ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠲᠤ ᠲᠠᠨᠢᠯᠴᠠᠭᠤᠯᠬᠤ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ ᠤᠨ ᠬᠡᠪᠯᠡᠯ ᠠᠵᠢᠯ ᠤᠨ ᠶᠠᠷᠢᠯᠴᠠᠬᠤ ᠬᠤᠷᠠᠯ ᠪᠡᠭᠡᠵᠢᠩ ᠳᠤ ᠪᠣᠯᠣᠯ᠎ᠠ
ᠨᠡᠶᠢᠲᠡᠯᠡᠭᠰᠡᠨ ᠴᠠᠭ᠄
2016/12/7
           ᠠᠷᠠᠳ ᠤᠨ ᠰᠦᠯᠵᠢᠶ᠎ᠡ ᠶᠢᠨ 1 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ ︵ᠳᠣᠷᠤᠨ᠎ᠠ︶ 2016 ᠣᠨ ᠤ 1 ᠰᠠᠷ᠎ᠠ ᠶᠢᠨ 7 ᠤ ᠡᠳᠦᠷ᠂ ᠤᠯᠤᠰ ᠤᠨ ᠰᠣᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠶᠡᠷᠦᠩᠬᠡᠢ ᠲᠣᠪᠴᠢᠶ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠠᠮᠲᠤ ᠪᠠᠷ ︽ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠲᠤ ᠲᠠᠨᠢᠯᠴᠠᠭᠤᠯᠬᠤ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ ︾ ᠤᠨ ᠬᠡᠪᠯᠡᠯ ᠤᠨ ᠠᠵᠢᠯ ᠤᠨ ᠶᠠᠷᠢᠯᠴᠠᠬᠤ ᠬᠤᠷᠠᠯ ᠢ ᠪᠡᠭᠡᠵᠢᠩ ᠳᠤ ᠬᠤᠷᠠᠯᠳᠤᠭᠤᠯᠵᠤ᠂ ᠦᠨᠳᠦᠰᠦᠲᠡᠨ ᠤ ᠰᠢᠯᠢᠳᠡᠭ ᠨᠣᠮ ᠪᠢᠴᠢᠭ ᠢ ᠬᠡᠪᠯᠡᠭᠦᠯᠬᠦ ᠠᠵᠢᠯ ᠤᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠳ᠋ᠦᠩᠨᠡᠨ ᠰᠤᠯᠢᠯᠴᠠᠵᠦ᠂ ᠦᠨᠳᠦᠰᠦᠲᠡᠨ ᠤ ᠰᠢᠯᠢᠳᠡᠭ ᠨᠣᠮ ᠪᠢᠴᠢᠭ ᠤᠨ ᠤᠬᠠᠭᠤᠯᠤᠯ ᠦᠯᠢᠭᠡᠷ ᠵᠢᠱᠢᠶ᠎ᠡ ᠦᠵᠡᠭᠦᠯᠬᠦ ᠦᠢᠯᠡᠳᠦᠯ ᠢ ᠦᠷᠭᠡᠳᠬᠡᠨ᠂ ᠴᠦᠭᠡᠨ ᠲᠣᠭᠠᠲᠤ ᠦᠨᠳᠦᠰᠦᠲᠡᠨ ᠤ ᠨᠣᠮ ᠪᠢᠴᠢᠭ ᠤᠨ ᠬᠡᠪᠯᠡᠯ ᠤᠨ ᠠᠵᠢᠯ ᠤᠨ ᠴᠡᠴᠡᠭᠯᠡᠯ ᠬᠦᠭᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠤᠭᠰᠠᠨ ᠪᠠᠶᠢᠨ᠎ᠠ᠃ ᠤᠯᠤᠰ ᠤᠨ ᠰᠣᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ ᠡᠥ ᠱᠠᠩ ᡁᠢ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠳ᠋ᠠᠨᠵᠤᠤᠷᠠᠮᠪᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠃       ︽ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠲᠤ ᠲᠠᠨᠢᠯᠴᠠᠭᠤᠯᠬᠤ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ︾ ᠤᠨ ᠠᠵᠢᠯᠯᠠᠭ᠎ᠠ ᠪᠣᠯ ᠤᠯᠤᠰ ᠤᠨ ᠰᠣᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠶᠡᠷᠦᠩᠬᠡᠢ ᠲᠣᠪᠴᠢᠶ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠵᠢᠴᠢ ︽ᠰᠢᠨ᠎ᠡ ᠪᠠᠶᠢᠳᠠᠯ ᠲᠤᠤᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠦᠭᠡᠨ ᠲᠣᠭᠠᠲᠤ ᠦᠨᠳᠦᠰᠦᠲᠡᠨ ᠤ ᠰᠤᠶᠤᠯ ᠤᠨ ᠦᠢᠯᠡᠰ ᠢ ᠤᠯᠠᠮ ᠨᠢᠭᠡ ᠠᠯᠬᠤᠮ ᠴᠡᠴᠡᠭᠯᠡᠭᠦᠯᠦᠨ ᠬᠦᠭᠵᠢᠭᠦᠯᠵᠦ᠂ ︽ᠪᠦᠬᠦ ᠠᠷᠠᠳ ᠢᠶᠠᠷ ᠢᠶᠠᠨ ᠨᠣᠮ ᠣᠩᠰᠢᠬᠤ︾ ᠠᠵᠢᠯᠯᠠᠭᠠᠨ ᠤ ᠭᠦᠨᠵᠡᠭᠡᠢ ᠦᠷᠨᠢᠯᠲᠡ ᠶᠢ ᠠᠬᠢᠭᠤᠯᠤᠨ᠂ ᠡᠮᠦᠨ᠎ᠡ ᠬᠤᠶᠠᠷ ᠬᠤᠭᠤᠴᠠᠭᠠᠨ ᠤ ᠪᠦᠬᠦ ᠤᠯᠤᠰ ᠲᠤ ᠲᠠᠨᠢᠯᠴᠠᠭᠤᠯᠬᠤ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ ᠤᠨ ᠠᠵᠢᠯᠯᠠᠭᠠᠨ ᠤ ᠰᠠᠭᠤᠷᠢᠨ ᠳᠡᠭᠡᠷ᠎ᠡ ᠬᠠᠮᠲᠤ ᠪᠠᠷ ᠡᠷᠬᠢᠯᠡᠭᠰᠡᠨ ᠠᠵᠢᠯᠯᠠᠭ᠎ᠠ ᠪᠣᠯᠣᠨ᠎ᠠ᠃ ᠲᠤᠰ ᠠᠵᠢᠯᠯᠠᠭ᠎ᠠ ᠨᠢ ᠬᠤᠶᠠᠷ ᠵᠢᠯ ᠳᠤ ᠨᠢᠭᠡ ᠤᠳᠠᠭ᠎ᠠ ᠶᠠᠪᠤᠭᠳᠠᠳᠠᠭ᠃        ᠲᠤᠰ ᠤᠳᠠᠭ᠎ᠠ ᠰᠢᠯᠭᠠᠷᠠᠭᠤᠯᠤᠭᠳᠠᠭᠰᠠᠨ ᠦᠨᠳᠦᠰᠦᠲᠡᠨ ᠤ ᠰᠢᠯᠢᠳᠡᠭ ᠨᠣᠮ ᠪᠢᠴᠢᠭ ᠨᠢ ᠮᠣᠩᠭᠤᠯ᠂ ᠲᠥᠪᠡᠳ᠂ ᠬᠠᠰᠠᠭ᠂ ᠣᠶᠢᠭᠤᠷ᠂ ᠰᠣᠯᠣᠩᠭᠤᠰ ᠵᠡᠷᠭᠡ 20 ᠴᠦᠭᠡᠨ ᠲᠣᠭᠠᠲᠤ ᠦᠨᠳᠦᠰᠦᠲᠡᠨ ᠢ ᠦᠰᠦᠭ ᠪᠢᠴᠢᠭ ᠢ ᠪᠠᠭᠲᠠᠭᠠᠨ᠂ ᠤᠯᠤᠰ ᠲᠦᠷᠦ᠂ ᠠᠵᠤ ᠠᠬᠤᠢ᠂ ᠰᠤᠶᠤᠯ ᠤᠷᠠᠯᠢᠭ᠂ ᠰᠢᠨᠵᠢᠯᠡᠭᠡ ᠮᠡᠷᠭᠡᠵᠢᠯ ᠵᠡᠷᠭᠡ ᠡᠯ᠎ᠡ ᠬᠦᠷᠢᠶ᠎ᠡ ᠴᠠᠷ᠎ᠠ ᠶᠢ ᠬᠠᠮᠤᠷᠴᠤ᠂ ᠲᠠᠨᠢᠯᠴᠠᠭᠤᠯᠬᠤ ᠨᠣᠮ ᠪᠢᠴᠢᠭ ᠤᠨ ᠦᠷᠭᠡᠨ ᠳᠡᠯᠭᠡᠷ ᠴᠢᠨᠠᠷ ᠪᠠ ᠬᠠᠮᠤᠷᠬᠤ ᠬᠡᠪᠴᠢᠶ᠎ᠡ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠠᠭᠤᠯᠭ᠎ᠠ ᠶᠢᠨ ᠲᠠᠯ᠎ᠠ ᠠᠴᠠ ᠠᠪᠴᠤ ᠬᠡᠯᠡᠪᠡᠯ᠂ ᠲᠠᠨᠢᠯᠴᠠᠭᠤᠯᠬᠤ ᠭᠡᠪᠴᠢᠶᠡᠨ ᠳᠤ ᠰᠣᠩᠭᠤᠭᠳᠠᠭᠰᠠᠨ ᠨᠣᠮ ᠪᠢᠴᠢᠭ ᠨᠢ ᠨᠠᠮ ᠪᠠ ᠤᠯᠤᠰ ᠣᠷᠣᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠵᠤ᠂ ᠨᠡᠶᠢᠭᠡᠮ ᠵᠢᠷᠤᠮ ᠤᠨ ᠭᠤᠤᠯᠯᠠᠬᠤ ᠦᠷᠲᠡᠭ ᠤᠨ ᠦᠵᠡᠯᠲᠡ ᠶᠢ ᠬᠦᠮᠤᠵᠢᠭᠦᠯᠤᠨ ᠳᠡᠯᠭᠡᠷᠡᠭᠦᠯᠵᠦ᠂ ᠦᠨᠳᠦᠰᠦᠲᠡᠨ ᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠢᠯᠡᠴᠢᠯᠡᠨ᠂ ᠡᠯᠪᠡᠭ ᠳᠡᠯᠪᠡᠭ ᠠᠭᠤᠯᠤᠭᠳᠠᠬᠤᠨ ᠲᠠᠢ᠂ ᠭᠤᠣᠯ ᠰᠡᠳᠦᠪ ᠢᠶᠠᠨ ᠳᠤᠪᠤᠶᠢᠯᠭᠠᠭᠰᠠᠨ᠂ ᠰᠡᠳᠦᠪ ᠰᠲ᠋ᠢᠯᠢ ᠣᠯᠠᠨ ᠶᠠᠩᠵᠤ ᠶᠢᠨ ᠪᠠᠶᠢᠵᠤ᠂ ᠦᠵᠡᠯ ᠰᠠᠨᠠᠭᠠᠴᠢ ᠴᠢᠨᠠᠷ ᠬᠢᠭᠡᠳ ᠤᠷᠠᠯᠢᠭᠴᠢ ᠴᠢᠨᠠᠷ ᠢᠶᠠᠷ ᠴᠢᠩᠭ᠎ᠠ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠮᠠᠨ ᠤ ᠤᠯᠤᠰ ᠤᠨ ᠦᠨᠳᠦᠰᠦᠲᠡᠨ ᠤ ᠬᠡᠪᠯᠡᠯ ᠤᠨ ᠠᠵᠢᠯ ᠤᠨ ᠭᠤᠣᠯᠳᠠᠯᠭᠠᠲᠤ ᠴᠢᠭᠯᠡᠯ ᠪᠠ ᠬᠥᠭᠵᠢᠯ ᠤᠨ ᠪᠠᠶᠢᠳᠠᠯ ᠢ ᠲᠥᠪᠯᠡᠷᠡᠩᠭᠦᠢ ᠢᠯᠡᠷᠡᠭᠦᠯᠵᠡᠢ᠃ ᠪᠣᠳᠠᠲᠠᠢ ᠪᠠᠷ ᠬᠡᠯᠡᠪᠡᠯ ᠳᠣᠣᠷᠠᠬᠢ ᠬᠡᠳᠦᠨ ᠲᠠᠯ᠎ᠠ ᠪᠤᠢ᠄       ᠨᠢᠭᠡ ᠳᠤ᠂ ᠨᠢᠭᠡ ᠪᠦᠯᠦᠭ ᠰᠢᠯᠢᠳᠡᠭ ᠭᠤᠣᠯ ᠰᠡᠳᠦᠪᠲᠦ ᠬᠡᠪᠯᠡᠯ ᠤᠨ ᠪᠦᠲᠦᠭᠡᠯ ᠢ ᠨᠡᠶᠢᠲᠡᠯᠡᠪᠡ᠃       ᠬᠤᠶᠠᠷ ᠲᠤ᠂ ᠡᠯ᠎ᠡ ᠦᠨᠳᠦᠰᠦᠲᠡᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠭᠤᠣᠯ ᠬᠥᠭ ᠠᠶᠠᠰ ᠢ ᠬᠠᠩᠭᠢᠨᠠᠭᠤᠯᠤᠨ ᠴᠤᠤᠷᠢᠶᠠᠳᠤᠭᠤᠯᠪᠠ᠃       ᠭᠤᠷᠪᠠ ᠳᠤ᠂ ᠡᠯ᠎ᠡ ᠦᠨᠳᠦᠰᠦᠲᠡᠨ ᠤ ᠰᠤᠶᠤᠯ ᠤᠨ ᠦᠪᠡᠷᠮᠢᠴᠡ ᠷᠢᠳᠢ ᠰᠢᠳᠢ ᠶᠢ ᠢᠯᠡᠷᠡᠭᠦᠯᠪᠡ᠃       ᠳᠥᠷᠪᠡ ᠳᠤ᠂ ᠦᠨᠳᠦᠰᠦᠲᠡᠨ ᠤ ᠤᠳᠬ᠎ᠠ ᠵᠤᠬᠢᠶᠠᠯ ᠤᠷᠠᠯᠢᠭ ᠤᠨ ᠪᠠᠶᠠᠯᠢᠭ ᠰᠠᠶᠢᠬᠠᠨ ᠢ ᠳᠡᠯᠭᠡᠨ ᠦᠵᠡᠭᠦᠯᠪᠡ᠃       ᠲᠠᠪᠤ ᠳᠤ᠂ ᠦᠨᠳᠦᠰᠦᠲᠡᠨ ᠤ ᠰᠤᠶᠤᠯ ᠤᠨ ᠪᠠᠶᠠᠯᠢᠭ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠤᠰᠬᠠᠪᠠ᠃       ᠵᠢᠷᠭᠤᠭ᠎ᠠ ᠳᠤ᠂ ᠦᠨᠳᠦᠰᠦᠲᠡᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠪᠡ᠃      ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ ᠤᠨ ᠨᠡᠶᠢᠭᠡᠮ ᠤᠨ ᠨᠦᠯᠦᠭᠡᠯᠡᠬᠦ ᠬᠦᠴᠦᠨ ᠢ ᠨᠡᠮᠡᠭᠳᠡᠭᠦᠯᠵᠦ᠂ ᠦᠨᠳᠦᠰᠦᠲᠡᠨ ᠤ ᠰᠢᠯᠢᠳᠡᠭ ᠨᠣᠮ ᠪᠢᠴᠢᠭ ᠤᠨ ᠬᠡᠪᠯᠡᠨ ᠲᠠᠷᠬᠠᠭᠠᠬᠤ ᠠᠵᠢᠯ ᠢ ᠲᠦᠯᠬᠢᠨ ᠠᠬᠢᠭᠤᠯᠬᠤ ᠶᠢᠨ ᠲᠦᠯᠦᠭᠡ᠂ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ ᠨᠢ ᠲᠠᠷᠢᠶᠠᠴᠢᠨ ᠠᠶᠢᠯ ᠤᠨ ᠨᠣᠮ ᠤᠨ ᠥᠷᠣᠭᠡ ᠵᠡᠷᠭᠡ ᠲᠦᠷᠦᠯ ᠵᠦᠢᠯ ᠤᠨ ᠲᠠᠨᠢᠯᠴᠠᠭᠤᠯᠬᠤ ᠨᠣᠮ ᠪᠢᠴᠢᠭ ᠲᠤ ᠤᠷᠤᠭᠤᠯᠬᠤ ᠪᠠᠷ ᠪᠤᠢ᠃ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ ᠢ ᠳᠠᠬᠢᠨ ᠬᠡᠪᠯᠡᠬᠦ ᠳᠤ ᠬᠦᠷᠪᠡᠯ ᠨᠤᠮ ᠤᠨ ᠭᠠᠳᠠᠷ ᠨᠢᠭᠤᠷ ᠳᠡᠭᠡᠷ᠎ᠡ ᠨᠢ ᠪᠤᠶᠤ ᠪᠣᠰᠣᠳ ᠲᠣᠬᠢᠷᠠᠮᠵᠢᠲᠠᠢ ᠣᠷᠣᠨ ᠪᠠᠶᠢᠷᠢ ᠳᠤ ︽ᠤᠯᠤᠰ ᠤᠨ ᠰᠣᠨᠢᠨ ᠮᠡᠳᠡᠭᠡ ᠬᠡᠪᠯᠡᠯ ᠷᠠᠳᠢᠤ᠋ ᠺᠢᠨᠤ᠋ ᠲᠧᠯᠸᠢᠰ ᠤᠨ ᠶᠡᠷᠦᠩᠬᠡᠢ ᠲᠣᠪᠴᠢᠶ᠎ᠠ ᠪᠠ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠲᠤ ᠲᠠᠨᠢᠯᠴᠠᠭᠤᠯᠬᠤ ᠦᠨᠳᠦᠰᠦᠲᠡᠨ ᠤ ᠵᠠᠭᠤᠨ ᠵᠦᠢᠯ ᠤᠨ ᠰᠢᠯᠢᠳᠡᠭ ᠨᠣᠮ ᠪᠢᠴᠢᠭ︾ ᠭᠡᠬᠦ ᠦᠰᠦᠭ ᠢ ᠬᠠᠳᠠᠵᠤ ᠪᠣᠯᠣᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号