ᠲᠡᠮᠦᠷ ᠵᠠᠮ ᠤᠨ ᠤᠲᠠᠰᠤ ᠪᠠᠷ ᠪᠢᠯᠧᠲ ᠵᠠᠬᠢᠶᠠᠯᠠᠬᠤ ᠴᠠᠭ ᠬᠤᠭᠤᠴᠠᠭ᠎ᠠ ᠶᠢ ᠲᠣᠬᠢᠷᠠᠭᠤᠯᠪᠠ
ᠨᠡᠶᠢᠲᠡᠯᠡᠭᠰᠡᠨ ᠴᠠᠭ᠄
2016-12-07
       ᠣᠶᠢᠷ᠎ᠠ ᠳᠤ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ᠂ 11 ᠳ᠋ᠦᠭᠡᠷ ᠰᠠᠷ᠎ᠠ ᠶᠢᠨ 26 ᠤ ᠡᠳᠦᠷ ᠠᠴᠠ ᠡᠬᠢᠯᠡᠨ᠂ ᠲᠡᠮᠦᠷ ᠵᠠᠮ ᠤᠨ ᠤᠲᠠᠰᠤ ᠪᠠᠷ ᠪᠢᠯᠧᠲ ᠵᠠᠬᠢᠶᠠᠯᠠᠬᠤ ᠴᠠᠭ ᠬᠤᠭᠤᠴᠠᠭ᠎ᠠ ᠶᠢ 6᠄ 00 — 23᠄ 00 ᠪᠣᠯᠭᠠᠨ ᠲᠣᠬᠢᠷᠠᠭᠤᠯᠪᠠ᠃        ᠣᠶᠢᠯᠠᠭᠠᠭᠰᠠᠨ ᠢᠶᠠᠷ᠂ ᠤᠲᠠᠰᠤ ᠪᠠᠷ ᠪᠢᠯᠧᠲ ᠵᠠᠬᠢᠶᠠᠯᠠᠬᠤ ᠶᠢ ᠵᠥᠪᠬᠡᠨ ᠲᠡᠷᠭᠡ ᠬᠥᠳᠡᠯᠬᠦ ᠠᠴᠠ ᠡᠮᠦᠨᠡᠬᠢ 4 ᠡᠳᠦᠷ ᠠᠴᠠ 60 ᠡᠳᠦᠷ ︵ᠲᠤᠰ ᠡᠳᠦᠷ ᠪᠠᠭᠲᠠᠨ᠎ᠠ︶ ᠤᠨ ᠪᠢᠯᠧᠲ ᠢ ᠤᠷᠢᠳᠴᠢᠯᠠᠨ ᠵᠠᠬᠢᠶᠠᠯᠠᠬᠤ ᠶᠢ ᠬᠢᠵᠠᠭᠠᠷᠯᠠᠪᠠ᠂ ᠠᠶᠠᠨᠴᠢᠳ ᠰᠢᠭᠤᠳ 95105105 ᠤᠲᠠᠰᠤ ᠵᠠᠯᠭᠠᠵᠤ ᠪᠢᠯᠧᠲ ᠵᠠᠬᠢᠶᠠᠯᠠᠵᠤ ᠪᠣᠯᠤᠨ᠎ᠠ᠂ ᠤᠲᠠᠰᠤ ᠪᠠᠷ ᠪᠢᠯᠧᠲ ᠢᠶᠠᠨ ᠵᠠᠬᠢᠶᠠᠯᠠᠭᠰᠠᠨ ᠤ ᠳᠠᠷᠠᠭ᠎ᠠ᠂ ᠠᠶᠠᠨᠴᠢᠳ ᠪᠢᠯᠧᠲ ᠵᠠᠬᠢᠶᠠᠯᠠᠨ ᠲᠡᠷᠭᠡᠨ ᠳᠤ ᠰᠠᠭᠤᠬᠤ ᠬᠦᠮᠦᠨ ᠤ ᠬᠦᠴᠦᠨ ᠪᠦᠭᠦᠢ ᠪᠡᠶ᠎ᠡ ᠶᠢᠨ ᠦᠨᠡᠮᠯᠡᠯ ᠢᠶᠠᠷ ᠢᠶᠠᠨ ᠪᠦᠬᠦ ᠤᠯᠤᠰ ᠤᠨ ᠶᠠᠮᠠᠷᠪᠠ ᠨᠢᠭᠡᠨ ᠲᠡᠷᠭᠡᠨ ᠦᠷᠲᠡᠭᠡᠨ ᠤ ᠴᠣᠩᠬᠤᠪᠴᠢ ᠪᠤᠶᠤ ᠪᠢᠯᠧᠲ ᠣᠷᠣᠯᠠᠨ ᠬᠤᠳᠠᠯᠳᠤᠬᠤ ᠴᠢᠭ᠋ ᠲᠤ ᠬᠦᠷᠴᠦ ᠪᠢᠯᠧᠲ ᠢᠶᠠᠨ ᠠᠪᠴᠤ ᠪᠣᠯᠤᠨ᠎ᠠ᠃ ᠤᠲᠠᠰᠤ ᠪᠠᠷ ᠵᠠᠬᠢᠶᠠᠯᠠᠭᠰᠠᠨ ᠪᠢᠯᠧᠲ ᠢᠶᠠᠨ ᠠᠪᠬᠤ ᠴᠠᠭ ᠨᠢ ᠲᠤᠰ ᠡᠳᠦᠷ ᠤᠨ 12:00 ᠡᠮᠦᠨ᠎ᠡ ᠵᠠᠬᠢᠶᠠᠯᠠᠭᠰᠠᠨ ᠪᠠᠶᠢᠪᠠᠯ ᠳᠠᠷᠠᠭ᠎ᠠ ᠡᠳᠦᠷ ᠤᠨ 12:00 ᠠᠴᠠ ᠡᠮᠦᠨ᠎ᠡ ᠵᠠᠬᠢᠶᠠᠯᠠᠭᠰᠠᠨ ᠪᠢᠯᠧᠲ ᠢᠶᠠᠨ ᠠᠪᠬᠤ ᠬᠡᠷᠡᠭᠲᠡᠢ ︔ ᠲᠤᠰ ᠡᠳᠦᠷ ᠤᠨ 12᠄ 00 ᠠᠴᠠ ᠬᠤᠶᠢᠰᠢ ᠵᠠᠬᠢᠶᠠᠯᠠᠭᠰᠠᠨ ᠪᠢᠯᠧᠲ ᠢᠶᠠᠨ ᠳᠠᠷᠠᠭ᠎ᠠ ᠡᠳᠦᠷ ᠤᠨ 24᠄ 00 ᠠᠴᠠ ᠡᠮᠦᠨ᠎ᠡ ᠠᠪᠬᠤ ᠬᠡᠷᠡᠭᠲᠡᠢ᠂ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠪᠢᠯᠧᠲ ᠢᠶᠠᠨ ᠠᠪᠬᠤ ᠦᠭᠡᠢ ᠪᠣᠯ ᠵᠠᠬᠢᠶᠠᠯᠠᠭ᠎ᠠ ᠶᠢᠨ ᠬᠠᠭᠤᠳᠠᠰᠤ ᠶᠢ ᠬᠦᠴᠦᠨ ᠦᠭᠡᠶ ᠪᠣᠯᠭᠠᠨ᠎ᠠ᠂ ᠪᠢᠯᠧᠲ ᠢᠶᠠᠨ ᠠᠪᠬᠤ ᠦᠶᠡᠰ ᠡᠷᠬᠡᠪᠰᠢ ᠪᠣᠳᠠᠲᠠᠶ ᠲᠡᠷᠭᠡᠨ ᠳᠤ ᠰᠠᠭᠤᠬᠤ ᠬᠥᠮᠦᠨ ᠤ ᠪᠡᠶ᠎ᠡ ᠶᠢᠨ ᠦᠨᠡᠮᠯᠡᠯ ︵ᠤᠭ ᠮᠠᠲ᠋ᠧᠷᠢᠶᠠᠯ ᠪᠤᠶᠤ ᠬᠠᠭᠤᠯᠪᠤᠷᠢ ᠮᠠᠲ᠋ᠧᠷᠢᠶᠠᠯ︶ ᠵᠢᠴᠢ ᠵᠠᠬᠢᠶᠠᠯᠠᠭ᠎ᠠ ᠶᠢᠨ ᠳ᠋ᠤᠭᠠᠷ ᠢᠶᠠᠷ ᠢᠶᠠᠨ ᠭᠦᠢᠴᠡᠳᠬᠡᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号