2016 ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠢᠳᠡᠷᠬᠡᠭ ᠠᠯᠬᠤᠭ᠎ᠠ
ᠨᠡᠶᠢᠲᠡᠯᠡᠭᠰᠡᠨ ᠴᠠᠭ᠄
2017-01-13
      ᠡᠨᠡ ᠵᠢᠯ ᠪᠤᠯ ︽13.5︾ ᠶᠢᠨ ᠡᠬᠢᠨ ᠤ ᠵᠢᠯ᠂ ᠰᠢᠨ᠎ᠠ ᠪᠠᠶᠢᠳᠠᠯ ᠪᠤᠯᠤᠨ ᠰᠢᠨ᠎ᠠ ᠡᠬᠦᠷᠬᠡ ᠶᠢᠨ ᠡᠮᠦᠨ᠎ᠠ᠂ ᠦᠪᠦᠷ ᠮᠤᠩᠭᠤᠯ ᠤᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠠᠵᠢᠯ ᠨᠢ ᠰᠢᠨ᠎ᠠ ᠭᠠᠷᠤᠭ᠎ᠠ ᠪᠠᠨ ᠠᠪᠤᠭᠰᠠᠨ ᠶᠤᠮ᠃       ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠠᠵᠤ᠂ ᠦᠬᠡᠷᠡᠴᠢᠯᠠᠯᠳᠠ ᠶᠢᠨ ︽ᠵᠠᠮ ᠱᠤᠭᠤᠮ︾ ᠢ ᠵᠢᠷᠤᠵᠤ ᠲᠦᠯᠦᠪᠯᠡᠨ᠎ᠠ       2 ᠳ᠋ᠤᠭᠠᠷ ᠰᠠᠷ᠎ᠠ ᠶᠢᠨ 16 ᠤ ᠡᠳᠦᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠲᠤᠮᠤ ᠠᠰᠠᠷ ᠲᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠤᠳᠤᠷᠢᠳᠬᠤ ᠲᠤᠭᠤᠢᠢᠯᠠᠩ ᠤᠨ ᠬᠢᠨ 2016 ᠣᠨ ᠤ ᠡᠯ᠎ᠠ ᠬᠦᠷᠢᠶ᠎ᠠ ᠴᠠᠷᠠᠭᠠᠨ ᠳᠠᠬᠢ ᠦᠬᠡᠷᠡᠴᠢᠯᠠᠯᠳᠠ ᠶᠢᠨ ᠲᠦᠰᠦᠯ ᠢ ᠶᠠᠭ ᠰᠠᠶᠢᠬᠠᠨ ᠬᠢᠨᠠᠨ ᠵᠦᠪᠯᠡᠵᠤ ᠪᠠᠶᠢᠯ᠎ᠠ᠃      ᠡᠨᠡ ᠵᠢᠯ ᠪᠤᠯ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠭᠤᠷᠪᠠᠳᠠᠬᠢ ᠵᠢᠯ᠂ ᠮᠦᠨ ᠴᠤ ᠮᠠᠨ ᠤ ᠤᠷᠤᠨ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠶᠢᠨ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃       ᠦᠬᠡᠷᠡᠴᠢᠯᠠᠯᠳᠠ ᠶᠢ ᠬᠢᠬᠦ ᠳᠤ ᠭᠤᠶᠢᠪᠢᠰᠢ ᠦᠬᠡᠢ ᠡᠷᠡᠰ ᠵᠤᠷᠢᠭ ᠪᠠᠶᠢᠬᠤ ᠪᠠᠷ ᠪᠠᠷᠠᠬᠤ ᠦᠬᠡᠢ ᠪᠠᠰᠠ ᠰᠢᠨᠵᠢᠯᠡᠬᠦ ᠤᠬᠠᠭᠠᠨᠴᠢ ᠪᠠᠶᠢᠷᠢᠯᠠᠭᠤᠯᠤᠯᠳᠠ ᠪᠠᠶᠢᠬᠤ ᠴᠢᠬᠤᠯᠠᠳᠠᠢ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠵᠢᠭᠠᠵᠤ ᠭᠠᠷᠭᠠᠬᠤ ᠳᠠᠭᠠᠨ᠂ ᠦᠬᠡᠷᠡᠴᠢᠯᠠᠯᠳᠠ ᠶᠢ ᠪᠦᠬᠦ ᠲ᠊ ‍ᠠᠯ᠎ᠠ ᠪᠠᠷ ᠬᠦᠨᠵᠡᠬᠡᠶᠢᠷᠡᠬᠦᠯᠬᠦ ᠪᠤᠯ ᠪᠤᠳᠤᠯᠢᠶᠠᠨᠳᠠᠢ ᠰᠢᠰᠲ᠋ᠧᠮᠳᠤ ᠢᠨᠵᠧᠨᠧᠷᠢᠩ ᠪᠤᠯᠬᠤ ᠶᠤᠮ᠂ ᠡᠷᠬᠡᠪᠰᠢ ᠨᠢᠬᠡᠳᠦᠯᠳᠠᠢ ᠲᠦᠯᠦᠪᠵᠢᠬᠦᠯᠦᠨ ᠵᠤᠬᠢᠴᠠᠭᠤᠯᠬᠤ ᠶᠢ ᠴᠢᠩᠭᠠᠳᠬᠠᠵᠤ᠂ ᠪᠦᠬᠦᠯᠢ ᠴᠤᠭᠴᠠ ᠪᠠᠷ ᠠᠬᠢᠭᠤᠯᠬᠤ ᠪᠤᠯᠤᠨ ᠭᠤᠤᠯᠳᠠᠯᠭᠠᠳᠠᠢ ᠰᠢᠪᠳᠤᠯᠬᠤ ᠶᠢ ᠬᠠᠷᠢᠯᠴᠠᠨ ᠨᠢᠬᠡᠳᠦᠯᠳᠠᠢ ᠪᠤᠯᠭᠠᠬᠤ ᠶᠢ ᠪᠡᠶᠡᠯᠡᠬᠦᠯᠬᠦ ᠬᠡᠷᠡᠭᠳᠡᠢ ᠬᠡᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ᠵᠠᠬᠢᠭᠰᠠᠠ ᠮᠠᠨ ᠤ ᠤᠷᠤᠨ ᠤᠷᠢᠳᠠᠪᠠᠷ ᠠᠯᠬᠤᠵᠤ ᠤᠷᠢᠳᠠᠪᠠᠷ ᠲᠤᠷᠰᠢᠬᠤ ᠭᠤᠷᠪᠠᠨ ᠲᠦᠷᠦᠯ ᠤᠨ ᠭᠤᠤᠯᠳᠠᠭᠠᠯᠳᠤ ᠦᠬᠡᠷᠡᠴᠢᠯᠠᠯᠳᠠ ᠶᠢ ᠬᠦᠨᠵᠡᠬᠡᠢ ᠠᠬᠢᠭᠤᠯᠵᠤ᠂ ᠡᠨᠡᠬᠦ ᠭᠤᠷᠪᠠᠨ ᠲᠦᠷᠦᠯ ᠤᠨ ᠦᠬᠡᠷᠡᠴᠢᠯᠠᠯᠳᠠ ᠶᠢᠨ ᠲᠠᠰᠤᠷᠠᠯᠳᠠᠦᠬᠡᠢ ᠰᠢᠨ᠎ᠠ ᠠᠬᠢᠯᠳᠠ ᠰᠢᠨ᠎ᠠ ‍ᠦᠷ᠎ᠠ ᠠᠰᠢᠬ ᠤᠯᠬᠤ ᠶᠢ ᠪᠠᠳᠤᠯᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠬᠡᠷᠡᠴᠢᠯᠠᠯᠳᠠ ᠶᠢ ᠬᠦᠨᠵᠡᠬᠡᠢ ᠠᠬᠢᠭᠤᠯᠵᠤ᠂ ᠨᠢᠬᠡ ᠪᠦᠯᠦᠭ ᠴᠢᠬᠤᠯᠠ ᠲᠣᠮᠣ ᠥᠭᠡᠷᠡᠴᠢᠯᠡᠯᠲᠡ ᠶᠢᠨ ᠠᠷᠭ᠎ᠠ ᠪᠠᠷᠢᠯ ᠢ ᠰᠤᠳᠤᠯᠤᠨ ᠭᠠᠷᠭᠠᠨ᠎ᠠ᠃        ᠵᠠᠰᠠᠭ ᠢ ᠴᠤᠮᠬᠠᠳᠬᠠᠵᠤ ᠡᠷᠬᠡ ᠶᠢ ᠲᠤᠷᠤᠭᠰᠢ ᠲᠠᠯᠪᠢᠬᠤ ᠵᠡᠷᠬᠡ ᠭᠤᠤᠯᠳᠠᠯᠭᠠᠳᠤ ᠦᠬᠡᠷᠡᠴᠢᠯᠠᠯᠳᠠ ᠶᠢ ᠬᠦᠨᠵᠡᠬᠡᠢ ᠠᠬᠢᠭᠤᠯᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠢ ᠬᠦᠳᠦᠯᠦᠨ ᠲᠠᠭᠠᠭᠤᠯᠬᠤ ᠳᠤ ᠠᠰᠢᠬᠳᠠᠢ ᠪᠠᠶᠢᠭᠤᠯᠤᠮᠵᠢ ᠲᠤᠭᠳᠠᠴᠠ ᠶᠢ ᠠᠯᠢ ᠲᠦᠷᠭᠡᠨ ᠢᠶᠠᠷ ᠪᠠᠶᠢᠭᠤᠯᠤᠨ᠎ᠠ ᠁       ᠡᠨᠡ ᠨᠢᠬᠡ ᠵᠢᠯ᠂ ᠠᠵᠤ ᠠᠬᠤᠢ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠲᠤᠭᠳᠠᠭᠤᠨ ᠢᠶᠠᠷ ᠤᠷᠤᠭᠰᠢᠯᠠᠬᠤ ᠪᠤᠯᠤᠨ᠎ᠠ᠃ ᠮᠠᠨ ᠤ ᠤᠷᠤᠨ ᠵᠠᠰᠠᠭ ᠤᠨ ᠤᠷᠳᠤᠨ ᠤ ᠡᠭᠦᠷᠭᠡ ᠴᠢᠳᠠᠪᠬᠢ ᠶᠢᠨ ᠬᠤᠪᠢᠷᠠᠯᠳᠠ ᠶᠢ ᠦᠷᠬᠦᠯᠵᠢᠯᠠᠨ ᠠᠬᠢᠭᠤᠯᠵᠤ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ᠭᠤᠷᠪᠠᠨ ᠱᠠᠳᠤᠨ ᠤ ᠡᠷᠬᠡ ᠬᠠᠷᠢᠭᠤᠴᠠᠯᠭ᠎ᠠ ᠬᠠᠷᠢᠯᠴᠠᠨ ᠨᠢᠬᠡᠳᠦᠯᠳᠠᠢ ︽ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ᠶᠢ ᠪᠡᠶᠡᠯᠡᠬᠦᠯᠦᠨ᠎ᠠ ᠁       ᠡᠨᠡ ᠨᠢᠬᠡ ᠵᠢᠯ᠂ ᠠᠷᠠᠳᠴᠢᠯᠠᠭᠰᠠᠠ ᠬᠠᠤᠯᠢ ᠪᠠᠷ ᠵᠠᠰᠠᠬᠤ ᠬᠦᠷᠢᠶ᠎ᠠ ᠴᠠᠷᠠᠭᠠᠨ ᠤ ᠦᠬᠡᠷᠡᠴᠢᠯᠠᠯᠳᠠ ᠶᠢ ᠤᠯᠠᠮ ᠨᠢᠬᠡ ᠠᠯᠬᠤᠮ ᠬᠦᠨᠵᠡᠬᠡᠶᠢᠷᠡᠬᠦᠯᠦᠨ᠎ᠠ᠃ ᠤᠷᠤᠨ ᠨᠤᠳᠤᠭ ᠤᠨ ᠬᠠᠤᠯᠢ ᠲᠤᠭᠳᠠᠭᠠᠬᠤ ᠪᠠᠶᠢᠭᠤᠯᠤᠮᠵᠢ ᠲᠤᠭᠳᠠᠴᠠ ᠶᠢ ᠲᠡᠬᠦᠯᠳᠡᠷᠵᠢᠬᠦᠯᠵᠤ᠂ ᠬᠠᠤᠯᠢ ᠲᠤᠭᠳᠠᠭᠠᠬᠤ ᠵᠦᠪᠳᠡᠯᠴᠡᠬᠡᠷ ᠤᠨ ᠠᠵᠢᠯ ᠢ ᠬᠦᠨᠵᠡᠬᠡᠢ ᠦᠷᠨᠢᠬᠦᠯᠦᠨ᠎ᠠ ︔ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠢᠨᠠᠯᠳᠠ ᠲᠠᠯᠪᠢᠬᠤ ᠶᠢ ᠴᠢᠩᠭᠠᠳᠬᠠᠨ ᠰᠠᠶᠢᠵᠢᠷᠠᠭᠤᠯᠤᠨ᠎ᠠ ︔ ᠬᠠᠤᠯᠢ ᠶᠢᠨ ᠵᠦᠪᠯᠡᠭᠴᠢ ᠶᠢᠨ ᠲᠦᠷᠢᠮ ᠢ ᠨᠠᠶᠢᠳᠠᠮ ᠪᠠᠶᠢᠭᠤᠯᠤᠨ᠎ᠠ ᠁       ᠡᠨᠡ ᠨᠢᠬᠡ ᠵᠢᠯ᠂ ᠰᠤᠶᠤᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠰᠢᠨ᠎ᠠ ᠲᠡᠭᠳᠡᠷ ᠲᠤ ᠭᠠᠷᠬᠤ ᠪᠤᠯᠤᠨ᠎ᠠ ᠃ ᠮᠠᠨ ᠤ ᠤᠷᠤᠨ ᠨᠡᠶᠢᠬᠡᠮ ᠵᠢᠷᠤᠮᠳᠤ ᠭᠤᠤᠯᠯᠠᠭᠴᠢ ᠦᠷᠳᠡᠭ ᠤᠨ ᠦᠵᠡᠯᠳᠠ ᠶᠢᠨ ᠲᠤᠭᠳᠠᠯᠴᠠᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠬᠡᠮ ᠵᠢᠷᠤᠮᠳᠤ ᠭᠤᠤᠯᠯᠠᠭᠴᠢ ᠦᠷᠳᠡᠭ ᠤᠨ ᠦᠵᠡᠯᠳᠠ ᠶᠢ ᠬᠠᠤᠯᠢ ᠪᠠᠷ ᠵᠠᠰᠠᠬᠤ ᠪᠠᠶᠢᠭᠤᠯᠤᠯᠳᠠ ᠳᠤ ᠠᠭᠤᠰᠬᠠᠬᠤ ᠲᠤᠬᠠᠢ ᠬᠡᠷᠡᠭᠵᠢᠬᠦᠯᠬᠦ ᠰᠠᠨᠠᠯ ᠢ ᠲᠤᠭᠳᠠᠭᠠᠬᠤ ᠪᠤᠯᠤᠨ᠎ᠠ᠃       ᠡᠨᠡ ᠨᠢᠬᠡ ᠵᠢᠯ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠨᠠᠩ ᠢᠯᠡᠬᠦᠦ ᠬᠦᠴᠦ ᠦᠭᠬᠦ ᠪᠤᠯᠤᠨ᠎ᠠ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢᠶᠠᠷ ᠭᠤᠤᠯ ᠴᠤᠭᠴᠠ ᠪᠤᠯᠭᠠᠭᠰᠠᠠ 4 ᠲᠦᠷᠦᠯ ᠤᠨ ᠦᠬᠡᠷᠡᠴᠢᠯᠠᠯᠳᠠ ᠶᠢᠨ ᠲᠤᠷᠰᠢᠯᠳᠠ ᠶᠢᠨ ᠴᠢᠬ ᠢ ᠬᠦᠨᠵᠡᠬᠡᠶᠢᠷᠡᠬᠦᠯᠦᠨ᠎ᠠ ︔ ᠬᠠᠤᠯᠢ ᠴᠠᠭᠠᠵᠠ ᠶᠢᠨ ᠡᠷᠬᠡ ᠶᠢ ᠬᠡᠷᠡᠭᠵᠢᠬᠦᠯᠬᠦ ᠲᠤᠭᠳᠠᠴᠠ ᠶᠢ ᠪᠦᠷᠢᠨᠰᠢᠬᠦᠯᠦᠨ᠎ᠠ ︔ ᠬᠦᠮᠦᠨ ᠤ ᠡᠷᠬᠡ ᠶᠢᠨ ᠬᠠᠤᠯᠢ ᠴᠠᠭᠠᠵᠠ ᠶᠢᠨ ᠪᠠᠳᠤᠯᠠᠪᠤᠷᠢ ᠶᠢᠨ ᠲᠦᠷᠢᠮ ᠢ ᠲᠡᠬᠦᠯᠳᠡᠷᠵᠢᠬᠦᠯᠦᠨ᠎ᠠ ᠁       2016 ᠣᠨ ᠳᠤ᠂ ᠮᠠᠨ ᠤ ᠤᠷᠤᠨ ᠤ ᠠᠵᠤ ᠠᠬᠤᠢ ᠠᠮᠢ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠬᠡᠷᠡᠭᠵᠢᠬᠦᠯᠦᠭᠰᠡᠡ ᠦᠬᠡᠷᠡᠴᠢᠯᠠᠯᠳᠠ ᠶᠢᠨ ᠡᠬᠦᠷᠬᠡ 158 ᠲᠦᠷᠦᠯ᠂ ᠲᠡᠭᠦᠨ ᠤ ᠲᠤᠮᠳᠠ ᠦᠬᠡᠷᠡᠴᠢᠯᠠᠯᠳᠠ ᠶᠢᠨ ᠦᠷ᠎ᠠ ᠪᠦᠳᠦᠮᠵᠢ ᠭᠠᠷᠭᠠᠬᠤ ᠴᠢᠬᠤᠯᠠᠳᠠᠢ ᠨᠢ 111 ᠲᠦᠷᠦᠯ᠂ ᠦᠷᠬᠦᠯᠵᠢᠯᠠᠨ ᠨᠠᠶᠢᠳᠠᠪᠤᠷᠢᠵᠢᠭᠤᠯᠬᠤ ᠴᠢᠬᠤᠯᠠᠳᠠᠢ ᠨᠢ 47 ᠲᠦᠷᠦᠯ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭ᠎ᠠ ᠠᠳᠬᠤᠵᠤ᠂ ᠵᠤᠷᠢᠬᠳᠠᠢ ᠲᠤᠷᠰᠢᠵᠤ ᠵᠤᠷᠢᠭᠳᠠᠢ ᠪᠠᠷ ᠰᠢᠨ᠎ᠠ ᠶᠢ ᠡᠬᠦᠳᠦᠨ᠎ᠠ ᠦᠩᠬᠡᠷᠡᠭᠰᠡᠡ ᠳᠤ᠂ ᠪᠤᠳᠤᠯᠢᠶᠠᠨᠳᠠᠢ ᠭᠠᠷ ᠬᠦᠢᠴᠡᠳᠬᠡᠯ ᠨᠢ ᠴᠦᠬᠡᠨ ᠪᠤᠰᠤ ᠦᠢᠯᠡᠰ ᠪᠤᠰᠬᠠᠭᠴᠢ ᠶᠢᠨ ᠰᠠᠭᠠᠳ ᠲᠤᠳᠬᠠᠷ ᠪᠤᠯᠵᠤ ᠪᠠᠶᠢᠵᠠᠢ᠃ 2015 ᠤᠨ ᠳᠤ᠂ ᠮᠠᠨ ᠤ ᠤᠷᠤᠨ ᠵᠠᠰᠠᠭ ᠤᠨ ᠤᠷᠳᠤᠨ ᠤ ᠡᠷᠬᠡ ᠶᠢ ︽ᠬᠠᠰᠤᠬᠤ︾ ᠪᠠᠷ ᠵᠠᠬ᠎ᠠ ᠲᠡᠯᠬᠡᠬᠦᠷ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠵᠤ᠂ ︽ᠭᠤᠷᠪᠠᠨ ᠦᠨᠡᠮᠯᠡᠯ ᠢ ᠨᠢᠬᠡᠳᠬᠡᠬᠦ︾ ᠲᠠᠩᠰᠠᠯᠠᠬᠤ ᠲᠦᠷᠢᠮ ᠤᠨ ᠦᠬᠡᠷᠡᠴᠢᠯᠠᠯᠳᠠ ᠶᠢᠨ ᠲᠠᠷᠠᠭ᠎ᠠ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠲᠠᠩᠰᠠᠯᠠᠬᠤ ᠶᠠᠪᠤᠴᠠ ᠶᠡᠭᠡ ᠬᠡᠮᠵᠢᠶ᠎ᠠ ᠪᠠᠷ ᠲᠦᠬᠦᠮᠴᠢᠯᠡᠭᠳᠡᠭᠰᠡᠡ ᠪᠠᠶᠢᠨ᠎ᠠ᠃ ︽ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠲᠦᠰᠦᠯ ᠤᠨ ᠴᠢᠨᠠᠷ ᠢ ᠲᠡᠬᠡᠭᠰᠢᠯᠡᠬᠦᠯᠬᠦ ᠬᠡᠷᠡᠭᠳᠡᠢ︾᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠵᠢᠭᠠᠵᠤ ᠭᠠᠷᠭᠠᠬᠤ ᠳᠠᠭᠠᠨ᠂ ᠲᠦᠰᠦᠯ ᠤᠨ ᠴᠢᠨᠠᠷ ᠢ ᠨᠢᠬᠡᠳᠦᠬᠡᠷ ᠪᠠᠶᠢᠷᠢᠨ ᠳᠤ ᠲᠠᠯᠪᠢᠬᠤ ᠶᠢ ᠢᠮᠠᠭᠳᠠ ᠪᠠᠷᠢᠮᠳᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠭᠰᠠᠠ ᠡᠰᠡᠬᠦ᠂ ᠠᠰᠢᠬ ᠲᠤᠰᠠ ᠶᠢᠨ ᠬᠠᠷᠢᠴᠠᠭ᠎ᠠ ᠮᠦᠨ ᠡᠰᠡᠬᠦ᠂ ᠦᠨᠳᠦᠰᠦᠨ ᠱᠠᠳᠤᠨ ᠳᠤ ᠦᠢᠯᠠᠭᠠᠭᠳᠠᠵᠤ ᠨᠠᠶᠢᠳᠠᠪᠤᠷᠢᠵᠢᠭᠤᠯᠤᠭᠳᠠᠬᠤ ᠳᠤ ᠬᠢᠯᠪᠠᠷ ᠡᠰᠡᠬᠦ ᠵᠡᠷᠬᠡ ᠶᠢ ᠲᠦᠰᠦᠯ ᠢ ᠦᠨᠡᠯᠡᠬᠦ ᠶᠢᠨ ᠴᠢᠬᠤᠯᠠ ᠪᠠᠷᠢᠮᠵᠢᠶ᠎ᠠ ᠪᠤᠯᠭᠠᠵᠤ᠂ ᠦᠬᠡᠷᠡᠴᠢᠯᠠᠯᠳᠠ ᠶᠢᠨ ᠠᠷᠭ᠎ᠠ ᠪᠠᠷᠢᠯ ᠠᠭᠤᠯᠤᠭᠳᠠᠬᠤᠨ ᠲᠤᠳᠤᠷᠬᠠᠢ᠂ ᠴᠢᠭᠯᠡᠯ ᠲᠤᠳᠤᠷᠬᠠᠢ᠂ ᠠᠰᠠᠭᠤᠳᠠᠯ ᠢ ᠰᠢᠢᠳᠪᠤᠷᠢᠯᠡᠬᠦ ᠵᠡᠷᠬᠡ ᠶᠢ ᠪᠠᠳᠤᠯᠠᠬᠤ ᠬᠡᠷᠡᠭᠳᠡᠢ ᠬᠡᠵᠠᠢ᠃        2016 ᠣᠨ ᠳᠤ᠂ ᠮᠠᠨ ᠤ ᠤᠷᠤᠨ ᠦᠨ᠎ᠠ ᠬᠠᠨᠭ᠍ᠰᠢ ᠶᠢᠨ ᠦᠭᠡᠷᠡᠴᠢᠯᠡᠯᠳᠠ ᠶᠢ ᠭᠦᠨᠵᠡᠭᠡᠶᠢᠷᠡᠭᠦᠯᠵᠤ᠂ ᠮᠠᠯ ᠳᠠᠷᠢᠶᠠᠯᠡᠩ ᠤᠨ ᠦᠢᠯᠡᠰ ᠤᠨ ᠤᠰᠤᠨ ᠤ ᠦᠨ᠎ᠡ ᠶᠢᠨ ᠦᠭᠡᠷᠡᠴᠢᠯᠠᠯᠳᠠ ᠶᠢᠨ ᠰᠠᠨᠠᠯ ᠢ ᠳᠤᠭᠳᠠᠭᠠᠨ ᠭᠡᠷᠡᠭᠵᠢᠭᠦᠯᠵᠤ᠂ ᠴᠠᠭᠢᠯᠭᠠᠨ ᠭᠦᠴᠦᠨ ᠤ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠭᠦ ᠭᠡᠷᠡᠭᠵᠢᠭᠦᠯᠭᠦ ᠰᠠᠨᠠᠯ ᠢ ᠭᠠᠷᠭᠠᠠ᠂ ᠮᠡᠳᠡᠯᠭᠡ ᠶᠢᠨ ᠦᠨ᠎ᠠ ᠦᠷᠳᠡᠭ ᠢᠶᠠᠷ ᠴᠢᠭᠯᠡᠯ ᠢᠶᠠᠨ ᠪᠤᠯᠭᠠᠭᠰᠠᠨ ᠬᠤᠪᠢᠶᠠᠷᠯᠠᠯᠳᠠ ᠶᠢᠨ ᠳᠦᠷᠦ ᠶᠢᠨ ᠪᠤᠳᠤᠯᠭ᠎ᠠ ᠶᠢ ᠭᠡᠷᠡᠭᠵᠢᠭᠦᠯᠵᠤ᠂ ᠡᠷᠳᠡᠮ ᠰᠢᠨᠵᠢᠯᠡᠭᠡᠨ ᠤ ᠭᠦᠮᠦᠰ ᠤᠨ ᠦᠷ᠎ᠠ ᠪᠦᠳᠦᠭᠡᠯ ᠢ ᠠᠰᠢᠭ ᠤᠷᠤᠯᠭ᠎ᠠ ᠪᠤᠯᠭᠠᠨ ᠬᠠᠮᠳᠤᠪᠡᠷ ᠡᠳ᠋ᠯᠡᠭᠦ ᠬᠠᠷᠢᠴᠠᠯ ᠢ ᠳᠡᠭᠡᠭᠰᠢᠯᠡᠭᠦᠯᠵᠠᠢ᠃        2016 ᠣᠨ ᠳᠤ᠂ ᠮᠠᠨ ᠤ ᠤᠷᠤᠨ ᠢᠳᠡᠭᠡᠨ ᠤ ᠠᠮᠤᠷ ᠳᠦᠪᠰᠢᠨ ᠪᠤᠯᠤᠨ ᠮᠠᠯ ᠳᠠᠷᠢᠶᠠᠯᠠᠩ ᠤᠨ ᠪᠦᠳᠦᠭᠡᠭᠳᠡᠭᠦᠨ ᠤ ᠴᠢᠨᠠᠷ ᠤᠨ ᠠᠮᠤᠷ ᠳᠦᠪᠰᠢᠨ ᠢ ᠵᠠᠰᠠᠭ ᠤᠨ ᠤᠷᠳᠤᠨ ᠤ ᠦᠷ᠎ᠠ ᠪᠦᠳᠦᠮᠵᠢ ᠶᠢᠨ ᠭᠢᠨᠠᠨ ᠰᠢᠯᠭᠠᠯᠳᠠ ᠳᠤ ᠤᠷᠤᠭᠤᠯᠵᠤ᠂ ᠨᠢᠭᠡ ᠡᠷ᠎ᠠ ᠡᠮ᠎ᠠ ᠬᠤᠶᠠᠭᠤᠯᠠ ᠬᠤᠶᠠᠷ ᠭᠡᠤᠭᠡᠳ ᠠᠪᠬᠤ ᠳᠦᠷᠦ ᠶᠢᠨ ᠪᠤᠳᠤᠯᠭ᠎ᠠ ᠶᠢ ᠪᠦᠭᠦ ᠳᠠᠯ᠎ᠠ ᠪᠠᠷ ᠭᠡᠷᠡᠭᠵᠢᠭᠦᠯᠵᠤ᠂ ᠪᠦᠷᠢᠨ ᠳᠡᠭᠦᠯᠳᠡᠷ ᠠᠮᠤ ᠪᠤᠳᠠᠭ᠎ᠠ ᠶᠢᠨ ᠦᠢᠯᠡᠳᠪᠦᠷᠢᠯᠡᠯ ᠤᠨ ᠳᠤᠭᠤᠷᠢᠭ ᠤᠨ ᠠᠰᠢᠭ ᠳᠤᠰᠠ ᠶᠢᠨ ᠨᠦᠭᠦᠪᠦᠷᠢᠯᠡᠯ ᠤᠨ ᠳᠤᠭᠳᠠᠴᠠ ᠶᠢ ᠪᠠᠶᠢᠭᠤᠯᠵᠠᠢ᠃        2016 ᠣᠨ ᠳᠤ᠂ ᠠᠬᠠᠮᠠᠳ ᠨᠠᠰᠤᠳᠠᠨ ᠢ ᠬᠠᠶᠢᠷᠠᠯᠠᠨ ᠭᠦᠨᠳᠦᠳᠭᠡᠭᠦ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠤᠨ᠂ ᠠᠬᠠᠮᠠᠳ ᠨᠠᠰᠤᠳᠠᠨ ᠳᠤ ᠦᠢᠯᠡᠴᠢᠯᠡᠭᠦ ᠠᠰᠠᠷᠠᠮᠵᠢ ᠶᠢᠨ ᠴᠢᠨᠠᠷᠳᠠᠢ ᠳᠦᠷᠦ ᠶᠢᠨ ᠪᠤᠳᠤᠯᠭ᠎ᠠ ᠶᠢ ᠳᠤᠭᠳᠠᠭᠠᠵᠠᠢ᠂ ᠳᠠᠭᠡᠳᠦ ᠰᠤᠷᠭᠠᠭᠤᠯᠢ ᠠᠴᠠ ᠳᠡᠭᠦᠰᠦᠭᠰᠡᠨ ᠤᠶᠤᠳᠠᠨ ᠤ ᠦᠨᠳᠦᠰᠦᠨ ᠱᠠᠳᠤᠨ ᠳᠤ ᠭᠦᠷᠴᠤ ᠠᠵᠢᠯᠯᠡᠬᠤ ᠶᠢ ᠬᠥᠬᠢᠭᠦᠯᠬᠦ ᠦᠢᠯᠡᠴᠢᠯᠡᠭᠡ ᠶᠢ ᠪᠠᠳᠤᠯᠠᠬᠤ ᠳᠤᠭᠳᠠᠴᠠ ᠶᠢ ᠪᠦᠷᠢᠨᠰᠢᠭᠦᠯᠵᠡᠢ᠃       2016 ᠣᠨ ᠳᠤ᠂ ᠮᠠᠨ ᠤ ᠤᠷᠤᠨ ᠠᠷᠠᠯᠵᠢᠶ᠎ᠠ ᠶᠢᠨ ᠭᠡᠷᠡᠭ ᠶᠠᠪᠤᠳᠠᠯ ᠤᠨ ᠳᠦᠷᠢᠮ ᠤᠨ ᠦᠭᠡᠷᠡᠴᠢᠯᠡᠯᠳᠠ ᠶᠢ ᠦᠷᠭᠦᠯᠵᠢᠯᠠᠨ ᠭᠦᠨᠵᠡᠭᠡᠶᠢᠷᠡᠭᠦᠯᠵᠤ᠂ ᠪᠦᠭᠦ ᠶᠠᠪᠤᠴᠠ ᠶᠢᠨ ᠡᠯᠧᠺᠳ᠋ᠷᠤᠨᠴᠢᠯᠡᠭᠰᠡᠨ ᠳᠠᠩᠰᠤᠯᠠᠯᠳᠠ ᠪᠤᠯᠤᠨ ᠡᠯᠧᠺᠳ᠋ᠷᠤᠨ ᠡᠵᠡᠩᠨᠡᠯᠳᠠ ᠶᠢᠨ ᠦᠨᠡᠮᠯᠡᠯ ᠤᠨ ᠦᠭᠡᠷᠡᠴᠢᠯᠡᠯᠳᠠ ᠶᠢᠨ ᠳᠤᠷᠰᠢᠯᠳᠠ ᠶᠢᠨ ᠴᠢᠭ᠋ ᠤᠨ ᠠᠵᠢᠯ ᠢ ᠤᠯᠠᠮ ᠨᠢᠭᠡ ᠠᠯᠬᠤᠮ ᠳᠦᠯᠭᠢᠨ ᠠᠬᠢᠭᠤᠯᠵᠠᠢ ᠁       ︽ᠡᠴᠤᠰ ᠤᠨ ᠨᠢᠭᠡ   ᠺᠢᠯᠦᠮᠧᠲᠷ︾ ᠢ ᠰᠠᠶᠢᠳᠤᠷ ᠰᠠᠬᠢᠵᠤ᠂ ᠦᠭᠡᠷᠡᠴᠢᠯᠡᠯᠳᠠ ᠶᠢᠨ ᠠᠷᠭ᠎ᠠ ᠠᠪᠴᠠᠯ ᠤᠨ ᠤᠷᠤᠨ ᠨᠤᠳᠤᠭ ᠲᠤ ᠳᠤᠭᠳᠠᠬᠤ ᠶᠢ ᠪᠠᠳᠤᠯᠠᠨ᠎ᠠ ︽ᠦᠭᠡᠷᠡᠴᠢᠯᠠᠯᠳᠠ ᠶᠢᠨ ᠠᠵᠢᠯ ᠢ ᠨᠠᠶᠢᠳᠠᠪᠤᠷᠢᠵᠢᠭᠤᠯᠵᠤ ᠴᠢᠳᠠᠬᠤ ᠡᠰᠡᠭᠦ ᠨᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠤᠢ᠃ ᠰᠠᠯᠠᠭ᠎ᠠ ᠮᠦᠴᠢᠷ ᠪᠤᠯᠤᠨ ᠭᠠᠵᠠᠷ ᠤᠷᠤᠨ ᠭᠡᠭᠦ ᠬᠤᠶᠠᠷ ᠬᠠᠷᠢᠭᠤᠯᠴᠠᠭ᠎ᠠ ᠶᠢᠨ ᠭᠤᠤᠯ ᠴᠤᠭᠴᠠ ᠶᠢ ᠰᠠᠶᠢᠳᠤᠷ ᠠᠳᠬᠤᠬᠤ ᠭᠡᠷᠡᠭᠳᠠᠢ᠃ ᠳᠡᠭᠡᠭᠰᠢ ᠳᠤᠷᠤᠭᠰᠢ ᠨᠡᠪᠳᠡᠷᠡᠯᠴᠡᠭᠰᠡᠨ᠂ ᠳᠡᠰ ᠳᠡᠰ ᠢᠶᠠᠷ ᠬᠠᠷᠢᠭᠤᠴᠠᠭᠰᠠᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠳᠤᠭᠳᠠᠯᠴᠠᠭ᠎ᠠ ᠶᠢ ᠪᠤᠢ ᠪᠤᠯᠭᠠᠨ᠂ ᠬᠠᠷᠢᠭᠤᠴᠠᠯᠭ᠎ᠠ ᠳᠤᠭᠳᠠᠭᠠᠵᠤ ᠴᠢᠳᠠᠨ᠂ ᠬᠠᠷᠢᠭᠤᠴᠠᠯᠭ᠎ᠠ ᠨᠡᠭᠡᠮᠵᠢᠯᠡᠵᠦ ᠪᠤᠯᠬᠤ ᠭᠢᠨᠠᠨ ᠰᠢᠯᠭᠠᠯᠳᠠ ᠶᠢᠨ ᠳᠤᠭᠳᠠᠴᠠ ᠶᠢ ᠪᠦᠷᠢᠨᠰᠢᠭᠦᠯᠵᠤ᠂ ᠱᠤᠭᠤᠮ ᠪᠦᠷᠢ ᠶᠢ ᠴᠦᠮ ᠳᠡᠭᠰᠢᠯᠡᠵᠤ ᠴᠢᠩᠭᠠᠯᠠᠬᠤ ᠭᠡᠷᠡᠭᠳᠠᠢ︾ ᠭᠡᠵᠤ ᠰᠢ ᠶᠢᠨ ᠫᠢᠡᠭ ᠶᠡᠷᠦᠩᠭᠡᠢ ᠱᠦᠵᠢ ᠵᠢᠭᠠᠵᠤ ᠭᠠᠷᠭᠠᠭᠰᠠᠨ ᠶᠤᠮ᠃       ︽ᠦᠭᠡᠷᠡᠴᠢᠯᠠᠯᠳᠠ ᠶᠢ ᠳᠠᠭᠠᠭᠤᠯᠤᠨ ᠬᠢᠬᠦ ᠰᠠᠯᠠᠭ᠎ᠠ ᠮᠦᠴᠢᠷ ᠤᠨ ᠭᠤᠤᠯ ᠪᠤᠯᠬᠤ ᠤᠳᠤᠷᠢᠳᠤᠯᠭ᠎ᠠ ᠦᠭᠡᠷᠡᠴᠢᠯᠡᠯᠳᠠ ᠶᠢᠨ ᠨᠢᠭᠡᠳᠦᠯᠳᠠᠢ ᠳᠦᠯᠦᠪᠯᠡᠭᠡ ᠵᠤᠬᠢᠴᠠᠭᠤᠯᠭ᠎ᠠ᠂ ᠳᠦᠰᠦᠯ ᠤᠨ ᠴᠢᠨᠠᠷ ᠴᠢᠨᠰᠠᠭ᠎ᠠ᠂ ᠠᠰᠢᠭ ᠳᠤᠰᠠ ᠶᠢᠨ ᠪᠠᠶᠢᠴᠠᠭᠠᠯᠳᠠ᠂ ᠱᠠᠯᠠᠪᠳᠠᠭᠤᠯᠬᠤ ᠨᠠᠶᠢᠳᠠᠪᠤᠷᠢᠵᠢᠭᠤᠯᠬᠤ ᠳᠤ ᠰᠢᠭᠤᠳ ᠬᠠᠷᠢᠭᠤᠴᠠᠯᠭ᠎ᠠ ᠲᠠᠢ᠂ ᠡᠯ᠎ᠠ ᠵᠠᠩᠭᠢᠯᠠᠭ᠎ᠠ ᠶᠢᠨ ᠭᠤᠭᠴᠤᠭ᠎ᠠ ᠶᠢᠨ ᠠᠵᠢᠯ ᠶᠢᠨ ᠪᠦᠭᠦ ᠶᠠᠪᠤᠴᠠ ᠶᠢ ᠨᠠᠷᠢᠪᠴᠢᠯᠠᠵᠤ᠂ ᠪᠦᠭᠦ ᠶᠠᠪᠤᠴᠠ ᠳᠤ ᠬᠠᠷᠢᠭᠤᠴᠠᠨ᠎ᠠ︾ ᠭᠡᠵᠤ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠸᠠᠩ ᠵᠢᠶᠦ᠋ᠨ ᠱᠠᠭᠠᠷᠳᠠᠭᠰᠠᠨ ᠶᠤᠮ᠃       ᠦᠭᠡᠷᠡᠴᠢᠯᠡᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠵᠠᠩᠭᠢᠯᠭ᠎ᠠ ᠨᠢ ︽ᠨᠢᠭᠡᠳᠦᠭᠡᠷ ᠤᠳᠤᠷᠢᠳᠤᠯᠭ᠎ᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠤᠢ᠃ ᠡᠯ᠎ᠠ ᠱᠠᠳᠤᠨ ᠤ ᠨᠠᠮ ᠤ ᠬᠤᠷᠢᠶᠠᠨ ᠤ ᠱᠦᠵᠢ ᠪᠤᠯ ᠳᠤᠬᠠᠢ ᠶᠢᠨ ᠭᠠᠵᠠᠷ ᠤᠷᠤᠨ ᠤ ᠦᠭᠡᠷᠡᠴᠢᠯᠡᠯᠳᠠ ᠶᠢ ᠪᠦᠭᠦ ᠳᠠᠯ᠎ᠠ ᠪᠠᠷ ᠭᠦᠨᠵᠡᠭᠡᠶᠢᠷᠡᠭᠦᠯᠭᠦ ᠨᠢᠭᠡᠳᠦᠭᠡᠷ ᠬᠠᠷᠢᠭᠤᠴᠠᠯᠭᠠᠳᠠᠨ ᠪᠤᠯᠤᠨ᠎ᠠ᠂ ᠤᠶᠤᠨ ᠴᠢᠳᠠᠯ ᠢᠶᠠᠨ ᠪᠦᠷᠢᠨ ᠰᠢᠪᠬᠠᠵᠤ ᠦᠭᠡᠷᠡᠴᠢᠯᠡᠯᠳᠠ ᠶᠢ ᠰᠤᠳᠤᠯᠤᠨ᠂ ᠦᠭᠡᠷᠡᠴᠢᠯᠡᠯᠳᠠ ᠶᠢ ᠠᠬᠢᠭᠤᠯᠵᠤ᠂ ᠦᠪᠠᠷ ᠤᠨ ᠪᠡᠶ᠎ᠠ ᠪᠠᠷ ᠪᠠᠶᠢᠷᠢᠯᠠᠭᠤᠯᠤᠯᠳᠠ ᠶᠢ ᠠᠳᠬᠤᠵᠤ᠂ ᠳᠦᠰᠦᠯ ᠢ ᠠᠳᠬᠤᠨ᠂ ᠵᠤᠬᠢᠴᠠᠭᠤᠯᠭ᠎ᠠ ᠶᠢ ᠠᠳᠬᠤᠵᠤ᠂ ᠭᠢᠨᠠᠨ ᠪᠠᠶᠢᠴᠠᠭᠠᠯᠳᠠ ᠶᠢ ᠠᠳᠬᠤᠪᠠᠯ ᠰᠠᠶᠢ ᠳᠦᠪ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠦᠭᠡᠷᠡᠴᠢᠯᠡᠯᠳᠠ ᠶᠢᠨ ᠡᠭᠦᠷᠭᠡ ᠶᠢ ᠦᠨᠡᠨᠬᠦ ᠨᠠᠶᠢᠳᠠᠪᠤᠷᠢᠵᠢᠭᠤᠯᠵᠤ ᠴᠢᠳᠠᠨ᠎ᠠ᠃       ᠡᠨᠡ ᠵᠢᠯ ᠤᠨ ᠳᠡᠭᠡᠷ᠎ᠠ ᠬᠠᠭᠠᠰ ᠵᠢᠯ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠯ᠎ᠠ ᠠᠶᠢᠮᠠᠭ ᠬᠤᠳᠠ ᠶᠢᠨ ᠱᠦᠵᠢ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠨ ᠤ ᠦᠭᠡᠷᠡᠴᠢᠯᠡᠯᠳᠠ ᠶᠢᠨ ᠠᠵᠢᠯ ᠤᠨ ᠮᠡᠳᠡᠭᠦᠯᠦᠯᠳᠠ ᠶᠢ ᠳᠤᠰᠬᠠᠢᠢᠯᠠᠨ ᠰᠤᠨᠤᠰᠴᠤ᠂ ᠠᠵᠢᠯ ᠤᠨ ᠭᠢᠷᠢ ᠪᠦᠳᠦᠮᠵᠢ ᠠᠨᠠᠢ ᠠᠴᠠ ᠨᠢ ᠬᠠᠷᠢᠭᠤᠴᠠᠯᠭ᠎ᠠ ᠳᠤᠯᠭᠠᠵᠤ ᠬᠠᠷᠢᠭᠤᠯᠴᠠᠭ᠎ᠠ ᠨᠡᠭᠡᠮᠵᠢᠯᠡᠭᠦ ᠪᠤᠯᠤᠨ᠎ᠠ᠃ ︽13.5︾ ᠶᠢᠨ ᠡᠭᠢᠯᠠᠯᠳᠠ ᠶᠢᠨ ᠱᠤᠭᠤᠮ ᠳᠡᠭᠡᠷ᠎ᠠ ᠵᠤᠭᠰᠤᠵᠤ ᠪᠢᠳᠠ ᠦᠭᠡᠷᠡᠴᠢᠯᠡᠯᠳᠠ ᠶᠢ ᠪᠦᠭᠦ ᠳᠠᠯ᠎ᠠ ᠪᠠᠷ ᠭᠦᠨᠵᠡᠭᠡᠶᠢᠷᠡᠭᠦᠯᠭᠦ ᠴᠠᠭ ᠦᠶ᠎ᠠ ᠶᠢᠨ ᠳᠤᠮᠤ ᠤᠷᠤᠰᠬᠠᠯ ᠳᠤᠮᠳᠠ᠂ ᠡᠨᠡᠭᠦ ᠦᠭᠡᠷᠡᠴᠢᠯᠡᠯᠳᠠ ᠨᠢ ᠦᠪᠦᠷ ᠮᠤᠩᠭᠤᠯ ᠤᠨ ᠠᠷᠠᠳ ᠳᠦᠮᠠᠨ ᠤ ᠠᠯᠢ ᠤᠯᠠᠨ ᠭᠦᠰᠡᠯ ᠵᠦᠡᠭᠨᠠᠯ ᠢ ᠠᠴᠢᠶᠠᠯᠠᠵᠤ᠂ ᠶᠠᠭ ᠰᠠᠶᠢᠬᠠᠨ ᠦᠭᠡᠷᠡᠴᠢᠯᠠᠯᠳᠠ ᠭᠦᠭᠵᠢᠯᠳᠠ ᠶᠢᠨ ᠴᠠᠭ ᠦᠶ᠎ᠠ ᠶᠢᠨ ᠭᠦᠴᠦᠷᠭᠡᠭ ᠠᠶᠠᠰ ᠢ ᠴᠢᠪᠬᠠᠳᠠᠵᠤ ᠪᠠᠶᠢᠬᠤ ᠶᠢ ᠪᠠᠷᠠᠯᠠᠨᠠᠮ᠃       ᠪᠦᠭᠦ ᠳᠠᠯ᠎ᠠ ᠶᠢ ᠨᠢᠭᠡᠳᠦᠯᠳᠠᠢ ᠳᠦᠯᠦᠪᠵᠢᠭᠦᠯᠦᠭᠰᠡᠨ᠂ ᠵᠠᠮ ᠱᠤᠭᠤᠮ ᠢᠯᠭᠤᠮ ᠳᠤᠳᠤ ᠤᠷᠭᠢᠯ ᠤᠨ ᠵᠢᠷᠤᠭ ᠳᠦᠯᠦᠪᠯᠡᠭᠡ ᠠᠴᠠ ᠯᠠᠪᠳᠠᠭᠤᠨ ᠭᠢᠨᠠᠮᠠᠭᠠᠢ᠂ ᠦᠨᠠᠨ ᠪᠤᠳᠠᠳᠠᠢ ᠳᠡᠰ ᠪᠦᠭᠦᠨ ᠤ ᠠᠵᠢᠯ ᠳᠤ ᠭᠦᠷᠳᠠᠯ᠎ᠠ᠂ ᠦᠭᠡᠷᠡᠴᠢᠯᠡᠯᠳᠠ ᠨᠢ ᠶᠠᠭ ᠰᠠᠶᠢᠬᠠᠨ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠭᠦᠭᠵᠢᠯᠳᠠ ᠶᠢᠨ ᠴᠤ᠋ ᠰᠢᠨ᠎ᠠ ᠭᠦᠳᠡᠯᠭᠡᠭᠦᠷ ᠭᠦᠴᠦᠨ ᠪᠤᠯᠵᠤ᠂ ᠦᠪᠦᠷ ᠮᠤᠩᠭᠤᠯ ᠤᠨ ᠡᠯ᠎ᠠ ᠳᠦᠷᠦᠯ ᠤᠨ ᠠᠵᠢᠯ ᠦᠢᠯᠡᠰ ᠤᠨ ᠭᠦᠭᠵᠢᠯᠳᠠ ᠳᠤ ᠭᠦᠴᠦᠷᠭᠡᠭ ᠭᠦᠴᠦᠨ ᠤᠯᠭᠤᠵᠤ ᠪᠠᠶᠢᠨ᠎ᠠ᠃      2016 ᠣᠨ ᠳᠤ᠂ ᠦᠪᠦᠷ ᠮᠤᠩᠭᠤᠯ ᠭᠡᠭᠦ ᠡᠨᠡᠭᠦ ᠤᠮᠠᠷᠠᠳᠦ ᠭᠢᠯᠢ ᠶᠢᠨ ᠦᠵᠡᠮᠵᠢ ᠶᠢᠨ ᠤᠷᠤᠨ ᠨᠡᠩ ᠦᠵᠡᠰᠭᠦᠯᠡᠩᠳᠦ ᠰᠠᠶᠢᠬᠠᠨ ᠪᠤᠯᠬᠤ ᠳᠤ ᠪᠠᠳᠦ ᠢᠳᠡᠭᠡᠯᠲᠡᠢ ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号