︵1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ | ᠂ 1994 ᠣᠨ ᠤ 7 ᠰᠠᠷ᠎ᠠ ᠶᠢᠨ 5 ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ | ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ︶ | | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠤᠭᠡ | ᠲᠠᠪᠤᠳᠤᠭᠠᠷ ᠪᠦᠯᠦᠭ ᠴᠠᠯᠢᠩ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪ᠊ᠠ᠋ ᠡᠷᠡᠭᠦᠯ ᠬᠠᠮᠠᠭᠠᠯᠠᠯ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠲᠠᠨ ᠤ ᠣᠨᠴᠠᠭᠠᠢ | ᠬᠠᠮᠠᠭᠠᠯᠠᠯᠲᠠ | ᠨᠠᠢᠮᠠᠳᠤᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠶᠢᠰᠤᠳᠦᠭᠡᠷ ᠪᠦᠯᠦᠭ ᠨᠠᠶᠢᠭᠡᠮ ᠤᠨ ᠲᠠᠭᠠᠳᠬᠠᠯ ᠪᠠ ᠠᠰᠠᠷᠠᠮᠵᠢ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠠ᠊ᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | | | ᠨᠢᠭᠡᠳᠦᠭᠡᠷ ᠪᠦᠯᠦᠭ ᠶᠡᠷᠤᠩᠬᠡᠢ ᠲᠦᠷᠢᠮ | ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ | ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ | ᠵᠤᠬᠢᠴᠠᠭᠰᠠᠨ ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ | ᠨᠡᠶᠢᠭᠡᠮ ᠤᠨ ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ | ᠲᠤᠭᠲᠠᠭᠠᠪᠠ᠃ | ᠬᠤᠶᠠᠳᠤᠭᠠᠷ ᠵᠦᠢᠯ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠲᠤᠲᠤᠷᠠᠬᠢ | ᠠᠵᠤ ᠠᠬᠤᠶᠢᠯᠠᠯ᠂ ᠬᠤᠪᠢ ᠶᠢᠨ ᠵᠤᠬᠢᠶᠠᠨ ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ ᠬᠡᠷᠡᠭᠯᠡᠬᠦ ᠨᠢᠭᠡᠴᠢ | ᠭᠡᠵᠤ ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ ᠬᠦᠳᠡᠯᠮᠦᠷᠢᠴᠢᠳ ᠲᠤᠰ | ᠬᠠᠤᠯᠢ ᠶᠢ ᠬᠡᠷᠡᠭᠯᠡᠨ᠎ᠡ᠃ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠪᠠ ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ | ᠬᠠᠤᠯᠢ ᠶᠢᠨ ᠶᠤᠰᠤᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ | ᠰᠤᠩᠭᠤᠬᠤ ᠡᠷᠬᠡ᠂ ᠬᠦᠳᠡᠯᠮᠦᠷᠢ ᠶᠢᠨ ᠤᠯᠭᠤᠮᠵᠢ ᠤᠯᠬᠤ ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ | ᠡᠷᠬᠡ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ | ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ ᠪᠦᠭᠡᠳ | ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃ ᠬᠦᠳᠡᠯᠮᠦᠷᠢᠴᠢᠨ ᠬᠦᠳᠡᠯᠮᠦᠷᠢ ᠶᠢᠨ | ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ | ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ | ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠤᠰᠤ ᠮᠤᠷᠠᠯ ᠢ ᠵᠢᠷᠤᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ | ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ | ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ | ᠲᠠᠪᠤᠳᠦᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ | ᠤᠯᠭᠤᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ | ᠪᠠᠷᠢᠮᠵᠢᠶ᠎ᠠ ᠶᠢ ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ | ᠲᠡᠭᠦᠯᠳᠡᠷᠵᠢᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ | ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ | ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ | ᠬᠦᠳᠡᠯᠮᠦᠷᠢ ᠳᠤ ᠣᠷᠣᠯᠴᠠᠬᠤ᠂ ᠬᠦᠳᠡᠯᠮᠦᠷᠢ ᠶᠢᠨ ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ | ᠠᠵᠢᠯᠯᠠᠭ᠎ᠠ ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ ᠰᠣᠳᠤᠯᠤᠯ᠂ ᠲᠧᠭᠨᠢᠭ | ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠦ᠋ᠷᠢᠭᠵᠢᠭᠤᠯᠤᠨ ᠬᠠᠮᠠᠭᠠᠯᠠᠵᠤ᠂ ᠬᠦᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃ | ᠲᠤᠯᠤᠳᠦᠭᠠᠷ ᠵᠦᠢᠯ ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ | ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠡᠵᠡᠨ ᠮᠡᠳᠡᠨ | ᠠᠵᠢᠯᠯᠠᠭ᠎ᠠ ᠪᠠᠨ ᠦᠷᠨᠢᠭᠦᠯᠦᠨ᠎ᠡ᠃ | ᠨᠠᠢᠮᠠᠳᠣᠭᠠᠷ ᠵᠦᠢᠯ ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ | ᠶᠡᠭᠡ ᠬᠤᠷᠠᠯ᠂ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ | ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ | ᠵᠦᠪᠳᠡᠯᠴᠡᠨ᠎ᠡ᠃ | ᠶᠢᠰᠤᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠪᠦᠬᠦ ᠣᠯᠣᠰ ᠤᠨ ᠬᠦᠳᠡᠯᠮᠦᠷᠢ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ | ᠱᠠᠲᠤᠨ ᠠᠴᠠ ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ | ᠵᠠᠬᠢᠷᠭᠠᠨ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ ᠠᠵᠢᠯ ᠢ | ᠬᠠᠮᠢᠶᠠᠷᠤᠨ᠎ᠠ᠃ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠠᠷᠪᠠᠳᠤᠭᠠᠷ ᠵᠦᠢᠯ ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠠᠷ | ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃ | ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ ᠲᠤᠲᠤᠷ᠎ᠠ ᠠᠵᠤ | ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ ᠶᠠᠪᠤᠳᠠᠯ ᠢ ᠨᠡᠮᠡᠭᠳᠡᠭᠦᠯᠬᠦ ᠶᠢ | ᠵᠦ᠋ᠷᠢᠭᠵᠢᠭᠤᠯᠠᠨᠠ᠃ ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ | ᠠᠵᠢᠯ ᠲᠠᠢ ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ ᠠᠵᠢᠯ ᠲᠠᠢ ᠪᠤᠯᠬᠤ ᠶᠢ ᠵᠦ᠋ᠷᠢᠭᠵᠢᠭᠤᠯᠤᠨᠠ᠃ | ᠠᠷᠪᠠᠨ ᠨᠢᠭᠡᠳᠦᠭᠡᠷ ᠵᠦᠢᠯ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ | ᠠᠷᠭ᠎ᠠ ᠬᠡᠮᠵᠢᠶ᠎ᠡ ᠠᠪᠴᠤ ᠠᠵᠢᠯ ᠲᠠᠨᠢᠯᠴᠠᠭᠤᠯᠬᠤ ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ ᠠᠵᠢᠯ | ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ᠂ | ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃ | ᠠᠷᠪᠠᠨ ᠭᠤᠷᠪᠠᠳᠤᠭᠠᠷ ᠵᠦᠢᠯ ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ ᠤᠯᠬᠤ | ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ ᠦᠭᠡᠢ | ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠴᠢᠨᠠᠷ ᠤᠨ | ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ | ᠪᠠᠷᠢᠮᠵᠢᠶ᠎ᠠ ᠶᠢ ᠲᠡᠭᠡᠭᠰᠢᠯᠡᠭᠦᠯᠵᠤ ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ ᠵᠢᠩᠬᠢᠨᠢ | ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ | ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠶᠢ ᠴᠠᠭᠠᠵᠠᠯᠠᠨ᠎ᠠ᠃ ᠤᠳᠬ᠎ᠠ ᠤᠷᠠᠯᠢᠭ᠂ | ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠢ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ ᠡᠷᠬᠡᠪᠰᠢ ᠤᠯᠤᠰ ᠤᠨ ᠬᠤᠯᠪᠤᠭᠳᠠᠯ | ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠢ ᠬᠦᠢᠴᠡᠳᠭᠡᠬᠦ ᠬᠡᠷᠡᠭᠲᠠᠢ ᠪᠦᠭᠡᠳ | ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠬᠤ ᠬᠡᠷᠡᠭᠲᠠᠢ᠃ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠠᠷᠪᠠᠨ ᠵᠢᠷᠭᠤᠳᠤᠭᠠᠷ ᠵᠦᠢᠯ ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ ᠬᠡᠷᠡᠭᠯᠡᠬᠦ | ᠨᠢᠭᠡᠴᠢ ᠶᠢᠨ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ | ᠲᠤᠳᠤᠷᠬᠠᠶᠢᠯᠠᠬᠤ ᠬᠡᠯᠡᠯᠴᠡᠭᠡᠷ ᠮᠦᠨ᠃ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ | ᠪᠠᠶᠢᠭᠤᠯᠬᠤ ᠬᠡᠷᠡᠭᠲᠠᠢ᠃ | ᠠᠷᠪᠠᠨ ᠲᠤᠯᠤᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ ᠬᠤᠪᠢᠷᠠᠭᠤᠯᠬᠤ ᠳᠠᠭᠠᠨ ᠡᠷᠬᠡ | ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃ ᠬᠦᠳᠡᠯᠮᠦᠷᠢ ᠶᠢᠨ ᠭᠡᠷ᠎ᠡ ᠨᠢ | ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ ᠪᠤᠯᠤᠨ᠎ᠠ᠂ | ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ ᠬᠦᠮᠦᠨ ᠡᠷᠬᠡᠪᠰᠢ ᠬᠦᠢᠴᠡᠳᠭᠡᠬᠦ ᠬᠡᠷᠡᠭᠲᠠᠢ᠃ | ᠠᠷᠪᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ | ᠬᠦᠳᠡᠯᠮᠦᠷᠢ ᠶᠢᠨ ᠭᠡᠷ᠎ᠡ ︔ | ︵ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ | ᠬᠦᠳᠡᠯᠮᠦᠷᠢ ᠶᠢᠨ ᠭᠡᠷ᠎ᠡ ︔ ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ | ᠡᠬᠢᠯᠡᠭᠡᠳ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ | ᠬᠦᠴᠦᠨ ᠦᠭᠡᠢ ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ | ᠦᠭᠡᠢ ᠪᠤᠯ ᠪᠤᠰᠤᠳ ᠬᠡᠰᠡᠭ ᠨᠢ ᠮᠦᠨ ᠬᠦ ᠬᠦᠴᠦᠨ ᠲᠠᠢ᠃ ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ | ᠪᠤᠯᠬᠤ ᠶᠢ ᠬᠦᠳᠡᠯᠮᠦᠷᠢ ᠶᠢᠨ ᠮᠠᠷᠭᠤᠭᠠᠨ ᠤ ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ | ᠬᠤᠷᠢᠶᠠᠨ ᠠᠴᠠ ᠨᠤᠲᠠᠯᠠᠨ ᠲᠣᠭᠲᠠᠭᠠᠨ᠎ᠠ᠃ | ᠠᠷᠪᠠ ᠶᠢᠰᠤᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ ᠪᠦᠭᠡᠳ | ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ ᠪᠠᠶᠢᠬᠤ ᠬᠡᠷᠡᠭᠲᠠᠢ᠄ | ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ︔ | ︵ᠬᠤᠶᠠᠷ︶ ᠠᠵᠢᠯ ᠤᠨ ᠠᠭᠤᠯᠭ᠎ᠠ ︔ | ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ ᠪᠠ ᠬᠦᠳᠡᠯᠮᠦᠷᠢ ᠶᠢᠨ ᠨᠦᠬᠦᠴᠡᠯ ︔ | ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ ︔ | ︵ᠲᠠᠪᠤ︶ ᠬᠦᠳᠡᠯᠮᠦᠷᠢ ᠶᠢᠨ ᠰᠠᠬᠢᠯᠭ᠎ᠠ ᠪᠠᠲᠤ ︔ | ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ︔ | ︵ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ ᠬᠦᠳᠡᠯᠮᠦᠷᠢ ᠶᠢᠨ | ᠭᠡᠷ᠎ᠡ ᠳᠤ ᠡᠮᠦᠨᠡᠬᠢ ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ ᠬᠡᠷᠡᠭᠲᠠᠢ ᠵᠦᠢᠯ ᠪᠠᠶᠢᠳᠠᠭ ᠠᠴᠠ ᠭᠠᠳᠠᠨ᠎ᠠ | ᠲᠤᠬᠠᠢ ᠶᠢᠨ ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ ᠲᠤᠭᠲᠠᠭᠠᠵᠤ ᠪᠤᠯᠤᠨ᠎ᠠ᠃ | ᠬᠤᠷᠢᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ ᠴᠠᠭ | ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ | ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃ ᠬᠦᠳᠡᠯᠮᠦᠷᠢᠴᠢᠨ ᠬᠦᠮᠦᠨ | ᠬᠡᠷᠡᠭᠯᠡᠬᠦ ᠨᠢᠭᠡᠴᠢ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ ᠠᠵᠢᠯᠯᠠᠭᠠᠳ ᠬᠤᠶᠠᠷ ᠲᠠᠯ᠎ᠠ ᠶᠢᠨ ᠲᠤᠬᠠᠢ ᠶᠢᠨ | ᠬᠦᠮᠦᠨ ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ ᠵᠦᠪᠰᠢᠶᠡᠷᠡᠵᠤ᠂ ᠬᠦᠳᠡᠯᠮᠦᠷᠢᠴᠢᠨ ᠠᠴᠠ ᠲᠤᠭᠲᠠᠮᠠᠯ ᠴᠠᠭ | ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠪᠠᠷ ᠲᠤᠷᠠᠳᠤᠭᠰᠠᠨ ᠪᠠᠶᠢᠪᠠᠯ ᠲᠤᠭᠲᠠᠭᠰᠠᠨ | ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ | ᠲᠤᠭᠲᠠᠭᠠᠵᠤ ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ | ᠬᠡᠲᠤᠷᠡᠵᠤ ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ | ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠢ ᠶᠢᠨ ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ ᠬᠤᠯᠪᠤᠭᠳᠠᠯ | ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ ᠪᠤᠶᠤ | ᠲᠤᠬᠠᠢ ᠶᠢᠨ ᠬᠦᠮᠦᠨ ᠤ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ ᠪᠠᠶᠢᠪᠠᠯ | ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃ | ᠬᠤᠷᠢᠨ ᠲᠦᠷᠪᠡᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ | ᠰᠠᠨᠠᠯ ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ | ᠬᠤᠷᠢᠨ ᠲᠠᠪᠤᠳᠤᠭᠠᠷ ᠵᠦᠢᠯ ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ | ᠬᠤᠭᠤᠴᠠᠭᠠᠨ ᠳᠤ ᠭᠡᠷᠡᠴᠢᠯᠡᠭᠳᠡᠭᠰᠡᠨ ︔ | ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠢ ᠶᠢᠨ ᠲᠦᠷᠢᠮ | ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ ︔ | ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ | ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠢ ᠶᠢᠨ ᠠᠰᠢᠭ ᠲᠤᠰᠠ ᠳᠤ ᠬᠦᠨᠳᠤ ᠶᠡᠭᠡ ᠬᠤᠬᠢᠷᠠᠯ | ᠤᠴᠠᠷᠠᠭᠤᠯᠤᠭᠰᠠᠨ ︔ | ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | ᠬᠤᠷᠢᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ | ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ ᠭᠤᠴᠢ | ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄ | ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠭᠠᠳ | ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ | ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠢ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ ᠬᠢᠵᠤ | ᠴᠢᠳᠠᠬᠤ ᠦᠭᠡᠢ ᠪᠤᠯᠤᠭᠰᠠᠨ ︔ | ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ | ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ | ᠪᠠᠶᠢᠬᠤ ︔ | ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ | ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ | ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ | ᠬᠤᠪᠢᠷᠠᠭᠤᠯᠬᠤ ᠲᠤᠬᠠᠢ ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃ | ᠬᠤᠷᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠠᠮᠪᠠᠷᠠᠬᠤ ᠰᠢᠬᠠᠭᠠᠳ ᠬᠠᠤᠯᠢ ᠶᠤᠰᠤᠭᠠᠷ | ᠴᠡᠭᠴᠡᠯᠡᠬᠦ ᠬᠤᠭᠤᠴᠠᠭᠠᠨ ᠳᠤ ᠪᠠᠶᠢᠬᠤ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ ᠬᠡᠴᠡᠭᠦᠦ | ᠬᠦᠴᠢᠷᠳᠡᠯ ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ ᠬᠤᠨᠤᠭ ᠤᠨ ᠡᠮᠦᠨ᠎ᠡ | ᠠᠵᠢᠯᠴᠢᠨ ᠤ ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ ᠠᠵᠢᠯᠴᠢᠨ ᠤ | ᠡᠪᠯᠡᠯ ᠪᠤᠶᠤ ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠃ ᠬᠦᠮᠦᠨ ᠬᠡᠷᠡᠭᠯᠡᠬᠦ ᠨᠢᠭᠡᠴᠢ ᠲᠤᠰ | ᠵᠦᠢᠯ ᠤᠨ ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ ᠰᠠᠷ᠎ᠠ ᠶᠢᠨ ᠲᠤᠲᠤᠷ᠎ᠠ ᠬᠦᠮᠦᠨ ᠡᠯᠰᠡᠵᠤ | ᠬᠡᠷᠡᠭᠯᠡᠪᠡᠯ ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ ᠬᠡᠷᠡᠭᠲᠠᠢ᠃ | ᠬᠤᠷᠢᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠲᠦᠷᠪᠡᠳᠦᠭᠡᠷ | ᠵᠦᠢᠯ᠂ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ ᠲᠤᠭᠲᠠᠭᠠᠯ | ᠶᠤᠰᠤᠭᠠᠷ ᠠᠵᠤ ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃ | ᠬᠤᠷᠢ ᠶᠢᠰᠤᠳᠦᠭᠡᠷ ᠵᠦᠢᠯ ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭ᠊ᠡ᠋ ᠨᠢ | ᠪᠠᠶᠢᠪᠠᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ | ᠵᠦᠢᠯ ᠤᠨ ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ | ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠲᠤᠭᠠᠳ | ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ ᠲᠤᠳᠤᠯᠠᠭᠳᠠᠭᠰᠠᠨ ︔ | ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ ᠪᠠᠶᠢᠬᠤ | ︔ | ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ | ᠬᠦᠬᠦᠭᠦᠯᠬᠦ ᠬᠤᠭᠤᠴᠠᠭᠠᠨ ᠳᠠᠭᠠᠨ ᠪᠠᠶᠢᠬᠤ ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ | ᠪᠠᠶᠢᠳᠠᠯ ᠤᠳ᠃ | ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠤ ᠳᠤ ᠠᠵᠢᠯᠴᠢᠨ ᠤ ᠡᠪᠯᠡᠯ ᠲᠤᠬᠢᠷᠠᠮᠵᠢ ᠦᠭᠡᠢ ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ | ᠬᠦᠮᠦᠨ ᠬᠡᠷᠡᠭᠯᠡᠬᠦ ᠨᠢᠭᠡᠴᠢ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ | ᠪᠠᠶᠢᠪᠠᠯ ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ | ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ | ᠡᠪᠯᠡᠯ ᠬᠠᠤᠯᠢ ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃ | ᠭᠤᠴᠢᠨ ᠨᠢᠭᠡᠳᠦᠭᠡᠷ ᠵᠦᠢᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ | ᠭᠡᠪᠡᠯ ᠭᠤᠴᠢ ᠬᠤᠨᠤᠭ ᠤᠨ ᠡᠮᠦᠨ᠎ᠡ ᠬᠦᠮᠦᠨ ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠳᠡᠯᠮᠦᠷᠢᠴᠢᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ | ᠮᠡᠳᠡᠭᠳᠡᠵᠤ ᠪᠤᠯᠤᠨ᠎ᠠ᠄ | ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ ︔ | ︵ᠬᠤᠶᠠᠷ︶ ᠬᠦᠮᠦᠨ ᠬᠡᠷᠡᠭᠯᠡᠬᠦ ᠨᠢᠭᠡᠴᠢ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ | ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ ︔ | ︵ᠭᠤᠷᠪᠠ︶ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ | ᠬᠦᠳᠡᠯᠮᠦᠷᠢ ᠶᠢᠨ ᠬᠦᠯᠦᠰᠦ ᠣᠯᠭᠤᠮᠵᠢ ᠤᠯᠭᠤᠭᠰᠨ ᠦᠭᠡᠢ ᠪᠤᠶᠤ ᠬᠦᠳᠡᠯᠮᠦᠷᠢᠯᠡᠬᠦ ᠨᠦᠬᠦᠴᠡᠯ ᠦᠯᠦ ᠬᠠᠩᠭᠠᠭᠰᠠᠨ᠃ | | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ | ᠠᠬᠤᠶᠢᠯᠠᠯ ᠬᠤᠭᠤᠷᠤᠨᠳᠤ ᠪᠠᠨ ᠬᠦᠳᠡᠯᠮᠦᠷᠢ ᠶᠢᠨ ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ | ᠠᠮᠠᠷᠠᠯᠲᠠ ᠶᠢᠨ ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ ᠲᠠᠭᠠᠳᠬᠠᠯ | ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ | ᠭᠡᠷ᠎ᠡ ᠶᠢᠨ ᠲᠦᠰᠦᠯ ᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ | ᠠᠵᠢᠯᠴᠢᠨ ᠳᠤ ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃ ᠬᠠᠮᠲᠤ ᠶᠢᠨ ᠭᠡᠷ᠎ᠡ ᠶᠢ ᠠᠵᠢᠯᠴᠢᠨ ᠤ | ᠡᠪᠯᠡᠯ ᠠᠴᠠ ᠠᠵᠢᠯᠲᠠᠨ ᠠᠵᠢᠯᠴᠢᠨ ᠢ ᠲᠦᠯᠦᠭᠡᠯᠡᠨ ᠠᠵᠤ ᠠᠬᠤᠶᠢᠯᠠᠯ ᠯᠤᠭ᠎ᠠ ᠲᠤᠭᠲᠠᠭᠠᠨ᠎ᠠ ︔ ᠠᠵᠢᠯᠴᠢᠨ ᠤ | ᠡᠪᠯᠡᠯ ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ | ᠠᠵᠤ ᠠᠬᠤᠶᠢᠯᠠᠯ ᠯᠤᠭ᠎ᠠ ᠲᠤᠭᠲᠠᠭᠠᠨ᠎ᠠ᠃ | ᠭᠤᠴᠢᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠲᠡᠪᠰᠢᠭᠦᠯᠬᠦ ᠬᠡᠷᠡᠭᠲᠠᠢ ︔ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ | ᠠᠷᠪᠠᠨ ᠲᠠᠪᠤᠨ ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ | ᠬᠦᠴᠦᠨ ᠲᠠᠢ ᠪᠤᠯᠤᠨ᠎ᠠ᠃ | ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ | ᠠᠬᠤᠶᠢᠯᠠᠯ ᠪᠠ ᠠᠵᠤ ᠠᠬᠤᠶᠢᠯᠠᠯ ᠤᠨ ᠪᠦᠬᠦ ᠠᠵᠢᠯᠲᠠᠨ ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ | ᠠᠵᠢᠯᠴᠢᠨ ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢᠨ | ᠲᠤᠲᠤᠷᠠᠬᠢ ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ | ᠬᠠᠮᠲᠤ ᠶᠢᠨ ᠭᠡᠷ᠎ᠡ ᠶᠢᠨ ᠲᠤᠭᠲᠠᠭᠠᠯ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ | ᠭᠤᠴᠢᠨ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ | ᠴᠠᠭ ᠢ ᠨᠠᠢᠮᠠᠨ ᠴᠠᠭ ᠠᠴᠠ ᠦᠯᠦ ᠬᠡᠲᠦᠷᠡᠭᠦᠯᠬᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠲᠦᠴᠢᠨ | ᠲᠦᠷᠪᠡᠨ ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃ | ᠭᠤᠴᠢᠨ ᠲᠤᠯᠤᠳᠤᠭᠠᠷ ᠵᠦᠢᠯ ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ ᠬᠦᠳᠡᠯᠮᠦᠷᠢᠴᠢᠳ ᠲᠤ | ᠪᠤᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠠᠵᠢᠯ ᠤᠨ | ᠴᠠᠭ ᠤᠨ ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ ᠲᠤᠭᠠᠴᠠᠭᠠᠯᠠᠨ ᠪᠤᠳᠤᠬᠤ ᠬᠦᠯᠦᠰᠤ | ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠳ ᠤᠨ ᠭᠠᠷᠠᠭ ᠪᠦᠷᠢ | ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ ᠬᠡᠷᠡᠭᠲᠠᠢ᠃ | ᠭᠤᠴᠢ ᠶᠢᠰᠤᠳᠦᠭᠡᠷ ᠵᠦᠢᠯ ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ ᠪᠤᠯᠵᠤ | ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ ᠬᠡᠷᠡᠭᠵᠢᠭᠦᠯᠵᠤ | ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠡᠳ | ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃ | ᠳᠦᠴᠢᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ | ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ | ᠬᠡᠷᠡᠭᠲᠠᠢ᠄ | ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ ︔ | ︵ᠬᠤᠶᠠᠷ︶ ᠴᠠᠭᠠᠨ ᠰᠠᠷ᠎ᠠ ᠶᠢᠨ ᠪᠠᠶᠠᠷ ︔ | ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ ︔ | ︵ᠲᠦᠷᠪᠡ︶ ᠤᠯᠤᠰ ᠤᠨ ᠪᠠᠶᠠᠷ ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ | ᠲᠤᠭᠲᠠᠭᠠᠭᠰᠠᠨ ᠪᠤᠰᠤᠳ ᠪᠠᠶᠠᠷ ᠤᠨ ᠡᠳᠦᠷ᠃ | ᠲᠦᠴᠢᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠳᠤᠨᠢ | ᠬᠡᠷᠡᠭᠴᠡᠭᠡ ᠲᠠᠢ ᠪᠤᠯᠪᠠᠯ ᠠᠵᠢᠯᠴᠢᠨ ᠤ ᠡᠪᠯᠡᠯ ᠪᠠ ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ | ᠴᠠᠭ ᠢ ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ ᠨᠢᠭᠡ ᠴᠠᠭ ᠠᠴᠠ | ᠬᠡᠳᠦᠷᠡᠭᠦᠯᠵᠤ ᠪᠤᠯᠬᠤ ᠦᠭᠡᠢ ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ | ᠴᠢᠬᠤᠯᠠ ᠲᠠᠢ ᠪᠠᠶᠢᠪᠠᠯ ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ | ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠂ ᠭᠡᠪᠡᠴᠤ | ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃ | ᠲᠦᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠠᠵᠢᠯᠯᠠᠬᠤ | ᠴᠠᠭ ᠢ ᠤᠷᠲᠤᠳᠬᠠᠬᠤ ᠳᠤ ᠲᠤᠰ ᠬᠠᠤᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ ᠬᠢᠵᠠᠭᠠᠷᠯᠠᠭᠳᠠᠬᠤ | ᠦᠭᠡᠢ᠄ | ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ | ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ | ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ ︔ | ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ᠂ | ᠤᠯᠠᠨ ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ | ᠨᠡᠶᠢᠲᠡ ᠶᠢᠨ ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ ᠴᠢᠬᠤᠯᠠ ᠲᠠᠢ | ᠪᠤᠯᠤᠭᠰᠠᠨ ︔ | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ | ᠪᠠᠶᠢᠳᠠᠯ ᠤᠳ᠃ | ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠢ ᠵᠦᠷᠢᠴᠡᠵᠤ | ᠬᠦᠳᠡᠯᠮᠦᠷᠢᠴᠢᠳ ᠤᠨ ᠠᠵᠢᠯᠯᠠᠬᠤ ᠴᠠᠭ ᠢ ᠣᠷᠲᠤᠳᠬᠠᠵᠤ ᠪᠤᠯᠬᠤ ᠦᠭᠡᠢ᠃ | ᠲᠦᠴᠢᠨ ᠲᠦᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ | ᠬᠡᠷᠡᠭᠯᠡᠬᠦ ᠨᠢᠭᠡᠴᠢ ᠲᠤᠤᠷᠠᠬᠢ ᠪᠠᠷᠢᠮᠵᠢᠶ᠎ᠠ ᠶᠤᠰᠤᠭᠠᠷ ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ | ᠴᠠᠯᠢᠩ ᠠᠴᠠ ᠲᠡᠭᠡᠭᠦᠷ ᠴᠠᠯᠢᠩ ᠬᠦᠯᠦᠰᠤ ᠤᠯᠭᠤᠬᠤ ᠬᠡᠷᠡᠭᠲᠠᠢ᠄ | ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ ᠪᠠᠶᠢᠪᠠᠯ | ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ ︔ | ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ ᠪᠦᠭᠡᠳ | ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ ᠵᠠᠭᠤᠨ | ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ ︔ | ︵ ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ ᠠ᠊ᠵᠢᠯᠯᠠᠬᠤ ᠪᠠᠷ | ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ | ᠬᠦᠯᠦᠰᠤ ᠤᠯᠭᠤᠨ᠎ᠠ᠃ | ᠲᠦᠴᠢᠨ ᠲᠠᠪᠤᠳᠤᠭᠠᠷ ᠵᠦᠢᠯ ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ | ᠠᠪᠬᠤ ᠲᠦᠷᠢᠮ ᠢ ᠬᠡᠷᠡᠭᠵᠢᠭᠦᠯᠦᠨ᠎ᠡ᠃ ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ | ᠪᠠᠶᠢᠪᠠᠯ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ ᠪᠤᠲᠠᠲᠠᠢ ᠲᠦᠷᠢᠮ ᠢ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠲᠠᠭᠠᠨ᠎ᠠ᠃ | ᠲᠠ᠊ᠪᠤᠳᠤᠭᠠᠷ ᠪᠦᠯᠦᠭ ᠴᠠᠯᠢᠩ | ᠲᠦᠴᠢᠨ ᠵᠢᠷᠭᠤᠳᠤᠭᠠᠷ ᠵᠦᠢᠯ ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ ᠪᠠᠷ | ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃ | ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ ᠠᠯᠬᠤᠮ ᠢᠶᠠᠷ | ᠲᠡᠭᠡᠭᠰᠢᠯᠡᠭᠦᠯᠦᠨ᠎ᠡ᠃ ᠣᠯᠣᠰ ᠠᠴᠠ ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ ᠡᠵᠡᠮᠳᠡᠯ | ᠶᠠᠪᠤᠭᠤᠯᠤᠨ᠎ᠠ᠃ | ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠨᠢᠭᠡᠴᠢ ᠶᠢᠨ ᠢᠶᠠᠨ ᠦᠢᠯᠡᠳᠪᠦᠷᠢᠯᠡᠯ | ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠤᠰᠦᠯᠡᠨ ᠲᠤᠰ ᠨᠢᠭᠡᠴᠢ ᠶᠢᠨ ᠢᠶᠠᠨ | ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ ᠶᠤᠰᠤᠭᠠᠷ ᠪᠡᠶ᠎ᠡ ᠪᠠᠨ | ᠲᠠᠭᠠᠭᠠᠵᠤ ᠲᠤᠭᠲᠠᠭᠠᠨ᠎ᠠ᠃ | ᠲᠦᠴᠢᠨ ᠨᠠᠢᠮᠠᠳᠣᠭᠠᠷ ᠵᠦᠢᠯ ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ ᠲᠦᠷᠢᠮ ᠢ | ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ ᠬᠦᠮᠦᠨ ᠬᠡᠷᠡᠭᠯᠡᠬᠦ ᠨᠢᠭᠡᠴᠢ ᠠᠴᠠ ᠬᠦᠳᠡᠯᠮᠦᠷᠢᠴᠢᠳ ᠲᠤ | ᠤᠯᠭᠤᠬᠤ ᠴᠠᠯᠢᠩ ᠨᠢ ᠲᠤᠬᠠᠢ ᠶᠢᠨ ᠭᠠᠵᠠᠷ ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ | ᠪᠠᠶᠢᠵᠤ ᠪᠤᠯᠬᠤ ᠦᠭᠡᠢ᠃ | ᠲᠦᠴᠢ ᠶᠢᠰᠤᠳᠦᠭᠡᠷ ᠵᠦᠢᠯ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ ᠲᠡᠭᠦᠨ ᠳᠤ | ᠲᠤᠬᠢᠷᠠᠭᠤᠯᠤᠯᠲᠠ ᠬᠢᠬᠦ ᠳᠡᠭᠡᠨ ᠲᠤᠤᠷ᠎ᠠ ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ ᠪᠤᠯᠭᠠᠬᠤ | ᠬᠡᠷᠡᠭᠲᠠᠢ᠄ | ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ | ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠵᠠᠷᠤᠳᠠᠯ ︔ | ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ ︔ | ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ ︔ | ︵ᠲᠦᠷᠪᠡ︶ ᠠᠵᠢᠯ ᠤᠯᠭᠤᠭᠰᠠᠨ ᠪᠠᠶᠢᠳᠠᠯ ︔ | ︵ᠲᠠᠪᠤ︶ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠶᠢᠨ ᠬᠦᠭᠵᠢᠯᠲᠡ ᠶᠢᠨ ᠬᠢᠷᠢ | ᠬᠡᠮᠵᠢᠶᠡᠨ ᠤ ᠵᠦᠷᠢᠶ᠎ᠡ᠃ | ᠲᠠᠪᠢᠳᠤᠭᠠᠷ ᠵᠦᠢᠯ ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦ᠋ᠢᠷᠴᠢᠨ ᠬᠤᠪᠢ ᠬᠦᠮᠦᠨ ᠳᠤ ᠰᠠᠷ᠎ᠠ | ᠲᠠᠷᠠᠭᠠᠯᠠᠨ ᠤᠯᠭᠤᠬᠤ ᠬᠡᠷᠡᠭᠲᠠᠢ᠃ ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ | ᠦᠭᠡᠢ ᠪᠠᠷ ᠬᠠᠰᠤᠵᠤ ᠪᠤᠯᠬᠤ ᠦᠭᠡᠢ᠃ ᠲᠠᠪᠢᠨ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠪᠠᠷ | ᠲᠤᠭᠲᠠᠭᠠᠭᠰᠠᠨ ᠠᠮᠠᠷᠠᠯᠲᠠ ᠶᠢᠨ ᠡᠳᠦᠷ ᠪᠠ ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ | ᠬᠠᠤᠯᠢ ᠶᠤᠰᠤᠭᠠᠷ ᠨᠡᠶᠢᠭᠡᠮ ᠤᠨ ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ | ᠨᠢᠭᠡᠴᠢ ᠬᠠᠤᠯᠢ ᠶᠤᠰᠤᠭᠠᠷ ᠤᠯᠭᠤᠬᠤ ᠬᠡᠷᠡᠭᠲᠠᠢ᠃ |