| | ᠤᠢᠢᠷ᠎ᠠ ᠳᠤ᠂ ᠠᠷᠠᠳ ᠤᠨ ᠲᠡᠭᠡᠳᠦ ᠰᠢᠭᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ | ᠬᠠᠮᠲᠤᠷᠠᠨ ︽ᠱᠠᠮᠰᠢᠵᠤ ᠬᠡᠭᠡᠯᠢ ᠲᠦᠯᠬᠢᠵᠦ ᠬᠠᠭ᠋ᠤᠤᠯᠢ ᠢᠳᠡᠬᠦ ᠡᠷᠡᠭᠦᠦ ᠶᠢᠨ ᠬᠡᠷᠡᠭ ᠢ ᠰᠢᠢᠳᠪᠦᠷᠢᠯᠡᠬᠦ ᠳᠤ | ᠲᠤᠬᠢᠷᠠᠮᠵᠢᠲᠠᠢ ᠬᠡᠷᠡᠭᠯᠡᠬᠦ ᠬᠠᠤᠯᠢ ᠴᠠᠭᠠᠵᠠ ᠶᠢᠨ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠠᠷᠠᠳ ᠤᠨ ᠲᠡᠭᠡᠳᠦ | ᠰᠢᠭᠦᠬᠦ ᠬᠤᠷᠢᠶ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠲᠠᠶᠢᠯᠪᠤᠷᠢ︾ ᠶᠢ ᠨᠡᠶᠢᠲᠡᠯᠡᠵᠦ᠂ ᠱᠠᠮᠰᠢᠭᠰᠠᠨ | ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠳᠤ ᠶᠠᠯ᠎ᠠ ᠲᠤᠭᠲᠠᠭᠠᠵᠤ ᠡᠷᠡᠭᠦᠦ ᠰᠢᠳᠭᠡᠯ ᠤᠨᠤᠭᠳᠠᠭᠤᠯᠬᠤ ᠪᠠᠷᠢᠮᠵᠢᠶ᠎ᠠ ᠵᠢᠴᠢ | ᠱᠠᠮᠰᠢᠭᠰᠠᠨ ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠳᠤ ᠠᠯᠠᠬᠤ ᠡᠷᠡᠭᠦᠦ᠂ ᠠᠯᠠᠬᠤ ᠶᠢ ᠬᠤᠶᠢᠰᠢᠯᠠᠭᠤᠯᠬᠤ ᠵᠢᠴᠢ | ᠨᠠᠰᠤᠨ ᠲᠤᠷᠰᠢ ᠬᠤᠷᠢᠬᠤ ᠡᠷᠡᠭᠦᠦ ᠶᠢ ᠲᠤᠬᠢᠷᠠᠮᠵᠢᠲᠠᠢ ᠬᠡᠷᠡᠭᠯᠡᠬᠦ ᠵᠠᠷᠴᠢᠮ ᠵᠡᠷᠭᠡ ᠶᠢ ᠲᠤᠲᠤᠷᠬᠠᠢᠢᠯᠠᠵᠤ᠂ ᠱᠠᠮᠰᠢᠵᠤ | ᠬᠡᠭᠡᠯᠢ ᠲᠦᠯᠬᠢᠵᠦ ᠬᠠᠭ᠋ᠤᠤᠯᠢ ᠢᠳᠡᠬᠦ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠴᠢᠩᠳᠠᠯᠠᠨ ᠰᠢᠳᠭᠡᠨ᠎ᠡ ᠭᠡᠵᠦ | ᠴᠢᠬᠤᠯᠠᠴᠢᠯᠠᠵᠠᠢ᠃ | ᠱᠠᠮᠰᠢᠵᠤ ᠬᠠᠭ᠋ᠤᠤᠯᠢ ᠢᠳᠡᠭᠰᠡᠨ ᠶᠠᠯ᠎ᠠ ᠶᠢ 3 ᠲᠦᠮᠡᠨ ᠲᠦᠭᠦᠷᠢᠭ ᠠᠴᠠ ᠡᠬᠢᠯᠡᠨ ᠪᠤᠳᠤᠨ᠎ᠠ | 2015 ᠤᠨ ᠤ 11 ᠰᠠᠷ᠎ᠠ ᠳᠤ ᠬᠡᠷᠡᠭᠵᠢᠭᠦᠯᠦᠭᠰᠡᠨ ︽ᠡᠷᠡᠭᠦᠦ ᠶᠢᠨ ᠬᠠᠤᠯᠢ ᠳᠤ ᠵᠠᠰᠠᠪᠤᠷᠢ | ᠤᠷᠤᠭᠤᠯᠤᠭᠰᠠᠨ ᠲᠦᠰᠦᠯ ︵ᠶᠢᠰᠦ︶ ᠳᠤ ᠱᠠᠮᠰᠢᠭᠰᠠᠨ ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠳᠠᠬᠢ ᠶᠠᠯ᠎ᠠ | ᠲᠤᠭᠲᠠᠭᠠᠵᠤ ᠡᠷᠡᠭᠦᠦ ᠰᠢᠳᠭᠡᠯ ᠤᠨᠤᠭᠳᠠᠭᠤᠯᠬᠤ ᠲᠤᠭ᠎ᠠ ᠬᠡᠮᠵᠢᠶᠡᠨ ᠤ ᠪᠠᠷᠢᠮᠵᠢᠶ᠎ᠠ ᠶᠢ ᠦᠭᠡᠶᠢᠰᠭᠡᠵᠦ᠂ ︽ᠲᠤᠭ᠎ᠠ | ᠬᠡᠮᠵᠢᠶ᠎ᠡ ᠨᠢ ᠨᠡᠯᠢᠶᠡᠳ ᠶᠡᠭᠡ︾᠂ ︽ᠲᠤᠭ᠎ᠠ ᠬᠡᠮᠵᠢᠶ᠎ᠡ ᠨᠢ ᠤᠨᠴᠠ ᠶᠡᠭᠡ︾᠂ ︽ᠲᠤᠭ᠎ᠠ ᠬᠡᠮᠵᠢᠶ᠎ᠡ ᠨᠢ ᠮᠤᠨᠳᠠᠭ | ᠶᠡᠭᠡ︾ ᠪᠠ ︽ᠤᠢᠢᠯᠠ ᠪᠠᠶᠢᠳᠠᠯ ᠨᠢ ᠨᠡᠯᠢᠶᠡᠳ ᠬᠦᠨᠳᠦ︾᠂ ︽ᠤᠢᠢᠯᠠ ᠪᠠᠶᠢᠳᠠᠯ ᠨᠢ ᠬᠦᠨᠳᠦ ᠨᠤᠴᠢᠲᠠᠢ︾᠂ ︽ | ᠤᠢᠢᠯᠠ ᠪᠠᠶᠢᠳᠠᠯ ᠨᠢ ᠲᠦᠢᠯ ᠤᠨ ᠬᠦᠨᠳᠦ ᠨᠤᠴᠢᠲᠠᠢ︾ ᠬᠡᠮᠡᠨ ᠬᠠᠯᠠᠵᠠᠢ᠃ ᠬᠠᠤᠯᠢ ᠴᠠᠭᠠᠵᠠ ᠶᠢᠨ ᠲᠠᠶᠢᠯᠪᠤᠷᠢ ᠳᠤ | ᠱᠠᠮᠰᠢᠵᠤ ᠬᠠᠭ᠋ᠤᠤᠯᠢ ᠢᠳᠡᠭᠰᠡᠨ ᠶᠠᠯ᠎ᠠ ᠳᠤ ᠶᠠᠯ᠎ᠠ ᠲᠤᠭᠲᠠᠭᠠᠵᠤ ᠡᠷᠡᠭᠦᠦ ᠪᠠᠷ ᠰᠢᠳᠭᠡᠬᠦ ᠪᠠᠷᠢᠮᠵᠢᠶ᠎ᠠ ᠳᠤ ᠲᠤᠲᠤᠷᠬᠠᠢ | ᠲᠤᠭᠲᠠᠭᠠᠯ ᠭᠠᠷᠭᠠᠪᠠ᠃ ᠲᠤᠬᠠᠢᠢᠯᠠᠪᠠᠯ᠄ ︽ᠲᠤᠭ᠎ᠠ ᠬᠡᠮᠵᠢᠶ᠎ᠡ ᠨᠢ ᠨᠡᠯᠢᠶᠡᠳ ᠶᠡᠭᠡ︾᠄ 1997 ᠤᠨ ᠳᠤ | ᠡᠷᠡᠭᠦᠦ ᠶᠢᠨ ᠬᠠᠤᠯᠢ ᠳᠤ ᠲᠤᠭᠲᠠᠭᠠᠭᠰᠠᠨ 5000 ᠲᠦᠭᠦᠷᠢᠭ ᠢ ᠬᠤᠪᠢᠷᠠᠭᠤᠯᠤᠭᠠᠳ 3 ᠲᠦᠮᠡᠨ ᠲᠦᠭᠦᠷᠢᠭ | ᠪᠤᠯᠭᠠᠪᠠ ︔ ︽ᠲᠤᠭ᠎ᠠ ᠬᠡᠮᠵᠢᠶ᠎ᠡ ᠨᠢ ᠤᠨᠴᠠ ᠶᠡᠭᠡ︾᠄ 20 ᠲᠦᠮᠡᠨ ᠲᠦᠭᠦᠷᠢᠭ ᠠᠴᠠ ᠶᠡᠭᠡ᠂ 300 ᠲᠦᠮᠡᠨ | ᠲᠦᠭᠦᠷᠢᠭ ᠠᠴᠠ ᠪᠠᠭ᠎ᠠ ︔ ︽ᠲᠤᠭ᠎ᠠ ᠬᠡᠮᠵᠢᠶ᠎ᠡ ᠬᠡᠮᠵᠢᠶ᠎ᠡ ᠨᠢ ᠮᠤᠨᠳᠠᠭ ᠶᠡᠭᠡ︾᠄ 300 ᠲᠦᠮᠡᠨ | ᠲᠦᠭᠦᠷᠢᠭ ᠠᠴᠠ ᠶᠡᠭᠡ ︔ ᠬᠠᠤᠯᠢ ᠴᠠᠭᠠᠵᠠ ᠶᠢᠨ ᠲᠠᠶᠢᠯᠪᠤᠷᠢ ᠳᠤ ᠪᠠᠰᠠ ᠲᠤᠭᠲᠠᠭᠠᠭᠰᠠᠨ ᠢᠶᠠᠷ᠂ ᠱᠠᠮᠰᠢᠭᠰᠠᠨ᠂ | ᠬᠠᠭ᠋ᠤᠤᠯᠢ ᠢᠳᠡᠭᠰᠡᠨ ᠵᠤᠭᠤᠰ ᠤᠨ ᠲᠤᠭ᠎ᠠ ᠨᠢ ᠲᠦᠮᠡᠨ ᠲᠦᠭᠦᠷᠢᠭ ᠠᠴᠠ ᠲᠡᠭᠡᠭᠰᠢ 3 ᠲᠦᠮᠡᠨ ᠲᠦᠭᠦᠷᠢᠭ ᠠᠴᠠ | ᠪᠠᠭ᠎ᠠ ᠪᠠᠶᠢᠵᠤ᠂ ᠪᠠᠰᠠ ᠤᠢᠢᠯᠠ ᠪᠠᠶᠢᠳᠠᠯ ᠨᠢ ᠤᠨᠴᠠᠭᠠᠢ ᠪᠤᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠪᠡᠯ ᠵᠤᠬᠢᠨ᠎ᠠ | ︔ ᠲᠤᠭ᠎ᠠ ᠬᠡᠮᠵᠢᠶ᠎ᠡ ᠨᠢ ︽ᠲᠤᠭ᠎ᠠ ᠬᠡᠮᠵᠢᠶ᠎ᠡ ᠨᠢ ᠤᠨᠴᠠ ᠶᠡᠭᠡ︾᠂ ︽ᠲᠤᠭ᠎ᠠ ᠬᠡᠮᠵᠢᠶ᠎ᠡ ᠨᠢ ᠮᠤᠨᠳᠠᠭ ᠶᠡᠭᠡ︾ ᠳᠤ | ᠬᠦᠷᠦᠭᠰᠡᠨ ᠦᠭᠡᠢ᠂ ᠭᠡᠪᠡᠴᠦ ᠬᠠᠭᠠᠰ ᠬᠡᠮᠵᠢᠭᠳᠡᠯ ᠳᠤ ᠬᠦᠷᠴᠦ᠂ ᠡᠭᠦᠨ ᠤ ᠵᠡᠷᠭᠡᠪᠡᠷ ᠤᠢᠢᠯᠠ ᠪᠠᠶᠢᠳᠠᠯ ᠨᠢ | ᠤᠨᠴᠠᠭᠠᠢ ᠪᠤᠯ ︽ᠤᠢᠢᠯᠠ ᠪᠠᠶᠢᠳᠠᠯ ᠨᠢ ᠬᠦᠨᠳᠦ ᠨᠤᠴᠢᠲᠠᠢ︾ ᠪᠤᠶᠤ ︽ᠤᠢᠢᠯᠠ ᠪᠠᠶᠢᠳᠠᠯ ᠨᠢ ᠲᠦᠢᠯ ᠤᠨ ᠬᠦᠨᠳᠦ | ᠨᠤᠴᠢᠲᠠᠢ︾ ᠪᠠᠷ ᠦᠵᠡᠵᠦ᠂ ᠬᠠᠤᠯᠢ ᠶᠤᠰᠤᠭᠠᠷ ᠬᠦᠨᠳᠦᠷᠡᠭᠦᠯᠦᠨ ᠰᠢᠳᠭᠡᠨ᠎ᠡ ᠭᠡᠵᠡᠢ᠃ | ᠠᠯᠠᠬᠤ ᠡᠷᠡᠭᠦᠦ᠂ ᠠᠯᠠᠬᠤ ᠶᠢ ᠬᠤᠶᠢᠰᠢᠯᠠᠭᠤᠯᠬᠤ ᠡᠷᠡᠭᠦᠦ ᠶᠢᠨ ᠲᠡᠭᠡᠷ᠎ᠡ ᠪᠠᠰᠠ ᠨᠠᠰᠤᠨ ᠲᠤᠷᠰᠢ | ᠬᠤᠷᠢᠬᠤ ᠡᠷᠡᠭᠦᠦ ᠶᠢ ᠨᠡᠮᠡᠪᠡ | ᠬᠠᠤᠯᠢ ᠴᠠᠭᠠᠵᠠ ᠶᠢᠨ ᠲᠠᠶᠢᠯᠪᠤᠷᠢ ᠳᠤ ᠲᠤᠲᠤᠷᠬᠠᠢ ᠲᠤᠭᠲᠠᠭᠠᠭᠰᠠᠨ ᠢᠶᠠᠷ᠂ ᠠᠯᠠᠬᠤ ᠡᠷᠡᠭᠦᠦ ᠶᠢ ᠲᠠᠷᠤᠢ | ᠭᠦᠢᠴᠡᠳᠭᠡᠬᠦ ᠡᠷᠡᠭᠦᠦ ᠶᠢ ᠲᠤᠭ᠎ᠠ ᠬᠡᠮᠵᠢᠶ᠎ᠡ ᠨᠢ ᠮᠤᠨᠳᠠᠭ ᠶᠡᠭᠡ᠂ ᠤᠢᠢᠯᠠ ᠪᠠᠶᠢᠳᠠᠯ ᠨᠢ ᠲᠦᠢᠯ ᠤᠨ ᠬᠦᠨᠳᠦ | ᠨᠤᠴᠢᠲᠠᠢ᠂ ᠨᠡᠶᠢᠭᠡᠮ ᠳᠤ ᠬᠦᠨᠳᠦ ᠨᠤᠴᠢᠲᠠᠢ ᠬᠦᠨᠦᠭᠡᠯ ᠤᠴᠠᠷᠠᠭᠤᠯᠵᠤ᠂ ᠲᠦᠢᠯ ᠤᠨ ᠬᠦᠨᠳᠦ ᠨᠤᠴᠢᠲᠠᠢ ᠬᠤᠬᠢᠷᠠᠯ | ᠤᠴᠠᠷᠠᠭᠤᠯᠤᠭᠰᠠᠨ ᠱᠠᠮᠰᠢᠵᠤ ᠬᠠᠭ᠋ᠤᠤᠯᠢ ᠢᠳᠡᠭᠰᠡᠨ ᠬᠡᠷᠡᠭ ᠤᠨ ᠰᠡᠵᠢᠭᠲᠡᠨ ᠳᠤ ᠬᠡᠷᠡᠭᠯᠡᠨ᠎ᠡ᠃ ᠠᠯᠠᠬᠤ ᠡᠷᠡᠭᠦᠦ ᠶᠢ | ᠲᠠᠷᠤᠢ ᠳᠤᠨᠢ ᠭᠦᠢᠴᠡᠳᠭᠡᠬᠦ ᠨᠦᠭᠦᠴᠡᠯ ᠳᠤ ᠨᠡᠶᠢᠴᠡᠬᠦ ᠪᠤᠯᠪᠠᠴᠤ ᠬᠠᠤᠯᠢ ᠳᠤ ᠲᠤᠭᠲᠠᠭᠠᠭᠰᠠᠨ ᠬᠦᠩᠭᠡᠷᠡᠭᠦᠯᠦᠨ | ᠰᠢᠳᠭᠡᠬᠦ ᠪᠠᠶᠢᠳᠠᠯ ᠳᠤ ᠨᠡᠶᠢᠴᠡᠬᠦ᠂ ᠠᠯᠠᠬᠤ ᠡᠷᠡᠭᠦᠦ ᠶᠢ ᠲᠠᠷᠤᠢ ᠳᠤᠨᠢ ᠭᠦᠢᠴᠡᠳᠭᠡᠬᠦ ᠴᠢᠬᠤᠯᠠ ᠦᠭᠡᠢ ᠪᠠᠶᠢᠳᠠᠯ ᠳᠤ | ᠠᠯᠠᠬᠤ ᠡᠷᠡᠭᠦᠦ ᠶᠢ ᠬᠤᠶᠠᠷ ᠵᠢᠯ ᠬᠤᠶᠢᠰᠢᠯᠠᠭᠤᠯᠤᠨ ᠭᠦᠢᠴᠡᠳᠭᠡᠬᠦ ᠪᠠᠷ ᠰᠢᠭᠦᠨ ᠲᠠᠰᠤᠯᠵᠤ ᠪᠤᠯᠤᠨ᠎ᠠ᠃ | ︽ᠡᠷᠡᠭᠦᠦ ᠶᠢᠨ ᠬᠠᠤᠯᠢ ᠳᠤ ᠵᠠᠰᠠᠪᠤᠷᠢ ᠤᠷᠤᠭᠤᠯᠤᠭᠰᠠᠨ ᠲᠦᠰᠦᠯ ︵ᠶᠢᠰᠦ︶︾ ᠳᠤ ᠰᠢᠨ᠎ᠡ ᠪᠠᠷ | ᠨᠡᠮᠡᠭᠰᠡᠨ ᠱᠠᠮᠰᠢᠭᠰᠠᠨ ᠶᠠᠯ᠎ᠠ᠂ ᠬᠠᠭ᠋ᠤᠤᠯᠢ ᠢᠳᠡᠭᠰᠡᠨ ᠶᠠᠯ᠎ᠠ ᠪᠠᠷ ᠠᠯᠠᠬᠤ ᠶᠢ ᠬᠤᠶᠢᠰᠢᠯᠠᠭᠤᠯᠤᠨ ᠭᠦᠢᠴᠡᠳᠭᠡᠬᠦ ᠪᠠᠷ | ᠰᠢᠳᠭᠡᠬᠦ ᠶᠢ ᠬᠠᠰᠤᠭᠠᠳ ᠬᠤᠭᠤᠴᠠᠭ᠎ᠠ ᠦᠭᠡᠢ ᠬᠤᠷᠢᠬᠤ ᠶᠠᠯ᠎ᠠ ᠪᠠᠷ ᠰᠢᠳᠭᠡᠭᠰᠡᠨ ᠤ ᠲᠠᠷᠠᠭ᠎ᠠ ᠨᠠᠰᠤᠨ ᠲᠤᠷᠰᠢ | ᠬᠤᠷᠢᠬᠤ ᠪᠠᠷ ᠲᠤᠭᠲᠠᠭᠠᠭᠰᠠᠨ ᠲᠤᠭᠲᠠᠭᠠᠯ ᠳᠤ᠂ ᠨᠠᠰᠤᠨ ᠲᠤᠷᠰᠢ ᠬᠤᠷᠢᠬᠤ ᠳᠤ ᠬᠡᠷᠡᠭᠯᠡᠬᠦ ᠤᠢᠢᠯᠠ ᠪᠠᠶᠢᠳᠠᠯ ᠢ | ᠲᠤᠲᠤᠷᠬᠠᠢ ᠲᠠᠶᠢᠯᠪᠤᠷᠢᠯᠠᠵᠠᠢ᠂ ᠲᠠᠷᠤᠢ ᠠᠯᠠᠬᠤ ᠡᠷᠡᠭᠦᠦ ᠶᠢ ᠲᠠᠷᠤᠢ ᠳᠤᠨᠢ ᠭᠦᠢᠴᠡᠳᠭᠡᠬᠦ ᠳᠤ ᠡᠷᠡᠭᠦᠦ ᠨᠢ ᠬᠡᠲᠦᠷᠬᠡᠢ | ᠬᠦᠨᠳᠦᠳᠡᠬᠦ ᠡᠰᠡᠭᠦᠯ᠎ᠡ ᠡᠩ ᠤᠨ ᠠᠯᠠᠬᠤ ᠶᠠᠯ᠎ᠠ ᠶᠢ ᠬᠤᠶᠢᠰᠢᠯᠠᠭᠤᠯᠬᠤ ᠡᠷᠡᠭᠦᠦ ᠪᠠᠷ ᠰᠢᠳᠭᠡᠪᠡᠯ ᠲᠡᠩᠳᠡᠭᠦᠦ ᠬᠦᠩᠭᠡᠨ | ᠪᠤᠯᠬᠤ ᠬᠦᠨᠳᠦ ᠶᠡᠭᠡ ᠱᠠᠮᠰᠢᠵᠤ ᠬᠠᠭ᠋ᠤᠤᠯᠢ ᠢᠳᠡᠭᠰᠡᠨ ᠶᠠᠯᠠᠲᠠᠨ ᠢ ᠨᠠᠰᠤᠨ ᠲᠤᠷᠰᠢ ᠬᠤᠷᠢᠬᠤ ᠪᠠᠷ ᠰᠢᠳᠭᠡᠵᠦ | ᠪᠤᠯᠤᠨ᠎ᠠ᠃ ᠡᠭᠦᠨ ᠤ ᠵᠡᠷᠭᠡᠪᠡᠷ᠂ ᠨᠠᠰᠤᠨ ᠲᠤᠷᠰᠢ ᠬᠤᠷᠢᠬᠤ ᠪᠠᠷ ᠰᠢᠳᠭᠡᠭᠰᠡᠨ ᠪᠠᠶᠢᠳᠠᠯ ᠢ ᠨᠢᠭᠡᠳᠦᠭᠡᠷ᠂ | ᠬᠤᠶᠠᠳᠤᠭᠠᠷ ᠰᠢᠭᠦᠨ ᠲᠠᠰᠤᠯᠤᠯᠲᠠ ᠳᠤ ᠠᠯᠠᠬᠤ ᠶᠢ ᠬᠤᠶᠢᠰᠢᠯᠠᠭᠤᠯᠬᠤ ᠪᠠᠷ ᠰᠢᠭᠦᠨ ᠲᠠᠰᠤᠯᠬᠤ ᠶᠢᠨ ᠬᠠᠮᠲᠤ ᠨᠠᠰᠤᠨ | ᠲᠤᠷᠰᠢ ᠬᠤᠷᠢᠬᠤ ᠪᠠᠷ ᠰᠢᠳᠭᠡᠨ᠎ᠡ᠃ ᠬᠠᠷᠢᠨ ᠠᠯᠠᠬᠤ ᠶᠢ ᠬᠤᠶᠢᠰᠢᠯᠠᠭᠤᠯᠬᠤ ᠡᠷᠡᠭᠦᠦ ᠶᠢ ᠭᠦᠢᠴᠡᠳᠭᠡᠵᠦ ᠪᠠᠶᠢᠬᠤ | ᠬᠤᠭᠤᠴᠠᠭᠠᠨ ᠳᠤ ᠡᠷᠡᠭᠦᠦ ᠶᠢᠨ ᠬᠤᠭᠤᠴᠠᠭ᠎ᠠ ᠲᠠᠭᠤᠰᠤᠭᠰᠠᠨ ᠤ ᠲᠠᠷᠠᠭ᠎ᠠ ᠲᠠᠬᠢᠨ ᠰᠢᠢᠳᠪᠦᠷᠢ ᠭᠠᠷᠭᠠᠵᠤ ᠪᠤᠯᠬᠤ | ᠦᠭᠡᠢ᠃ | ᠭᠡᠷ ᠪᠠᠶᠢᠰᠢᠩ ᠢ ᠵᠠᠰᠠᠨ ᠰᠡᠯᠪᠢᠬᠦ VIP ᠦᠢᠯᠡᠴᠢᠯᠡᠭᠡ ᠵᠡᠷᠭᠡ ᠴᠦᠮ ᠬᠠᠭ᠋ᠤᠤᠯᠢ ᠢᠳᠡᠭᠰᠡᠨ ᠳᠤ | ᠲᠤᠭᠠᠴᠠᠭᠳᠠᠨ᠎ᠠ | ᠬᠡᠭᠡᠯᠢ ᠲᠦᠯᠬᠢᠵᠦ ᠬᠠᠭ᠋ᠤᠤᠯᠢ ᠢᠳᠡᠬᠦ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ | ᠰᠢᠳᠭᠡᠬᠦ ᠶᠢᠨ ᠲᠦᠯᠦᠭᠡ᠂ ᠬᠠᠤᠯᠢ ᠴᠠᠭᠠᠵᠠ ᠶᠢᠨ ᠲᠠᠶᠢᠯᠪᠤᠷᠢ ᠳᠤ ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠶᠢᠨ | ᠡᠳ᠋ ᠪᠤᠳᠠᠰ ᠤᠨ ᠬᠦᠷᠢᠶ᠎ᠡ ᠬᠡᠪᠴᠢᠶ᠎ᠡ ᠶᠢ ᠦᠷᠭᠡᠵᠢᠭᠦᠯᠦᠭᠡᠳ ᠵᠤᠭᠤᠰ ᠮᠦᠩᠬᠦ᠂ ᠪᠤᠳᠠᠰ ᠠᠴᠠ ᠭᠠᠳᠠᠨ᠎ᠠ ᠪᠠᠰᠠ᠂ | ᠵᠤᠭᠤᠰ ᠮᠦᠩᠬᠦ ᠪᠠᠷ ᠲᠦᠯᠦᠪᠦᠷᠢᠯᠡᠨ ᠪᠤᠳᠤᠭᠰᠠᠨ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ᠂ ᠵᠢᠱᠢᠶᠡᠯᠡᠪᠡᠯ ᠭᠡᠷ | ᠪᠠᠶᠢᠰᠢᠩ ᠵᠠᠰᠠᠨ ᠴᠢᠮᠡᠭᠯᠡᠵᠦ ᠦᠭᠬᠦ᠂ ᠦᠷᠢ ᠦᠭᠴᠡᠭᠡ ᠶᠢ ᠬᠡᠯᠲᠦᠷᠢᠭᠦᠯᠬᠦ᠂ VIP ᠦᠢᠯᠡᠴᠢᠯᠡᠭᠡ᠂ | ᠵᠢᠭᠤᠯᠴᠢᠯᠠᠭᠤᠯᠬᠤ ᠵᠡᠷᠭᠡ ᠶᠢ ᠪᠠᠭᠲᠠᠭᠠᠭᠰᠠᠨ ᠪᠠᠶᠢᠨ᠎ᠠ᠃ ᠲᠠᠶᠢᠯᠪᠤᠷᠢ ᠳᠤ ᠪᠠᠰᠠ ᠤᠯᠤᠰ ᠤᠨ ᠠᠵᠢᠯᠲᠠᠨ ᠤ | ᠲᠡᠷᠭᠡᠳᠡᠬᠢ ᠬᠦᠮᠦᠨ ᠤ ᠱᠠᠮᠰᠢᠵᠤ ᠬᠠᠭ᠋ᠤᠤᠯᠢ ᠢᠳᠡᠬᠦ ᠶᠠᠯᠠᠲᠤ ᠠᠵᠢᠯᠯᠠᠭ᠎ᠠ ᠳᠤ ᠲᠤᠲᠤᠷᠬᠠᠢ ᠲᠤᠭᠲᠠᠭᠠᠭᠰᠠᠨ | ᠮᠦᠷᠲᠡᠭᠡᠨ ᠱᠠᠮᠰᠢᠵᠤ᠂ ᠬᠠᠭ᠋ᠤᠤᠯᠢ ᠢᠳᠡᠭᠰᠡᠨ ᠪᠤᠵᠠᠷ ᠤᠯᠵᠠ ᠶᠢ ᠠᠯᠪᠠᠨ ᠶᠠᠪᠤᠳᠠᠯ ᠳᠤ ᠬᠡᠷᠡᠭᠯᠡᠬᠦ ᠪᠤᠶᠤ | ᠬᠠᠨᠳᠢᠪᠯᠠᠬᠤ ᠪᠠᠷ ᠲᠤᠭᠲᠠᠭᠠᠵᠤ᠂ ᠶᠠᠯᠠᠲᠤ ᠠᠵᠢᠯᠯᠠᠭ᠎ᠠ ᠶᠢ ᠨᠦᠯᠦᠭᠡᠯᠡᠬᠦ ᠦᠭᠡᠢ ᠭᠡᠵᠡᠢ᠃ | ᠬᠠᠤᠯᠢ ᠴᠠᠭᠠᠵᠠ ᠶᠢᠨ ᠲᠠᠶᠢᠯᠪᠤᠷᠢ ᠳᠤ ᠪᠠᠰᠠ᠂ ᠢᠯᠵᠡᠷᠡᠨ ᠲᠤᠷᠦ᠋ᠢᠲᠠᠭᠰᠠᠨ ᠶᠠᠯᠠᠲᠤ ᠠᠵᠢᠯᠯᠠᠭ᠎ᠠ ᠳᠤ | ᠦᠭᠬᠦ ᠠᠵᠤ ᠠᠬᠤᠢ ᠶᠢᠨ ᠲᠤᠷᠭᠠᠭᠤᠯᠢ ᠶᠢᠨ ᠡᠷᠴᠢᠮ ᠢ ᠴᠢᠨᠠᠭᠰᠢᠲᠠ ᠴᠢᠩᠭᠠᠷᠠᠭᠤᠯᠵᠤ᠂ ᠱᠠᠮᠰᠢᠵᠤ ᠬᠡᠭᠡᠯᠢ | ᠲᠦᠯᠬᠢᠵᠦ ᠬᠠᠭ᠋ᠤᠤᠯᠢ ᠢᠳᠡᠭᠰᠡᠨ ᠶᠠᠯᠠᠲᠠᠨ ᠢ ᠰᠢᠳᠭᠡᠬᠦ ᠠᠵᠤ ᠠᠬᠤᠢ ᠶᠢᠨ ᠲᠤᠷᠭᠠᠭᠤᠯᠢ ᠶᠢᠨ ᠪᠠᠷᠢᠮᠵᠢᠶ᠎ᠠ ᠶᠢ | ᠪᠤᠰᠤᠳ ᠶᠠᠯᠠᠲᠤ ᠠᠵᠢᠯᠯᠠᠭ᠎ᠠ ᠠᠴᠠ ᠢᠯᠡᠭᠦᠦ ᠬᠦᠨᠳᠦ ᠪᠠᠷ ᠲᠤᠭᠲᠠᠭᠠᠵᠤ᠂ ᠪᠠᠰᠠ ᠪᠤᠵᠠᠷ ᠤᠯᠵᠠ ᠶᠢ ᠨᠡᠬᠡᠮᠵᠢᠯᠡᠬᠦ | ᠡᠷᠴᠢᠮ ᠢ ᠴᠢᠩᠭᠠᠷᠠᠭᠤᠯᠵᠠᠢ᠃ ᠱᠠᠮᠰᠢᠵᠤ ᠬᠡᠭᠡᠯᠢ ᠲᠦᠯᠬᠢᠵᠦ ᠬᠠᠭ᠋ᠤᠤᠯᠢ ᠢᠳᠡᠭᠰᠡᠨ ᠶᠠᠯᠠᠲᠠᠨ ᠤ ᠬᠠᠤᠯᠢ ᠪᠤᠰᠤ ᠪᠠᠷ | ᠤᠯᠤᠭᠰᠠᠨ ᠪᠤᠵᠠᠷ ᠤᠯᠵᠠ ᠶᠢ ᠦᠨᠢᠳᠡ ᠨᠡᠬᠡᠮᠵᠢᠯᠡᠵᠦ᠂ ᠴᠠᠭ ᠤᠨ ᠬᠢᠵᠠᠭᠠᠷ ᠲᠤᠭᠲᠠᠭᠠᠬᠤ ᠦᠬᠡᠢ᠂ ᠦᠭᠡᠶᠢᠰᠭᠡᠬᠦ | ᠦᠭᠡᠢ ᠭᠡᠵᠡᠢ᠃ | ᠲᠤᠰ ᠬᠠᠤᠯᠢ ᠴᠠᠭᠠᠵᠠ ᠶᠢᠨ ᠲᠠᠶᠢᠯᠪᠤᠷᠢ ᠶᠢ 2016 ᠤᠨ ᠤ 4 ᠰᠠᠷ᠎ᠠ ᠶᠢᠨ 18 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | | |