ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠠᠪᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠷᠬᠡᠪᠰᠢ ᠬᠦᠳᠡᠯᠮᠦᠷᠢ ᠶᠢᠨ ᠠᠶᠤᠯᠭᠦᠢ ᠪᠠ ᠡᠷᠡᠭᠦᠯ | ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ ᠠᠶᠤᠯᠬᠦᠢ ᠪᠠᠶᠢᠬᠤ ᠪᠠ | ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠬᠦᠳᠡᠯᠮᠮᠦᠷᠢᠴᠢᠳ ᠲᠤ | ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ᠂ ᠬᠦᠳᠡᠯᠮᠦᠷᠢ ᠶᠢᠨ | ᠶᠠᠪᠤᠳᠠᠯ ᠳᠠᠬᠢ ᠭᠡᠨᠡᠳᠡᠯ ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ ᠪᠠᠭᠠᠰᠬᠠᠬᠤ ᠬᠡᠷᠡᠭᠲᠠᠢ᠃ | ᠲᠠᠪᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ | ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ ᠡᠬᠢᠯᠡᠵᠤ | ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ ᠠᠶᠤᠯᠭᠦᠢ ᠪᠠᠶᠢᠬᠤ ᠪᠠ | ᠡᠷᠡᠭᠦᠯ ᠬᠠᠮᠠᠭᠠᠯᠠᠯ ᠤᠨ ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠦᠯᠦᠪᠯᠡᠨ | ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ ᠬᠡᠷᠡᠭᠯᠡᠬᠦ ᠬᠡᠷᠡᠭᠲᠠᠢ᠃ | ᠲᠠᠪᠢᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠡᠷᠭᠡᠪᠰᠢ ᠬᠦᠳᠡᠯᠮᠦᠷᠢᠴᠢᠳ ᠲᠤ ᠤᠯᠤᠰ ᠤᠨ | ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ | ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ ᠴᠢᠨᠠᠷᠲᠠᠢ ᠬᠤᠤᠷ | ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ | ᠪᠠᠶᠢᠴᠠᠭᠠᠯᠲᠠ ᠬᠢᠬᠦ ᠬᠡᠷᠡᠭᠲᠠᠢ᠃ | ᠲᠠᠪᠢᠨ ᠲᠠᠪᠤᠳᠤᠭᠠᠷ ᠵᠦᠢᠯ ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ ᠲᠤᠰᠬᠠᠢ | ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ ᠬᠡᠷᠡᠭᠲᠠᠢ᠃ | | ᠲᠠᠪᠢᠨ ᠵᠢᠷᠭᠤᠳᠤᠭᠠᠷ ᠵᠦᠢᠯ ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ ᠪᠠᠷ | ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠃ ᠬᠦᠮᠦᠨ ᠬᠡᠷᠡᠭᠯᠡᠬᠦ ᠨᠢᠭᠡᠴᠢ ᠶᠢᠨ | ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ | ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ ᠦᠭᠡᠢ ᠪᠠᠶᠢᠬᠤ ᠡᠷᠬᠡ ᠲᠠᠢ ︔ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ | ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠲᠠᠪᠢᠨ ᠲᠤᠯᠤᠳᠤᠭᠠᠷ ᠵᠦᠢᠯ ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ ᠴᠢᠨᠠᠷᠲᠠᠢ | ᠡᠪᠡᠳᠴᠢᠨ ᠢ ᠪᠦᠷᠢᠳᠭᠡᠨ ᠮᠡᠳᠡᠭᠦᠯᠬᠦ᠂ ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ ᠠᠴᠠ | ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠤᠨ ᠣᠷᠳᠤᠨ ᠤ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ | ᠬᠡᠷᠡᠭᠯᠡᠬᠦ ᠨᠢᠭᠡᠴᠢ ᠨᠢ ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ | ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ | ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳ᠋᠊ᠦᠢ ᠠᠵᠢᠯᠴᠢᠨ ᠤ ᠤᠨᠴᠠᠭᠠᠢ | ᠬᠠᠮᠠᠭᠠᠯᠠᠯᠲᠠ | ᠲᠠᠪᠢᠨ ᠨᠠᠢᠮᠠᠳᠣᠭᠠᠷ ᠵᠦᠢᠯ ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ | ᠠᠵᠢᠯᠴᠢᠨ ᠳᠤ ᠬᠦᠳᠡᠯᠮᠦᠷᠢ ᠶᠢᠨ ᠤᠨᠴᠠᠭᠠᠢ ᠬᠠᠮᠠᠭᠠᠯᠠᠯᠲᠠ ᠬᠡᠷᠡᠭᠵᠢᠬᠦᠯᠦᠨ᠎ᠡ᠃ ᠨᠠᠰᠤᠨ ᠳᠤ ᠬᠦᠷᠦᠭᠡᠳᠦᠢ | ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ | ᠬᠦᠳᠡᠯᠮᠦᠷᠢᠴᠢᠨ ᠢ ᠬᠡᠯᠡᠵᠤ ᠪᠠᠶᠢᠨ᠎ᠠ᠃ | ᠲᠠᠪᠢ ᠶᠢᠰᠤᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ᠂ | ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ | ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ | ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ | ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ ᠪᠠᠷ | ᠲᠤᠬᠢᠷᠠᠭᠤᠯᠵᠤ ᠪᠤᠯᠬᠤ ᠦᠭᠡᠢ᠃ | ᠵᠢᠷᠠᠨ ᠨᠢᠭᠡᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ ᠤᠯᠤᠰ ᠠᠴᠠ | ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠵᠢᠷᠮᠤᠰᠤᠨ | ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠮᠦᠰᠦᠯᠡᠭᠡᠳ | ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠲᠡᠲᠡ ᠨᠠᠷ ᠢ | ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ ᠡᠳᠦᠷ ᠠᠴᠠ | ᠲᠤᠷᠤᠭᠰᠢ ᠦᠭᠡᠢ ᠬᠦᠩᠭᠡᠵᠢᠬᠦ ᠴᠢᠯᠦᠭᠡ ᠶᠢ ᠡᠳᠡᠯᠡᠨ᠎ᠡ᠃ | ᠵᠢᠷᠠᠨ ᠭᠤᠷᠪᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ ᠬᠡᠤᠬᠡᠳ ᠢᠶᠠᠨ | ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ | ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ ᠴᠡᠭᠡᠷ ᠲᠠᠢ | ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ | ᠤᠷᠲᠤᠳᠬᠠᠬᠤ ᠪᠠ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠦᠷᠪᠡᠳᠦᠭᠡᠷ ᠵᠦᠢᠯ ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ | ᠲᠤᠲᠤᠷ᠎ᠠ ᠠᠵᠢᠯᠯᠠᠭᠤᠯᠬᠤ᠂ ᠬᠤᠤᠷ ᠬᠦᠨᠦᠭᠡᠯ ᠲᠠᠢ ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ | ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ ᠬᠦᠳᠡᠯᠮᠦᠷᠢ | ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠲᠠᠨ ᠠᠵᠢᠯᠴᠢᠨ ᠳᠤ | ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ | ᠨᠠᠢᠮᠠᠳᠣᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠵᠢᠷᠠᠨ ᠵᠢᠷᠭᠤᠳᠤᠭᠠᠷ ᠵᠦᠢᠯ ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠣ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ ᠤᠨ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ ᠬᠦᠳᠡᠯᠮᠦᠷᠢᠴᠢᠳ ᠤᠨ ᠬᠡᠪ ᠴᠢᠨᠠᠷ ᠢ | ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ ᠨᠡᠮᠡᠭᠳᠡᠭᠦᠯᠦᠨ᠎ᠡ | ᠃ | ᠵᠢᠷᠠᠨ ᠲᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ | ᠪᠤᠯᠪᠠᠰᠤᠷᠠᠯ ᠢ ᠭᠦᠭᠵᠢᠭᠦᠯᠬᠦ ᠶᠢ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ | ᠣᠷᠣᠭᠤᠯᠵᠣ᠂ ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠪᠠ ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ | ᠵᠦ᠋ᠷᠢᠭᠵᠢᠭᠤᠯᠤᠨ ᠲᠡᠮᠵᠢᠬᠦ ᠬᠡᠷᠡᠭᠲᠠᠢ᠃ | ᠵᠢᠷᠠᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ | ᠪᠠᠶᠢᠭᠤᠯᠵᠤ᠂ ᠤᠯᠤᠰ ᠤᠨ ᠲᠤᠭᠲᠠᠭᠠᠯ ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ ᠭᠠᠷᠭᠠᠨ | ᠠᠪᠬᠤ ᠪᠠ ᠬᠡᠷᠡᠭᠯᠡᠵᠤ᠂ ᠲᠤᠰ ᠨᠢᠭᠡᠴᠢ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ ᠬᠦᠳᠡᠯᠮᠦᠷᠢᠴᠢᠳ ᠢ | ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ ᠠᠵᠢᠯ | ᠬᠢᠬᠦ ᠬᠦᠳᠡᠯᠮᠦᠷᠢᠴᠢᠳ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ | ᠬᠡᠷᠡᠭᠲᠠᠢ᠃ | ᠵᠢᠷᠠ ᠶᠢᠰᠤᠳᠦᠭᠡᠷ ᠵᠦᠢᠯ ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠲᠤᠭᠲᠠᠭᠠᠵᠤ᠂ | ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ ᠮᠡᠷᠭᠡᠵᠢᠯ ᠤᠨ | ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ ᠵᠦᠪᠰᠢᠶᠡᠷᠡᠭᠦᠯᠦᠭᠰᠡᠨ ᠬᠢᠨᠠᠨ | ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠬᠢᠨᠠᠨ | ᠲᠤᠭᠲᠠᠭᠠᠯᠲᠠ ᠬᠢᠬᠦ ᠶᠢ ᠬᠠᠷᠢᠭᠤᠴᠠᠨ᠎ᠠ᠃ | ᠶᠢᠰᠤᠳᠦᠭᠡᠷ ᠪᠦᠯᠦᠭ ᠨᠡᠶᠢᠭᠡᠮ ᠤᠨ ᠲᠠᠭᠠᠳᠬᠠᠯ ᠪᠠ ᠠᠰᠠᠷᠠᠮᠵᠢ | ᠲᠠᠯᠠᠳᠤᠭᠠᠷ ᠵᠦᠢᠯ ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ ᠨᠡᠶᠢᠭᠡᠮ ᠤᠨ | ᠲᠠᠭᠠᠳᠬᠠᠯ ᠤᠨ ᠲᠦᠷᠢᠮ ᠢ ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ᠂ | ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ ᠠᠯᠳᠠᠬᠤ᠂ | ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃ | ᠲᠠᠯᠠᠨ ᠨᠢᠭᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ | ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠠ ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ | ᠵᠤᠬᠢᠴᠠᠯᠳᠤᠬᠤ ᠬᠡᠷᠡᠭᠲᠠᠢ᠃ | ᠲᠠᠯᠠᠨ ᠬᠤᠶᠠᠳᠤᠭᠠᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ ᠤᠨ | ᠲᠦᠷᠦᠯ ᠢ ᠨᠢ ᠦᠨᠳᠤᠰᠦᠯᠡᠨ ᠪᠡᠯᠡ ᠮᠦᠩᠭᠦᠨ ᠤ ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ ᠨᠡᠶᠢᠭᠡᠮ | ᠲᠡᠭᠡᠷ᠎ᠡ ᠠᠴᠠ ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠢ ᠪᠠ ᠬᠦᠳᠡᠯᠮᠦᠷᠢᠴᠢᠳ ᠡᠷᠬᠡᠪᠰᠢ | ᠬᠠᠤᠯᠢ ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ | ᠲᠤᠰᠢᠶᠠᠬᠤ ᠬᠡᠷᠡᠭᠲᠠᠢ᠃ | ᠲᠠᠯᠠᠨ ᠭᠤᠷᠪᠠᠳᠤᠭᠠᠷ ᠵᠦᠢᠯ ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ ᠨᠡᠶᠢᠭᠡᠮ ᠤᠨ | ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠲᠡᠨ᠎ᠡ᠄ | ︵ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ ︔ | ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ ︔ | ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ ᠴᠢᠨᠠᠷᠲᠠᠢ | ᠡᠪᠡᠳᠴᠢᠨ ᠤᠯᠤᠭᠰᠠᠨ ︔ | ︵ᠲᠦᠷᠪᠡ︶ ᠠᠵᠢᠯ ᠠᠯᠳᠠᠭᠰᠠᠨ ︔ | ︵ᠲᠠᠪᠤ︶ ᠬᠦᠩᠭᠡᠵᠢᠭᠰᠡᠨ᠃ ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ | ᠶᠤᠰᠤᠭᠠᠷ ᠭᠡᠷ ᠪᠦᠯᠢ ᠶᠢᠨ ᠬᠢᠨ ᠤ ᠤᠯᠭᠤᠮᠵᠢ ᠬᠦᠷᠲᠡᠨ᠎ᠡ᠃ ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ | ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ | ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ | ᠲᠠᠭᠠᠳᠬᠠᠯ ᠤᠨ ᠮᠦᠩᠭᠦ ᠶᠢ ᠡᠷᠬᠡᠪᠰᠢ ᠴᠠᠭ ᠲᠤᠬᠠᠢ ᠳᠤᠨᠢ ᠲᠤᠭ᠎ᠠ ᠶᠤᠰᠤᠭᠠᠷ ᠨᠢ ᠤᠯᠭᠤᠬᠤ ᠬᠡᠷᠡᠭᠲᠠᠢ᠃ | ᠲᠠᠯᠠᠨ ᠲᠦᠷᠪᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠭᠠᠷᠲᠠᠨ ᠡᠷᠬᠢᠯᠡᠬᠦ | ᠪᠠᠶᠢᠭᠤᠯᠤᠮᠵᠢ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠬᠠᠤᠯᠢ ᠶᠢᠨ ᠲᠤᠭᠲᠠᠭᠠᠯ ᠶᠤᠰᠤᠭᠠᠷ ᠬᠤᠷᠢᠶᠠᠨ | ᠠᠪᠴᠣ ᠵᠠᠷᠤᠬᠤ᠂ ᠬᠠᠮᠢᠶᠠᠷᠬᠤ ᠪᠠ ᠬᠡᠷᠡᠭᠯᠡᠬᠦ ᠪᠦᠭᠡᠳ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢᠨ | ᠦᠷᠲᠡᠭ ᠢ ᠪᠠᠲᠤᠯᠠᠵᠤ ᠨᠡᠮᠡᠭᠳᠡᠭᠦᠯᠬᠦ ᠬᠠᠷᠢᠭᠤᠴᠠᠯᠭ᠎ᠠ ᠲᠠᠢ᠃ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ | ᠬᠢᠨᠠᠯᠲᠠ ᠲᠠᠯᠪᠢᠬᠤ ᠪᠠᠶᠢᠭᠤᠯᠤᠮᠵᠢ ᠬᠠᠤᠯᠢ ᠶᠢᠨ ᠲᠤᠭᠲᠠᠭᠠᠯ ᠶᠤᠰᠤᠭᠠᠷ ᠨᠡᠶᠢᠭᠡᠮ ᠤᠨ ᠲᠠᠭᠠᠳᠬᠠᠯ ᠤᠨ ᠮᠦᠩᠭᠦ ᠶᠢ | ᠬᠤᠷᠢᠶᠠᠨ ᠠᠪᠴᠤ ᠵᠠᠷᠤᠬᠤ᠂ ᠬᠠᠮᠢᠶᠠᠷᠴᠤ ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠨᠡᠶᠢᠭᠡᠮ ᠤᠨ | ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠪᠠ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠪᠠ ᠲᠡᠭᠦᠨ ᠤ ᠡᠭᠦᠷᠭᠡ ᠲᠤᠰᠢᠶᠠᠯ ᠢ ᠬᠠᠤᠯᠢ ᠪᠠᠷ | ᠲᠤᠭᠲᠠᠭᠠᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢ ᠨᠡᠭᠦᠯᠭᠡᠨ ᠬᠡᠷᠡᠭᠯᠡᠵᠤ ᠪᠤᠯᠬᠤ ᠦᠭᠡᠢ᠃ | ᠲᠠᠯᠠᠨ ᠲᠠᠪᠤᠳᠤᠭᠠᠷ ᠵᠦᠢᠯ ᠬᠦᠮᠦᠨ ᠬᠡᠷᠡᠭᠡᠯᠡᠬᠦ ᠨᠢᠭᠡᠴᠢ ᠶᠢᠨ ᠲᠤᠰ ᠨᠢᠭᠡᠴᠢ ᠶᠢᠨ ᠢᠶᠠᠨ ᠪᠤᠳᠠᠳᠤ | ᠪᠠᠶᠢᠳᠠᠯ ᠢ ᠦᠨᠳᠤᠰᠦᠯᠡᠨ ᠬᠦᠳᠡᠯᠮᠦᠷᠢᠴᠢᠳ ᠲᠤ ᠨᠦᠬᠦᠪᠦᠷᠢ ᠲᠠᠭᠠᠳᠬᠠᠯ ᠪᠠᠶᠢᠭᠤᠯᠵᠤ ᠦᠭᠬᠦ ᠶᠢ ᠤᠯᠤᠰ ᠠᠴᠠ | ᠵᠦ᠋ᠷᠢᠭᠵᠢᠭᠤᠯᠤᠨᠠ᠃ ᠬᠦᠳᠡᠯᠮᠦᠷᠢᠴᠢᠳ ᠤᠨ ᠬᠤᠪᠢ ᠪᠠᠷ ᠢᠶᠠᠨ ᠬᠠᠳᠠᠭᠠᠯᠠᠮᠵᠢ ᠶᠢᠨ ᠴᠢᠨᠠᠷᠲᠠᠢ ᠲᠠᠭᠠᠳᠬᠠᠯ ᠬᠢᠬᠦ ᠶᠢ | ᠤᠯᠤᠰ ᠠᠴᠠ ᠰᠠᠨᠠᠭᠠᠴᠢᠯᠠᠨ᠎ᠠ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠬᠦᠭᠵᠢᠭᠦᠯᠵᠤ᠂ | ᠤᠯᠠᠨ ᠨᠡᠶᠢᠲᠡ ᠶᠢᠨ ᠠᠰᠠᠷᠠᠮᠵᠢ ᠶᠢᠨ ᠲᠦᠬᠦᠭᠡᠷᠤᠮᠵᠢ ᠶᠢ ᠪᠠᠶᠢᠭᠤᠯᠵᠤ᠂ ᠬᠦᠳᠡᠯᠮᠦᠷᠢᠴᠢᠳ ᠤᠨ ᠠᠮᠠᠷᠠᠬᠤ᠂ ᠠᠮᠠᠷᠠᠨ | ᠰᠤᠪᠢᠯᠠᠬᠤ ᠪᠠ ᠡᠮᠨᠡᠭᠦᠯᠦᠨ ᠰᠤᠪᠢᠯᠠᠬᠤ ᠳᠤ ᠨᠦᠬᠦᠴᠡᠯ ᠬᠠᠩᠭᠠᠨ᠎ᠠ᠃ ᠬᠦᠮᠦᠨ ᠬᠡᠷᠡᠭᠯᠡᠬᠦ ᠨᠢᠭᠡᠴᠢ ᠨᠦᠬᠦᠴᠡᠯ | ᠪᠦᠷᠢᠯᠳᠤᠭᠦᠯᠦᠨ ᠨᠡᠶᠢᠲᠡ ᠶᠢᠨ ᠠᠰᠠᠷᠠᠮᠵᠢ ᠶᠢ ᠰᠠᠶᠢᠵᠢᠷᠠᠭᠤᠯᠵᠤ᠂ ᠬᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ | ᠲᠡᠭᠡᠭᠰᠢᠯᠡᠭᠦᠯᠬᠦ ᠬᠡᠷᠡᠭᠲᠠᠢ᠃ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠲᠠᠯᠠᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠪᠤᠯᠤᠨ ᠬᠦᠳᠡᠯᠮᠦᠷᠢᠴᠢᠨ ᠬᠤᠭᠤᠷᠤᠨᠳᠤ ᠪᠠᠨ | ᠬᠦᠳᠡᠯᠮᠦᠷᠢ ᠶᠢᠨ ᠮᠠᠷᠭᠤᠭᠠᠨ ᠭᠠᠷᠪᠠᠯ ᠲᠤᠬᠠᠢ ᠶᠢᠨ ᠬᠦᠮᠦᠨ ᠬᠠᠤᠯᠢ ᠶᠤᠰᠤᠭᠠᠷ ᠡᠶᠡᠳᠡᠭᠦᠯᠬᠦ᠂ ᠬᠦᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠡᠯᠴᠡᠨ ᠰᠢᠢᠳᠪᠦᠷᠢᠯᠡᠵᠤ ᠴᠣ ᠪᠤᠯᠤᠨ᠎ᠠ᠃ | ᠡᠶᠡᠳᠡᠭᠦᠯᠬᠦ ᠵᠠᠷᠴᠢᠮ ᠢ ᠬᠦᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠵᠢᠷᠤᠮ ᠳᠤ ᠬᠡᠷᠡᠭᠯᠡᠨ᠎ᠡ᠃ | ᠲᠠᠯᠠᠨ ᠨᠠᠢᠮᠠᠳᠣᠭᠠᠷ ᠵᠦᠢᠯ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠳᠡᠭᠡᠨ ᠬᠠᠤᠯᠢ ᠳᠤ ᠨᠡᠶᠢᠴᠡᠬᠦ᠂ | ᠭᠤᠤᠯᠴᠢ ᠪᠠᠶᠢᠬᠤ᠂ ᠴᠠᠭ ᠲᠤᠬᠠᠢ ᠲᠤᠨᠢ ᠰᠢᠢᠳᠪᠦᠷᠢᠯᠡᠬᠦ ᠵᠠᠷᠴᠢᠮ ᠢ ᠦᠨᠳᠤᠰᠤᠯᠡᠨ ᠬᠦᠳᠡᠯᠮᠦᠷᠢ ᠶᠢᠨ ᠮᠠᠷᠭᠤᠭᠠᠨ ᠤ | ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠬᠤ ᠬᠡᠷᠡᠭᠲᠠᠢ᠃ | ᠲᠠᠯ᠎ᠠ ᠶᠢᠰᠦᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠲᠠᠷᠠᠭ᠎ᠠ᠂ ᠲᠤᠬᠠᠢ ᠶᠢᠨ ᠬᠦᠮᠦᠨ | ᠲᠤᠰ ᠨᠢᠭᠡᠴᠢ ᠶᠢᠨ ᠢᠶᠠᠨ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠲᠤ ᠡᠶᠡᠳᠡᠭᠦᠯᠬᠦ ᠭᠤᠶᠤᠴᠢᠯᠠᠯ | ᠭᠠᠷᠭᠠᠵᠤ ᠪᠤᠯᠤᠨ᠎ᠠ ︔ ᠡᠶᠡᠳᠡᠭᠦᠯᠦᠨ ᠪᠦᠲᠦᠭᠰᠡᠨ ᠦᠭᠡᠢ ᠪᠠᠶᠢᠪᠠᠯ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ | ᠬᠦᠨᠳᠡᠯᠡᠨ ᠠᠴᠠ ᠲᠠᠰᠤᠯᠤᠭᠤᠯᠬᠤ ᠪᠠᠷ ᠱᠠᠭᠠᠷᠳᠠᠭᠰᠠᠨ ᠪᠤᠯ᠂ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ | ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠤᠯᠤᠨ᠎ᠠ᠃ ᠨᠢᠭᠡ | ᠲᠠᠯ᠎ᠠ ᠶᠢᠨ ᠲᠤᠬᠠᠢ ᠶᠢᠨ ᠬᠦᠮᠦᠨ ᠨᠢ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠰᠢᠭᠤᠳ ᠬᠦᠨᠳᠡᠯᠡᠨ ᠠᠴᠠ ᠲᠠᠰᠣᠯᠣᠭᠤᠯᠬᠤ ᠳᠤ ᠭᠤᠶᠤᠴᠢᠯᠠᠯ ᠭᠠᠷᠭᠠᠵᠤ ᠴᠤ ᠪᠤᠯᠤᠨ᠎ᠠ᠃ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠠᠷᠠᠳ ᠤᠨ ᠰᠢᠭᠦᠬᠦ ᠬᠤᠷᠢᠶᠠᠨ ᠳᠤ | ᠵᠠᠭᠠᠯᠳᠤᠯᠭ᠎ᠠ ᠭᠠᠷᠭᠠᠵᠤ ᠪᠤᠯᠤᠨ᠎ᠠ᠃ | ᠨᠠᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠳᠤ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ | ᠪᠠᠶᠢᠭᠤᠯᠵᠤ ᠪᠤᠯᠤᠨ᠎ᠠ᠃ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠲᠠᠨ ᠠᠵᠢᠯᠴᠢᠨ ᠤ | ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠦᠯᠦᠭᠡᠯᠡᠭᠴᠢ ᠪᠠ ᠠᠵᠢᠯᠴᠢᠨ ᠤ ᠡᠪᠯᠡᠯ ᠤᠨ | ᠲᠦᠯᠦᠭᠡᠯᠡᠭᠴᠢ ᠪᠠᠷ ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠡᠶᠡᠳᠡᠭᠦᠯᠬᠦ ᠺᠤᠮᠢᠰ ᠤᠨ | ᠡᠷᠬᠢᠯᠡᠭᠴᠢ ᠶᠢᠨ ᠲᠤᠰᠢᠶᠠᠯ ᠢ ᠠᠵᠢᠯᠲᠠᠨ ᠤ ᠡᠪᠯᠡᠯ ᠤᠨ ᠲᠦᠯᠦᠭᠡᠯᠡᠭᠴᠢ ᠡᠬᠦᠷᠭᠡᠯᠡᠨ᠎ᠡ᠃ ᠬᠦᠳᠡᠯᠮᠦᠷᠢ ᠶᠢᠨ | ᠮᠠᠷᠭᠤᠭᠠᠨ ᠢ ᠡᠶᠡᠳᠡᠭᠦᠯᠦᠭᠡᠳ ᠬᠡᠯᠡᠯᠴᠡᠭᠡᠷ ᠲᠤᠬᠢᠷᠠᠭᠰᠠᠨ ᠪᠠᠶᠢᠪᠠᠯ ᠲᠤᠬᠠᠢ ᠶᠢᠨ ᠬᠦᠮᠦᠨ ᠬᠡᠷᠡᠭᠵᠢᠭᠦᠯᠬᠦ ᠬᠡᠷᠡᠭᠲᠠᠢ᠃ | ᠨᠠᠶᠠᠨ ᠨᠢᠭᠡᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠣᠯᠬᠤ ᠺᠤᠮᠢᠰ ᠨᠢ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠠᠳᠠᠯᠢ ᠱᠠᠲᠤᠨ ᠤ ᠠᠵᠢᠯᠴᠢᠨ ᠤ | ᠡᠪᠯᠡᠯ ᠤᠨ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠠᠯ᠎ᠠ ᠶᠢᠨ ᠲᠦᠯᠦᠭᠡᠯᠡᠭᠴᠢ ᠪᠠᠷ ᠪᠦᠷᠢᠯᠳᠦᠨ᠎ᠡ᠃ | ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠤᠨ ᠡᠷᠬᠢᠯᠡᠭᠴᠢ ᠶᠢᠨ ᠲᠤᠰᠢᠶᠠᠯ ᠢ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ ᠡᠭᠦᠷᠭᠡᠯᠡᠨ᠎ᠡ᠃ | ᠨᠠᠶᠠᠨ ᠬᠤᠶᠠᠳᠤᠭᠠᠷ ᠵᠦᠢᠯ ᠬᠦᠨᠳᠡᠯᠡᠨ ᠠᠴᠠ ᠲᠠᠰᠣᠯᠣᠭᠤᠯᠬᠤ ᠱᠠᠭᠠᠷᠳᠠᠯᠭ᠎ᠠ ᠲᠤᠷᠠᠳᠤᠭᠰᠠᠨ | ᠲᠠᠯ᠎ᠠ ᠪᠠᠷ ᠨᠢ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠡᠳᠦᠷ ᠠᠴᠠ ᠡᠬᠢᠯᠡᠨ ᠵᠢᠷᠠᠨ ᠬᠤᠨᠤᠭ ᠤᠨ ᠲᠤᠲᠤᠷ᠎ᠠ | ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠪᠢᠴᠢᠭ ᠢᠶᠠᠷ ᠭᠤᠶᠤᠴᠢᠯᠠᠯ ᠭᠠᠷᠭᠠᠬᠤ | ᠭᠡᠷᠡᠭᠲᠠᠢ ︔ ᠬᠦᠨᠳᠡᠯᠡᠨ ᠠᠴᠠ ᠲᠠᠰᠤᠯᠬᠤ ᠬᠢᠨᠡᠨ ᠲᠠᠰᠤᠯᠤᠯᠲᠠ ᠶᠢ ᠡᠩ ᠤᠨ ᠪᠠᠶᠢᠳᠠᠯ ᠲᠤᠤᠷ᠎ᠠ ᠬᠦᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠢ ᠤᠯᠤᠭᠰᠠᠨ ᠡᠳᠦᠷ ᠠᠴᠠ ᠬᠤᠶᠢᠰᠢ ᠶᠢᠨ ᠵᠢᠷᠠᠨ ᠬᠤᠨᠤᠭ ᠤᠨ ᠲᠤᠲᠤᠷ᠎ᠠ ᠭᠠᠷᠭᠠᠨ᠎ᠠ | ᠂ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠳᠤ ᠤᠨᠳᠤᠤ ᠰᠠᠨᠠᠯ ᠦᠭᠡᠢ ᠪᠤᠯ ᠲᠤᠬᠠᠢ ᠶᠢᠨ ᠬᠦᠮᠦᠨ | ᠡᠷᠬᠡᠪᠰᠢ ᠬᠡᠷᠡᠭᠵᠢᠭᠦᠯᠬᠦ ᠬᠡᠷᠡᠭᠲᠡᠢ᠃ | ᠨᠠᠶᠠᠨ ᠭᠤᠷᠪᠠᠳᠤᠭᠠᠷ ᠵᠦᠢᠯ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠬᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ | ᠲᠠᠰᠤᠯᠤᠯᠲᠠ ᠶᠢᠨ ᠪᠢᠴᠢᠭ ᠢ ᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ ᠠᠷᠠᠳ ᠤᠨ | ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠠᠤᠯᠢ ᠳᠤ | ᠲᠤᠭᠲᠠᠭᠠᠭᠰᠠᠨ ᠬᠤᠭᠤᠴᠠᠭᠠᠨ ᠲᠤᠲᠤᠷ᠎ᠠ ᠵᠠᠭᠠᠯᠳᠤᠯᠭ᠎ᠠ ᠭᠠᠷᠭᠠᠬᠤ ᠦᠭᠡᠢ ᠪᠦᠭᠡᠳ ᠬᠦᠨᠳᠡᠯᠨ ᠠᠴᠠ ᠲᠠᠰᠤᠯᠤᠭᠰᠠᠨ | ᠬᠢᠨᠠᠨ ᠲᠠᠰᠤᠯᠤᠯᠲᠠ ᠶᠢ ᠬᠡᠷᠡᠭᠵᠢᠭᠦᠯᠬᠦ ᠦᠭᠡᠢ ᠪᠠᠶᠢᠪᠠᠯ ᠨᠦᠭᠦᠭᠡ ᠲᠠᠯ᠎ᠠ ᠶᠢᠨ ᠲᠤᠬᠠᠢ ᠶᠢᠨ ᠬᠦᠮᠦᠨ ᠠᠯᠪᠠᠳᠠᠨ | ᠬᠦᠢᠴᠡᠳᠭᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠪᠤᠯᠤᠨ᠎ᠠ᠃ | ᠨᠠᠶᠠᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠲᠤᠭᠲᠠᠭᠠᠭᠰᠠᠨ ᠤ ᠲᠠᠷᠠᠭ᠎ᠠ ᠪᠠᠷ ᠮᠠᠷᠭᠤᠭᠠᠨ ᠭᠠᠷᠤᠭᠠᠳ | ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠲᠤᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠤᠯᠪᠤᠭᠳᠠᠯ ᠪᠦᠬᠦᠢ | ᠲᠠᠯ᠎ᠠ ᠶᠢᠨ ᠬᠢᠨ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠢᠳᠪᠦᠷᠢᠯᠡᠵᠤ ᠪᠤᠯᠤᠨ᠎ᠠ᠃ ᠬᠠᠮᠲᠤ ᠶᠢᠨ ᠭᠡᠷ᠎ᠡ ᠶᠢ | ᠬᠡᠷᠡᠭᠵᠢᠬᠦᠯᠦᠭᠰᠡᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ | ᠴᠢᠳᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ ︔ ᠬᠦᠨᠳᠡᠯᠡᠨ ᠠᠴᠠ ᠲᠠᠰᠤᠯᠤᠭᠰᠠᠨ ᠬᠢᠨᠠᠨ | ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ | ᠪᠢᠴᠢᠭ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤ ᠬᠤᠨᠤᠭ ᠤᠨ ᠲᠤᠲᠤᠷ᠎ᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃ | | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠨᠠᠶᠠᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠲᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠬᠦᠮᠦᠨ ᠬᠡᠷᠡᠭᠯᠡᠬᠦ ᠨᠢᠭᠡᠴᠢ ᠶᠢᠨ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠤᠰᠤᠭᠠᠷ | ᠬᠢᠨᠠᠯᠲᠠ ᠲᠠᠯᠪᠢᠨ ᠪᠠᠶᠢᠴᠠᠭᠠᠯᠲᠠ ᠬᠢᠵᠤ᠂ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ | ᠵᠦᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠬᠡ ᠲᠠᠢ ᠪᠦᠭᠡᠳ ᠵᠠᠷᠯᠢᠭᠳᠠᠨ ᠵᠠᠯᠠᠷᠠᠭᠤᠯᠬᠤ | ᠬᠡᠷᠡᠭᠲᠠᠢ᠃ | ᠨᠠᠶᠠᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ | ᠪᠠᠶᠢᠴᠠᠭᠠᠬᠤ ᠠᠵᠢᠯᠲᠠᠳ ᠠᠯᠪᠠᠨ ᠠᠵᠢᠯ ᠢᠶᠠᠨ ᠭᠦᠢᠴᠡᠳᠭᠡᠭᠦ ᠳᠡᠭᠡᠨ ᠬᠦᠮᠦᠨ ᠬᠡᠷᠡᠭᠯᠡᠬᠦ ᠨᠢᠭᠡᠴᠢ ᠳᠤ ᠬᠦᠷᠴᠤ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠦᠢᠯᠠᠭᠠᠵᠤ᠂ | ᠴᠢᠬᠤᠯᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠦᠭᠡᠳ ᠬᠦᠳᠡᠯᠮᠦᠷᠢ ᠶᠢᠨ ᠭᠠᠵᠠᠷ ᠲᠤ ᠪᠠᠶᠢᠴᠠᠭᠠᠯᠲᠠ ᠬᠢᠭᠦ | ᠡᠷᠬᠡ ᠲᠠᠢ᠃ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠠᠯᠪᠠᠨ | ᠠᠵᠢᠯ ᠢᠶᠠᠨ ᠭᠦᠢᠴᠡᠳᠭᠡᠬᠦ ᠳᠡᠭᠡᠨ ᠡᠷᠬᠡᠪᠰᠢ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠢ ᠭᠤᠤᠯᠴᠢ ᠪᠠᠷ | ᠬᠡᠷᠡᠭᠵᠢᠭᠦᠯᠬᠦ ᠶᠢᠨ ᠬᠠᠮᠲᠤ ᠬᠤᠯᠪᠤᠭᠳᠠᠯ ᠪᠦᠬᠦᠢ ᠲᠤᠭᠲᠠᠭᠠᠯ ᠢ ᠰᠠᠬᠢᠬᠤ ᠬᠡᠷᠡᠭᠲᠠᠢ᠃ | ᠨᠠᠶᠠᠨ ᠲᠤᠯᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠲᠤᠲᠤᠷ᠎ᠠ ᠪᠠᠨ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ | ᠂ ᠬᠠᠤᠯᠢ ᠲᠤᠭᠲᠠᠭᠠᠯ ᠢ ᠵᠢᠷᠤᠮᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ | ᠨᠠᠶᠠᠨ ᠨᠠᠢᠮᠠᠳᠤᠭᠠᠷ ᠵᠦᠢᠯ ᠡᠯ᠎ᠡ ᠱᠠᠲᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ | ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠢ ᠶᠢᠨ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ | ᠬᠡᠷᠡᠭᠲᠠᠢ᠃ ᠶᠠᠮᠠᠷᠪᠠ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠴᠦᠮ ᠬᠦᠳᠡᠯᠮᠦᠷᠢ ᠶᠢᠨ ᠬᠠᠤᠯᠢ ᠴᠠᠭᠠᠵᠠ᠂ | ᠬᠠᠤᠯᠢ ᠲᠤᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠶᠠ ᠶᠢᠰᠤᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠲᠤᠭᠲᠠᠭᠠᠭᠰᠠᠨ ᠬᠦᠳᠡᠯᠮᠦᠷᠢ ᠶᠢᠨ ᠲᠦᠷᠢᠮ | ᠲᠤᠭᠲᠠᠭᠠᠯ ᠨᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠠᠯ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠠᠷᠠᠮᠵᠢ ᠦᠭᠴᠤ ᠵᠠᠷᠯᠢᠭᠳᠠᠨ ᠵᠠᠯᠠᠷᠠᠭᠤᠯᠬᠤ | ᠬᠡᠷᠡᠭᠲᠠᠢ᠃ | ᠶᠡᠷᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠠᠴᠠ ᠵᠦᠷᠢᠴᠡᠨ | ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠰᠡᠷᠡᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ ᠪᠦᠭᠡᠳ ᠵᠤᠭᠤᠰ ᠢᠶᠠᠷ ᠲᠤᠷᠭᠠᠵᠤ ᠪᠤᠯᠤᠨ᠎ᠠ | ᠃ | ᠶᠡᠷᠡᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠦᠳᠡᠯᠮᠦᠷᠢᠴᠢᠳ ᠤᠨ ᠴᠠᠯᠢᠩ ᠬᠦᠯᠦᠰᠤ᠂ ᠠᠵᠤ | ᠠᠬᠤᠢ ᠶᠢᠨ ᠨᠦᠬᠦᠪᠦᠷᠢ ᠶᠢ ᠲᠦᠯᠦᠭᠦᠯᠬᠦ ᠪᠦᠭᠡᠳ ᠵᠠᠷᠯᠢᠭᠳᠠᠵᠤ ᠪᠠᠶᠢᠭᠠᠳ ᠲᠦᠯᠦᠪᠦᠷᠢ ᠶᠢᠨ ᠮᠦᠩᠬᠦ ᠦᠭᠭᠦᠭᠦᠯᠵᠤ | ᠪᠤᠯᠤᠨ᠎ᠠ᠄ | ︵ ᠨᠢᠭᠡ︶ ᠬᠦᠳᠡᠯᠮᠦᠷᠢᠴᠢᠳ ᠤᠨ ᠴᠠᠯᠢᠩ ᠢ ᠬᠠᠰᠣᠭᠰᠠᠨ ᠪᠤᠶᠤ ᠤᠴᠢᠷ ᠰᠢᠯᠲᠠᠭᠠᠨ ᠦᠭᠡᠢ ᠪᠠᠷ | ᠰᠠᠭᠠᠲᠠᠭᠠᠭᠰᠠᠨ ︔ | ︵ᠬᠤᠶᠠᠷ︶ ᠬᠦᠳᠡᠯᠮᠦᠷᠢᠴᠢᠳ ᠤᠨ ᠤᠷᠲᠤᠳᠬᠠᠭᠰᠠᠨ ᠠᠵᠢᠯ ᠤᠨ ᠴᠠᠭ ᠤᠨ ᠴᠠᠯᠢᠩ ᠬᠦᠯᠦᠰᠦ ᠶᠢ ᠦᠯᠦ | ᠦᠭᠭᠦᠭᠰᠡᠨ ︔ | ︵ᠭᠤᠷᠪᠠ︶ ᠬᠦᠳᠡᠯᠮᠦᠷᠢᠴᠢᠳ ᠤᠨ ᠴᠠᠯᠢᠩ ᠢ ᠲᠤᠬᠠᠢ ᠶᠢᠨ ᠭᠠᠵᠠᠷ ᠤᠨ ᠬᠠᠮᠤᠭ ᠲᠤᠤᠷ᠎ᠠ ᠴᠠᠯᠢᠩ ᠤᠨ | ᠪᠠᠷᠢᠮᠵᠢᠶ᠎ᠠ ᠠᠴᠠ ᠲᠤᠤᠷ᠎ᠠ ᠤᠯᠤᠭᠰᠠᠨ ︔ | ︵ᠲᠦᠷᠪᠡ︶ ᠬᠦᠳᠡᠯᠮᠦᠷᠢᠴᠢᠳ ᠤᠨ ᠭᠡᠷ᠎ᠡ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠲᠤᠰ | ᠬᠠᠤᠯᠢ ᠶᠢᠨ ᠲᠤᠭᠲᠠᠭᠠᠯ ᠶᠤᠰᠤᠭᠠᠷ ᠬᠦᠳᠡᠯᠮᠦᠷᠢᠴᠢᠳ ᠲᠤ ᠠᠵᠤ ᠠᠬᠤᠢ ᠶᠢᠨ ᠨᠦᠬᠦᠪᠦᠷᠢ ᠦᠯᠦ ᠤᠯᠤᠭᠰᠠᠨ᠃ | ᠶᠡᠷᠡᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠠᠶᠤᠯᠬᠦᠢ ᠶᠢᠨ ᠪᠡᠯᠡᠳᠭᠡᠯ | ᠲᠦᠬᠦᠭᠡᠷᠤᠮᠵᠢ ᠪᠠ ᠬᠦᠳᠡᠯᠮᠦᠷᠢ ᠶᠢᠨ ᠡᠷᠡᠭᠦᠯ ᠬᠠᠮᠠᠭᠠᠯᠠᠯ ᠤᠨ ᠨᠦᠬᠦᠴᠡᠯ ᠤᠯᠤᠰ ᠤᠨ ᠲᠤᠭᠲᠠᠭᠠᠯ ᠳᠤ ᠨᠡᠶᠢᠴᠡᠬᠦ | ᠦᠭᠡᠢ ᠪᠤᠶᠤ ᠬᠦᠳᠡᠯᠮᠦᠷᠢᠴᠢᠳ ᠲᠤ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠ | ᠬᠦᠳᠡᠯᠮᠦᠷᠢ ᠶᠢᠨ ᠬᠠᠮᠠᠭᠠᠯᠠᠯᠲᠠ ᠶᠢᠨ ᠲᠦᠬᠦᠭᠡᠷᠤᠮᠵᠢ ᠬᠠᠩᠭᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ | ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠭᠦᠯᠬᠦ ᠪᠠᠷ ᠰᠠᠨᠠᠭᠤᠯᠭ᠎ᠠ ᠭᠠᠷᠭᠠᠵᠤ ᠪᠤᠯᠤᠨ᠎ᠠ ︔ ᠭᠡᠨᠡᠳᠡᠯ ᠭᠠᠷᠬᠤ | ᠲᠠᠯᠳᠠ ᠭᠡᠮ ᠳᠤ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠬᠦᠨᠳᠤ ᠶᠡᠭᠡ ᠭᠡᠨᠡᠳᠡᠯ ᠭᠠᠷᠴᠣ | ᠬᠦᠳᠡᠯᠮᠦᠷᠢᠴᠢᠳ ᠤᠨ ᠠᠮᠢ ᠨᠠᠰᠤ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠡᠷᠡᠭᠦᠦ ᠶᠢᠨ | ᠬᠠᠤᠯᠢ ᠶᠢᠨ ᠵᠠᠭᠤ ᠨᠠᠶᠠᠨ ᠲᠤᠯᠤᠳᠤᠭᠠᠷ ᠵᠦᠢᠯ ᠤᠨ ᠲᠤᠭᠲᠠᠭᠠᠯ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠨ ᠢ ᠠᠯᠪᠠᠳᠠᠨ ᠲᠤᠭᠲᠠᠭᠠᠯ ᠠᠴᠠ | ᠵᠦᠷᠢᠴᠡᠵᠤ ᠠᠶᠤᠯ ᠲᠦᠭᠰᠢᠭᠦᠷᠢ ᠲᠠᠢ ᠠᠵᠢᠯ ᠬᠢᠯᠭᠡᠭᠡᠳ ᠰᠢᠷᠬᠠᠳᠤᠭᠰᠠᠨ ᠦᠭᠦᠭᠰᠡᠨ ᠬᠦᠨᠳᠤ ᠶᠡᠭᠡ ᠭᠡᠨᠡᠳᠡᠯ | ᠭᠠᠷᠴᠤ ᠬᠦᠨᠳᠤ ᠨᠤᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠠᠤᠯᠢ ᠪᠤᠰᠤ ᠪᠠᠷ ᠪᠦᠬᠦᠯᠢ ᠠᠷᠪᠠᠨ ᠵᠢᠷᠭᠤᠭᠠᠨ | ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭ᠍ᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ ︔ ᠦᠢᠯᠡ ᠪᠠᠶᠢᠳᠠᠯ ᠨᠢ | ᠬᠦᠨᠳᠤ ᠨᠤᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠡᠵᠡᠩᠨᠡᠬᠦ ᠦᠨᠡᠮᠯᠡᠯ ᠢ ᠨᠢ ᠬᠤᠷᠢᠶᠠᠵᠤ ᠠᠪᠤᠨ᠎ᠠ᠃ | ᠶᠠᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ | ᠬᠦᠷᠦᠭᠡᠳᠦᠢ ᠠᠵᠢᠯᠴᠢᠨ ᠤ ᠬᠠᠮᠠᠭᠠᠯᠠᠯᠲᠠ ᠶᠢᠨ ᠲᠤᠬᠠᠢ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠲᠡᠳᠡ | ᠨᠠᠷ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭ᠍ᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ ︔ ᠡᠮᠡᠭᠲᠠᠢ ᠠᠵᠢᠯᠲᠠᠨ ᠠᠵᠢᠯᠴᠢᠨ | ᠪᠤᠶᠤ ᠨᠠᠰᠤᠨ ᠳᠤ ᠬᠦᠷᠦᠭᠡᠳᠦᠢ ᠠᠵᠢᠯᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠠᠢ᠃ ᠶᠡᠷᠡᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠶᠢ ᠭᠠᠷᠭᠠᠭᠰᠠᠨ ᠪᠠᠶᠢᠪᠠᠯ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠬᠠᠷᠢᠭᠤᠴᠠᠯᠭ᠎ᠠ ᠲᠠᠢ ᠬᠦᠮᠦᠨ ᠳᠤ ᠠᠷᠪᠠᠨ ᠲᠠᠪᠤᠨ ᠬᠤᠨᠤᠭ ᠠᠴᠠ ᠲᠤᠷᠤᠭᠰᠢ ᠲᠦᠷ ᠬᠤᠷᠢᠬᠤ᠂ ᠵᠤᠭᠤᠰ ᠢᠶᠠᠷ | ᠲᠤᠷᠭᠠᠬᠤ ᠪᠤᠶᠤ ᠰᠠᠷᠠᠮᠵᠢ ᠦᠭᠬᠦ ᠰᠢᠳᠭᠡᠯ ᠦᠭᠬᠦᠨ᠎ᠡ ︔ ᠶᠠᠯ᠎ᠠ ᠪᠤᠯᠵᠤ ᠪᠦᠷᠢᠯᠳᠤᠭᠰᠡᠨ ᠪᠠᠶᠢᠪᠠᠯ ᠬᠠᠤᠯᠢ | ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ | ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ ᠬᠦᠳᠡᠯᠮᠦᠷᠢᠯᠡᠭᠦᠯᠦᠭᠰᠡᠨ ︔ | ︵ᠬᠤᠶᠠᠷ︶ ᠬᠦᠳᠡᠯᠮᠦᠷᠢᠴᠢᠨ ᠢ ᠲᠤᠷᠤᠮᠵᠢᠯᠠᠵᠤ᠂ ᠲᠠᠮᠤᠯᠠᠨ ᠵᠤᠪᠠᠭᠠᠵᠤ᠂ ᠵᠤᠳᠤᠵᠤ ᠴᠤᠬᠢᠬᠤ᠂ ᠬᠠᠤᠯᠢ | ᠪᠤᠰᠤ ᠪᠠᠷ ᠨᠡᠩᠵᠢᠭᠰᠡᠨ ᠪᠠ ᠬᠤᠷᠢᠭᠰᠠᠨ᠃ | ᠶᠡᠷᠡᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠤᠴᠢᠷ ᠰᠢᠯᠲᠠᠭᠠᠨ ᠠᠴᠠ ᠪᠤᠯᠵᠤ ᠬᠦᠴᠦᠨ | ᠦᠭᠡᠢ ᠭᠡᠷ᠎ᠡ ᠪᠠᠶᠢᠭᠤᠯᠤᠭᠠᠳ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠤᠭᠰᠠᠨ ᠪᠠᠶᠢᠪᠠᠯ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ | ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠵᠤᠷᠢᠭᠤᠳᠠ ᠤᠳᠠᠭᠠᠰᠢᠷᠠᠭᠤᠯᠤᠨ | ᠬᠦᠳᠡᠯᠮᠦᠷᠢ ᠶᠢᠨ ᠭᠡᠷ᠎ᠡ ᠲᠤᠭᠲᠠᠭᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭ᠍ᠳᠡᠨ ᠵᠠᠯᠠᠷᠠᠭᠤᠯᠤᠨ᠎ᠠ ︔ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠣᠭᠰᠠᠨ ᠪᠠᠶᠢᠪᠠᠯ | ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠠᠴᠠ ᠪᠠᠨ | ᠠᠩᠭᠢᠵᠢᠷᠠᠭᠠᠳᠦᠢ ᠬᠦᠳᠡᠯᠮᠦᠷᠢᠴᠢᠨ ᠢ ᠡᠯᠰᠡᠵᠤ ᠬᠡᠷᠡᠭᠯᠡᠭᠡᠳ ᠤᠤᠯ ᠤᠨ ᠬᠦᠮᠦᠨ ᠬᠡᠷᠡᠭᠯᠡᠬᠦ ᠨᠢᠭᠡᠴᠢ ᠳᠤ ᠠᠵᠤ | ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠲᠤᠰ ᠬᠦᠮᠦᠨ ᠬᠡᠷᠡᠭᠯᠡᠬᠦ ᠨᠢᠭᠡᠴᠢ ᠨᠢ ᠬᠤᠯᠪᠤᠭᠳᠠᠭᠰᠠᠨ | ᠲᠦᠯᠦᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠬᠡᠷᠡᠭᠲᠠᠢ᠃ | ᠵᠠᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠤᠴᠢᠷ ᠰᠢᠯᠲᠠᠭᠠᠨ ᠦᠭᠡᠢ ᠪᠠᠷ ᠨᠡᠶᠢᠭᠡᠮ ᠤᠨ | ᠲᠠᠭᠠᠳᠬᠠᠯ ᠤᠨ ᠰᠦᠢᠳᠭᠡᠯ ᠲᠤᠰᠢᠶᠠᠬᠤ ᠦᠭᠡᠢ ᠪᠠᠶᠢᠪᠠᠯ ᠬᠦᠳᠡᠯᠮᠦᠷᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭ᠍ᠳᠡᠨ ᠲᠤᠭᠲᠠᠭᠰᠠᠨ ᠬᠤᠭᠤᠴᠠᠭᠠᠨ ᠳᠤ ᠲᠤᠰᠢᠶᠠᠯᠭᠠᠨ᠎ᠠ ︔ ᠬᠤᠭᠤᠴᠠᠭ᠎ᠠ ᠬᠡᠲᠤᠷᠡᠭᠡᠳ ᠲᠤᠰᠢᠶᠠᠬᠤ ᠦᠭᠡᠢ | ᠪᠠᠶᠢᠪᠠᠯ ᠤᠳᠠᠭᠠᠰᠢᠷᠠᠭᠤᠯᠤᠭᠰᠠᠨ ᠵᠤᠭᠤᠰ ᠨᠡᠮᠡᠨ ᠬᠤᠷᠢᠶᠠᠵᠤ ᠪᠤᠯᠤᠨ᠎ᠠ᠃ | ᠵᠠᠭᠤ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ | ᠡᠷᠬᠡ ᠪᠠᠨ ᠬᠡᠷᠡᠭᠵᠢᠭᠦᠯᠬᠦ ᠶᠢ ᠶᠤᠰᠤ ᠪᠤᠰᠤ ᠪᠠᠷ ᠬᠠᠷᠰᠢᠯᠠᠵᠤ᠂ ᠢᠯᠡᠴᠢᠯᠡᠨ ᠵᠠᠭᠠᠯᠳᠤᠭᠰᠠᠳ ᠲᠤ ᠴᠤᠬᠢᠯᠲᠠ ᠦᠭᠭᠦᠨ | ᠲᠡᠳᠡᠨ ᠠᠴᠠ ᠬᠠᠷᠢᠭᠤ ᠠᠪᠤᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠵᠤᠭᠤᠰ ᠢᠶᠠᠷ ᠲᠤᠷᠭᠠᠨ᠎ᠠ ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ | ᠬᠠᠷᠢᠭᠤᠴᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠠᠭᠤ ᠬᠤᠶᠠᠳᠣᠭᠠᠷ ᠵᠦᠢᠯ ᠬᠦᠳᠡᠯᠮᠦᠷᠢᠴᠢᠨ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ | ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠵᠦᠷᠢᠴᠡᠭᠡᠳ ᠬᠦᠮᠦᠨ ᠬᠡᠷᠡᠭᠯᠡᠬᠦ ᠨᠢᠭᠡᠴᠢ ᠳᠤ ᠠᠵᠤ ᠠᠬᠤᠢ ᠶᠢᠨ | ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠵᠠᠭᠤ ᠭᠤᠷᠪᠠᠳᠤᠭᠠᠷ ᠵᠦᠢᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠠᠵᠢᠯᠲᠠᠨ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠨ ᠡᠭᠦᠷᠭᠡ | ᠲᠤᠰᠢᠶᠠᠯ ᠢᠶᠠᠨ ᠤᠮᠳᠤᠭᠠᠶᠢᠯᠠᠵᠤ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠡᠳ ᠶᠠᠯ᠎ᠠ ᠪᠤᠯᠤᠨ | ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ︔ ᠶᠠᠯ᠎ᠠ ᠪᠤᠯᠤᠨ | ᠪᠦᠷᠢᠯᠳᠤᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ | ᠵᠠᠭᠤ ᠲᠦᠷᠪᠡᠳᠦᠭᠡᠷ ᠵᠦᠢᠯ ᠲᠦᠷᠦ ᠶᠢᠨ ᠠᠵᠢᠯᠲᠠᠨ ᠪᠠ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠶᠢᠨ ᠠᠵᠢᠯᠲᠠᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ | ᠨᠡᠭᠦᠯᠭᠡᠨ ᠬᠡᠷᠡᠭᠯᠡᠭᠡᠳ ᠶᠠᠯ᠎ᠠ ᠪᠤᠯᠤᠨ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠵᠠᠭᠤ ᠲᠠᠪᠤᠳᠤᠭᠠᠷ ᠵᠦᠢᠯ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠲᠤ ᠬᠠᠯᠳᠠᠭᠰᠠᠨ ᠶᠠᠪᠤᠳᠠᠯ ᠢ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠲᠠᠭᠠᠯ ᠳᠤ ᠨᠢᠭᠡᠨᠲᠡ ᠰᠢᠳᠭᠡᠬᠦ ᠪᠠᠷ ᠲᠤᠭᠲᠠᠭᠠᠭᠰᠠᠨ ᠪᠠᠶᠢᠪᠠᠯ ᠲᠡᠷᠡ ᠬᠦ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠤᠭᠲᠠᠭᠠᠯ ᠶᠤᠰᠤᠭᠠᠷ ᠰᠢᠳᠭᠡᠨ᠎ᠡ᠃ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠵᠠᠭᠤ ᠵᠢᠷᠭᠤᠳᠤᠭᠠᠷ ᠵᠦᠢᠯ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠤᠷᠳᠤᠨ ᠲᠤᠰ ᠬᠠᠤᠯᠢ ᠪᠤᠯᠤᠨ ᠲᠤᠰ ᠭᠠᠵᠠᠷ ᠤᠷᠤᠨ ᠤ ᠪᠠᠨ ᠪᠤᠲᠠᠲᠠᠢ ᠪᠠᠶᠢᠳᠠᠯ ᠢᠶᠠᠨ | ᠦᠨᠳᠦᠰᠦᠯᠡᠨ ᠬᠦᠳᠡᠯᠮᠦᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠠᠯᠬᠤᠮ ᠲᠠᠷᠠᠭ᠎ᠠ ᠪᠠᠨ ᠲᠤᠭᠲᠠᠭᠠᠵᠤ | ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠲᠠᠩᠰᠠᠯᠠᠭᠤᠯᠤᠨ᠎ᠠ᠃ ᠵᠠᠭᠤ ᠲᠤᠯᠤᠳᠤᠭᠠᠷ ᠵᠦᠢᠯ ᠲᠤᠰ | ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃ | |