ᠢᠨᠲ᠋ᠧᠷ ᠰᠦᠯᠵᠢᠶ᠎ᠠ ᠶᠢᠨ ᠭᠦᠷᠢᠶ᠎ᠠ ᠴᠠᠷᠠᠭᠠᠨ ᠤ ᠡᠷᠭᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠦᠢᠯᠨ ᠠᠵᠢᠯᠯᠠᠭ᠎ᠠ ᠶᠢ ᠵᠠᠰᠠᠬᠤ ᠶᠢ ᠴᠢᠩᠭᠠᠣᠠᠬᠠᠬᠤ ᠲᠣᠬᠠᠢ ᠦᠪᠣᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠤ ᠠᠯᠪᠡᠨ ᠲᠢᠩᠬᠢᠮ ᠤᠨ ᠬᠡᠷᠩᠵᠢᠭᠦᠯᠭᠦ ᠰᠠᠨᠠᠯ
ᠨᠡᠶᠢᠲᠡᠯᠡᠭᠰᠡᠨ ᠴᠠᠭ᠄
2016-12-06
       ᠥᠪᠥᠷ ᠵᠠᠰᠠᠭ ᠠᠯᠪᠠᠨ ᠲᠠᠷᠬᠠᠭᠠᠭᠰᠠᠨ ﹇2016﹈ 20 ᠳ᠋ᠤᠭᠠᠷ ᠲᠤᠭᠠᠳᠤ                           2016 ᠣᠨ ᠤ 3 ᠳ᠋ᠣᠭᠠᠷ ᠰᠠᠷ᠎ᠠ ᠶᠢᠨ 9 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠠ ᠬᠤᠰᠢᠭᠤ ᠰᠢᠶᠠᠨ ᠤ ᠠᠷᠠᠣᠨ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠣ ᠠᠬᠤᠶᠢᠯᠡᠯ᠂ ᠠᠵᠢᠯ ᠦᠢᠯᠡᠰ ᠤᠨ ᠨᠢᠭᠡᠴᠨ ᠳᠤ᠄           ︽ᠢᠨᠲ᠋ᠧᠷ ᠰᠦᠯᠵᠢᠶ᠎ᠠ ᠶᠢᠨ ᠭᠦᠷᠢᠶ᠎ᠠ ᠴᠠᠷᠠᠭᠠᠨ ᠤ ᠡᠷᠭᠡ ᠳᠤ ᠬᠠᠯᠳᠠᠬᠤ ᠬᠤᠳᠠᠯ ᠬᠠᠭᠤᠷᠮᠠᠭ ᠦᠢᠯᠡᠣᠡᠭᠦ ᠦᠢᠯᠨ ᠠᠵᠢᠯᠯᠠᠭ᠎ᠠ ᠶᠢ ᠵᠠᠰᠠᠬᠤ ᠶᠢ ᠴᠢᠩᠭᠠᠣᠠᠬᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2015﹈ 77 ᠳ᠋ᠣᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠣ᠂ ᠮᠠᠨ ᠤ ᠣᠷᠣᠨ ᠤ ᠢᠨᠲ᠋ᠧᠷ ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠶᠢ ᠵᠠᠰᠠᠬᠤ ᠠᠵᠢᠯ ᠢ ᠴᠢᠩᠭᠠᠳᠬᠠᠵᠤ᠂ ᠴᠢᠯᠥᠭᠡᠲᠡᠶ᠂ ᠵᠢᠷᠤᠮᠵᠢᠭᠤᠨ᠂ ᠦᠨᠡᠨᠴᠢ ᠢᠲᠡᠭᠡᠮᠵᠢᠲᠡᠶ᠂ ᠠᠮᠤᠷ ᠲᠦᠪᠰᠢᠨ ᠰᠦᠯᠵᠢᠶᠡᠨ ᠳᠠᠬᠢ ᠠᠷᠠᠯᠵᠢᠶᠠᠨ ᠤ ᠣᠷᠴᠢᠨ ᠲᠣᠭᠤᠷᠢᠨ ᠢ ᠪᠣᠢ ᠪᠣᠯᠭᠠᠵᠣ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃         ᠨᠢᠭᠡ᠂ ᠶᠡᠷᠦᠩᠬᠡᠶ ᠬᠠᠷᠠᠯᠲᠠ          3 ᠵᠢᠯ ᠤᠨ ᠴᠠᠭ ᠢ ᠠᠰᠢᠭᠯᠠᠵᠣ᠂ ᠢᠨᠲ᠋ᠧᠷ ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠣᠯᠠᠰᠢᠷᠠᠬᠤ ᠪᠠᠶᠢᠳᠠᠯ ᠢ ᠪᠦᠳᠣᠮᠵᠢᠳᠠᠢ ᠬᠤᠷᠢᠭᠯᠠᠵᠣ ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ ᠠᠵᠢᠯ ᠲᠥᠷᠥᠯ ᠦᠪᠡᠷ ᠢ ᠪᠠᠨ ᠱᠠᠭᠠᠷᠳᠠᠬᠤ᠂ ᠨᠡᠶᠢᠭᠡᠮ ᠳᠠᠶᠠᠭᠠᠷ ᠣᠷᠣᠯᠴᠠᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠷᠢᠰᠢᠯ ᠢ ᠠᠩᠬ᠎ᠠ ᠠᠯᠬᠤᠮ ᠪᠣᠢ ᠪᠣᠯᠭᠠᠵᠣ᠂ ᠬᠠᠮᠢᠶ᠎ᠠ ᠪᠦᠬᠦᠢ ᠲᠦᠷᠢᠮ ᠲᠣᠭᠲᠠᠭᠠᠯ ᠢ ᠨᠡᠩ ᠪᠦᠷᠢᠨᠰᠢᠭᠦᠯᠣᠭ᠍ᠰᠡᠨ᠂ ᠬᠢᠨᠠᠯᠳᠠ ᠬᠠᠮᠢᠶᠠᠷᠣᠯᠳᠠ ᠶᠢᠨ ᠮᠡᠷᠭᠡᠵᠢᠯ ᠤᠨ ᠠᠷᠭ᠎ᠠ ᠪᠠᠷᠢᠯ ᠢ ᠨᠡᠩ ᠳᠡᠷᠢᠭᠦᠨ ᠤ ᠪᠣᠯᠭᠠᠭᠰᠠᠨ᠂ ᠠᠵᠢᠯ ᠲᠦᠷᠦᠯ ᠤᠨ ᠠᠵᠤ ᠠᠬᠤᠶᠢᠯᠠᠯ ᠦᠪᠡᠷ ᠢ ᠪᠠᠨ ᠨᠡᠩ ᠱᠠᠭᠠᠷᠳᠠᠭᠰᠠᠨ᠂ ᠰᠦᠯᠵᠢᠶ᠎ᠠ ᠶᠢᠨ ᠠᠷᠠᠯᠵᠢᠶᠠᠨ ᠤ ᠡᠮᠬᠢ ᠵᠢᠷᠤᠮ ᠢ ᠨᠡᠩ ᠵᠢᠷᠤᠮᠵᠢᠭᠤᠯᠣᠭᠰᠠᠨ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠭᠦᠯᠣᠨ᠎ᠠ         ᠬᠤᠶᠠᠷ᠂ ᠰᠦᠯᠵᠢᠶ᠎ᠠ ᠶᠢᠨ ᠡᠷᠬᠡ ᠳᠤ ᠬᠠᠯᠳᠠᠵᠦ ᠬᠤᠳᠠᠯ ᠬᠠᠭᠤᠷᠮᠠᠭ ᠦᠢᠯᠡᠳᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ        ︵ᠨᠢᠭᠡ︶ ᠰᠦᠯᠵᠢᠶᠡᠨ ᠳᠡᠭᠡᠷ᠎ᠡ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠦᠢᠯᠡ ᠠᠵᠢᠯᠯᠠ᠊‍ᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠲᠠᠷᠢᠶᠠᠯᠠᠩ ᠤᠨ ᠡᠳ᠋ ᠪᠠᠷᠠᠭ᠎ᠠ᠂ ᠢᠳᠡᠭᠡᠨ ᠪᠠ ᠡᠮ ᠤᠨ ᠵᠦᠢᠯ᠂ ᠵᠠᠰᠠᠯ ᠴᠢᠮᠡᠭᠯᠡᠯ ᠤᠨ ᠡᠳ᠋ ᠂ ᠡᠮ ᠡᠮᠨᠡᠯᠭᠡ ᠶᠢᠨ ᠪᠠᠭᠠᠵᠢ ᠬᠡᠷᠡᠭᠰᠡᠯ᠂ ᠴᠠᠬᠢᠯᠭᠠᠨ ᠬᠡᠷᠡᠭᠰᠡᠯ ᠡᠯᠧᠺᠳ᠋ᠷᠣᠨ ᠦᠢᠯᠡᠳᠬᠦᠨ᠂ ᠮᠠᠰᠢᠨ ᠲᠡᠷᠭᠡᠨ ᠤ ᠰᠡᠯᠪᠢᠭᠡᠰᠦ᠂ ᠵᠠᠰᠠᠯ ᠴᠢᠮᠡᠭᠯᠡᠯ ᠤᠨ ᠮᠠᠲ᠋ᠧᠷᠢᠶᠠᠯ᠂ ᠠᠮᠠᠷᠬᠠᠨ ᠳᠡᠯᠪᠡᠷᠡᠬᠦ ᠠᠶᠤᠯᠲᠠᠶ ᠬᠢᠮᠢ ᠶᠢᠨ ᠵᠦᠢᠯ᠂ ᠬᠡᠦᠬᠡᠳ ᠤᠨ ᠡᠳ᠋ᠯᠡᠯ ᠵᠢᠴᠢ ᠬᠤᠪᠴᠠᠰᠤ ᠬᠤᠨᠠᠷ ᠮᠠᠯᠠᠭᠠᠶ ᠱᠠᠬᠠᠶ ᠵᠡᠷᠭᠡ ᠨᠡᠶᠢᠭᠡᠮ ᠤᠨ ᠲᠤᠰᠬᠠᠯ ᠲᠥᠪᠯᠡᠷᠡᠩᠭᠦᠶ᠂ ᠡᠷᠡᠭᠦᠯ ᠴᠢᠬᠢᠷᠠᠭ ᠠᠮᠤᠷ ᠲᠦᠪᠰᠢᠨ ᠯᠦᠭᠡ ᠬᠠᠷᠢᠴᠠᠭ᠎ᠠ ᠲᠠᠢ᠂ ᠤᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠬᠦ ᠬᠡᠷᠡᠭᠯᠡᠭᠡ ᠶᠢᠨ ᠵᠦᠢᠯ ᠪᠠ ᠦᠢᠯᠡᠳᠪᠦᠷᠢᠯᠡᠯ ᠤᠨ ᠬᠡᠷᠩᠰᠡᠯ ᠢᠶᠠᠷ ᠭᠤᠣᠯᠳᠠᠯᠭ᠎ᠠ ᠪᠣᠯᠭᠠᠵᠣ᠂ ᠲᠥᠪᠯᠡᠷᠡᠭᠦᠯᠦᠨ ᠴᠡᠭᠴᠡᠯᠡᠵᠣ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠨ ᠬᠠᠮᠢᠶᠠᠷᠴᠣ ᠬᠠᠤᠯᠢ ᠬᠡᠷᠡᠭᠵᠢᠭᠦᠯᠦᠯᠲᠡ ᠪᠠᠨ ᠴᠢᠩᠭᠠᠳᠬᠠᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠤ ᠭᠠᠳᠠᠭᠤᠷ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠦᠢᠯᠡᠳᠣᠨ ᠡᠳ᠋ᠰᠢᠭᠦᠯᠬᠦ ᠭᠤᠭᠴᠤᠭ᠎ᠠ ᠳᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠭᠰᠢᠭᠦᠷᠢ ᠶᠢ ᠬᠢᠨᠠᠨ ᠰᠢᠨᠵᠢᠭᠦ ᠪᠠᠨ ᠴᠢᠩᠭᠠᠳᠬᠠᠵᠤ᠂ ᠦᠢᠯᠡᠳᠪᠦᠷᠢᠯᠡᠯ ᠤᠨ ᠡᠬᠢ ᠢᠷᠡᠯᠲᠡ ᠶᠢ ᠴᠡᠪᠡᠷᠰᠢᠭᠦᠯᠣᠨ᠎ᠠ ︔ ᠭᠦᠢᠯᠭᠡᠭᠡᠵᠣ ᠪᠣᠷᠣᠯᠠᠭᠤᠯᠬᠤ ᠭᠤᠭᠴᠤᠭ᠎ᠠ ᠳᠤ ᠰᠦᠯᠵᠢᠶ᠎ᠠ ᠪᠠᠷ ᠪᠣᠷᠣᠯᠠᠭᠤᠯᠬᠤ ᠲᠠᠸᠠᠷ ᠢ ᠰᠤᠭᠤᠴᠠᠨ ᠪᠠᠶᠢᠴᠠᠭᠠᠬᠤ ᠪᠠᠨ ᠴᠢᠩᠭᠠᠣᠠᠬᠠᠨ᠂ ᠰᠦᠯᠵᠢᠶᠡᠨ ᠳᠡᠭᠡᠷᠡᠬᠢ ᠠᠷᠠᠯᠵᠢᠶ᠎ᠠ ᠶᠢ ᠰᠦᠯᠵᠢᠶᠡᠨ ᠳᠡᠭᠡᠷ᠎ᠡ ᠵᠠᠭᠠᠯᠳᠤᠯᠭ᠎ᠠ ᠬᠢᠭᠦ ᠵᠢᠴᠢ ᠪᠣᠷᠣᠯᠠᠭᠤᠯᠣᠭᠰᠠᠨ ᠤ ᠬᠤᠶᠢᠨᠠᠬᠢ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠣᠨ᠎ᠠ᠃ ᠡᠷᠬᠡ ᠳᠤ ᠬᠠᠯᠳᠠᠵᠦ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠳᠤ ᠴᠣᠬᠢᠯᠲᠠ ᠥᠭᠬᠦ ᠶᠢ ᠰᠢᠦᠳᠠᠨ ᠤ ᠠᠵᠢᠯ ᠲᠥᠷᠥᠯ ᠤᠨ ᠬᠡᠪᠰᠢᠵᠢᠭᠰᠡᠨ ᠬᠢᠨᠠᠯᠳᠠ ᠬᠠᠮᠢᠶᠠᠷᠣᠯᠳᠠ ᠳᠤ ᠣᠷᠣᠭᠤᠯᠵᠤ᠂ ᠰᠢᠦᠳᠠᠨ ᠤ ᠠᠵᠤ ᠠᠬᠤᠶᠢᠯᠠᠯ᠂ ᠲᠦᠷᠭᠡᠨ ᠬᠦᠷᠭᠡᠬᠦ ᠠᠵᠤ ᠠᠬᠤᠶᠢᠯᠠᠯ ᠨᠢ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠵᠡᠷᠭᠡ ᠬᠡᠯᠡᠯᠴᠡᠭᠡᠷᠳᠣ ᠬᠠᠷᠢᠴᠠᠭᠠᠨ ᠤ ᠡᠷᠣᠭᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠᠨ ᠴᠢᠩᠭᠠᠣᠠᠬᠠᠬᠤ ᠶᠢ ᠰᠢᠮᠳᠠᠭᠤᠯᠣᠨ᠎ᠠ᠃ ᠢᠨᠲ᠋ᠧᠷ ᠰᠦᠯᠵᠢᠶ᠎ᠠ ᠶᠢᠨ ᠡᠷᠬᠡ ᠳᠤ ᠬᠠᠯᠳᠠᠬᠰᠠᠨ ᠬᠤᠳᠠᠯ ᠬᠠᠭᠤᠷᠮᠠᠭ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠰᠢᠢᠣᠡᠪᠣᠷᠢᠯᠡᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠰᠢᠦᠳᠠᠨ ᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶           ︵ᠬᠤᠶᠠᠷ︶ ᠢᠨᠲ᠋ᠧᠷ ᠰᠦᠯᠵᠢᠶ᠎ᠡ ᠶᠢ ᠠᠰᠢᠭᠯᠠᠨ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠲᠠᠸᠠᠷ ᠤᠨ ᠲᠡᠮᠳᠡᠭᠲᠦ ᠶᠢᠨ ᠡᠷᠬᠡ᠂ ᠵᠣᠬᠢᠶᠠᠯ ᠪᠦᠲᠦᠭᠡᠯ ᠤᠨ ᠡᠷᠬᠡ᠂ ᠲᠤᠰᠬᠠᠶ ᠠᠰᠢᠭ ᠤᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠢᠨᠲ᠋ᠧᠷ ᠰᠦᠯᠵᠢᠶ᠎ᠡ ᠶᠢ ᠠᠰᠢᠭᠯᠠᠨ ᠡᠷᠬᠡ ᠳᠤ ᠬᠠᠯᠳᠠᠵᠣ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠨᠡᠷᠡᠳᠡᠢ ᠲᠠᠸᠠᠷ ᠤᠨ ᠲᠡᠮᠳᠡᠭᠲᠦ ᠶᠢ ᠳᠠᠭᠤᠷᠢᠶᠠᠨ ᠦᠢᠯᠡᠣᠡᠴᠣ ᠬᠠᠭᠤᠷᠮᠠᠭᠯᠠᠨ ᠪᠣᠷᠣᠯᠠᠭᠤᠯᠬᠤ᠂ ᠭᠠᠳᠠᠭᠠᠳᠤ ᠲᠠᠢ ᠬᠤᠯᠪᠣᠭᠳᠠᠭᠰᠠᠨ ᠲᠠᠸᠠᠷ ᠤᠨ ᠲᠡᠮᠳᠡᠭᠲᠦ ᠲᠠᠸᠠᠷ ᠢ ᠪᠠᠶᠢᠴᠠᠭᠠᠨ ᠰᠢᠢᠣᠡᠪᠣᠷᠢᠯᠡᠭᠦ ᠡᠷᠴᠢᠮ ᠢᠶᠠᠨ ᠴᠢᠩᠭᠠᠷᠠᠭᠤᠯᠵᠣ᠂ ᠡᠷᠬᠡ ᠠᠰᠢᠬᠲᠦ ᠬᠥᠮᠦᠨ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠰᠦᠯᠵᠢᠶ᠎ᠠ ᠶᠢᠨ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠨᠢᠭᠦᠯᠣᠨ᠎ᠠ᠃ ᠰᠦᠯᠵᠢᠶ᠎ᠡ ︵ᠭᠠᠷ ᠤᠲᠠᠰᠤ︶ ᠶᠢᠨ ᠤᠳᠬ᠎ᠠ ᠵᠣᠬᠢᠶᠠᠯ᠂ ᠳᠠᠭᠤᠤ ᠬᠥᠭᠵᠢᠮ᠂ ᠺᠢᠨᠣ᠋ ᠲᠧᠯᠸᠢᠰ᠂ ᠲᠣᠭᠯᠠᠭᠠᠮ᠂ ᠺᠠᠷᠲ᠋ᠣᠨ ᠵᠢᠷᠤᠭ ᠱᠤᠭ ᠵᠢᠷᠤᠭ᠂ ᠵᠥᠭᠡᠯᠡᠨ ᠲᠣᠨᠤᠭ ᠵᠢᠴᠢ ᠵᠣᠬᠢᠶᠠᠯ ᠪᠦᠲᠦᠭᠡᠯ ᠤᠨ ᠡᠷᠬᠡ ᠶᠢ ᠪᠠᠭᠳᠠᠭᠠᠬᠰᠠᠨ ᠪᠠᠷᠢᠮᠵᠢᠶᠠᠲᠦ ᠲᠦᠷᠣᠯ ᠤᠨ ᠪᠦᠲᠦᠭᠡᠯ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭᠠᠨ ᠤ ᠬᠢᠨᠠᠨ ᠰᠢᠨᠵᠢᠭᠦ ᠬᠢᠨᠠᠨ ᠬᠠᠮᠢᠶᠠᠷᠬᠤ ᠪᠠᠨ ᠴᠢᠩᠭᠠᠣᠠᠬᠠᠵᠣ᠂ ᠰᠦᠯᠵᠢᠶ᠎ᠡ ᠶᠢᠨ ᠬᠠᠤᠯᠢ ᠪᠤᠰᠤ ᠪᠠᠷ ᠰᠢᠯᠵᠢᠭᠦᠯᠦᠨ ᠨᠡᠶᠢᠲᠡᠯᠡᠬᠦ ᠵᠡᠷᠭᠡ ᠡᠯ᠎ᠠ ᠲᠦᠷᠣᠯ ᠤᠨ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠦᠢᠯᠨ ᠠᠵᠢᠯᠯᠠᠭ᠎ᠠ ᠶᠢ ᠴᠠᠭ ᠲᠤᠬᠠᠶ ᠳᠤᠨᠢ ᠰᠡᠷᠡᠵᠣ ᠮᠡᠳᠡᠬᠦ ᠪᠠ ᠪᠠᠶᠢᠴᠠᠭᠠᠨ ᠰᠢᠢᠣᠡᠪᠣᠷᠢᠯᠡᠨ᠎ᠠ᠃ ᠤᠯᠤᠰ ᠤᠨ ᠬᠡᠪᠯᠡᠯ ᠤᠨ ᠡᠷᠬᠡ ᠶᠢᠨ ᠬᠢᠨᠠᠯᠳᠠ ᠬᠠᠮᠢᠶᠠᠷᠣᠯᠳᠠ ᠶᠢᠨ ᠲᠠᠪᠴᠠᠩ ᠲᠤ ᠲᠦᠰᠢᠭᠯᠡᠨ᠂ ᠬᠡᠪᠯᠡᠯ ᠤᠨ ᠡᠷᠬᠡ ᠶᠢᠨ ᠭᠤᠣᠯᠳᠠᠯᠭ᠎ᠠ ᠲᠠᠢ ᠬᠢᠨᠠᠯᠳᠠ ᠬᠠᠮᠢᠶᠠᠷᠣᠯᠳᠠ ᠶᠢᠨ ᠬᠡᠪᠴᠢᠶ᠎ᠡ ᠶᠢ ᠥᠷᠭᠡᠳᠬᠡᠵᠦ᠂ ᠤᠶᠤᠨᠲᠤ ᠰᠢᠯᠵᠢᠮᠡᠯ ᠦᠵᠦᠭᠦᠷ ᠤᠨ ᠭᠤᠷᠪᠠᠳᠠᠬᠢ ᠡᠲᠡᠭᠡᠳ ᠤᠨ ᠬᠡᠷᠡᠭᠯᠡᠭᠡᠨ ᠤ ᠫᠷᠤᠭ᠍ᠷᠠᠮ ︵APP ︶᠂ ᠰᠦᠯᠵᠢᠶ᠎ᠠ ᠶᠢᠨ ᠡᠭᠦᠯᠡᠨ ᠬᠠᠳᠠᠭᠠᠯᠠᠯᠲᠠ ᠶᠢᠨ ᠣᠷᠣᠨ ᠵᠠᠢ᠂ ᠪᠢᠴᠢᠯ ᠪᠦᠷᠭᠡ᠂ ᠸᠢᠴᠠᠲ ᠵᠡᠷᠭᠡ ᠰᠢᠨ᠎ᠡ ᠬᠡᠯᠪᠡᠷᠢ ᠶᠢᠨ ᠤᠯᠠᠮᠵᠢᠯᠠᠨ ᠳᠡᠮᠵᠢᠭᠤᠯᠬᠤ ᠠᠷᠭ᠎ᠠ ᠮᠠᠶ᠋ᠢᠭ ᠢ ᠬᠡᠪᠯᠡᠯ ᠤᠨ ᠡᠷᠬᠡ ᠶᠢᠨ ᠬᠢᠨᠠᠯᠳᠠ ᠬᠠᠮᠢᠶᠠᠷᠣᠯᠳᠠ ᠳᠤ ᠣᠷᠣᠭᠤᠯᠣᠨ᠎ᠠ᠃ ᠰᠦᠯᠵᠢᠶᠡᠨ ᠳᠡᠭᠡᠷᠡᠬᠢ ᠲᠤᠰᠬᠠᠶ ᠠᠰᠢᠭ ᠤᠨ ᠵᠢᠭᠤᠷᠠᠯᠳᠤᠭᠠᠨ ᠤ ᠬᠡᠷᠡᠭ ᠢ ᠭᠦᠢᠴᠡᠣᠡᠭᠡᠭᠦ ᠪᠠ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠠ ᠴᠠᠷᠠᠭᠠᠨ ᠤ ᠲᠤᠰᠬᠠᠶ ᠠᠰᠢᠭ ᠤᠨ ᠬᠠᠤᠯᠢ ᠬᠡᠷᠡᠭᠵᠢᠭᠦᠯᠣᠨ ᠡᠷᠬᠡ ᠠᠰᠢᠭ ᠢᠶᠠᠨ ᠬᠠᠮᠠᠭᠠᠯᠠᠬᠤ ᠶᠢ ᠴᠢᠩᠭᠠᠳᠬᠠᠵᠤ᠂ ᠰᠦᠯᠵᠢᠶ᠎ᠠ ᠶᠢᠨ ᠬᠤᠳᠠᠯᠳᠤᠭᠠᠨ ᠤ ᠠᠷᠭ᠎ᠠ ᠪᠠᠷᠢᠯ ᠤᠨ ᠬᠦᠷᠢᠶ᠎ᠡ ᠴᠠᠷᠠᠭ᠎ᠠ ᠶᠢᠨ ᠡᠭᠦᠳᠦᠨ ᠪᠦᠳᠣᠭᠡᠯᠳᠠ ᠶᠢᠨ ᠲᠤᠰᠬᠠᠶ ᠠᠰᠢᠭ ᠢ ᠬᠠᠮᠠᠭᠠᠯᠠᠬᠤ ᠶᠢ ᠠᠬᠢᠭᠤᠯᠣᠨ᠎ᠠ᠃ ᠰᠢᠦᠳᠠᠨ ᠤ ᠵᠦᠢᠯ᠂ ᠲᠦᠷᠭᠡᠨ ᠬᠦᠷᠭᠡᠬᠦ ᠵᠦᠢᠯ ᠤᠨ ᠬᠦᠷᠭᠡᠬᠦ ᠵᠠᠮ ᠰᠣᠪᠠᠭ ᠤᠨ ᠲᠤᠰᠬᠠᠶ ᠵᠦᠢᠯ ᠤᠨ ᠬᠠᠤᠯᠢ ᠬᠡᠷᠡᠭᠵᠢᠭᠦᠯᠣᠯᠳᠠ ᠶᠢ ᠦᠷᠨᠢᠭᠦᠯᠵᠣ᠂ ᠣᠷᠣᠭᠤᠯᠵᠤ ᠭᠠᠷᠭᠠᠬᠤ ᠭᠤᠭᠴᠤᠭ᠎ᠠ ᠶᠢᠨ ︽ᠨᠡᠭᠦᠯᠭᠡᠨ ᠰᠢᠯᠵᠢᠭᠦᠯᠭᠦ︾ ᠵᠡᠷᠭᠡ ᠡᠯ᠎ᠡ ᠵᠦᠢᠯ ᠤᠨ ᠬᠡᠯᠪᠡᠷᠢ ᠶᠢᠨ ᠡᠷᠬᠡ ᠳᠤ ᠬᠠᠯᠳᠠᠬᠤ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠦᠭᠭᠦᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠰᠢᠦᠳᠠᠨ ᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶                  ᠭᠤᠷᠪᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠣᠨ᠎ᠠ         ︵ᠨᠢᠭᠡ︶ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠤᠨ ᠰᠦᠯᠵᠢᠶ᠎ᠠ ᠡᠵᠡᠩᠨᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠪᠠᠨ ᠴᠢᠩᠭᠠᠣᠠᠬᠠᠬᠤ ᠶᠢ ᠵᠢᠯᠣᠭᠤᠣᠠᠬᠤ ᠪᠠ ᠰᠢᠮᠳᠠᠭᠤᠯᠵᠣ᠂ ᠰᠦᠯᠵᠢᠶᠡᠨ ᠤ ᠠᠷᠠᠯᠵᠢᠶ᠎ᠠ᠂ ᠵᠡᠷ ᠮᠡᠳᠡᠭᠡ ᠶᠢ ᠳᠡᠯᠭᠡᠷᠡᠭᠦᠯᠭᠦ ᠵᠡᠷᠭᠡ ᠲᠤᠬᠠᠶᠢᠯᠠᠭᠰᠠᠨ ᠠᠵᠢᠯ ᠪᠠ ᠰᠦᠯᠵᠢᠶ᠎ᠡ ᠡᠵᠡᠩᠨᠡᠭᠴᠢᠣᠨ ᠤᠨ ᠢᠲᠡᠭᠡᠮᠵᠢ ᠶᠢ ᠳᠡᠰᠯᠠᠨ ᠦᠨᠡᠯᠡᠭᠦ ᠳᠣᠲᠣᠭᠠᠳᠤ ᠶᠢᠨ ᠬᠢᠨᠠᠨ ᠡᠵᠡᠮᠳᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠣ᠂ ᠬᠤᠳᠠᠯ ᠬᠠᠭᠤᠷᠮᠠᠭ ᠢᠶᠠᠷ ᠠᠷᠠᠯᠵᠢᠶᠠᠯᠠᠬᠤ ᠵᠡᠷᠭᠡ ᠠᠷᠭ᠎ᠠ ᠮᠠᠶ᠋ᠢᠭ ᠢᠶᠠᠷ ᠬᠤᠳᠠᠯᠳᠤᠭᠠᠨ ᠤ ᠡᠷᠦᠭᠡ ᠶᠢᠨ ᠢᠲᠡᠭᠡᠯ ᠬᠦᠨᠳᠦ ᠶᠢ ᠳᠡᠭᠡᠭᠰᠢᠯᠡᠭᠦᠯᠭᠦ ᠦᠢᠯᠡ ᠠᠵᠢᠯᠯᠠᠭ᠎ᠠ ᠶᠢ ᠬᠤᠷᠢᠭᠯᠠᠵᠣ᠂ ᠢᠯᠡᠴᠢᠯᠡᠨ ᠵᠠᠭᠠᠯᠳᠤᠬᠤ ᠶᠢᠨ ᠰᠢᠢᠣᠡᠪᠣᠷᠢᠯᠡᠭᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠤᠨ ᠮᠡᠳᠡᠭᠡ ᠵᠠᠩᠭᠢ ᠶᠢ ᠲᠣᠭᠤᠷᠢᠨ ᠪᠠᠶᠢᠴᠠᠭᠠᠵᠤ ᠴᠡᠪᠡᠷᠯᠡᠬᠦ ᠵᠢᠴᠢ ᠠᠷᠠᠯᠵᠢᠶᠠᠨ ᠤ ᠲᠡᠮᠳᠡᠭᠯᠡᠯ ᠂ ᠡᠳᠦᠷ ᠤᠨ ᠲᠡᠮᠳᠡᠭᠯᠡᠯ ᠦᠯᠡᠳᠡᠭᠡᠬᠦ ᠶᠢ ᠬᠡᠷᠡᠭᠵᠢᠭᠦᠯᠵᠦ᠂ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠰᠦᠪᠡᠭᠴᠢ ᠶᠢ ᠮᠡᠳᠡᠭᠦᠯᠭᠦ ᠵᠡᠷᠭᠡ ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠨ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠡᠯᠧᠺᠳ᠋ᠷᠣᠨ ᠬᠤᠳᠠᠯᠳᠤᠭᠠᠨ ᠤ ᠲᠠᠪᠴᠠᠩ ᠳᠡᠭᠡᠷᠡᠬᠢ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠡᠵᠡᠩᠨᠡᠭᠴᠢᠣᠨ ᠢ ᠤᠬᠤᠴᠢᠯᠠᠨ ᠮᠦᠷᠳᠡᠬᠦ ᠳᠤ ᠬᠠᠮᠵᠢᠯᠴᠠᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠥᠪᠡᠰᠦᠪᠡᠨ ᠡᠵᠡᠩᠨᠡᠬᠦ ᠠᠵᠤ ᠠᠬᠤᠶᠢᠯᠠᠯ ᠤᠨ ᠳᠣᠲᠣᠭᠠᠳᠤ ᠶᠢᠨ ᠲᠠᠸᠠᠷ ᠤᠨ ᠶᠠᠰᠤ ᠴᠢᠨᠠᠷ ᠢ ᠬᠠᠮᠢᠶᠠᠷᠤᠨ ᠡᠵᠡᠮᠳᠡᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠪᠠᠨ ᠴᠢᠩᠭᠠᠳᠬᠠᠬᠤ ᠶᠢ ᠵᠢᠭᠠᠨ ᠵᠢᠯᠣᠭᠤᠳᠬᠤ ᠪᠠ ᠰᠢᠮᠳᠠᠭᠤᠯᠵᠣ᠂ ᠪᠠᠷᠠᠭ᠎ᠠ ᠣᠷᠣᠭᠤᠯᠬᠤ ᠪᠠ ᠪᠣᠷᠣᠯᠠᠭᠤᠯᠬᠤ ᠪᠣᠭᠤᠮᠳᠠ ᠶᠢ ᠴᠢᠩᠭ᠎ᠠ ᠠᠳᠬᠤᠵᠤ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠤᠨ ᠭᠦᠢᠯᠭᠡᠭᠡᠨ ᠤ ᠵᠠᠮ ᠰᠣᠪᠠᠭ ᠪᠠ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠎ᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠤᠢ ᠰᠢᠭᠤᠶ ᠶᠢᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶            ︵ᠬᠤᠶᠠᠷ︶ ᠰᠦᠯᠵᠢᠶ᠎ᠠ ᠪᠠᠷ ᠦᠢᠯᠡᠴᠢᠯᠡᠭᠦ ᠬᠤᠳᠠᠯᠳᠤᠭᠠᠴᠢᠨ ᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠣᠨ᠎ᠠ᠃ ᠰᠦᠯᠵᠢᠶ᠎ᠠ ᠪᠠᠷ ᠦᠢᠯᠡᠴᠢᠯᠡᠭᠦ ᠬᠤᠳᠠᠯᠳᠤᠭᠠᠴᠢᠨ ᠤ ︽ᠮᠡᠳᠡᠭᠳᠡᠬᠦ — ᠬᠠᠰᠤᠵᠤ ᠬᠠᠶᠠᠬᠤ︾ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠣ᠂ ᠰᠦᠯᠵᠢᠶ᠎ᠠ ᠪᠠᠷ ᠦᠢᠯᠡᠴᠢᠯᠡᠭᠦ ᠶᠢ ᠠᠰᠢᠭᠯᠠᠨ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠡ ᠠᠵᠢᠯᠯᠠᠭ᠎ᠠ ᠬᠢᠭᠦ ᠰᠦᠯᠵᠢᠶᠠᠨ ᠤ ᠮᠡᠳᠡᠭᠡ ᠵᠠᠩᠬᠢ ᠳᠤ ᠴᠠᠭ ᠲᠤᠬᠠᠶ ᠳᠤᠨᠢ ᠬᠠᠰᠤᠵᠤ ᠬᠠᠶᠠᠬᠤ᠂ ᠬᠠᠯᠬᠠᠯᠠᠬᠤ᠂ ᠴᠥᠷᠬᠦᠯᠡᠭᠡ ᠵᠠᠯᠭᠠᠯᠲᠠ ᠶᠢ ᠰᠠᠯᠭᠠᠬᠤ ᠵᠡᠷᠭᠡ ᠴᠢᠬᠤᠯᠠ ᠪᠦᠬᠦᠢ ᠠᠷᠭ᠎ᠠ ᠬᠡᠮᠵᠢᠶ᠎ᠡ ᠠᠪᠣᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠢ ᠰᠢᠭᠤᠢ ᠶᠢᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶           ︵ᠭᠤᠷᠪᠠ︶ ᠳᠡᠭᠡᠷ᠎ᠡ ᠲᠣᠣᠷ᠎ᠠ ᠬᠠᠮᠢᠶ᠎ᠠ ᠪᠥᠬᠦᠢ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠣᠨ᠎ᠠ᠃ ᠲᠣᠬᠢᠷᠠᠭᠤᠯᠤᠨ ᠬᠦᠷᠭᠡᠬᠦ᠂ ᠬᠥᠮᠥᠷᠭᠡᠯᠡᠭᠦ᠂ ᠰᠢᠦᠳᠠᠨ᠂ ᠲᠦᠷᠭᠡᠨ ᠬᠦᠷᠭᠡᠬᠦ ᠵᠡᠷᠭᠡ ᠠᠵᠤ ᠠᠬᠤᠶᠢᠯᠠᠯ ᠤᠨ ᠢᠯᠡᠭᠡᠵᠣ ᠶᠠᠪᠣᠭᠤᠯᠬᠤ ᠶᠢᠨ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠭᠦ ᠶᠢ ᠵᠢᠭᠠᠨ ᠵᠢᠯᠣᠭᠤᠣᠠᠬᠤ ᠪᠠ ᠰᠢᠮᠳᠠᠭᠤᠯᠵᠣ᠂ ᠬᠤᠷᠢᠶᠠᠨ ᠠᠪᠬᠤ ᠪᠠ ᠢᠯᠡᠭᠡᠬᠦ ᠶᠢ ᠰᠢᠯᠭᠠᠨ ᠦᠵᠡᠬᠦ᠂ ᠠᠮᠣᠷ ᠲᠦᠪᠰᠢᠨ ᠤ ᠪᠠᠶᠢᠴᠠᠭᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠢ ᠬᠦᠯᠢᠶᠡᠠ ᠠᠪᠬᠤ᠂ ᠬᠠᠳᠠᠭᠠᠯᠠᠵᠤ ᠵᠥᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ᠂ ᠢᠯᠡᠭᠡᠵᠣ ᠶᠠᠪᠣᠭᠤᠯᠬᠤ ᠶᠢ ᠡᠷᠡᠰ ᠲᠡᠪᠴᠢᠵᠣ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠦᠪᠡᠭᠴᠢ ᠶᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠭᠤᠭᠤᠯᠣᠨ ᠪᠠᠶᠢᠴᠠᠭᠠᠬᠤ ᠳᠤ ᠳᠡᠮᠵᠢᠯᠭᠡ ᠦᠵᠡᠭᠦᠯᠣᠨ᠎ᠠ᠃ ᠰᠦᠯᠵᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠵᠢᠭᠠᠨ ᠵᠢᠯᠣᠭᠤᠳᠬᠤ ᠪᠠ ᠰᠢᠮᠳᠠᠭᠤᠯᠵᠤ᠂ ᠮᠡᠳᠡᠭᠡ ᠵᠠᠩᠭᠢ ᠨᠡᠶᠢᠲᠡᠯᠡᠬᠦ ᠶᠢᠨ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠣ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠦᠭᠰᠡᠨ ᠲᠠᠸᠠᠷ ᠤᠨ ᠮᠡᠳᠡᠭᠡ ᠵᠠᠩᠭᠢ ᠶᠢ ᠨᠡᠶᠢᠲᠡᠯᠡᠵᠦ ᠪᠣᠯᠬᠤ ᠤᠢᠭᠡᠢ᠃ ᠲᠠᠸᠠᠷ ᠤᠨ ᠦᠨ᠎ᠡ ᠬᠠᠶᠠᠯᠴᠠᠨ ᠥᠷᠢᠰᠥᠯᠳᠦᠭᠰᠡᠨ ᠤ ᠨᠡᠷ᠎ᠡ ᠶᠢᠨ ᠵᠢᠬᠰᠠᠭᠠᠯᠲᠠ ᠶᠢ ᠬᠠᠶᠢᠬᠤ ᠦᠢᠯᠡᠴᠢᠯᠡᠭᠡᠨ ᠬᠠᠨᠭ᠍ᠭᠠᠬᠤ ᠰᠦᠯᠵᠢᠶ᠎ᠠ ᠨᠢ᠂ ᠬᠡᠷᠡᠭᠯᠡᠭᠴᠢᠳ ᠲᠤ ᠬᠠᠶᠢᠬᠰᠠᠨ ᠦᠷ᠎ᠡ ᠳ᠋ᠦᠩ ᠨᠢ ᠦᠨ᠎ᠡ ᠬᠠᠶᠠᠯᠴᠠᠭᠰᠡᠨ ᠥᠷᠢᠰᠥᠯᠳᠦᠭᠡᠨ ᠤ ᠨᠡᠷ᠎ᠡ ᠶᠢᠨ ᠵᠢᠭᠰᠠᠭᠠᠯᠳᠠ ᠠᠴᠠ ᠢᠷᠡᠭᠰᠡᠨ ᠢ ᠰᠠᠨᠠᠭᠤᠯᠵᠤ᠂ ᠬᠡᠷᠡᠭᠯᠡᠭᠴᠢᠳ ᠢ ᠪᠤᠷᠤᠭᠤ ᠵᠦᠭ ᠬᠥᠲᠥᠯᠬᠦ ᠠᠴᠠ ᠵᠠᠶᠢᠯᠠᠰᠬᠢᠨ᠎ᠠ᠃ ︵ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠨ ᠵᠠᠰᠠᠬᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠰᠢᠦᠳᠠᠨ ᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶         ᠲᠦᠷᠪᠡ᠂ ᠢᠨᠲ᠋ᠧᠷ ᠰᠦᠯᠵᠢᠶ᠎ᠠ ᠶᠢᠨ ᠬᠦᠷᠢᠶᠡᠨ ᠴᠠᠷᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠣᠨ᠎ᠠ       ︵ᠨᠢᠭᠡ︶ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠣᠨ᠎ᠠ ᠃ ᠲᠤᠮᠤ ᠲᠤᠭ᠎ᠠ ᠪᠠᠷᠢᠮᠳᠠ᠂ ᠡᠭᠦᠯᠡᠨ ᠪᠣᠳᠣᠯᠳᠠ᠂ ᠪᠣᠳᠠᠰᠯᠢᠭ ᠬᠤᠯᠪᠣᠭᠠᠳᠣ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠰᠢᠨ᠎ᠡ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠣᠨ᠎ᠠ᠃ ᠳ᠋ᠤᠮᠠᠶᠢᠨ ᠨᠡᠷ᠎ᠡ ᠶᠢ ᠬᠠᠷᠢᠶᠠᠵᠢᠭᠤᠯᠬᠤ᠂ ᠰᠦᠯᠵᠢᠶᠠᠨ ᠤ ᠬᠤᠭᠤᠷᠣᠨᠳᠣᠬᠢ ᠵᠦᠪᠳᠡᠯᠴᠡᠭᠡᠷ ᠤᠨ ᠬᠠᠶ᠋ᠢᠭ ︵IP ᠬᠠᠶ᠋ᠢᠭ︶ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠰᠦᠯᠵᠢᠶ᠎ᠠ ᠶᠢ ᠳᠠᠩᠰᠠᠯᠠᠬᠤ ᠬᠠᠮᠢᠶᠠᠷᠤᠯᠲᠠ ᠪᠠᠨ ᠴᠢᠩᠭᠠᠣᠠᠬᠠᠵᠣ᠂ ᠰᠦᠯᠵᠢᠶ᠎ᠠ ᠶᠢᠨ ᠦᠨᠡᠨ ᠨᠡᠷ᠎ᠡ ᠶᠢᠨ ᠲᠦᠷᠢᠮ ᠢ ᠬᠡᠷᠩᠵᠢᠭᠦᠯᠵᠣ᠂ ᠡᠯᠧᠺᠳ᠋ᠷᠣᠨ ᠱᠣᠰᠢᠭ᠎ᠠ ᠲᠡᠮᠳᠡᠭ ᠬᠡᠷᠡᠭᠯᠡᠬᠦ ᠶᠢ ᠳᠡᠯᠭᠡᠷᠡᠭᠦᠯᠦᠨ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠶᠢ ᠰᠦᠯᠵᠢᠶᠠᠨ ᠳᠡᠭᠡᠷ᠎ᠡ ᠢᠯᠡᠷᠡᠭᠦᠯᠭᠦ᠂ ᠡᠬᠢ ᠰᠣᠷᠪᠣᠯᠵᠢ ᠶᠢ ᠤᠬᠤᠴᠢᠯᠠᠨ ᠮᠦᠷᠳᠡᠬᠦ᠂ ᠬᠠᠷᠢᠶ᠎ᠠ ᠭᠠᠵᠡᠷ ᠢᠶᠠᠷ ᠪᠠᠶᠢᠴᠠᠭᠠᠨ ᠰᠢᠢᠣᠡᠪᠣᠷᠢᠯᠡᠭᠦ ᠶᠢ ᠪᠡᠶᠡᠯᠡᠭᠦᠯᠵᠣ᠂ ᠬᠠᠤᠯᠢ ᠪᠤᠰᠤ ᠡᠲᠡᠭᠡᠳ ᠤᠨ ᠣᠷᠣᠨ ᠰᠠᠭᠤᠴᠠ ᠶᠢᠨ ᠬᠠᠶ᠋ᠢᠭ᠂ IP ᠬᠠᠶ᠋ᠢᠭ᠂ ᠪᠠᠩᠬᠢ ᠶᠢᠨ ᠳᠠᠩᠰᠠᠨ ᠡᠷᠦᠬᠡ ᠵᠡᠷᠭᠡ ᠶᠢ ᠪᠦᠭᠦ ᠶᠠᠪᠣᠴᠨ ᠳᠤ ᠨᠡᠭᠡᠮᠵᠢᠯᠠᠨ ᠪᠠᠶᠢᠴᠠᠭᠠᠵᠣ᠂ ᠬᠠᠤᠯᠢ ᠬᠡᠷᠡᠭᠵᠢᠭᠦᠯᠵᠣ ᠴᠣᠬᠢᠯᠲᠠ ᠥᠭᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠣᠨ᠎ᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨ᠎ᠡ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠵᠣ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠬᠢᠭᠦ ᠴᠢᠳᠠᠪᠣᠷᠢ ᠶᠢ ᠳᠡᠭᠡᠭᠰᠢᠯᠡᠭᠦᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠠᠨ ᠤ ᠮᠡᠳᠡᠭᠡ ᠵᠠᠩᠬᠢ ᠶᠢᠨ ᠠᠯᠪᠡᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠰᠢᠣᠳᠠᠨ ᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠠᠷᠠᠣᠨ ᠤᠨ ᠪᠠᠩᠬᠢ ᠶᠢᠨ ᠬᠦᠭᠡᠬᠤᠳᠠ ᠶᠢᠨ ᠲᠦᠪ ᠰᠠᠯᠪᠣᠷᠢ ᠪᠠᠩᠬᠢ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶           ︵ᠬᠤᠶᠠᠷ︶ ᠰᠠᠯᠠᠭ᠎ᠠ ᠮᠥᠴᠢᠷ ᠤᠳ ᠬᠤᠭᠤᠷᠣᠨᠳᠣ ᠶᠢᠨ ᠬᠠᠤᠯᠢ ᠬᠡᠷᠡᠭᠵᠢᠭᠦᠯᠵᠣ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠣᠨ᠎ᠠ᠃ ᠠᠵᠢᠯ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠠᠯᠠᠭ᠎ᠠ ᠮᠥᠴᠢᠷ ᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠨ ᠶᠢᠨ ᠰᠠᠯᠠᠭ᠎ᠠ ᠮᠥᠴᠢᠷ ᠤᠨ ᠬᠤᠭᠤᠷᠣᠨᠳᠣ ᠶᠢᠨ ᠰᠦᠪᠡᠭᠴᠢ ᠪᠠᠨ ᠮᠡᠳᠡᠭᠳᠡᠬᠦ᠂ ᠬᠡᠷᠡᠭ ᠯᠠᠪᠯᠠᠬᠤ᠂ ᠬᠠᠮᠲᠤᠷᠠᠭᠰᠠᠨ ᠬᠤᠷᠠᠯ ᠤᠨ ᠲᠦᠷᠢᠮ ᠢ ᠲᠡᠭᠦᠯᠳᠡᠷᠵᠢᠭᠦᠯᠣᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠠᠤᠯᠢ ᠴᠠᠭᠠᠵᠠ ᠶᠢ ᠵᠣᠯᠭᠠᠭᠤᠯᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠨ ᠲᠠᠰᠤᠯᠬᠤ ᠪᠠᠶᠢᠭᠤᠯᠭ᠎ᠠ ᠶᠢᠨ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ ᠶᠢ ᠪᠡᠶᠡᠯᠡᠭᠦᠯᠣᠨ᠂ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠴᠠᠭ ᠲᠤᠬᠠᠶ ᠳᠤᠨᠢ ᠰᠢᠯᠵᠢᠭᠦᠯᠦᠨ ᠥᠭᠬᠦ ᠬᠡᠷᠡᠭᠲᠡᠶ᠃ ᠡᠷᠡᠭᠦᠦ ᠶᠢᠨ ᠬᠡᠷᠡᠭ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠲᠦᠪᠯᠡᠷᠡᠩᠭᠦᠢ ᠳᠠᠶᠢᠯᠠᠯᠳᠣᠭᠠᠨ ᠤ ᠬᠡᠯᠪᠡᠷᠢ ᠶᠢ ᠭᠦᠢᠴᠡᠳ ᠠᠰᠢᠭᠯᠠᠨ᠂ ᠶᠠᠯ᠎ᠠ ᠬᠢᠬᠦ ᠰᠦᠯᠵᠢᠶ᠎ᠡ ᠪᠠ ᠠᠵᠤ ᠦᠢᠯᠡᠰ ᠤᠨ ᠬᠡᠯᠬᠢᠶ᠎ᠠ ᠶᠢ ᠰᠦᠢᠷᠡᠭᠦᠯᠣᠨ᠎ᠠ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠡᠳ᠋ ᠪᠠᠷᠠᠭ᠎ᠠ ᠶᠢᠨ ᠪᠣᠭᠤᠮᠳᠠ ᠦᠩᠭᠡᠷᠡᠭᠦ ᠪᠠ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠬᠢᠨᠠᠨ ᠬᠠᠮᠢᠶᠠᠷᠬᠤ ᠬᠡᠯᠪᠡᠷᠢ ᠶᠢ ᠲᠡᠭᠦᠯᠳᠡᠷᠵᠢᠭᠦᠯᠣᠨ᠎ᠠ᠃ ᠬᠡᠷᠡᠭ ᠪᠠᠶᠢᠴᠠᠭᠠᠨ ᠰᠢᠢᠣᠡᠪᠣᠷᠢᠯᠡᠭᠦ ᠲᠣᠮᠳᠠᠬᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠰᠦᠪᠡᠭᠴᠢ ᠬᠠᠶᠢᠬᠤ᠂ ᠬᠠᠷᠭᠤᠭᠤᠯᠣᠨ ᠪᠠᠶᠢᠴᠠᠭᠠᠬᠤ ᠳᠤ ᠬᠠᠮᠵᠢᠬᠤ ᠵᠡᠷᠭᠡ ᠡᠭᠦᠷᠭᠡ ᠴᠢᠳᠠᠪᠣᠷᠢ ᠶᠢᠨ ᠦᠢᠯᠡᠳᠣᠯ ᠢ ᠭᠦᠢᠴᠡᠳ ᠪᠠᠳᠠᠷᠠᠭᠤᠯᠣᠨ᠎ᠠ᠃ ᠪᠡᠯᠡ ᠮᠦᠩᠭᠦ ᠶᠢᠨ ᠭᠦᠢᠯᠭᠡᠭᠡᠨ ᠢ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠴᠣ ᠶᠠᠯ᠎ᠠ ᠬᠢᠭᠰᠡᠨ ᠰᠦᠪᠡᠭᠴᠢ ᠶᠢ ᠦᠨᠳᠦᠰᠦᠯᠡᠨ᠂ ᠠᠷᠠᠯᠵᠢᠶᠠᠨ ᠤ ᠪᠡᠯᠡ ᠮᠦᠩᠭᠦ ᠶᠢᠨ ᠳᠠᠩᠰᠠᠨ ᠡᠷᠤᠭᠡ ᠶᠢ ᠬᠠᠤᠯᠢ ᠶᠣᠰᠣᠭᠠᠷ ᠨᠡᠬᠡᠮᠵᠢᠯᠡᠨ ᠪᠠᠶᠢᠴᠠᠭᠠᠵᠣ᠂ ᠬᠠᠤᠯᠢ ᠪᠤᠰᠤ ᠶᠢᠨ ᠪᠡᠯᠡ ᠮᠥᠩᠭᠦ ᠶᠢ ᠡᠷᠭᠡᠰᠢᠶᠡᠨ᠎ᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠤᠢ ᠰᠢᠭᠤᠢ ᠶᠢᠨ ᠲᠢᠩᠬᠢᠮ᠂ ᠰᠣᠶᠣᠯ ᠤᠨ ᠲᠢᠩᠬᠢᠮ᠂ ᠣᠷᠣᠨ ᠨᠣᠳᠤᠭ ᠤᠨ ᠭᠠᠶᠢᠯᠢ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠠᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠣᠯᠣᠰ ᠤᠨ ᠭᠠᠶᠢᠯᠢ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠦᠨᠳᠣᠷ ᠵᠡᠷᠭᠡ ᠶᠢᠨ ᠰᠢᠭᠦᠭᠦ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠠᠷᠠᠣᠨ ᠤᠨ ᠪᠠᠶᠢᠴᠠᠭᠠᠬᠤ ᠬᠤᠷᠢᠶ᠎ᠠ᠂ ᠠᠷᠠᠣᠨ ᠤᠨ ᠪᠠᠩᠬᠢ ᠶᠢᠨ ᠬᠦᠭᠡᠬᠤᠳᠠ ᠶᠢᠨ ᠲᠦᠪ ᠰᠠᠯᠪᠣᠷᠢ ᠪᠠᠩᠬᠢ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶           ︵ᠭᠤᠷᠪᠠ︶ ᠣᠷᠣᠨ ᠪᠦᠰᠡ ᠶᠢᠨ ᠬᠤᠭᠤᠷᠣᠨᠳᠣᠬᠢ ᠬᠠᠤᠯᠢ ᠬᠡᠷᠡᠭᠵᠢᠭᠦᠯᠬᠦ ᠲᠠᠯ᠎ᠠ ᠪᠠᠷ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠣᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠦᠢᠯᠡᠳᠬᠦᠨ ᠳᠤ ᠬᠠᠤᠯᠢ ᠬᠡᠷᠡᠭᠵᠢᠭᠦᠯᠬᠦ ᠣᠷᠣᠨ ᠪᠦᠰᠡ ᠶᠢᠨ ᠬᠠᠮᠵᠢᠨ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠬᠡᠷᠡᠭ ᠤᠨ ᠰᠦᠪᠡᠭᠴᠢ ᠬᠢᠭᠡᠣᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠣᠷᠣᠨ ᠪᠦᠰᠡ ᠶᠢᠨ ᠬᠤᠭᠤᠷᠣᠨᠳᠣᠬᠢ ᠳᠡᠮᠵᠢᠭᠤᠯᠭ᠎ᠠ ᠶᠢ ᠪᠡᠶᠡᠯᠡᠭᠦᠯᠣᠨ᠎ᠠ᠃ ᠭᠠᠵᠠᠷ ᠵᠦᠢ ᠶᠢᠨ ᠪᠠᠶᠢᠷᠢᠯᠠᠯ ᠢᠶᠠᠷ ᠦᠢᠷᠡᠯᠴᠠᠭ᠎ᠠ ᠭᠠᠵᠠᠷ ᠣᠷᠣᠨ ᠤ ᠬᠡᠷᠡᠭ ᠤᠨ ᠰᠦᠪᠡᠭᠴᠢ ᠪᠠ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ ᠶᠢ ᠠᠬᠢᠭᠤᠯᠬᠤ ᠶᠢ ᠵᠣᠷᠢᠬᠵᠢᠭᠤᠯᠵᠣ᠂ ᠣᠷᠣᠨ ᠪᠦᠰᠡ ᠶᠢᠨ ᠬᠠᠤᠯᠢ ᠬᠡᠷᠡᠭᠵᠢᠭᠦᠯᠵᠣ ᠬᠠᠮᠲᠤᠷᠠᠨ ᠬᠥᠳᠡᠯᠦᠯᠴᠡᠬᠦ ᠶᠢ ᠦᠷᠨᠢᠭᠦᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠡᠯ᠎ᠡ ᠠᠶᠢᠮᠠᠭ ᠬᠤᠳᠠ ᠶᠢᠨ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶        ᠲᠠᠪᠤ᠂ ᠢᠨᠲ᠋ᠧᠷ ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠬᠦ ᠦᠢᠯᠨ ᠠᠵᠢᠯᠯᠠᠭ᠎ᠠ ᠶᠢ ᠵᠠᠰᠠᠬᠤ ᠠᠵᠢᠯ ᠤᠨ ᠰᠢᠰᠲ᠋ᠧᠮ ᠢ ᠪᠦᠷᠢᠨᠰᠢᠭᠦᠯᠣᠨ᠎ᠠ        ︵ᠨᠢᠭᠡ︶ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠠ ᠴᠠᠷᠠᠭ᠎ᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠣᠨ᠎ᠠ᠃ ᠨᠢᠭᠡᠳᠦᠯᠳᠠᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠦᠷᠳᠡᠭᠦ ᠰᠣᠯᠢᠯᠴᠠᠭᠠᠨ ᠤ ᠲᠠᠪᠴᠠᠩ ᠪᠠ ︽ᠢᠲᠡᠭᠡᠮᠵᠢᠲᠦ ᠳᠤᠮᠳᠠᠳᠤ ᠤᠯᠤᠰ︾᠂ ︽ᠢᠲᠡᠭᠡᠮᠵᠢᠲᠦ ᠥᠪᠥᠷ ᠮᠣᠩᠭᠤᠯ︾ ᠵᠡᠷᠭᠡ ᠵᠠᠰᠠᠭ ᠤᠨ ᠣᠷᠳᠣᠨ ᠤ ᠰᠦᠯᠵᠢᠶ᠎ᠠ ᠶᠢ ᠭᠦᠢᠴᠡᠳ ᠠᠰᠢᠭᠯᠠᠵᠤ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠣᠭ᠍ᠰᠡᠨ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠬᠡᠷᠡᠭ ᠵᠡᠷᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠣ᠂ ᠬᠥᠮᠦᠨ ᠠᠮᠠ᠂ ᠬᠠᠤᠯᠢ ᠶᠢᠨ ᠡᠷᠭᠡᠳᠠᠨ᠂ ᠲᠠᠸᠠᠷ ᠤᠨ ᠲᠡᠮᠳᠡᠭ ᠪᠠ ᠦᠢᠯᠡᠳᠬᠦᠨ ᠤ ᠶᠠᠰᠤ ᠴᠢᠨᠠᠷ ᠵᠡᠷᠭᠡ ᠮᠡᠳᠡᠭᠡ ᠵᠠᠩᠭᠢ ᠶᠢᠨ ᠡᠬᠢ ᠰᠣᠷᠪᠣᠯᠵᠢ ᠶᠢ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠪᠠ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠡᠰᠢ ᠬᠠᠨᠳᠣᠭᠤᠯᠬᠤ ᠶᠢ ᠠᠬᠢᠭᠤᠯᠵᠣ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠬᠢᠭᠡᠣᠨ ᠪᠤᠰᠤᠳ ᠬᠦᠷᠢᠶ᠎ᠠ ᠴᠠᠷᠠᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠰᠣᠯᠢᠯᠴᠠᠭ᠎ᠠ ᠶᠢ ᠬᠠᠮᠲᠤ ᠪᠠᠷ ᠭᠦᠷᠳᠡᠭᠦ ᠶᠢ ᠠᠬᠢᠭᠤᠯᠣᠨ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠠ ᠴᠠᠷᠠᠭ᠎ᠠ ᠶᠢᠨ ᠢᠲᠡᠭᠡᠮᠵᠢ ᠶᠢ ᠦᠨᠡᠯᠡᠬᠦ ᠪᠠ ᠢᠲᠡᠭᠡᠯ ᠠᠯᠳᠠᠭᠰᠠᠨ ᠦᠢᠯᠨ ᠠᠵᠢᠯᠯᠠᠭ᠎ᠠ ᠳᠤ ᠬᠠᠮᠳᠣᠷᠠᠬᠰᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠳᠡᠭᠦᠯᠳᠡᠷᠵᠢᠭᠦᠯᠣᠨ᠎ᠠ᠃ ᠠᠵᠤ ᠠᠬᠤᠶᠢᠯᠠᠯ ᠤᠨ ᠪᠠᠷᠢᠮᠵᠢᠶ᠎ᠠ ᠪᠠᠨ ᠦᠪᠡᠰᠣᠪᠡᠨ ᠢᠯᠡᠷᠬᠡᠶᠢᠯᠡᠨ ᠢᠯᠨ ᠨᠠᠶᠢᠳᠡᠯᠡᠭᠦ ᠪᠠ ᠬᠢᠨᠠᠯᠳᠠ ᠬᠠᠮᠢᠶᠠᠷᠣᠯᠳᠠ ᠶᠢᠨ ᠲᠦᠷᠢᠮ ᠤᠨ ᠪᠠᠶᠢᠭᠤᠯᠤᠯᠲᠠ ᠶᠢ ᠲᠦᠷᠭᠡᠣᠡᠭᠡᠨ ᠠᠬᠢᠭᠤᠯᠵᠣ᠂ ᠣᠷᠣᠨ ᠨᠤᠲᠤᠭ ᠢ ᠵᠣᠬᠢᠶᠠᠨ ᠪᠠᠶᠢᠭᠤᠯᠤᠨ ᠲᠤᠷᠰᠢᠯᠲᠠ ᠶᠢᠨ ᠴᠢᠬ ᠤᠨ ᠠᠵᠢᠯ ᠢ ᠥᠷᠨᠢᠭᠦᠯᠦᠨ᠂ ᠠᠵᠤ ᠠᠬᠤᠶᠢᠯᠠᠯ ᠤᠨ ᠪᠠᠷᠢᠮᠵᠢᠶᠠᠳᠣ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠶᠢ ᠴᠢᠩᠭᠠᠣᠠᠬᠠᠨ᠎ᠠ᠃ ᠡᠯ᠎ᠡ ᠠᠵᠢᠯ ᠲᠦᠷᠦᠯ ᠤᠨ ᠨᠢᠷᠣᠭᠤᠪᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠣᠨ ᠦᠢᠯᠡᠳᠬᠦᠨ ᠤ ᠶᠠᠰᠤ ᠴᠢᠨᠠᠷ ᠤᠨ ᠠᠮᠠᠯᠠᠯᠲᠠ ᠬᠢᠬᠦ ᠠᠵᠢᠯᠯᠠᠭ᠎ᠠ ᠶᠢ ᠥᠷᠨᠢᠭᠦᠯᠵᠦ᠂ ᠠᠮᠠᠯᠠᠯᠳᠠ ᠬᠢᠭᠰᠡᠨ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠢᠯᠡ ᠨᠠᠶᠢᠳᠡᠯᠠᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠵᠢᠯᠣᠭᠤᠳᠣᠨ᠂ ᠠᠵᠢᠯ ᠲᠦᠷᠦᠯ ᠤᠨ ᠦᠨᠡᠨᠴᠢ ᠢᠲᠡᠭᠡᠮᠵᠢᠳᠠᠢ ᠪᠠᠶᠢᠬᠤ ᠨᠡᠶᠢᠲᠡ ᠶᠢᠨ ᠭᠡᠷ᠎ᠡ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ ᠵᠡᠷᠭᠡ ᠳᠡᠰ ᠢ ᠦᠨᠡᠯᠡᠨ ᠵᠢᠱᠢᠬᠦ ᠶᠢ ᠬᠡᠷᠩᠵᠢᠭᠦᠯᠵᠣ᠂ ᠠᠵᠤ ᠠᠬᠤᠶᠢᠯᠠᠯ ᠤᠨ ᠢᠲᠡᠭᠡᠮᠵᠢ ᠶᠢᠨ ᠦᠵᠡᠯ ᠤᠬᠠᠮᠰᠠᠷ ᠢᠶᠠᠨ ᠳᠡᠭᠡᠭᠰᠢᠯᠡᠭᠦᠯᠭᠦ ᠶᠢ ᠬᠥᠲᠥᠯᠥᠨ ᠵᠢᠯᠣᠭᠤᠳᠣᠨ᠎ᠠ᠃ ᠢᠲᠡᠭᠡᠯ ᠠᠯᠳᠠᠭᠰᠠᠨ ᠠᠵᠤ ᠠᠬᠤᠶᠢᠯᠠᠯ ᠤᠨ ︽ᠬᠠᠷ᠎ᠠ ᠳᠠᠩᠰᠠ︾ ᠶᠢ ᠨᠡᠶᠢᠲᠡᠯᠡᠨ᠎ᠠ᠃ ︵ᠥᠪᠡᠷᠲᠡᠭᠡᠨ ᠵᠠᠰᠠᠬᠤ ᠣᠷᠣᠨ ᠤ ᠭᠦᠭᠵᠢᠭᠦᠯᠣᠯᠳᠠ ᠦᠭᠡᠷᠡᠴᠢᠯᠡᠯᠳᠠ ᠶᠢᠨ ᠵᠦᠪᠯᠡᠯ᠂ ᠠᠷᠠᠣᠨ ᠤᠨ ᠪᠠᠩᠬᠢ ᠶᠢᠨ ᠬᠦᠭᠡᠬᠤᠳᠠ ᠶᠢᠨ ᠲᠦᠪ ᠰᠠᠯᠪᠣᠷᠢ ᠪᠠᠩᠬᠢ ᠲᠦᠷᠣᠭᠦᠯᠡᠵᠣ᠂ ᠦᠪᠡᠷᠳᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠬᠤᠳᠠᠯᠳᠣᠭᠠᠨ ᠤ ᠶᠠᠪᠣᠳᠠᠯ ᠤᠨ ᠲᠢᠩᠬᠢᠮ᠂ ᠰᠣᠶᠣᠯ ᠤᠨ ᠲᠢᠩᠬᠢᠮ᠂ ᠡᠷᠡᠭᠦᠯ ᠬᠠᠮᠠᠭᠠᠯᠠᠯ ᠲᠦᠯᠣᠪᠯᠡᠭᠡᠳᠣ ᠦᠷᠡᠵᠢᠯ ᠤᠨ ᠵᠦᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠠᠨ ᠤ ᠮᠡᠳᠡᠭᠡ ᠵᠠᠩᠬᠢ ᠶᠢᠨ ᠠᠯᠪᠡᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠬᠡᠷᠩᠯᠡᠭᠡᠨ ᠤ ᠰᠦᠯᠵᠢᠶ᠎ᠠ ᠶᠢᠨ ᠪᠡᠶ᠎ᠡ ᠶᠢᠨ ᠦᠨᠡᠮᠯᠡᠯ ᠢ ᠠᠬᠢᠭᠤᠯᠵᠣ᠂ ᠰᠦᠯᠵᠢᠶ᠎ᠠ ᠶᠢᠨ ᠦᠨᠡᠨ ᠨᠡᠷ᠎ᠡ ᠶᠢᠨ ᠲᠦᠷᠢᠮ ᠢ ᠲᠡᠭᠦᠯᠳᠡᠷᠵᠢᠭᠦᠯᠵᠦ᠂ ᠨᠡᠶᠢᠭᠡᠮᠴᠢᠯᠡᠭᠰᠡᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠤ ᠢᠲᠡᠭᠡᠮᠵᠢᠲᠦ ᠭᠡᠷᠡᠴᠢᠯᠡᠯᠲᠡ ᠶᠢᠨ ᠦᠢᠯᠡᠴᠢᠯᠡᠭᠡ ᠶᠢ ᠬᠥᠭᠵᠢᠭᠦᠯᠬᠦ ᠶᠢ ᠵᠣᠷᠢᠬᠵᠢᠭᠤᠯᠣᠨ᠎ᠠ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶       ︵ᠬᠤᠶᠠᠷ︶ ᠵᠠᠰᠠᠭ ᠵᠠᠬᠢᠷᠭᠠᠨ ᠪᠣᠯᠣᠨ ᠠᠵᠤ ᠠᠬᠤᠶᠢᠯᠠᠯ ᠤᠨ ᠨᠡᠪᠲᠡᠷᠡᠯᠴᠡᠬᠦ ᠪᠠ ᠬᠠᠮᠵᠢᠯᠴᠠᠬᠤ ᠶᠢ ᠴᠢᠩᠭᠠᠳᠬᠠᠨ᠎ᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠠᠵᠤ ᠠᠬᠤᠶᠢᠯᠠᠯ ᠯᠤᠭ᠎ᠠ ᠵᠠᠭᠠᠯᠳᠤᠨ ᠢᠯᠡᠴᠢᠯᠡᠭᠦ᠂ ᠬᠠᠤᠯᠢ ᠠᠴᠠ ᠵᠥᠷᠢᠴᠡᠭᠰᠡᠨ ᠬᠡᠷᠡᠭ ᠤᠨ ᠮᠡᠳᠡᠭᠡ ᠵᠠᠩᠭᠢ ᠶᠢᠨ ᠮᠡᠳᠡᠭᠡᠯᠡᠬᠦ ᠲᠣᠭᠲᠠᠴᠠ ᠶᠢ ᠪᠠᠶᠢᠭᠤᠯᠣᠨ᠎ᠠ᠃ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠨ ᠤ ᠨᠡᠶᠢᠬᠡᠮᠯᠢᠭ᠂ ᠠᠵᠢᠯ ᠨᠢᠭᠡᠲᠡᠨ ᠤ ᠨᠠᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠨᠠᠪᠳᠡᠷᠡᠯᠴᠡᠭᠡ ᠬᠠᠷᠢᠯᠴᠠᠭ᠎ᠠ ᠶᠢ ᠴᠢᠩᠭᠠᠳᠬᠠᠵᠤ᠂ ᠢᠯᠨ ᠨᠠᠶᠢᠳᠡᠯᠡᠭᠦ᠂ ᠪᠣᠯᠵᠣᠨ ᠶᠠᠷᠢᠯᠴᠠᠬᠤ ᠠᠵᠢᠯ ᠤᠨ ᠲᠣᠭᠲᠠᠴᠠ ᠶᠢ ᠳᠡᠭᠦᠯᠳᠡᠷᠵᠢᠭᠦᠯᠣᠨ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠴᠣ ᠬᠠᠤᠯᠢ ᠠᠴᠠ ᠵᠥᠷᠢᠴᠡᠨ ᠶᠠᠯ᠎ᠠ ᠭᠢᠭᠦ ᠶᠢ ᠬᠠᠮᠲᠤ ᠪᠠᠷ ᠰᠡᠷᠭᠡᠶᠢᠯᠡᠭᠦ ᠪᠠ ᠴᠣᠬᠢᠯᠲᠠ ᠦᠭᠭᠦᠨ᠎ᠠ᠃ ︵ᠦᠪᠡᠷᠳᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠳᠠᠷᠢᠶᠠᠯᠠᠩ ᠮᠠᠯ ᠠᠵᠣ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠠᠨ ᠤ ᠮᠡᠳᠡᠭᠡ ᠵᠠᠩᠬᠢ ᠶᠢᠨ ᠠᠯᠪᠡᠨ ᠭᠡᠷ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶        ︵ᠭᠤᠷᠪᠠ︶ ᠶᠠᠷᠢᠶ᠎ᠠ ᠬᠡᠯᠡᠯᠴᠡᠭᠡ ᠪᠠ ᠨᠡᠶᠢᠭᠡᠮ ᠤᠨ ᠬᠢᠨᠠᠯᠲᠠ ᠲᠡᠯᠪᠢᠯᠲᠠ ᠶᠢ ᠴᠢᠩᠭᠠᠳᠬᠠᠨ᠎ᠠ᠃ ᠡᠯ᠎ᠡ ᠲᠥᠷᠥᠯ ᠤᠨ ᠵᠠᠭᠤᠴᠢᠯᠠᠭᠤᠷ ᠪᠣᠯᠣᠨ ᠰᠦᠯᠵᠢᠶ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠥᠷᠭᠡᠨ ᠳᠡᠯᠭᠡᠷ ᠤᠬᠠᠭᠤᠯᠤᠨ ᠮᠡᠳᠡᠭᠡᠯᠡᠵᠦ᠂ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠣᠭ᠍ᠰᠡᠨ ᠦᠢᠯᠨ ᠠᠵᠢᠯᠯᠠᠭ᠎ᠠ ᠶᠢ ᠢᠯᠡᠴᠢᠯᠡᠨ᠂ ᠰᠦᠯᠵᠢᠶᠡᠨ ᠳᠡᠭᠡᠷ᠎ᠡ ᠠᠴᠠ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢᠨ ᠰᠡᠷᠡᠮᠵᠢ ᠶᠢ ᠴᠠᠭ ᠲᠤᠬᠠᠶ ᠳᠤᠨᠢ ᠨᠡᠶᠢᠲᠡᠯᠡᠵᠦ᠂ ᠬᠠᠤᠯᠢ ᠠᠴᠠ ᠵᠥᠷᠢᠴᠡᠨ ᠶᠠᠯ᠎ᠠ ᠬᠢᠭᠦ ᠶᠢ ᠰᠦᠷᠳᠡᠭᠦᠯᠵᠦ᠂ ᠬᠡᠷᠡᠭᠯᠡᠭᠴᠢᠳ ᠤᠨ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠳᠣᠭ᠍ᠰᠡᠨ ᠲᠠᠸᠠᠷ ᠢ ᠬᠤᠷᠢᠭᠯᠠᠬᠤ ᠦᠵᠡᠯ ᠤᠬᠠᠮᠰᠠᠷ ᠢ ᠨᠢ ᠰᠠᠨᠠᠭᠠᠴᠢᠯᠠᠭ᠎ᠠ ᠠᠴᠠ ᠪᠠᠨ ᠴᠢᠩᠭᠠᠷᠠᠭᠤᠯᠣᠨ᠎ᠠ᠃ ᠰᠦᠯᠵᠢᠶᠡᠨ ᠳᠡᠭᠡᠷ᠎ᠡ ᠵᠠᠭᠠᠯᠳᠤᠨ ᠢᠯᠡᠴᠢᠯᠡᠭᠦ ᠵᠠᠮ ᠰᠣᠪᠠᠭ ᠢ ᠰᠢᠯᠣᠭᠤᠣᠠᠬᠠᠵᠣ᠂ ᠬᠡᠷᠡᠭᠯᠡᠭᠴᠢᠳ᠂ ᠡᠷᠭᠡ ᠠᠰᠢᠬᠲᠦ ᠬᠦᠮᠦᠨ ᠵᠣᠷᠢᠬᠵᠢᠭᠤᠯᠣᠨ ᠭᠦᠳᠣᠯᠣᠨ ᠵᠢᠯᠣᠭᠤᠣᠡᠴᠣ ᠪᠠᠶᠢᠭᠠᠣᠨ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠴᠣ ᠬᠠᠤᠯᠢ ᠠᠴᠠ ᠵᠥᠷᠢᠴᠡᠨ ᠶᠠᠯ᠎ᠠ ᠬᠢᠭᠰᠡᠨ ᠠᠵᠢᠯᠯᠠᠭ᠎ᠠ ᠶᠢ ᠢᠳᠡᠪᠬᠢᠲᠡᠶ ᠪᠠᠷ ᠵᠠᠭᠠᠯᠳᠤᠭᠤᠯᠣᠨ᠎ᠠ᠃ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠡᠯ᠎ᠡ ᠵᠦᠢᠯ ᠤᠨ ᠦᠵᠡᠭᠦᠯᠦᠯᠭᠡ ᠵᠡᠷᠭᠡ ᠳᠠᠯᠠᠪᠣᠷ ᠢ ᠢᠳᠡᠪᠬᠢᠲᠡᠶ ᠪᠠᠷ ᠠᠰᠢᠭᠯᠠᠵᠤ᠂ ᠮᠡᠨ ᠤᠨ ᠣᠷᠣᠨ ᠤ ᠢᠨᠲ᠋ᠧᠷ ᠰᠦᠯᠵᠢᠶ᠎ᠠ ᠶᠢᠨ ᠬᠦᠷᠢᠶ᠎ᠠ ᠴᠠᠷᠠᠭᠠᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠦᠢᠯᠨ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠦᠷ᠎ᠡ ᠪᠦᠲᠦᠮᠵᠢ ᠶᠢ ᠤᠬᠠᠭᠤᠯᠣᠨ ᠳᠡᠯᠭᠡᠨ ᠦᠵᠡᠭᠦᠯᠵᠣ᠂ ᠢᠲᠡᠭᠡᠯ ᠢ ᠨᠡᠮᠡᠭᠳᠡᠭᠦᠯᠣᠨ ᠰᠡᠵᠢᠭ ᠡᠷᠡᠭᠡᠯᠵᠡᠭᠡ ᠶᠢ ᠨᠢ ᠳᠠᠶᠢᠯᠵᠣ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠬᠡ ᠳᠤ ᠬᠠᠯᠳᠠᠵᠣ ᠬᠤᠳᠠᠯ ᠬᠠᠭᠤᠷᠮᠠᠭ ᠦᠢᠯᠡᠣᠡᠭᠦ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠲᠦᠷᠦᠭᠦᠯᠡᠵᠣ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠤᠢ ᠰᠢᠭᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠤᠨ ᠲᠢᠩᠬᠢᠮ᠂ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠰᠣᠨᠢᠨ ᠮᠡᠳᠡᠭᠡ ᠬᠡᠪᠯᠡᠯ ᠷᠠᠳᠢᠣ᠋ ᠺᠢᠨᠣ᠋ ᠲᠧᠯᠸᠢᠰ ᠤᠨ ᠲᠣᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠷᠠᠯᠵᠢᠶ᠎ᠠ ᠶᠢ ᠠᠬᠢᠭᠤᠯᠬᠤ ᠵᠦᠪᠯᠡᠯ᠂ ᠥᠪᠥᠷ ᠮᠣᠩᠭᠤᠯ ᠤᠨ ᠬᠢᠯᠢ ᠪᠠᠷ ᠤᠷᠤᠭᠤᠯᠵᠦ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠤᠰ ᠲᠤᠰ ᠬᠠᠷᠢᠭᠤᠴᠠᠨ᠎ᠠ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号