ᠭᠠᠩ ᠬᠠᠭᠤᠷᠠᠢ ᠶᠢ ᠶᠠᠭᠠᠬᠢᠵᠤ ᠦᠢᠯᠠᠭᠠᠬᠤ ᠪᠤᠢ
ᠨᠡᠶᠢᠲᠡᠯᠡᠭᠰᠡᠨ ᠴᠠᠭ᠄
2017-01-04
      ᠭᠠᠩ ᠬᠠᠭᠤᠷᠠᠢ ᠭᠡᠳᠡᠭ ᠪᠤᠯ ᠤᠳᠠᠭᠠᠨ ᠬᠤᠨᠤᠭ ᠪᠤᠷᠤᠭᠠᠨ ᠬᠤᠷ᠎ᠠ ᠤᠷᠤᠭᠰᠠᠨ ᠥᠭᠡᠢ ᠪᠤᠶᠤ ᠲᠤᠩ ᠴᠥᠭᠡᠨ ᠤᠷᠤᠭᠰᠠᠨ ᠪᠠᠶᠢᠵᠤ᠂ ᠬᠥᠷᠥᠰᠤ ᠰᠢᠷᠤᠢ ᠶᠢᠨ ᠤᠰᠤᠨ ᠤ ᠭᠡᠮᠵᠢᠶ᠎ᠡ ᠬᠥᠷᠥᠯᠴᠡᠬᠦ ᠥᠭᠡᠢ ᠪᠤᠯᠵᠤ᠂ ᠤᠷᠭᠤᠮᠠᠯ ᠤᠨ ᠤᠰᠤᠨ ᠤ ᠭᠡᠮᠵᠢᠶ᠎ᠡ ᠲᠡᠩᠴᠡᠬᠦᠷᠢ ᠪᠠᠨ ᠠᠯᠳᠠᠭᠰᠠᠨ ᠠᠴᠠ ᠪᠤᠯᠵᠤ᠂ ᠬᠤᠷᠢᠶᠠᠯᠳᠠ ᠪᠠᠭᠤᠷᠠᠬᠤ ᠪᠠᠶᠢᠭᠠᠯᠢ ᠶᠢᠨ ᠭᠠᠮᠰᠢᠭ ᠪᠤᠯᠤᠨ᠎ᠠ᠃ ᠭᠠᠩ ᠬᠠᠭᠤᠷᠠᠢ ᠠᠴᠠ ᠤᠰᠤᠨ ᠤ ᠢᠷᠡᠯᠳᠡ ᠲᠤᠳᠠᠭᠳᠠᠵᠤ᠂ ᠤᠷᠭᠤᠮᠠᠯ ᠤᠨ ᠥᠰᠥᠯᠳᠡ ᠪᠤᠶᠢᠵᠢᠯᠳᠠ ᠳᠤ ᠬᠤᠬᠢᠷᠠᠯ ᠪᠤᠯᠵᠤ᠂ ᠬᠤᠷᠢᠶᠠᠯᠳᠠ ᠤᠨᠠᠯᠳᠠ ᠶᠢ ᠬᠠᠰᠤᠭᠳᠠᠭᠤᠯᠬᠤ ᠪᠠᠷ ᠪᠠᠷᠠᠬᠤ ᠥᠭᠡᠢ᠂ ᠪᠠᠰᠠ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠤ᠂ ᠠᠵᠤ ᠥᠢᠯᠡᠳᠪᠥᠷᠢ ᠶᠢᠨ ᠥᠢᠯᠡᠳᠪᠥᠷᠢᠯᠡᠯ ᠵᠢᠴᠢ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠶᠢ ᠨᠥᠯᠥᠭᠡᠯᠡᠳᠡᠭ ᠶᠤᠮ᠃       ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       O ᠤᠷᠢᠳᠠᠪᠡᠷ ᠠᠮᠢᠳᠤᠷᠠᠯ ᠢ ᠲᠥᠪᠬᠢᠨᠡᠬᠦᠯᠵᠤ᠂ ᠲᠠᠷᠠᠭᠠᠪᠡᠷ ᠨᠢ ᠥᠢᠯᠡᠳᠪᠥᠷᠢᠯᠡᠯ ᠢ ᠠᠷᠭᠠᠴᠠᠬᠤ ᠵᠠᠷᠴᠢᠮ ᠶᠤᠰᠤᠭᠠᠷ ᠰᠠᠭᠤᠭᠠᠯᠢ ᠠᠷᠠᠳ ᠤᠨ ᠠᠮᠢᠳᠤᠷᠠᠯ ᠤᠨ ᠭᠡᠷᠡᠭᠯᠡᠭᠡᠨ ᠤ ᠤᠰᠤ ᠬᠢᠭᠡᠳ ᠮᠠᠯ ᠤᠨ ᠤᠤᠭᠤᠬᠤ ᠤᠰᠤ ᠶᠢ ᠡᠩ ᠲᠡᠷᠢᠬᠦᠨ ᠳᠤ ᠪᠠᠳᠤᠯᠠᠨ᠎ᠠ᠃       O ᠤᠰᠤ ᠶᠢ ᠰᠢᠨᠵᠢᠯᠡᠬᠦ ᠤᠬᠠᠭᠠᠨᠴᠢ ᠪᠠᠷ ᠭᠡᠷᠡᠭᠯᠡᠵᠤ ᠠᠷᠪᠢᠯᠠᠬᠤ ᠨᠢ ᠵᠤᠬᠢᠮᠵᠢᠳᠠᠢ᠃       O ᠲᠡᠷᠢᠶᠠᠯᠠᠬᠤ ᠤᠷᠤᠨ ᠪᠤᠯ ᠲᠡᠷᠢᠮᠠᠯ ᠤᠨ ᠪᠥᠳᠥᠴᠡ ᠪᠠᠨ ᠲᠤᠬᠢᠷᠠᠭᠤᠯᠵᠤ᠂ ᠭᠠᠩ ᠬᠠᠭᠤᠷᠠᠢ ᠠᠴᠠ ᠰᠡᠷᠭᠡᠶᠢᠯᠡᠨ ᠲᠡᠷᠢᠶᠠᠯᠠᠯᠠᠵᠤ᠂ ᠴᠢᠬᠢᠭ ᠢ ᠬᠠᠮᠠᠭᠠᠯᠠᠨ ᠬᠥᠷᠥᠰᠤ ᠰᠢᠷᠤᠢ ᠶᠢ ᠬᠠᠮᠠᠭᠠᠯᠠᠵᠤ᠂ ᠭᠠᠩ ᠬᠠᠭᠤᠷᠠᠢ ᠶᠢ ᠰᠡᠷᠭᠡᠶᠢᠯᠡᠨ ᠲᠡᠷᠢᠬᠤ ᠪᠤᠶᠤ ᠪᠤᠷᠳᠤᠭᠤᠷ ᠭᠡᠷᠡᠭᠯᠡᠨ ᠭᠠᠩ ᠬᠠᠭᠤᠷᠠᠢ ᠶᠢ ᠰᠡᠷᠭᠡᠶᠢᠯᠡᠨ᠎ᠡ ︔ ᠮᠠᠯᠵᠢᠬᠤ ᠤᠷᠤᠨ ᠪᠤᠯ ᠪᠡᠯᠴᠢᠭᠡᠷᠯᠡᠬᠦᠯᠥᠨ ᠮᠠᠯᠵᠢᠬᠤ ᠪᠠᠨ ᠪᠠᠭᠠᠰᠬᠠᠨ᠎ᠠ᠃       O ᠪᠤᠷᠤᠭ᠎ᠠ ᠤᠷᠤᠬᠤ ᠠᠯᠢᠪᠠ ᠲᠤᠬᠢᠶᠠᠯ ᠢ ᠠᠰᠢᠭᠯᠠᠨ᠂ ᠪᠤᠷᠤᠭᠠᠨ ᠤ ᠤᠰᠤ ᠶᠢ ᠬᠤᠷᠠᠮᠳᠤᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠠᠴᠠ ᠵᠤᠬᠢᠮᠵᠢᠳᠠᠢ ᠴᠠᠭ ᠲᠤᠨᠢ ᠬᠥᠮᠥᠨ ᠤ ᠬᠥᠴᠤ ᠪᠠᠷ ᠪᠤᠷᠤᠭ᠎ᠠ ᠤᠷᠤᠭᠤᠯᠬᠤ ᠠᠷᠭ᠎ᠠ ᠶᠢ ᠠᠪᠴᠤ ᠪᠤᠯᠤᠨ᠎ᠠ᠃       & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ       ◇ ᠮᠠᠨ ᠤ ᠤᠷᠤᠨ ᠳᠤ ᠠᠷᠪᠠᠨ ᠵᠢᠯ ᠤᠨ ᠶᠢᠰᠥᠨ ᠵᠢᠯ ᠨᠢ ᠭᠠᠨᠭ᠍ᠳᠠᠵᠤ᠂ ᠵᠢᠯ ᠵᠢᠯ ᠤᠨ ᠬᠠᠪᠤᠷ ᠤᠨ ᠤᠯᠠᠷᠢᠯ ᠢᠶᠠᠷ ᠭᠠᠨᠭ᠍ᠳᠠᠳᠠᠭ ᠪᠤᠯᠬᠤᠷ ᠭᠠᠩ ᠬᠠᠭᠤᠷᠠᠢ ᠠᠴᠠ ᠰᠡᠷᠭᠡᠶᠢᠯᠡᠬᠦ ᠥᠵᠡᠯ ᠤᠬᠠᠮᠰᠠᠷ ᠢᠶᠠᠨ ᠲᠡᠭᠡᠭᠰᠢᠯᠡᠬᠦᠯᠬᠦ ᠭᠡᠷᠡᠭᠳᠡᠢ᠃       ◇ ᠵᠠᠰᠠᠭ ᠤᠨ ᠤᠷᠳᠤᠨ ᠤ ᠤᠰᠤᠨ ᠤ ᠡᠬᠢ ᠰᠤᠷᠪᠤᠯᠵᠢ ᠶᠢᠨ ᠲᠤᠬᠠᠢ ᠨᠢᠭᠡᠳᠥᠯᠳᠡᠢ ᠲᠤᠬᠢᠷᠠᠭᠤᠯᠤᠯᠳᠠ ᠶᠢ ᠢᠳᠡᠪᠬᠢᠳᠡᠢ ᠪᠠᠷ ᠬᠥᠷᠢᠶᠡᠯᠡᠨ ᠬᠠᠮᠵᠢᠯᠴᠠᠭᠠᠷᠠᠢ᠃       ◇ ᠥᠢᠯᠡᠳᠪᠥᠷᠢᠯᠡᠯ ᠤᠨ ᠪᠤᠰᠤ ᠴᠢᠨᠠᠷ ᠲᠠᠢ ᠶᠡᠭᠡ ᠭᠡᠮᠵᠢᠶᠡᠨ ᠤ ᠤᠰᠤ ᠭᠡᠷᠡᠭᠯᠡᠳᠡᠭ ᠡᠷᠥᠭᠡ ᠨᠦᠭᠦᠳ ᠤᠨ ᠤᠰᠤ ᠭᠡᠷᠡᠭᠯᠡᠬᠦ ᠶᠢ ᠨᠢ ᠬᠢᠵᠠᠭᠠᠷᠯᠠᠵᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号