ᠲᠠᠷᠢᠶᠠᠯᠠᠩ ᠤᠨ ᠶᠠᠮᠤᠨ ᠤ ᠰᠠᠶᠢᠳ ᠬᠠᠨ ᠴᠠᠩ ᠹᠦ᠋ ︽ᠭᠤᠷᠪᠠᠨ ᠡᠷᠬᠡ ᠶᠢ ᠰᠠᠯᠭᠠᠬᠤ︾ ᠲᠤᠬᠠᠢ ᠬᠢᠭᠰᠡᠨ ᠲᠠᠶᠢᠯᠤᠮᠵᠢ
ᠨᠡᠶᠢᠲᠡᠯᠡᠭᠰᠡᠨ ᠴᠠᠭ᠄
2017/1/13
       ᠲᠦᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠷᠴᠢᠮᠬᠠᠨ ︽ᠬᠥᠳᠡᠭᠡ ᠲᠣᠰᠬᠤᠨ ᠤ ᠭᠠᠵᠠᠷ ᠰᠢᠷᠣᠶ ᠶᠢᠨ ᠥᠮᠴᠢᠯᠡᠬᠦ ᠡᠷᠬᠡ ᠳᠠᠭᠠᠭᠠᠴᠢᠯᠠᠬᠤ ᠡᠷᠬᠡ ᠡᠵᠡᠩᠨᠡᠬᠦ ᠡᠷᠬᠡ ᠶᠢ ᠰᠠᠯᠭᠠᠬᠤ ᠠᠷᠭ᠎ᠠ ᠶᠢᠨ ᠲᠤᠬᠠᠢ ᠰᠠᠨᠠᠯ︾ ᠢ ᠨᠡᠶᠢᠲᠡᠯᠡᠪᠡ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠤᠨ 3 ᠤ ᠡᠳᠦᠷ ᠡᠷᠬᠢᠯᠡᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠠᠷᠢᠶᠠᠯᠠᠩ ᠤᠨ ᠶᠠᠮᠤᠨ ᠤ ᠰᠠᠶᠢᠳ ᠬᠠᠨ ᠴᠠᠩ ᠹᠦ᠋ ︽ᠭᠤᠷᠪᠠᠨ ᠡᠷᠬᠡ ᠶᠢ ᠰᠠᠯᠭᠠᠬᠤ︾ ᠡᠨᠡ ᠬᠦ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠴᠢᠬᠤᠯᠠ ᠶᠡᠭᠡ ᠰᠢᠨ᠎ᠡ ᠡᠭᠦᠳᠦᠯᠲᠡ ᠳᠤ ᠪᠦᠬᠦ ᠲᠠᠯ᠎ᠠ ᠪᠠᠷ ᠲᠠᠶᠢᠯᠤᠮᠵᠢ ᠬᠢᠪᠡ᠃       ᠳᠤᠮᠳᠠᠳᠤ ᠤᠯᠤᠰ ᠤᠨ ᠣᠨᠴᠠᠯᠢᠭ ᠪᠦᠬᠦᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠣᠳᠣᠬᠢᠴᠢᠯᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠬᠦ       ᠬᠠᠨ ᠴᠠᠩ ᠹᠦ᠋ ᠬᠡᠯᠡᠭᠰᠡᠨ ᠨᠢ᠂ ︽ᠭᠤᠷᠪᠠᠨ ᠡᠷᠬᠡ ᠶᠢ ᠰᠠᠯᠭᠠᠬᠤ︾ ᠭᠡᠳᠡᠭ ᠨᠢ ᠬᠥᠳᠡᠭᠡ ᠲᠣᠰᠬᠤᠨ ᠤ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ᠂ ᠲᠠᠷᠢᠶᠠᠴᠢᠨ ᠡᠷᠣᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ︽ᠭᠤᠷᠪᠠᠨ ᠡᠷᠬᠡ︾ ᠶᠢ ᠰᠠᠯᠭᠠᠨ ᠵᠡᠷᠭᠡᠪᠡᠷ ᠬᠡᠷᠡᠭᠯᠡᠬᠦ ᠶᠢ ᠵᠢᠭᠠᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠳᠠ ᠬᠢᠭᠰᠡᠨ ᠡᠬᠢᠨ ᠤ ᠦᠶ᠎ᠡ ᠳᠤ ᠭᠡᠷ ᠪᠦᠯᠢ ᠶᠢᠨ ᠬᠤᠷᠢᠶᠠᠯᠲᠠ ᠲᠠᠢ ᠬᠤᠯᠪᠣᠭᠳᠠᠭᠤᠯᠤᠨ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠥᠮᠴᠢᠯᠡᠬᠦ ᠡᠷᠬᠡ ᠶᠢ ᠬᠠᠮᠲᠤ ᠨᠡᠶᠢᠲᠡ ᠳᠤ ᠬᠠᠷᠢᠶᠠᠯᠠᠭᠤᠯᠵᠤ᠂ ᠳᠠᠭᠠᠭᠠᠴᠢᠯᠠᠨ ᠡᠵᠡᠩᠨᠡᠬᠦ ᠡᠷᠬᠡ ᠶᠢ ᠲᠠᠷᠢᠶᠠᠴᠢᠨ ᠡᠷᠦᠬᠡ ᠳᠤ ᠬᠠᠷᠢᠶᠠᠯᠠᠭᠤᠯᠵᠤ ︽ᠬᠤᠶᠠᠷ ᠡᠷᠬᠡ ᠶᠢ ᠰᠠᠯᠭᠠᠬᠤ︾ ᠭᠡᠵᠦ ᠨᠡᠷᠡᠶᠢᠳᠴᠦ ᠪᠠᠶᠢᠪᠠ᠃ ᠤᠳᠤ ᠲᠠᠷᠢᠶᠠᠴᠢᠳ ᠤᠨ ᠭᠠᠵᠠᠷ ᠰᠢᠷᠣᠶ ᠶᠢᠨ ᠳᠠᠭᠠᠭᠠᠴᠢᠯᠠᠬᠤ ᠡᠷᠬᠡ ᠪᠠᠨ ᠦᠯᠡᠳᠡᠭᠡᠬᠦ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠨ ᠰᠢᠯᠵᠢᠭᠦᠯᠬᠦ ᠬᠦᠰᠡᠯ ᠡᠷᠡᠮᠡᠯᠵᠡᠯ ᠢ ᠳᠠᠭᠠᠭᠤᠯᠵᠤ᠂ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠳᠠᠬᠢᠨ ᠳᠠᠭᠠᠭᠠᠴᠢᠯᠠᠬᠤ ᠡᠷᠬᠡ ᠪᠠ ᠡᠵᠡᠩᠨᠡᠬᠦ ᠡᠷᠬᠡ ᠪᠤᠯᠭᠠᠨ ᠬᠤᠪᠢᠶᠠᠵᠤ᠂ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ᠵᠡᠷᠭᠡ ︽ᠭᠤᠷᠪᠠᠨ ᠡᠷᠬᠡ ᠶᠢ ᠰᠠᠯᠭᠠᠬᠤ︾ ᠪᠠᠶᠢᠷᠢᠰᠢᠯ ᠢ ᠪᠤᠢ ᠪᠤᠯᠭᠠᠨ᠎ᠠ᠃        ᠡᠨᠡ ᠬᠦ ᠪᠣᠷᠣ ᠲᠥᠯᠥᠪ ᠤᠨ ᠳᠣᠣᠷ᠎ᠠ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠬᠠᠮᠲᠤ ᠶᠢᠨ ᠥᠮᠴᠢᠯᠡᠯ ᠤᠨ ᠡᠷᠬᠡ ᠪᠤᠯ ᠭᠠᠵᠠᠷ ᠰᠢᠷᠣᠶ ᠳᠠᠭᠠᠭᠠᠴᠢᠯᠠᠬᠤ ᠡᠷᠬᠡ ᠶᠢᠨ ᠤᠷᠢᠲᠠᠯ ᠮᠦᠨ᠂ ᠲᠠᠷᠢᠶᠠᠴᠢᠨ ᠡᠷᠦᠬᠡ ᠶᠢᠨ ᠬᠦᠷᠲᠡᠵᠦ ᠪᠠᠶᠢᠭ᠎ᠠ ᠳᠠᠭᠠᠭᠠᠴᠢᠯᠠᠨ ᠡᠵᠡᠩᠨᠡᠬᠦ ᠡᠷᠬᠡ ᠪᠤᠯ ᠬᠠᠮᠲᠤ ᠶᠢᠨ ᠥᠮᠴᠢᠯᠡᠯ ᠤᠨ ᠡᠷᠬᠡ ᠶᠢᠨ ᠠᠬᠤᠢ ᠬᠡᠯᠪᠡᠷᠢ ᠮᠦᠨ᠂ ᠭᠠᠵᠠᠷ ᠰᠢᠷᠣᠶ ᠶᠢᠨ ᠡᠷᠭᠢᠯᠲᠡ ᠶᠢᠨ ᠳᠤᠮᠳᠠ ᠲᠠᠷᠢᠶᠠᠴᠢᠨ ᠡᠷᠤᠭᠡ ᠶᠢᠨ ᠳᠠᠭᠠᠭᠠᠴᠢᠯᠠᠨ ᠡᠵᠡᠩᠨᠡᠬᠦ ᠡᠷᠬᠡ ᠠᠴᠠ ᠭᠠᠵᠠᠷ ᠰᠢᠷᠤᠢ ᠡᠵᠡᠩᠨᠡᠬᠦ ᠡᠷᠬᠡ ᠡᠭᠦᠰᠦᠨ᠎ᠡ᠃ ᠬᠠᠮᠲᠤ ᠶᠢᠨ ᠥᠮᠴᠢᠯᠡᠯ ᠤᠨ ᠡᠷᠬᠡ᠂ ᠲᠠᠷᠢᠶᠠᠴᠢᠨ ᠡᠷᠣᠬᠡ ᠶᠢᠨ ᠳᠠᠭᠠᠭᠠᠴᠢᠯᠠᠯᠲᠠ ᠶᠢᠨ ᠡᠷᠬᠡ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠨᠢ ᠴᠥᠮ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠳᠤ ᠨᠢᠭᠡᠳᠦᠨ᠎ᠡ᠃ ᠡᠭᠦᠨ ᠳᠤ᠂ ᠬᠠᠮᠲᠤ ᠶᠢᠨ ᠥᠮᠴᠢᠯᠡᠯ ᠤᠨ ᠡᠷᠬᠡ ᠪᠣᠯ ᠦᠨᠳᠦᠰᠦ᠂ ᠲᠠᠷᠢᠶᠠᠴᠢᠨ ᠡᠷᠦᠭᠡ ᠶᠢᠨ ᠳᠠᠭᠠᠭᠠᠴᠢᠯᠠᠬᠤ ᠡᠷᠬᠡ ᠪᠣᠯ ᠰᠠᠭᠤᠷᠢ᠂ ᠭᠠᠵᠠᠷ ᠰᠢᠷᠣᠶ ᠡᠵᠡᠩᠨᠡᠬᠦ ᠡᠷᠬᠡ ᠪᠣᠯ ᠵᠠᠩᠭᠢᠯᠠᠭ᠎ᠠ ᠪᠣᠯᠤᠨ᠎ᠠ ᠭᠡᠪᠡ᠃        ︽︿ᠭᠤᠷᠪᠠᠨ ᠡᠷᠬᠡ ᠶᠢ ᠰᠠᠯᠭᠠᠬᠤ﹀ ᠪᠣᠯ ᠭᠡᠷ ᠪᠦᠯᠢ ᠶᠢᠨ ᠬᠤᠷᠢᠶᠠᠯᠲᠠ ᠲᠠᠢ ᠬᠤᠯᠪᠣᠭᠳᠠᠭᠤᠯᠤᠨ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠤᠨ ᠳᠠᠷᠠᠭᠠᠬᠢ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠪᠠᠰᠠ ᠨᠢᠭᠡᠨ ᠴᠢᠬᠤᠯᠠ ᠶᠡᠭᠡ ᠳᠦᠷᠢᠮ ᠤᠨ ᠰᠢᠨ᠎ᠡ ᠡᠭᠦᠳᠦᠯᠲᠡ ᠮᠥᠨ᠂ ᠪᠠᠰᠠ ᠴᠤ ᠬᠥᠳᠡᠭᠡ ᠲᠣᠰᠬᠤᠨ ᠤ ᠭᠠᠵᠠᠷ ᠰᠢᠷᠤᠢ ᠶᠢᠨ ᠠᠰᠠᠭᠤᠳᠠᠯ ᠤᠨ ᠲᠤᠬᠠᠶ ᠲᠥᠪ ᠬᠤᠷᠢᠶ᠎ᠠ ᠶᠢᠨ ᠪᠠᠰᠠ ᠨᠢᠭᠡ ᠴᠢᠬᠤᠯᠠ ᠲᠦᠷᠦ ᠶᠢᠨ ᠪᠤᠳᠤᠯᠭ᠎ᠠ ᠪᠣᠯᠤᠨ᠎ᠠ︾᠃        ᠬᠠᠨ ᠴᠠᠩ ᠹᠦ᠋ ᠬᠡᠯᠡᠭᠰᠡᠨ ᠨᠢ᠂ ︽ᠭᠤᠷᠪᠠᠨ ᠡᠷᠬᠡ ᠶᠢ ᠰᠠᠯᠭᠠᠬᠤ︾ ᠨᠢ ᠠᠯᠤᠰ ᠬᠡᠳᠦ ᠶᠢᠨ ᠠᠴᠢ ᠬᠤᠯᠪᠣᠭᠳᠠᠯ ᠲᠠᠢ᠄        — — ᠳᠠᠪᠬᠤᠷ ᠡᠵᠡᠩᠨᠡᠯᠲᠡ ᠶᠢᠨ ᠪᠠᠶᠢᠭᠤᠯᠤᠯ ᠤᠨ ᠠᠭᠤᠯᠤᠭᠳᠠᠬᠤᠨ ᠢ ᠪᠠᠶᠡᠯᠢᠭᠵᠢᠭᠤᠯᠪᠠ᠃ ︽ᠬᠤᠶᠠᠷ ᠡᠷᠬᠡ ᠶᠢ ᠰᠠᠯᠭᠠᠬᠤ︾ ᠠᠴᠠ ︽ᠭᠤᠷᠪᠠᠨ ᠡᠷᠬᠡ ᠶᠢ ᠰᠠᠯᠭᠠᠨ ᠪᠠᠶᠢᠷᠢᠰᠢᠭᠤᠯᠬᠤ︾ ᠪᠤᠯᠲᠠᠯ᠎ᠠ᠂ ︽ᠬᠠᠮᠲᠤ ᠦᠮᠴᠢᠯᠡᠬᠦ᠂ ᠲᠠᠷᠢᠶᠠᠴᠢᠨ ᠡᠷᠦᠬᠡ ᠶᠢᠨ ᠳᠠᠭᠠᠭᠠᠴᠢᠯᠠᠨ ᠡᠵᠡᠩᠨᠡᠬᠦ︾ ᠠᠴᠠ ︽ᠬᠠᠮᠲᠤ ᠦᠮᠴᠢᠯᠡᠬᠦ᠂ ᠲᠠᠷᠢᠶᠠᠴᠢᠨ ᠡᠷᠣᠬᠡ ᠳᠠᠭᠠᠭᠠᠴᠢᠯᠠᠬᠤ᠂ ᠤᠯᠠᠨ ᠡᠰᠢᠲᠦ ᠡᠵᠡᠩᠨᠡᠬᠦ︾ ᠪᠤᠯᠲᠠᠯ᠎ᠠ᠂ ︽ᠭᠤᠷᠪᠠᠨ ᠡᠷᠬᠡ ᠶᠢ ᠰᠠᠯᠭᠠᠬᠤ︾ ᠨᠢ ᠮᠠᠨ ᠤ ᠤᠯᠤᠰ ᠤᠨ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠤᠨ ᠤᠳᠠᠭᠠᠨ ᠳᠠᠭᠠᠭᠠᠮᠠᠭᠠᠶ ᠠᠮᠢᠳᠤ ᠰᠣᠷᠭᠤᠭ ᠬᠦᠴᠦᠨ ᠴᠢᠳᠠᠯ ᠲᠠᠢ ᠪᠠᠶᠢᠬᠤ ᠶᠢ ᠢᠯᠡᠷᠡᠭᠦᠯᠪᠡ᠃        — — ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠡᠩ ᠶᠡᠭᠡ ᠬᠡᠪᠴᠢᠶᠡᠨ ᠳᠤ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠬᠤ ᠳᠤ ᠠᠰᠢᠭᠲᠠᠶ ᠪᠤᠯᠭᠠᠵᠤ᠂ ᠭᠠᠵᠠᠷ ᠰᠢᠷᠣᠶ ᠶᠢᠨ ᠭᠠᠷᠭᠠᠯᠲᠠ ᠶᠢᠨ ᠨᠤᠷᠮ᠎ᠠ᠂ ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠪᠠ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠬᠥᠳᠡᠭᠡ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠵᠤ᠂ ᠵᠣᠬᠢᠬᠤ ᠬᠡᠮᠵᠢᠶᠡᠨ ᠤ ᠬᠡᠪᠴᠢᠶᠡᠲᠦ ᠡᠵᠡᠩᠨᠡᠯᠲᠡ ᠶᠢᠨ ᠤᠳᠤ ᠦᠶ᠎ᠡ ᠶᠢᠨ ᠲᠠᠷᠢᠶᠠᠯᠠᠩ ᠤᠨ ᠪᠠᠶᠢᠭᠤᠯᠤᠯᠲᠠ ᠳᠠᠬᠢ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠭᠠᠷᠭᠠᠯᠲᠠ ᠨᠢ ᠥᠨᠳᠥᠷ ᠦᠷ᠎ᠡ ᠠᠰᠢᠭ ᠲᠠᠢ᠂ ᠦᠢᠯᠡᠳᠬᠦᠨ ᠨᠢ ᠠᠮᠤᠷ ᠲᠦᠪᠰᠢᠨ᠂ ᠡᠬᠢ ᠪᠠᠶᠠᠯᠢᠭ ᠲᠤ ᠠᠷᠪᠢᠲᠠᠶ᠂ ᠣᠷᠴᠢᠨ ᠲᠤᠭᠤᠷᠢᠨ ᠳᠤ ᠨᠥᠬᠦᠷᠰᠡᠭ ᠪᠠᠶᠢᠬᠤ ᠳᠤᠮᠳᠠᠳᠤ ᠤᠯᠤᠰ ᠤᠨ ᠣᠨᠴᠠᠯᠢᠭ ᠪᠦᠬᠦᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠳᠤ ᠰᠢᠨ᠎ᠡ ᠠᠷᠭ᠎ᠠ ᠵᠠᠮ ᠨᠡᠭᠡᠭᠡᠵᠦ ᠦᠭᠪᠡ᠃       — — ︽ᠭᠤᠷᠪᠠᠨ ᠡᠷᠬᠡ ᠶᠢ ᠰᠠᠯᠭᠠᠬᠤ︾ ᠬᠠᠮᠲᠤ᠂ ᠳᠠᠭᠠᠭᠠᠴᠢᠯᠠᠭᠰᠠᠨ ᠲᠠᠷᠢᠶᠠᠴᠢᠨ ᠡᠷᠦᠬᠡ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠤᠭᠴᠠ ᠭᠠᠵᠠᠷ ᠰᠢᠷᠣᠶ ᠶᠢᠨ ᠡᠷᠬᠡ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠠᠵᠢᠯ ᠦᠢᠯᠡᠰ ᠢᠶᠠᠷ ᠬᠤᠪᠢᠶᠠᠬᠤ ᠶᠢ ᠠᠬᠢᠭᠤᠯᠬᠤ ᠳᠤ ᠠᠰᠢᠭᠲᠠᠶ ᠪᠤᠯᠭᠠᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠪᠠᠨ ᠭᠠᠷᠭᠠᠵᠤ ᠦᠭᠭᠦᠭᠰᠡᠨ ᠳᠠᠭᠠᠭᠠᠴᠢᠯᠠᠭᠰᠠᠨ ᠲᠠᠷᠢᠶᠠᠴᠢᠨ ᠡᠷᠦᠬᠡ ᠳᠤ ᠡᠳ᠋ ᠬᠦᠷᠦᠩᠭᠡ ᠶᠢᠨ ᠣᠷᠣᠯᠭ᠎ᠠ ᠶᠢ ᠨᠢ ᠨᠡᠮᠡᠭᠳᠡᠭᠦᠯᠦᠨ ᠦᠭᠴᠦ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠤᠭᠴᠠ ᠬᠡᠪᠴᠢᠶᠡᠲᠦ ᠤᠷᠤᠯᠭ᠎ᠠ ᠤᠯᠭᠤᠭᠤᠯᠵᠤ ᠣᠶᠤᠨ ᠪᠢᠯᠢᠭ ᠭᠦᠨ ᠨᠡᠪᠴᠢᠭᠰᠡᠨ ᠳᠦᠷᠢᠮ ᠤᠨ ᠲᠣᠬᠢᠷᠠᠭᠤᠯᠤᠯᠲᠠ᠂ ᠡᠯᠪᠡᠭ ᠳᠡᠯᠪᠡᠭ ᠠᠭᠤᠯᠬᠤᠨ ᠲᠠᠢ ᠣᠨᠣᠯ ᠤᠨ ᠰᠢᠨ᠎ᠡ ᠡᠭᠦᠳᠦᠯᠲᠡ ᠪᠤᠯᠬᠤ ᠶᠤᠮ᠃       ᠲᠠᠷᠢᠶᠠᠴᠢᠨ ᠤ ᠠᠰᠠᠭᠤᠳᠠᠯ ᠤᠨ ᠭᠤᠣᠯ ᠨᠢ ᠮᠥᠨᠬᠦ ᠭᠠᠵᠠᠷ ᠰᠢᠷᠣᠶ ᠶᠢᠨ ᠠᠰᠠᠭᠤᠳᠠᠯ ᠪᠣᠯᠣᠨ᠎ᠠ       ᠬᠠᠨ ᠴᠠᠩ ᠹᠦ᠋ ᠬᠡᠯᠡᠭᠰᠡᠨ ᠨᠢ᠂ ︽ᠭᠤᠷᠪᠠᠨ ᠡᠷᠬᠡ ᠶᠢ ᠰᠠᠯᠭᠠᠬᠤ︾ ᠶᠢᠨ ᠭᠤᠣᠯ ᠵᠣᠷᠢᠯᠭ᠎ᠠ ᠪᠣᠯ ᠬᠤᠶᠠᠷ ᠲᠠᠯ᠎ᠠ ᠶᠢᠨ ᠠᠰᠠᠭᠤᠳᠠᠯ ᠢ ᠰᠢᠢᠳᠪᠦᠷᠢᠯᠡᠬᠦ ᠶᠠᠪᠤᠳᠠᠯ ᠮᠥᠨ᠄ ︽ᠭᠤᠷᠪᠠᠨ ᠡᠷᠬᠡ︾ ᠶᠢᠨ ᠠᠭᠤᠯᠤᠭᠳᠠᠬᠤᠨ᠂ ᠢᠯᠭᠠᠭ᠎ᠠ ᠵᠢᠴᠢ ᠬᠤᠭᠤᠷᠣᠨᠳᠣᠬᠢ ᠬᠠᠷᠢᠴᠠᠭ᠎ᠠ ᠶᠢ ᠨᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠲᠦᠷᠢᠮ ᠢ ᠲᠠᠰᠤᠷᠠᠯᠲᠠ ᠦᠭᠡᠢ ᠪᠠᠬᠢᠵᠢᠭᠦᠯᠬᠦ ᠪᠠ ᠪᠦᠷᠢᠨᠰᠢᠭᠦᠯᠵᠤ ᠂ ᠲᠠᠷᠢᠶᠠᠴᠢᠳ ᠤᠨ ᠬᠠᠮᠲᠤ ᠶᠢᠨ ᠥᠮᠴᠢᠯᠡᠯ᠂ ᠳᠠᠭᠠᠭᠠᠴᠢᠯᠠᠭᠰᠠᠨ ᠲᠠᠷᠢᠶᠠᠴᠢᠨ ᠡᠷᠦᠬᠡ᠂ ᠡᠵᠡᠩᠨᠡᠯᠲᠡ ᠶᠢᠨ ᠭᠤᠣᠯ ᠴᠣᠭᠴᠠ ᠵᠡᠷᠭᠡ ᠡᠯ᠎ᠡ ᠲᠠᠯ᠎ᠠ ᠶᠢᠨ ᠬᠢᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠨ᠎ᠠ ︔ ᠭᠠᠵᠠᠷ ᠰᠢᠷᠣᠶ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠰᠢᠨ᠎ᠡ ᠮᠠᠶ᠋ᠢᠭ ᠤᠨ ᠡᠵᠡᠩᠨᠡᠯᠲᠡ ᠶᠢᠨ ᠴᠣᠭᠴᠠ ᠶᠢ ᠪᠤᠶᠢᠵᠢᠭᠤᠯᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠨᠡᠶᠢᠭᠡᠮ ᠵᠢᠷᠤᠮ ᠤᠨ ᠰᠢᠨ᠎ᠡ ᠬᠥᠳᠡᠭᠡ ᠲᠣᠰᠬᠤᠨ ᠢ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ ᠭᠡᠵᠡᠢ᠃       ᠲᠡᠷᠡ ᠬᠡᠯᠡᠭᠰᠡᠨ ᠨᠢ᠂ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ︾ ᠤ ᠠᠰᠠᠭᠤᠳᠠᠯ ᠤᠨ ᠭᠤᠣᠯ ᠨᠢ ᠲᠠᠷᠢᠶᠠᠴᠢᠨ ᠤ ᠠᠰᠠᠭᠤᠳᠠᠯ ᠮᠥᠨ᠂ ᠲᠠᠷᠢᠶᠠᠴᠢᠨ ᠤ ᠠᠰᠠᠭᠤᠳᠠᠯ ᠤᠨ ᠭᠤᠣᠯ ᠨᠢ ᠣᠳᠣᠬᠢ ᠱᠠᠲᠤᠨ ᠳᠤ ᠮᠥᠨᠬᠦ ᠭᠠᠵᠠᠷ ᠰᠢᠷᠣᠶ ᠶᠢᠨ ᠠᠰᠠᠭᠤᠳᠠᠯ ᠪᠣᠯᠤᠨ᠎ᠠ᠃ ᠲᠠᠷᠢᠶᠠᠴᠢᠨ ᠪᠠ ᠭᠠᠵᠠᠷ ᠰᠢᠷᠣᠶ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠢᠨ ᠨᠡᠩ ᠴᠢᠬᠤᠯᠠ ᠲᠠᠯ᠎ᠠ ᠪᠣᠯ ᠳᠠᠷᠤᠶ ᠭᠠᠵᠠᠷ ᠰᠢᠷᠣᠶ ᠶᠢ ᠰᠢᠯᠵᠢᠭᠦᠯᠬᠦ ᠳᠤᠮᠳᠠ ᠳᠠᠭᠠᠭᠠᠴᠢᠯᠠᠭᠰᠠᠨ ᠲᠠᠷᠢᠶᠠᠴᠢᠨ ᠡᠷᠦᠬᠡ ᠪᠠ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠣᠨ᠎ᠠ᠃ ᠣᠳᠣᠬᠠᠨ ᠳᠤ ᠪᠦᠬᠦ ᠤᠯᠤᠰ ᠤᠨ 2.3 ᠳ᠋ᠦᠩᠰᠢᠭᠤᠷ ᠲᠠᠷᠢᠶᠠᠴᠢᠨ ᠡᠷᠤᠭᠡ ᠶᠢᠨ ᠳᠣᠲᠣᠷ᠎ᠠ᠂ ᠪᠠᠷᠤᠭ 30 % ᠂ 7000 ᠲᠦᠮᠡᠨ ᠲᠠᠷᠢᠶᠠᠴᠢᠨ ᠡᠷᠦᠬᠡ ᠭᠠᠵᠠᠷ ᠰᠢᠷᠣᠶ ᠪᠠᠨ ᠨᠢᠭᠡᠨᠲᠡ ᠡᠷᠭᠢᠯᠲᠡ ᠳᠤ ᠣᠷᠣᠭᠤᠯᠵᠤ᠂ ᠵᠡᠭᠦᠨ ᠬᠡᠰᠡᠭ ᠤᠨ ᠲᠠᠯᠠᠢ ᠳᠠᠭᠠᠤ ᠶᠢᠨ ᠬᠥᠭᠵᠢᠭᠰᠡᠨ ᠮᠤᠵᠢ ᠣᠷᠣᠨ ᠤ ᠬᠢᠨ ᠤ ᠡᠨᠡ ᠬᠦ ᠬᠠᠷᠢᠴᠠᠯ ᠨᠡᠩ ᠥᠨᠳᠥᠷ ᠪᠠᠶᠢᠵᠤ᠂ 50 % ᠶᠢ ᠳᠠᠪᠠᠪᠠ᠃ ᠭᠠᠵᠠᠷ ᠰᠢᠷᠣᠶ ᠳᠠᠭᠠᠭᠠᠴᠢᠯᠠᠬᠤ ᠡᠷᠬᠡ ᠶᠢᠨ ᠪᠡᠶᠡᠴᠢ ᠴᠣᠭᠴᠠ ᠨᠢ ᠡᠵᠡᠩᠨᠡᠬᠦ ᠡᠷᠬᠡ ᠶᠢᠨ ᠭᠤᠣᠯ ᠴᠣᠭᠴᠠ ᠠᠴᠠ ᠰᠠᠯᠬᠤ ᠦᠵᠡᠭᠳᠡᠯ ᠤᠯᠠᠮ ᠠᠴᠠ ᠤᠯᠠᠮ ᠲᠦᠭᠡᠮᠡᠯᠵᠢᠵᠦ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶᠠᠵᠢᠯ᠂ ᠲᠠᠷᠢᠶᠠᠯᠠᠩ ᠤᠨ ᠠᠵᠤ ᠠᠬᠤᠶᠢᠯᠠᠯ ᠨᠢ ᠲᠠᠷᠢᠶᠠᠯᠠᠩ ᠦᠢᠯᠡᠳᠪᠦᠷᠢᠯᠡᠯ ᠤᠨ ᠵᠢᠩᠬᠢᠨᠢ ᠡᠵᠡᠩᠨᠡᠭᠴᠢ ᠪᠣᠯᠣᠭᠰᠠᠨ ᠪᠠᠶᠢᠨ᠎ᠠ᠃       ᠡᠭᠦᠨ ᠤ ᠲᠤᠯᠠᠳᠠ᠂ ︽ᠭᠤᠷᠪᠠᠨ ᠡᠷᠬᠡ ᠶᠢ ᠰᠠᠯᠭᠠᠬᠤ︾ ᠰᠠᠨᠠᠯ ᠳᠤ ᠴᠢᠬᠤᠯᠠᠴᠢᠯᠠᠭᠰᠠᠨ ᠨᠢ᠂ ᠳᠠᠭᠠᠭᠠᠴᠢᠯᠠᠭᠰᠠᠨ ᠲᠠᠷᠢᠶᠠᠴᠢᠨ ᠡᠷᠦᠬᠡ ᠶᠢᠨ ᠳᠠᠭᠠᠭᠠᠴᠢᠯᠠᠭᠰᠠᠨ ᠭᠠᠵᠠᠷ ᠰᠢᠷᠤᠢ ᠪᠠᠨ ᠬᠡᠷᠡᠭᠯᠡᠬᠦ᠂ ᠰᠢᠯᠵᠢᠭᠦᠯᠬᠦ ᠡᠯ᠎ᠡ ᠵᠦᠢᠯ ᠤᠨ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠴᠥᠮ ᠲᠠᠷᠢᠶᠠᠴᠢᠨ ᠤ ᠭᠡᠷ ᠪᠦᠯᠢ ᠶᠢᠨ ᠭᠠᠵᠠᠷ ᠰᠢᠷᠣᠶ ᠶᠢᠨ ᠳᠠᠭᠠᠭᠠᠴᠢᠯᠠᠬᠤ ᠪᠠᠶᠢᠷᠢ ᠰᠠᠭᠤᠷᠢ ᠶᠢ ᠣᠷᠣᠯᠠᠵᠤ ᠪᠣᠯᠬᠤ ᠦᠭᠡᠶ᠂ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠴᠥᠮ ᠲᠠᠷᠢᠶᠠᠴᠢᠨ ᠡᠷᠦᠬᠡ ᠶᠢᠨ ᠭᠠᠵᠠᠷ ᠰᠢᠷᠤᠢ ᠪᠠᠨ ᠰᠢᠯᠵᠢᠭᠦᠯᠬᠦ ᠶᠢ ᠨᠢ ᠠᠯᠪᠠᠳᠠᠬᠤ ᠪᠤᠶᠤ ᠬᠢᠵᠠᠭᠠᠷᠯᠠᠵᠤ ᠪᠣᠯᠬᠤ ᠦᠭᠡᠢ᠃ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠪᠠᠰᠠ ᠳᠠᠭᠠᠭᠠᠴᠢᠯᠠᠭᠰᠠᠨ ᠡᠷᠦᠬᠡ ᠶᠢ ᠪᠠᠷᠢᠴᠠᠭᠠᠯᠠᠬᠤ ᠪᠣᠶᠣ ᠪᠠᠲᠤᠯᠠᠨ ᠳᠠᠭᠠᠭᠠᠬᠤ ᠵᠡᠷᠭᠡ ᠲᠠᠯ᠎ᠠ ᠪᠠᠷ ᠨᠡᠩ ᠶᠡᠭᠡ ᠭᠠᠵᠠᠷ ᠰᠢᠷᠣᠶ ᠶᠢᠨ ᠡᠷᠬᠡ ᠴᠢᠳᠠᠮᠵᠢ ᠲᠠᠢ ᠪᠣᠯᠭᠠᠨ᠎ᠠ ᠭᠡᠵᠡᠢ᠃ ᠡᠭᠦᠨ ᠤ ᠬᠠᠮᠲᠤ᠂ ᠰᠠᠨᠠᠯ ᠳᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠠᠮᠢᠳᠦᠯᠢᠭᠵᠢᠭᠤᠯᠬᠤ ᠶᠢ ᠲᠦᠷᠭᠡᠳᠬᠡᠵᠦ᠂ ᠰᠢᠨ᠎ᠡ ᠡᠵᠡᠩᠨᠡᠯᠲᠡ ᠶᠢᠨ ᠭᠤᠣᠯ ᠴᠣᠭᠴᠠ ᠳᠤ ᠭᠠᠵᠠᠷ ᠰᠢᠷᠣᠶ ᠶᠢᠨ ᠰᠢᠯᠵᠢᠭᠦᠯᠬᠦ᠂ ᠥᠮᠴᠢᠯᠡᠬᠦ᠂ ᠲᠠᠷᠢᠶᠠᠯᠠᠬᠤ ᠲᠡᠷᠡᠴᠢᠯᠡᠨ ᠵᠣᠬᠢᠴᠠᠩᠭᠤᠶ ᠪᠦᠬᠦᠢ ᠡᠷᠬᠡ ᠠᠰᠢᠭ ᠣᠯᠭᠤᠵᠤ᠂ ᠡᠵᠡᠩᠨᠡᠯᠲᠡ ᠶᠢᠨ ᠵᠢᠱᠢᠭᠰᠡᠨ ᠬᠤᠭᠤᠴᠠᠭ᠎ᠠ ᠶᠢ ᠲᠣᠭᠲᠠᠪᠤᠷᠢᠵᠢᠭᠤᠯᠵᠤ᠂ ᠲᠡᠭᠦᠨ ᠢ ᠰᠠᠨᠠᠭ᠎ᠠ ᠠᠮᠤᠷ ᠣᠷᠣᠭᠤᠯᠤᠯᠲᠠ ᠬᠢᠯᠭᠡᠵᠦ᠂ ᠭᠠᠵᠠᠷ ᠤᠨ ᠦᠩ ᠰᠢᠮ᠎ᠡ ᠶᠢ ᠨᠡᠮᠡᠭᠳᠡᠭᠦᠯᠦᠨ᠂ ᠬᠥᠳᠡᠭᠡ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢ ᠪᠦᠷᠢᠨᠰᠢᠭᠦᠯᠦᠨ᠎ᠡ᠂ ᠢᠩᠭᠢᠪᠡᠯ ᠰᠠᠶ᠋ᠢ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ ᠴᠢᠳᠠᠨ᠎ᠠ ᠭᠡᠪᠡ᠃         ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠴᠢᠯᠦᠭᠡᠲᠠᠢ ᠪᠤᠯᠭᠠᠬᠤ ᠶᠢ ᠲᠦᠷᠭᠡᠳᠭᠡᠨ᠎ᠡ ᠬᠠᠨ ᠴᠠᠩ ᠹᠦ᠋ ᠬᠡᠯᠡᠭᠰᠡᠨ ᠨᠢ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠴᠢᠯᠢᠦᠭᠡᠲᠠᠢ ᠪᠤᠯᠭᠠᠬᠤ ᠶᠢ ᠲᠦᠷᠭᠡᠳᠭᠡᠨ᠂ ᠭᠠᠵᠠᠷ ᠰᠢᠷᠣᠶ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠤᠯ ︽ᠭᠤᠷᠪᠠᠨ ᠡᠷᠬᠡ ᠶᠢ ᠰᠠᠯᠭᠠᠬᠤ︾ ᠴᠢᠬᠤᠯᠠ ᠬᠠᠷᠠᠯᠲᠠ ᠶᠢᠨ ᠨᠢᠭᠡ ᠪᠤᠯᠤᠨ᠎ᠠ᠃ ︽ᠲᠠᠷᠢᠶᠠᠨ ᠭᠠᠵᠠᠷ ᠢ ᠲᠠᠷᠢᠶᠠᠴᠢᠳ ᠦᠮᠴᠢᠯᠡᠬᠦ᠂ ᠲᠠᠷᠢᠶᠠᠨ ᠭᠠᠵᠠᠷ ᠢ ᠬᠥᠳᠡᠭᠡ ᠠᠵᠤ ᠠᠬᠤᠶ ᠳᠤ ᠬᠡᠷᠡᠭᠯᠡᠬᠦ︾ ᠳᠦᠷᠢᠮ ᠤᠨ ᠲᠣᠬᠢᠷᠠᠭᠤᠯᠤᠯᠲᠠ ᠪᠠᠷ ᠳᠠᠮᠵᠢᠭᠤᠯᠤᠨ᠂ ᠬᠡᠪᠴᠢᠶᠡᠲᠦ ᠡᠵᠡᠩᠨᠡᠯᠲᠡ ᠪᠤᠯᠤᠨ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠨᠡᠩ ᠰᠠᠶᠢᠲᠤᠷ ᠠᠬᠢᠭᠤᠯᠵᠤ ᠪᠣᠯᠤᠨ᠎ᠠ᠃       ︽ᠭᠤᠷᠪᠠᠨ ᠡᠷᠬᠡ ᠶᠢ ᠰᠠᠯᠭᠠᠬᠤ︾ ᠰᠠᠨᠠᠯ ᠳᠤ ᠡᠭᠦᠨ ᠤ ᠲᠤᠬᠠᠶ ᠵᠤᠬᠢᠴᠠᠩᠭᠤᠢ ᠪᠦᠬᠦᠢ ᠲᠣᠭᠲᠠᠭᠠᠯ ᠭᠠᠷᠭᠠᠪᠠ᠄       