| | ᠨᠢᠭᠡᠳᠦᠯᠳᠠᠢ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠠᠴᠠ ᠨᠢᠭᠡᠳᠦᠯᠳᠠᠢ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠬᠦᠷᠳᠡᠯ᠎ᠡ᠂ ᠮᠠᠨ ᠤ ᠤᠷᠤᠨ ᠤ ᠬᠠᠤᠯᠢ ᠴᠠᠭᠠᠵᠠ ᠶᠢᠨ | ᠰᠢᠯᠭᠠᠯᠳᠠ ᠶᠢᠨ ᠦᠭᠡᠷᠡᠴᠢᠯᠡᠯᠳᠡ ᠨᠢ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠦᠭᠡᠷᠡᠴᠢᠯᠡᠯᠳᠡ ᠳᠤ | ᠬᠦᠭ ᠨᠡᠮᠡᠷᠢᠯᠡᠨ ᠢᠳᠡᠷᠡᠬᠦᠨ ᠠᠯᠬᠤᠭ᠎ᠠ ᠪᠠᠨ ᠠᠯᠬᠤᠯ᠎ᠠ᠃ ᠳᠠᠬᠢᠨᠳᠠ ᠵᠤᠬᠢᠴᠠᠭᠤᠯᠬᠤ ᠪᠠᠷ ᠪᠠᠶᠢᠨ᠎ᠠ ᠭᠡᠰᠡᠨ | ᠮᠡᠳᠡᠭᠡ ᠨᠢ ᠨᠢᠭᠡᠳᠦᠯᠳᠠᠢ ᠬᠠᠤᠯᠢ ᠴᠠᠭᠠᠵᠠ ᠶᠢᠨ ᠰᠢᠯᠭᠠᠯᠳᠠ ᠳᠤ ᠳᠠᠰᠤᠭᠰᠠᠨ ᠪᠠ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠳᠤ ᠪᠠᠭ᠋ᠠᠳᠠᠢ ᠰᠢᠯᠭᠠᠭᠰᠠᠳ ᠲᠤ ᠠᠪᠴᠦ ᠬᠡᠯᠡᠪᠡᠯ ᠨᠢᠭᠡᠨ ᠬᠡᠮᠵᠢᠶᠡᠨ ᠤ ᠨᠦᠯᠦᠭᠡ | ᠦᠵᠡᠬᠦᠯᠦᠭᠰᠡᠨ ᠪᠠᠶᠢᠳᠠᠭ᠃ ᠨᠢᠭᠡ ᠲᠠᠯ᠎ᠠ ᠪᠠᠷ᠂ ᠰᠢᠯᠭᠠᠬᠤ ᠪᠠᠷ ᠪᠡᠯᠡᠳᠭᠡᠵᠦ ᠪᠠᠶᠢᠭ᠎ᠠ ᠰᠢᠯᠭᠠᠭᠰᠠᠳ ᠰᠢᠯᠭᠠᠭᠤᠯᠬᠤ | ᠳᠤᠬᠢᠶᠠᠯ ᠢᠶᠠᠨ ᠠᠯᠳᠠᠵᠠᠢ᠂ ᠨᠦᠬᠦᠭᠡ ᠲᠠᠯ᠎ᠠ ᠪᠠᠷ᠂ ᠰᠢᠨ᠎ᠡ ᠳᠦᠷᠢᠮ ᠨᠢ ᠶᠠᠷᠢᠶᠠᠨ ᠦᠭᠡᠢ ᠢᠷᠡᠭᠡᠳᠦᠢ ᠶᠢᠨ | ᠬᠠᠤᠯᠢ ᠪᠠᠷ ᠤᠷᠤᠨ ᠢᠶᠠᠨ ᠵᠠᠰᠠᠬᠤ ᠳᠤ ᠰᠢᠯᠢᠳᠡᠭ ᠴᠢᠳᠠᠪᠤᠷᠢᠳᠠᠨ ᠤ ᠰᠠᠭᠤᠷᠢ ᠶᠢ ᠲᠠᠯᠪᠢᠨ ᠦᠭᠴᠡᠢ᠃ | 2 ᠳ᠋ᠤᠭᠠᠷ ᠰᠠᠷ᠎ᠠ ᠶᠢᠨ 16 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠤᠳᠤᠷᠢᠳᠬᠤ ᠳᠤᠭᠤᠢᠢᠯᠠᠩ ᠤᠨ ᠠᠷᠪᠠᠨ ᠬᠤᠶᠠᠳᠤᠭᠠᠷ | ᠬᠤᠷᠠᠯ ᠳᠡᠭᠡᠷ᠎ᠡ ᠶᠠᠷᠢᠯᠴᠠᠭᠰᠠᠨ ︽ᠦᠪᠡᠷᠳᠡᠭᠡᠨ ᠵᠠᠰᠠᠬᠤ ᠤᠷᠤᠨ ᠤ ︿ᠨᠠᠮ ᠤᠨ ᠲᠦᠪ ᠬᠤᠷᠢᠶ᠎ᠠ ᠶᠢᠨ ᠠᠯᠪᠠᠨ | ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠤᠯᠤᠰ ᠤᠨ ᠨᠢᠭᠡᠳᠦᠯᠳᠠᠢ ᠬᠠᠤᠯᠢ | ᠴᠠᠭᠠᠵᠠ ᠶᠢᠨ ᠳᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠢ ᠲᠡᠭᠦᠯᠳᠡᠷᠵᠢᠬᠦᠯᠬᠦ ᠲᠤᠬᠠᠢ ᠰᠠᠨᠠᠯ﹀ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠬᠦᠯᠬᠦ ᠰᠠᠨᠠᠯ︾ ᠨᠢ ᠬᠠᠤᠯᠢ ᠴᠠᠭᠠᠵᠠ ᠶᠢᠨ | ᠦᠭᠡᠷᠡᠴᠢᠯᠡᠯᠳᠡ ᠶᠢ ᠭᠦᠨᠵᠡᠭᠡᠶᠢᠷᠡᠬᠦᠯᠬᠦ ᠶᠢ ᠲᠦᠷᠭᠡᠳᠬᠡᠨ ᠠᠬᠢᠭᠤᠯᠵᠠᠢ᠃ ︽ᠰᠠᠨᠠᠯ︾ ᠳᠤ ᠠᠯᠢ ᠬᠡᠳᠦᠨ ᠲᠠᠯ᠎ᠠ ᠶᠢᠨ | ᠠᠭᠤᠯᠭ᠎ᠠ ᠶᠢ ᠶᠠᠷᠢᠯᠴᠠᠭᠰᠠᠨ ᠪᠤᠢ ︖ ᠮᠠᠨ ᠤ ᠤᠷᠤᠨ ᠤ ᠬᠠᠤᠯᠢ ᠪᠠᠷ ᠤᠷᠤᠨ ᠢᠶᠠᠨ ᠵᠠᠰᠠᠬᠤ ᠪᠠᠶᠢᠭᠤᠯᠤᠯᠳᠠ ᠳᠤ | ᠶᠠᠮᠠᠷᠰᠢᠤ ᠨᠥᠯᠥᠭᠡ ᠦᠵᠡᠭᠦᠯᠳᠡᠭ ᠪᠤᠯ ︖ | ᠬᠠᠤᠯᠢᠵᠢᠯ ᠤᠨ ᠠᠵᠢᠯ ᠤᠨ ᠡᠩᠨᠡᠭᠡᠨ ᠤ ᠳᠦᠷᠢᠮᠵᠢᠭᠰᠡᠨ᠂ ᠲᠤᠰᠬᠠᠢ ᠮᠡᠷᠭᠡᠵᠢᠭᠰᠡᠨ᠂ ᠠᠵᠢᠯ ᠳᠦᠷᠦᠯᠵᠢᠭᠰᠡᠨ | ᠪᠠᠶᠢᠬᠤ ᠶᠢ ᠠᠬᠢᠭᠤᠯᠤᠨ᠎ᠠ | ︽ᠰᠠᠨᠠᠯ︾ ᠳᠤ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠳᠤᠳᠤᠷᠬᠠᠢᠢᠯᠠᠵᠦ᠂ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠳᠤ ᠴᠢᠭᠯᠡᠯ ᠢ | ᠳᠤᠳᠤᠷᠬᠠᠢᠢᠯᠠᠵᠠᠢ᠃ ᠬᠤᠷᠠᠯ ᠳᠤ ᠤᠷᠤᠯᠴᠠᠭᠰᠠᠨ ᠬᠠᠤᠯᠢ ᠴᠠᠭᠠᠵᠠ ᠶᠢᠨ ᠬᠦᠷᠢᠶᠡᠨ ᠤ ᠠᠵᠢᠯᠳᠠᠨ ᠤ ᠬᠡᠯᠡᠬᠦ ᠪᠠᠷ᠂ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠤᠨ | ᠬᠠᠷᠠᠯᠳᠠ ᠨᠢ ᠲᠦᠢᠯ ᠤᠨ ᠳᠤᠳᠤᠷᠬᠠᠢ᠂ ᠨᠡᠶᠢᠭᠡᠮ ᠵᠢᠷᠦᠮ ᠤᠨ ᠬᠠᠤᠯᠢᠵᠢᠯ ᠤᠨ ᠠᠵᠢᠯ ᠤᠨ ᠡᠩᠨᠡᠭᠡ ᠶᠢ | ᠪᠤᠶᠢᠵᠢᠭᠤᠯᠵᠦ ᠬᠦᠭᠵᠢᠬᠦᠯᠬᠦ ᠪᠤᠯᠤᠨ᠎ᠠ᠂ ︽ᠨᠠᠮ ᠳᠠᠭᠠᠨ ᠦᠨᠡᠨᠴᠢ᠂ ᠤᠯᠤᠰ ᠲᠠᠭᠠᠨ ᠦᠨᠡᠨᠴᠢ᠂ ᠠᠷᠠᠳ | ᠲᠦᠮᠡᠨ ᠳᠡᠭᠡᠨ ᠦᠨᠡᠨᠴᠢ᠂ ᠬᠠᠤᠯᠢ ᠴᠠᠭᠠᠵᠠ ᠳᠠᠭᠠᠨ ᠦᠨᠡᠨᠴᠢ︾ ᠪᠤᠯ ᠳᠠᠷᠤᠢ ᠬᠠᠤᠯᠢᠵᠢᠯ ᠤᠨ ᠠᠵᠢᠯ ᠤᠨ | ᠡᠩᠨᠡᠭᠡ ᠳᠤ ᠲᠠᠯᠪᠢᠭᠰᠠᠨ ᠦᠨᠳᠦᠰᠦᠨ ᠱᠠᠭᠠᠷᠳᠠᠯᠭ᠎ᠠ ᠪᠤᠯᠬᠤ ᠶᠤᠮ ᠭᠡᠪᠡ᠃ | ︽ᠰᠠᠨᠠᠯ︾ ᠳᠤ ᠴᠢᠬᠤᠯᠠᠴᠢᠯᠠᠭᠰᠠᠨ ᠨᠢ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠢ ᠳᠡᠭᠦᠯᠳᠡᠷᠵᠢᠬᠦᠯᠬᠦ ᠳᠤ᠂ ᠳᠤᠤᠷᠠᠬᠢ ᠬᠡᠳᠦᠨ ᠲᠠᠯ᠎ᠠ ᠶᠢᠨ | ᠦᠨᠳᠦᠰᠦᠨ ᠵᠠᠷᠴᠢᠮ ᠢ ᠵᠢᠷᠦᠮᠯᠡᠨ᠎ᠡ᠄ ᠨᠢᠭᠡ᠂ ᠵᠦᠪ ᠴᠢᠭᠯᠡᠯ ᠢ ᠪᠠᠷᠢᠮᠳᠠᠯᠠᠨ᠎ᠠ ︔ ᠬᠤᠶᠠᠷ᠂ ᠪᠦᠬᠦᠯᠢ ᠴᠤᠭᠴᠠ ᠶᠢᠨ | ᠲᠦᠯᠦᠪᠵᠢᠬᠦᠯᠭᠡ ᠶᠢ ᠪᠠᠷᠢᠮᠳᠠᠯᠠᠨ᠎ᠠ ︔ ᠭᠤᠷᠪᠠ᠂ ᠵᠢᠷᠤᠮᠯᠠᠬᠤ ᠵᠢᠮ᠎ᠡ ᠬᠠᠤᠯᠢ ᠶᠢ ᠪᠠᠷᠢᠮᠳᠠᠯᠠᠨ᠎ᠠ ︔ ᠳᠦᠷᠪᠡ᠂ | ᠢᠳᠡᠪᠬᠢᠳᠠᠢ ᠯᠠᠪᠳᠠᠭᠤᠨ ᠢ ᠪᠠᠷᠢᠮᠳᠠᠯᠠᠨ᠎ᠠ᠃ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠤᠨ | 4 ᠦᠨᠳᠦᠰᠦᠨ ᠵᠠᠷᠴᠢᠮ ᠨᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠴᠢᠳᠠᠪᠤᠷᠢᠳᠠᠨ ᠢ ᠰᠤᠩᠭᠤᠵᠦ | ᠬᠦᠮᠦᠵᠢᠬᠦᠯᠬᠦ ᠱᠠᠭᠠᠷᠳᠠᠯᠭ᠎ᠠ ᠶᠢ ᠵᠢᠭᠠᠵᠦ ᠭᠠᠷᠭᠠᠭᠰᠠᠨ ᠪᠦᠭᠡᠳ ᠬᠠᠭᠤᠴᠢᠨ ᠬᠦᠮᠦᠨ ᠳᠤ ᠬᠠᠭᠤᠴᠢᠨ ᠠᠷᠭ᠎ᠠ᠂ | ᠰᠢᠨ᠎ᠡ ᠬᠦᠮᠦᠨ ᠳᠤ ᠰᠢᠨ᠎ᠡ ᠠᠷᠭ᠎ᠠ ᠭᠡᠵᠦ ︽ᠬᠠᠭᠤᠴᠢᠨ ᠬᠦᠮᠦᠨ︾ ᠤ ᠰᠡᠳᠬᠢᠯ ᠢ ᠠᠮᠤᠷᠵᠢᠭᠤᠯᠤᠭᠰᠠᠨ ᠲᠡᠳᠦᠢ | ᠦᠭᠡᠢ ᠰᠢᠨ᠎ᠡ ᠬᠦᠮᠦᠨ ᠤ ᠢᠳᠡᠭᠡᠯ ᠵᠤᠷᠢᠭ ᠢ ᠴᠦ ᠬᠦᠪᠴᠢᠯᠡᠵᠠᠢ᠃ ︽ᠦᠨᠳᠦᠰᠦᠨ ᠵᠠᠷᠴᠢᠮ ᠤᠨ ᠲᠠᠯ᠎ᠠ ᠠᠴᠠ᠂ | ᠡᠨᠡᠬᠦ ᠳᠦᠷᠢᠮ ᠨᠢ ᠬᠠᠤᠯᠢ ᠪᠠᠷ ᠤᠷᠤᠨ ᠢᠢᠡᠨ ᠬᠦᠴᠦᠷᠭᠡᠭᠵᠢᠬᠦᠯᠬᠦ ᠪᠠᠶᠢᠭᠤᠯᠤᠯᠳᠠ ᠳᠤ ᠳᠦᠷᠢᠮᠵᠢᠭᠰᠡᠨ᠂ ᠲᠤᠰᠬᠠᠢ | ᠮᠡᠷᠭᠡᠵᠢᠭᠰᠡᠨ᠂ ᠠᠵᠢᠯ ᠳᠦᠷᠦᠯᠵᠢᠭᠰᠡᠨ ᠴᠢᠳᠠᠪᠤᠷᠢᠳᠠᠨ ᠰᠤᠩᠭᠤᠵᠦ ᠬᠦᠮᠦᠵᠢᠬᠦᠯᠬᠦ ᠵᠢᠷᠤᠭ ᠢ ᠵᠢᠷᠤᠭᠯᠠᠵᠠᠢ︾ ᠭᠡᠵᠦ | ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠤᠨ ᠨᠢᠭᠡᠨ ᠺᠠᠳ᠋ᠷ ᠶᠠᠷᠢᠨ᠎ᠠ᠃ ᠤᠯᠤᠰ ᠤᠨ | ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠬᠡᠷᠬᠢᠨ ᠤᠯᠬᠤ ᠪᠤᠢ ︖ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠳᠦᠷᠢᠮ ᠨᠢ | ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠤ ᠬᠡᠪᠴᠢᠶ᠎ᠡ ᠶᠢ ᠲᠤᠭᠳᠠᠭᠠᠵᠠᠢ᠂ ᠬᠤᠶᠢᠰᠢᠳᠠ ᠶᠠᠮᠠᠷ ᠬᠡᠳᠦᠨ | ᠲᠦᠷᠦᠯ ᠤᠨ ᠠᠵᠢᠯ ᠲᠦᠷᠦᠯ ᠢ ᠡᠷᠬᠢᠯᠡᠬᠦ ᠳᠤ ᠡᠷᠭᠡᠪᠰᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ | ᠭᠡᠮ ᠤᠨᠦᠨᠡᠮᠯᠡᠯ ᠢ ᠤᠯᠬᠤ ᠪᠠᠷ ᠤᠷᠢᠳᠠᠯ ᠪᠤᠯᠭᠠᠬᠤ ᠭᠡᠳᠡᠭ ᠢ ᠳᠤᠳᠤᠷᠬᠠᠢᠢᠯᠠᠵᠠᠢ᠃ | ︽ᠰᠠᠨᠠᠯ︾ ᠳᠤ ᠵᠢᠭᠠᠵᠦ ᠭᠠᠷᠭᠠᠭᠰᠠᠨ ᠨᠢ᠂ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠪᠤᠯ | ᠬᠠᠮᠳᠦ ᠶᠢᠨ ᠤᠯᠤᠰ ᠲᠦᠷᠦ ᠶᠢᠨ ᠭᠡᠪ ᠪᠤᠯᠪᠠᠰᠤᠷᠠᠯ᠂ ᠲᠤᠬᠠᠢᠢᠯᠠᠭᠰᠠᠨ ᠠᠵᠢᠯ ᠤᠨ ᠴᠢᠳᠠᠪᠤᠷᠢ᠂ ᠲᠤᠬᠠᠢᠢᠯᠠᠭᠰᠠᠨ | ᠠᠵᠢᠯ ᠤᠨ ᠶᠤᠰᠤ ᠰᠤᠷᠳᠠᠬᠤᠨ ᠪᠠ ᠠᠵᠢᠯ ᠦᠢᠯᠡᠰ ᠡᠷᠬᠢᠯᠡᠬᠦ ᠬᠢᠷᠢ ᠬᠡᠮ ᠤᠨ ᠱᠠᠭᠠᠷᠳᠠᠯᠭ᠎ᠠ ᠶᠢ ᠪᠦᠷᠢᠯᠳᠦᠬᠦᠯᠵᠦ᠂ | ᠲᠤᠰᠬᠠᠢᠢᠯᠠᠨ ᠬᠠᠤᠯᠢ ᠲᠤᠭᠳᠠᠭᠠᠬᠤ᠂ ᠬᠠᠤᠯᠢ ᠶᠢ ᠬᠡᠷᠡᠭᠵᠢᠬᠦᠯᠬᠦ᠂ ᠬᠠᠤᠯᠢ ᠴᠠᠭᠠᠵᠠ᠂ ᠬᠠᠤᠯᠢ ᠴᠠᠭᠠᠵᠠ ᠶᠢᠨ | ᠦᠢᠯᠡᠴᠢᠯᠡᠭᠡ ᠪᠠ ᠬᠠᠤᠯᠢ ᠴᠠᠭᠠᠵᠠ ᠶᠢᠨ ᠰᠤᠷᠭᠠᠨ ᠬᠦᠮᠦᠵᠢᠯ ᠵᠡᠷᠭᠡ ᠠᠵᠢᠯ ᠢ ᠡᠷᠬᠢᠯᠡᠵᠦ ᠪᠦᠬᠦᠢ ᠠᠵᠢᠯ | ᠲᠦᠷᠦᠯ ᠤᠨ ᠪᠦᠯᠬᠦᠮ ᠨᠢᠭᠡᠴᠡ ᠶᠢ ᠵᠢᠭᠠᠵᠦ ᠪᠤᠢ᠃ | ᠦᠩᠭᠡᠷᠡᠭᠰᠡᠨ ᠤ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠲᠠᠢ ᠠᠳᠠᠯᠢ ᠦᠭᠡᠢ ᠨᠢ᠂ ︽ᠰᠠᠨᠠᠯ︾ | ᠳᠤ᠂ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠤᠯᠬᠤ ᠳᠤ | ᠡᠷᠭᠡᠪᠰᠢ ᠵᠡᠷᠭᠡᠪᠡᠷ ᠪᠦᠷᠢᠯᠳᠦᠬᠦᠯᠬᠦ ᠨᠦᠬᠦᠴᠡᠯ ᠢ ᠲᠤᠳᠤᠷᠬᠠᠢᠢᠯᠠᠵᠠᠢ᠄ ᠪᠦᠬᠦᠳᠡ ᠨᠠᠶᠢᠷᠠᠮᠳᠠᠬᠤ ᠳᠤᠮᠳᠠᠳᠦ ᠠᠷᠠᠳ | ᠤᠯᠤᠰ ᠤᠨ ᠦᠨᠳᠦᠰᠦᠨ ᠬᠠᠤᠯᠢ ᠶᠢ ᠬᠦᠷᠢᠶᠡᠯᠡᠵᠦ᠂ ᠤᠯᠤᠰ ᠲᠦᠷᠦ᠂ ᠲᠤᠬᠠᠢᠢᠯᠠᠭᠰᠠᠨ ᠠᠵᠢᠯ ᠤᠨ ᠰᠢᠯᠢᠳᠡᠭ ᠭᠡᠪ | ᠪᠤᠯᠪᠠᠰᠤᠷᠠᠯ ᠪᠠ ᠶᠤᠰᠤ ᠰᠤᠷᠳᠠᠬᠤᠨ ᠮᠤᠷᠠᠯ ᠰᠤᠷᠳᠠᠯ ᠢ ᠪᠦᠷᠢᠯᠳᠦᠬᠦᠯᠦᠨ᠎ᠡ ︔ ᠪᠦᠬᠦᠯᠢ ᠡᠳᠦᠷ ᠤᠨ ᠳᠦᠷᠢᠮᠳᠦ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠵᠢᠩᠬᠢᠨᠢ ᠠᠩᠬᠢ | ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠤᠯᠠ ᠶᠢ ᠪᠦᠷᠢᠳᠦᠬᠦᠯᠦᠨᠠ᠂ ᠡᠰᠡᠬᠦᠯ᠎ᠡ ᠪᠦᠬᠦᠯᠢ ᠡᠳᠦᠷ ᠤᠨ | ᠳᠦᠷᠢᠮᠳᠦ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠪᠤᠰᠦ | ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠳᠠᠷ ᠲᠠᠢ ᠪᠦᠭᠡᠳ ᠬᠠᠤᠯᠢ ᠴᠠᠭᠠᠵᠠ ᠶᠢᠨ | ᠮᠠᠰᠲ᠋ᠧᠷ᠂ ᠬᠠᠤᠯᠢ ᠴᠠᠭᠠᠵᠠ ᠶᠢᠨ ᠤᠬᠠᠭᠠᠨ ᠤ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠡᠷᠳᠡᠮ ᠤᠨ ᠴᠤᠯᠠ | ᠤᠯᠤᠭᠰᠠᠨ ᠪᠤᠶᠤ ᠪᠤᠰᠤᠳ ᠬᠠᠷᠠᠭᠠᠯᠵᠠᠭᠰᠠᠨ ᠡᠷᠳᠡᠮ ᠤᠨ ᠴᠤᠯᠠ ᠤᠯᠤᠭᠰᠠᠨ ᠪᠦᠭᠡᠳ ᠬᠠᠤᠯᠢ ᠴᠠᠭᠠᠵᠠ ᠶᠢᠨ | ᠠᠵᠢᠯ ᠢ ᠬᠢᠬᠡᠳ 3 ᠵᠢᠯ ᠠᠴᠠ ᠳᠡᠭᠡᠭᠰᠢ ᠪᠤᠯᠵᠦ ᠪᠠᠶᠢᠭ᠎ᠠ ︔ ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ | ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ ᠳᠤ ᠤᠷᠤᠯᠴᠠᠭᠰᠠᠨ ᠪᠦᠭᠡᠳ ᠥᠩᠭᠡᠷᠡᠭᠰᠡᠨ ᠵᠡᠷᠭᠡ | ᠪᠠᠭᠳᠠᠨ᠎ᠠ᠃ | ︽ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠵᠦᠪᠰᠢᠶᠠᠷᠡᠯ ᠳᠤ᠂ ᠬᠠᠮᠤᠭ | ᠠᠩᠬᠠᠨ ᠤ ᠬᠠᠤᠯᠢ ᠴᠠᠭᠠᠵᠠ ᠶᠢᠨ ᠰᠢᠯᠭᠠᠯᠳᠠ ᠳᠤ ᠦᠨᠳᠦᠰᠦᠨ ᠲᠡᠭᠡᠨ ᠰᠤᠷᠤᠯᠭ᠎ᠠ ᠶᠢᠨ ᠨᠠᠮᠳᠠᠷ ᠲᠤᠰᠬᠠᠢ | ᠮᠡᠷᠭᠡᠵᠢᠯ ᠤᠨ ᠱᠠᠭᠠᠷᠳᠠᠯᠭ᠎ᠠ ᠦᠭᠡᠢ ᠪᠠᠶᠢᠭᠰᠠᠨ ᠠᠴᠠ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠳᠠᠷ ᠲᠠᠢ | ᠪᠠᠶᠢᠬᠤ ᠶᠢ ᠱᠠᠭᠠᠷᠳᠠᠵᠦ᠂ ᠬᠠᠤᠯᠢ ᠴᠠᠭᠠᠵᠠ ᠶᠢᠨ ᠤᠬᠠᠭᠠᠨ ᠤ ᠲᠦᠷᠦᠯ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ | ᠪᠠᠭᠰᠢ ᠶᠢᠨ ᠭᠤᠶᠤᠴᠢᠯᠠᠯ ᠢᠶᠠᠷ ᠵᠦᠪᠰᠢᠶᠡᠷᠡᠭᠦ ᠠᠴᠠ ᠰᠢᠯᠭᠠᠯᠳᠠ ᠪᠠᠷ ᠵᠦᠪᠰᠢᠶᠡᠷᠡᠭᠦ ᠬᠦᠷᠳᠡᠯ᠎ᠡ᠂ ᠰᠤᠷᠤᠯᠭ᠎ᠠ ᠶᠢᠨ | ᠨᠠᠮᠳᠠᠷ ᠤᠨ ᠱᠠᠭᠠᠷᠳᠠᠯᠭ᠎ᠠ ᠡᠳᠦᠷ ᠢᠷᠡᠬᠦᠶ᠎ᠡ ᠳᠡᠭᠡᠭᠰᠢᠯᠡᠵᠠᠢ᠃ | ᠬᠠᠤᠯᠢ ᠴᠠᠭᠠᠵᠠ ᠶᠢᠨ ᠰᠢᠯᠭᠠᠯᠳᠠ ᠳᠤ ᠰᠤᠷᠤᠯᠭ᠎ᠠ ᠶᠢᠨ ᠨᠠᠮᠳᠠᠷ ᠤᠨ ᠱᠠᠭᠠᠷᠳᠠᠯᠭ᠎ᠠ ᠶᠢ ᠨᠢᠭᠡᠨᠳᠡ ᠵᠢᠩᠬᠢᠨᠢ | ᠠᠩᠬᠢ ᠶᠢᠨ ᠰᠤᠷᠤᠯᠭ᠎ᠠ ᠶᠢᠨ ᠨᠠᠮᠳᠠᠷ ᠢᠶᠠᠷ ᠬᠠᠤᠯᠢᠵᠢᠭᠤᠯᠵᠦ ᠲᠤᠭᠳᠠᠭᠠᠵᠠᠢ᠃ | ᠤᠳᠤᠬᠠᠨ ᠳᠤ᠂ ᠳᠡᠭᠡᠷ᠎ᠠ ᠶᠠᠷᠢᠭᠰᠠᠨ 3 ︿ᠡᠷᠭᠡᠪᠰᠢ ᠵᠡᠷᠭᠡᠪᠡᠷ ᠪᠦᠷᠢᠯᠳᠦᠬᠦᠯᠬᠦ ᠨᠦᠬᠦᠴᠡᠯ﹀ ᠨᠢ ᠳᠠᠬᠢᠨᠳᠠ | ᠵᠦᠪᠰᠢᠶᠡᠷᠡᠯ ᠤᠨ ᠨᠦᠬᠦᠴᠡᠯ ᠢ ᠳᠡᠭᠡᠭᠰᠢᠯᠡᠬᠦᠯᠵᠠᠢ᠃ ᠨᠢᠭᠡ ᠪᠦᠯᠦᠭ ᠰᠤᠷᠤᠯᠭ᠎ᠠ ᠶᠢᠨ ᠨᠠᠮᠳᠠᠷ ᠨᠡᠩ ᠦᠨᠳᠦᠷ᠂ | ᠬᠠᠤᠯᠢ ᠴᠠᠭᠠᠵᠠ ᠶᠢᠨ ᠬᠡᠪ ᠪᠤᠯᠪᠠᠰᠤᠷᠠᠯ ᠨᠡᠩ ᠦᠨᠳᠦᠷ ᠲᠤᠰᠬᠠᠢ ᠮᠡᠷᠭᠡᠵᠢᠯ ᠤᠨ ᠴᠢᠨᠠᠷᠳᠠᠢ ᠴᠢᠳᠠᠪᠤᠷᠢᠳᠠᠨ ᠬᠠᠤᠯᠢ | ᠴᠠᠭᠠᠵᠠ ᠶᠢᠨ ᠡᠷᠭᠡ ᠶᠢ ᠠᠳᠬᠤᠬᠤ ᠪᠤᠯᠤᠨ᠎ᠠ᠃ ᠡᠨᠡ ᠪᠤᠯ ᠬᠠᠤᠯᠢ ᠴᠠᠭᠠᠵᠠ ᠶᠢᠨ ᠦᠭᠡᠷᠡᠴᠢᠯᠡᠯᠳᠡ ᠶᠢᠨ | ᠤᠷᠤᠭᠰᠢᠯᠠᠭᠰᠠᠨ ᠳᠤᠮᠤ ᠠᠯᠬᠤᠮ ᠪᠤᠯᠤᠨ᠎ᠠ︾ ᠭᠡᠵᠦ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠨᠢᠭᠡᠨ ᠲᠤᠰᠬᠠᠢ ᠮᠡᠷᠭᠡᠵᠢᠯᠳᠠᠨ ᠶᠠᠷᠢᠨ᠎ᠠ᠃ ᠰᠢᠯᠭᠠᠯᠳᠠ ᠠᠴᠠ ᠭᠠᠳᠠᠨ᠎ᠠ᠂ ᠶᠠᠮᠠᠷ ᠬᠦᠮᠦᠰ ᠪᠠᠰᠠ | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠢ ᠤᠯᠵᠦ ᠴᠢᠳᠠᠬᠤ ᠪᠤᠢ | ︖ | ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯᠳᠠᠨ ᠪᠤᠯᠬᠤ ᠭᠡᠪᠡᠯ᠂ ᠪᠠᠰᠠ ᠴᠢᠬᠤᠯᠠ ᠨᠢᠭᠡᠨ ᠵᠠᠩᠬᠢᠯᠠᠭ᠎ᠠ ᠪᠤᠢ — | ᠤᠯᠤᠰ ᠤᠨ ᠨᠢᠭᠡᠳᠦᠯᠳᠠᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ᠃ | ︽ᠰᠠᠨᠠᠯ︾ ᠳᠤ ᠲᠤᠭᠳᠠᠭᠠᠭᠰᠠᠨ ᠨᠢ᠂ ᠤᠯᠤᠰ ᠠᠴᠠ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠢ | ᠤᠯᠤᠰ ᠤᠨ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠬᠡᠮ ᠤᠨ ᠰᠢᠯᠭᠠᠯᠳᠠ ᠶᠢᠨ ᠳᠦᠷᠢᠮ ᠪᠤᠯᠭᠠᠨ | ᠵᠤᠬᠢᠴᠠᠭᠤᠯᠵᠦ᠂ ᠪᠦᠬᠦ ᠤᠯᠤᠰ ᠢᠶᠠᠷ ᠢᠢᠡᠨ ᠨᠢᠭᠡᠳᠦᠯᠳᠠᠢ ᠵᠤᠬᠢᠶᠠᠨ ᠪᠠᠶᠢᠭᠤᠯᠬᠤ᠂ ᠨᠢᠭᠡᠳᠦᠯᠳᠠᠢ ᠰᠡᠳᠦᠪ ᠭᠠᠷᠭᠠᠬᠤ | ᠂ ᠨᠢᠭᠡᠳᠦᠯᠳᠠᠢ ᠪᠠᠷᠢᠮᠵᠢᠶ᠎ᠠ ᠲᠤᠭᠳᠠᠭᠠᠬᠤ᠂ ᠨᠢᠭᠡᠳᠦᠯᠳᠠᠢ ᠡᠯᠰᠡᠬᠦ ᠰᠢᠯᠭᠠᠯᠳᠠ ᠶᠢᠨ ᠬᠡᠯᠪᠡᠷᠢ ᠶᠢ ᠭᠡᠷᠡᠭᠵᠢᠬᠦᠯᠵᠦ᠂ | ᠨᠢᠭᠡ ᠵᠢᠯ ᠳᠤ ᠨᠢᠭᠡ ᠤᠳᠠᠭ᠎ᠠ ᠰᠢᠯᠭᠠᠬᠤ ᠪᠤᠯᠵᠠᠢ᠃ | ᠰᠤᠷᠪᠤᠯᠵᠢᠯᠠᠭᠴᠢ ᠶᠢᠨ ᠤᠢᠢᠯᠠᠭᠠᠭᠰᠠᠨ ᠢᠶᠠᠷ᠂ ᠦᠪᠡᠷᠳᠡᠭᠡᠨ ᠵᠠᠰᠠᠬᠤ ᠤᠷᠤᠨ ᠤ ᠶᠠᠷᠢᠯᠴᠠᠭᠰᠠᠨ ︽ᠰᠠᠨᠠᠯ︾ | ᠳᠤ ᠬᠠᠮᠤᠭ ᠰᠡᠬᠦᠯ ᠳᠤ ᠵᠢᠭᠠᠵᠦ ᠭᠠᠷᠭᠠᠭᠰᠠᠨ ᠨᠢ᠂ 2016 ᠣᠨ᠂ 2017 ᠣᠨ ᠳᠤ ᠦᠪᠦᠷ ᠮᠤᠩᠭᠤᠯ ᠤᠨ | ᠰᠢᠯᠭᠠᠯᠳᠠ ᠶᠢᠨ ᠲᠤᠭᠤᠷᠢᠭ ᠲᠠᠬᠢ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠠᠵᠢᠯ ᠢ ᠦᠷᠬᠦᠯᠵᠢᠯᠡᠨ | ᠰᠠᠶᠢᠳᠤᠷ ᠵᠤᠬᠢᠶᠠᠨ ᠪᠠᠶᠢᠭᠤᠯᠬᠤ ᠭᠡᠷᠡᠭᠳᠠᠢ᠃ 2017 ᠣᠨ ᠤ ᠡᠴᠦᠰ ᠪᠤᠯᠳᠠᠯ᠎ᠠ ᠤᠯᠤᠰ ᠤᠨ ᠨᠢᠭᠡᠳᠦᠯᠳᠠᠢ ᠬᠠᠤᠯᠢ | ᠴᠠᠭᠠᠵᠠ ᠶᠢᠨ ᠲᠤᠬᠠᠢᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠤᠨ ᠡᠯ᠎ᠡ ᠲᠦᠷᠦᠯ ᠤᠨ ᠦᠭᠡᠷᠡᠴᠢᠯᠡᠯᠳᠡ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠲᠤᠰ ᠳᠦᠷᠢᠮ ᠢ ᠴᠢᠩᠭ᠎ᠠ ᠭᠡᠷᠡᠭᠵᠢᠬᠦᠯᠦᠨ᠎ᠡ ᠭᠡᠵᠡᠢ᠃ ᠡᠨᠡ ᠨᠢ ᠡᠨᠡ | ᠵᠢᠯ ᠳᠤ ᠮᠠᠨ ᠤ ᠤᠷᠤᠨ ᠦᠷᠬᠦᠯᠵᠢᠯᠡᠨ ᠤᠯᠤᠰ ᠤᠨ ᠬᠠᠤᠯᠢ ᠴᠠᠭᠠᠵᠠ ᠶᠢᠨ ᠰᠢᠯᠭᠠᠯᠳᠠ ᠶᠢᠨ ᠳᠦᠷᠢᠮ ᠢ | ᠭᠡᠷᠡᠭᠵᠢᠬᠦᠯᠬᠦ ᠶᠢ ᠬᠠᠷᠠᠭᠤᠯᠵᠦ ᠪᠠᠶᠢᠨ᠎ᠠ᠃ | ᠤᠳᠤᠬᠠᠨ ᠳᠤ᠂ ᠮᠠᠨ ᠤ ᠤᠷᠤᠨ ᠶᠠᠭ ᠤᠯᠤᠰ ᠤᠨ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ | ᠡᠷᠬᠢᠯᠡᠬᠦ ᠱᠠᠭᠠᠷᠳᠠᠯᠭ᠎ᠠ ᠶᠤᠰᠤᠭᠠᠷ ᠪᠦᠬᠦ ᠤᠷᠤᠨ ᠤ ᠵᠢᠯ ᠤᠨ ᠬᠢᠷᠢ ᠬᠦᠷᠦᠭᠰᠡᠨ ᠨᠤᠷᠮ᠎ᠠ ᠪᠠ ᠲᠦᠷᠦ ᠶᠢᠨ | ᠪᠤᠳᠤᠯᠭ᠎ᠠ ᠶᠢᠨ ᠠᠭᠤᠵᠢᠭᠤ ᠲᠠᠯᠪᠢᠬᠤ ᠨᠦᠬᠦᠴᠡᠯ ᠢ ᠰᠢᠨᠵᠢᠯᠡᠨ ᠰᠤᠳᠤᠯᠵᠦ ᠪᠤᠢ᠃ ᠡᠭᠦᠨ ᠠᠴᠠ ᠭᠠᠳᠠᠨ᠎ᠠ᠂ ︽ | ᠰᠠᠨᠠᠯ︾ ᠳᠤ ᠤᠨᠴᠠᠭᠠᠢ ᠬᠠᠤᠯᠢ ᠴᠠᠭᠠᠵᠠ ᠶᠢᠨ ᠴᠢᠳᠠᠪᠤᠷᠢᠳᠠᠨ ᠢ ᠰᠢᠯᠢᠨ ᠳᠡᠪᠰᠢᠬᠦᠯᠬᠦ ᠲᠠᠯ᠎ᠠ ᠪᠠᠷ ᠪᠠᠰᠠ ᠰᠢᠨ᠎ᠡ | ᠲᠤᠭᠳᠠᠭᠠᠯ ᠭᠠᠷᠭᠠᠵᠠᠢ᠃ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠨᠢ ᠪᠤᠳᠠᠳᠠᠢ ᠠᠵᠢᠯᠯᠠᠬᠤ ᠴᠢᠳᠠᠪᠤᠷᠢ ᠶᠢ | ᠨᠡᠩ ᠴᠢᠬᠤᠯᠠᠴᠢᠯᠠᠨ᠎ᠠ ᠃ | ︽ᠰᠠᠨᠠᠯ︾ ᠳᠤ ᠴᠢᠬᠤᠯᠠᠴᠢᠯᠠᠭᠰᠠᠨ ᠨᠢ᠂ ᠠᠵᠢᠯ ᠳᠤ ᠤᠷᠤᠬᠤ ᠠᠴᠠ ᠡᠮᠦᠨᠡᠬᠢ ᠨᠢᠭᠡᠳᠦᠯᠳᠠᠢ | ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ︽ᠨᠢᠭᠡᠳᠦᠯᠳᠠᠢ ᠪᠠᠷᠢᠮᠵᠢᠶ᠎ᠠ᠂ ᠰᠢᠰᠲ᠋ᠧᠮ ᠬᠤᠪᠢᠶᠠᠵᠦ ᠭᠡᠷᠡᠭᠵᠢᠬᠦᠯᠬᠦ︾ | ᠵᠠᠷᠴᠢᠮ ᠶᠤᠰᠤᠭᠠᠷ᠂ ᠪᠦᠬᠦ ᠤᠷᠤᠨ ᠤ ᠬᠠᠤᠯᠢ ᠴᠠᠭᠠᠵᠠ ᠶᠢᠨ ᠠᠵᠢᠯ ᠳᠤ ᠤᠷᠤᠬᠤ ᠠᠴᠠ ᠡᠮᠦᠨᠡᠬᠢ | ᠪᠤᠯᠪᠠᠰᠤᠷᠠᠯ ᠤᠨ ᠳᠦᠷᠢᠮ ᠢ ᠪᠠᠶᠢᠭᠤᠯᠤᠨ᠎ᠠ᠃ ︽ᠤᠷᠢᠳᠠᠪᠠᠷ ᠰᠤᠩᠭᠤᠵᠦ ᠳᠠᠷᠠᠭ᠎ᠠ ᠨᠢ ᠬᠦᠮᠦᠵᠢᠬᠦᠯᠬᠦ︾ ᠵᠠᠭᠪᠤᠷ ᠢ | ᠭᠡᠷᠡᠭᠵᠢᠬᠦᠯᠵᠦ᠂ ᠪᠤᠯᠪᠠᠰᠤᠷᠠᠯ ᠳᠤ ᠬᠢᠷᠢ ᠬᠦᠷᠪᠡᠯ ᠰᠠᠶ᠋ᠢ ᠬᠠᠤᠯᠢ ᠴᠠᠭᠠᠵᠠ ᠶᠢᠨ ᠲᠤᠬᠠᠢᠢᠯᠠᠭᠰᠠᠨ ᠠᠵᠢᠯ | ᠡᠷᠬᠢᠯᠡᠬᠦ ᠶᠢ ᠨᠢ ᠵᠦᠪᠰᠢᠶᠡᠷᠡᠨ᠎ᠡ᠃ ︽ᠬᠡᠨ ᠰᠤᠩᠭᠤᠪᠠᠯ ᠬᠡᠨ ᠬᠦᠮᠦᠵᠢᠬᠦᠯᠬᠦ︾ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠦ᠂ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠵᠢᠴᠢ ᠬᠦᠮᠦᠵᠢᠬᠦᠯᠵᠦ ᠬᠢᠨᠠᠨ | ᠰᠢᠯᠭᠠᠬᠤ ᠶᠢ ᠰᠤᠩᠭᠤᠨ ᠲᠤᠮᠢᠯᠠᠬᠤ ᠰᠠᠯᠠᠭ᠎ᠠ ᠮᠦᠴᠢᠷ ᠠᠴᠠ ᠬᠠᠷᠢᠭᠤᠴᠠᠬᠤ ᠪᠤᠯᠤᠨ᠎ᠠ᠃ ︽ᠤᠷᠢᠳᠠᠪᠠᠷ ᠰᠤᠩᠭᠤᠵᠦ | ᠳᠠᠷᠠᠭ᠎ᠠ ᠨᠢ ᠬᠦᠮᠦᠵᠢᠬᠦᠯᠬᠦ︾ ᠵᠠᠭᠪᠤᠷ ᠨᠢ ᠤᠤᠯ ᠤᠨ ᠤᠷᠢᠳᠠᠪᠠᠷ ᠠᠵᠢᠯ ᠤᠨ ᠪᠠᠶᠢᠷᠢ ᠳᠤ ᠭᠠᠷᠴᠦ ᠳᠠᠷᠠᠭ᠎ᠠ ᠨᠢ | ᠬᠦᠮᠦᠵᠢᠬᠦᠯᠵᠦ ᠪᠠᠶᠢᠭᠰᠠᠨ ᠪᠠᠶᠢᠳᠠᠯ ᠢ ᠠᠮᠵᠢᠯᠳᠠ ᠲᠠᠢ ᠬᠤᠪᠢᠷᠠᠭᠤᠯᠵᠦ ᠴᠢᠳᠠᠵᠠᠢ᠃ | ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠤᠨ ᠵᠤᠬᠢᠶᠠᠨ ᠪᠠᠶᠢᠭᠤᠯᠤᠯᠳᠠ ᠶᠢᠨ ᠪᠠᠲᠤᠯᠠᠭ᠎ᠠ ᠶᠢ | ᠴᠢᠩᠭᠠᠳᠬᠠᠬᠤ ᠶᠢᠨ ᠲᠤᠰᠠᠳᠠ᠂ ᠮᠠᠨ ᠤ ᠤᠷᠤᠨ ᠪᠠᠰᠠ ᠠᠵᠢᠯ ᠳᠤ ᠤᠷᠤᠬᠤ ᠠᠴᠠ ᠡᠮᠦᠨᠡᠬᠢ ᠪᠤᠯᠪᠠᠰᠤᠷᠠᠯ ᠢ | ᠵᠢᠯᠤᠭᠤᠳᠬᠤ ᠵᠦᠪᠯᠡᠯ ᠢ ᠪᠠᠶᠢᠭᠤᠯᠬᠤ ᠪᠠᠷ ᠪᠤᠯᠵᠦ᠂ ᠪᠦᠬᠦ ᠤᠷᠤᠨ ᠤ ᠠᠵᠢᠯ ᠳᠤ ᠤᠷᠤᠬᠤ ᠠᠴᠠ ᠡᠮᠦᠨᠡᠬᠢ | ᠪᠤᠯᠪᠠᠰᠤᠷᠠᠯ ᠤᠨ ᠬᠠᠮᠢᠶᠠᠷᠤᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠵᠤᠬᠢᠴᠠᠭᠤᠯᠵᠦ᠂ ᠡᠯ᠎ᠠ ᠰᠠᠯᠠᠭ᠎ᠠ | ᠮᠦᠴᠢᠷ ᠢ ᠵᠢᠭᠠᠨ ᠵᠢᠯᠤᠭᠤᠳᠴᠦ ᠱᠠᠭᠠᠷᠳᠠᠨ ᠪᠠᠶᠢᠴᠠᠭᠠᠵᠦ᠂ ᠲᠤᠰ ᠰᠢᠰᠲ᠋ᠧᠮ ᠤᠨ ᠠᠵᠢᠯ ᠳᠤ ᠤᠷᠤᠬᠤ ᠠᠴᠠ | ᠡᠮᠦᠨᠡᠬᠢ ᠪᠤᠯᠪᠠᠰᠤᠷᠠᠯ ᠤᠨ ᠠᠵᠢᠯ ᠢ ᠰᠠᠶᠢᠳᠤᠷ ᠬᠢᠬᠦ ᠪᠤᠯᠤᠨ᠎ᠠ᠃ | |