦᠢᠯ ᠤᠨ ᠲᠤᠭᠳᠠᠭᠠᠯ ᠢ ᠵᠦᠷᠢᠴᠡᠭᠰᠡᠨ ᠲᠤᠤᠷᠠᠬᠢ ᠠᠵᠢᠯᠯᠠᠭ᠎ᠠ ᠶᠢᠨ ᠨᠢᠭᠡ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠰᠡᠷᠡᠮᠵᠢ ᠦᠭᠬᠦ ᠶᠢᠨ ᠬᠠᠮᠳᠤ ᠲᠤᠤᠷᠠᠬᠢ ᠲᠤᠭᠳᠠᠭᠠᠯ ᠢᠶᠠᠷ ᠲᠤᠷᠭᠠᠨ ᠰᠢᠳᠬᠡᠨ᠎ᠡ᠃       ︵ᠨᠢᠬᠡ︶ ᠦᠨᠳᠦᠰᠦᠨ ᠨᠤᠲᠤᠭ ᠪᠡᠯᠴᠢᠭᠡᠷ ᠢ ᠬᠢᠨᠠᠨ ᠲᠤᠭᠳᠠᠭᠠᠭᠰᠠᠨ ᠪᠡᠯᠴᠢᠭᠡᠷ ᠤᠨ ᠳᠠᠭᠠᠭᠠᠴᠠ ᠠᠴᠠ ᠭᠡᠲᠦᠷᠡᠳᠡᠯ᠎ᠡ ᠮᠠᠯᠵᠢᠭᠰᠠᠳ ᠢ ᠬᠤᠭᠤᠴᠠᠭ᠎ᠠ ᠲᠤᠭᠳᠠᠨ ᠵᠠᠷᠯᠢᠭᠳᠠᠨ ᠵᠠᠯᠠᠷᠠᠭᠤᠯᠬᠤ ᠬᠡᠷᠡᠭᠳᠡᠢ ︔ ᠲᠤᠭᠳᠠᠭᠰᠠᠨ ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠲᠤᠮᠳᠠᠴᠢ ᠬᠤᠨᠢᠨ ᠨᠢᠭᠡᠴᠢ ᠪᠦᠷᠢ ᠶᠢ 100 ᠲᠦᠭᠦᠷᠢᠭ ᠵᠤᠭᠤᠰ ᠢᠶᠠᠷ ᠲᠤᠷᠭᠠᠨ᠎ᠠ᠃       ︵ᠬᠤᠶᠠᠷ︶ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠦᠨᠳᠤᠰᠤᠨ ᠨᠤᠲᠤᠭ ᠪᠡᠯᠴᠢᠭᠡᠷ ᠲᠤ ᠮᠠᠯ ᠮᠠᠯᠵᠢᠭᠰᠠᠳ ᠢ ᠲᠤᠮᠳᠠᠴᠢ ᠬᠤᠨᠢᠨ ᠨᠢᠭᠡᠴᠢ ᠪᠦᠷᠢ ᠶᠢ 30 ᠲᠦᠭᠦᠷᠢᠭ ᠵᠤᠭᠤᠰ ᠢᠶᠠᠷ ᠲᠤᠷᠭᠠᠨ᠎ᠠ        ᠭᠤᠴᠢ ᠶᠢᠰᠦᠳᠦᠭᠡᠷ ᠵᠦᠢᠯ ᠲᠤᠰ ᠲᠤᠭᠳᠠᠭᠠᠯ ᠤᠨ ᠬᠤᠷᠢᠨ ᠭᠤᠷᠪᠠᠳᠤᠭᠠᠷ ᠵᠦᠢᠯ ᠤᠨ ᠲᠤᠭᠳᠠᠭᠠᠯ ᠢ ᠵᠦᠷᠢᠴᠡᠭᠰᠡᠨ᠂ ᠲᠡᠵᠢᠭᠡᠯ ᠡᠪᠡᠰᠦ ᠪᠤᠷᠳᠤᠭ᠎ᠠ ᠶᠢᠨ ᠰᠠᠭᠤᠷᠢᠨ ᠤ ᠪᠦᠲᠦᠭᠡᠨ ᠪᠠᠶᠢᠭᠤᠯᠤᠯᠳᠠ ᠨᠢ ᠦᠨᠳᠦᠰᠦᠨ ᠨᠤᠲᠤᠭ ᠪᠡᠯᠴᠢᠭᠡᠷ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠪᠤᠶᠤ ᠲᠡᠵᠢᠭᠡᠯ ᠪᠤᠷᠳᠤᠭ᠎ᠠ ᠶᠢᠨ ᠰᠠᠭᠤᠷᠢᠨ ᠤ ᠲᠠᠷᠢᠮᠠᠯ ᠤᠨ ᠲᠦᠷᠦᠯ ᠵᠦᠢᠯ ᠨᠢ ᠲᠤᠭᠳᠠᠭᠠᠯ ᠳᠤ ᠨᠡᠶᠢᠴᠡᠬᠦ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠱᠠᠭᠠᠷᠳᠠᠨ ᠵᠤᠭᠰᠤᠭᠠᠵᠤ᠂ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠬᠡᠷᠡᠭᠳᠡᠢ ︔ ᠲᠤᠭᠳᠠᠭᠰᠠᠨ ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠮᠦ ᠪᠦᠷᠢ ᠠᠴᠠ 200 ᠲᠦᠭᠦᠷᠢᠭ ᠠᠴᠠ ᠳᠡᠭᠡᠭᠰᠢ 500 ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃        ᠲᠦᠴᠢᠳᠦᠭᠡᠷ ᠵᠦᠢᠯ ᠲᠤᠰ ᠲᠤᠭᠳᠠᠭᠠᠯ ᠤᠨ ᠬᠤᠷᠢᠨ ᠲᠦᠷᠪᠡᠳᠦᠭᠡᠷ ᠵᠦᠢᠯ ᠤᠨ ᠲᠤᠭᠳᠠᠭᠠᠯ ᠢ ᠵᠦᠷᠢᠴᠡᠭᠰᠡᠨ᠂ ᠨᠤᠲᠤᠭ ᠪᠡᠯᠴᠡᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠬᠤ ᠵᠦᠪᠰᠢᠶᠡᠷᠡᠯ ᠤᠨ ᠦᠨᠠᠮᠯᠠᠯ ᠠᠪᠤᠭᠰᠠᠨ ᠦᠭᠡᠢ ᠪᠤᠶᠤ ᠳᠡᠭᠦᠨ ᠴᠤᠭᠯᠠᠭᠤᠯᠬᠤ᠂ ᠬᠤᠳᠠᠯᠳᠤᠨ ᠠᠪᠬᠤ ᠵᠦᠪᠰᠢᠶᠡᠷᠡᠯ ᠤᠨ ᠦᠨᠠᠮᠯᠠᠯ ᠤᠨ ᠲᠤᠭᠳᠠᠭᠠᠯ ᠶᠤᠰᠤᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠤᠭᠰᠠᠨ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠭᠳᠠᠨ ᠵᠤᠭᠰᠤᠭᠠᠵᠤ᠂ ᠬᠠᠤᠯᠢ ᠪᠤᠰᠤ ᠡᠳ᠋ ᠪᠤᠳᠠᠰ ᠪᠠ ᠤᠯᠵᠠᠪᠤᠷᠢ ᠶᠢ ᠨᠢ ᠬᠤᠷᠢᠶᠠᠨ ᠠᠪᠬᠤ ᠬᠡᠷᠡᠭᠳᠡᠢ᠂ ᠡᠭᠦᠨ ᠤ ᠬᠠᠮᠳᠤ ᠬᠠᠤᠯᠢ ᠪᠤᠰᠤ ᠤᠯᠵᠠᠪᠤᠷᠢ ᠶᠢᠨ ᠬᠢᠨ ᠭᠤᠷᠪᠠ ᠳᠠᠬᠢᠨ ᠠᠴᠠ ᠳᠡᠭᠡᠭᠰᠢ ᠲᠠᠪᠦᠨ ᠳᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ ︔ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠳᠡᠭᠦᠨ ᠴᠤᠭᠯᠠᠭᠤᠯᠬᠤ᠂ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠲᠠᠢ ᠶᠢ ᠨᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ ᠵᠦᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠤᠯᠭᠠᠬᠤ ᠬᠡᠷᠡᠭᠳᠡᠢ ︔ ᠨᠤᠲᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠠ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃       ᠲᠦᠴᠢᠨ ᠨᠢᠭᠡᠳᠦᠭᠡᠷ ᠵᠦᠢᠯ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠵᠢᠴᠢ ᠪᠤᠰᠤᠳ ᠤᠯᠤᠰ ᠤᠨ ᠪᠠᠶᠢᠭᠤᠯᠭ᠎ᠠ ᠶᠢᠨ ᠠᠵᠢᠯᠳᠠᠨ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ ᠠᠵᠢᠯᠯᠠᠵᠤ ᠪᠠᠶᠢᠭ᠎ᠠ ᠪᠠᠶᠢᠭᠤᠯᠤᠯᠭ᠎ᠠ ᠪᠤᠶᠤ ᠳᠡᠭᠡᠷ᠎ᠡ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯ ᠬᠠᠮᠢᠶᠠᠷᠤᠯᠳᠠ ᠶᠢᠨ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠬᠡᠯ ᠤᠯᠭᠤᠨ᠎ᠠ ︔ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠠ ᠪᠤᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄      ︵ᠨᠢᠬᠡ︶ ᠨᠤᠲᠤᠭ ᠪᠡᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ᠂ ᠳᠠᠭᠠᠯᠳᠤᠪᠤᠷᠢ ᠨᠦᠬᠦᠪᠦᠷᠢ᠂ ᠤᠷᠭᠤᠮᠠᠯ ᠤᠨ ᠪᠦᠷᠬᠦᠴᠠ ᠶᠢ ᠰᠡᠷᠭᠦᠭᠡᠬᠦ ᠨᠦᠬᠦᠪᠦᠷᠢ ᠪᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠤᠨ ᠮᠦᠩᠭᠦ ᠶᠢᠨ ᠨᠦᠬᠦᠪᠦᠷᠢ ᠶᠢ ᠲᠤᠮᠳᠠ ᠠᠴᠠ ᠨᠢ ᠦᠯᠡᠳᠡᠭᠡᠬᠦ᠂ ᠰᠢᠯᠵᠢᠭᠦᠯᠦᠨ ᠬᠡᠷᠡᠭᠯᠡᠬᠦ ︔      ︵ᠬᠤᠶᠠᠷ︶ ᠦᠨᠳᠦᠰᠦᠨ ᠨᠤᠲᠤᠭ ᠪᠡᠯᠴᠢᠭᠡᠷ ᠢ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ ᠶᠢ ᠡᠷᠬᠡ ᠦᠭᠡᠢ ᠪᠠᠶᠢᠭᠠᠳ ᠵᠦᠪᠰᠢᠶᠡᠷᠡᠬᠦ ᠪᠤᠶᠤ ᠳᠡᠰ ᠳᠠᠪᠠᠨ ᠵᠦᠪᠰᠢᠶᠡᠷᠡᠬᠦ ︔     ︵ᠭᠤᠷᠪᠠ︶ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ ᠦᠨᠳᠦᠰᠦᠨ ᠨᠤᠲᠤᠭ ᠪᠡᠯᠴᠢᠭᠡᠷ ᠢ ᠬᠠᠤᠯᠢ ᠶᠢᠨ ᠳᠡᠰ ᠳᠠᠷᠠᠭᠠᠯᠠᠯ ᠢᠶᠠᠷ ᠵᠦᠪᠰᠢᠶᠡᠷᠡᠭᠰᠡᠨ ᠦᠭᠡᠢ ︔     ︵ᠳᠦᠷᠪᠠ︶ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠠᠤᠯᠢ ᠪᠤᠰᠤ ᠪᠠᠷ ᠬᠡᠷᠡᠭᠵᠢᠭᠦᠯᠦᠭᠰᠡᠨ     ︵ᠳᠠᠪᠤ︶ ᠦᠨᠳᠦᠰᠦᠨ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠬᠠᠤᠯᠢ ᠪᠤᠰᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠪᠤᠯᠤᠨ ᠵᠠᠭᠠᠯᠳᠤᠭᠰᠠᠨ ᠢ ᠬᠦᠯᠢᠶᠡᠨ ᠠᠪᠴᠦ ᠰᠢᠢᠳᠪᠦᠷᠢᠯᠡᠭᠰᠡᠨ ᠦᠭᠡᠢ ᠪᠤᠶᠤ ᠬᠠᠤᠯᠢ ᠪᠤᠰᠤ ᠠᠵᠢᠯᠯᠠᠭ᠎ᠠ ᠶᠢ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠤᠴᠢᠳᠡᠢ ᠦᠷ᠎ᠡ ᠳ᠋ᠦᠩ ᠭᠠᠷᠭᠠᠭᠰᠠᠨ ︔      ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠬᠦ᠂ ᠬᠠᠤᠯᠢ ᠶᠤᠰᠤ ᠶᠢ ᠵᠦᠷᠢᠴᠡᠭᠰᠡᠨ ᠵᠡᠷᠭᠡ ᠬᠠᠤᠯᠢ ᠪᠤᠰᠤ ᠠᠵᠢᠯᠯᠠᠭ᠎ᠠ᠃ ᠵᠢᠷᠭᠤᠳᠤᠭᠠᠷ ᠪᠦᠯᠦᠭ  ᠳᠠᠭᠠᠯᠳᠤᠭᠤᠯᠤᠯ ᠳᠦᠷᠢᠮ      ᠲᠦᠴᠢᠨ ᠬᠤᠶᠠᠳᠤᠭᠠᠷ ᠵᠦᠢᠯ ᠲᠤᠰ ᠲᠤᠭᠳᠠᠭᠠᠯ ᠤᠨ ᠭᠤᠴᠢᠨ ᠨᠠᠢᠮᠠᠳᠤᠭᠠᠷ ᠵᠦᠢᠯ ᠳᠤ ᠬᠡᠯᠡᠵᠦ ᠪᠠᠶᠢᠭ᠎ᠠ ︽ᠬᠤᠨᠢᠨ ᠨᠢᠭᠡᠴᠢ︾ ᠭᠡᠳᠡᠭ ᠨᠢ ᠮᠠᠯ ᠤᠨ ᠲᠤᠭ᠎ᠠ ᠬᠡᠮᠵᠢᠯᠳᠡ ᠶᠢᠨ ᠨᠢᠭᠡᠴᠢ ᠪᠤᠯᠤᠨ᠎ᠠ᠃ ᠨᠢᠭᠡ ᠬᠤᠨᠢ ᠨᠢ ᠨᠢᠭᠡ ᠬᠤᠨᠢᠨ ᠨᠢᠭᠡᠴᠢ᠂ ᠨᠢᠭᠡ ᠦᠬᠡᠷ 5 ᠬᠤᠨᠢᠨ ᠨᠢᠭᠡᠴᠢ᠂ ᠨᠢᠭᠡ ᠮᠤᠷᠢ 6 ᠬᠤᠨᠢᠨ ᠨᠢᠭᠡᠴᠢ᠂ ᠨᠢᠭᠡ ᠯᠠᠭᠤᠰᠠ 3 ᠬᠤᠨᠢᠨ ᠨᠢᠭᠡᠴᠢ᠂ ᠨᠢᠭᠡ ᠡᠯᠵᠢᠭᠡ 5 ᠬᠤᠨᠢᠨ ᠨᠢᠭᠡᠴᠢ᠂ ᠨᠢᠭᠡ ᠲᠡᠮᠡᠭᠡ 7 ᠬᠤᠨᠢᠨ ᠨᠢᠭᠡᠴᠢ ᠲᠠᠢ ᠲᠡᠩᠴᠡᠨ᠎ᠡ᠃      ᠲᠦᠴᠢᠨ ᠭᠤᠷᠪᠠᠳᠤᠭᠠᠷ ᠵᠦᠢᠯ ᠲᠤᠰ ᠳᠦᠷᠢᠮ ᠢ 2011 ᠤᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠠ᠃ 1998 ᠤᠨ ᠤ 11 ᠳ᠋ᠦᠭᠡᠷ ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠠᠴᠠ ᠪᠠᠳᠤᠯᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号