ᠨᠢᠭᠡ ᠳᠤ ᠡᠵᠡᠩᠨᠡᠯᠲᠡ ᠶᠢᠨ ᠡᠷᠬᠡ ᠶᠢᠨ ᠠᠭᠤᠯᠤᠭᠳᠠᠬᠤᠨ ᠢ ᠲᠤᠲᠤᠷᠬᠠᠶᠢᠯᠠᠪᠠ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠭᠡᠲᠦ ᠬᠥᠮᠦᠨ ᠭᠠᠵᠠᠷ ᠰᠢᠷᠣᠶ ᠪᠠᠨ ᠰᠢᠯᠵᠢᠬᠦᠯᠬᠦ ᠳᠤ ᠵᠣᠬᠢᠬᠤ ᠬᠤᠭᠤᠴᠠᠭᠠᠨ ᠳᠤ ᠦᠮᠴᠢᠯᠡᠬᠦ᠂ ᠲᠠᠷᠢᠶᠠᠯᠠᠬᠤ ᠲᠡᠷᠡᠴᠢᠯᠡᠨ ᠵᠤᠬᠢᠬᠤ ᠠᠰᠢᠭ ᠤᠷᠤᠯᠭ᠎ᠠ ᠤᠯᠬᠤ ᠡᠷᠬᠡ ᠶᠢ ᠬᠠᠤᠯᠢ ᠶᠣᠰᠣᠭᠠᠷ ᠬᠦᠷᠲᠡᠨ᠎ᠡ ᠬᠡᠵᠤ ᠲᠤᠲᠤᠷᠬᠠᠶᠢᠯᠠᠪᠠ᠃ ᠬᠠᠮᠲᠤ ᠶᠢᠨ ᠦᠮᠴᠢᠯᠡᠯ ᠤᠨ ᠡᠷᠬᠡ᠂ ᠲᠠᠷᠢᠶᠠᠴᠢᠨ ᠡᠷᠦᠭᠡ ᠶᠢᠨ ᠳᠠᠭᠠᠭᠠᠴᠢᠯᠠᠬᠤ ᠡᠷᠬᠡ ᠶᠢ ᠬᠠᠮᠠᠭᠠᠯᠠᠭᠰᠠᠨ ᠤ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠭᠤᠤᠯ ᠴᠣᠭᠴᠠ ᠶᠢᠨ ᠰᠢᠯᠵᠢᠬᠦᠯᠬᠦ ᠬᠡᠷ᠎ᠡ ᠪᠠᠷ ᠤᠯᠤᠭᠰᠠᠨ ᠭᠠᠵᠠᠷ ᠰᠢᠷᠤᠢ ᠶᠢᠨ ᠡᠵᠡᠩᠨᠡᠯᠲᠡ ᠶᠢᠨ ᠡᠷᠬᠡ ᠶᠢ ᠡᠷᠬᠡ ᠲᠡᠭᠰᠢ ᠪᠠᠷ ᠬᠠᠮᠠᠭᠠᠯᠠᠬᠤ ᠬᠡᠷᠡᠭᠲᠠᠢ ᠬᠡᠵᠤ ᠴᠢᠬᠤᠯᠠᠴᠢᠯᠠᠪᠠ᠃       ᠬᠤᠶᠠᠷ ᠲᠤ ᠡᠵᠡᠩᠨᠡᠯᠲᠡ ᠶᠢᠨ ᠡᠷᠬᠡ ᠶᠢᠨ ᠡᠷᠭᠡ ᠴᠢᠳᠠᠮᠵᠢ ᠶᠢ ᠲᠤᠲᠤᠷᠬᠠᠶᠢᠯᠠᠪᠠ᠃ ᠡᠵᠡᠩᠨᠡᠯᠲᠡ ᠶᠢᠨ ᠭᠤᠤᠯ ᠴᠣᠭᠴᠠ ᠨᠢ ᠰᠢᠯᠵᠢᠭᠦᠯᠦᠭᠰᠡᠨ ᠭᠠᠵᠠᠷ ᠰᠢᠷᠣᠶ ᠶᠢ ᠡᠵᠡᠨ ᠮᠡᠳᠡᠨ ᠬᠡᠷᠡᠭᠯᠡᠵᠤ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠬᠢᠵᠤ ᠪᠤᠯᠬᠤ ᠪᠦᠭᠡᠳ ᠵᠤᠬᠢᠬᠤ ᠠᠰᠢᠭ ᠤᠷᠤᠯᠭ᠎ᠠ ᠤᠯᠬᠤ ᠡᠷᠭᠡ ᠲᠠᠢ᠂ ᠰᠢᠯᠵᠢᠬᠦᠯᠬᠦ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠠᠳᠠᠯᠢ ᠨᠥᠬᠦᠴᠡᠯ ᠤᠨ ᠳᠣᠣᠷ᠎ᠠ ᠭᠠᠵᠠᠷ ᠰᠢᠷᠣᠶ ᠶᠢ ᠤᠷᠢᠳᠠᠪᠠᠷ ᠦᠷᠭᠦᠯᠵᠢᠯᠡᠨ ᠲᠦᠷᠢᠶᠡᠰᠦᠯᠡᠬᠦ ᠪᠠ ᠳᠠᠭᠠᠭᠠᠴᠢᠯᠠᠬᠤ ᠡᠷᠬᠡ ᠲᠠᠢ᠂ ᠳᠠᠭᠠᠭᠠᠴᠢᠯᠠᠭᠰᠠᠨ ᠲᠠᠷᠢᠶᠠᠴᠢᠨ ᠡᠷᠦᠬᠡ ᠪᠠᠷ ᠵᠦᠪᠰᠢᠶᠡᠷᠡᠭᠦᠯᠦᠭᠡᠳ᠂ ᠡᠵᠡᠩᠨᠡᠯᠲᠡ ᠶᠢᠨ ᠭᠤᠤᠯ ᠴᠣᠭᠴᠠ ᠨᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠬᠥᠷᠥᠰᠥ ᠰᠢᠷᠣᠶ ᠶᠢ ᠰᠠᠶᠢᠵᠢᠷᠠᠭᠤᠯᠤᠨ᠂ ᠭᠠᠵᠠᠷ ᠰᠢᠷᠤᠢ ᠶᠢᠨ ᠰᠢᠮ᠎ᠡ ᠶᠢ ᠨᠡᠮᠡᠭᠳᠡᠭᠦᠯᠦᠨ᠂ ᠲᠠᠷᠢᠶᠠᠯᠠᠩ ᠤᠨ ᠦᠢᠯᠡᠳᠪᠦᠷᠢᠯᠡᠯ ᠤᠨ ᠳᠠᠭᠠᠯᠲᠠ ᠢᠵᠢ ᠪᠦᠷᠢᠳᠦᠭᠦᠯᠬᠦ ᠪᠡᠯᠡᠳᠭᠡᠮᠵᠢ ᠶᠢ ᠪᠦᠲᠦᠭᠡᠨ ᠪᠠᠶᠢᠭᠤᠯᠵᠤ ᠪᠤᠯᠤᠨ᠎ᠠ᠃ ᠪᠠᠰᠠ ᠳᠠᠭᠠᠭᠠᠴᠢᠯᠠᠭᠰᠠᠨ ᠲᠠᠷᠢᠶᠠᠴᠢᠨ ᠡᠷᠦᠬᠡ ᠪᠠᠷ ᠵᠦᠪᠰᠢᠶᠡᠷᠡᠭᠦᠯᠵᠤ᠂ ᠲᠠᠷᠢᠶᠠᠴᠢᠳ ᠤᠨ ᠬᠠᠮᠲᠤ ᠨᠡᠶᠢᠲᠡ ᠳᠤ ᠳᠠᠩᠰᠠᠯᠠᠭᠤᠯᠤᠭᠰᠠᠨ ᠤ ᠲᠠᠷᠠᠭ᠎ᠠ ᠲᠠᠭᠢᠨ ᠪᠤᠰᠤᠳ ᠭᠤᠣᠯ ᠴᠣᠭᠴᠠ ᠳᠤ ᠰᠢᠯᠵᠢᠬᠦᠯᠵᠤ ᠪᠤᠯᠤᠨ᠎ᠠ᠂ ᠡᠰᠡᠬᠦᠯ᠎ᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠪᠠᠷᠢᠴᠠᠭ᠎ᠠ ᠪᠠᠷᠢᠵᠤ ᠪᠤᠯᠤᠨ᠎ᠠ᠃ ᠰᠢᠯᠵᠢᠬᠦᠯᠦᠭᠰᠡᠨ ᠭᠠᠵᠠᠷ ᠰᠢᠷᠣᠶ ᠠᠴᠠ ᠭᠠᠶᠢᠯᠢ ᠲᠠᠲᠠᠪᠤᠷᠢᠯᠠᠬᠤ ᠦᠶ᠎ᠡ ᠳᠤ ᠭᠡᠷ᠎ᠡ ᠪᠠᠷ ᠤᠯᠤᠭᠰᠠᠨ ᠭᠠᠵᠠᠷ ᠰᠢᠷᠤᠢ ᠶᠢᠨ ᠲᠡᠭᠠᠯᠳᠠ ᠪᠤᠳᠠᠰ ᠪᠤᠯᠤᠨ ᠲᠠᠷᠢᠶᠠᠨ ᠴᠢᠬᠢ ᠪᠠᠷ ᠲᠦᠯᠦᠵᠤ ᠪᠤᠯᠤᠨ᠎ᠠ᠃       ᠭᠤᠷᠪᠠ ᠳᠤ᠂ ᠠᠷᠭ᠎ᠠ ᠮᠠᠶ᠋ᠢᠭ ᠢᠶᠠᠨ ᠰᠢᠨᠡᠴᠢᠯᠡᠬᠦ ᠶᠢ ᠵᠦ᠋ᠷᠢᠭᠵᠢᠭᠤᠯᠪᠠ᠃ ᠭᠠᠵᠠᠷ ᠰᠢᠷᠣᠶ ᠪᠠᠷ ᠬᠤᠪᠢ ᠤᠷᠤᠭᠤᠯᠬᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠣᠷᠣᠯᠠᠨ ᠬᠠᠭᠠᠯᠪᠤᠷᠢᠯᠠᠵᠤ ᠣᠷᠣᠯᠠᠨ ᠲᠠᠷᠢᠭᠤᠯᠬᠤ ᠠᠷᠭ᠎ᠠ ᠶᠢ ᠠᠪᠴᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠵᠣᠬᠢᠬᠤ ᠬᠡᠪᠴᠢᠶᠡᠲᠦ ᠡᠵᠡᠩᠨᠡᠯᠲᠡ ᠶᠢ ᠬᠦᠭᠵᠢᠬᠦᠯᠬᠦ ᠪᠠᠷ ᠳᠠᠮᠵᠢᠭᠤᠯᠤᠨ᠂ ᠡᠵᠡᠩᠨᠡᠯᠲᠡ ᠶᠢᠨ ᠡᠷᠭᠡ ᠶᠢ ᠨᠡᠩ ᠪᠦᠲᠦᠮᠵᠢᠲᠡᠶ ᠪᠠᠷ ᠴᠢᠯᠦᠭᠡᠲᠠᠢ ᠪᠤᠯᠭᠠᠬᠤ ᠠᠷᠭ᠎ᠠ ᠵᠠᠮ ᠢ ᠬᠠᠶᠢᠨ ᠰᠦᠪᠡᠭᠴᠢᠯᠡᠬᠦ ᠶᠢ ᠵᠦ᠋ᠷᠢᠭᠵᠢᠭᠤᠯᠪᠠ᠃       ᠬᠠᠨ ᠴᠠᠩ ᠹᠦ᠋᠂ ᠭᠠᠵᠠᠷ ᠰᠢᠷᠣᠶ ᠶᠢ ᠰᠢᠯᠵᠢᠬᠦᠯᠬᠦ ᠪᠠ ᠵᠣᠬᠢᠬᠤ ᠬᠡᠪᠴᠢᠶᠡᠲᠦ ᠡᠵᠡᠩᠨᠡᠯᠲᠡ ᠶᠢᠨ ᠬᠦᠭᠵᠢᠯᠲᠡ ᠶᠢᠨ ᠬᠡᠮᠵᠢᠶ᠎ᠡ ᠶᠢ ᠬᠤᠳᠠ ᠪᠠᠯᠭᠠᠰᠣᠵᠢᠯᠳᠡ ᠶᠢᠨ ᠠᠬᠢᠴᠠ ᠪᠤᠯᠤᠨ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠵᠤᠬᠢᠴᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠤᠯᠤᠨ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠰᠢᠨᠡᠴᠢᠯᠡᠯᠲᠡ ᠶᠢᠨ ᠬᠡᠮᠵᠢᠶ᠎ᠡ ᠯᠦᠭᠡ ᠵᠤᠬᠢᠴᠠᠭᠤᠯᠵᠤ᠂ ᠬᠥᠳᠡᠭᠡ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠵᠤ᠂ ᠪᠤᠳᠠᠲᠠᠢ ᠠᠴᠠ ᠡᠭᠦᠰᠴᠦ᠂ ᠵᠢᠮ᠎ᠡ ᠶᠤᠰᠤ ᠶᠢ ᠨᠢ ᠳᠠᠭᠠᠵᠤ᠂ ᠪᠠᠶᠢᠳᠠᠯ ᠤᠨ ᠬᠠᠨᠳᠤᠰᠢ ᠳᠤᠨᠢ ᠲᠤᠬᠢᠷᠠᠭᠤᠯᠤᠨ ᠴᠢᠳᠠᠮᠠᠭᠠᠢ ᠪᠠᠷ ᠵᠢᠯᠤᠭᠤᠳᠬᠤ ᠬᠡᠷᠡᠭᠲᠠᠢ᠂ ᠶᠠᠭᠠᠬᠢᠭᠰᠠᠨ ᠴᠤ ᠵᠠᠰᠠᠭ ᠵᠠᠬᠢᠷᠭᠠᠨ ᠢᠶᠠᠷ ᠵᠠᠷᠯᠢᠭᠳᠠᠵᠤ ᠪᠤᠯᠬᠤ ᠦᠭᠡᠢ᠂ ᠬᠦᠢᠴᠡᠳᠭᠡᠯ ᠲᠤᠭ᠎ᠠ ᠠᠴᠠ ᠪᠠᠭᠤᠯᠭᠠᠵᠤ ᠪᠤᠯᠬᠤ ᠦᠭᠡᠢ᠂ ᠨᠢᠭᠡ ᠯᠡ ᠠᠳᠠᠯᠢ ᠪᠠᠷ ᠱᠠᠭᠠᠷᠳᠠᠵᠤ ᠪᠤᠯᠬᠤ ᠦᠭᠡᠢ ᠬᠡᠵᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号