ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠵᠢᠯᠤᠭᠤᠳᠤᠮᠵᠢ
ᠨᠡᠶᠢᠲᠡᠯᠡᠭᠰᠡᠨ ᠴᠠᠭ᠄
2016-12-09
      ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠲᠤᠰ ᠪᠠᠶᠢᠭᠤᠯᠤᠯᠭ᠎ᠠ ᠶᠢᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠦᠢᠯᠡᠴᠢᠯᠡᠭᠡ ᠶᠢ ᠬᠦᠷᠳᠡᠬᠦ ᠳᠤ ᠲᠦᠬᠦᠮ ᠦᠵᠡᠬᠦᠯᠬᠦ ᠶᠢᠨ ᠲᠦᠯᠦᠬᠡ᠂ ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠲᠦᠷᠢᠮ︾ ᠳᠤ ᠲᠤᠭᠳᠠᠭᠠᠭᠰᠠᠨ ᠢ ᠦᠨᠳᠤᠰᠤᠯᠠᠨ᠂ ᠲᠤᠰ ᠵᠢᠯᠤᠭᠤᠳᠤᠮᠵᠢ ᠶᠢ ᠨᠠᠶᠢᠷᠠᠭᠤᠯᠪᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠶᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠠᠰᠠᠭ ᠤᠨ ᠰᠤᠷᠠᠭ ᠵᠠᠩᠬᠢ ᠶᠢᠨ ᠦᠢᠯᠡᠴᠢᠯᠡᠭᠡ ᠶᠢ ᠬᠦᠷᠳᠡᠬᠦ ᠬᠡᠷᠡᠭᠴᠡᠭᠡ ᠲᠠᠢ ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠳᠤ ᠲᠤᠰ ᠵᠢᠯᠤᠭᠤᠳᠤᠮᠵᠢ ᠶᠢ ᠤᠩᠰᠢᠬᠤ ᠶᠢ ᠰᠠᠨᠠᠭᠠᠴᠢᠯᠠᠪᠠ᠃       ᠵᠢᠯᠤᠭᠤᠳᠤᠮᠵᠢ ᠶᠢ ᠵᠢᠯ ᠪᠦᠷᠢ ᠳᠤ ᠨᠢᠬᠡ ᠤᠳᠠᠭ᠎ᠠ ᠰᠢᠨᠡᠴᠢᠯᠡᠨ᠎ᠡ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠭᠤᠤᠯ ᠰᠦᠯᠵᠢᠶ᠎ᠡ ︵ᠰᠦᠯᠵᠢᠶᠡᠨ ᠬᠠᠶ᠋ᠢᠭ᠄ http://www.nmg.gov.cn︶ ᠳᠤ ᠭᠠᠷᠴᠤ ᠦᠵᠡᠵᠤ ᠪᠤᠯᠤᠨ᠎ᠠ᠃      ᠨᠢᠬᠡ᠂ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ︵ᠨᠢᠭᠡ︶ ᠢᠯᠡ ᠪᠤᠯᠭᠠᠬᠤ ᠬᠦᠷᠢᠶ᠎ᠡ ᠬᠡᠪᠴᠢᠶ᠎ᠡ᠃ ᠲᠤᠰ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠨᠡᠶᠢᠬᠡᠮ ᠳᠤ ᠲᠦᠯᠦᠪᠤᠷᠢ ᠦᠭᠡᠢ ᠪᠠᠷ ᠢᠯᠡ ᠪᠤᠯᠭᠠᠬᠤ ᠰᠤᠷᠠᠭ ᠵᠠᠩᠬᠢ ᠶᠢᠨ ᠬᠦᠷᠢᠶ᠎ᠡ ᠬᠡᠪᠴᠢᠶ᠎ᠡ ᠶᠢ ᠲᠤᠰ ᠪᠠᠶᠢᠭᠤᠯᠤᠯᠭ᠎ᠠ ᠶᠢᠨ ᠨᠠᠶᠢᠷᠠᠭᠤᠯᠤᠭᠰᠠᠨ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠭᠠᠷᠴᠠᠭ︾ ︵ᠲᠤᠷᠤᠭᠰᠢ ︽ᠭᠠᠷᠴᠠᠭ︾ ᠬᠡᠵᠤ ᠲᠦᠬᠦᠮᠴᠢᠯᠡᠨ᠎ᠡ︶ ᠠᠴᠠ ᠯᠠᠪᠯᠠᠵᠤ ᠦᠵᠡᠬᠡᠷᠠᠢ᠃      ︵ᠬᠤᠶᠠᠷ︶ ᠢᠯᠡ ᠪᠤᠯᠭᠠᠬᠤ ᠬᠡᠯᠪᠡᠷᠢ᠃ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠰᠤᠷᠠᠭ ᠵᠠᠩᠬᠢ ᠶᠢ ᠲᠤᠰ ᠪᠠᠶᠢᠭᠤᠯᠤᠯᠭ᠎ᠠ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠭᠤᠤᠯ ᠰᠦᠯᠵᠢᠶ᠎ᠡ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠨᠡᠶᠢᠳᠡᠯᠡᠯ︾ ︵ᠰᠦᠯᠵᠢᠶᠡᠨ ᠬᠠᠶ᠋ᠢᠭ᠄ http://www.nmgzfgb.gov.cn︶ ᠪᠤᠶᠤ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠵᠡᠷᠬᠡ ᠠᠴᠢᠶᠡᠯᠠᠪᠤᠷᠢ ᠪᠠ ᠬᠡᠯᠪᠡᠷᠢ ᠪᠠᠷ ᠲᠠᠮᠵᠢᠭᠤᠯᠵᠤ ᠰᠠᠨᠠᠭᠠᠴᠢᠯᠠᠭ᠎ᠠ ᠠᠴᠠ ᠪᠠᠨ ᠢᠯᠡ ᠪᠤᠯᠭᠠᠨ᠎ᠠ᠃       ︵ᠭᠤᠷᠪᠠ︶ ᠢᠯᠡ ᠪᠤᠯᠭᠠᠬᠤ ᠴᠠᠭ ᠬᠤᠭᠤᠴᠠᠭ᠎ᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠤᠶᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠨᠡᠷ᠎ᠡ ᠪᠠᠷ ᠨᠡᠶᠢᠳᠡᠯᠡᠭᠰᠡᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠰᠤᠷᠠᠭ ᠵᠠᠩᠬᠢ ᠶᠢ ᠲᠤᠰ ᠵᠠᠰᠠᠭ ᠤᠨ ᠰᠤᠷᠠᠭ ᠵᠠᠩᠬᠢ ᠶᠢᠨ ᠪᠤᠢ ᠪᠤᠯᠤᠭᠰᠠᠨ ᠪᠤᠶᠤ ᠬᠤᠪᠢᠷᠠᠯᠳᠠ ᠭᠠᠷᠤᠭᠰᠠᠨ ᠡᠳᠤᠷ ᠠᠴᠠ ᠡᠬᠢᠯᠡᠨ 20 ᠠᠵᠢᠯᠯᠠᠬᠤ ᠡᠳᠤᠷ ᠤᠨ ᠲᠤᠳᠤᠷ᠎ᠠ ᠲᠡᠭᠡᠷ᠎ᠡ ᠲᠤᠷᠠᠳᠤᠭᠰᠠᠨ ᠠᠷᠭ᠎ᠠ ᠬᠡᠯᠪᠡᠷᠢ ᠪᠠᠷ ᠢᠯᠡ ᠪᠤᠯᠭᠠᠨ᠎ᠠ᠃ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠴᠠᠭ ᠬᠤᠭᠤᠴᠠᠭ᠎ᠠ ᠶᠢ ᠬᠠᠤᠯᠢ ᠴᠠᠭᠠᠵᠠ᠂ ᠬᠠᠤᠯᠢ ᠲᠦᠷᠢᠮ ᠳᠤ ᠠᠰᠳᠠᠭᠠᠨ ᠲᠤᠭᠳᠠᠭᠠᠭᠰᠠᠨ ᠪᠤᠯ᠂ ᠲᠡᠷᠡ ᠲᠤᠭᠳᠠᠭᠠᠯ ᠢ ᠵᠢᠷᠤᠮᠯᠠᠨ᠎ᠠ᠃        ᠬᠤᠶᠠᠷ᠂ ᠭᠤᠶᠤᠴᠢᠯᠠᠯ ᠢ ᠦᠨᠳᠤᠰᠤᠯᠠᠨ ᠢᠯᠡ ᠪᠤᠯᠭᠠᠬᠤ       ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠦᠢᠯᠡᠳᠪᠤᠷᠢᠯᠡᠯ᠂ ᠠᠮᠢᠳᠤᠷᠠᠯ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠬᠡ ᠤᠨᠴᠠᠭᠠᠢ ᠬᠡᠷᠡᠭᠴᠡᠭᠡ ᠠᠴᠠ ᠪᠤᠯᠵᠤ᠂ ᠲᠤᠰ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠠᠴᠠ ᠭᠠᠳᠠᠨᠠᠬᠢ ᠵᠠᠰᠠᠭ ᠤᠨ ᠰᠤᠷᠠᠭ ᠢ ᠬᠦᠷᠳᠡᠬᠦ ᠬᠡᠷᠡᠭᠴᠡᠭᠡ ᠪᠤᠯ ᠲᠤᠰ ᠪᠠᠶᠢᠭᠤᠯᠤᠯᠭ᠎ᠠ ᠳᠤ ᠭᠤᠶᠤᠴᠢᠯᠠᠵᠤ ᠪᠤᠯᠤᠨ᠎ᠠ᠃       ︵ᠨᠢᠭᠡ︶ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ᠃ ᠲᠤᠰ ᠪᠠᠶᠢᠭᠤᠯᠤᠯᠭ᠎ᠠ 2008 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠭᠤᠶᠤᠴᠢᠯᠠᠯ ︵ᠬᠠᠤᠯᠢ ᠪᠠᠷ ᠲᠤᠭᠳᠠᠭᠠᠭᠰᠠᠨ ᠪᠠᠶᠠᠷ ᠤᠨ ᠡᠳᠤᠷ ᠠᠴᠠ ᠭᠠᠳᠠᠨ᠎ᠠ︶ ᠢ ᠵᠢᠩᠬᠢᠨᠢ ᠪᠠᠷ ᠬᠦᠯᠢᠶᠡᠨ ᠰᠢᠢᠳᠪᠤᠷᠢᠯᠡᠪᠠ᠂ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠭᠠᠵᠠᠷ ︔ ᠠᠯᠪᠠᠯᠠᠬᠤ ᠬᠠᠶ᠋ᠢᠭ ᠨᠢ ᠬᠦᠬᠡᠬᠤᠳᠠ ᠶᠢᠨ ᠰᠠᠶᠢᠬᠠᠨ ᠲᠤᠭᠤᠷᠢᠭ ᠤᠨ ᠴᠡᠯᠡᠬᠡᠷ ᠲᠠᠯ᠎ᠠ ᠵᠡᠬᠡᠯᠢ ᠶᠢᠨ 1 ᠳ᠋ᠤᠬᠡᠷ ᠨᠤᠮᠧᠷ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠢᠯᠡ ᠪᠤᠯᠭᠠᠬᠤ ᠭᠠᠵᠠᠷ᠂ ᠰᠢᠤᠳᠠᠨ ᠨᠤᠮᠧᠷ᠄ 010098᠃         ︵ᠬᠤᠶᠠᠷ︶ ᠭᠤᠶᠤᠴᠢᠯᠠᠬᠤ ᠬᠡᠯᠪᠡᠷᠢ᠃ ᠲᠤᠰ ᠪᠠᠶᠢᠭᠤᠯᠤᠯᠭ᠎ᠠ ᠳᠤ ᠵᠠᠰᠠᠭ ᠤᠨ ᠰᠤᠷᠠᠭ ᠢ ᠬᠦᠷᠳᠡᠬᠦ ᠭᠤᠶᠤᠴᠢᠯᠠᠯ ᠭᠠᠷᠭᠠᠪᠠᠯ᠂ ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠠᠰᠠᠭ ᠤᠨ ᠰᠤᠷᠠᠭ ᠢ ᠢᠯᠡ ᠪᠤᠯᠭᠠᠬᠤ ᠭᠤᠶᠤᠴᠢᠯᠠᠯ ᠤᠨ ᠬᠦᠰᠦᠨᠦᠭ︾ ︵ᠲᠤᠤᠷ᠎ᠠ ︽ᠭᠤᠶᠤᠴᠢᠯᠠᠯ ᠤᠨ ᠬᠦᠰᠦᠨᠦᠭ︾ ᠬᠡᠵᠤ ᠲᠦᠬᠦᠮᠴᠢᠯᠡᠨ᠎ᠡ︶ ᠢ ᠲᠠᠭᠯᠠᠵᠤ᠂ ᠪᠢᠴᠢᠭ ᠤᠨ ᠬᠡᠯᠪᠡᠷᠢ ᠪᠠᠷ ᠭᠤᠶᠤᠴᠢᠯᠠᠨ᠎ᠠ᠃ ︽ᠭᠤᠶᠤᠴᠢᠯᠠᠯ ᠤᠨ ᠬᠦᠰᠦᠨᠦᠭ︾ ᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠭᠤᠤᠯ ᠰᠦᠯᠵᠢᠶ᠎ᠡ ᠠᠴᠠ ᠪᠠᠭᠤᠯᠭᠠᠵᠤ ᠠᠪᠴᠤ ᠪᠤᠯᠤᠨ᠎ᠠ᠃ ᠭᠤᠶᠤᠴᠢᠯᠠᠯ ᠢ ᠰᠢᠢᠳᠪᠤᠷᠢᠯᠡᠬᠦ ᠦᠷ᠎ᠡ ᠪᠦᠳᠦᠮᠵᠢ ᠶᠢ ᠲᠡᠭᠡᠭᠰᠢᠯᠡᠬᠦᠯᠬᠦ ᠶᠢᠨ ᠲᠤᠰᠠᠳᠠ᠂ ᠭᠤᠶᠤᠴᠢᠯᠠᠭᠴᠢ ᠬᠡᠷᠡᠭᠴᠡᠭᠡ ᠪᠦᠬᠦᠢ ᠰᠤᠷᠠᠭ ᠢᠶᠠᠨ ᠴᠢᠳᠠᠬᠤ ᠶᠢᠨ ᠬᠢᠷᠢ ᠪᠠᠷ ᠨᠠᠷᠢᠯᠢᠭ᠌᠂ ᠲᠤᠳᠤᠷᠬᠠᠢ ᠲᠤᠭᠠᠴᠢᠨ᠎ᠠ ︔ ᠪᠤᠯᠤᠮᠵᠢ ᠲᠠᠢ ᠪᠤᠯ᠂ ᠰᠤᠷᠠᠭ ᠵᠠᠩᠬᠢ ᠶᠢᠨ ᠭᠠᠷᠴᠠᠭ᠂ ᠨᠡᠶᠢᠳᠡᠯᠡᠭᠰᠡᠨ ᠴᠠᠭ ᠬᠤᠭᠤᠴᠠᠭ᠎ᠠ᠂ ᠪᠢᠴᠢᠭ ᠤᠨ ᠳ᠋ᠤᠭᠠᠷ ᠪᠤᠶᠤ ᠲᠤᠰ ᠪᠠᠶᠢᠭᠤᠯᠤᠯᠭ᠎ᠠ ᠶᠢᠨ ᠰᠤᠷᠠᠭ ᠤᠨ ᠠᠴᠢᠶᠠᠯᠠᠪᠤᠷᠢ ᠶᠢ ᠲᠤᠳᠤᠷᠬᠠᠶᠢᠯᠠᠬᠤ ᠳᠤ ᠲᠤᠰᠠ ᠪᠦᠬᠦᠢ ᠰᠠᠨᠠᠭᠤᠯᠤᠮᠵᠢ ᠬᠠᠩᠭᠠᠨ᠎ᠠ᠃ ᠲᠤᠤᠷᠠᠬᠢ ᠮᠡᠳᠤ ᠬᠡᠳᠤᠨ ᠬᠡᠯᠪᠡᠷᠢ ᠪᠠᠷ ᠭᠤᠶᠤᠴᠢᠯᠠᠵᠤ ᠪᠤᠯᠤᠨ᠎ᠠ᠄         ⒈ ᠨᠧᠲ ᠰᠦᠯᠵᠢᠶ᠎ᠡ ᠪᠠᠷ ᠲᠠᠮᠵᠢᠭᠤᠯᠤᠨ ᠭᠤᠶᠤᠴᠢᠯᠠᠵᠤ ᠪᠤᠯᠤᠨ᠎ᠠ᠃ ᠭᠤᠶᠤᠴᠢᠯᠠᠭᠴᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠭᠤᠤᠯ ᠰᠦᠯᠵᠢᠶᠡᠨ ᠲᠡᠭᠡᠷ᠎ᠡ ᠢᠯᠡ ᠪᠤᠯᠭᠠᠬᠤ ᠶᠢ ᠭᠤᠶᠤᠴᠢᠯᠠᠬᠤ ᠰᠢᠰᠲ᠋ᠧᠮ ᠶᠤᠰᠤᠭᠠᠷ ᠲᠠᠭᠯᠠᠵᠤ ᠂ ᠡᠯᠧᠺᠳ᠋ᠷᠤᠨ ᠬᠡᠪᠯᠡᠯ ᠤᠨ ︽ᠭᠤᠶᠤᠴᠢᠯᠠᠯ ᠤᠨ ᠬᠦᠰᠦᠨᠦᠭ︾ ᠢ ᠲᠤᠰᠢᠶᠠᠨ᠎ᠠ᠃         ⒉ ᠵᠠᠬᠢᠳᠠᠯ ᠢᠶᠠᠷ ᠭᠤᠶᠤᠴᠢᠯᠠᠬᠤ᠃ ᠭᠤᠶᠤᠴᠢᠯᠠᠭᠴᠢ ᠵᠠᠬᠢᠳᠠᠯ ᠤᠨ ᠬᠡᠯᠪᠡᠷᠢ ᠪᠠᠷ ᠭᠤᠶᠤᠴᠢᠯᠠᠪᠠᠯ᠂ ᠵᠠᠬᠢᠳᠠᠯ ᠤᠨ ᠵᠡᠬᠦᠨ ᠲᠤᠤᠷ᠎ᠠ ᠦᠨᠴᠦᠭ ᠲᠤ ︽ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠭᠤᠶᠤᠴᠢᠯᠠᠯ︾ ᠬᠡᠬᠦ ᠦᠰᠦᠭ ᠢᠶᠠᠷ ᠲᠤᠳᠤᠷᠬᠠᠶᠢᠯᠠᠵᠤ ᠦᠭᠬᠦᠬᠡᠷᠡᠢ᠃        ⒊ ᠨᠢᠭᠤᠷᠳᠠᠨ ᠭᠤᠶᠦᠴᠢᠯᠠᠬᠤ᠃ ᠭᠤᠶᠤᠴᠢᠯᠠᠭᠴᠢ ᠬᠦᠯᠢᠶᠠᠨ ᠰᠢᠢᠳᠪᠤᠷᠢᠯᠡᠬᠦ ᠪᠠᠶᠢᠭᠤᠯᠤᠮᠵᠢ ᠶᠢᠨ ᠭᠠᠵᠠᠷ ᠲᠤ ᠬᠦᠷᠴᠤ᠂ ᠨᠢᠭᠤᠷᠳᠠᠨ ᠭᠤᠶᠤᠴᠢᠯᠠᠵᠤ ᠪᠤᠯᠤᠨ᠎ᠠ᠃ ᠲᠤᠰ ᠪᠠᠶᠢᠭᠤᠯᠤᠯᠭ᠎ᠠ ᠤᠳᠠᠰᠤᠳᠠᠬᠤ ᠬᠡᠯᠪᠡᠷᠢ ᠪᠠᠷ ᠲᠤᠷᠠᠳᠤᠭᠰᠠᠨ ᠭᠤᠶᠤᠴᠢᠯᠠᠯ ᠢ ᠬᠦᠯᠢᠶᠡᠨ ᠰᠢᠢᠳᠪᠦᠷᠢᠯᠡᠬᠦ ᠦᠭᠡᠢ᠂ ᠬᠡᠪᠡᠴᠤ ᠭᠤᠶᠤᠴᠢᠯᠠᠭᠴᠢ ᠬᠠᠷᠠᠭᠠᠯᠵᠠᠭᠰᠠᠨ ᠦᠢᠯᠡᠴᠢᠯᠡᠭᠡ ᠶᠢᠨ ᠲᠤᠬᠠᠶᠢᠯᠠᠭᠰᠠᠨ ᠠᠵᠢᠯ ᠢ ᠤᠳᠠᠰᠤ ᠪᠠᠷ ᠠᠰᠠᠭᠤᠨ ᠯᠠᠪᠯᠠᠵᠤ ᠪᠤᠯᠤᠨ᠎ᠠ᠃         ︵ᠭᠤᠷᠪᠠ︶ ᠭᠤᠶᠤᠴᠢᠯᠠᠯ ᠢ ᠰᠢᠢᠳᠪᠤᠷᠢᠯᠡᠬᠦ         ᠲᠤᠰ ᠪᠠᠶᠢᠭᠤᠯᠤᠯᠭ᠎ᠠ ᠬᠦᠯᠢᠶᠡᠨ ᠤᠯᠤᠭᠰᠠᠨ ᠵᠠᠰᠠᠭ ᠢ ᠰᠤᠷᠠᠭ ᠢ ᠢᠯᠡ ᠪᠤᠯᠭᠠᠬᠤ ᠭᠤᠶᠤᠴᠢᠯᠠᠯ ᠢ ᠲᠤᠬᠠᠢ ᠶᠢᠨ ᠲᠠᠯᠠᠪᠠᠢ ᠳᠤ ᠨᠢ ᠬᠠᠷᠢᠭᠤᠯᠳᠠ ᠦᠭᠴᠤ ᠪᠤᠯᠪᠠᠯ᠂ ᠲᠤᠬᠠᠢ ᠶᠢᠨ ᠲᠠᠯᠠᠪᠠᠢ ᠳᠤ ᠨᠢ ᠬᠠᠷᠢᠭᠤᠯᠳᠠ ᠦᠭᠬᠦᠨ᠎ᠡ ︔ ᠲᠤᠬᠠᠢ ᠶᠢᠨ ᠲᠠᠯᠠᠪᠠᠢ ᠳᠤ ᠨᠢ ᠬᠠᠷᠢᠭᠤᠯᠳᠠ ᠦᠭᠴᠤ ᠦᠯᠤ ᠪᠤᠯᠪᠠᠯ᠂ ᠭᠤᠶᠤᠴᠢᠯᠠᠯ ᠢ ᠬᠦᠯᠢᠶᠡᠨ ᠤᠯᠤᠭᠰᠠᠨ ᠡᠳᠤᠷ ᠠᠴᠠ ᠡᠬᠢᠯᠡᠨ 15 ᠠᠵᠢᠯᠯᠠᠬᠤ ᠡᠳᠤᠷ ᠤᠨ ᠲᠤᠳᠤᠷ᠎ᠠ ᠬᠠᠷᠢᠭᠤᠯᠳᠠ ᠦᠭᠬᠦᠨ᠎ᠡ ︔ ᠬᠡᠷᠪᠡ ᠬᠠᠷᠢᠭᠤᠯᠳᠠ ᠦᠭᠬᠦ ᠬᠤᠭᠤᠴᠠᠭ᠎ᠠ ᠶᠢ ᠤᠷᠳᠤᠳᠬᠠᠬᠤ ᠴᠢᠬᠤᠯᠠᠳᠠᠢ ᠪᠤᠯ᠂ ᠲᠤᠰ ᠪᠠᠶᠢᠭᠤᠯᠤᠯᠭ᠎ᠠ ᠶᠢᠨ ᠬᠠᠷᠢᠭᠤᠴᠠᠯᠭᠠᠳᠠᠨ ᠤ ᠵᠦᠪᠰᠢᠶᠡᠷᠡᠯ ᠢ ᠤᠯᠤᠭᠰᠠᠨ ᠤ ᠲᠠᠷᠠᠭ᠎ᠠ᠂ ᠭᠤᠶᠤᠴᠢᠯᠠᠭᠴᠢ ᠳᠤ ᠮᠡᠳᠡᠭᠳᠡᠨ᠎ᠡ᠂ ᠬᠠᠷᠢᠭᠤᠯᠳᠠ ᠦᠭᠬᠦ ᠬᠤᠭᠤᠴᠠᠭ᠎ᠠ ᠶᠢ 15 ᠠᠵᠢᠯᠯᠠᠬᠤ ᠡᠳᠤᠷ ᠠᠴᠠ ᠬᠡᠳᠤᠷᠡᠬᠦᠯᠬᠦ ᠦᠭᠡᠢ᠃         ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠰᠤᠷᠠᠭ ᠵᠠᠩᠬᠢ ᠨᠢ ᠭᠤᠷᠪᠠᠳᠠᠬᠢ ᠡᠳᠡᠬᠡᠳ ᠤᠨ ᠠᠰᠢᠭ ᠲᠤᠰᠠ ᠳᠤ ᠬᠤᠯᠪᠤᠭᠳᠠᠭᠰᠠᠨ ᠪᠠᠶᠢᠪᠠᠯ᠂ ᠲᠤᠰ ᠪᠠᠶᠢᠭᠤᠯᠤᠯᠭ᠎ᠠ ᠭᠤᠷᠪᠠᠳᠠᠬᠢ ᠡᠳᠡᠬᠡᠳ ᠤᠨ ᠰᠠᠨᠠᠯ ᠢ ᠬᠤᠷᠢᠶᠠᠬᠤ ᠳᠤ ᠬᠡᠷᠡᠭᠰᠡᠬᠦ ᠬᠤᠭᠤᠴᠠᠭ᠎ᠠ ᠶᠢ ᠲᠤᠰ ᠵᠤᠷᠪᠤᠰ ᠤᠨ ᠬᠤᠶᠠᠳᠤᠭᠠᠷ ᠵᠦᠢᠯ ᠳᠤ ᠲᠤᠭᠳᠠᠭᠠᠭᠰᠠᠨ ᠬᠤᠭᠤᠴᠠᠭ᠎ᠠ ᠳᠤ ᠤᠷᠤᠭᠤᠯᠵᠤ ᠪᠤᠳᠤᠬᠤ ᠦᠭᠡᠢ᠃ ᠲᠤᠰ ᠪᠠᠶᠢᠭᠤᠯᠤᠯᠭ᠎ᠠ ᠠᠴᠠ ᠵᠠᠰᠠᠭ ᠤᠨ ᠰᠤᠷᠠᠭ ᠢ ᠢᠯᠡ ᠪᠤᠯᠭᠠᠬᠤ ᠭᠤᠶᠤᠴᠢᠯᠠᠯ ᠢ ᠬᠢᠨᠡᠨ ᠲᠤᠭᠳᠠᠭᠠᠭᠰᠠᠨ ᠤ ᠰᠡᠬᠦᠯᠡᠷ᠂ ᠠᠳᠠᠯᠢ ᠪᠤᠰᠤ ᠪᠠᠶᠢᠳᠠᠯ ᠢ ᠦᠨᠳᠤᠰᠤᠯᠠᠨ ᠲᠤᠰᠪᠤᠷᠢ ᠲᠤᠤᠷᠠᠬᠢ ᠮᠡᠳᠤ ᠪᠠᠷ ᠬᠠᠷᠢᠭᠤᠯᠳᠠ ᠦᠭᠪᠠ᠄         ⒈ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠪᠠᠯ᠂ ᠭᠤᠶᠤᠴᠢᠯᠠᠭᠴᠢ ᠳᠤ ᠲᠤᠰ ᠵᠠᠰᠠᠭ ᠤᠨ ᠰᠤᠷᠠᠭ ᠢ ᠤᠯᠤᠭᠰᠠᠨ ᠠᠷᠭ᠎ᠠ ᠬᠡᠯᠪᠡᠷᠢ ᠪᠠ ᠠᠷᠭ᠎ᠠ ᠵᠠᠮ ᠢ ᠮᠡᠳᠡᠭᠳᠡᠨ᠎ᠡ᠃         ⒉ ᠢᠯᠡ ᠪᠤᠯᠭᠠᠬᠤ ᠦᠭᠡᠢ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠪᠠᠯ᠂ ᠭᠤᠶᠤᠴᠢᠯᠠᠭᠴᠢ ᠳᠤ ᠮᠡᠳᠡᠭᠳᠡᠬᠦ ᠶᠢᠨ ᠬᠠᠮᠳᠤ ᠰᠢᠯᠳᠠᠭᠠᠨ ᠢ ᠲᠤᠳᠤᠷᠬᠠᠶᠢᠯᠠᠨ᠎ᠠ᠃         ⒊ ᠲᠤᠰ ᠪᠠᠶᠢᠭᠤᠯᠤᠯᠭ᠎ᠠ ᠶᠢᠨ ᠢᠯᠡ ᠪᠤᠯᠭᠠᠬᠤ ᠳᠤ ᠬᠠᠷᠢᠶᠠᠯᠠᠭᠳᠠᠬᠤ ᠦᠭᠡᠢ ᠪᠤᠶᠤ ᠲᠤᠰ ᠵᠠᠰᠠᠭ ᠤᠨ ᠰᠤᠷᠠᠭ ᠵᠠᠩᠬᠢ ᠤᠷᠤᠰᠢᠬᠤ ᠦᠭᠡᠢ ᠪᠤᠯ᠂ ᠭᠤᠶᠤᠴᠢᠯᠠᠭᠴᠢ ᠳᠤ ᠮᠡᠳᠡᠭᠳᠡᠨ᠎ᠡ᠂ ᠲᠤᠰ ᠵᠠᠰᠠᠭ ᠤᠨ ᠰᠤᠷᠠᠭ ᠤᠨ ᠢᠯᠡ ᠪᠤᠯᠭᠠᠬᠤ ᠪᠠᠶᠢᠭᠤᠯᠤᠯᠭ᠎ᠠ ᠶᠢ ᠲᠤᠳᠤᠷᠬᠠᠶᠢᠯᠠᠵᠤ ᠲᠠᠶᠢᠯᠪᠠᠯ᠂ ᠭᠤᠶᠤᠴᠢᠯᠠᠭᠴᠢ ᠳᠤ ᠢᠯᠡ ᠪᠤᠯᠭᠠᠬᠤ ᠪᠠᠶᠢᠭᠤᠯᠤᠯᠭ᠎ᠠ ᠶᠢᠨ ᠨᠡᠷᠡᠶᠢᠳᠤᠯ᠂ ᠬᠠᠷᠢᠯᠴᠠᠬᠤ ᠠᠷᠭ᠎ᠠ ᠬᠡᠯᠪᠡᠷᠢ ᠶᠢ ᠮᠡᠳᠡᠭᠳᠡᠨ᠎ᠡ᠃         ⒋ ᠭᠤᠶᠤᠴᠢᠯᠠᠯ ᠤᠨ ᠠᠭᠤᠯᠭ᠎ᠠ ᠨᠢ ᠲᠤᠳᠤᠷᠬᠠᠢ ᠪᠤᠰᠤ ᠪᠤᠯ᠂ ᠭᠤᠶᠤᠴᠢᠯᠠᠭᠴᠢ ᠳᠤ ᠨᠦᠬᠦᠪᠦᠷᠢᠯᠡᠵᠤ ᠵᠠᠯᠠᠷᠠᠭᠤᠯᠬᠤ ᠪᠠᠷ ᠮᠡᠳᠡᠭᠳᠡᠨ᠎ᠡ᠂ ᠭᠤᠶᠤᠴᠢᠯᠠᠭᠴᠢ ᠬᠤᠭᠤᠴᠠᠭ᠎ᠠ ᠬᠡᠳᠤᠷᠡᠳᠡᠯ᠎ᠡ ᠨᠦᠬᠦᠪᠦᠷᠢᠯᠡᠵᠤ ᠵᠠᠯᠠᠷᠠᠭᠤᠯᠤᠭᠰᠠᠨ ᠦᠭᠡᠢ ᠪᠤᠯ ᠭᠤᠶᠤᠴᠢᠯᠠᠯ ᠢᠶᠠᠨ ᠲᠡᠪᠴᠢᠭᠰᠡᠨ ᠢᠶᠠᠷ ᠦᠵᠡᠨ᠎ᠡ᠃         ⒌ ᠲᠤᠰ ᠪᠠᠶᠢᠭᠤᠯᠤᠯᠭ᠎ᠠ ᠠᠴᠠ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠭᠤᠶᠤᠴᠢᠯᠠᠯ ᠨᠢ ᠬᠤᠳᠠᠯᠳᠤᠭᠠᠨ ᠤ ᠨᠢᠭᠤᠴᠠ᠂ ᠬᠤᠪᠢ ᠶᠢᠨ ᠨᠢᠭᠤᠴᠠ ᠳᠤ ᠬᠤᠯᠪᠤᠭᠳᠠᠵᠤ᠂ ᠢᠯᠡ ᠪᠤᠯᠭᠠᠭᠰᠠᠨ ᠤ ᠰᠡᠬᠦᠯᠡᠷ ᠭᠤᠷᠪᠠᠳᠠᠬᠢ ᠡᠳᠡᠬᠡᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ ᠮᠡᠳᠡᠨ᠎ᠡ ᠬᠡᠵᠤ ᠦᠵᠡᠭᠰᠡᠨ ᠪᠤᠯ᠂ ᠪᠢᠴᠢᠭ ᠤᠨ ᠬᠡᠯᠪᠡᠷᠢ ᠪᠠᠷ ᠭᠤᠷᠪᠠᠳᠡᠬᠢ ᠡᠳᠡᠬᠡᠳ ᠤᠨ ᠰᠠᠨᠠᠯ ᠢ ᠬᠤᠷᠢᠶᠠᠨ᠎ᠠ ︔ ᠭᠤᠷᠪᠠᠳᠡᠬᠢ ᠡᠳᠡᠬᠡᠳ ᠠᠴᠠ ᠢᠯᠡ ᠪᠤᠯᠭᠠᠬᠤ ᠶᠢ ᠦᠯᠤ ᠵᠦᠪᠰᠢᠶᠡᠷᠡᠪᠡᠯ᠂ ᠢᠯᠡ ᠪᠤᠯᠭᠠᠵᠤ ᠪᠤᠯᠬᠤ ᠦᠭᠡᠢ᠃ ᠬᠡᠪᠡᠴᠤ ᠲᠤᠰ ᠪᠠᠶᠢᠭᠤᠯᠤᠯᠭ᠎ᠠ ᠠᠴᠠ ᠢᠯᠡ ᠪᠤᠯᠭᠠᠬᠤ ᠦᠭᠡᠢ ᠪᠤᠯ ᠤᠯᠠᠨ ᠨᠡᠶᠢᠳᠠ ᠶᠢᠨ ᠠᠰᠢᠭ ᠲᠤᠰᠠ ᠳᠤ ᠬᠦᠨᠳᠤ ᠶᠡᠭᠡ ᠨᠦᠯᠦᠬᠡ ᠦᠵᠡᠬᠦᠯᠵᠤ ᠮᠡᠳᠡᠨ᠎ᠡ ᠬᠡᠵᠤ ᠦᠵᠡᠪᠡᠯ᠂ ᠢᠯᠡ ᠪᠤᠯᠭᠠᠵᠤ ᠪᠤᠯᠤᠨ᠎ᠠ᠂ ᠬᠠᠮᠳᠤ ᠳᠤ ᠨᠢ ᠢᠯᠡ ᠪᠤᠯᠭᠠᠬᠤ ᠪᠠᠷ ᠲᠤᠭᠳᠠᠭᠰᠠᠨ ᠵᠠᠰᠠᠭ ᠤᠨ ᠰᠤᠷᠠᠭ ᠤᠨ ᠠᠭᠤᠯᠭ᠎ᠠ ᠪᠠ ᠰᠢᠯᠳᠠᠭᠠᠨ ᠢ ᠪᠢᠴᠢᠭ ᠤᠨ ᠬᠡᠯᠪᠡᠷᠢ ᠪᠠᠷ ᠭᠤᠷᠪᠠᠳᠡᠬᠢ ᠡᠳᠡᠬᠡᠳ ᠲᠤ ᠮᠡᠳᠡᠭᠳᠡᠨ᠎ᠡ᠃               ⒍ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠰᠤᠷᠠᠭ ᠲᠤ ᠢᠯᠡ ᠪᠤᠯᠭᠠᠬᠤ ᠳᠤ ᠵᠤᠬᠢᠰ ᠦᠭᠡᠢ ᠠᠭᠤᠯᠭ᠎ᠠ ᠪᠠᠭᠳᠠᠵᠤ᠂ ᠬᠡᠪᠡᠴᠤ ᠢᠯᠭᠠᠨ ᠰᠢᠢᠳᠪᠤᠷᠢᠯᠡᠵᠤ ᠪᠤᠯᠪᠠᠯ᠂ ᠭᠤᠶᠤᠴᠢᠯᠠᠭᠴᠢ ᠳᠤ ᠢᠯᠡ ᠪᠤᠯᠭᠠᠬᠤ ᠬᠡᠰᠡᠭ ᠵᠢᠴᠢ ᠤᠯᠤᠭᠰᠠᠨ ᠠᠷᠭ᠎ᠠ ᠬᠡᠯᠪᠡᠷᠢ ᠪᠠ ᠠᠷᠭ᠎ᠠ ᠵᠠᠮ ᠢ ᠮᠡᠳᠡᠭᠳᠡᠪᠡᠯ ᠵᠤᠬᠢᠨ᠎ᠠ ︔ ᠢᠯᠡ ᠪᠤᠯᠭᠠᠵᠤ ᠪᠤᠯᠬᠤ ᠦᠭᠡᠢ ᠬᠡᠰᠡᠭ ᠤᠨ ᠰᠢᠯᠳᠠᠭᠠᠨ ᠢ ᠨᠢ ᠲᠤᠳᠤᠷᠬᠠᠶᠢᠯᠠᠪᠠᠯ ᠵᠤᠬᠢᠨ᠎ᠠ᠃        ⒎ ᠠᠳᠠᠯᠢ ᠨᠢᠬᠡᠨ ᠭᠤᠶᠤᠴᠢᠯᠠᠭᠴᠢ ᠠᠴᠠ ᠲᠤᠰ ᠪᠠᠶᠢᠭᠤᠯᠤᠯᠭ᠎ᠠ ᠳᠤ ᠠᠳᠠᠯᠢ ᠨᠢᠬᠡᠨ ᠵᠠᠰᠠᠭ ᠤᠨ ᠰᠤᠷᠠᠭ ᠢ ᠢᠯᠡ ᠪᠤᠯᠭᠠᠬᠤ ᠪᠠᠷ ᠲᠡᠬᠢᠨ ᠭᠤᠶᠤᠴᠢᠯᠠᠭᠰᠠᠨ ᠪᠤᠯ᠂ ᠨᠢᠬᠡᠨᠳᠠ ᠬᠠᠷᠢᠭᠤᠯᠳᠠ ᠦᠭᠬᠦᠭᠰᠡᠨ ᠳᠤᠨᠢ ᠲᠡᠬᠢᠨ ᠬᠠᠷᠢᠭᠤᠯᠳᠠ ᠦᠭᠬᠦ ᠦᠭᠡᠢ᠃         ᠲᠤᠰ ᠪᠠᠶᠢᠭᠤᠯᠤᠯᠭ᠎ᠠ ᠠᠴᠠ ᠭᠤᠶᠤᠴᠢᠯᠠᠯ ᠢᠶᠠᠷ ᠵᠠᠰᠠᠭ ᠤᠨ ᠰᠤᠷᠠᠭ ᠢ ᠬᠠᠩᠭᠠᠬᠤ ᠳᠤ ᠡᠬᠦᠰᠦᠭᠰᠡᠨ ᠪᠠᠶᠢᠴᠠᠭᠠᠨ ᠡᠷᠢᠬᠦ᠂ ᠪᠠᠭᠤᠯᠭᠠᠬᠤ᠂ ᠰᠢᠤᠳᠠᠨ ᠢᠶᠠᠷ ᠢᠯᠡᠬᠡᠬᠦ ᠵᠡᠷᠬᠡ ᠶᠢᠨ ᠵᠠᠷᠤᠳᠠᠯ ᠤᠨ ᠰᠦᠢᠳᠬᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠶᠢ ᠤᠯᠤᠰ ᠵᠢᠴᠢ ᠦᠪᠡᠷᠳᠡᠬᠡᠨ ᠵᠠᠰᠠᠬᠤ ᠤᠷᠤᠨ ᠤ ᠪᠠᠷᠠᠭᠠᠨ ᠤ ᠦᠨ᠎ᠡ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠡᠷᠡᠭᠵᠢᠬᠦᠯᠦᠨ᠎ᠡ᠃          ᠭᠤᠷᠪᠠ᠂ ᠬᠢᠨᠠᠯᠳᠠ ᠲᠠᠯᠪᠢᠬᠤ ᠪᠠ ᠵᠠᠭᠠᠯᠳᠤᠬᠤ          ᠠᠷᠠᠳ ᠢᠷᠬᠡᠳ᠂ ᠬᠠᠤᠯᠢ ᠶᠢᠨ ᠡᠷᠭᠡᠳᠡᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠠᠴᠠ ᠲᠤᠰ ᠪᠠᠶᠢᠭᠤᠯᠤᠯᠭ᠎ᠠ ᠶᠢ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠡᠬᠦᠷᠬᠡ ᠪᠠᠨ ᠬᠠᠤᠯᠢ ᠶᠤᠰᠤᠭᠠᠷ ᠬᠦᠢᠴᠡᠳᠬᠡᠭᠰᠡᠨ ᠦᠭᠡᠢ ᠬᠡᠵᠤ ᠦᠵᠡᠪᠠᠯ᠂ ᠲᠤᠰ ᠪᠠᠶᠢᠭᠤᠯᠤᠯᠭ᠎ᠠ ᠶᠢᠨ ᠰᠠᠬᠢᠯᠭ᠎ᠠ ᠪᠠᠳᠤ ᠬᠢᠨᠡᠨ ᠪᠠᠶᠢᠴᠠᠭᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠬᠦ ᠪᠤᠶᠤ ᠵᠠᠭᠠᠯᠳᠤᠵᠤ ᠪᠤᠯᠤᠨ᠎ᠠ᠃ ᠵᠠᠭᠠᠯᠳᠤᠬᠤ ᠤᠳᠠᠰᠤ᠄ ︵0471︶ 4825348᠂ 4825349᠃          ᠡᠬᠦᠨ ᠠᠴᠠ ᠭᠠᠳᠠᠨ᠎ᠠ᠂ ᠠᠷᠠᠳ ᠢᠷᠬᠡᠨ᠂ ᠬᠠᠤᠯᠢ ᠶᠢᠨ ᠬᠦᠮᠦᠨ᠂ ᠪᠤᠰᠤᠳ ᠵᠤᠬᠢᠶᠠᠨ ᠪᠠᠶᠢᠭᠤᠯᠤᠯᠳᠠ ᠨᠢ ᠪᠠᠰᠠ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠬᠢᠨᠡᠨ ᠪᠠᠶᠢᠴᠠᠭᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠬᠦᠯᠬᠦ ᠪᠤᠶᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠤᠷᠢᠯᠡᠵᠤ ᠪᠤᠯᠤᠨ᠎ᠠ᠃ ᠲᠠᠭᠠᠯᠳᠤᠭᠤᠯᠤᠯ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠠᠰᠠᠭ ᠤᠨ ᠰᠤᠷᠠᠭ ᠢ ᠢᠯᠡ ᠪᠤᠯᠭᠠᠬᠤ ᠭᠤᠶᠤᠴᠢᠯᠠᠯ ᠤᠨ ᠬᠦᠰᠦᠨᠦᠭ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ 2014 ᠣᠨ ᠤ 1 ᠰᠠᠷ᠎ᠠ ᠶᠢᠨ 1 ᠤ ᠡᠳᠤᠷ
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号