2017 ᠤᠨ ᠤ ᠪᠠᠶᠠᠷ ᠲᠤᠷᠠᠰᠬᠠᠯ ᠤᠨ ᠡᠳᠤᠷ ᠪᠠ ᠠᠮᠠᠷᠠᠯᠲᠠ ᠶᠢᠨ ᠡᠳᠤᠷ ᠤᠨ ᠲᠤᠬᠢᠷᠠᠭᠤᠯᠤᠯᠲᠠ ᠨᠡᠶᠢᠲᠡᠯᠡᠭᠳᠡᠪᠡ᠄ 1 ᠰᠠᠷ᠎ᠠ ᠶᠢᠨ 27 ᠤ ᠡᠳᠤᠷ ᠠᠴᠠ 2 ᠰᠠᠷ᠎ᠠ ᠶᠢᠨ 2 ᠤᠨ ᠡᠳᠤᠷ ᠪᠤᠯᠳᠠᠯ᠎ᠠ ᠴᠠᠭᠠᠨ ᠰᠠᠷ᠎ᠠ ᠶᠢᠨ ᠠᠮᠠᠷᠠᠯᠲᠠ ᠲᠠᠯᠪᠢᠨ᠎ᠠ
ᠨᠡᠶᠢᠲᠡᠯᠡᠭᠰᠡᠨ ᠴᠠᠭ᠄
2016-12-07
       ᠠᠷᠠᠳ ᠤᠨ ᠰᠦᠯᠵᠢᠶᠡᠨ ᠤ ᠪᠡᠭᠡᠵᠢᠩ ᠤᠨ 12 ᠰᠠᠷ᠎ᠠ ᠶᠢᠨ 1 ᠤ ᠡᠳᠤᠷ ᠤᠨ ᠮᠡᠳᠡᠭᠡ ᠲᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 12 ᠰᠠᠷ᠎ᠠ ᠶᠢᠨ 1 ᠤ ᠡᠳᠤᠷ ︽2017 ᠤᠨ ᠤ ᠬᠡᠰᠡᠭ ᠪᠠᠶᠠᠷ ᠲᠤᠷᠠᠰᠬᠠᠯ ᠤᠨ ᠡᠳᠤᠷ ᠪᠠ ᠠᠮᠠᠷᠠᠯᠲᠠ ᠶᠢᠨ ᠡᠳᠤᠷ ᠤᠨ ᠲᠤᠬᠢᠷᠠᠭᠤᠯᠤᠯᠲᠠ ᠶᠢᠨ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠨᠡᠶᠢᠲᠡᠯᠡᠪᠡ᠂      ᠪᠦᠬᠦ ᠠᠭᠤᠯᠭ᠎ᠠ ᠨᠢ ᠲᠤᠤᠷᠠᠬᠢ ᠮᠡᠳᠤ᠄       ᠨᠢᠭᠡ᠂ ᠰᠢᠨ᠎ᠡ ᠵᠢᠯ᠄ 1 ᠰᠠᠷ᠎ᠠ ᠶᠢᠨ 1 ᠤ ᠡᠳᠤᠷ ᠠᠮᠠᠷᠠᠯᠲᠠ ᠲᠠᠯᠪᠢᠵᠤ᠂ 1 ᠰᠠᠷ᠎ᠠ ᠶᠢᠨ 2 ᠤᠨ ᠡᠳᠤᠷ ︵ᠭᠠᠷᠠᠭ ᠤᠨ ᠨᠢᠭᠡᠨ︶ ᠨᠦᠬᠦᠵᠤ ᠠᠮᠠᠷᠠᠨ᠎ᠠ       ᠬᠤᠶᠠᠷ᠂ ᠴᠠᠭᠠᠨ ᠰᠠᠷ᠎ᠠ ᠶᠢᠨ ᠪᠠᠶᠠᠷ᠄ 1 ᠰᠠᠷ᠎ᠠ ᠶᠢᠨ 27 ᠤ ᠡᠳᠤᠷ ᠠᠴᠠ 2 ᠰᠠᠷ᠎ᠠ ᠶᠢᠨ 2 ᠤᠨ ᠡᠳᠤᠷ ᠪᠤᠯᠳᠠᠯ᠎ᠠ ᠠᠮᠠᠷᠠᠯᠲᠠ ᠲᠠᠯᠪᠢᠨ᠎ᠠ᠂ ᠨᠡᠶᠢᠲᠡ 7 ᠡᠳᠤᠷ᠃ 1 ᠰᠠᠷ᠎ᠠ ᠶᠢᠨ 22 ᠤᠨ ᠡᠳᠤᠷ ︵ᠭᠠᠷᠠᠭ ᠤᠨ ᠡᠳᠤᠷ︶᠂ 2 ᠰᠠᠷ᠎ᠠ ᠶᠢᠨ 4 ᠤ ᠡᠳᠤᠷ ︵ᠭᠠᠷᠠᠭ ᠤᠨ ᠵᠢᠷᠭᠤᠭᠠᠨ︶ ᠠᠵᠢᠯᠯᠠᠨ᠎ᠠ᠃       ᠭᠤᠷᠪᠠ᠂ ᠬᠠᠨᠭ᠍ᠰᠢ᠄ 4 ᠰᠠᠷ᠎ᠠ ᠶᠢᠨ 2 ᠤᠨ ᠡᠳᠤᠷ ᠠᠴᠠ 4 ᠤ ᠡᠳᠤᠷ ᠪᠤᠯᠳᠠᠯ᠎ᠠ ᠠᠮᠠᠷᠠᠯᠲᠠ ᠲᠠᠯᠪᠢᠨ᠎ᠡ᠂ ᠨᠡᠶᠢᠲᠡ 3 ᠡᠳᠤᠷ᠃ 4 ᠰᠠᠷ᠎ᠠ ᠶᠢᠨ 1 ᠤ ᠡᠳᠤᠷ ︵ᠭᠠᠷᠠᠭ ᠤᠨ ᠵᠢᠷᠭᠤᠭᠠᠨ︶ ᠠᠵᠢᠯᠯᠠᠨ᠎ᠠ᠃       ᠲᠦᠷᠪᠡ᠂ ᠬᠥᠳᠡᠯᠮᠤᠷᠢᠴᠢᠳ ᠤᠨ ᠪᠠᠶᠠᠷ᠄ 5 ᠰᠠᠷ᠎ᠠ ᠶᠢᠨ 1 ᠤ ᠡᠳᠤᠷ ᠠᠮᠠᠷᠠᠯᠲᠠ ᠲᠠᠯᠪᠢᠵᠤ᠂ ᠭᠠᠷᠠᠭ ᠤᠨ ᠰᠡᠬᠦᠯᠴᠢ ᠶᠢᠨ ᠠᠮᠠᠷᠠᠯᠲᠠ ᠲᠠᠢ ᠵᠠᠯᠭᠠᠵᠤ ᠠᠮᠠᠷᠠᠨ᠎ᠠ᠃       ᠲᠠᠪᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠄ 5 ᠰᠠᠷ᠎ᠠ ᠶᠢᠨ 28 ᠤ ᠡᠳᠤᠷ ᠠᠴᠠ 30 ᠤ ᠡᠳᠤᠷ ᠪᠤᠯᠳᠠᠯ᠎ᠠ ᠠᠮᠠᠷᠠᠨ᠎ᠠ᠂ ᠨᠡᠶᠢᠲᠡ 3 ᠡᠳᠤᠷ᠃ 5 ᠰᠠᠷ᠎ᠠ ᠶᠢᠨ 27 ᠤ ᠡᠳᠤᠷ ︵ᠭᠠᠷᠠᠭ ᠤᠨ ᠵᠢᠷᠭᠤᠭᠠᠨ︶ ᠠᠵᠢᠯᠯᠠᠨ᠎ᠠ᠃       ᠵᠢᠷᠭᠤᠭ᠎ᠠ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ᠄ 10 ᠰᠠᠷ᠎ᠠ ᠶᠢᠨ 1 ᠤ ᠡᠳᠤᠷ  ᠠᠴᠠ 8 ᠤ ᠡᠳᠤᠷ ᠪᠤᠯᠳᠠᠯ᠎ᠠ ᠠᠮᠠᠷᠠᠯᠲᠠ ᠲᠠᠯᠪᠢᠨ᠎ᠠ᠂ ᠨᠡᠶᠢᠲᠡ 8 ᠡᠳᠤᠷ᠃ 9 ᠰᠠᠷ᠎ᠠ ᠶᠢᠨ 30 ᠤ ᠡᠳᠤᠷ ︵ᠭᠠᠷᠠᠭ ᠤᠨ ᠵᠢᠷᠭᠤᠭᠠᠨ︶ ᠠᠵᠢᠯᠯᠠᠨ᠎ᠠ᠃ ( ᠰᠤᠪᠤᠳ︶  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号