110 ᠲᠦᠭᠰᠢᠭᠦᠷᠢ ᠮᠡᠳᠡᠭᠦᠯᠬᠦ ᠤᠳᠠᠰᠤ
ᠨᠡᠶᠢᠲᠡᠯᠡᠭᠰᠡᠨ ᠴᠠᠭ᠄
2017-01-04
               ᠣᠯᠠᠨ ᠨᠡᠶᠢᠲᠡ ᠶᠢᠨ ᠠᠮᠤᠷ ᠲᠦᠪᠰᠢᠨ ᠪᠠ ᠬᠤᠪᠢ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠥᠪᠰᠢᠨ ᠳᠤ ᠠᠶᠤᠯᠲᠠᠢ ᠭᠡᠨᠡᠳᠲᠡ ᠶᠢᠨ ᠬᠡᠷᠡᠭ ᠭᠠᠷᠪᠠᠯ᠂ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠬᠦ ᠪᠣᠯ ᠨᠡᠶᠢᠭᠡᠮ ᠤᠨ ᠪᠦᠷᠢᠯᠳᠦᠬᠦᠨ ᠨᠢᠭᠡᠪᠥᠷᠢ ᠶᠢᠨ ᠭᠦᠢᠴᠡᠳᠬᠡᠪᠡᠰᠦ ᠵᠣᠬᠢᠬᠤ ᠡᠭᠦᠷᠭᠡ ᠪᠣᠯᠣᠨ᠎ᠠ᠃ ᠠᠶᠤᠯ ᠳᠤ ᠤᠴᠠᠷᠠᠪᠠᠯ 110 ᠶᠢ ᠨᠣᠮᠧᠷᠳᠠᠨ᠎ᠠ᠃ ᠲᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 110᠂ 119᠂ 122 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠳ᠋ᠢᠶᠠᠩᠬᠤᠸᠠ ᠶᠢᠨ ︽ᠭᠤᠷᠪᠠᠨ ᠳᠠᠪᠴᠠᠩ ᠢ ᠨᠢᠭᠡᠳᠬᠡᠬᠦ︾ ᠶᠢ ᠬᠡᠷᠡᠭᠵᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ᠂ ᠭᠠᠯ ᠤᠨ ᠠᠶᠤᠯ ᠭᠠᠷᠬᠤ᠂ ᠵᠠᠮ ᠬᠠᠷᠢᠯᠴᠠᠭᠠᠨ ᠤ ᠠᠳᠡᠯ᠂ ᠵᠢᠴᠢ ᠤᠰᠤ᠂ ᠴᠠᠬᠢᠯᠭᠠᠨ᠂ ᠬᠡᠢ᠂ ᠢᠯᠴᠢ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠳᠤ ᠬᠥᠮᠥᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠥᠪᠰᠢᠨ ᠳᠤ ᠠᠶᠤᠯᠲᠠᠢ ᠬᠦᠨᠳᠦ ᠶᠡᠭᠡ ᠲᠦᠭᠰᠢᠭᠦᠷᠢᠲᠦ ᠪᠠᠶᠢᠳᠠᠯ ᠭᠠᠷᠪᠠᠯ᠂ ᠴᠦᠮ 110 ᠶᠢ ᠨᠣᠮᠧᠷᠳᠠᠵᠤ ᠪᠣᠯᠣᠨ᠎ᠠ ︔ ᠤᠰᠤᠨ ᠳᠤ ᠵᠢᠪᠬᠦ᠂ ᠠᠰᠠᠷ ᠠᠴᠠ ᠤᠨᠠᠬᠤ᠂ ᠠᠮᠢ ᠪᠠᠨ ᠬᠤᠣᠷᠯᠠᠬᠤ᠂ ᠲᠥᠭᠡᠷᠢᠬᠦ ᠵᠢᠴᠢ ᠬᠤᠪᠢ ᠬᠥᠮᠥᠨ ᠲᠦᠭᠰᠢᠭᠦᠷᠢᠲᠦ ᠪᠠᠶᠢᠳᠠᠯ ᠳᠤ ᠣᠷᠣᠪᠠᠯ᠂ ᠪᠠᠰᠠ 110 ᠶᠢ ᠨᠣᠮᠧᠷᠳᠠᠵᠤ ᠪᠣᠯᠣᠨ᠎ᠠ᠃ ︽110︾ ᠬᠢᠭᠡᠳ ᠡᠯ᠎ᠡ ᠡᠭᠦᠷᠭᠡ ᠴᠢᠳᠠᠪᠥᠷᠢᠲᠦ ᠰᠠᠯᠠᠭ᠎ᠠ ᠮᠥᠴᠢᠷ ᠬᠠᠮᠲᠤᠷᠠᠨ ᠬᠦᠳᠡᠯᠥᠯᠴᠡᠬᠦ ᠲᠣᠭᠲᠠᠴᠠ ᠪᠠᠶᠢᠭᠤᠯᠵᠤ᠂ ᠡᠯ᠎ᠡ ᠵᠦᠢᠯ ᠤᠨ ᠲᠦᠭᠰᠢᠭᠦᠷᠢᠲᠦ ᠪᠠᠶᠢᠳᠠᠯ ᠳᠤ ᠴᠦᠮ ᠠᠪᠤᠷᠠᠨ ᠲᠤᠰᠠᠯᠠᠬᠤ ᠶᠢ ᠬᠠᠩᠭᠠᠵᠤ ᠴᠢᠳᠠᠨ᠎ᠠ᠃ ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ      ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃ ᠠᠶᠤᠯᠲᠠᠢ ᠪᠠᠶᠢᠳᠠᠯ ᠭᠠᠷᠪᠠᠯ ᠳᠠᠷᠤᠢ ᠳᠤᠨᠢ ᠲᠦᠭᠰᠢᠭᠦᠷᠢ ᠮᠡᠳᠡᠭᠦᠯᠬᠦ ᠬᠡᠷᠡᠭᠲᠡᠢ᠃ ᠬᠡᠷᠪᠡ ᠪᠠᠶᠢᠳᠠᠯ ᠪᠠᠴᠢᠮ ᠲᠦᠭᠰᠢᠭᠦᠷᠢᠲᠡᠢ ᠪᠣᠯᠤᠭᠠᠳ ᠳᠠᠷᠤᠢ ᠳᠤᠨᠢ ᠲᠦᠭᠰᠢᠭᠦᠷᠢ ᠮᠡᠳᠡᠭᠦᠯᠬᠦ ᠶᠢᠨ ᠠᠷᠭ᠎ᠠ ᠦᠭᠡᠢ ᠪᠣᠯ ᠠᠶᠤᠯ ᠠᠴᠠ ᠬᠡᠯᠲᠦᠷᠢᠭᠰᠡᠨ ᠤ ᠳᠠᠷᠠᠭ᠎ᠠ ᠪᠤᠰᠢᠭᠤ ᠲᠦᠷᠭᠡᠨ ᠲᠦᠭᠰᠢᠭᠦᠷᠢ ᠮᠡᠳᠡᠭᠦᠯᠬᠦ ᠬᠡᠷᠡᠭᠲᠡᠢ᠃      ︵2︶ ᠬᠡᠷᠡᠭ ᠤᠨ ᠲᠠᠯᠠᠪᠠᠢ ᠶᠢ ᠬᠠᠮᠠᠭᠠᠯᠠᠨ᠎ᠠ᠃ ᠲᠦᠭᠰᠢᠭᠦᠷᠢ ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢ ᠬᠠᠮᠠᠭᠠᠯᠠᠬᠤ ᠶᠢ ᠠᠩᠬᠠᠷᠴᠤ᠂ ᠴᠠᠭᠳᠠᠭ᠎ᠠ ᠶᠢᠨ ᠲᠠᠯ᠎ᠠ ᠶᠢᠨ ᠬᠢᠨ ᠤ ᠰᠦᠪᠡᠭᠴᠢ ᠴᠤᠭᠯᠠᠭᠤᠯᠬᠤ ᠳᠤ ᠳᠦᠭᠦᠮ ᠦᠵᠡᠭᠦᠯᠬᠦ ᠬᠡᠷᠡᠭᠲᠡᠢ᠃      ︵3︶ ᠭᠠᠵᠠᠷ ᠢᠶᠠᠨ ᠲᠣᠳᠣᠷᠬᠠᠢ ᠬᠡᠯᠡᠵᠦ ᠦᠭᠭᠦᠨ᠎ᠡ᠃ ᠠᠶᠤᠯᠲᠠᠢ ᠪᠠᠶᠢᠳᠠᠯ ᠭᠠᠷᠤᠭᠰᠠᠨ ᠴᠠᠭ᠂ ᠭᠠᠵᠠᠷ ᠣᠷᠣᠨ ᠢ ᠲᠣᠳᠣᠷᠬᠠᠢ ᠬᠡᠯᠡᠵᠦ ᠦᠭᠬᠦ ᠬᠡᠷᠡᠭᠲᠡᠢ᠃ ᠬᠡᠷᠪᠡ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ ᠨᠢ ᠪᠤᠳᠤᠯᠢᠶᠠᠨᠲᠠᠢ ᠪᠣᠯ ᠡᠷᠭᠢᠨ ᠲᠣᠭᠤᠷᠢᠨ ᠤ ᠲᠡᠮᠳᠡᠭ ᠨᠢ ᠨᠡᠯᠢᠶᠡᠳ ᠢᠯᠡᠷᠬᠡᠢ ᠪᠠᠷᠢᠯᠭ᠎ᠠ᠂ ᠣᠯᠠᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ᠂ ᠪᠠᠶᠢᠭᠤᠯᠭ᠎ᠠ ᠶᠢᠨ ᠨᠡᠷᠡᠶᠢᠳᠥᠯ᠂ ᠡᠭᠦᠳᠡᠨ ᠤ ᠨᠣᠮᠧᠷ ᠪᠤᠶᠤ ᠢᠯᠡᠷᠬᠡᠢ ᠭᠠᠵᠠᠷ ᠤᠨ ᠭᠠᠳᠠᠷᠭᠤ ᠶᠢᠨ ᠣᠨᠴᠠᠯᠢᠭ ᠵᠡᠷᠭᠡ ᠶᠢ ᠮᠡᠳᠡᠭᠳᠡᠬᠦ ᠬᠡᠷᠡᠭᠲᠡᠢ᠃      ︵4︶ ᠪᠠᠴᠢᠮ ᠪᠠᠶᠢᠳᠠᠯ ᠢᠶᠠᠨ ᠲᠣᠳᠣᠷᠬᠠᠶᠢᠯᠠᠨ᠎ᠠ᠃ ᠠᠶᠤᠯ ᠲᠦᠭᠰᠢᠭᠦᠷᠢ ᠭᠠᠷᠤᠭᠰᠠᠨ ᠰᠢᠯᠲᠠᠭᠠᠨ᠂ ᠵᠢᠴᠢ ᠶᠠᠮᠠᠷ ᠲᠤᠰᠠᠯᠠᠮᠵᠢ ᠬᠡᠷᠡᠭᠴᠡᠭᠡ ᠲᠠᠢ ᠪᠠᠶᠢᠭ᠎ᠠ ᠪᠠᠨ ᠲᠣᠪᠴᠢᠬᠠᠨ ᠲᠣᠳᠣᠷᠬᠠᠶᠢᠯᠠᠬᠤ ᠬᠡᠷᠡᠭᠲᠡᠢ᠃      ︵5︶ ᠣᠪᠣᠭ ᠨᠡᠷ᠎ᠡ ᠪᠠᠷ ᠦᠯᠡᠳᠡᠭᠡᠨ᠎ᠡ᠃ ᠲᠦᠭᠰᠢᠭᠦᠷᠢ ᠮᠡᠳᠡᠭᠦᠯᠥᠭᠴᠢ ᠥᠪᠡᠷ ᠤᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠬᠦ ᠬᠡᠷᠡᠭᠲᠡᠢ᠃      ︵6︶ ᠬᠦᠯᠢᠶᠡᠵᠦ ᠪᠠᠶᠢᠭᠠᠳ ᠵᠢᠭᠠᠨ ᠳᠠᠭᠠᠭᠤᠯᠤᠨ᠎ᠠ᠃ ᠠᠪᠤᠷᠠᠨ ᠲᠤᠰᠠᠯᠠᠬᠤ ᠬᠦᠮᠥᠰ ᠤᠨ ᠶᠡᠭᠡ ᠲᠥᠯᠥᠪ ᠬᠦᠷᠴᠦ ᠢᠷᠡᠬᠦ ᠴᠠᠭ ᠢ ᠣᠶᠢᠯᠠᠭᠠᠨ ᠠᠪᠴᠦ᠂ ᠣᠶᠢᠷ᠎ᠠ ᠬᠠᠪᠢ ᠶᠢᠨ ᠨᠡᠯᠢᠶᠡᠳ ᠢᠯᠡᠷᠬᠡᠢ ᠲᠡᠮᠳᠡᠭ ᠲᠠᠢ ᠭᠠᠵᠠᠷ᠂ ᠵᠢᠱᠢᠶᠡᠯᠡᠪᠡᠯ ᠵᠠᠮ ᠤᠨ ᠠᠭᠤᠯᠵᠠᠷ ᠪᠤᠶᠤ ᠭᠤᠳᠤᠮᠵᠢ ᠶᠢᠨ ᠠᠮᠠᠰᠠᠷ ᠲᠤ ᠤᠷᠢᠳᠠᠪᠡᠷ ᠬᠦᠷᠴᠦ ᠠᠪᠤᠷᠠᠨ ᠲᠤᠰᠠᠯᠠᠬᠤ ᠬᠦᠮᠥᠰ ᠢ ᠬᠦᠯᠢᠶᠡᠬᠦ ᠶᠢᠨ ᠬᠠᠮᠲᠤ ᠵᠢᠭᠠᠨ ᠳᠠᠭᠠᠭᠤᠯᠤᠨ᠎ᠠ᠃      ᠬᠠᠯᠠᠭᠤᠮᠰᠤᠭ ᠰᠠᠨᠠᠭᠤᠯᠭ᠎ᠠ      ᠵᠢᠵᠢᠭ ᠰᠠᠵᠢᠭ ᠶᠠᠪᠤᠳᠠᠯ ᠳᠤ ᠴᠠᠭᠳᠠᠭ᠎ᠠ ᠨᠠᠷ ᠢ ᠲᠦᠢᠪᠡᠭᠡᠬᠦ ᠦᠭᠡᠢ ᠪᠠᠶᠢᠬᠤ ᠬᠡᠷᠡᠭᠲᠡᠢ᠂ ᠴᠠᠭᠳᠠᠭ᠎ᠠ ᠨᠠᠷ ᠢ ᠲᠦᠢᠪᠡᠭᠡᠪᠡᠯ ᠰᠢᠳᠭᠡᠨ ᠲᠣᠷᠭᠠᠨ᠎ᠠ᠃ ᠥᠪᠡᠷ ᠢᠶᠠᠨ ᠰᠢᠢᠳᠪᠦᠷᠢᠯᠡᠵᠦ ᠪᠣᠯᠬᠤ ᠠᠰᠠᠭᠤᠳᠠᠯ ᠪᠣᠯ 110 ᠶᠢ ᠳᠤᠷ᠎ᠠ ᠮᠡᠳᠡᠨ ᠨᠣᠮᠧᠷᠳᠠᠬᠤ ᠦᠭᠡᠢ ᠪᠠᠶᠢᠬᠤ ᠬᠡᠷᠡᠭᠲᠡᠢ᠃ 110 ᠶᠢ ᠡᠷᠤᠢ ᠬᠤᠷᠤᠢ ᠦᠭᠡᠢ ᠨᠣᠮᠧᠷᠳᠠᠵᠤ᠂ ︽110︾ ᠤᠨ ᠬᠡᠪ ᠤᠨ ᠶᠣᠰᠤᠭᠠᠷ ᠠᠵᠢᠯᠯᠠᠬᠤ ᠶᠢ ᠰᠠᠮᠠᠭᠤᠷᠠᠭᠤᠯᠪᠠᠯ ᠰᠢᠳᠭᠡᠭᠳᠡᠨ ᠲᠣᠷᠭᠠᠭᠳᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号