| | ᠥᠪᠥᠷ ᠵᠠᠰᠠᠭ ᠲᠠᠷᠬᠠᠭᠠᠭᠰᠠᠨ ﹇2016﹈ 48 ᠳ᠋ᠤᠭᠠᠷ ᠲᠤᠭᠠᠳᠤ | 4 ᠳ᠋ᠦᠭᠡᠷ ᠰᠠᠷ᠎ᠠ ᠶᠢᠨ 28 ᠤ ᠡᠳᠦᠷ | | ᠡ᠊ᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠲᠦᠷᠭᠡᠨ ᠬᠦᠷᠭᠡᠬᠦ ᠦᠢᠯᠡᠰ ᠪᠣᠯ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠬᠤᠯᠠ | ᠪᠦᠷᠢᠯᠳᠦᠬᠦᠨ ᠬᠡᠰᠡᠭ ᠮᠥᠨ᠂ ᠭᠦᠢᠯᠭᠡᠭᠡᠨ ᠤ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠵᠣ᠂ ᠬᠡᠷᠡᠭᠯᠡᠭᠡ ᠶᠢᠨ | ᠳᠡᠰ ᠳᠡᠪᠰᠢᠬᠦ ᠶᠢ ᠠᠬᠢᠭᠤᠯᠬᠤ ᠶᠢᠨ ᠣᠳᠣᠬᠢᠴᠢᠯᠠᠭᠰᠠᠨ ᠤᠳᠤᠷᠢᠳᠤᠮᠵᠢ ᠶᠢᠨ ᠴᠢᠨᠠᠷᠲᠠᠶ ᠠᠵᠤ ᠦᠢᠯᠡᠰ ᠪᠣᠯᠣᠨ᠎ᠠ᠃ | ︽ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ ᠤᠳ︾ ︵ᠲᠥᠷᠥ ᠲᠠᠷᠬᠠᠭᠠᠭᠰᠠᠨ ﹇2015﹈ 61 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠲᠦᠷᠭᠡᠨ ᠬᠦᠷᠭᠡᠬᠦ ᠦᠢᠯᠡᠰ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ | ᠪᠣᠳᠠᠳᠠᠢ ᠲᠠᠢ ᠤᠶᠠᠯᠳᠤᠭᠤᠯᠵᠣ᠂ ᠡᠳᠦᠭᠡ ᠳᠣᠣᠷᠠᠬᠢ ᠰᠠᠨᠠᠯ ᠢ ᠳᠤᠷᠠᠳᠪᠠ᠃ | | | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠷᠭᠡᠨ | ᠬᠦᠷᠭᠡᠬᠦ ᠦᠢᠯᠡᠰ ᠢ ᠭᠦᠭᠵᠢᠭᠦᠯᠭᠦ ᠰᠢᠢᠣᠡᠪᠣᠷᠢᠳᠣ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠨ ᠶᠢ ᠪᠤᠶᠢᠵᠢᠭᠤᠯᠤᠨ | ᠪᠤᠵᠠᠭᠠᠶᠢᠷᠠᠭᠤᠯᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠳᠤ ᠠᠭᠤᠰᠬᠠᠬᠤ ᠶᠢᠨ ᠬᠠᠮᠲᠤ | ᠳᠡᠭᠦᠨ ᠯᠦᠭᠡ ᠵᠣᠯᠭᠠᠭᠤᠯᠵᠣ᠂ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠬᠤᠲᠠ ᠬᠥᠳᠡᠭᠡ ᠪᠠᠷ ᠨᠡᠶᠢᠳᠡᠮ ᠠᠰᠢᠭ | ᠬᠦᠷᠲᠡᠭᠡᠭᠦ ᠶᠢ ᠥᠷᠭᠡᠳᠬᠡᠨ᠂ ᠡᠯᠧᠺᠳ᠋ᠷᠣᠨ ᠬᠤᠳᠠᠯᠳᠤᠭᠠᠨ ᠤ ᠲᠦᠷᠭᠡᠨ ᠬᠦᠷᠭᠡᠬᠦ ᠡᠬᠢ ᠪᠠᠶᠠᠯᠢᠭ ᠢ ᠨᠡᠶᠢᠯᠡᠭᠦᠯᠵᠦ᠂ | ᠡᠯᠧᠺᠳ᠋ᠷᠣᠨ ᠬᠤᠳᠠᠯᠳᠤᠭᠠᠨ ᠤ ᠲᠦᠷᠭᠡᠨ ᠬᠦᠷᠭᠡᠬᠦ ᠶᠡᠷᠦᠩᠬᠡᠶᠢᠯᠡᠭᠰᠡᠨ ᠲᠠᠪᠴᠠᠩ ᠪᠠ ᠣᠷᠣᠨ ᠪᠦᠰᠡ ᠶᠢᠨ ᠴᠢᠨᠠᠷᠲᠠᠶ | ᠠᠷᠠᠯᠵᠢᠶ᠎ᠠ ᠬᠤᠳᠠᠯᠳᠤᠭ᠎ᠠ ᠶᠢᠨ ᠪᠣᠳᠠᠰ ᠤᠨ ᠭᠦᠢᠯᠭᠡᠭᠡᠨ ᠤ ᠲᠥᠪ ᠢ ᠪᠠᠶᠢᠭᠤᠯᠵᠣ᠂ ︽ᠠᠵᠤ ᠦᠢᠯᠡᠳᠪᠦᠷᠢ ᠶᠢᠨ | ᠦᠢᠯᠡᠣᠡᠭᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ | ᠣᠷᠣᠭᠤᠯᠬᠤ︾ ᠬᠤᠣᠰ ᠴᠢᠭᠯᠡᠯ ᠢᠶᠠᠷ ᠭᠦᠢᠯᠭᠡᠯᠡᠭᠦ ᠵᠠᠮ ᠮᠦᠷ ᠢ ᠴᠣᠭᠴᠠᠯᠠᠵᠣ᠂ ᠳᠥᠭᠦᠮ ᠳᠥᠲᠡ ᠦᠨᠳᠣᠷ ᠦᠷ᠎ᠡ | ᠪᠦᠲᠦᠮᠵᠢᠳᠠᠢ᠂ ᠥᠷᠢᠰᠥᠯᠳᠦᠭᠡᠨ ᠨᠢ ᠡᠮᠬᠢ ᠵᠢᠷᠤᠮ ᠲᠠᠢ᠂ ᠮᠡᠷᠭᠡᠵᠢᠯ ᠨᠢ ᠳᠡᠷᠢᠭᠦᠨ ᠤ᠂ ᠦᠢᠯᠡᠴᠢᠯᠡᠭᠡ ᠨᠢ ᠴᠢᠨᠠᠷ | ᠰᠠᠶᠢᠲᠠᠶ ᠲᠦᠷᠭᠡᠨ ᠬᠦᠷᠭᠡᠬᠦ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃ | ︵ᠬᠤᠶᠠᠷ︶ ᠬᠥᠭᠵᠢᠭᠦᠯᠬᠦ ᠬᠠᠷᠠᠯᠲᠠ᠃ ᠵᠠᠰᠠᠭ ᠤᠨ ᠣᠷᠳᠣᠨ ᠭᠦᠳᠣᠯᠣᠨ ᠵᠢᠯᠣᠭᠤᠣᠠᠬᠤ᠂ ᠠᠵᠤ | ᠠᠬᠤᠶᠢᠯᠠᠯ ᠬᠡᠷᠡᠭᠵᠢᠭᠦᠯᠬᠦ᠂ ᠭᠤᠣᠯᠳᠠᠯᠭ᠎ᠠ ᠶᠢ ᠲᠤᠪᠤᠶᠢᠯᠭᠠᠬᠤ᠂ ᠠᠯᠬᠤᠮ ᠬᠤᠪᠢᠶᠠᠨ ᠠᠬᠢᠭᠤᠯᠬᠤ᠂ ᠵᠠᠬ᠎ᠠ | ᠳᠡᠯᠭᠡᠭᠦᠷ ᠢᠶᠠᠷ ᠠᠵᠢᠯᠯᠠᠭᠤᠯᠬᠤ᠂ ᠪᠣᠳᠠᠳᠣ ᠦᠷ᠎ᠡ ᠪᠦᠲᠦᠮᠵᠢ ᠶᠢ ᠡᠷᠬᠢᠮᠯᠡᠬᠦ ᠵᠠᠷᠴᠢᠮ ᠢ ᠪᠠᠷᠢᠮᠳᠠᠯᠠᠵᠣ᠂ ᠲᠦᠷᠭᠡᠨ | ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠣᠨ᠎ᠠ᠃ ︽ᠢᠨᠲ᠋ᠧᠷ | ᠰᠦᠯᠵᠢᠶ᠎ᠡ +︾ ᠲᠦᠷᠭᠡᠨ ᠬᠦᠷᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ 2020 ᠣᠨ ᠪᠣᠯᠬᠤ ᠳᠤ | ᠳᠤᠮᠳᠠ ᠬᠡᠰᠡᠭ ᠨᠢ ᠬᠥᠬᠡᠬᠤᠲᠠ ᠢᠶᠠᠷ ᠲᠦᠪ ᠪᠣᠯᠭᠠᠵᠤ᠂ ᠵᠡᠭᠦᠨ ᠬᠡᠰᠡᠭ ᠨᠢ ᠲᠦᠩᠯᠢᠶᠣᠤ ᠬᠤᠳᠠ᠂ ᠤᠯᠠᠭᠠᠠᠬᠠᠳᠠ | ᠬᠤᠲᠠ ᠪᠠᠷ ᠲᠦᠪ ᠪᠣᠯᠭᠠᠵᠤ᠂ ᠪᠠᠷᠠᠭᠤᠨ ᠬᠡᠰᠡᠭ ᠨᠢ ᠪᠤᠭᠤᠲᠤ ᠬᠤᠳᠠ᠂ ᠤᠷᠳᠤᠰ ᠬᠤᠳᠠ ᠪᠠᠷ ᠲᠥᠪ ᠪᠣᠯᠭᠠᠭᠰᠠᠨ | ᠂ ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠲᠥᠷᠪᠡᠨ ᠱᠠᠳᠣ ᠶᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ | ᠦᠷ᠎ᠡ ᠪᠦᠲᠦᠮᠵᠢᠲᠡᠶ ᠡᠯᠧᠺᠳ᠋ᠷᠣᠨ ᠬᠤᠳᠠᠯᠳᠤᠭᠠᠨ ᠤ ᠲᠦᠷᠭᠡᠨ ᠬᠦᠷᠭᠡᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠣ᠂ ︽ᠠᠶᠢᠮᠠᠭ ᠬᠤᠳᠠ ᠨᠢ ᠬᠦᠷᠢᠶᠡᠯᠡᠩ ᠲᠣᠭᠤᠷᠢᠭ ᠲᠠᠢ᠂ ᠬᠤᠰᠢᠭᠤ ᠰᠢᠶᠠᠨ ᠨᠢ | ᠬᠤᠪᠢᠶᠠᠨ ᠰᠠᠯᠭᠠᠵᠤ ᠥᠭᠬᠦ ᠲᠥᠪ ᠲᠠᠢ᠂ ᠰᠢᠶᠠᠩ ᠪᠠᠯᠭᠠᠰᠤ ᠨᠢ ᠰᠦᠯᠵᠢᠶᠠᠨ ᠴᠢᠬ ᠲᠠᠢ᠂ ᠭᠠᠴᠠᠭ᠎ᠠ ᠲᠣᠰᠬᠤᠨ | ᠪᠣᠯᠭᠠᠨ ᠳᠤ ᠲᠦᠷᠭᠡᠨ ᠬᠦᠷᠭᠡᠯᠳᠠ ᠨᠡᠪᠲᠡᠷᠡᠭᠰᠡᠨ︾ ᠪᠠᠶᠢᠳᠠᠯ ᠢ ᠦᠨᠳᠦᠰᠦᠨ ᠳᠡᠭᠡᠨ ᠪᠡᠶᠡᠯᠡᠭᠦᠯᠣᠨ᠎ᠠ᠃ ᠮᠠᠨ ᠤ | ᠣᠷᠣᠨ ᠤ ᠣᠨᠴᠤᠭᠤᠢ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠷᠭᠢᠨ ᠲᠣᠭᠤᠷᠢᠨ ᠢ | ᠬᠤᠯᠪᠤᠭᠰᠠᠨ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠪᠣᠯᠤᠨ ᠮᠣᠩᠭᠤᠯ | ᠤᠯᠤᠰ᠂ ᠣᠷᠣᠰ ᠢ ᠨᠦᠯᠦᠭᠡᠯᠡᠨ ᠳᠠᠶᠢᠴᠢᠯᠠᠬᠤ ᠣᠷᠣᠨ ᠪᠦᠰᠨ ᠶᠢᠨ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ | ᠰᠦᠯᠵᠢᠶ᠎ᠡ ᠶᠢ ᠪᠠᠶᠢᠭᠤᠯᠣᠨ᠎ᠠ᠃ | ᠲ᠊ᠦ᠋ᠷᠭᠡᠨ ᠬᠦᠷᠭᠡᠬᠦ ᠦᠢᠯᠡᠰ ᠤᠨ ᠬᠡᠪᠴᠢᠶᠠᠳᠣ ᠦᠷ᠎ᠡ ᠠᠰᠢᠭ᠂ ᠦᠢᠯᠡᠴᠢᠯᠡᠭᠡᠨ ᠤ ᠬᠢᠷᠢ ᠭᠡᠮᠵᠢᠶ᠎ᠠ ᠶᠢ | ᠢᠯᠡᠳᠲᠡ ᠳᠡᠭᠡᠭᠰᠢᠯᠡᠭᠦᠯᠦᠨ᠎ᠡ᠃ 2020 ᠣᠨ ᠪᠣᠯᠬᠤ ᠳᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ | ᠣᠷᠣᠯᠭ᠎ᠠ ᠶᠢ 36 ᠳ᠋ᠦᠩᠰᠢᠭᠤᠷ ᠲᠥᠭᠦᠷᠢᠭ ᠲᠤ ᠭᠦᠷᠣᠭᠦᠯᠵᠣ᠂ ᠵᠢᠯ ᠪᠦᠷᠢ ᠳᠤᠮᠳᠠᠴᠢ ᠪᠠᠷ 24% ᠪᠠᠷ | ᠨᠡᠮᠡᠭᠳᠡᠭᠦᠯᠦᠨ᠎ᠡ ︔ ᠲᠦᠷᠭᠡᠨ ᠬᠦᠷᠭᠡᠬᠦ ᠶᠢᠨ ᠲᠤᠬᠠᠶᠢᠯᠠᠭᠰᠠᠨ ᠠᠵᠢᠯ ᠤᠨ ᠭᠡᠮᠵᠢᠶ᠎ᠠ ᠶᠢ 2 ᠳ᠋ᠦᠩᠰᠢᠭᠤᠷ ᠵᠦᠢᠯ ᠳᠤ | ᠭᠦᠷᠣᠭᠦᠯᠵᠣ᠂ ᠵᠢᠯ ᠪᠦᠷᠢ ᠳᠤᠮᠳᠠᠴᠢ ᠪᠠᠷ 28% ᠠᠴᠠ ᠳᠡᠭᠡᠭᠰᠢ ᠪᠠᠷ ᠨᠡᠮᠡᠭᠳᠡᠭᠦᠯᠣᠨ᠎ᠠ ︔ ᠵᠢᠯ ᠤᠨ | ᠦᠢᠯᠡᠴᠢᠯᠡᠭᠡ ᠶᠢ 10 ᠳ᠋ᠦᠩᠰᠢᠭᠤᠷ ᠬᠥᠮᠦᠨ ᠤᠳᠠᠭ᠎ᠠ ᠳᠤ ᠭᠦᠷᠣᠭᠦᠯᠵᠣ᠂ ᠡᠯᠧᠺᠳ᠋ᠷᠣᠨ ᠬᠤᠳᠠᠯᠳᠤᠭᠠᠴᠢᠨ | ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠣᠣᠷ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ | ᠠᠷᠠᠯᠵᠢᠶᠠᠨ ᠤ ᠬᠡᠮᠵᠢᠶ᠎ᠡ ᠶᠢ 400 ᠳ᠋ᠦᠩᠰᠢᠭᠤᠷ ᠲᠥᠭᠦᠷᠢᠭ ᠲᠤ ᠬᠦᠷᠣᠭᠦᠯᠵᠣ᠂ ᠨᠡᠶᠢᠭᠡᠮ ᠤᠨ ᠬᠡᠷᠡᠭᠯᠡᠭᠡ ᠶᠢᠨ | ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠬᠠᠷᠢᠴᠠᠯ ᠢ 5% ᠣᠷᠴᠢᠮ ᠳᠤ ᠬᠦᠷᠦᠭᠦᠯᠣᠨᠠ ︔ | ᠵᠢᠯ ᠤᠨ ᠲᠣᠬᠠᠶᠢᠯᠠᠭᠰᠠᠨ ᠠᠵᠢᠯ ᠤᠨ ᠣᠷᠣᠯᠭ᠎ᠠ ᠨᠢ 5 ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ | ᠠᠬᠤᠶᠢᠯᠠᠯ ᠢ 2 ᠡᠷᠣᠭᠡ᠂ ᠳ᠋ᠦᠩᠰᠢᠭᠤᠷ ᠲᠥᠭᠦᠷᠢᠭ ᠠᠴᠠ ᠳᠠᠪᠠᠭᠰᠠᠨ ᠠᠵᠤ ᠠᠬᠤᠶᠢᠯᠠᠯ ᠢ 5 ᠡᠷᠣᠭᠡ | ᠪᠦᠢᠵᠢᠭᠤᠯᠵᠣ᠂ ᠰᠢᠨ᠎ᠡ ᠪᠠᠷ ᠨᠡᠮᠡᠭᠳᠡᠭᠰᠡᠨ ᠠᠵᠢᠯ ᠣᠯᠭᠤᠬᠤ ᠠᠵᠢᠯ ᠤᠨ ᠪᠠᠶᠢᠷᠢ ᠶᠢ ᠨᠠᠶᠢᠳᠠ 2 ᠲᠦᠮᠨ ᠳᠤ | ᠭᠦᠷᠣᠭᠦᠯᠣᠨ᠎ᠠ ︔ ᠲᠦᠷᠭᠡᠨ ᠬᠦᠷᠭᠡᠬᠦ ᠠᠵᠤ ᠠᠬᠤᠶᠢᠯᠠᠯ ᠤᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ | ᠡᠵᠡᠩᠨᠡᠯᠳᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ | ᠲᠣᠣᠷ ᠴᠢᠬ ᠤᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠭᠰᠠᠨ ᠨᠤᠷᠮ᠎ᠠ ᠶᠢ 90% ᠳᠤ ᠭᠦᠷᠣᠭᠦᠯᠣᠨ᠎ᠠ ︔ | ᠵᠠᠭᠠᠯᠳᠤᠯᠭ᠎ᠠ ᠶᠢ ᠰᠢᠢᠣᠡᠪᠣᠷᠢᠯᠡᠭᠰᠠᠨ ᠬᠠᠨᠤᠮᠵᠢ ᠶᠢᠨ ᠨᠣᠷᠮ᠎ᠠ ᠶᠢ 95% ᠠᠴᠠ ᠳᠡᠭᠡᠭᠰᠢ ᠳᠤ ᠭᠦᠷᠣᠭᠦᠯᠵᠣ᠂ ᠠᠵᠢᠯ | ᠲᠦᠷᠦᠯ ᠤᠨ ᠨᠡᠶᠢᠭᠡᠮ ᠤᠨ ᠬᠡᠷᠡᠭᠯᠡᠭᠴᠢ ᠳᠤ ᠦᠢᠯᠡᠴᠢᠯᠡᠭᠰᠡᠨ ᠬᠠᠨᠤᠮᠵᠢ ᠶᠢᠨ ᠨᠣᠷᠮ᠎ᠠ ᠶᠢ 85% ᠠᠴᠠ ᠳᠡᠭᠡᠭᠰᠢ ᠳᠤ | ᠭᠦᠷᠣᠭᠦᠯᠣᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠵᠣ | ᠪᠤᠵᠠᠭᠠᠶᠢᠷᠠᠭᠤᠯᠣᠨ᠎ᠠ᠃ ᠡᠯ᠎ᠡ ᠲᠦᠷᠤᠯ ᠤᠨ ᠬᠥᠷᠤᠩᠭᠡ ᠶᠢᠨ ᠬᠠᠤᠯᠢ ᠶᠣᠰᠣᠭᠠᠷ ᠲᠦᠷᠭᠡᠨ ᠬᠦᠷᠭᠡᠬᠦ ᠬᠦᠷᠢᠶᠡᠨ ᠳᠤ | ᠣᠷᠣᠬᠤ ᠶᠢ ᠵᠣᠷᠢᠬᠵᠢᠭᠤᠯᠵᠣ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠨᠡᠶᠢᠯᠡᠵᠦ ᠲᠡᠬᠢᠨ ᠵᠣᠬᠢᠶᠠᠨ ᠪᠠᠶᠢᠭᠤᠯᠬᠤ | ᠂ ᠡᠬᠢ ᠪᠠᠶᠠᠯᠢᠭ ᠢᠶᠠᠨ ᠨᠡᠶᠢᠯᠡᠭᠦᠯᠭᠦ᠂ ᠬᠠᠮᠲᠤᠪᠠᠷ ᠬᠥᠭᠵᠢᠬᠦ ᠶᠢ ᠳᠡᠮᠵᠢᠵᠣ᠂ ᠨᠢᠭᠡ ᠪᠦᠯᠦᠭ ᠨᠢᠷᠣᠭᠤᠪᠴᠢ ᠭᠦᠳᠣᠴᠢ | ᠲᠦᠷᠭᠡᠨ ᠬᠦᠷᠭᠡᠬᠦ ᠠᠵᠤ ᠠᠬᠤᠶᠢᠯᠠᠯ ᠢ ᠪᠤᠶᠢᠵᠢᠭᠤᠯᠣᠨ᠎ᠠ᠃ ᠳᠤᠮᠳᠠ ᠵᠢᠵᠢᠭ ᠲᠦᠷᠭᠡᠨ ᠭᠦᠷᠭᠡᠭᠦ ᠠᠵᠤ | ᠠᠬᠤᠶᠢᠯᠠᠯ ᠤᠨ ᠦᠨ᠎ᠡ ᠬᠠᠩᠰᠢ ᠶᠢᠨ ᠥᠷᠢᠰᠥᠯᠳᠦᠭᠡᠨ ᠢᠶᠠᠷ ᠭᠤᠣᠯ ᠪᠣᠯᠭᠠᠭᠰᠠᠨ ᠲᠣᠣᠷᠠᠳᠣ ᠳᠡᠰ ᠤᠨ | ᠥᠷᠢᠰᠥᠯᠳᠦᠭᠡᠨ ᠤ ᠬᠡᠪ ᠵᠠᠭᠪᠤᠷ ᠠᠴᠠ ︽ᠬᠠᠮᠢᠶᠠᠷᠤᠯᠲᠠ ᠠᠴᠠ ᠦᠷ᠎ᠡ ᠠᠰᠢᠭ ᠣᠯᠬᠤ᠂ ᠦᠢᠯᠡᠴᠢᠯᠡᠭᠡ ᠪᠠᠷ | ᠬᠡᠷᠩᠯᠡᠭᠴᠢᠣᠨ ᠢ ᠦᠯᠡᠳᠡᠭᠡᠭᠦ︾ ᠬᠥᠭᠵᠢᠯᠲᠡ ᠶᠢᠨ ᠠᠷᠭ᠎ᠠ ᠬᠡᠯᠪᠡᠷᠢ ᠳᠡᠰᠢ ᠪᠠᠨ ᠬᠤᠪᠢᠷᠠᠬᠤ ᠶᠢ ᠭᠦᠳᠣᠯᠣᠨ | ᠵᠢᠯᠣᠭᠤᠳᠣᠨ᠎ᠠ᠃ ᠦᠨᠳᠦᠰᠦᠨ ᠱᠠᠲᠤᠨ ᠤ ᠲᠦᠷᠭᠡᠨ ᠬᠦᠷᠭᠡᠬᠦ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ | ᠲᠠᠯ᠎ᠠ ᠪᠠᠷ ᠬᠠᠮᠲᠤᠷᠠᠯᠴᠠᠬᠤ ᠪᠠᠷ ᠳᠡᠮᠵᠢᠨ᠂ ᠣᠷᠣᠨ ᠪᠦᠰᠡ ᠶᠢᠨ ᠳᠣᠲᠣᠷ᠎ᠠ ᠪᠠᠨ ᠦᠵᠦᠭᠦᠷ ᠲᠤ ᠭᠦᠷᠳᠡᠯ᠎ᠠ ᠬᠦᠷᠭᠡᠬᠦ | ᠣᠯᠠᠨ ᠡᠰᠢᠲᠦ ᠭᠤᠣᠯ ᠴᠣᠭᠴᠠ ᠶᠢ ᠪᠦᠢᠵᠠᠭᠠᠶᠢᠷᠠᠭᠤᠯᠣᠨ᠂ ᠲᠡᠭᠦᠰᠭᠡᠯ ᠦᠵᠣᠭᠦᠷ ᠲᠤ ᠭᠦᠷᠳᠡᠯ᠎ᠠ ᠬᠦᠷᠭᠡᠬᠦ ᠵᠠᠮ | ᠮᠦᠷ ᠢ ᠥᠷᠭᠡᠳᠬᠡᠭᠦ ᠶᠢ ᠵᠣᠷᠢᠬᠵᠢᠭᠤᠯᠣᠨ᠎ᠠ᠃ | ︵ᠬᠤᠶᠠᠷ︶ ︽ᠢᠨᠲ᠋ᠧᠷ ᠰᠦᠯᠵᠢᠶ᠎ᠡ +︾ ᠶᠢᠨ ᠲᠦᠷᠭᠡᠨ ᠬᠦᠷᠭᠡᠯᠳᠠ ᠶᠢ ᠬᠠᠮᠵᠢᠯᠴᠠᠨ ᠠᠬᠢᠭᠤᠯᠣᠨ᠎ᠠ | ᠃ ᠬᠡᠪᠴᠢᠶᠡᠳᠣ ᠲᠦᠷᠭᠡᠨ ᠬᠦᠷᠭᠡᠬᠦ ᠠᠵᠤ ᠠᠬᠤᠶᠢᠯᠠᠯ ᠤᠨ ᠰᠢᠯᠵᠢᠮᠡᠯ ᠴᠢᠮᠡᠭᠡ ᠶᠢᠨ ᠬᠠᠮᠲᠦᠷᠠᠬᠰᠠᠨ ᠬᠤᠯᠪᠣᠭ᠎ᠠ᠂ | ᠲᠣᠮᠣ ᠲᠤᠭ᠎ᠠ ᠪᠠᠷᠢᠮᠳᠠ᠂ ᠡᠭᠦᠯᠡᠨ ᠪᠣᠳᠣᠯᠲᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ | ᠲᠣᠣᠷ ᠰᠦᠯᠵᠢᠶ᠎ᠡ ᠶᠢᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠡᠵᠡᠩᠨᠡᠯᠲᠡ ᠶᠢᠨ ᠦᠷ᠎ᠡ ᠠᠰᠢᠭ ᠢᠶᠠᠨ | ᠳᠡᠭᠡᠭᠰᠢᠯᠡᠭᠦᠯᠵᠣ᠂ ᠬᠥᠭᠵᠢᠯᠲᠡ ᠶᠢᠨ ᠣᠷᠣᠨ ᠵᠠᠶ ᠪᠠᠨ ᠨᠡᠭᠡᠭᠡᠨ ᠥᠷᠭᠡᠳᠬᠡᠵᠣ᠂ ᠶᠡᠷᠦᠩᠬᠡᠶᠢᠯᠡᠭᠰᠡᠨ ᠴᠢᠨᠠᠷᠲᠠᠶ | ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠬᠤᠳᠠᠯᠳᠤᠭᠠᠴᠢᠨ ᠤ ᠬᠡᠯᠪᠡᠷᠢ ᠳᠡᠰᠢ ᠪᠠᠨ | ᠲᠦᠷᠭᠡᠣᠡᠭᠡᠨ ᠬᠤᠪᠢᠷᠠᠭᠤᠯᠬᠤ ᠶᠢ ᠳᠡᠮᠵᠢᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠳᠤ ᠲᠦᠷᠭᠡᠨ ᠬᠦᠷᠭᠡᠬᠦ | ᠦᠢᠯᠡᠰ ᠤᠨ ᠦᠢᠯᠡᠴᠢᠯᠡᠭᠦ ᠭᠤᠣᠯ ᠵᠠᠮ ᠮᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ | ᠪᠠ ᠰᠦᠯᠵᠢᠶᠡᠨ ᠠᠴᠠ ᠭᠠᠳᠠᠭᠤᠷ ᠠᠭᠤᠰᠣᠯᠴᠠᠨ ᠬᠥᠭᠵᠢᠭᠦ ᠶᠢ ᠠᠬᠢᠭᠤᠯᠵᠣ᠂ ᠡᠯᠧᠺᠳ᠋ᠷᠣᠨ ᠬᠤᠳᠠᠯᠳᠤᠭᠠᠴᠢᠨ᠂ | ᠲᠦᠷᠭᠡᠨ ᠬᠦᠷᠭᠡᠯᠳᠠ᠂ ᠬᠥᠮᠥᠷᠭᠡᠯᠡᠨ ᠬᠠᠳᠠᠭᠠᠯᠠᠬᠤ ᠭᠤᠷᠪᠠᠨ ᠶᠡᠭᠡ ᠲᠠᠪᠴᠠᠩ ᠤᠨ ᠭᠦᠨ ᠠᠭᠤᠰᠣᠯᠴᠠᠬᠤ ᠪᠠ | ᠬᠠᠮᠵᠢᠯᠴᠠᠨ ᠬᠥᠭᠵᠢᠭᠦ ᠶᠢ ᠪᠡᠶᠡᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠬᠦᠢᠲᠡᠨ ᠬᠡᠯᠬᠢᠶᠡᠰᠣᠨ ᠤ | ᠲᠦᠷᠭᠡᠨ ᠬᠦᠷᠭᠡᠬᠦ ᠵᠡᠷᠭᠡ ᠦᠢᠯᠡᠴᠢᠯᠡᠭᠡ ᠶᠢ ᠢᠳᠡᠪᠬᠢᠲᠡᠶ ᠪᠠᠷ ᠥᠷᠨᠢᠭᠦᠯᠬᠦ ᠶᠢ ᠵᠤᠷᠢᠬᠵᠢᠭᠤᠯᠤᠨ᠂ ᠳᠠᠷᠢᠶᠠᠯᠠᠩ ᠮᠠᠯ | ᠠᠵᠤ ᠠᠬᠤᠶ ᠳᠤ ᠬᠤᠯᠪᠣᠭᠳᠠᠬᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠳᠤ | ᠢᠳᠡᠪᠬᠢᠲᠡᠶ ᠣᠷᠣᠯᠴᠠᠵᠤ᠂ ᠦᠪᠡᠷᠮᠢᠴᠨ ᠣᠨᠴᠠᠯᠢᠭ ᠲᠠᠢ ᠳᠠᠷᠢᠶᠠᠯᠠᠩ ᠮᠠᠯ ᠤᠨ ᠠᠰᠢᠭ ᠰᠢᠮ᠎ᠠ ᠶᠢᠨ | ᠪᠦᠳᠣᠭᠡᠭᠳᠡᠭᠦᠨ ᠤ ᠲᠦᠷᠭᠡᠨ ᠬᠦᠷᠭᠡᠬᠦ ᠲᠣᠣᠷ ᠰᠦᠯᠵᠢᠶ᠎ᠡ ᠶᠢ ᠪᠠᠶᠢᠭᠤᠯᠣᠨ᠂ ᠭᠠᠷᠤᠯᠲᠠ ᠶᠢᠨ ᠭᠠᠵᠠᠷ ᠤᠨ | ᠦᠢᠯᠡᠳᠬᠦᠨ ᠢᠶᠠᠨ ᠰᠢᠭᠤᠳ ᠪᠣᠷᠣᠯᠠᠭᠤᠯᠬᠤ᠂ ᠵᠠᠬᠢᠶᠠᠯᠠᠭ᠎ᠠ ᠪᠠᠷ ᠦᠢᠯᠡᠳᠪᠦᠷᠢᠯᠡᠭᠦ ᠵᠡᠷᠭᠡ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠰᠢᠨ᠎ᠡ ᠵᠠᠭᠪᠣᠷ ᠲᠤ ᠦᠢᠯᠡᠴᠢᠯᠡᠭᠦᠯᠣᠨᠠ᠃ ᠬᠠᠩᠭᠠᠯᠭ᠎ᠠ ᠶᠢᠨ ᠬᠡᠯᠬᠢᠶᠠᠨ ᠤ | ᠬᠠᠮᠢᠶᠠᠷᠣᠯᠳᠠ ᠶᠢᠨ ᠳᠠᠪᠠᠭᠤᠯᠢᠭ ᠢ ᠪᠠᠳᠠᠷᠠᠭᠤᠯᠵᠤ᠂ ᠤᠶᠤᠨᠴᠢᠯᠡᠨ ᠦᠢᠯᠡᠳᠬᠦ᠂ ᠪᠣᠳᠠᠭᠠᠯᠢᠬᠴᠢᠯᠠᠨ ᠲᠣᠭᠳᠠᠭᠠᠵᠦ | ᠦᠢᠯᠡᠳᠬᠦ ᠵᠡᠷᠭᠡ ᠦᠢᠯᠡᠳᠬᠦ ᠦᠢᠯᠡᠰ ᠤᠨ ᠰᠢᠨ᠎ᠡ ᠬᠦᠷᠢᠶᠠᠨ ᠳᠤ ᠢᠳᠡᠪᠬᠢᠲᠡᠶ ᠠᠭᠤᠰᠤᠯᠴᠠᠨ᠎ᠠ᠃ | ︵ᠭᠤᠷᠪᠠ︶ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠦᠨ | ᠲᠡᠭᠦᠯᠳᠡᠷᠵᠢᠭᠦᠯᠣᠨ᠎ᠠ᠃ ᠲᠦᠷᠭᠡᠨ ᠬᠦᠷᠭᠡᠬᠦ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ | ᠲᠦᠷᠭᠡᠳᠬᠡᠨ᠎ᠠ᠃ ᠡᠯ᠎ᠡ ᠠᠶᠢᠮᠠᠭ ᠬᠤᠳᠠ ᠨᠢ ᠲᠥᠪᠯᠡᠷᠡᠭᠰᠡᠨ ᠨᠢᠭᠡᠳᠦᠯᠲᠡᠶ ᠡᠯᠧᠺᠳ᠋ᠷᠤᠨ ᠬᠤᠳᠠᠯᠳᠤᠭᠠᠨ ᠤ ᠲᠦᠷᠭᠡᠨ | ᠬᠦᠷᠭᠡᠬᠦ ᠲᠤᠰᠬᠠᠶ ᠮᠡᠷᠭᠡᠵᠢᠯ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠪᠠ ᠳᠠᠮᠵᠢᠭᠤᠯᠬᠤ ᠲᠦᠪ ᠢ | ᠲᠥᠯᠥᠪᠵᠢᠭᠦᠯᠣᠨ ᠪᠠᠶᠢᠭᠤᠯᠵᠣ᠂ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠲᠦᠷᠭᠡᠨ ᠬᠦᠷᠭᠡᠬᠦ ᠶᠢᠨ | ᠬᠤᠪᠢᠶᠠᠨ ᠰᠠᠯᠭᠠᠵᠦ ᠦᠭᠬᠦ ᠲᠦᠪ ᠢ ᠲᠦᠯᠣᠪᠵᠢᠭᠦᠯᠣᠨ ᠪᠠᠶᠢᠭᠤᠯᠵᠣ᠂ ᠰᠤᠮᠤ ᠰᠢᠶᠠᠩ ᠪᠠᠯᠭᠠᠰᠤ ᠨᠢ ᠲᠦᠷᠭᠡᠨ | ᠬᠦᠷᠭᠡᠬᠦ ᠦᠢᠯᠡᠴᠢᠯᠡᠭᠡᠨ ᠤ ᠲᠣᠣᠷ ᠴᠢᠬ ᠢ ᠲᠦᠯᠣᠪᠵᠢᠭᠦᠯᠣᠨ ᠪᠠᠶᠢᠭᠤᠯᠵᠣ᠂ ᠭᠠᠴᠠᠭ᠎ᠠ ᠲᠣᠰᠬᠤᠨ ᠨᠢ ᠲᠣᠰᠬᠤᠨ ᠤ | ᠱᠠᠲᠤᠨ ᠤ ᠲᠦᠷᠭᠡᠨ ᠬᠦᠷᠭᠡᠯᠳᠠ ᠶᠢᠨ ᠲᠡᠭᠦᠰᠭᠡᠯ ᠦᠵᠦᠭᠦᠷ ᠲᠤ ᠭᠦᠷᠳᠡᠯ᠎ᠠ ᠬᠦᠷᠭᠡᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠥᠪ ᠢ ᠪᠠᠶᠢᠭᠤᠯᠣᠨ᠎ᠠ᠃ ᠭᠤᠣᠯ ᠱᠤᠭᠤᠮ ᠤᠨ ᠲᠡᠭᠡᠭᠡᠪᠦᠷᠢ ᠶᠢᠨ ᠲᠣᠣᠷ ᠰᠦᠯᠵᠢᠶ᠎ᠡ ᠶᠢ | ᠲᠡᠭᠦᠯᠳᠡᠷᠵᠢᠭᠦᠯᠵᠦ᠂ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠣᠨ᠂ ᠴᠢᠳᠠᠮᠵᠢ ᠨᠢ ᠢᠵᠢ | ᠪᠦᠷᠢᠳᠦᠭᠰᠡᠨ᠂ ᠳᠥᠭᠦᠮ ᠳᠥᠲᠡ ᠲᠦᠷᠭᠡᠨ᠂ ᠦᠢᠯᠡᠴᠢᠯᠡᠭᠡ ᠨᠢ ᠥᠨᠳᠥᠷ ᠦᠷ᠎ᠡ ᠪᠦᠲᠦᠮᠵᠢ ᠲᠠᠢ ᠠᠶᠢᠮᠠᠭ ᠬᠤᠳᠠ | ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠲᠥᠷᠪᠡᠨ ᠱᠠᠲᠤᠨ ᠤ ᠲᠦᠷᠭᠡᠨ ᠬᠦᠷᠭᠡᠬᠦ | ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠪᠠᠶᠢᠭᠤᠯᠣᠨ᠎ᠠ᠃ ᠲᠦᠷᠭᠡᠨ ᠬᠦᠷᠭᠡᠬᠦ ᠲᠣᠣᠷ ᠰᠦᠯᠵᠢᠶ᠎ᠡ ᠶᠢᠨ ︽ᠳᠣᠷᠣᠭᠰᠢ | ︾ ︽ᠭᠠᠳᠠᠭᠰᠢ︾ ᠥᠷᠭᠡᠳᠭᠦ ᠶᠢ ᠠᠬᠢᠭᠤᠯᠵᠣ᠂ ᠤᠳᠤ ᠶᠢᠨ ᠪᠠᠶᠢᠭ᠎ᠠ ᠮᠠᠯᠵᠢᠬᠤ ᠳᠠᠷᠢᠶᠠᠯᠠᠬᠤ ᠣᠷᠣᠨ ᠤ | ᠦᠢᠯᠡᠴᠢᠯᠡᠭᠡᠨ ᠤ ᠲᠥᠪ᠂ ᠲᠠᠷᠢᠶᠠᠯᠠᠬᠤ ︵ᠮᠠᠯᠵᠢᠬᠤ︶ ᠡᠷᠣᠭᠡ ᠶᠢᠨ ᠳᠡᠯᠭᠡᠭᠦᠷ᠂ ᠲᠠᠷᠢᠶᠠᠯᠠᠩ ᠤᠨ ᠡᠳ᠋ ᠪᠠᠷᠠᠭᠠᠨ ᠤ | ᠳᠡᠯᠭᠡᠭᠦᠷ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠣᠰᠬᠤᠨ ᠤ ᠰᠢᠦᠳᠠᠨ ᠤ ᠦᠷᠳᠡᠭᠡ᠂ ᠰᠢᠦᠳᠠᠨ ᠤ ᠠᠷᠠᠳ ᠲᠤ | ᠳᠥᠭᠦᠮ ᠦᠵᠡᠭᠦᠯᠬᠦ ᠦᠢᠯᠡᠴᠢᠯᠡᠭᠡᠨ ᠤ ᠲᠣᠣᠷ ᠴᠢᠬ ᠵᠡᠷᠭᠡ ᠲᠠᠪᠴᠠᠩ ᠳᠤ ᠲᠦᠷᠭᠡᠨ ᠬᠦᠷᠭᠡᠬᠦ ᠦᠢᠯᠡᠴᠢᠯᠡᠭᠡ ᠶᠢ | ᠠᠴᠢᠶᠠᠯᠠᠵᠣ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ | ᠪᠦᠷᠢᠨᠰᠢᠭᠦᠯᠵᠣ᠂ ︽ᠠᠵᠤ ᠦᠢᠯᠡᠳᠪᠦᠷᠢ ᠶᠢᠨ ᠦᠢᠯᠡᠣᠡᠭᠦᠨ ᠢ ᠬᠥᠳᠡᠭᠡ ᠪᠠᠭᠤᠯᠭᠠᠬᠤ᠂ ᠲᠠᠷᠢᠶᠠᠯᠠᠩ ᠮᠠᠯ ᠤᠨ | ᠠᠰᠢᠭ ᠰᠢᠮ᠎ᠠ ᠶᠢᠨ ᠪᠦᠲᠦᠭᠡᠭᠳᠡᠬᠦᠨ ᠢ ᠬᠤᠲᠠ ᠣᠷᠣᠭᠤᠯᠬᠤ︾ ᠬᠤᠣᠰ ᠴᠢᠭᠯᠡᠯ ᠢᠶᠠᠷ ᠭᠦᠢᠯᠭᠡᠯᠡᠭᠦ ᠶᠢ ᠪᠡᠶᠡᠯᠡᠭᠦᠯᠵᠣ | ᠂ ᠮᠠᠨ ᠤ ᠣᠷᠣᠨ ᠤ ᠤᠨᠴᠠᠯᠢᠭᠳᠤ ᠦᠢᠯᠡᠳᠬᠦᠨ ᠢᠯᠠᠩᠭᠤᠶ᠎ᠠ ᠪᠣᠬᠢᠷᠳᠣᠯ ᠦᠭᠡᠢ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠪᠦᠬᠦ ᠤᠯᠤᠰ ᠤᠨ ᠵᠠᠬ᠎ᠠ ᠳᠡᠯᠭᠡᠭᠦᠷ ᠳᠤ ᠭᠠᠷᠭᠠᠬᠤ ᠶᠢ ᠠᠬᠢᠭᠤᠯᠣᠨ᠎ᠠ᠃ ᠲᠦᠷᠭᠡᠨ | ᠬᠦᠷᠭᠡᠬᠦ ᠠᠵᠤ ᠠᠬᠤᠶᠢᠯᠠᠯ ᠤᠨ ︽ᠤᠷᠤᠰ ᠮᠣᠩᠭᠤᠯ ᠳᠤ ᠨᠡᠪᠲᠡᠷᠡᠬᠦ︾ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠶᠢ ᠢᠳᠡᠪᠬᠢᠲᠡᠶ ᠳᠡᠮᠵᠢᠵᠣ᠂ ᠨᠥᠬᠦᠴᠡᠯ ᠲᠠᠢ ᠲᠦᠷᠭᠡᠨ ᠬᠦᠷᠭᠡᠬᠦ ᠠᠵᠤ ᠠᠬᠤᠶᠢᠯᠠᠯ ᠤᠨ ᠬᠢᠯᠢ ᠶᠢᠨ | ᠭᠠᠳᠠᠨᠠᠬᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠠᠬᠢᠭᠤᠯᠵᠣ᠂ ︽ᠭᠠᠳᠠᠭᠠᠳᠤ ᠶᠢᠨ ᠬᠥᠮᠥᠷᠭᠡ︾ ᠶᠢ ᠪᠠᠶᠢᠭᠤᠯᠵᠣ | ᠂ ᠤᠯᠠᠨ ᠤᠯᠤᠰ ᠤᠨ ᠠᠭᠠᠷ ᠤᠨ ᠠᠶᠠᠯᠠᠯ᠂ ᠲᠡᠮᠦᠷ ᠵᠠᠮ ᠤᠨ ᠲᠦᠷᠭᠡᠨ ᠬᠦᠷᠭᠡᠬᠦ ᠲᠤᠰᠬᠠᠶ ᠱᠤᠭᠤᠮ ᠢ ᠨᠡᠭᠡᠭᠡᠨ | ᠬᠥᠭᠵᠢᠭᠦᠯᠵᠣ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠲᠦᠷᠭᠡᠨ ᠬᠦᠷᠭᠡᠯᠳᠠ ᠶᠢ ᠭᠦᠭᠵᠢᠭᠦᠯᠣᠨ᠂ | ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠵᠦ ᠦᠷᠭᠡᠵᠢᠭᠦᠯᠦᠨᠠ᠃ | ︵ᠲᠦᠷᠪᠡ︶ ᠲᠦᠷᠭᠡᠨ ᠬᠦᠷᠭᠡᠬᠦ ᠦᠢᠯᠡᠰ ᠤᠨ ᠮᠡᠳᠡᠭᠡ ᠵᠠᠩᠭᠢᠵᠢᠯᠳᠠ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠲᠦᠷᠭᠡᠨ ᠬᠦᠷᠭᠡᠬᠦ ᠲᠡᠭᠡᠭᠡᠪᠦᠷᠢ ᠶᠢᠨ ᠰᠢᠰᠲ᠋ᠧᠮ ᠤᠨ ᠲᠣᠣᠷ ᠰᠥᠯᠵᠢᠶᠡᠵᠢᠯᠳᠡ᠂ | ᠤᠶᠦᠡᠴᠢᠯᠠᠭᠰᠡᠠ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠬᠥᠮᠥᠷᠭᠡᠯᠡᠨ ᠬᠠᠳᠠᠭᠠᠯᠠᠬᠤ᠂ ᠲᠣᠬᠢᠷᠠᠭᠤᠯᠤᠨ | ᠬᠦᠷᠭᠡᠬᠦ᠂ ᠲᠡᠭᠡᠭᠡᠪᠦᠷᠢ ᠲᠣᠬᠢᠷᠠᠭᠤᠯᠬᠤ᠂ ᠲᠦᠷᠭᠡᠨ ᠬᠦᠷᠭᠡᠬᠦ ᠵᠦᠢᠯ ᠢ ᠮᠥᠷᠳᠡᠨ ᠳᠠᠭᠠᠬᠤ ᠵᠡᠷᠭᠡ ᠪᠠᠷ ᠭᠤᠣᠯ | ᠠᠭᠤᠯᠭ᠎ᠠ ᠪᠣᠯᠭᠠᠭᠰᠠᠨ ᠲᠦᠷᠭᠡᠨ ᠬᠦᠷᠭᠡᠬᠦ ᠶᠢᠨ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠠᠯᠬᠤᠮ | ᠠᠯᠬᠤᠮ ᠢᠶᠠᠷ ᠪᠠᠶᠢᠭᠤᠯᠣᠨ ᠲᠡᠭᠦᠯᠳᠡᠷᠵᠢᠭᠦᠯᠵᠣ᠂ ᠤᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ | ᠲᠠᠪᠴᠠᠩ ᠢ ᠪᠠᠶᠢᠭᠤᠯᠵᠤ᠂ ᠲᠦᠷᠭᠡᠨ ᠬᠦᠷᠭᠡᠬᠦ ᠦᠢᠯᠡᠰ ᠤᠨ ᠮᠡᠳᠡᠭᠡ ᠵᠠᠩᠬᠢᠵᠢᠯᠳᠠ ᠶᠢᠨ ᠪᠦᠬᠦᠯᠢ ᠴᠣᠭᠴᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠤ | ᠬᠤᠭᠤᠷᠣᠨᠳᠣᠬᠢ ᠮᠡᠳᠡᠭᠡ ᠵᠠᠩᠭᠢ ᠶᠢᠨ ᠲᠠᠪᠴᠠᠩ ᠢ ᠵᠣᠯᠭᠠᠭᠤᠯᠬᠤ ᠶᠢ ᠲᠦᠷᠭᠡᠣᠡᠭᠡᠨ ᠠᠬᠢᠭᠤᠯᠵᠤ᠂ ᠲᠦᠷᠭᠡᠨ | ᠬᠦᠷᠭᠡᠬᠦ ᠠᠵᠤ ᠠᠬᠤᠶᠢᠯᠠᠯ ᠤᠨ ᠳᠡᠭᠡᠳᠦ ᠲᠤᠤᠷᠠᠳᠤ ᠳᠠᠯ᠎ᠠ ᠶᠢᠨ ᠬᠠᠩᠭᠠᠯᠭ᠎ᠠ ᠶᠢᠨ ᠬᠡᠯᠬᠢᠶᠠᠨ ᠤ ᠠᠵᠤ | ᠠᠬᠤᠶᠢᠯᠠᠯ ᠯᠤᠭ᠎ᠠ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠶᠢ ᠨᠢᠭᠡᠳᠬᠡᠬᠦ ᠪᠠ ᠰᠢᠰᠲ᠋ᠧᠮ ᠢ ᠵᠣᠯᠭᠠᠭᠤᠯᠬᠤ ᠶᠢ | ᠳᠡᠮᠵᠢᠵᠣ᠂ ᠲᠡᠭᠡᠭᠡᠪᠦᠷᠢ ᠶᠢᠨ ᠠᠷᠭ᠎ᠠ ᠮᠠᠶ᠋ᠢᠭ᠂ ᠲᠦᠷᠭᠡᠨ ᠬᠦᠷᠭᠡᠬᠦ ᠵᠦᠢᠯ ᠤᠨ ᠴᠢᠭᠯᠡᠯ ᠵᠡᠷᠭᠡ ᠠᠵᠢᠯ ᠲᠥᠷᠥᠯ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠦᠷᠳᠡᠨ ᠬᠠᠷᠢᠯᠴᠠᠨ ᠨᠡᠪᠲᠡᠷᠡᠭᠦᠯᠭᠦ ᠶᠢ ᠪᠡᠶᠡᠯᠡᠭᠦᠯᠣᠨ᠎ᠠ᠃ | ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠬᠠᠮᠢᠶᠠᠷᠣᠯᠳᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢ ᠵᠣᠯᠭᠠᠭᠤᠯᠬᠤ ᠶᠢ ᠠᠬᠢᠭᠤᠯᠵᠣ᠂ ᠰᠢᠦᠳᠠᠨ ᠤ ᠦᠢᠯᠡᠰ ᠤᠨ ᠠᠮᠣᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ | ᠵᠡᠷᠭᠡ ᠬᠢᠨᠠᠨ ᠬᠠᠮᠢᠶᠠᠷᠬᠤ ᠰᠢᠰᠲ᠋ᠧᠮ ᠤᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ ᠶᠢ | ᠦᠨᠡᠡᠭᠦ ᠪᠠᠲᠤᠯᠠᠨ᠎ᠠ᠃ ᠲᠦᠷᠭᠡᠨ ᠬᠦᠷᠭᠡᠬᠦ ᠦᠢᠯᠡᠰ ᠤᠨ ᠡᠯᠧᠺᠳ᠋ᠷᠣᠨ ᠨᠢᠭᠤᠷᠳᠠᠬᠤ ᠬᠠᠭᠤᠳᠠᠰᠤ ᠬᠡᠷᠡᠭᠯᠡᠬᠦ ᠶᠢ | ᠠᠬᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢᠨ ᠬᠠᠮᠲᠤ ᠠᠵᠤ ᠠᠬᠤᠶᠢᠯᠠᠯ ᠤᠨ ᠦᠪᠡᠷ ᠤᠨ ᠥᠷᠲᠡᠭ ᠢ | ᠪᠠᠭᠤᠷᠠᠭᠤᠯᠣᠨ᠎ᠠ᠃ | ︵ᠲᠠᠪᠤ︶ ᠲᠦᠷᠭᠡᠨ ᠬᠦᠷᠭᠡᠬᠦ ᠦᠢᠯᠡᠰ ᠤᠨ ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠣᠨ᠎ᠠ᠃ ᠲᠡᠭᠡᠭᠡᠪᠦᠷᠢ ᠶᠢᠨ ᠲᠡᠷᠭᠡ ᠬᠥᠰᠬᠡ ᠶᠢ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠪᠠ | ᠴᠡᠪᠡᠷᠰᠢᠭᠦᠯᠬᠦ ᠶᠢ ᠶᠡᠬᠡᠪᠡᠷ ᠰᠠᠨᠠᠭᠠᠴᠢᠯᠠᠵᠤ᠂ ᠲᠦᠷᠭᠡᠨ ᠬᠦᠷᠭᠡᠬᠦ ᠲᠡᠭᠡᠭᠡᠪᠦᠷᠢ ᠶᠢᠨ ᠳᠤᠨᠤᠭ ᠲᠥᠬᠦᠭᠡᠷᠦᠮᠵᠢ ᠶᠢ | ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠬᠤ ᠶᠢ ᠲᠦᠷᠭᠡᠳᠬᠡᠨ ᠠᠬᠢᠭᠤᠯᠵᠣ᠂ | ᠦᠷ᠎ᠡ ᠪᠦᠲᠦᠮᠵᠢ ᠪᠠᠷ ᠪᠠᠷᠣᠭᠳᠠᠢ᠂ ᠡᠨᠧᠷᠭᠢ ᠶᠢᠨ ᠬᠤᠷᠣᠭᠳᠠᠯ ᠢᠶᠠᠷ ᠶᠡᠬᠡᠲᠡᠢ ᠲᠡᠭᠡᠭᠡᠪᠦᠷᠢ ᠶᠢᠨ ᠳᠤᠨᠤᠭ | ᠲᠥᠬᠦᠭᠡᠷᠦᠮᠵᠢ ᠶᠢ ᠰᠢᠭᠰᠢᠭᠳᠡᠭᠦᠯᠣᠨᠠ᠃ ᠲᠦᠷᠭᠡᠨ ᠬᠦᠷᠭᠡᠬᠦ ᠡᠵᠡᠩᠨᠡᠯᠲᠡ ᠶᠢᠨ ᠲᠣᠣᠷ ᠴᠢᠬ ᠢ ᠪᠠᠷᠢᠮᠵᠢᠶᠠᠵᠢᠭᠤᠯᠣᠨ | ᠪᠠᠶᠢᠭᠤᠯᠬᠤ ᠶᠢ ᠠᠬᠢᠭᠤᠯᠵᠣ᠂ ᠰᠢᠨ᠎ᠡ ᠪᠠᠶᠢᠭᠤᠯᠤᠭᠰᠠᠨ ᠲᠣᠣᠷ ᠴᠢᠬ ᠤᠨ ᠠᠵᠢᠯ ᠡᠷᠬᠢᠯᠡᠵᠦ ᠪᠠᠶᠢᠭ᠎ᠠ ᠲᠠᠯᠠᠪᠤᠷ᠂ | ᠠᠮᠤᠷ ᠲᠦᠪᠰᠢᠨ ᠤ ᠲᠥᠬᠦᠭᠡᠷᠦᠮᠵᠢ᠂ ᠲᠦᠷᠢᠮ ᠢ ᠢᠯᠨ ᠨᠡᠶᠢᠲᠡᠯᠡᠭᠦ ᠵᠡᠷᠭᠡ ᠪᠠᠶᠢᠳᠠᠯ ᠢ ᠬᠠᠤᠯᠢ ᠶᠣᠰᠣᠭᠠᠷ ᠬᠢᠨᠠᠨ | ᠬᠠᠷᠭᠤᠭᠤᠯᠵᠣ᠂ ᠬᠠᠭᠤᠴᠢᠨ ᠲᠣᠣᠷ ᠴᠢᠬ ᠢ ᠥᠭᠡᠷᠡᠴᠢᠯᠡᠬᠦ ᠪᠠᠨ ᠲᠦᠷᠭᠡᠳᠬᠡᠵᠦ᠂ ᠠᠵᠢᠯᠯᠠᠭᠤᠯᠬᠤ ᠣᠷᠴᠢᠨ | ᠲᠣᠭᠤᠷᠢᠨ ᠢ ᠵᠢᠷᠤᠮᠵᠢᠭᠤᠯᠣᠨ᠂ ᠦᠢᠯᠡᠴᠢᠯᠡᠭᠦ ᠶᠠᠰᠤ ᠴᠢᠨᠠᠷ ᠪᠠ ᠳᠦᠷᠢ ᠲᠥᠷᠬᠦ ᠶᠢ ᠳᠡᠭᠡᠭᠰᠢᠯᠡᠭᠦᠯᠣᠨ᠎ᠠ᠃ ᠲᠦᠷᠭᠡᠨ | ᠬᠦᠷᠭᠡᠬᠦ ᠠᠵᠤ ᠠᠬᠤᠶᠢᠯᠠᠯ ᠤᠨ ᠲᠡᠷᠢᠭᠦᠨ ᠤ ᠲᠦᠷᠭᠡᠨ ᠬᠦᠷᠭᠡᠬᠦ ᠪᠣᠭᠤᠳᠠᠯ ᠪᠠᠭᠯᠠᠭ᠎ᠠ ᠪᠠ ᠪᠥᠭᠡᠮ ᠢᠶᠠᠷ ᠰᠠᠪᠠᠯᠠᠬᠤ | ᠮᠡᠷᠭᠡᠵᠢᠯ ᠢ ᠠᠰᠢᠬᠯᠠᠬᠤ ᠶᠢ ᠠᠬᠢᠭᠤᠯᠤᠨ᠂ ᠬᠥᠳᠡᠯᠮᠦᠷᠢ ᠶᠢᠨ ᠡᠷᠴᠢᠮ ᠢᠶᠠᠨ ᠪᠠᠭᠤᠷᠠᠭᠤᠯᠵᠣ᠂ ᠬᠥᠳᠡᠯᠮᠦᠷᠢ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠣᠨ᠂ ᠥᠪᠡᠷ ᠤᠨ ᠦᠷᠲᠡᠭ ᠢ ᠠᠷᠪᠢᠯᠠᠵᠣ᠂ ᠣᠷᠴᠢᠨ ᠲᠣᠭᠤᠷᠢᠨ ᠢ ᠬᠠᠮᠠᠭᠠᠯᠠᠨ᠎ᠠ | ᠃ | ︵ᠵᠢᠷᠭᠤᠭ᠎ᠠ︶ ᠲᠦᠷᠭᠡᠨ ᠬᠦᠷᠭᠡᠬᠦ ᠦᠢᠯᠡᠰ ᠬᠢᠭᠡᠣᠨ ᠶᠡᠷᠣᠩᠬᠡᠶᠢᠯᠡᠭᠰᠠᠨ ᠵᠠᠮ ᠲᠡᠭᠡᠭᠡᠪᠦᠷᠢ ᠶᠢᠨ | ᠰᠢᠰᠲ᠋ᠧᠮ ᠯᠤᠭ᠎ᠠ ᠶᠢᠨ ᠠᠭᠤᠰᠣᠯᠴᠠᠭ᠎ᠠ ᠶᠢ ᠠᠬᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠲᠡᠮᠦᠷ | ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠲᠡᠭᠡᠭᠡᠪᠦᠷᠢ ᠶᠢᠨ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠵᠤ᠂ ᠵᠠᠰᠠᠮᠠᠯ ᠵᠠᠮ ᠤᠨ ᠠᠶᠠᠨᠴᠢᠳ ᠲᠡᠭᠡᠭᠡᠪᠦᠷᠢᠯᠡᠭᠦ ᠲᠡᠷᠭᠡ | ᠬᠦᠰᠭᠡ ᠪᠠᠷ ᠲᠦᠷᠭᠡᠨ ᠬᠦᠷᠭᠡᠬᠦ ᠵᠦᠢᠯ ᠢ ᠣᠷᠣᠯᠠᠵᠣ ᠲᠡᠭᠡᠭᠡᠪᠦᠷᠢᠯᠡᠬᠦ ᠪᠠ ᠲᠦᠷᠭᠡᠨ ᠬᠦᠷᠭᠡᠬᠦ ᠵᠦᠢᠯ ᠢ | ᠴᠢᠷᠣᠭᠦᠯ ᠲᠠᠢ ᠮᠠᠰᠢᠨ ᠲᠡᠷᠭᠡ ᠪᠠᠷ ᠲᠡᠭᠡᠭᠡᠪᠦᠷᠢᠯᠡᠭᠦ ᠲᠤᠷᠰᠢᠯᠲᠠ ᠶᠢᠨ ᠴᠢᠬ ᠢ ᠯᠠᠪᠳᠠᠭᠤᠨ ᠢᠶᠠᠷ ᠠᠬᠢᠭᠤᠯᠵᠣ᠂ | ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠣᠨ᠎ᠠ᠃ ᠲᠡᠮᠦᠷ ᠵᠠᠮ ᠤᠨ ᠬᠦᠢᠰᠦ ᠪᠤᠯᠬᠤ | ᠭᠠᠵᠠᠷ ᠢᠶᠠᠷ ᠲᠦᠷᠭᠡᠨ ᠬᠦᠷᠭᠡᠬᠦ ᠵᠦᠢᠯ ᠤᠨ ᠲᠡᠭᠡᠭᠡᠪᠦᠷᠢᠯᠡᠬᠦ ᠱᠣᠭᠤᠮ ᠪᠠ ᠳᠡᠮᠵᠢᠭᠤᠯᠬᠤ ᠭᠠᠵᠠᠷ ᠢ ᠢᠵᠢ | ᠪᠦᠷᠢᠳᠦᠭᠦᠯᠦᠨ ᠪᠦᠳᠦᠭᠡᠠ ᠪᠠᠶᠢᠭᠤᠯᠬᠤ ᠶᠢ ᠵᠣᠷᠢᠬᠵᠢᠭᠤᠯᠣᠨ᠎ᠠ ︔ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ | ᠵᠠᠮ᠂ ᠵᠠᠰᠠᠮᠠᠯ ᠵᠠᠮ ᠵᠡᠷᠭᠡ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠲᠦᠷᠭᠡᠨ ᠬᠦᠷᠭᠡᠬᠦ ᠵᠦᠢᠯ ᠢ ᠲᠡᠭᠡᠭᠡᠪᠦᠷᠢᠯᠡᠬᠦ ᠳᠤ | ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠣᠷᠢᠳᠡᠪᠠᠷ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠣᠨ᠎ᠠ᠃ | ᠨᠢᠰᠬᠡᠯ ᠤᠨ ᠪᠠᠭᠤᠳᠠᠯ᠂ ᠲᠡᠷᠭᠡᠨ ᠦᠷᠳᠡᠭᠡ᠂ ᠪᠣᠭᠤᠮᠲᠠ ᠵᠡᠷᠭᠡ ᠨᠢᠭᠡᠴᠨ ᠨᠦᠭᠦᠳ ᠨᠢ ᠲᠦᠷᠭᠡᠨ ᠬᠦᠷᠭᠡᠬᠦ ᠠᠵᠤ | ᠠᠬᠤᠶᠢᠯᠠᠯ ᠤᠨ ᠲᠦᠷᠭᠡᠨ ᠬᠦᠷᠭᠡᠬᠦ ᠵᠦᠢᠯ ᠤᠨ ᠲᠥᠪᠯᠡᠷᠡᠭᠦᠯᠦᠨ ᠰᠢᠢᠣᠡᠪᠣᠷᠢᠯᠡᠭᠦ ᠭᠠᠵᠠᠷ ᠪᠠᠶᠢᠭᠤᠯᠬᠤ ᠶᠢ ᠳᠡᠮᠵᠢᠵᠣ᠂ | ᠲᠦᠷᠭᠡᠨ ᠲᠣᠬᠢᠷᠠᠭᠤᠯᠵᠣ ᠠᠴᠢᠶᠠᠯᠠᠬᠤ᠂ ᠠᠴᠢᠶᠠᠯᠠᠵᠤ ᠪᠠᠭᠤᠯᠭᠠᠬᠤ᠂ ᠲᠤᠰᠢᠶᠠᠬᠤ ᠪᠠ ᠬᠦᠯᠢᠶᠡᠨ ᠠᠪᠬᠤ ᠵᠡᠷᠭᠡ | ᠦᠢᠯᠡᠴᠢᠯᠡᠭᠡ ᠬᠠᠩᠭᠠᠨ᠎ᠠ᠃ | ︵ᠲᠤᠯᠤᠭ᠎ᠠ︶ ᠬᠢᠨᠠᠯᠳᠠ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠣᠨ᠎ᠠ᠃ | ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠦᠷᠭᠡᠨ ᠬᠦᠷᠭᠡᠬᠦ | ᠠᠵᠤ ᠠᠬᠤᠶᠢᠯᠠᠯ ᠳᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ | ᠵᠢᠷᠤᠮᠵᠢᠭᠤᠯᠤᠨ᠂ ᠲᠦᠷᠭᠡᠨ ᠬᠦᠷᠭᠡᠬᠦ ᠦᠢᠯᠡᠰ ᠤᠨ ᠪᠠᠶᠢᠴᠠᠭᠠᠨ ᠪᠦᠷᠢᠳᠬᠡᠬᠦ ᠪᠠ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠦᠷᠢᠮ ᠢ ᠳᠡᠭᠦᠯᠳᠡᠷᠵᠢᠭᠦᠯᠣᠨ᠎ᠠ᠃ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠲᠦᠷᠭᠡᠨ ᠬᠦᠷᠭᠡᠬᠦ ᠠᠵᠤ ᠠᠬᠤᠶᠢᠯᠠᠯ ᠤᠨ ᠢᠯᠡᠭᠡᠨ ᠭᠦᠷᠭᠡᠭᠦ ᠵᠠᠮ ᠮᠦᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢᠶᠠᠨ ᠰᠠᠶᠢᠲᠤᠷ ᠬᠢᠭᠦ ᠶᠢ ᠰᠢᠮᠳᠠᠭᠤᠯᠵᠤ᠂ ᠢᠯᠡᠭᠡᠵᠦ ᠬᠦᠷᠭᠡᠬᠦ ᠠᠵᠤ ᠠᠬᠤᠶᠢᠯᠠᠯ ᠤᠨ | ᠢᠯᠡᠭᠡᠵᠣ ᠲᠡᠭᠡᠭᠡᠪᠦᠷᠢᠯᠡᠬᠦ ᠡᠳ᠋ ᠪᠣᠳᠠᠰ ᠢ 100 % ᠪᠠᠷ ᠣᠷᠢᠳᠠᠪᠠᠷ ᠪᠠᠶᠢᠴᠠᠭᠠᠨ ᠦᠵᠡᠭᠦ᠂ ᠳᠠᠷᠠᠭ᠎ᠠ ᠨᠢ | ᠪᠣᠭᠤᠳᠠᠯᠯᠠᠬᠤ ᠶᠢ ᠨᠠᠶᠢᠳᠠᠪᠣᠷᠢᠵᠢᠭᠤᠯᠬᠤ ᠶᠢ ᠠᠬᠢᠭᠤᠯᠵᠣ᠂ ᠢᠯᠡᠭᠡᠵᠣ ᠬᠦᠷᠭᠡᠬᠦ ᠠᠵᠢᠯᠯᠠᠭ᠎ᠠ ᠳᠤ 100% ᠪᠠᠷ | ᠦᠨᠡᠨ ᠨᠡᠷ᠎ᠡ ᠶᠢᠨ ᠳᠦᠷᠢᠮ᠂ ᠰᠢᠦᠳᠠᠨ ᠤ ᠵᠦᠢᠯ᠂ ᠲᠦᠷᠭᠡᠨ ᠬᠦᠷᠭᠡᠬᠦ ᠵᠦᠢᠯ ᠢ 100 % ᠪᠠᠷ X ᠬᠡᠷᠠᠯ ᠤᠨ | ᠮᠠᠰᠢᠨ ᠤ ᠪᠠᠶᠢᠴᠠᠭᠠᠯᠲᠠ ᠶᠢ ᠳᠠᠮᠵᠢᠭᠤᠯᠬᠤ ᠵᠡᠷᠭᠡ ᠲᠦᠷᠢᠮ ᠢ ᠬᠡᠷᠡᠭᠵᠢᠭᠦᠯᠦᠨ᠂ ᠠᠵᠢᠯ ᠡᠷᠬᠢᠯᠡᠭᠴᠢᠣᠨ ᠤᠨ ᠬᠢᠷᠢ | ᠬᠡᠮ ᠢ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ ︔ ᠲᠦᠷᠭᠡᠨ ᠬᠦᠷᠭᠡᠬᠦ ᠠᠵᠤ ᠠᠬᠤᠶᠢᠯᠠᠯ ᠤᠨ ᠠᠶᠤᠯ ᠥᠭᠡᠢ ᠪᠠᠷ | ᠦᠢᠯᠡᠳᠪᠦᠷᠢᠯᠡᠭᠦ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠲᠣᠭᠳᠠᠭᠠᠯ ᠢ ᠨᠠᠶᠢᠳᠠᠪᠤᠷᠢᠵᠢᠭᠤᠯᠵᠣ᠂ ᠲᠦᠷᠭᠡᠨ | ᠬᠦᠷᠭᠡᠬᠦ ᠦᠢᠯᠡᠰ ᠤᠨ ᠭᠦᠮᠣᠨ ᠢᠶᠠᠷ ᠰᠡᠷᠭᠡᠶᠢᠯᠡᠭᠦ ᠪᠠ ᠮᠡᠷᠭᠡᠵᠢᠯ ᠢᠶᠠᠷ ᠰᠡᠷᠭᠡᠶᠢᠯᠡᠭᠦ ᠪᠡᠯᠡᠣᠡᠭᠡᠮᠵᠢ ᠶᠢᠨ | ᠪᠠᠶᠢᠭᠤᠯᠤᠯᠲᠠ ᠶᠢ ᠭᠦᠴᠣᠯᠠᠨ ᠠᠬᠢᠭᠤᠯᠣᠨ᠎ᠠ᠃ ᠠᠰ ᠲᠠᠭᠠᠨ ᠲᠦᠯᠣᠪᠯᠡᠭᠡ ᠬᠢᠭᠦ ᠬᠤᠳᠠ᠂ ᠴᠢᠬᠤᠯᠠ | ᠵᠠᠩᠭᠢᠯᠠᠭ᠎ᠠ ᠶᠢᠨ ᠴᠢᠬ ᠤᠨ ᠬᠤᠳᠠ᠂ ᠬᠢᠯᠢ ᠪᠣᠭᠤᠮᠲᠠ ᠶᠢᠨ ᠬᠤᠳᠠ ᠶᠢᠨ ᠲᠦᠷᠭᠡᠨ ᠬᠦᠷᠭᠡᠯᠳᠠ ᠶᠢᠨ ᠬᠢᠨᠠᠯᠳᠠ | ᠬᠠᠮᠢᠶᠠᠷᠣᠯᠳᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠢᠨᠠᠯᠳᠠ ᠬᠠᠮᠢᠶᠠᠷᠣᠯᠳᠠ ᠶᠢᠨ ᠠᠵᠢᠯᠲᠠᠳ ᠢ | ᠪᠣᠯᠪᠠᠰᠤᠷᠠᠭᠤᠯᠬᠤ ᠪᠠᠨ ᠴᠢᠩᠭᠠᠳᠬᠠᠵᠤ᠂ ᠬᠢᠨᠠᠯᠳᠠ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ | ᠪᠠᠳᠠᠷᠠᠭᠤᠯᠵᠣ᠂ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠢᠨᠲ᠋ᠤᠷ | ᠰᠦᠯᠵᠢᠶ᠎ᠡ +︾ ᠬᠢᠨᠠᠯᠳᠠ ᠬᠠᠮᠢᠶᠠᠷᠣᠯᠳᠠ ᠳᠠᠬᠢ ᠲᠦᠷᠭᠡᠨ ᠬᠦᠷᠭᠡᠬᠦ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ | ᠲᠦᠷᠭᠡᠣᠡᠭᠡᠨ ᠪᠠᠶᠢᠭᠤᠯᠵᠤ᠂ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠰᠢᠰᠲ᠋ᠧᠮ᠂ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠢᠨᠠᠨ ᠵᠦᠪᠰᠢᠶᠡᠷᠡᠬᠦ ᠰᠢᠰᠲ᠋ᠧᠮ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ | ᠮᠡᠳᠡᠭᠡ ᠵᠠᠩᠭᠢ ᠶᠢᠨ ᠰᠢᠰᠲ᠋ᠧᠮ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠣᠯᠳᠠ ᠶᠢᠨ ᠬᠡᠷᠡᠭᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠪᠠᠷ ᠳᠠᠮᠵᠢᠭᠤᠯᠵᠣ᠂ ᠲᠦᠷᠭᠡᠨ ᠬᠦᠷᠭᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠦᠢᠯᠡᠴᠢᠯᠡᠭᠡ ᠪᠠ ᠬᠢᠨᠠᠯᠲᠠ ᠲᠠᠯᠪᠢᠬᠤ ᠠᠵᠢᠯ ᠢ ᠦᠨᠡᠡᠭᠦ ᠴᠢᠩᠭᠠᠳᠬᠠᠨ ᠰᠠᠶᠢᠵᠢᠷᠠᠭᠤᠯᠣᠨ᠎ᠠ᠃ ᠰᠢᠦᠳᠠᠨ ᠤ | ᠬᠠᠮᠢᠶᠠᠷᠤᠯᠲᠠ ᠬᠢᠭᠡᠳ ᠠᠵᠤ ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠣᠯᠣᠰ ᠤᠨ ᠠᠮᠣᠷ | ᠲᠦᠪᠰᠢᠨ᠂ ᠶᠡᠷᠦᠩᠬᠡᠶᠢᠯᠡᠨ ᠵᠠᠰᠠᠬᠤ ᠵᠡᠷᠭᠡ ᠰᠠᠯᠠᠭ᠎ᠠ ᠮᠥᠴᠢᠷ ᠯᠤᠭ᠎ᠠ ᠶᠢᠨ ᠮᠡᠳᠡᠭᠡ ᠵᠠᠩᠭᠢ ᠶᠢ ᠬᠠᠮᠲᠤᠪᠠᠷ ᠭᠦᠷᠳᠡᠭᠦ | ᠲᠣᠭᠲᠠᠴᠠ ᠶᠢ ᠪᠠᠶᠢᠭᠤᠯᠵᠣ᠂ ᠬᠠᠮᠲᠤᠷᠠᠨ ᠬᠠᠤᠯᠢ ᠬᠡᠷᠡᠭᠵᠢᠭᠦᠯᠣᠯᠳᠠ ᠪᠠᠨ ᠴᠢᠩᠭᠠᠣᠠᠬᠠᠵᠣ᠂ ᠠᠶᠣᠯ ᠦᠭᠡᠢ ᠶᠢᠨ | ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠣᠨ᠎ᠠ᠃ | |