| ᠭᠤᠷᠪᠠ᠂ ᠲᠥᠷᠥ ᠶᠢᠨ ᠪᠤᠳᠤᠯᠭ᠎ᠠ ᠶᠢᠨ ᠳᠡᠮᠵᠢᠯᠭᠡ | ︵ ᠨᠢᠭᠡ︶ ᠠᠵᠢᠯ ᠲᠥᠷᠥᠯ ᠤᠨ ᠵᠦᠪᠰᠢᠶᠡᠷᠡᠨ ᠣᠷᠣᠭᠤᠯᠬᠤ ᠲᠦᠷᠦ ᠶᠢᠨ ᠪᠤᠳᠤᠯᠭ᠎ᠠ᠃ ᠲᠦᠷᠭᠡᠨ | ᠬᠦᠷᠭᠡᠬᠦ ᠦᠢᠯᠡᠰ ᠤᠨ ᠦᠢᠯᠡᠳᠪᠦᠷᠢ ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠠᠳᠠᠯᠢ ᠨᠢᠭᠡᠨ ᠦᠢᠯᠡᠳᠪᠦᠷᠢ ᠬᠤᠳᠠᠯᠳᠤᠭᠠᠨ ᠤ | ᠳᠠᠩᠰᠠᠯᠠᠬᠤ ᠪᠠᠶᠢᠭᠤᠯᠭ᠎ᠠ ᠶᠢᠨ ᠬᠠᠮᠢᠶᠠᠷᠣᠯᠳᠠ ᠶᠢᠨ ᠬᠠᠷᠢᠶᠠᠨ ᠳᠤ ︽ᠨᠢᠭᠡ ᠦᠨᠡᠮᠯᠡᠯ ᠳᠤ ᠤᠯᠠᠨ ᠬᠠᠶ᠋ᠢᠭ ᠲᠠᠢ | ᠪᠠᠶᠢᠯᠭᠠᠬᠤ︾ ᠵᠠᠭᠪᠤᠷ ᠢ ᠬᠠᠶᠢᠨ ᠰᠦᠪᠡᠭᠴᠢᠯᠡᠨ᠎ᠠ᠃ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ | ᠡᠵᠡᠩᠨᠡᠯᠳᠠ ᠶᠢ ᠵᠥᠪᠰᠢᠶᠡᠷᠡᠭᠦ ᠲᠡᠰ ᠳᠠᠷᠠᠭᠠᠯᠠᠯ ᠢ ᠳᠥᠭᠦᠮᠴᠢᠯᠡᠨ᠂ ᠲᠦᠷᠭᠡᠨ ᠬᠦᠷᠭᠡᠬᠦ ᠠᠵᠤ ᠠᠬᠤᠶᠢᠯᠠᠯ ᠤᠨ | ᠵᠦᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠲᠠᠯᠪᠢᠵᠤ᠂ ᠰᠢᠨ᠎ᠡ ᠪᠠᠷ ᠡᠷᠬᠢᠯᠡᠬᠦ ᠲᠦᠷᠭᠡᠨ ᠬᠦᠷᠭᠡᠬᠦ ᠠᠵᠤ | ᠠᠬᠤᠶᠢᠯᠠᠯ ᠪᠦᠬᠦᠨ ᠤ ᠳᠠᠩᠰᠠᠯᠠᠬᠤ ᠪᠡᠯᠡ ᠮᠥᠩᠭᠦ ᠶᠢ ᠤᠯᠤᠰ ᠤᠨ ᠲᠦᠷᠭᠡᠨ ᠬᠦᠷᠭᠡᠬᠦ ᠦᠢᠯᠡᠰ ᠤᠨ ᠵᠦᠪᠰᠢᠶᠡᠷᠡᠨ | ᠣᠷᠣᠭᠤᠯᠬᠤ ᠬᠤᠯᠪᠣᠭᠳᠠᠯ ᠪᠦᠬᠦᠢ ᠲᠣᠭᠲᠠᠭᠠᠯ ᠤᠨ ᠬᠠᠮᠤᠭ ᠨᠠᠭᠠᠳᠤ ᠵᠠᠬ᠎ᠠ ᠶᠢᠨ ᠳᠠᠩᠰᠠᠯᠠᠭᠤᠯᠬᠤ ᠪᠠᠷᠢᠮᠵᠢᠶ᠎ᠠ | ᠶᠣᠰᠣᠭᠠᠷ ᠬᠡᠷᠡᠭᠵᠢᠭᠦᠯᠣᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ | ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠦ ᠳᠡᠰ ᠳᠠᠷᠠᠭᠠᠯᠠᠯ ᠢ | ᠵᠢᠷᠤᠮᠵᠢᠭᠤᠯᠣᠨ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠣᠨ ᠤ ᠮᠡᠳᠡᠭᠦᠯᠦᠯᠲᠡ ᠶᠢᠨ ᠲᠦᠷᠢᠮ ᠢ | ᠥᠭᠡᠷᠡᠴᠢᠯᠡᠨ᠂ ᠠᠵᠤ ᠠᠬᠤᠶᠢᠯᠠᠯ ᠤᠨ ᠰᠠᠯᠪᠤᠷᠢ ᠪᠠᠶᠢᠭᠤᠯᠤᠮᠵᠢ᠂ ᠲᠡᠭᠦᠰᠭᠡᠯ ᠦᠵᠣᠭᠦᠷ ᠤᠨ ᠲᠣᠣᠷ ᠴᠢᠬ ᠤᠨ | ᠳᠠᠩᠰᠠᠯᠠᠭᠤᠯᠬᠤ ᠭᠠᠷᠳᠠᠮ ᠢ ᠳᠥᠭᠦᠮᠴᠢᠯᠡᠨᠠ᠃ ᠡᠯᠧᠺᠳ᠋ᠷᠣᠨ ᠭᠠᠷᠠᠮ᠂ ᠤᠯᠠᠨ ᠤᠯᠤᠰ ᠤᠨ ᠡᠬᠡ ᠬᠠᠭᠤᠷᠠᠶ ᠶᠢᠨ | ᠭᠠᠷᠠᠮ ᠵᠡᠷᠭᠡ ︽ᠨᠢᠭᠡ ᠥᠷᠲᠡᠭᠡᠴᠢᠯᠡᠬᠦ ᠮᠠᠶ᠋ᠢᠭ︾ ᠤᠨ ᠪᠣᠭᠤᠮᠲᠠ ᠥᠩᠭᠡᠷᠡᠬᠦ ᠲᠠᠪᠴᠠᠩ ᠤᠨ ᠳᠠᠪᠠᠭᠤᠯᠢᠭ ᠢ | ᠪᠠᠳᠠᠷᠠᠭᠤᠯᠵᠤ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠤ ᠭᠠᠷᠭᠠᠬᠤ ᠲᠦᠷᠭᠡᠨ ᠬᠦᠷᠭᠡᠬᠦ | ᠵᠦᠢᠯ ᠤᠨ ᠨᠠᠷᠢᠨ ᠬᠠᠭᠤᠳᠠᠰᠤ ᠶᠢ ᠬᠠᠷᠭᠤᠭᠤᠯᠣᠨ ᠶᠠᠪᠣᠭᠤᠯᠬᠤ᠂ ᠪᠣᠭᠤᠮᠲᠠ ᠥᠩᠭᠡᠷᠡᠬᠦᠯᠬᠦ ᠪᠠᠷ ᠵᠠᠭᠪᠤᠷ ᠢ | ᠬᠤᠷᠢᠶᠠᠩᠭᠤᠶᠢᠯᠠᠨ ᠮᠡᠳᠡᠭᠦᠯᠬᠦ ᠬᠡᠷᠡᠭᠯᠡᠬᠦ ᠬᠡᠪᠴᠢᠶ᠎ᠡ ᠪᠠᠨ ᠥᠷᠭᠡᠳᠬᠡᠵᠦ᠂ ᠬᠢᠯᠢ ᠪᠠᠷ ᠣᠷᠣᠵᠣ ᠭᠠᠷᠬᠤ ᠲᠦᠷᠭᠡᠨ | ᠬᠦᠷᠭᠡᠬᠦ ᠵᠦᠢᠯ ᠤᠨ ᠳᠥᠭᠦᠮ ᠳᠥᠲᠡ ᠥᠩᠭᠡᠷᠡᠬᠦ ᠪᠣᠭᠤᠮᠲᠠ ᠶᠢ ᠪᠠᠶᠢᠭᠤᠯᠣᠨ᠎ᠠ᠃ | ︵ᠬᠤᠶᠠᠷ︶ ᠡᠳ᠋ ᠤᠨ ᠵᠠᠰᠠᠭ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ᠃ ᠲᠥᠪ ᠤᠨ | ᠲᠥᠰᠦᠪ ᠳᠠᠬᠢ ᠪᠡᠯᠡ ᠣᠷᠣᠭᠤᠯᠤᠯᠲᠠ ᠶᠢᠨ ᠨᠥᠬᠦᠪᠥᠷᠢ ᠪᠠ ᠳᠡᠮ ᠬᠦᠦ ᠮᠥᠩᠭᠦ ᠲᠠᠢ ᠪᠡᠯᠡ ᠮᠥᠩᠭᠦ ᠶᠢᠨ | ᠳᠡᠮᠵᠢᠯᠭᠡ ᠶᠢ ᠣᠯᠬᠤ ᠪᠠᠷ ᠢᠳᠡᠪᠬᠢᠲᠡᠶ ᠴᠢᠷᠮᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠰᠠᠭᠤᠷᠢᠯᠠᠬᠤ | ᠴᠢᠨᠠᠷᠲᠠᠶ ᠲᠦᠷᠭᠡᠨ ᠬᠦᠷᠭᠡᠬᠦ ᠰᠠᠭᠤᠷᠢ ᠪᠡᠯᠡᠣᠡᠭᠡᠮᠵᠢ ᠶᠢᠨ ᠪᠦᠳᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ | ᠡᠷᠴᠢᠮ ᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠵᠦ ᠲᠦᠷᠭᠡᠨ | ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠣᠨ᠂ | ᠭᠤᠣᠯᠳᠠᠯᠭ᠎ᠠ ᠲᠠᠢ ᠲᠦᠷᠭᠡᠨ ᠬᠦᠷᠭᠡᠬᠦ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ ᠢᠶᠠᠷ ᠤᠯᠤᠰ᠂ ᠥᠪᠡᠷᠲᠡᠭᠡᠨ | ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠢ ᠲᠡᠳᠬᠦᠨ ᠳᠡᠮᠵᠢᠬᠦ ᠪᠤᠶᠤ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠲᠤᠰᠬᠠᠶ ᠵᠦᠢᠯ ᠤᠨ ᠪᠡᠯᠡ ᠮᠥᠩᠭᠦ ᠭᠤᠶᠣᠴᠢᠯᠠᠬᠤ ᠶᠢ ᠳᠡᠮᠵᠢᠵᠦ ᠪᠤᠯᠤᠨ᠎ᠠ ︔ ᠲᠦᠷᠭᠡᠨ | ᠬᠦᠷᠭᠡᠬᠦ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠦᠷᠭᠡᠨ | ᠬᠦᠷᠭᠡᠬᠦ ᠶᠢᠨ ᠠᠮᠣᠷ ᠲᠦᠪᠰᠢᠨ ᠤ ᠬᠢᠨᠠᠨ ᠡᠵᠡᠮᠳᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠦᠷᠭᠡᠨ | ᠬᠦᠷᠭᠡᠬᠦ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠡᠮᠵᠢᠵᠣ᠂ ᠲᠦᠷᠭᠡᠨ ᠬᠦᠷᠭᠡᠬᠦ ᠶᠢᠨ | ᠠᠷᠠᠳ ᠲᠤ ᠳᠥᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠶᠤᠨᠲᠤ ᠲᠦᠷᠭᠡᠨ ᠬᠦᠷᠭᠡᠬᠦ | ᠵᠦᠢᠯ ᠤᠨ ᠬᠠᠶᠢᠷᠴᠠᠭ ᠢ ᠪᠠᠶᠢᠭᠤᠯᠣᠨ ᠳᠡᠯᠭᠡᠷᠡᠭᠦᠯᠵᠦ᠂ ᠲᠦᠷᠭᠡᠨ ᠬᠦᠷᠭᠡᠬᠦ ᠡᠯᠧᠺᠳ᠋ᠷᠤᠨ ᠬᠤᠳᠠᠯᠳᠣᠭᠠᠨ ᠤ | ᠬᠠᠮᠲᠤᠷᠠᠨ ᠠᠵᠢᠯᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠶᠢ ᠪᠣᠢ ᠪᠣᠯᠭᠠᠨ᠎ᠠ ︔ ᠲᠦᠷᠭᠡᠨ ᠬᠦᠷᠭᠡᠬᠦ | ᠠᠵᠤ ᠠᠬᠤᠶᠢᠯᠠᠯ ᠤᠨ ᠲᠦᠷᠭᠡᠨ ᠬᠦᠷᠭᠡᠬᠦ ᠵᠦᠢᠯ ᠢ ᠠᠦ᠋ᠲ᠋ᠣᠴᠢᠯᠠᠨ ᠢᠯᠭᠠᠨ ᠬᠤᠪᠢᠶᠠᠬᠤ ᠪᠠ ᠰᠢᠨ᠎ᠡ ᠡᠨᠧᠷᠭᠢ ᠶᠢᠨ | ᠣᠷᠴᠢᠨ ᠲᠣᠭᠤᠷᠢᠨ ᠢ ᠬᠠᠮᠠᠭᠠᠯᠠᠬᠤ ᠲᠡᠷᠭᠡ ᠬᠥᠰᠬᠡ᠂ X ᠰᠠᠴᠤᠷᠠᠭ ᠤᠨ ᠠᠮᠣᠷ ᠲᠦᠪᠰᠢᠨ ᠤ ᠪᠠᠶᠢᠴᠠᠭᠠᠯᠲᠠ ᠬᠢᠬᠦ | ᠮᠠᠰᠢᠨ ᠵᠡᠷᠭᠡ ᠰᠢᠨ᠎ᠡ ᠪᠡᠯᠡᠣᠡᠭᠡᠮᠵᠢ᠂ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠠ᠃ | ︵ᠭᠤᠷᠪᠠ︶ ᠭᠠᠶᠢᠯᠢ ᠲᠠᠲᠠᠪᠤᠷᠢ ᠶᠢᠨ ᠬᠠᠷᠠᠭᠠᠯᠵᠠᠬᠤ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ | ᠠᠵᠤ ᠠᠬᠤᠶᠢᠯᠠᠯ ᠠᠴᠠ ᠬᠠᠤᠯᠢ ᠶᠣᠰᠣᠭᠠᠷ ᠭᠠᠶᠢᠯᠢ ᠰᠦᠢᠳᠬᠡᠯ ᠬᠤᠷᠢᠶᠠᠨ ᠬᠠᠮᠢᠶᠠᠷᠴᠣ᠂ ᠲᠣᠭᠲᠠᠭᠠᠯ ᠠᠴᠠ | ᠵᠥᠷᠢᠴᠡᠨ ᠭᠠᠶᠢᠯᠢ ᠰᠦᠢᠳᠬᠡᠯ ᠤᠨ ᠳᠠᠷᠤᠭᠠᠰᠤ ᠶᠢ ᠭᠦᠨᠳᠣᠷᠡᠭᠦᠯᠭᠦ ᠶᠢ ᠴᠢᠩᠭ᠎ᠠ ᠴᠠᠭᠠᠵᠠᠯᠠᠨ᠎ᠠ᠃ ︽ᠲᠦᠷᠭᠡᠨ | ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠳᠠ ᠶᠢᠨ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠠᠵᠤ | ᠠᠬᠤᠶᠢᠯᠠᠯ ᠤᠳ ᠡᠵᠡᠩᠨᠡᠯᠲᠡ ᠶᠢᠨ ᠭᠠᠶᠢᠯᠢ ᠶᠢ ᠦᠷᠳᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠭᠦ ᠬᠦᠷᠢᠶ᠎ᠡ | ᠬᠡᠪᠴᠢᠶᠡᠨ ᠳᠤ ᠬᠠᠷᠢᠶᠠᠯᠠᠭᠳᠠᠬᠤ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠡᠷᠬᠢᠯᠡᠪᠡᠯ᠂ ᠬᠡᠷᠩᠯᠡᠭᠡᠨ ᠤ | ᠭᠠᠶᠢᠯᠢ ᠶᠢᠨ ᠨᠤᠷᠮ᠎ᠠ ᠶᠣᠰᠣᠭᠠᠷ ᠥᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠨ᠎ᠠ᠃ ᠲᠦᠷᠭᠡᠨ ᠬᠦᠷᠭᠡᠬᠦ ᠠᠵᠤ | ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠭᠠᠵᠠᠷ ᠣᠷᠣᠨ ᠠᠯᠤᠰᠯᠠᠭᠰᠠᠨ ᠡᠵᠡᠩᠨᠡᠯᠲᠡ ᠶᠢᠨ | ᠶᠡᠷᠦᠩᠬᠡᠶ ᠰᠠᠯᠪᠤᠷᠢ ᠪᠠᠶᠢᠭᠤᠯᠤᠮᠵᠢ ᠶᠢᠨ ᠦᠷᠳᠡᠭ ᠨᠡᠮᠡᠭᠳᠡᠯ ᠤᠨ ᠭᠠᠶᠢᠯᠢ ᠶᠢᠨ ᠬᠤᠷᠢᠶᠠᠩᠭᠤᠶᠢᠯᠠᠨ ᠲᠤᠰᠢᠶᠠᠬᠤ | ᠲᠦᠷᠦ ᠶᠢᠨ ᠪᠤᠳᠤᠯᠭ᠎ᠠ ᠶᠢ ᠣᠳᠣ ᠶᠢᠨ ᠶᠠᠪᠣᠭᠳᠠᠭᠤᠯᠵᠣ ᠪᠠᠶᠢᠭ᠎ᠠ ᠲᠣᠭᠲᠠᠭᠠᠯ ᠶᠣᠰᠣᠭᠠᠷ ᠬᠡᠷᠩᠵᠢᠭᠦᠯᠭᠦ ᠪᠠᠷ | ᠭᠤᠶᠤᠴᠢᠯᠠᠵᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠬᠤ ᠲᠦᠷᠦ ᠶᠢᠨ | ᠪᠤᠳᠤᠯᠭ᠎ᠠ ᠶᠢ ᠬᠠᠤᠯᠢ ᠶᠣᠰᠣᠭᠠᠷ ᠬᠦᠷᠳᠡᠵᠦ ᠪᠤᠯᠤᠨ᠎ᠠ᠃ | ︵ᠲᠦᠷᠪᠡ︶ ᠭᠠᠵᠠᠷ ᠰᠢᠷᠣᠢ ᠬᠡᠷᠡᠭᠯᠡᠬᠦᠯᠬᠦ ᠪᠠᠷ ᠳᠡᠮᠵᠢᠬᠦ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ | ᠦᠢᠯᠡᠰ ᠤᠨ ᠬᠥᠭᠵᠢᠯᠲᠡ ᠳᠤ ᠬᠡᠷᠡᠭᠯᠡᠬᠦ ᠭᠠᠵᠠᠷ ᠰᠢᠷᠣᠢ ᠶᠢ ᠭᠠᠵᠡᠷ ᠰᠢᠷᠣᠢ ᠠᠰᠢᠭᠯᠠᠬᠤ ᠶᠡᠷᠦᠩᠬᠡᠶ | ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠠᠵᠤ ᠦᠢᠯᠡᠰ ᠤᠨ ᠬᠦᠷᠢᠶᠡᠯᠡᠩ᠂ ᠲᠦᠷᠭᠡᠨ ᠬᠦᠷᠭᠡᠬᠦ | ᠲᠣᠣᠷ ᠰᠦᠯᠵᠢᠶ᠎ᠡ ᠶᠢᠨ ᠴᠢᠬᠤᠯᠠ ᠵᠠᠩᠭᠢᠯᠠᠭ᠎ᠠ ᠵᠢᠴᠢ ᠬᠤᠷᠢᠶᠠᠨ ᠣᠷᠣᠭᠤᠯᠬᠤ ᠴᠢᠬ᠂ ᠲᠦᠷᠭᠡᠨ ᠬᠦᠷᠭᠡᠬᠦ ᠶᠢᠨ | ᠠᠷᠠᠳ ᠲᠤ ᠲᠦᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠰᠠᠭᠤᠷᠢ ᠪᠡᠯᠡᠣᠭᠡᠮᠵᠢ ᠳᠤ | ᠬᠡᠷᠡᠭᠯᠡᠬᠦ ᠭᠠᠵᠠᠷ ᠰᠢᠷᠣᠢ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠭᠠᠵᠠᠷ ᠰᠢᠷᠣᠶ ᠶᠢᠨ ᠬᠠᠩᠭᠠᠯᠭ᠎ᠠ ᠶᠢ | ᠦᠨᠡᠡᠭᠦ ᠪᠠᠲᠤᠯᠠᠨ᠎ᠠ᠃ ᠲᠦᠷᠭᠡᠨ ᠬᠦᠷᠭᠡᠬᠦ ᠦᠢᠯᠡᠰ ᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠬᠠᠤᠯᠢ ᠪᠠᠷ ᠲᠣᠭᠲᠠᠭᠠᠭᠰᠠᠨ ᠰᠢᠯᠵᠢᠭᠦᠯᠦᠨ ᠥᠭᠬᠦ ᠬᠡᠪᠴᠢᠶᠡᠨ ᠳᠤ ᠨᠡᠶᠢᠴᠡᠪᠡᠯ᠂ ᠰᠢᠯᠵᠢᠭᠦᠯᠦᠨ ᠥᠭᠬᠦ ᠠᠷᠭ᠎ᠠ | ᠪᠠᠷᠢᠯ ᠢᠶᠠᠷ ᠭᠠᠵᠠᠷ ᠰᠢᠷᠣᠢ ᠬᠠᠩᠭᠠᠵᠤ ᠪᠣᠯᠣᠨ᠎ᠠ᠃ | ︵ᠲᠠᠪᠤ︶ ᠮᠥᠩᠭᠦᠨ ᠭᠦᠢᠯᠭᠡᠭᠡᠨ ᠢᠶᠠᠷ ᠳᠡᠮᠵᠢᠬᠦ ᠲᠦᠷᠦ ᠶᠢᠨ ᠪᠤᠳᠤᠯᠭ᠎ᠠ᠃ ᠢᠳᠡᠪᠬᠢᠲᠡᠶ ᠪᠠᠷ ᠨᠥᠬᠦᠴᠡᠯ | ᠪᠦᠷᠢᠯᠳᠦᠭᠦᠯᠵᠦ ᠪᠠᠶᠢᠭᠠᠳ ᠳᠤᠮᠳᠠ ᠵᠢᠵᠢᠭ ᠬᠡᠯᠪᠡᠷᠢ ᠶᠢᠨ ᠲᠦᠷᠭᠡᠨ ᠬᠦᠷᠭᠡᠬᠦ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠣᠨ ᠰᠲ᠋ᠣᠺ ᠤᠨ ᠡᠷᠬᠡ ᠪᠠᠷ ᠪᠡᠯᠡ | ᠲᠣᠬᠢᠷᠠᠭᠤᠯᠭ᠎ᠠ ᠬᠢᠭᠦ᠂ ᠲᠥᠷᠥᠯ ᠵᠦᠢᠯ ᠢᠶᠠᠷ ᠪᠡᠯᠡ ᠲᠣᠬᠢᠷᠠᠭᠤᠯᠭ᠎ᠠ ᠬᠢᠭᠦ᠂ ᠪᠡᠯᠡ ᠨᠡᠶᠢᠯᠡᠭᠦᠯᠣᠨ ᠬᠤᠷᠰᠢᠬᠤ ᠵᠡᠷᠭᠡ | ᠠᠷᠭ᠎ᠠ ᠪᠠᠷᠢᠯ ᠢᠶᠠᠷ ᠪᠡᠯᠡ ᠮᠥᠩᠭᠦ ᠴᠤᠭᠯᠠᠭᠤᠯᠣᠨᠠ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠢᠳᠡᠪᠬᠢᠲᠡᠶ ᠬᠥᠲᠥᠯᠥᠨ ᠵᠢᠯᠣᠭᠤᠳᠴᠤ ᠲᠦᠷᠭᠡᠨ ᠬᠦᠷᠭᠡᠬᠦ ᠠᠵᠤ ᠠᠬᠤᠶᠢᠯᠠᠯ ᠢ ᠢᠲᠡᠭᠡᠮᠵᠢᠲᠦ | ᠵᠢᠭᠡᠯᠡᠯᠭᠡ ᠪᠠᠷ ᠳᠡᠮᠵᠢᠭᠦ ᠡᠷᠴᠢᠮ ᠢᠶᠠᠨ ᠴᠢᠩᠭᠠᠷᠠᠭᠤᠯᠤᠨ᠂ ᠲᠣᠭᠲᠠᠮᠠᠯ ᠭᠦᠷᠣᠩᠭᠡ ᠶᠢ ᠳᠠᠨᠵᠢᠯᠠᠬᠤ ᠪᠤᠶᠤ | ᠬᠤᠷᠢᠶᠠᠪᠠᠰᠤ ᠵᠣᠬᠢᠬᠤ ᠲᠠᠩᠰᠠᠨ ᠵᠣᠭᠤᠰ ᠢ ᠳᠠᠨᠵᠢᠯᠠᠬᠤ ᠵᠡᠷᠭᠡ ᠤᠯᠠᠨ ᠵᠦᠢᠯ ᠤᠨ ᠵᠢᠭᠡᠯᠡᠯᠭᠡ ᠶᠢᠨ ᠳᠠᠭᠠᠭᠠᠯᠲᠠ ᠶᠢᠨ | ᠠᠷᠭ᠎ᠠ ᠪᠠᠷᠢᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢᠨ ᠲᠤᠭ᠎ᠠ | ᠭᠡᠮᠵᠢᠶ᠎ᠠ ᠶᠢ ᠨᠡᠮᠡᠭᠳᠡᠭᠦᠯᠦᠨ᠂ ᠲᠦᠷᠭᠡᠨ ᠬᠦᠷᠭᠡᠬᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠳᠡᠮᠵᠢᠨ᠎ᠠ᠃ ᠢᠲᠡᠭᠡᠮᠵᠢ ᠰᠠᠶᠢᠲᠠᠶ᠂ ᠡᠵᠡᠩᠨᠡᠯᠲᠡ ᠵᠢᠷᠤᠮᠵᠢᠭᠤᠨ᠂ ᠦᠷ᠎ᠡ ᠠᠰᠢᠭ ᠲᠤᠪᠤᠶᠢᠮ᠎ᠠ ᠲᠦᠷᠭᠡᠨ ᠬᠦᠷᠭᠡᠬᠦ | ᠠᠵᠤ ᠠᠬᠤᠶᠢᠯᠠᠯ ᠳᠤ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠦᠷᠭᠡᠨ ᠬᠦᠷᠭᠡᠬᠦ ᠠᠵᠤ | ᠠᠬᠤᠶᠢᠯᠠᠯ ᠤᠨ ᠣᠨᠴᠠᠯᠢᠭ ᠲᠤ ᠨᠡᠶᠢᠴᠡᠭᠰᠡᠨ ᠢᠲᠡᠭᠡᠮᠵᠢ ᠶᠢᠨ ᠦᠨᠡᠯᠡᠨ ᠵᠢᠱᠢᠭᠦ ᠪᠠ ᠢᠲᠡᠭᠡᠮᠵᠢ ᠣᠯᠭᠤᠬᠤ | ᠳᠦᠷᠢᠮ ᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠲᠦᠷᠭᠡᠨ ᠬᠦᠷᠭᠡᠬᠦ ᠠᠵᠤ ᠠᠬᠤᠶᠢᠯᠠᠯ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠵᠢᠭᠡᠯᠡᠯᠭᠡ ᠶᠢᠨ ᠨᠡᠷᠡᠳᠭᠦᠨ ᠪᠠ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ ᠬᠡᠷᠩᠳᠠᠢ᠃ ᠳᠠᠭᠠᠳᠬᠠᠯ ᠤᠨ ᠠᠵᠤ ᠠᠬᠤᠶᠢᠯᠠᠯ ᠨᠢ | ᠳᠠᠭᠠᠳᠬᠠᠯ ᠤᠨ ᠨᠡᠷᠡᠳᠭᠦᠨ ᠪᠠ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠴᠦ᠂ ᠲᠦᠷᠭᠡᠨ ᠬᠦᠷᠭᠡᠬᠦ | ᠦᠢᠯᠡᠴᠢᠯᠡᠭᠡᠨ ᠤ ᠦᠢᠯᠡᠰ ᠤᠨ ᠣᠨᠴᠠᠯᠢᠭ ᠲᠤ ᠳᠣᠭᠢᠷᠬᠠᠰᠠᠨ ᠰᠢᠨ᠎ᠡ ᠳᠠᠭᠠᠳᠬᠠᠯ ᠤᠨ ᠵᠦᠢᠯ ᠢ ᠰᠤᠳᠤᠯᠵᠤ᠂ | ᠢᠯᠡᠭᠡᠨ ᠬᠦᠷᠭᠡᠬᠦ ᠳᠠᠭᠠᠳᠬᠠᠯ ᠤᠨ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠭᠦ ᠬᠡᠷᠩᠳᠠᠢ᠃ ᠲᠦᠷᠭᠡᠨ ᠬᠦᠷᠭᠡᠬᠦ | ᠠᠵᠤ ᠠᠬᠤᠶᠢᠯᠠᠯ ᠨᠢ ᠳᠠᠭᠠᠳᠬᠠᠯ ᠤᠨ ᠦᠵᠡᠯ ᠤᠬᠠᠮᠰᠠᠷ ᠢᠶᠠᠨ ᠴᠢᠩᠭᠠᠳᠬᠠᠵᠤ᠂ ᠳᠠᠭᠠᠳᠬᠠᠯ ᠤᠨ ᠲᠣᠭᠲᠠᠴᠠ ᠶᠢ | ᠬᠡᠷᠩᠯᠡᠨ ᠡᠵᠡᠩᠨᠡᠯᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠣᠡᠪᠣᠷᠢᠯᠡᠭᠦ ᠬᠡᠷᠡᠭᠲᠡᠶ᠃ | ︵ᠵᠢᠷᠭᠤᠭ᠎ᠠ︶ ᠴᠢᠳᠠᠪᠤᠷᠢᠲᠠᠨ ᠢᠶᠠᠷ ᠳᠡᠮᠵᠢᠬᠦ ᠲᠦᠷᠦ ᠶᠢᠨ ᠪᠤᠳᠤᠯᠭ᠎ᠠ᠃ ᠲᠦᠷᠭᠡᠨ ᠬᠦᠷᠭᠡᠬᠦ ᠠᠵᠤ | ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠪᠠ ᠮᠡᠷᠭᠡᠵᠢᠯ ᠤᠨ ᠴᠢᠳᠠᠪᠤᠷᠢᠲᠠᠨ ᠣᠷᠣᠭᠤᠯᠬᠤ ᠶᠢ | ᠳᠡᠮᠵᠢᠵᠣ᠂ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠤ ᠪᠠᠴᠢᠮ ᠬᠡᠷᠡᠭᠴᠡᠭᠡ ᠲᠠᠢ ᠤᠷ᠎ᠠ ᠮᠡᠷᠭᠡᠵᠢᠯ ᠤᠨ | ᠬᠡᠯᠪᠡᠷᠢ ᠪᠦᠬᠦᠢ ᠴᠢᠳᠠᠪᠤᠷᠢᠲᠠᠨ ᠢ ᠠᠵᠢᠯ ᠣᠯᠭᠤᠬᠤ ᠪᠣᠯᠪᠠᠰᠤᠷᠠᠭᠤᠯᠣᠯ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠢ ᠰᠢᠯᠵᠢᠭᠦᠯᠬᠦ ᠪᠣᠯᠪᠠᠰᠤᠷᠠᠭᠤᠯᠣᠯ ᠤᠨ ᠬᠦᠷᠢᠶ᠎ᠡ ᠬᠡᠪᠴᠢᠶᠠᠨ ᠳᠤ ᠣᠷᠣᠭᠤᠯᠵᠣ ᠪᠣᠯᠣᠨ᠎ᠠ᠃ | ᠥᠪᠥᠷ ᠮᠣᠩᠭᠤᠯ ᠤᠨ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠨᠥᠬᠦᠴᠡᠯ ᠲᠠᠢ ᠳᠡᠭᠡᠳᠦ | ᠰᠤᠷᠭᠠᠭᠤᠯᠢ ᠯᠤᠭ᠎ᠠ ᠲᠦᠷᠭᠡᠨ ᠬᠦᠷᠭᠡᠬᠦ ᠦᠢᠯᠡᠰ ᠤᠨ ᠠᠵᠢᠯ ᠡᠷᠬᠢᠯᠡᠭᠰᠡᠤᠨ ᠤᠨ ᠠᠵᠢᠯ ᠮᠡᠷᠭᠡᠵᠢᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠣᠯ ᠤᠨ ᠰᠠᠭᠤᠷᠢᠨ ᠭᠠᠵᠠᠷ ᠢ ᠬᠠᠮᠲᠤᠷᠠᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠪᠣᠳᠠᠳᠠᠢ ᠳᠤ ᠰᠠᠭᠤᠷᠢᠯᠠᠨ᠂ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠳᠠᠬᠢ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠦᠷᠭᠡᠨ ᠬᠦᠷᠭᠡᠬᠦ ᠦᠢᠯᠡᠰ ᠤᠨ ᠠᠵᠢᠯ ᠤᠨ ᠪᠠᠶᠢᠷᠢ ᠶᠢᠨ | ᠪᠣᠯᠪᠠᠰᠤᠷᠠᠭᠤᠯᠣᠯ᠂ ᠨᠡᠶᠢᠭᠡᠮ ᠤᠨ ᠳᠠᠬᠢᠨ ᠠᠵᠢᠯ ᠣᠯᠭᠤᠬᠤ ᠪᠣᠯᠪᠠᠰᠤᠷᠠᠭᠤᠯᠣᠯ ᠪᠠ ᠵᠠᠬᠢᠶᠠᠯᠠᠭ᠎ᠠ ᠶᠢᠨ ᠮᠠᠶ᠋ᠢᠭ ᠤᠨ | ᠰᠤᠷᠤᠭᠴᠢ ᠡᠯᠰᠡᠬᠦ ᠶᠢ ᠭᠦᠨᠵᠡᠭᠡᠶ ᠥᠷᠨᠢᠭᠦᠯᠵᠦ᠂ ︽ᠠᠯᠲᠠᠨ ᠬᠦᠬᠡ ᠵᠠᠭᠠᠮᠠᠳᠠᠨ︾ ᠤ ᠪᠣᠯᠪᠠᠰᠤᠷᠠᠭᠤᠯᠤᠯ ᠤᠨ | ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠲᠦᠷᠭᠡᠨ ᠬᠦᠷᠭᠡᠬᠦ ᠲᠤᠰᠬᠠᠶ ᠮᠡᠷᠭᠡᠵᠢᠯ ᠤᠨ ᠪᠣᠯᠪᠠᠰᠤᠷᠠᠭᠤᠯᠣᠯ ᠤᠨ | ᠠᠩᠬᠢ ᠡᠷᠬᠢᠯᠡᠵᠣ᠂ ᠲᠦᠷᠦ ᠶᠢᠨ ᠪᠤᠳᠤᠯᠭ᠎ᠠ ᠶᠢᠨ ᠲᠣᠭᠲᠠᠭᠠᠯ ᠶᠣᠰᠣᠭᠠᠷ ᠲᠠᠬᠢᠨ ᠠᠵᠢᠯ ᠣᠯᠭᠤᠬᠤ | ᠪᠣᠯᠪᠠᠰᠤᠷᠠᠭᠤᠯᠤᠯ ᠤᠨ ᠨᠥᠬᠦᠪᠥᠷᠢ ᠭᠦᠷᠳᠡᠭᠡᠵᠣ᠂ ᠲᠦᠷᠭᠡᠨ ᠬᠦᠷᠭᠡᠬᠦ ᠦᠢᠯᠡᠰ ᠤᠨ ᠠᠵᠢᠯ ᠡᠷᠬᠢᠯᠡᠭᠰᠡᠣᠨ ᠤᠨ ᠬᠡᠪ | ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠣᠨ᠂ ᠲᠦᠷᠭᠡᠨ ᠬᠦᠷᠭᠡᠬᠦ ᠦᠢᠯᠡᠰ ᠤᠨ ᠠᠯᠤᠰ ᠬᠡᠳᠦ ᠶᠢᠨ | ᠬᠥᠭᠵᠢᠯᠲᠡ ᠳᠤ ᠪᠠᠲᠤ ᠪᠠᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠲᠤᠯᠭᠠᠭᠤᠷᠢᠯᠠᠬᠤ ᠶᠢᠨ ᠪᠠᠳᠣᠯᠠᠭ᠎ᠠ | ᠬᠠᠩᠭᠠᠬᠤ ᠬᠡᠷᠩᠳᠠᠢ᠃ | ︵ᠲᠤᠯᠤᠭ᠎ᠠ︶ ᠵᠠᠮ ᠨᠡᠪᠲᠡᠷᠡᠯᠭᠡ ᠪᠠᠷ ᠪᠠᠳᠣᠯᠠᠬᠤ ᠲᠥᠷᠥ ᠶᠢᠨ ᠪᠣᠳᠣᠯᠭ᠎ᠠ᠃ ᠬᠤᠳᠠ ᠶᠢᠨ | ᠲᠣᠬᠢᠷᠠᠭᠤᠯᠤᠨ ᠬᠦᠷᠭᠡᠬᠦ ᠬᠡᠷᠡᠭᠴᠡᠭᠡ ᠶᠢ ᠨᠢᠭᠡᠳᠦᠯᠲᠡᠶ ᠲᠥᠯᠥᠪᠯᠡᠨ ᠬᠠᠪᠰᠣᠷᠭᠠᠵᠣ᠂ ᠲᠦᠷᠭᠡᠨ ᠬᠦᠷᠭᠡᠬᠦ ᠦᠢᠯᠡᠰ | ᠬᠠᠷᠢᠴᠠᠩᠭᠤᠶ ᠲᠥᠪᠯᠡᠷᠡᠭᠰᠡᠨ᠂ ᠲᠤᠮᠤ ᠬᠡᠯᠪᠡᠷᠢ ᠶᠢᠨ ᠲᠡᠷᠭᠡ ᠬᠥᠰᠬᠡ ᠴᠢᠬᠤᠯᠨ ᠵᠠᠮ ᠬᠠᠷᠢᠯᠴᠠᠭᠠᠨ ᠤ ᠭᠤᠣᠯ | ᠱᠤᠭᠤᠮ ᠤᠨ ᠦᠢᠷ᠎ᠡ ᠬᠠᠪᠢ ᠪᠠᠷ ᠭᠦᠷᠢᠶᠡᠯᠡᠩ ᠳᠤ ᠣᠷᠣᠬᠤ ᠬᠠᠷᠠᠯᠲᠠ ᠶᠢ ᠪᠡᠶᠡᠯᠡᠭᠦᠯᠵᠣ᠂ ︽ᠬᠥᠮᠦᠨ ᠶᠠᠪᠣᠬᠤ ᠳᠤ | ᠲᠦᠭᠦᠮ᠂ ᠪᠠᠷᠠᠭ᠎ᠠ ᠭᠦᠢᠯᠭᠡᠭᠡᠭᠦ ᠳᠤ ᠰᠠᠭᠠᠣᠨ ᠦᠭᠡᠢ︾ ᠪᠠᠶᠢᠯᠭᠠᠬᠤ ᠪᠠᠷ ᠴᠢᠷᠮᠠᠶᠢᠨ᠎ᠠ᠃ ᠬᠤᠯᠪᠣᠭᠳᠠᠯ ᠪᠦᠬᠦᠢ | ᠲᠣᠭᠲᠠᠭᠠᠯ ᠳᠤ ᠨᠠᠶᠢᠴᠡᠭᠦ ᠲᠦᠷᠭᠡᠨ ᠬᠦᠷᠭᠡᠬᠦ ᠶᠢᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠡᠷᠬᠢᠯᠡᠵᠣ ᠪᠠᠶᠢᠭ᠎ᠠ | ᠲᠡᠷᠭᠡ ᠬᠦᠰᠭᠡ ᠳᠤ ᠨᠢᠭᠡᠳᠦᠯᠲᠡᠶ ᠲᠤᠰᠬᠠᠶ ᠲᠡᠮᠳᠡᠭ ᠪᠠ ᠵᠠᠮ ᠦᠩᠭᠡᠷᠡᠭᠦ ᠦᠨᠡᠮᠯᠡᠯ ᠣᠯᠭᠤᠵᠣ᠂ ᠲᠦᠷᠭᠡᠨ ᠬᠦᠷᠭᠡᠬᠦ | ᠲᠡᠷᠭᠡ ᠬᠥᠰᠬᠡ ᠳᠤ ᠵᠠᠮ ᠨᠡᠪᠳᠡᠷᠡᠬᠦ ᠪᠠ ᠳᠦᠷ ᠴᠠᠭ ᠵᠣᠭᠰᠣᠬᠤ ᠲᠦᠷᠦ ᠶᠢᠨ ᠪᠤᠳᠤᠯᠭ᠎ᠠ ᠣᠯᠭᠤᠨ᠎ᠠ᠃ | ᠬᠤᠳᠠ ᠶᠢᠨ ᠰᠢᠣᠳᠠᠨ ᠤ ᠶᠠᠪᠣᠳᠠᠯ ᠤᠨ ᠲᠦᠷᠭᠡᠨ ᠭᠦᠷᠭᠡᠭᠦ ᠲᠡᠷᠭᠡ ᠬᠥᠰᠬᠡ ᠨᠢ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠵᠣ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠮᠠᠰᠢᠨ ᠲᠡᠷᠭᠡ ᠶᠢᠨ ᠠᠮᠤᠷ ᠲᠦᠪᠰᠢᠨ ᠤ | ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠵᠣ᠂ ᠬᠠᠤᠯᠢ ᠶᠣᠰᠣᠭᠠᠷ ᠬᠤᠳᠠ ᠶᠢᠨ ᠵᠠᠮ ᠬᠠᠷᠢᠯᠴᠠᠭᠠᠨ ᠳᠤ | ᠣᠷᠣᠯᠴᠠᠭᠤᠯᠤᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠱᠠᠭᠠᠷᠳᠠᠯᠭ᠎ᠠ ᠳᠤ ᠨᠡᠶᠢᠴᠡᠭᠰᠡᠨ ᠪᠢᠲᠡᠭᠦᠣ ᠬᠡᠯᠪᠡᠷᠢ ᠶᠢᠨ ᠬᠥᠩᠭᠡᠨ᠂ ᠪᠢᠴᠢᠯ | ᠵᠢᠵᠢᠭ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠣᠯᠤᠨ ᠰᠢᠨ᠎ᠡ ᠡᠨᠧᠷᠭᠢ ᠶᠢᠨ ᠳᠡᠷᠭᠡ ᠬᠦᠰᠭᠡ | ᠬᠡᠷᠩᠯᠡᠭᠦ ᠶᠢ ᠵᠣᠷᠢᠬᠵᠢᠭᠤᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠪᠣᠬᠢᠷᠲᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠪᠦᠭᠡᠳ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ | ᠬᠡᠷᠡᠭᠯᠡᠵᠣ ᠪᠠᠶᠢᠭᠠᠣᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠦᠷᠨᠢᠭᠦᠯᠪᠡᠯ᠂ ᠤᠯᠤᠰ᠂ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠡᠳ᠋ᠯᠡᠭᠦ ᠠᠴᠠ ᠭᠠᠳᠠᠨ᠎ᠠ᠂ ᠵᠠᠮ ᠨᠡᠪᠲᠡᠷᠡᠯᠭᠡ | ᠵᠡᠷᠭᠡ ᠲᠠᠯ᠎ᠠ ᠪᠠᠷ ᠣᠨᠴᠣᠭᠤᠶ ᠪᠠᠲᠤᠯᠠᠭ᠎ᠠ ᠣᠯᠭᠤᠨ᠎ᠠ᠃ ᠪᠠᠷᠢᠮᠵᠢᠶ᠎ᠠ ᠪᠠ ᠵᠢᠷᠤᠮᠵᠢᠯ ᠳᠤ ᠨᠡᠶᠢᠴᠡᠬᠦ ᠮᠠᠰᠢᠨᠲᠤ ᠪᠤᠰᠤ | ᠲᠡᠷᠭᠡ ᠪᠠᠷ ᠲᠦᠷᠭᠡᠨ ᠬᠦᠷᠭᠡᠬᠦ ᠦᠢᠯᠡᠰ ᠤᠨ ᠬᠤᠷᠢᠶᠠᠵᠣ ᠭᠦᠷᠭᠡᠭᠦ ᠲᠤᠬᠠᠶᠢᠯᠠᠭᠰᠠᠨ ᠠᠵᠢᠯ ᠡᠷᠬᠢᠯᠡᠭᠦ ᠶᠢ | ᠵᠥᠪᠰᠢᠶᠡᠷᠡᠵᠣ᠂ ︽ᠬᠠᠮᠤᠭ ᠡᠴᠦᠰ ᠤᠨ ᠨᠢᠭᠡ ᠺᠢᠯᠣᠮᠧᠳ᠋ᠷ︾ ᠤᠨ ᠵᠠᠮ ᠨᠡᠪᠲᠡᠷᠡᠯᠭᠡ ᠶᠢᠨ ᠪᠡᠷᠭᠡ ᠠᠰᠠᠭᠤᠳᠠᠯ ᠢ | ᠰᠢᠢᠣᠡᠪᠣᠷᠢᠯᠡᠨ᠎ᠠ᠃ | ︵ᠨᠠᠢᠮᠨ︶ ᠲᠡᠭᠦᠰᠭᠡᠯ ᠦᠵᠦᠭᠦᠷ ᠤᠨ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠃ | ᠲᠦᠷᠭᠡᠨ ᠬᠦᠷᠭᠡᠬᠦ ᠶᠢᠨ ᠲᠡᠬᠦᠰᠬᠡᠯ ᠦᠵᠦᠭᠦᠷ ᠤᠨ ᠦᠢᠯᠡᠴᠢᠯᠡᠭᠡᠨ ᠤ ᠰᠢᠰᠲ᠋ᠧᠮᠵᠢ ᠶᠢ ᠬᠤᠳᠠ ᠶᠢᠨ ᠲᠣᠬᠢᠷᠠᠭᠤᠯᠤᠨ | ᠬᠦᠷᠭᠡᠬᠦ ᠰᠢᠰᠲ᠋ᠧᠮᠵᠢ ᠳᠤ ᠣᠷᠣᠭᠤᠯᠵᠣ᠂ ᠨᠢᠭᠡᠳᠦᠯᠲᠡᠶ ᠲᠥᠯᠥᠪᠵᠢᠭᠦᠯᠣᠨ ᠪᠥᠳᠥᠭᠡᠨ ᠪᠠᠶᠢᠭᠤᠯᠣᠨ᠎ᠠ᠃ ᠲᠦᠷᠭᠡᠨ | ᠬᠦᠷᠭᠡᠬᠦ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠪᠠᠶᠢᠭᠤᠯᠬᠤ ᠂ ᠬᠠᠮᠲᠦᠷᠠᠯᠴᠠᠵᠦ ᠪᠠᠶᠢᠭᠤᠯᠬᠤ᠂ ᠭᠤᠷᠪᠠᠳᠠᠬᠢ | ᠡᠲᠡᠭᠡᠳ ᠲᠤ ᠨᠠᠶᠢᠳᠠᠵᠤ ᠪᠠᠶᠢᠭᠤᠯᠬᠤ ᠠᠷᠭ᠎ᠠ ᠮᠠᠶ᠋ᠢᠭ ᠢᠶᠠᠷ ᠳᠡᠮᠵᠢᠭᠤᠯᠵᠣ᠂ ᠲᠦᠷᠭᠡᠨ ᠬᠦᠷᠭᠡᠬᠦ ᠲᠡᠭᠦᠰᠭᠡᠯ | ᠦᠵᠦᠭᠦᠷ ᠤᠨ ᠦᠢᠯᠡᠴᠢᠯᠡᠭᠡᠨ ᠤ ᠲᠣᠣᠷ ᠴᠢᠬ ᠢ ᠨᠡᠮᠡᠭᠳᠡᠭᠦᠯᠭᠦ ᠶᠢ ᠵᠣᠷᠢᠬᠵᠢᠭᠤᠯᠣᠨ᠎ᠠ᠃ ᠲᠦᠷᠭᠡᠨ ᠬᠦᠷᠭᠡᠬᠦ ᠠᠵᠤ | ᠠᠬᠤᠶᠢᠯᠠᠯ ᠨᠢ ᠪᠠᠶᠢᠭᠤᠯᠭ᠎ᠠ᠂ ᠨᠡᠶᠢᠭᠡᠮ ᠲᠣᠭᠤᠷᠢᠭ᠂ ᠬᠡᠲᠤ ᠳᠡᠯᠭᠡᠭᠦᠷ᠂ ᠠᠯᠪᠠᠯᠠᠬᠤ ᠠᠰᠠᠷ᠂ ᠠᠵᠤ ᠠᠬᠤᠶᠢᠯᠠᠯ᠂ | ᠰᠤᠷᠭᠠᠭᠤᠯᠢ ᠵᠡᠷᠭᠡ ᠲᠠᠢ ᠬᠠᠮᠲᠦᠷᠠᠯᠴᠠᠵᠦ᠂ ᠲᠡᠭᠦᠰᠭᠡᠯ ᠦᠵᠦᠭᠦᠷ ᠤᠨ ᠲᠣᠬᠢᠷᠠᠭᠤᠯᠤᠨ ᠬᠦᠷᠭᠡᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠵᠣᠷᠢᠬᠵᠢᠭᠤᠯᠣᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢᠨ ᠠᠵᠣ | ᠠᠬᠤᠶᠢᠯᠠᠯ ᠵᠣᠬᠢᠬᠤ ᠪᠢᠲᠡᠭᠦᠮᠵᠢᠯᠡᠭᠰᠡᠨ ᠲᠠᠯᠠᠪᠤᠷ ᠬᠠᠩᠭᠠᠨ ᠠᠳᠠᠯ ᠠᠬᠤᠶ ᠶᠢᠨ ᠲᠦᠷᠭᠡᠨ ᠬᠦᠷᠭᠡᠬᠦ ᠦᠢᠯᠡᠴᠢᠯᠡᠭᠦ | ᠲᠥᠪ ᠪᠣᠯᠭᠠᠵᠣ᠂ ᠲᠦᠷᠭᠡᠨ ᠬᠦᠷᠭᠡᠬᠦ ᠠᠵᠤ ᠠᠬᠤᠶᠢᠯᠠᠯ ᠤᠨ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠵᠠᠷᠴᠢᠮ | ᠶᠣᠰᠣᠭᠠᠷ᠂ ᠥᠮᠴᠢᠲᠡᠨ ᠳᠤ ᠭᠦᠷᠭᠡᠭᠰᠡᠨ ᠵᠦᠢᠯ ᠢ ᠬᠤᠷᠢᠶᠠᠨ ᠠᠪᠬᠤ᠂ ᠭᠦᠷᠭᠡᠭᠦ ᠵᠦᠢᠯ ᠢ ᠶᠠᠪᠣᠭᠤᠯᠬᠤ᠂ ᠭᠦᠷᠭᠡᠭᠦ | ᠵᠦᠢᠯ ᠢ ᠥᠪᠡᠰᠣᠪᠡᠨ ᠣᠴᠢᠵᠣ ᠠᠪᠬᠤ ᠵᠡᠷᠭᠡ ᠲᠦᠷᠭᠡᠨ ᠬᠦᠷᠭᠡᠬᠦ ᠦᠢᠯᠡᠴᠢᠯᠡᠭᠡ ᠬᠠᠩᠭᠠᠨ᠎ᠠ᠃ ᠠᠳᠠᠯ ᠠᠬᠤᠶ ᠶᠢᠨ | ᠲᠦᠷᠭᠡᠨ ᠬᠦᠷᠭᠡᠬᠦ ᠦᠢᠯᠡᠴᠢᠯᠡᠭᠡᠨ ᠤ ᠲᠥᠪ ᠲᠤ ᠰᠢᠦᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ | ᠵᠥᠪᠰᠢᠶᠡᠷᠡᠬᠦ ᠭᠠᠷᠳᠠᠮ ᠢᠶᠠᠨ ᠳᠥᠭᠦᠮᠴᠢᠯᠡᠵᠦ᠂ ᠳᠠᠩᠰᠠᠯᠠᠭᠤᠯᠤᠭᠰᠠᠨ ᠭᠡᠷᠡᠴᠢ ᠶᠢ ᠬᠢᠨᠠᠨ ᠣᠯᠭᠤᠬᠤ ᠬᠡᠷᠩᠳᠠᠢ᠃ | ᠤᠶᠤᠨᠲᠤ ᠲᠦᠷᠭᠡᠨ ᠬᠦᠷᠭᠡᠬᠦ ᠵᠦᠢᠯ ᠤᠨ ᠴᠢᠩᠭᠡᠯᠢᠭ ᠤᠨ ᠪᠠᠶᠢᠭᠤᠯᠣᠯᠳᠠ ᠶᠢ ᠪᠥᠬᠦ ᠬᠦᠴᠦᠨ ᠢᠶᠠᠷ ᠠᠬᠢᠭᠤᠯᠵᠤ᠂ | ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ᠂ ᠠᠯᠪᠠᠯᠠᠬᠤ ᠠᠰᠠᠷ᠂ ᠨᠡᠶᠢᠭᠡᠮ ᠲᠣᠭᠤᠷᠢᠭ ᠵᠡᠷᠭᠡ | ᠨᠥᠬᠦᠴᠡᠯ ᠲᠠᠢ ᠭᠠᠵᠠᠷ ᠣᠷᠣᠨ ᠳᠤ ᠲᠦᠷᠭᠡᠨ ᠬᠦᠷᠭᠡᠬᠦ ᠠᠵᠤ ᠠᠬᠤᠶᠢᠯᠠᠯ ᠤᠨ ᠤᠶᠤᠨᠲᠤ ᠲᠦᠷᠭᠡᠨ ᠬᠦᠷᠭᠡᠬᠦ | ᠵᠦᠢᠯ ᠤᠨ ᠴᠢᠩᠭᠡᠯᠢᠭ ᠢ ᠳᠡᠯᠭᠡᠷᠡᠭᠦᠯᠦᠨ ᠲᠦᠭᠡᠮᠡᠯᠵᠢᠭᠦᠯᠭᠦ ᠶᠢ ᠳᠡᠮᠵᠢᠨ᠎ᠠ᠃ | ᠲᠦᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠣᠨ᠎ᠠ᠃ ᠥᠪᠡᠷᠲᠡᠭᠡᠨ | ᠵᠠᠰᠠᠬᠤ ᠣᠷᠣᠨ ᠠᠴᠠ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠵᠣᠬᠢᠴᠠᠭᠤᠯᠤᠨ | ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠠᠶᠢᠮᠠᠭ ᠬᠤᠳᠠ ᠨᠤᠭᠤᠳ ᠪᠡᠰᠨ ᠵᠣᠬᠢᠬᠤ ᠵᠣᠬᠢᠶᠠᠨ ᠪᠠᠶᠢᠭᠤᠯᠣᠨ | ᠤᠳᠤᠷᠢᠳᠬᠤ ᠪᠠᠶᠢᠭᠤᠯᠤᠮᠵᠢ ᠶᠢ ᠪᠠᠶᠢᠭᠤᠯᠵᠤ᠂ ᠵᠠᠰᠠᠭ ᠤᠨ ᠣᠷᠳᠣᠨ ᠠᠴᠠ ᠨᠢᠭᠡᠳᠦᠯᠲᠡᠶ ᠤᠳᠤᠷᠢᠳᠬᠤ᠂ ᠰᠠᠯᠠᠭ᠎ᠠ | ᠮᠥᠴᠢᠷ ᠤᠳ ᠵᠣᠬᠢᠴᠠᠭᠤᠯᠤᠨ ᠬᠠᠮᠵᠢᠯᠴᠠᠬᠤ᠂ ᠠᠵᠤ ᠠᠬᠤᠶᠢᠯᠠᠯ ᠤᠳ ᠥᠷᠭᠡᠨ ᠳᠡᠯᠭᠡᠷ ᠣᠷᠣᠯᠴᠠᠬᠤ᠂ ᠨᠡᠶᠢᠲᠡ | ᠣᠯᠠᠨ ᠢᠶᠠᠷ ᠢᠶᠠᠨ ᠳᠡᠮᠵᠢᠨ ᠵᠦᠪᠰᠢᠶᠡᠷᠡᠭᠰᠠᠨ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ ᠠᠬᠢᠭᠤᠯᠬᠤ | ᠠᠵᠢᠯ ᠤᠨ ᠪᠠᠶᠢᠷᠢᠰᠢᠯ ᠢ ᠠᠬᠢᠭᠤᠯᠤᠨ ᠪᠦᠷᠢᠯᠳᠦᠭᠦᠯᠦᠨ᠎ᠡ᠃ | ︵ᠬᠤᠶᠠᠷ︶ ᠬᠠᠤᠯᠢ ᠳᠦᠷᠢᠮ ᠲᠥᠯᠥᠪᠵᠢᠭᠦᠯᠭᠡ ᠶᠢᠨ ᠪᠠᠶᠢᠭᠤᠯᠣᠯᠳᠠ ᠶᠢ ᠴᠢᠩᠭᠠᠷᠠᠭᠤᠯᠣᠨ᠎ᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠲᠦᠷᠢᠮ︾ ᠳᠤ ᠵᠠᠰᠠᠪᠤᠷᠢ ᠣᠷᠣᠭᠤᠯᠬᠤ ᠶᠢ | ᠠᠬᠢᠭᠤᠯᠵᠤ᠂ ᠬᠠᠮᠢᠶ᠎ᠠ ᠪᠦᠬᠦᠢ ᠬᠠᠤᠯᠢ ᠲᠣᠭᠲᠠᠭᠠᠯ ︵ᠠᠵᠢᠯ ᠲᠥᠷᠥᠯ︶ ᠤᠨ ᠪᠠᠷᠢᠮᠵᠢᠶ᠎ᠠ ᠶᠢ ᠪᠠᠶᠢᠭᠤᠯᠤᠨ | ᠪᠦᠷᠢᠨᠰᠢᠭᠦᠯᠵᠣ᠂ ᠲᠦᠷᠭᠡᠨ ᠬᠦᠷᠭᠡᠬᠦ ᠦᠢᠯᠡᠰ ᠤᠨ ᠬᠠᠤᠯᠢ ᠳᠦᠷᠢᠮᠵᠢᠯᠳᠠ᠂ ᠪᠠᠷᠢᠮᠵᠢᠶᠠᠵᠢᠭᠤᠯᠣᠯᠳᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠣᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠦᠷᠭᠡᠨ ᠬᠦᠷᠭᠡᠬᠦ | ᠦᠢᠯᠡᠰ ᠤᠨ ᠬᠥᠭᠵᠢᠯᠲᠡ ᠶᠢ ᠲᠤᠬᠠᠶ ᠶᠢᠨ ᠭᠠᠵᠠᠷ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ ᠬᠦᠷᠭᠡᠬᠦ ᠬᠦᠷᠢᠶᠡᠯᠡᠩ ᠲᠣᠭᠤᠷᠢᠭ᠂ | ᠳᠡᠮᠵᠢᠭᠤᠯᠬᠤ ᠲᠥᠪ ᠪᠠ ᠦᠢᠯᠡᠴᠢᠯᠡᠭᠡᠨ ᠤ ᠲᠣᠣᠷ ᠴᠢᠬ ᠢ ᠬᠤᠳᠠ ᠶᠢᠨ ᠶᠡᠷᠦᠩᠬᠡᠶ ᠲᠥᠯᠥᠪᠵᠢᠭᠦᠯᠭᠡ ᠪᠠ | ᠬᠤᠳᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠣ᠂ ᠲᠦᠷᠭᠡᠨ | ᠬᠦᠷᠭᠡᠬᠦ ᠰᠠᠭᠤᠷᠢ ᠪᠡᠯᠡᠣᠡᠭᠡᠮᠵᠢ ᠶᠢᠨ ᠪᠦᠳᠦᠭᠡᠠ ᠪᠠᠶᠢᠭᠤᠯᠤᠯᠲᠠ ᠶᠢᠨ ᠪᠠᠶᠢᠷᠢᠰᠢᠭᠤᠯᠣᠯᠳᠠ ᠶᠢ ᠵᠦᠢ ᠵᠣᠬᠢᠰᠲᠠᠶ | ᠲᠣᠬᠢᠷᠠᠭᠤᠯᠣᠨ᠎ᠠ᠃ | ︵ᠭᠤᠷᠪᠠ︶ ᠠᠵᠢᠯ ᠲᠦᠷᠦᠯ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠎ᠠ᠃ ᠰᠢᠦᠳᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠬᠢᠨᠠᠯᠳᠠ ᠬᠠᠮᠢᠶᠠᠷᠣᠯᠳᠠ ᠶᠢᠨ ᠬᠦᠴᠦᠨ ᠢᠶᠠᠨ ᠲᠡᠭᠦᠯᠳᠡᠷᠵᠢᠭᠦᠯᠣᠨ᠂ ᠬᠢᠨᠠᠯᠳᠠ ᠬᠠᠮᠢᠶᠠᠷᠣᠯᠳᠠ ᠶᠢᠨ ᠠᠷᠭ᠎ᠠ ᠪᠠᠷᠢᠯ ᠳᠤ | ᠰᠢᠨ᠎ᠡ ᠶᠢ ᠡᠭᠦᠳᠴᠣ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠣᠨ᠎ᠠ᠃ ᠬᠡᠷᠡᠭᠯᠡᠭᠴᠢᠳ ᠭᠤᠮᠣᠳᠠᠯ ᠲᠣᠭᠠᠴᠢᠬᠤ ᠪᠠ ᠬᠠᠤᠯᠢ ᠬᠡᠷᠡᠭᠵᠢᠭᠦᠯᠣᠯᠳᠠ ᠶᠢᠨ ᠬᠤᠯᠪᠣᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠣᠡᠪᠣᠷᠢᠯᠡᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ | ᠲᠢᠭᠯᠢᠮ ᠢ ᠵᠢᠷᠤᠮᠵᠢᠭᠤᠯᠣᠨ᠎ᠠ᠃ ᠠᠵᠢᠯ ᠲᠥᠷᠦᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ | ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠢᠲᠡᠭᠡᠮᠵᠢᠳᠣ ᠥᠪᠥᠷ ᠮᠣᠩᠭᠤᠯ︾ ᠰᠦᠯᠵᠢᠶ᠎ᠡ᠂ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠨ ᠨᠠᠶᠢᠳᠡᠯᠡᠭᠦ ᠰᠢᠰᠲ᠋ᠧᠮ ᠪᠠ ᠠᠵᠢᠯ ᠲᠥᠷᠥᠯ ᠤᠨ ᠬᠢᠨᠠᠯᠳᠠ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠵᠣ᠂ ᠬᠠᠤᠯᠢ ᠠᠴᠠ ᠵᠥᠷᠢᠴᠡᠵᠦ ᠢᠲᠡᠭᠡᠯ | ᠠᠯᠳᠠᠭᠰᠠᠨ ᠭᠤᠣᠯ ᠴᠣᠭᠴᠠ ᠶᠢᠨ ︽ᠨᠡᠷ᠎ᠡ ᠶᠢᠨ ᠬᠠᠷ᠎ᠠ ᠲᠠᠩᠰᠠ︾ ᠵᠢᠴᠢ ᠬᠤᠯᠪᠣᠭᠠᠯᠠᠨ ᠵᠠᠯᠬᠠᠭᠠᠵᠦ ᠴᠡᠭᠡᠷᠯᠡᠭᠦᠯᠬᠦ | ᠲᠦᠷᠢᠮ ᠢ ᠪᠠᠶᠢᠭᠤᠯᠵᠣ᠂ ᠦᠨᠡᠨᠴᠢ ᠢᠲᠡᠭᠡᠮᠵᠢᠲᠡᠶ ᠪᠠᠶᠢᠬᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ | ᠪᠣᠯᠭᠠᠨ᠎ᠠ᠃ ᠪᠠᠴᠢᠮ ᠪᠠᠶᠢᠳᠠᠯ ᠢ ᠠᠷᠭᠠᠴᠠᠨ ᠬᠠᠮᠢᠶᠠᠷᠬᠤ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠣᠯᠣᠯᠴᠠᠬᠤ | ᠂ ᠵᠣᠬᠢᠴᠠᠭᠤᠯᠬᠤ ᠪᠠ ᠬᠠᠮᠲᠤᠷᠠᠯᠴᠠᠬᠤ ᠪᠠᠨ ᠴᠢᠩᠭᠠᠳᠬᠠᠵᠤ᠂ ᠠᠵᠢᠯ ᠲᠥᠷᠥᠯ ᠤᠨ ᠠᠮᠣᠷ ᠲᠦᠪᠰᠢᠨ ᠤ ᠬᠢᠨᠠᠯᠲᠠ | ᠬᠠᠮᠢᠶᠠᠷᠤᠯᠲᠠ ᠪᠠᠨ ᠴᠢᠩᠭᠠᠣᠠᠬᠠᠨ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠮᠣᠷ | ᠲᠦᠪᠰᠢᠨ ᠤ ᠡ᠊ᠨᠳᠡᠯ ᠢ ᠰᠡᠷᠭᠡᠶᠢᠯᠡᠬᠦ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠣᠡᠪᠣᠷᠢᠯᠡᠭᠦ | ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠣᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠤᠨ ᠢᠯᠡᠭᠡᠨ | ᠬᠦᠷᠭᠡᠬᠦ ᠦᠨᠡᠨ ᠨᠡᠷ᠎ᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠨᠡᠨ ᠨᠡᠷ᠎ᠡ ᠶᠢᠨ ᠮᠡᠳᠡᠭᠡ ᠵᠠᠩᠭᠢ ᠶᠢᠨ ᠰᠢᠰᠲ᠋ᠧᠮ | ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ | ᠵᠠᠩᠭᠢ ᠶᠢᠨ ᠲᠠᠪᠴᠠᠩ ᠯᠤᠭ᠎ᠠ ᠵᠣᠯᠭᠠᠭᠤᠯᠬᠤ ᠶᠢ ᠠᠬᠢᠭᠤᠯᠣᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠤᠯᠢ | ᠶᠣᠰᠣᠭᠠᠷ ᠬᠠᠮᠠᠭᠠᠯᠠᠵᠣ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠬᠤᠷᠢᠶᠠᠨ | ᠢᠯᠡᠭᠡᠭᠦ ᠶᠢᠨ ᠪᠠᠶᠢᠴᠠᠭᠠᠨ ᠦᠵᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠪᠤᠰᠤ ᠬᠥᠮᠦᠰ | ᠢᠯᠡᠭᠡᠨ ᠭᠦᠷᠭᠡᠭᠦ ᠵᠠᠮ ᠮᠦᠷ ᠢ ᠠᠰᠢᠭᠯᠠᠵᠣ ᠫᠤᠤ ᠵᠡᠪᠰᠡᠭ᠂ ᠬᠤᠣᠷᠠᠲᠤ ᠡᠳ᠋᠂ ᠭᠠᠵᠢᠭᠤ ᠨᠣᠮᠯᠠᠯ ᠤᠨ | ᠤᠬᠠᠭᠤᠯᠭ᠎ᠠ ᠶᠢᠨ ᠵᠦᠢᠯ ᠵᠡᠷᠭᠡ ᠴᠠᠭᠠᠵᠨ ᠲᠠᠢ ᠡᠳ᠋ ᠢ ᠮᠡᠨ ᠤ ᠣᠷᠣᠨ ᠳᠤ ᠣᠷᠣᠭᠤᠯᠵᠣ ᠢᠷᠡᠭᠦ ᠪᠣᠶᠣ ᠮᠠᠨ ᠤ | ᠣᠷᠣᠨ ᠠᠴᠠ ᠳᠠᠯᠳᠠᠭᠤᠷ ᠭᠠᠷᠭᠠᠬᠤ ᠶᠢ ᠰᠡᠷᠭᠡᠶᠢᠯᠡᠨ᠎ᠠ᠃ ᠢᠯᠡᠭᠡᠨ ᠬᠦᠷᠭᠡᠬᠦ ᠠᠵᠢᠯᠯᠠᠭ᠎ᠠ ᠶᠢᠨ ᠪᠦᠬᠦ ᠶᠠᠪᠤᠴᠠ ᠳᠤᠨᠢ | ᠮᠦᠷᠳᠠᠭᠦ ᠪᠠ ᠴᠠᠭ ᠲᠤᠬᠠᠶ ᠳᠤᠨᠢ ᠠᠰᠠᠭᠤᠨ ᠯᠠᠪᠯᠠᠬᠤ ᠶᠢ ᠪᠡᠶᠡᠯᠡᠭᠦᠯᠵᠣ᠂ ᠪᠠᠷᠠᠭᠠᠨ ᠤ ᠢᠷᠡᠯᠲᠡ ᠶᠢ ᠨᠡᠬᠡᠮᠵᠢᠯᠡᠵᠣ | ᠳᠡᠶᠢᠯᠭᠦ᠂ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠵᠤ ᠴᠢᠳᠠᠬᠤ᠂ ᠬᠠᠤᠯᠢ ᠠᠴᠠ ᠵᠥᠷᠢᠴᠡᠪᠡᠯ ᠬᠠᠷᠢᠭᠤᠴᠠᠯᠭ᠎ᠠ | ᠨᠡᠬᠡᠮᠵᠢᠯᠡᠵᠣ ᠳᠡᠶᠢᠯᠭᠦ ᠶᠢ ᠦᠨᠡᠡᠭᠦ ᠪᠠᠳᠣᠯᠠᠨ᠎ᠠ᠃ | ︵ᠲᠦᠷᠪᠡ︶ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠣᠯᠳᠠ ᠶᠢ ᠴᠢᠩᠭᠠᠷᠠᠭᠤᠯᠣᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ | ᠪᠣᠳᠠᠳᠠᠢ ᠲᠠᠢ ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠣ᠂ ᠴᠠᠭ ᠲᠤᠬᠠᠶ ᠳᠤᠨᠢ ᠰᠢᠨ᠎ᠡ | ᠪᠠᠶᠢᠳᠠᠯ ᠢ ᠰᠤᠳᠤᠯᠣᠨ᠂ ᠰᠢᠨ᠎ᠡ ᠠᠰᠠᠭᠤᠳᠠᠯ ᠢ ᠰᠢᠢᠣᠡᠪᠣᠷᠢᠯᠡᠵᠣ᠂ ᠲᠦᠷᠭᠡᠨ ᠬᠦᠷᠭᠡᠬᠦ ᠦᠢᠯᠡᠰ ᠤᠨ ᠲᠦᠷᠭᠡᠨ | ᠭᠦᠭᠵᠢᠭᠦ ᠳᠤ ᠰᠠᠶᠢᠨ ᠰᠠᠶᠢᠬᠠᠨ ᠳᠦᠷᠦ ᠶᠢᠨ ᠪᠤᠳᠤᠯᠭ᠎ᠠ ᠪᠠ ᠪᠠᠶᠢᠭᠤᠯᠤᠯ ᠤᠨ ᠣᠷᠴᠢᠨ ᠲᠣᠭᠤᠷᠢᠨ ᠢ | ᠪᠦᠷᠢᠯᠳᠦᠭᠦᠯᠵᠦ ᠦᠭᠭᠦᠨ᠎ᠠ᠃ ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠬᠦ ᠦᠢᠯᠡᠰ ᠤᠨ ᠬᠥᠭᠵᠢᠯᠲᠡ ᠶᠢ | ᠠᠬᠢᠭᠤᠯᠬᠤ ᠶᠢᠨ ᠵᠣᠬᠢᠴᠠᠭᠤᠯᠤᠨ ᠤᠳᠤᠷᠢᠳᠬᠤ ᠳᠤᠭᠤᠶᠢᠯᠠᠩ ᠨᠢ ᠵᠢᠯᠣᠭᠤᠳᠬᠤ ᠪᠠ ᠰᠢᠮᠳᠠᠭᠤᠯᠣᠨ | ᠪᠠᠶᠢᠴᠠᠭᠠᠬᠤ ᠪᠠᠨ ᠴᠢᠩᠭᠠᠳᠬᠠᠵᠤ᠂ ᠰᠢᠯᠭᠠᠨ ᠬᠢᠨᠠᠵᠣ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠦᠷᠢᠨᠰᠢᠭᠦᠯᠣᠨ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠲᠤᠤᠱᠯᠠᠭᠤᠯᠤᠨ ᠨᠠᠶᠢᠳᠠᠪᠤᠷᠢᠵᠢᠬᠳᠠᠬᠤ ᠶᠢ ᠦᠨᠡᠡᠭᠦ | ᠪᠠᠲᠤᠯᠠᠵᠤ᠂ ᠲᠦᠷᠭᠡᠨ ᠬᠦᠷᠭᠡᠬᠦ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠨ | ᠳᠡᠭᠦᠯᠳᠡᠷ ᠪᠠᠲᠤᠯᠠᠭ᠎ᠠ ᠬᠠᠩᠭᠠᠨ᠎ᠠ᠃ |