ᠰᠤᠷᠭᠠᠭᠤᠯᠢ ᠶᠢᠨ ᠬᠤᠭᠤᠯᠠᠨ ᠭᠡᠷ ᠵᠡᠷᠭᠡ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ  ︵ᠬᠤᠶᠡᠷ︶
ᠨᠡᠶᠢᠲᠡᠯᠡᠭᠰᠡᠨ ᠴᠠᠭ᠄
2016-12-06
      ᠭᠤᠷᠪᠠ᠂ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ        ︵ᠨᠢᠭᠡ︶ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃       1. ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠣᠯᠣᠨ ᠡᠷᠬᠡ ᠮᠡᠳᠡᠯ ᠢᠶᠠᠨ ᠦᠨᠳᠦᠰᠦᠯᠡᠨ᠂ ᠬᠠᠷᠢᠶᠠᠲᠤ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠯᠤᠭ᠎ᠠ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠰᠤᠷᠭᠠᠭᠤᠯᠢ ᠶᠢ ᠰᠢᠮᠳᠠᠭᠤᠯᠤᠨ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠭᠡᠨ᠂ ᠢᠳᠡᠭᠡᠨ ᠤ ᠠᠮᠦᠷ ᠲᠥᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠠᠩᠬᠠᠨ ᠤ ᠬᠠᠷᠢᠭᠤᠴᠠᠯᠭ᠎ᠠ ᠡᠭᠦᠷᠭᠡᠯᠡᠬᠦ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠨᠢ ᠨᠢᠭᠡᠳᠦᠭᠡᠷ ᠬᠠᠷᠢᠭᠤᠴᠠᠯᠭᠠᠲᠠᠨ ᠪᠣᠯᠬᠤ ᠢᠳᠡᠭᠡᠨ ᠤ ᠠᠮᠦᠷ ᠲᠥᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢ ᠰᠢᠮᠳᠠᠭᠤᠯᠤᠨ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠲᠣᠬᠢᠷᠠᠭᠤᠯᠵᠤ᠂ ᠢᠳᠡᠭᠡᠨ ᠤ ᠠᠮᠦᠷ ᠲᠥᠪᠰᠢᠨ ᠤ ᠲᠤᠰᠬᠠᠢ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠤᠨ᠂ ᠰᠤᠷᠭᠠᠭᠤᠯᠢ ᠶᠢᠨ ᠬᠤᠭᠤᠯᠠᠨ ᠭᠡᠷ ᠤᠨ ᠦᠨᠳᠦᠰᠦᠨ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ ᠬᠡᠷᠡᠭᠵᠢᠭᠦᠯᠵᠦ᠂ ᠠᠵᠢᠯ ᠤᠨ ᠪᠠᠶᠢᠷᠢ ᠨᠢᠭᠡᠪᠦᠷᠢ᠂ ᠭᠤᠭᠴᠤᠭ᠎ᠠ ᠨᠢᠭᠡᠪᠦᠷᠢ ᠶᠢᠨ ᠠᠵᠢᠯᠯᠠᠭᠠᠨ ᠤ ᠵᠢᠷᠤᠮᠵᠢᠯ ᠪᠣᠯᠣᠨ ᠠᠵᠢᠯ ᠡᠷᠬᠢᠯᠡᠭᠰᠡᠳ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠂ ᠢᠳᠡᠭᠡᠨ ᠤ ᠲᠥᠭᠦᠬᠡᠢ ᠮᠠᠲ᠋ᠧᠷᠢᠶᠠᠯ ᠤᠨ ᠪᠠᠷᠠᠭ᠎ᠠ ᠣᠷᠤᠭᠤᠯᠬᠤ ᠪᠣᠭᠤᠮᠲᠠ᠂ ᠬᠠᠳᠠᠭᠠᠯᠠᠬᠤ ᠪᠤᠭᠤᠮᠲᠠ᠂ ᠢᠳᠡᠭᠡᠨ ᠤᠮᠳᠠᠭᠠᠨ ᠤ ᠵᠦᠢᠯᠡᠰ ᠢ ᠡᠳ᠋ᠰᠢᠭᠦᠯᠬᠦ ᠪᠤᠭᠤᠮᠲᠠ ᠪᠠ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠨ ᠠᠷᠢᠭᠤᠳᠬᠠᠬᠤ ᠪᠤᠭᠤᠮᠲᠠ᠂ ᠠᠵᠢᠯᠲᠠᠨ ᠤ ᠡᠷᠡᠭᠦᠯ ᠮᠡᠨᠳᠦ ᠶᠢᠨ ᠪᠤᠭᠤᠮᠲᠠ ᠶᠢ ᠴᠢᠩᠭ᠎ᠠ ᠡᠵᠡᠮᠳᠡᠨ᠎ᠡ᠃ ᠰᠤᠷᠭᠠᠭᠤᠯᠢ ᠶᠢ ᠰᠢᠮᠳᠠᠭᠤᠯᠤᠨ ᠢᠳᠡᠭᠡᠨ ᠤ ᠲᠥᠭᠦᠬᠡᠢ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠠᠷᠠᠭ᠎ᠠ ᠬᠠᠩᠭᠠᠬᠤ ᠬᠤᠳᠠᠯᠳᠤᠭᠠᠴᠢᠨ ᠯᠤᠭ᠎ᠠ ᠶᠠᠰᠤ ᠴᠢᠨᠠᠷ ᠢ ᠪᠠᠲᠤᠯᠠᠬᠤ ᠬᠡᠯᠡᠯᠴᠡᠭᠡᠷ ᠲᠣᠭᠲᠠᠵᠤ᠂ ᠲᠣᠭᠲᠠᠭᠠᠭᠰᠠᠨ ᠴᠢᠬ ᠲᠤ ᠬᠤᠳᠠᠯᠳᠤᠨ ᠠᠪᠬᠤ ᠶᠢ ᠬᠡᠷᠡᠭᠵᠢᠭᠦᠯᠦᠨ᠂ ᠪᠦᠷᠢᠨ ᠪᠦᠲᠦᠨ ᠦᠨᠡᠮᠯᠡᠯ ᠪᠠ ᠫᠢᠶᠤᠤ ᠠᠪᠬᠤ ᠳᠦᠷᠢᠮ ᠢ ᠬᠡᠷᠡᠭᠵᠢᠭᠦᠯᠬᠦ ᠶᠢᠨ ᠬᠠᠮᠲᠤ᠂ ᠢᠳᠡᠭᠡᠨ ᠤ ᠲᠣᠭᠲᠠᠭᠠᠭᠰᠠᠨ ᠴᠢᠬ ᠲᠤ ᠲᠣᠬᠢᠷᠠᠭᠤᠯᠤᠨ ᠬᠦᠷᠭᠡᠬᠦ ᠨᠢᠭᠡᠴᠡ ᠳᠤ ᠲᠥᠭᠦᠬᠡᠢ ᠮᠠᠲ᠋ᠧᠷᠢᠶᠠᠯ ᠬᠠᠩᠭᠠᠬᠤ ᠠᠮᠦᠷ ᠲᠥᠪᠰᠢᠨ ᠢ ᠪᠠᠶᠢᠴᠠᠭᠠᠨ ᠰᠢᠯᠭᠠᠬᠤ ᠶᠢ ᠴᠢᠩᠭᠠᠳᠬᠠᠵᠤ᠂ ᠠᠮᠦᠷ ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠢ ᠠᠷᠢᠯᠭᠠᠨ᠎ᠠ᠃ ᠰᠤᠷᠭᠠᠭᠤᠯᠢ ᠶᠢᠨ ᠬᠤᠭᠤᠯᠠᠨ ᠭᠡᠷ ᠤᠨ ᠬᠤᠣᠷ ᠬᠦᠨᠦᠭᠡᠯ ᠢ ᠵᠠᠳᠠᠯᠬᠤ ᠪᠠ ᠵᠠᠩᠬᠢᠯᠠᠭ᠎ᠠ ᠶᠢ ᠡᠵᠡᠮᠳᠡᠬᠦ ︵HACCP︶᠂ ︽ᠲᠠᠪᠤᠨ ᠪᠠᠶᠢᠩᠭᠤ ᠶᠢᠨ ᠠᠷᠭ᠎ᠠ︾᠂ ︽ᠵᠢᠷᠭᠤᠭᠠᠨ ᠡᠳᠦᠷ ᠤᠨ ᠠᠷᠭ᠎ᠠ︾ ᠵᠡᠷᠭᠡ ᠲᠠᠷᠢᠭᠦᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢ ᠵᠣᠷᠢᠬᠵᠢᠭᠤᠯᠤᠨ ᠳᠡᠮᠵᠢᠨ᠎ᠡ᠃          2. ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ ᠮᠦᠴᠢᠷ ᠤᠳ ᠬᠠᠮᠲᠤᠷᠠᠨ ᠬᠦᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠦᠷ ᠲᠥᠪᠰᠢᠨ ᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ︾ ᠪᠠ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠦᠨᠡᠮᠯᠡᠯ︾ ᠣᠯᠣᠭᠠᠳᠤᠢ ᠰᠤᠷᠭᠠᠭᠤᠯᠢ ᠶᠢᠨ ᠬᠤᠭᠤᠯᠠᠨ ᠭᠡᠷ ᠤᠨ ᠬᠤᠭᠤᠯᠠ ᠬᠠᠩᠭᠠᠬᠤ ᠶᠢ ᠴᠢᠩᠭ᠎ᠠ ᠴᠠᠭᠠᠵᠠᠯᠠᠨ᠎ᠠ᠃ ᠰᠤᠷᠭᠠᠭᠤᠯᠢ ᠡᠷᠬᠢᠯᠡᠬᠦ ᠬᠢᠷᠢ ᠭᠡᠮ ᠪᠤᠶᠤ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠦᠨᠡᠮᠯᠡᠯ︾ ᠤᠯᠤᠭᠠᠳᠤᠢ᠂ ᠨᠡᠶᠢᠲᠡ ᠶᠢᠨ ᠪᠤᠳᠠᠭᠠᠯᠠᠬᠤ ᠶᠢ ᠬᠡᠷᠡᠭᠵᠢᠭᠦᠯᠵᠦ ᠪᠠᠶᠢᠭ᠎ᠠ ᠬᠡᠦᠬᠡᠳ ᠰᠠᠭᠠᠲᠠᠭᠤᠯᠬᠤ ᠡᠯ᠎ᠡ ᠲᠦᠷᠦᠯ ᠤᠨ ᠪᠠᠶᠢᠭᠤᠯᠤᠮᠵᠢ ᠶᠢ ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠪᠠᠶᠢᠳᠠᠯ ᠢ ᠴᠠᠭ ᠲᠣᠬᠠᠢ ᠳᠤᠨᠢ ᠬᠠᠷᠢᠯᠴᠠᠨ ᠣᠶᠢᠯᠠᠭᠠᠯᠴᠠᠬᠤ ᠶᠢᠨ ᠬᠠᠮᠲᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠂ ᠨᠦᠬᠦᠴᠡᠯ ᠳᠤ ᠨᠡᠶᠢᠴᠡᠬᠦ ᠦᠭᠡᠢ ᠰᠤᠷᠭᠠᠭᠤᠯᠢ ᠡᠷᠬᠢᠯᠡᠭᠰᠡᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠨ᠎ᠠ᠃ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠰᠤᠷᠭᠠᠭᠤᠯᠢ ᠡᠷᠬᠢᠯᠡᠬᠦ ᠪᠠᠶᠢᠭᠤᠯᠤᠮᠵᠢ ︵ᠰᠤᠷᠭᠠᠭᠤᠯᠢ ᠶᠢᠨ ᠲᠣᠭᠤᠷᠢᠭ︶ ᠶᠢ ᠰᠢᠨ᠎ᠡ ᠪᠠᠷ ᠵᠥᠪᠰᠢᠶᠡᠷᠡᠬᠦ ᠳᠡᠭᠡᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠬᠠᠢ ᠶᠢᠨ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠴᠠᠭ ᠲᠣᠬᠠᠢ ᠳᠤᠨᠢ ᠮᠡᠳᠡᠭᠡᠯᠡᠨ᠎ᠡ᠃          3. ᠡᠯ᠎ᠡ ᠭᠠᠵᠠᠷ ᠣᠷᠣᠨ ᠨᠤᠭᠤᠳ ᠣᠷᠤᠭᠤᠯᠤᠯᠲᠠ ᠪᠠᠨ ᠨᠡᠮᠡᠭᠳᠡᠭᠦᠯᠵᠦ᠂ ᠰᠤᠷᠭᠠᠭᠤᠯᠢ ᠶᠢᠨ ᠠᠮᠦᠷ ᠲᠥᠪᠰᠢᠨ ᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠰᠤᠷᠭᠠᠭᠤᠯᠢ ᠶᠢᠨ ᠬᠤᠭᠤᠯᠠᠨ ᠭᠡᠷ ᠤᠨ ᠰᠠᠭᠤᠷᠢ ᠪᠡᠯᠡᠳᠭᠡᠮᠵᠢ ᠶᠢ ᠦᠨᠡᠨᠬᠦ ᠲᠡᠭᠦᠯᠳᠡᠷᠵᠢᠭᠦᠯᠵᠦ᠂ ︽ᠠᠷᠢᠭᠤᠨ ᠴᠡᠪᠡᠷ ᠭᠠᠯ ᠲᠣᠭᠤᠭᠠᠨ ᠤ ᠦᠷᠦᠭᠡ︾ ᠶᠢᠨ ᠢᠨᠵᠧᠨᠧᠷᠢᠩ ᠢ ᠪᠣᠢ ᠪᠣᠯᠭᠠᠨ᠂ ᠬᠤᠭᠤᠯᠠᠨ ᠭᠡᠷ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠰᠤᠷᠭᠠᠭᠤᠯᠢ ᠶᠢᠨ ᠬᠤᠭᠤᠯᠠᠨ ᠭᠡᠷ ᠤᠨ ᠪᠠᠶᠢᠷᠢᠰᠢᠯᠠᠭᠤᠯᠤᠯ᠂ ᠰᠠᠭᠤᠷᠢ ᠪᠡᠯᠡᠳᠭᠡᠮᠵᠢ ᠲᠥᠭᠦᠭᠡᠷᠦᠮᠵᠢ ᠵᠢᠴᠢ ᠬᠠᠮᠢᠶᠠᠷᠤᠯᠲᠠ ᠶᠢ ᠢᠳᠡᠭᠡᠨ ᠤᠮᠳᠠᠭᠠᠨ ᠤ ᠦᠢᠯᠡᠴᠢᠯᠡᠭᠡ ᠶᠢᠨ ᠢᠳᠡᠭᠡᠨ ᠤ ᠠᠮᠦᠷ ᠲᠥᠪᠰᠢᠨ ᠤ ᠠᠵᠢᠯᠯᠠᠭᠠᠨ ᠤ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠭᠦᠯᠦᠨ᠂ ᠡᠵᠡᠩᠨᠡᠯᠲᠡ ᠶᠢᠨ ᠬᠡᠪᠴᠢᠶᠡᠵᠢᠯ ᠯᠦᠭᠡ ᠵᠣᠬᠢᠴᠠᠭᠰᠠᠨ ᠢᠳᠡᠭᠡᠨ ᠤ ᠠᠮᠦᠷ ᠲᠥᠪᠰᠢᠨ ᠤ ᠲᠦᠷᠭᠡᠨ ᠪᠠᠶᠢᠴᠠᠭᠠᠬᠤ ᠲᠥᠭᠦᠭᠡᠷᠦᠮᠵᠢ ᠶᠢ ᠲᠣᠬᠢᠷᠠᠭᠤᠯᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠬᠤᠭᠤᠯᠠᠨ ᠭᠡᠷ ᠤᠨ ᠲᠦᠭᠦᠬᠡᠢ ᠪᠠ ᠲᠤᠰᠠᠯᠠᠬᠤ ᠮᠠᠲ᠋ᠧᠷᠢᠶᠠᠯ ᠵᠡᠷᠭᠡ ᠦᠷᠭᠡᠨ ᠬᠡᠮᠵᠢᠶᠡᠨ ᠤ ᠢᠳᠡᠭᠡᠨ ᠢ ᠨᠢᠭᠡᠲᠦᠯᠲᠡᠢ ᠲᠣᠬᠢᠷᠠᠭᠤᠯᠤᠨ ᠬᠦᠷᠭᠡᠬᠦ ᠶᠢ ᠠᠬᠢᠭᠤᠯᠵᠤ᠂ ᠲᠠᠷᠢᠶᠠᠨ ᠵᠠᠬ᠎ᠠ᠂ ᠲᠣᠭᠲᠠᠭᠰᠠᠨ ᠭᠠᠵᠠᠷ ᠲᠤ ᠮᠠᠯ ᠨᠢᠳᠤᠯᠬᠤ ᠲᠠᠯᠠᠪᠤᠷ᠂ ᠦᠢᠯᠡᠳᠪᠦᠷᠢᠯᠡᠯ ᠤᠨ ᠠᠵᠤ ᠠᠬᠤᠶᠢᠯᠠᠯ ᠠᠴᠠ ᠰᠤᠷᠭᠠᠭᠤᠯᠢ ᠳᠤ ᠰᠢᠭᠤᠳ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠢ ᠢᠳᠡᠪᠬᠢᠲᠡᠢ ᠵᠣᠷᠢᠬᠵᠢᠭᠤᠯᠤᠨ᠎ᠠ᠃          4. ᠮᠦᠨᠬᠦ ᠭᠠᠳᠠᠭᠰᠢ ᠳᠠᠭᠠᠭᠠᠴᠢᠯᠠᠭᠤᠯᠵᠤ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠯᠦᠭᠡ ᠬᠠᠮᠵᠢᠯᠴᠠᠨ ᠳᠠᠩᠰᠠᠯᠠᠨ ᠳᠡᠪᠳᠡᠷᠯᠡᠵᠦ᠂ ᠵᠣᠬᠢᠬᠤ ᠰᠢᠯᠵᠢᠯᠲᠡ ᠶᠢᠨ ᠴᠠᠭ ᠬᠤᠭᠤᠴᠠᠭ᠎ᠠ ᠣᠯᠭᠤᠨ᠂ ᠭᠠᠳᠠᠭᠰᠢ ᠳᠠᠭᠠᠭᠠᠴᠢᠯᠠᠭᠤᠯᠬᠤ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ᠃ ᠡᠭᠦᠨ ᠤ ᠬᠠᠮᠲᠤ᠂ ᠰᠤᠷᠭᠠᠭᠤᠯᠢ ᠶᠢᠨ ᠢᠳᠡᠭᠡᠨ ᠤ ᠠᠮᠦᠷ ᠲᠥᠪᠰᠢᠨ ᠤ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠱᠠᠭᠠᠷᠳᠠᠵᠤ᠂ ᠳᠠᠭᠠᠭᠠᠴᠢᠯᠠᠬᠤ ᠪᠠᠷ ᠬᠠᠮᠢᠶᠠᠷᠬᠤ ᠶᠢ ᠣᠷᠤᠯᠠᠬᠤ ᠶᠢ ᠡᠷᠡᠰ ᠲᠡᠪᠴᠢᠨ᠎ᠡ᠃ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠶᠡᠭᠡ ᠰᠤᠷᠭᠠᠭᠤᠯᠢ ᠪᠤᠯᠤᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠭᠠᠳᠠᠭᠰᠢ ᠳᠠᠭᠠᠭᠠᠴᠢᠯᠠᠭᠤᠯᠵᠤ ᠪᠠᠶᠢᠭ᠎ᠠ ᠬᠤᠭᠤᠯᠠᠨ ᠭᠡᠷ ᠲᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠯᠦᠭᠡ ᠬᠠᠮᠵᠢᠯᠴᠠᠨ ᠬᠠᠮᠢᠶ᠎ᠠ ᠪᠦᠬᠦᠢ ᠳᠦᠷᠢᠮ ᠢ ᠲᠣᠭᠲᠠᠭᠠᠵᠤ᠂ ᠨᠡᠶᠢᠭᠡᠮ ᠳᠡᠭᠡᠷᠡᠬᠢ ᠬᠡᠮᠵᠢᠶᠡᠯᠡᠨ ᠱᠠᠲᠤ ᠬᠤᠪᠢᠶᠠᠨ ᠬᠠᠮᠢᠶᠠᠷᠬᠤ A ᠳᠡᠰ ᠤᠨ ᠬᠢᠷᠢ ᠭᠡᠮ ᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠶᠢ ᠰᠤᠩᠭᠤᠨ ᠰᠤᠷᠭᠠᠭᠤᠯᠢ ᠶᠢᠨ ᠬᠤᠭᠤᠯᠠᠨ ᠭᠡᠷ ᠢ ᠳᠠᠭᠠᠭᠠᠴᠢᠯᠠᠭᠤᠯᠤᠨ᠂ ᠳᠣᠣᠷ᠎ᠠ ᠬᠢᠷᠢ ᠬᠡᠮᠵᠢᠶ᠎ᠡ ᠪᠠᠷ ᠭᠠᠳᠠᠭᠰᠢ ᠳᠠᠭᠠᠭᠠᠴᠢᠯᠠᠭᠤᠯᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃          5. ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠰᠤᠷᠭᠠᠭᠤᠯᠢ ᠶᠢᠨ ᠠᠮᠢᠳᠤᠷᠠᠯ ᠤᠨ ᠤᠤᠭᠤᠬᠤ ᠤᠰᠤᠨ ᠤ ᠤᠰᠤᠨ ᠤ ᠴᠢᠨᠠᠷ ᠢ ᠬᠢᠨᠠᠨ ᠰᠢᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠵᠦ᠂ ᠤᠰᠤᠨ ᠤ ᠴᠢᠨᠠᠷ ᠢ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠰᠤᠷᠭᠠᠭᠤᠯᠢ ᠳᠤ ᠰᠤᠷᠭᠠᠭᠤᠯᠢ ᠪᠠ ᠲᠣᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠠᠤᠯᠢ ᠶᠤᠰᠤᠭᠠᠷ ᠮᠡᠳᠡᠭᠳᠡᠨ᠂ ᠲᠣᠬᠠᠢ ᠶᠢᠨ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠢᠮᠳᠠᠭᠤᠯᠤᠨ ᠨᠠᠶᠢᠳᠠᠪᠤᠷᠢᠵᠢᠭᠤᠯᠵᠤ ᠴᠡᠭᠴᠡᠯᠡᠨ ᠰᠠᠶᠢᠵᠢᠷᠠᠭᠤᠯᠵᠤ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠮᠦᠷᠳᠡᠨ ᠳᠠᠬᠢᠨ ᠪᠠᠶᠢᠴᠠᠭᠠᠵᠤ᠂ ᠰᠤᠷᠭᠠᠭᠤᠯᠢ ᠶᠢᠨ ᠠᠮᠢᠳᠤᠷᠠᠯ ᠤᠨ ᠤᠤᠭᠤᠬᠤ ᠤᠰᠤᠨ ᠤ ᠠᠮᠦᠷ ᠲᠥᠪᠰᠢᠨ ᠢ ᠦᠨᠡᠨᠬᠦ ᠪᠠᠲᠤᠯᠠᠨ᠎ᠠ᠃         6. ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠦᠷ ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠡᠮᠵᠢᠶᠡᠯᠡᠨ ᠱᠠᠲᠤ ᠬᠤᠪᠢᠶᠠᠨ ᠬᠠᠮᠢᠶᠠᠷᠬᠤ ᠪᠠ ᠳᠡᠰ ᠢ ᠨᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠱᠠᠲᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠣᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯᠲᠠᠨ ᠵᠢᠴᠢ ᠠᠵᠢᠯ ᠡᠷᠬᠢᠯᠡᠭᠰᠡᠳ ᠤᠨ ᠲᠣᠬᠠᠶᠢᠯᠠᠭᠰᠠᠨ ᠠᠵᠢᠯ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃          ︵ᠬᠤᠶᠠᠷ︶ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃          1. ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠤᠰᠤᠭᠠᠷ᠂ ᠰᠤᠷᠭᠠᠭᠤᠯᠢ ᠵᠡᠷᠭᠡ ᠰᠠᠯᠠᠭ᠎ᠠ ᠮᠦᠴᠢᠷ᠂ ᠨᠢᠭᠡᠴᠡ ᠶᠢ ᠵᠣᠬᠢᠶᠠᠨ ᠪᠠᠶᠢᠭᠤᠯᠤᠨ ᠬᠠᠷᠢᠶᠠᠲᠤ ᠣᠷᠣᠨ ᠤ ᠳᠤᠲᠤᠷᠠᠬᠢ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠢ ᠪᠦᠬᠦ ᠲᠠᠯ᠎ᠠ ᠪᠠᠷ ᠪᠠᠶᠢᠴᠠᠭᠠᠵᠤ᠂ ᠴᠤᠬᠤᠮ ᠪᠠᠶᠢᠳᠠᠯ ᠢ ᠲᠤᠳᠣᠷᠬᠠᠢ ᠣᠶᠢᠯᠭᠠᠨ᠂ ᠳᠠᠩᠰᠠᠯᠠᠨ ᠳᠡᠪᠲᠡᠷᠯᠡᠵᠦ᠂ ᠲᠣᠬᠠᠢ ᠶᠢᠨ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠦᠨᠳᠦᠰᠦᠨ ᠮᠡᠳᠡᠭᠡ ᠵᠠᠩᠭᠢ ᠶᠢ ᠬᠠᠩᠭᠠᠨ᠎ᠠ᠃ ᠰᠤᠷᠤᠯᠭ᠎ᠠ ᠶᠢᠨ ᠬᠤᠭᠤᠴᠠᠭ᠎ᠠ ᠪᠦᠷᠢ ᠡᠬᠢᠯᠡᠬᠦ ᠠᠴᠠ ᠡᠮᠦᠨ᠎ᠡ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠲᠡᠮᠲᠡᠭᠯᠡᠨ ᠪᠦᠷᠢᠳᠭᠡᠨ ᠳᠠᠩᠰᠠᠯᠠᠭᠰᠠᠨ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠤᠨ ᠨᠡᠷᠡᠰ ᠵᠢᠴᠢ ᠵᠠᠭᠠᠯᠳᠤᠨ ᠢᠯᠡᠴᠢᠯᠡᠬᠦ ᠤᠲᠠᠰᠤ ᠶᠢ ᠠᠳᠠᠯᠢ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠡᠯᠡᠵᠦ᠂ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠨᠡᠶᠢᠭᠡᠮ ᠨᠡᠶᠢᠲᠡ ᠳᠤ ᠵᠠᠷᠯᠠᠨ᠂ ᠰᠤᠷᠤᠭᠴᠢ ᠶᠢᠨ ᠭᠡᠷ ᠤᠨ ᠠᠬᠠᠮᠠᠳ ᠤᠨ ᠰᠤᠩᠭᠤᠬᠤ ᠳᠤ ᠳᠦᠭᠦᠮ ᠦᠵᠡᠭᠦᠯᠦᠨ᠎ᠡ᠃ ᠰᠤᠷᠭᠠᠨ ᠬᠦᠮᠦᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠂ ᠬᠠᠤᠯᠢ ᠠᠴᠠ ᠵᠦᠷᠢᠴᠡᠭᠰᠡᠨ ᠬᠡᠷᠡᠭ ᠢ ᠮᠦᠷᠳᠡᠨ ᠪᠠᠶᠢᠴᠠᠭᠠᠬᠤ ᠪᠠ ᠢᠳᠡᠭᠡᠨ ᠤ ᠠᠮᠦᠷ ᠲᠥᠪᠰᠢᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠰᠠᠶᠢᠲᠤᠷ ᠬᠢᠨ᠎ᠡ᠃          2. ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠤᠳᠤᠷᠢᠳᠴᠤ᠂ ᠨᠢᠭᠡᠨᠲᠡ ᠪᠦᠷᠢᠳᠭᠡᠨ ᠳᠠᠩᠰᠠᠯᠠᠭᠰᠠᠨ ︽ᠰᠤᠷᠤᠬᠴᠢ ᠳᠤ ᠵᠤᠷᠢᠭᠤᠯᠤᠬᠰᠠᠨ ᠠᠮᠠᠷᠠᠵᠦ ᠬᠤᠭᠤᠯᠠᠯᠠᠬᠤ ᠭᠠᠵᠠᠷ︾ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠂ ︽ᠢᠳᠡᠭᠡᠨ ᠤ ᠠᠮᠦᠷ ᠲᠥᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠠᠭ ᠲᠣᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ ᠴᠡᠭᠴᠡᠯᠡᠨ ᠰᠠᠶᠢᠵᠢᠷᠠᠭᠤᠯᠬᠤ ᠶᠢ ᠦᠯᠦ ᠪᠣᠲᠠᠲᠠᠶᠢᠵᠢᠭᠤᠯᠤᠭᠰᠠᠨ ᠪᠣᠶᠣ ᠬᠤᠭᠤᠯᠠᠨ ᠤ ᠬᠤᠣᠷᠳᠠᠯᠭ᠎ᠠ ᠶᠢᠨ ᠠᠳᠡᠯ ᠡᠭᠦᠰᠦᠭᠰᠡᠨ ᠪᠠᠶᠢᠪᠠᠯ᠂ ᠬᠦᠴᠦᠨ ᠦᠭᠡᠢ ᠪᠣᠯᠭᠠᠬᠤ ᠰᠠᠨᠠᠯ ᠤᠨ ᠪᠢᠴᠢᠭ ᠢ ᠪᠠᠭᠤᠯᠭᠠᠬᠤ ᠶᠢᠨ ᠬᠠᠮᠲᠤ᠂ 5 ᠠᠵᠢᠯ ᠤᠨ ᠡᠳᠦᠷ ᠳᠤᠲᠤᠷ᠎ᠠ ᠲᠣᠬᠠᠢ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠪᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠵᠦ᠂ ᠵᠠᠰᠠᠭ ᠤᠨ ᠣᠷᠳᠣᠨ ᠲᠦᠷᠦᠭᠦᠯᠡᠨ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠠᠵᠤ ᠦᠢᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠬᠠᠤᠯᠢ ᠶᠤᠰᠤᠭᠠᠷ ᠬᠠᠮᠲᠤᠷᠠᠨ ᠬᠦᠴᠦᠨ ᠦᠭᠡᠢ ᠪᠣᠯᠭᠠᠨ᠎ᠠ᠃        ︵ᠭᠤᠷᠪᠠ︶ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠤᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃          1. ᠡᠯ᠎ᠡ ᠱᠠᠲᠤᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠳᠠᠯᠢ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠯᠦᠭᠡ ᠣᠶᠢᠯᠠᠭᠠᠯᠴᠠᠬᠤ᠂ ᠵᠣᠬᠢᠴᠠᠭᠤᠯᠬᠤ᠂ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠭᠠᠵᠠᠷ ᠲᠤ ᠬᠤᠭᠤᠯᠠᠨ ᠭᠡᠷ ᠢ ᠦᠨᠡᠮᠯᠡᠯ ᠦᠭᠡᠢ ᠪᠠᠷ ᠡᠷᠬᠢᠯᠡᠬᠦ ᠪᠠ ᠡᠵᠡᠩᠨᠡᠬᠦ ᠦᠵᠡᠭᠳᠡᠯ ᠲᠠᠢ ᠪᠠᠶᠢᠬᠤ ᠶᠢ ᠲᠡᠪᠴᠢᠨ᠎ᠡ᠃ ᠴᠢᠬᠤᠯᠠ ᠲᠠᠢ ᠪᠤᠯ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠡᠳᠦᠷ ᠲᠤᠳᠤᠮ ᠤᠨ ᠬᠢᠨᠠᠨ ᠪᠠᠶᠢᠴᠠᠭᠠᠬᠤ ᠪᠠ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠨᠢᠭᠦᠯᠵᠦ᠂ ᠢᠳᠡᠭᠡᠨ ᠤ ᠠᠮᠦᠷ ᠲᠥᠪᠰᠢᠨ ᠤ ᠱᠠᠭᠠᠷᠳᠠᠯᠭ᠎ᠠ ᠲᠠᠢ ᠦᠯᠦ ᠨᠡᠶᠢᠴᠡᠬᠦ᠂ ᠦᠷᠭᠦᠯᠵᠢᠯᠡᠨ ᠡᠵᠡᠩᠨᠡᠵᠦ ᠪᠦᠬᠦᠢ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠬᠠᠤᠯᠢ ᠶᠤᠰᠤᠭᠠᠷ ᠵᠠᠷᠯᠢᠭᠳᠠᠵᠤ ᠪᠠᠶᠢᠭᠠᠳ ᠠᠵᠢᠯ ᠢ ᠨᠢ ᠵᠤᠭᠰᠤᠭᠠᠨ ᠴᠡᠭᠴᠡᠯᠡᠬᠦ ᠪᠤᠶᠤ ᠬᠦᠴᠦᠨ ᠦᠭᠡᠢ ᠪᠣᠯᠭᠠᠨ᠎ᠠ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ ᠢᠳᠡᠭᠡᠨ ᠤ ᠬᠤᠣᠷᠳᠠᠯᠭ᠎ᠠ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠰᠠᠶᠢᠲᠤᠷ ᠬᠢᠨ᠎ᠡ᠃           2. ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾᠂ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠳᠤ ᠲᠣᠭᠲᠠᠭᠠᠭᠰᠠᠨ ᠵᠥᠪᠰᠢᠶᠡᠷᠡᠬᠦ ᠨᠦᠬᠦᠴᠡᠯ ᠪᠠ ᠳᠡᠰ ᠳᠠᠷᠠᠭᠠᠯᠠᠯ ᠢ ᠴᠢᠩᠭ᠎ᠠ ᠵᠢᠷᠤᠮᠯᠡᠨ᠂ ᠬᠤᠭᠤᠯᠠᠨ ᠭᠡᠷ ᠨᠡᠭᠡᠭᠡᠨ ᠡᠷᠬᠢᠯᠡᠬᠦ ᠪᠠᠷ ᠭᠤᠶᠤᠴᠢᠯᠠᠭᠰᠠᠨ ᠪᠠᠷᠢᠯᠭ᠎ᠠ ᠶᠢᠨ ᠭᠠᠵᠠᠷ ᠲᠤ ᠪᠢᠴᠢᠭ ᠢᠶᠠᠷ ᠬᠢᠨᠠᠨ ᠪᠠᠶᠢᠴᠠᠭᠠᠬᠤ ᠪᠠ ᠲᠣᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠨ᠎ᠠ᠂ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠳᠤ ᠦᠯᠦ ᠨᠡᠶᠢᠴᠡᠭᠰᠡᠳ ᠲᠤ ᠵᠥᠪᠰᠢᠶᠡᠷᠡᠯ ᠤᠨ ᠦᠨᠡᠮᠯᠡᠯ ᠣᠯᠭᠤᠬᠤ ᠦᠭᠡᠢ᠃ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠦᠨᠡᠮᠯᠡᠯ︾ ᠢ ᠣᠯᠣᠭᠰᠠᠨ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠬᠠᠤᠯᠢ ᠶᠤᠰᠣᠭᠠᠷ ᠴᠢᠩᠭ᠎ᠠ ᠬᠢᠨᠠᠨ ᠬᠠᠮᠢᠶᠠᠷᠤᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠭᠰᠠᠨ ᠦᠭᠡᠢ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠢᠳᠡᠭᠡᠨ ᠤᠮᠳᠠᠭᠠᠨ ᠤ ᠵᠥᠪᠰᠢᠶᠡᠷᠡᠯ ᠢ ᠭᠦᠢᠴᠡᠳᠭᠡᠭᠰᠡᠨ ᠦᠭᠡᠢ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠬᠠᠤᠯᠢ ᠶᠤᠰᠤᠭᠠᠷ ᠬᠦᠴᠦᠨ ᠦᠭᠡᠢ ᠪᠣᠯᠭᠠᠨ᠎ᠠ᠃          3. ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠤᠨ ᠱᠠᠭᠠᠷᠳᠠᠯᠭ᠎ᠠ ᠳᠤ ᠦᠨᠡᠨᠬᠦ ᠬᠦᠷᠴᠦ ᠳᠡᠶᠢᠯᠬᠦ ᠦᠭᠡᠢ᠂ ᠬᠤᠲᠠ ᠪᠠᠯᠭᠠᠰᠤ ᠠᠴᠠ ᠵᠠᠶᠢᠲᠠᠢ᠂ ᠪᠤᠶᠢᠲᠠ ᠪᠦᠭᠯᠡᠭᠦᠦ ᠭᠠᠵᠠᠷ ᠣᠷᠣᠨ ᠳᠤ ᠪᠠᠶᠢᠷᠢᠰᠢᠵᠤ᠂ ᠪᠠᠷᠢᠯᠭ᠎ᠠ ᠶᠢᠨ ᠬᠤᠭᠤᠴᠠᠭ᠎ᠠ ᠨᠢ 90 ᠡᠳᠦᠷ ᠤᠨ ᠳᠤᠲᠤᠷ᠎ᠠ᠂ ᠬᠤᠭᠤᠯᠠᠯᠠᠬᠤ ᠬᠦᠮᠦᠨ ᠤ ᠲᠤᠭ᠎ᠠ ᠨᠢ 100 ᠬᠦᠮᠦᠨ ᠠᠴᠠ ᠴᠦᠬᠡᠨ ᠪᠠᠶᠢᠬᠤ ᠪᠠᠷᠢᠯᠭ᠎ᠠ ᠶᠢᠨ ᠭᠠᠵᠠᠷ ᠤᠨ ᠬᠤᠭᠤᠯᠠᠨ ᠭᠡᠷ ᠢ ᠡᠯ᠎ᠡ ᠠᠶᠢᠮᠠᠭ ᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠢᠶᠠᠷ ᠯᠠᠪᠯᠠᠯᠲᠠ ᠪᠣᠯᠭᠠᠵᠤ᠂ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠢ ᠪᠠᠲᠤᠯᠠᠭᠰᠠᠨ ᠤᠷᠢᠳᠠᠯ ᠳᠣᠣᠷ᠎ᠠ᠂ ᠪᠤᠲᠠᠲᠠᠢ ᠲᠠᠢ ᠨᠡᠶᠢᠴᠡᠭᠰᠡᠨ ᠵᠥᠪᠰᠢᠶᠡᠷᠡᠨ ᠣᠷᠤᠭᠤᠯᠬᠤ ᠠᠷᠭ᠎ᠠ ᠶᠢ ᠲᠣᠭᠲᠠᠭᠠᠨ ᠨᠡᠶᠢᠲᠡᠯᠡᠨ᠎ᠡ᠃         ︵ᠳᠥᠷᠪᠡ︶ ᠵᠢᠭᠤᠯᠴᠢᠯᠠᠯ ᠤᠨ ᠦᠵᠡᠮᠵᠢ ᠶᠢᠨ ᠣᠷᠣᠨ ᠤ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃          1. ᠡᠯ᠎ᠡ ᠱᠠᠲᠤᠨ ᠤ ᠵᠢᠭᠤᠯᠴᠢᠯᠠᠯ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠠᠳᠠᠯᠢ ᠱᠠᠲᠤᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠯᠦᠭᠡ ᠣᠶᠢᠯᠠᠭᠠᠯᠴᠠᠬᠤ᠂ ᠵᠣᠬᠢᠴᠠᠭᠤᠯᠬᠤ᠂ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠤᠲᠤᠷ᠎ᠠ ᠵᠢᠴᠢ ᠡᠷᠬᠢᠨ ᠲᠣᠭᠤᠷᠢᠨ ᠳᠤ ᠬᠤᠭᠤᠯᠠᠨ ᠭᠡᠷ᠂ ᠲᠠᠷᠢᠶᠠᠴᠢᠨ ᠠᠶᠢᠯ ᠤᠨ ᠵᠢᠭᠤᠯᠴᠢᠯᠠᠯ ᠢ ᠡᠷᠬᠢᠯᠡᠭᠰᠡᠨ ᠵᠡᠷᠭᠡ ᠪᠠᠶᠢᠳᠠᠯ ᠢ ᠴᠠᠭ ᠲᠣᠬᠠᠢ ᠳᠤᠨᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠡᠯᠡᠵᠦ᠂ ᠵᠢᠭᠤᠯᠴᠢᠯᠠᠯ ᠤᠨ ᠭᠠᠵᠠᠷ ᠲᠤ ᠦᠨᠡᠮᠯᠡᠯ ᠦᠭᠡᠢ ᠪᠠᠷ ᠢᠳᠡᠭᠡᠨ ᠤᠮᠳᠠᠭᠠᠨ ᠡᠷᠬᠢᠯᠡᠬᠦ ᠪᠠ ᠡᠵᠡᠩᠨᠡᠬᠦ ᠦᠵᠡᠭᠳᠡᠯ ᠲᠠᠢ ᠪᠠᠶᠢᠬᠤ ᠶᠢ ᠲᠡᠪᠴᠢᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ ᠴᠠᠭ ᠲᠣᠬᠠᠢ ᠳᠤᠨᠢ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠤᠯᠠᠷᠢᠯ ᠤᠨ ᠴᠢᠨᠠᠷᠲᠠᠢ ᠪᠠᠷ ᠠᠵᠢᠯ ᠵᠣᠭᠰᠤᠬᠤ ᠪᠤᠶᠤ ᠠᠵᠢᠯ ᠡᠷᠬᠢᠯᠡᠭᠰᠡᠨ ᠪᠠᠶᠢᠳᠠᠯ ᠢᠶᠠᠨ ᠮᠡᠳᠡᠭᠦᠯᠦᠨ᠎ᠡ᠃         2. ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠬᠤᠭᠤᠯᠠᠨ ᠭᠡᠷ ᠨᠢ ︽ᠢᠳᠡᠭᠡᠨ ᠤ ᠠᠮᠦᠷ ᠲᠥᠪᠰᠢᠨ ᠤ ᠬᠠᠤᠯᠢ︾ ᠶᠢᠨ ᠲᠣᠭᠲᠠᠭᠠᠯ ᠶᠢ ᠴᠢᠩᠭ᠎ᠠ ᠵᠢᠷᠤᠮᠯᠠᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠢ ᠣᠯᠵᠤ᠂ ᠬᠤᠰᠢᠭᠤ ᠰᠢᠶᠠᠨ ︵ᠬᠤᠲᠠ᠂ ᠲᠤᠭᠤᠷᠢᠬ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾᠂ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠳᠤ ᠲᠣᠭᠲᠠᠭᠠᠭᠰᠠᠨ ᠵᠥᠪᠰᠢᠶᠡᠷᠡᠬᠦ ᠨᠦᠬᠦᠴᠡᠯ ᠪᠠ ᠳᠡᠰ ᠳᠠᠷᠠᠭᠠᠯᠠᠯ ᠶᠤᠰᠤᠭᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠬᠤᠭᠤᠯᠠᠨ ᠭᠡᠷ ᠲᠤ ᠢᠳᠡᠭᠡᠨ ᠤᠮᠳᠠᠭᠠᠨ ᠤ ᠦᠢᠯᠡᠴᠢᠯᠡᠭᠡᠨ ᠤ ᠵᠥᠪᠰᠢᠶᠡᠷᠡᠯ ᠢ ᠭᠦᠢᠴᠡᠳᠭᠡᠬᠦ ᠪᠠᠨ ᠴᠢᠩᠳᠠᠯᠠᠨ᠎ᠠ᠃ ᠡᠯ᠎ᠡ ᠠᠶᠢᠮᠠᠭ ᠬᠤᠲᠠ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ︽ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠬᠢᠨᠠᠨ ᠪᠠᠶᠢᠴᠠᠭᠠᠯᠲᠠ ᠶᠢᠨ ᠵᠢᠷᠤᠮᠯᠡᠯ︾ ᠢᠶᠠᠷ ᠯᠠᠪᠯᠠᠯᠲᠠ ᠪᠣᠯᠭᠠᠵᠤ᠂ ︽ᠲᠠᠷᠢᠶᠠᠴᠢᠨ ᠠᠶᠢᠯ ᠤᠨ ᠵᠢᠭᠤᠯᠴᠢᠯᠠᠯ︾ ᠤᠨ ᠵᠥᠪᠰᠢᠶᠡᠷᠡᠨ ᠣᠷᠤᠭᠤᠯᠬᠤ ᠠᠷᠭ᠎ᠠ ᠶᠢ ᠲᠣᠭᠲᠠᠭᠠᠨ ᠨᠡᠶᠢᠲᠡᠯᠡᠵᠦ᠂ ᠲᠡᠳᠡᠨ ᠨᠢ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠦᠨᠳᠦᠰᠦᠨ ᠨᠦᠬᠦᠴᠡᠯ ᠪᠠ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠨ᠎ᠠ᠃         3. ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠢᠭᠤᠯᠴᠢᠯᠠᠯ ᠵᠡᠷᠭᠡ ᠰᠠᠯᠠᠭ᠎ᠠ ᠮᠦᠴᠢᠷ ᠤᠳ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠬ︶ ᠤ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠳᠤ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠪᠠᠶᠠᠷ ᠳᠤᠷᠠᠰᠬᠠᠯ ᠤᠨ ᠠᠵᠢᠯᠯᠠᠭᠠᠨ᠂ ᠴᠢᠬᠤᠯᠠ ᠶᠡᠭᠡ ᠠᠵᠢᠯᠯᠠᠭᠠᠨ ᠪᠠ ᠵᠢᠭᠤᠯᠴᠢᠯᠠᠯ ᠤᠨ ᠣᠷᠬᠢᠯ ᠤᠨ ᠦᠶ᠎ᠡ ᠳᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠰᠢᠮᠳᠠᠭᠤᠯᠤᠨ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠡᠳ᠋ᠰᠢᠭᠦᠯᠦᠨ ᠦᠢᠯᠡᠳᠬᠦ ᠵᠢᠴᠢ ᠢᠳᠡᠭᠡᠨ ᠤᠮᠳᠠᠭᠠᠨ ᠤ ᠬᠡᠷᠡᠭᠰᠡᠯ ᠢ ᠴᠡᠪᠡᠷᠯᠡᠨ ᠤᠬᠢᠶᠠᠵᠤ ᠠᠷᠢᠭᠤᠳᠬᠠᠬᠤ ᠶᠢ ᠵᠢᠷᠤᠮᠵᠢᠭᠤᠯᠤᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠣᠷᠴᠢᠨ ᠲᠣᠭᠤᠷᠢᠨ ᠪᠠ ᠤᠤᠭᠤᠬᠤ ᠤᠰᠤᠨ ᠤ ᠰᠤᠷᠪᠤᠯᠵᠢ ᠶᠢᠨ ᠠᠮᠦᠷ ᠲᠥᠪᠰᠢᠨ ᠢ ᠬᠠᠮᠠᠭᠠᠯᠠᠬᠤ ᠠᠵᠢᠯ ᠢ ᠦᠨᠡᠨᠬᠦ ᠴᠢᠩᠭᠠᠳᠬᠠᠵᠤ᠂ ᠬᠤᠪᠢᠳᠠᠨ ᠬᠤᠭᠤᠯᠠᠯᠠᠬᠤ᠂ ᠨᠡᠶᠢᠲᠡ ᠶᠢᠨ ᠰᠠᠪᠬ᠎ᠠ ᠵᠡᠷᠭᠡ ᠪᠣᠬᠢᠷᠳᠤᠯ ᠦᠭᠡᠢ ᠡᠷᠡᠭᠦᠯᠵᠢᠯ ᠢᠳᠡᠭᠡᠨ ᠤᠮᠳᠠᠭᠠᠨ ᠤ ᠠᠷᠭ᠎ᠠ ᠮᠠᠶ᠋ᠢᠭ ᠢ ᠢᠳᠡᠪᠬᠢᠲᠡᠢ ᠬᠡᠷᠡᠭᠵᠢᠭᠦᠯᠦᠨ᠎ᠡ᠃ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠬᠡᠮᠵᠢᠶᠡᠯᠡᠨ ᠱᠠᠲᠤ ᠬᠤᠪᠢᠶᠠᠨ ᠬᠠᠮᠢᠶᠠᠷᠬᠤ ᠶᠢ ᠭᠦᠨᠵᠡᠭᠡᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠤᠨ ᠪᠦᠷᠢᠨᠰᠢᠭᠦᠯᠵᠦ᠂ ᠨᠦᠯᠦᠭᠡ ᠮᠠᠭᠤᠲᠠᠢ ᠢᠲᠡᠭᠡᠮᠵᠢ ᠶᠢᠨ ᠲᠡᠮᠲᠡᠭᠯᠡᠯ ᠲᠠᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠭᠴᠢ ᠶᠢ ᠳᠠᠬᠢᠨ ᠳᠠᠪᠲᠠᠨ ᠬᠢᠨᠠᠨ ᠪᠠᠶᠢᠴᠠᠭᠠᠬᠤ ᠪᠠᠨ ᠨᠡᠮᠡᠭᠳᠡᠭᠦᠯᠦᠨ᠎ᠡ᠃           ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃         1. ᠭᠤᠶᠤᠴᠢᠯᠠᠨ ᠮᠡᠳᠡᠭᠦᠯᠵᠦ ᠪᠦᠷᠢᠳᠭᠡᠨ ᠳᠠᠩᠰᠠᠯᠠᠬᠤ ᠪᠠ ᠲᠣᠬᠠᠢ ᠶᠢᠨ ᠭᠠᠵᠠᠷ ᠲᠤᠨᠢ ᠵᠢᠯᠤᠭᠤᠳᠬᠤ ᠶᠢ ᠬᠠᠷᠢᠯᠴᠠᠨ ᠤᠶᠠᠯᠳᠤᠭᠤᠯᠬᠤ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠨ᠂ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠤᠮᠳᠠᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠨ ᠡᠳ᠋ᠰᠢᠭᠦᠯᠬᠦ ᠵᠢᠵᠢᠭ ᠦᠢᠯᠡᠳᠭᠡᠯ ᠤᠨ ᠭᠠᠵᠠᠷ ᠪᠠ ᠢᠳᠡᠭᠡᠨ ᠤ ᠳᠡᠯᠭᠡᠭᠡ ᠮᠠᠶᠢᠮᠠᠢ ᠶᠢᠨ ᠬᠠᠮᠢᠶᠠᠷᠤᠯᠲᠠ ᠶᠢᠨ ᠳᠦᠷᠢᠮ︾ ᠵᠢᠴᠢ ᠲᠤᠰ ᠭᠠᠵᠠᠷ ᠣᠷᠣᠨ ᠤ ᠲᠣᠭᠲᠠᠭᠠᠭᠰᠠᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠷᠭ᠎ᠠ ᠶᠢᠨ ᠶᠤᠰᠤᠭᠠᠷ᠂ ᠬᠠᠷᠢᠶᠠᠲᠤ ᠣᠷᠣᠨ ᠤ ᠳᠤᠲᠤᠷᠠᠬᠢ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠠᠵᠢᠯᠯᠠᠭ᠎ᠠ ᠶᠢᠨ ᠢᠳᠡᠭᠡᠨ ᠤ ᠠᠮᠦᠷ ᠲᠥᠪᠰᠢᠨ ᠢ ᠪᠠᠶᠢᠴᠠᠭᠠᠨ ᠵᠢᠯᠤᠭᠤᠳᠬᠤ ᠪᠠᠨ ᠴᠢᠩᠭᠠᠳᠬᠠᠨ᠎ᠠ᠃         2. ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠰᠤᠮᠤ ᠰᠢᠶᠠᠩ ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠡᠳᠡᠨ ᠤ ᠲᠤᠰ ᠣᠷᠣᠨ ᠪᠦᠰᠡ ᠳᠤᠲᠤᠷᠠᠬᠢ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠤᠷᠢᠶᠠᠩᠭᠤᠶᠢᠯᠠᠬᠤ᠂ ᠢᠳᠡᠭᠡᠨ ᠤ ᠠᠮᠦᠷ ᠲᠥᠪᠰᠢᠨ ᠤ ᠲᠤᠰᠠᠯᠠᠬᠤ ᠬᠠᠮᠢᠶᠠᠷᠤᠭᠴᠢ ᠵᠢᠴᠢ ᠨᠡᠭᠦᠳᠡᠯ ᠲᠣᠭᠤᠭᠠᠴᠢ ᠶᠢᠨ ᠳᠠᠩᠰᠠ ᠡᠪᠬᠡᠮᠡᠯ ᠢ ᠪᠠᠶᠢᠭᠤᠯᠬᠤ ᠪᠠ ᠬᠠᠮᠢᠶᠠᠷᠬᠤ ᠵᠡᠷᠭᠡ ᠠᠵᠢᠯ ᠦᠷᠨᠢᠭᠦᠯᠬᠦ ᠶᠢ ᠵᠢᠯᠤᠭᠤᠳᠤᠨ᠂ ᠢᠳᠡᠭᠡᠨ ᠤ ᠠᠮᠦᠷ ᠲᠥᠪᠰᠢᠨ ᠤ ᠲᠤᠰᠠᠯᠠᠬᠤ ᠬᠠᠪᠰᠤᠷᠤᠭᠴᠢ ᠵᠢᠴᠢ ᠨᠡᠭᠦᠳᠡᠯ ᠲᠣᠭᠤᠭᠠᠴᠢ ᠶᠢᠨ ᠢᠳᠡᠭᠡᠨ ᠤ ᠠᠮᠦᠷ ᠲᠥᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠢᠳᠡᠭᠡᠨ ᠤ ᠠᠮᠦᠷ ᠲᠥᠪᠰᠢᠨ ᠢ ᠰᠢᠮᠳᠠᠭᠤᠯᠤᠨ ᠪᠠᠶᠢᠴᠠᠭᠠᠬᠤ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠦᠷᠨᠢᠭᠦᠯᠦᠨ᠎ᠡ᠃         3. ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠬᠤᠭᠤᠯᠠ ᠢᠳᠡᠭᠡᠨ ᠡᠷᠬᠢᠯᠡᠭᠴᠢ ᠪᠤᠶᠤ ᠳᠠᠭᠠᠭᠠᠨ ᠡᠷᠬᠢᠯᠡᠭᠴᠢ ᠨᠢ ᠡᠷᠬᠡᠪᠰᠢ ᠬᠤᠷᠢᠮ ᠨᠠᠶᠢᠷ ᠢ ᠪᠡᠯᠡᠳᠭᠡᠬᠦ ᠠᠴᠠ ᠡᠮᠦᠨ᠎ᠡ ᠲᠣᠬᠠᠢ ᠶᠢᠨ ᠭᠠᠵᠠᠷ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠮᠡᠳᠡᠭᠦᠯᠵᠦ᠂ ᠰᠤᠮᠤ ᠰᠢᠶᠠᠩ ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠷᠢᠭᠤᠴᠠᠨ ᠲᠡᠮᠲᠡᠭᠯᠡᠵᠦ ᠪᠦᠷᠢᠳᠭᠡᠨ ᠳᠠᠩᠰᠠᠯᠠᠨ᠎ᠠ᠃ ᠰᠤᠮᠤ ᠰᠢᠶᠠᠩ ᠪᠠᠯᠭᠠᠰᠤ ᠶᠢᠨ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠠᠷᠢᠶᠠᠲᠤ ᠣᠷᠣᠨ ᠤ ᠳᠤᠲᠤᠷᠠᠬᠢ ᠮᠠᠯᠵᠢᠬᠤ ᠲᠠᠷᠢᠶᠠᠯᠠᠬᠤ ᠣᠷᠣᠨ ᠤ ᠨᠡᠶᠢᠲᠡ ᠶᠢᠨ ᠪᠤᠳᠠᠭᠠᠯᠠᠬᠤ ᠠᠵᠢᠯᠯᠠᠭ᠎ᠠ ᠳᠠᠬᠢ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠭᠠᠴᠠᠭ᠎ᠠ ᠲᠤᠰᠬᠤᠨ ᠤ ᠢᠳᠡᠭᠡᠨ ᠤ ᠠᠮᠦᠷ ᠲᠥᠪᠰᠢᠨ ᠤ ᠲᠤᠰᠠᠯᠠᠬᠤ ᠬᠠᠮᠢᠶᠠᠷᠤᠭᠴᠢ ᠶᠢ ᠬᠠᠮᠵᠢᠬᠤ ᠪᠤᠶᠤ ᠵᠢᠯᠤᠭᠤᠳᠤᠨ ᠠᠵᠢᠯ ᠦᠷᠨᠢᠭᠦᠯᠦᠨ᠎ᠡ᠂ ᠴᠢᠬᠤᠯᠠ ᠲᠠᠢ ᠪᠤᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠭᠤᠶᠤᠴᠢᠯᠠᠨ ᠬᠠᠮᠵᠢᠭᠤᠯᠵᠤ ᠪᠠᠶᠢᠭᠠᠳ ᠲᠣᠬᠠᠢ ᠶᠢᠨ ᠭᠠᠵᠠᠷ ᠲᠤᠨᠢ ᠵᠢᠯᠤᠭᠤᠳᠬᠤ ᠪᠠ ᠬᠢᠨᠠᠯᠲᠠ ᠲᠠᠯᠪᠢᠭᠤᠯᠵᠤ ᠪᠣᠯᠣᠨ᠎ᠠ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ        ︵ᠨᠢᠭᠡ︶ ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠪᠠᠨ ᠴᠢᠩᠳᠠᠯᠠᠨ᠎ᠠ᠃ ᠦᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ ᠠᠮᠦᠷ ᠲᠥᠪᠰᠢᠨ ᠤ ᠵᠦᠪᠯᠡᠯ ᠤᠨ ᠠᠯᠪᠠᠨ ᠭᠡᠷ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠤᠰ ︽ᠰᠠᠨᠠᠯ︾ ᠤᠨ ᠬᠡᠷᠡᠭᠵᠢᠭᠦᠯᠦᠭᠰᠡᠨ ᠪᠠᠶᠢᠳᠠᠯ ᠳᠤ ᠴᠢᠭᠯᠡᠭᠦᠯᠦᠨ᠂ ᠶᠡᠷᠦᠩᠬᠡᠶᠢᠯᠡᠨ ᠵᠣᠬᠢᠴᠠᠭᠤᠯᠬᠤ᠂ ᠵᠣᠬᠢᠶᠠᠨ ᠪᠠᠶᠢᠭᠤᠯᠤᠨ ᠵᠢᠯᠤᠭᠤᠳᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠯᠭᠡᠬᠦ ᠵᠡᠷᠭᠡ ᠠᠵᠢᠯ ᠢ ᠴᠠᠭ ᠲᠣᠬᠠᠢ ᠳᠤᠨᠢ ᠰᠠᠶᠢᠲᠤᠷ ᠬᠢᠵᠦ᠂ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠦᠴᠢᠷ ᠤᠨ ᠦᠵᠡᠯ ᠰᠠᠨᠠᠭᠠᠨ ᠳᠡᠭᠡᠷ᠎ᠡ ᠪᠠᠨ ᠴᠢᠬᠤᠯᠠᠴᠢᠯᠠᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ᠂ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠬᠤ ᠦᠭᠡᠢ᠂ ᠬᠢᠨᠠᠯᠲᠠ ᠬᠠᠮᠢᠶᠠᠷᠤᠯᠲᠠ ᠶᠢ ᠪᠤᠲᠠᠲᠠᠶᠢᠵᠢᠭᠤᠯᠬᠤ ᠦᠭᠡᠢ ᠪᠠᠶᠢᠬᠤ ᠵᠡᠷᠭᠡ ᠠᠰᠠᠭᠤᠳᠠᠯ ᠢᠯᠡᠷᠡᠬᠦ ᠶᠢ ᠰᠡᠷᠭᠡᠶᠢᠯᠡᠨ᠂ ᠲᠤᠰ ︽ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠳᠡᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠤᠰ ︽ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠵᠤ᠂ ᠠᠵᠢᠯ ᠤᠨ ᠠᠬᠢᠴᠠ ᠶᠢ ᠴᠠᠭ ᠲᠣᠬᠠᠢ ᠳᠤᠨᠢ ᠡᠵᠡᠮᠳᠡᠨ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃        ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠲᠤᠰ ︽ᠰᠠᠨᠠᠯ︾ ᠢ ᠪᠤᠲᠠᠲᠠᠶᠢᠵᠢᠭᠤᠯᠤᠭᠰᠠᠨ ᠦᠭᠡᠢ ᠠᠴᠠ ᠪᠣᠯᠵᠤ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠠᠳᠡᠯ ᠭᠠᠷᠭᠠᠭᠰᠠᠨ ᠪᠠᠶᠢᠪᠠᠯ᠂ ᠣᠷᠣᠨ ᠨᠣᠲᠤᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠴᠦᠮ ᠬᠠᠷᠢᠭᠤᠴᠠᠯᠭ᠎ᠠ ᠨᠡᠬᠡᠮᠵᠢᠯᠡᠨ᠎ᠡ᠃ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠠᠴᠠ ᠪᠣᠯᠵᠤ᠂ ᠠᠰᠠᠭᠤᠳᠠᠯ ᠢ ᠴᠠᠭ ᠲᠣᠬᠠᠢ ᠳᠤᠨᠢ ᠢᠯᠡᠷᠡᠭᠦᠯᠦᠭᠰᠡᠨ ᠦᠭᠡᠢ ᠪᠤᠶᠤ ᠰᠢᠢᠳᠪᠦᠷᠢᠯᠡᠭᠰᠡᠨ ᠦᠭᠡᠢ᠂ ᠠᠮᠦᠷ ᠲᠥᠪᠰᠢᠨ ᠤ ᠲᠥᠭᠰᠢᠭᠦᠷᠢ ᠶᠢᠨ ᠳᠠᠯᠳᠠ ᠭᠡᠮ ᠢ ᠠᠷᠢᠯᠭᠠᠭᠰᠠᠨ ᠦᠭᠡᠢ ᠠᠴᠠ ᠪᠤᠯᠵᠤ᠂ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠠᠳᠡᠯ ᠭᠠᠷᠭᠠᠭᠰᠠᠨ ᠪᠠᠶᠢᠪᠠᠯ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠠᠵᠢᠯᠲᠠᠨ ᠠᠴᠠ ᠴᠦᠮ ᠬᠠᠷᠢᠭᠤᠴᠠᠯᠭ᠎ᠠ ᠨᠡᠬᠡᠮᠵᠢᠯᠡᠨ᠎ᠡ᠃ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠱᠠᠭᠠᠷᠳᠠᠯᠭ᠎ᠠ ᠶᠤᠰᠤᠭᠠᠷ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠠᠴᠠ ᠪᠣᠯᠵᠤ᠂ ᠢᠳᠡᠭᠡᠨ ᠤᠮᠳᠠᠭᠠᠨ ᠤ ᠵᠦᠢᠯᠡᠰ ᠤᠨ ᠠᠮᠦᠷ ᠲᠥᠪᠰᠢᠨ ᠤ ᠠᠳᠡᠯ ᠭᠠᠷᠭᠠᠭᠰᠠᠨ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠠᠵᠢᠯᠲᠠᠨ ᠤ ᠬᠠᠷᠢᠭᠤᠴᠠᠯᠭ᠎ᠠ ᠨᠡᠬᠡᠮᠵᠢᠯᠡᠨ᠎ᠡ᠃ ᠠᠵᠤ ᠠᠬᠤᠶᠢᠯᠠᠯ ᠨᠢ ᠭᠤᠣᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠶᠢ ᠬᠤᠬᠢᠷᠠᠭᠤᠯᠬᠤ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠬᠠᠮᠢᠶ᠎ᠠ ᠪᠦᠬᠦᠢ ᠠᠵᠢᠯᠲᠠᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ︵ᠭᠤᠷᠪᠠ︶ ᠨᠡᠶᠢᠭᠡᠮ ᠤᠨ ᠬᠢᠨ ᠤ ᠬᠠᠮᠲᠤᠪᠠᠷ ᠵᠠᠰᠠᠬᠤ ᠶᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠬᠠᠭᠤᠯᠤᠯ ᠬᠦᠮᠦᠵᠢᠯ ᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠢᠳᠡᠭᠡᠨ ᠤᠮᠳᠠᠭᠠᠨ ᠤ ᠵᠦᠢᠯᠡᠰ ᠤᠨ ᠡᠵᠡᠩᠨᠡᠭᠴᠢ ᠶᠢ ᠵᠤᠷᠢᠬᠵᠢᠭᠤᠯᠵᠦ ᠢᠳᠡᠭᠡᠨ ᠤ ᠠᠮᠦᠷ ᠲᠥᠪᠰᠢᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠢᠳᠡᠭᠡᠨ ᠤ ᠠᠮᠦᠷ ᠲᠥᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠨᠢᠭᠦᠯᠵᠦ᠂ ᠬᠡᠷᠡᠭᠯᠡᠭᠴᠢᠳ ᠤᠨ ᠢᠳᠡᠭᠡᠨ ᠤ ᠠᠮᠦᠷ ᠲᠥᠪᠰᠢᠨ ᠤ ᠮᠡᠳᠡᠯᠭᠡ ᠪᠠ ᠦᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ ᠵᠠᠭᠤᠴᠢᠯᠠᠭᠤᠷ ᠢ ᠢᠳᠡᠪᠬᠢᠲᠡᠢ ᠪᠠᠷ ᠬᠦᠲᠦᠯᠦᠨ ᠵᠢᠯᠤᠭᠤᠳᠴᠤ ᠪᠠᠶᠢᠭᠠᠳ ᠪᠤᠰᠤᠳᠴᠢ ᠪᠦᠭᠡᠳ ᠲᠥᠪ ᠭᠤᠣᠯᠴᠢ ᠪᠠᠷ ᠮᠡᠳᠡᠭᠡᠯᠡᠵᠦ᠂ ᠤᠬᠠᠭᠤᠯᠬᠤ ᠪᠠ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ᠵᠠᠭᠠᠯᠳᠤᠨ ᠢᠯᠡᠴᠢᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠢᠯᠡᠴᠢᠯᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠢᠳᠡᠭᠡᠨ ᠤᠮᠳᠠᠭᠠᠨ ᠤ ᠠᠵᠢᠯ ᠲᠦᠷᠦᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠢᠳᠡᠭᠡᠨ ᠤᠮᠳᠠᠭᠠᠨ ᠤ ᠡᠵᠡᠩᠨᠡᠭᠴᠢ ᠶᠢᠨ ᠬᠠᠤᠯᠢ ᠶᠤᠰᠤ ᠪᠠᠷ ᠡᠵᠡᠩᠨᠡᠬᠦ ᠶᠢ ᠬᠦᠲᠦᠯᠦᠨ ᠵᠢᠯᠤᠭᠤᠳᠬᠤ ᠪᠠ ᠰᠢᠮᠳᠠᠭᠤᠯᠤᠨ᠂ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠦᠯᠦᠭᠯᠡᠯ ᠤᠨ ᠴᠢᠨᠠᠷᠲᠠᠢ ᠢᠳᠡᠭᠡᠨ ᠤ ᠬᠤᠣᠷᠳᠠᠯᠭ᠎ᠠ ᠶᠢᠨ ᠠᠳᠡᠯ ᠡᠭᠦᠰᠬᠦ ᠶᠢ ᠦᠨᠡᠨᠬᠦ ᠰᠡᠷᠭᠡᠶᠢᠯᠡᠨ ᠡᠵᠡᠮᠳᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号