ᠠᠶᠤᠩᠭ᠎ᠠ ᠭᠡᠳᠡᠭ ᠢ ᠬᠡᠷᠬᠢᠨ ᠦᠢᠯᠠᠭᠠᠬᠤ ᠪᠤᠢ
ᠨᠡᠶᠢᠲᠡᠯᠡᠭᠰᠡᠨ ᠴᠠᠭ᠄
2017-01-04
       ᠠᠶᠤᠩᠭ᠎ᠠ ᠭᠡᠳᠡᠭ ᠪᠤᠯ ᠬᠤᠷ᠎ᠠ ᠪᠤᠷᠤᠭᠠᠨ ᠤ ᠡᠬᠦᠯᠡ ᠴᠢᠩᠭ᠎ᠠ ᠪᠠᠷ ᠬᠤᠮᠠᠷᠠᠯᠳᠤᠨ ᠪᠥᠷᠢᠯᠳᠥᠬᠦ ᠱᠠᠳᠤᠨ ᠳᠠᠭᠠᠨ ᠡᠬᠦᠯᠡᠨ ᠲᠠᠪᠬᠤᠷᠭ᠎ᠠ ᠶᠢᠨ ᠬᠤᠭᠤᠷᠤᠨᠳᠤ᠂ ᠡᠬᠦᠯᠡ ᠭᠠᠵᠠᠷ ᠤᠨ ᠬᠤᠭᠤᠷᠤᠨᠳᠤ᠂ ᠡᠬᠦᠯᠡ ᠠᠭᠠᠷ ᠤᠨ ᠬᠤᠭᠤᠷᠤᠨᠳᠤ ᠳᠠᠬᠢ ᠴᠠᠬᠢᠯᠭᠠᠨ ᠤ ᠪᠠᠶᠢᠷᠢ ᠶᠢᠨ ᠵᠥᠷᠢᠶ᠎ᠡ ᠨᠢ ᠵᠤᠬᠢᠬᠤ ᠭᠡᠮᠵᠢᠶᠡᠨ᠎ᠡ ᠬᠥᠷᠬᠦ ᠳᠤ ᠴᠠᠬᠢᠯᠭᠠᠨ ᠲᠠᠯᠪᠢᠬᠤ ᠥᠵᠡᠭᠳᠡᠯ ᠡᠬᠦᠰᠳᠡᠭ᠃ ᠬᠥᠮᠥᠨ᠂ ᠪᠠᠷᠢᠯᠭ᠎ᠠ ᠪᠤᠶᠤ ᠡᠯ᠎ᠡ ᠵᠥᠢᠯ ᠤᠨ ᠪᠡᠯᠡᠳᠭᠡᠮᠵᠢ ᠳᠤ ᠠᠶᠤᠩᠭ᠎ᠠ ᠪᠠᠭᠤᠪᠠᠯ ᠶᠡᠷᠥ ᠠᠴᠠ ᠬᠥᠮᠥᠨ ᠥᠬᠦᠵᠤ ᠰᠢᠷᠬᠠᠳᠠᠬᠤ ᠪᠠ ᠠᠵᠤ ᠠᠬᠤᠢ ᠶᠢᠨ ᠬᠤᠬᠢᠷᠠᠯ ᠭᠠᠷᠳᠠᠭ᠃       ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       ○ ᠬᠥᠳᠡᠭᠡ ᠭᠠᠳᠠᠨ᠎ᠠ ᠰᠢᠬᠦᠷ ᠲᠡᠯᠭᠡᠬᠦ᠂ ᠲᠡᠷᠢᠶᠠᠯᠠᠩ ᠤᠨ ᠪᠠᠭᠠᠵᠢ᠂ ᠥᠳᠥᠨ ᠪᠥᠮᠪᠦᠭᠡ ᠶᠢᠨ ᠴᠤᠬᠢᠭᠤᠷ ᠪᠠ ᠭᠤᠯᠹ ᠪᠥᠮᠪᠦᠭᠡ ᠶᠢᠨ ᠴᠤᠬᠢᠭᠤᠷ ᠵᠡᠷᠭᠡ ᠶᠢ ᠮᠥᠷᠥᠨ ᠲᠡᠭᠡᠷ᠎ᠡ ᠪᠠᠨ ᠲᠠᠯᠪᠢᠬᠤ ᠠᠴᠠ ᠰᠡᠷᠭᠡᠶᠢᠯᠡᠨ᠎ᠡ᠃       ○ ᠴᠠᠬᠢᠯᠭᠠᠨ ᠤᠳᠠᠰᠤ᠂ ᠤᠰᠤᠨ ᠤ ᠬᠤᠭᠤᠯᠠᠢ᠂ ᠲᠡᠮᠥᠷ ᠲᠤᠤᠷ᠂ ᠲᠡᠮᠦᠷᠯᠢᠭ ᠡᠬᠦᠳᠡ ᠴᠤᠩᠬᠤ᠂ ᠪᠠᠷᠢᠯᠭ᠎ᠠ ᠶᠢᠨ ᠭᠠᠳᠠᠭᠤᠷ ᠭᠡᠷᠡᠮ ᠲᠠᠢ ᠤᠢᠢᠷᠠᠳᠴᠤ ᠤᠭᠳᠤ ᠪᠤᠯᠬᠤ ᠥᠭᠡᠢ᠂ ᠴᠠᠬᠢᠯᠭᠠᠨ ᠤᠳᠠᠰᠤ ᠵᠡᠷᠭᠡ ᠴᠠᠬᠢᠯᠭᠠᠨ ᠲᠠᠢ ᠪᠡᠯᠡᠳᠭᠡᠮᠵᠢ ᠪᠤᠯᠤᠨ ᠪᠤᠰᠤᠳ ᠲᠡᠮᠦᠷᠯᠢᠭ ᠪᠤᠶᠤ ᠲᠡᠮᠦᠷᠯᠢᠭ ᠲᠠᠢ ᠠᠳᠠᠯᠢᠪᠳᠤᠷ ᠪᠤᠳᠠᠰ ᠠᠴᠠ ᠬᠤᠯᠠ ᠪᠠᠶᠢᠬᠤ ᠶᠢ ᠪᠠᠷᠢᠮᠳᠠᠯᠠᠨ᠎ᠠ᠃       ○ ᠶᠡᠭᠡ ᠠᠶᠤᠩᠭ᠎ᠠ ᠨᠢᠷᠬᠢᠬᠦ ᠥᠶ᠎ᠡ ᠳᠤ᠂ ᠠᠶᠤᠩᠭ᠎ᠠ ᠰᠡᠷᠭᠡᠶᠢᠯᠡᠬᠦ ᠲᠤᠨᠤᠭᠯᠠᠯ ᠤᠭᠰᠤᠷᠠᠭᠰᠠᠨ ᠥᠭᠡᠢ ᠵᠢᠷᠤᠭᠳᠤ ᠷᠠᠳᠢᠤ᠋᠂ ᠺᠤᠮᠫᠢᠦ᠋ᠲ᠋ᠧᠷ᠂ ᠤᠳᠠᠰᠤ ᠪᠠᠷ ᠢᠨᠲ᠋ᠧᠷ ᠰᠥᠯᠵᠢᠶᠡᠨ ᠳᠤ ᠭᠠᠷᠬᠤ ᠵᠡᠷᠭᠡ ᠡᠯᠧᠺᠳ᠋ᠷᠤᠨ ᠪᠥᠳᠥᠭᠡᠭᠳᠡᠬᠦᠨ ᠭᠡᠷᠡᠭᠯᠡᠬᠦ ᠪᠠᠨ ᠵᠤᠭᠰᠤᠬᠤ ᠭᠡᠷᠡᠭᠳᠡᠢ᠃           & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ       ◇ ᠭᠡᠷ ᠤᠨ ᠭᠠᠳᠠᠨᠠᠬᠢ ᠬᠥᠮᠥᠰ ᠠᠶᠤᠩᠭ᠎ᠠ ᠰᠡᠷᠭᠡᠶᠢᠯᠡᠬᠦ ᠪᠡᠯᠡᠳᠭᠡᠮᠵᠢ ᠤᠭᠰᠤᠷᠠᠭᠰᠠᠨ ᠪᠠᠷᠢᠯᠭ᠎ᠠ ᠪᠤᠶᠤ ᠮᠠᠰᠢᠨ ᠲᠡᠷᠭᠡᠨ ᠲᠤᠳᠤᠷ᠎ᠠ ᠲᠠᠯᠳᠠᠯᠠᠨ᠎ᠠ᠃       ◇ ᠠᠶᠤᠯᠳᠠᠢ ᠴᠠᠬᠢᠯᠭᠠᠨ ᠤ ᠢᠷᠡᠯᠳᠡ ᠶᠢ ᠲᠠᠰᠤᠯᠵᠤ᠂ ᠠᠶᠤᠩᠭ᠎ᠠ ᠨᠢᠷᠭᠢᠭᠰᠡᠨ ᠠᠴᠠ ᠪᠤᠯᠵᠤ ᠭᠠᠯ ᠤᠨ ᠠᠶᠤᠯ ᠡᠬᠦᠰᠬᠦ ᠶᠢ ᠰᠡᠷᠭᠡᠶᠢᠯᠡᠵᠤ ᠪᠤᠯᠤᠨ᠎ᠠ᠃       ◇ ᠵᠤᠷᠴᠢᠨ ᠶᠠᠪᠤᠭᠰᠠᠳ ᠮᠤᠳᠤ᠂ ᠴᠠᠬᠢᠯᠭᠠᠨ ᠤᠳᠠᠰᠤᠨ ᠤ ᠪᠠᠭᠠᠨ᠎ᠠ᠂ ᠰᠤᠪᠤᠷᠭᠠᠨ ᠭᠡᠯᠪᠡᠷᠢᠳᠤ ᠲᠡᠬᠦᠵᠢᠯᠡᠬᠦ ᠮᠠᠰᠢᠨ ᠤ ᠲᠤᠤᠷ᠎ᠠ ᠪᠤᠷᠤᠭᠠᠨ ᠠᠴᠠ ᠲᠠᠯᠳᠠᠯᠠᠵᠤ ᠪᠤᠯᠬᠤ ᠥᠭᠡᠢ᠃       ◇ ᠬᠥᠳᠡᠭᠡ ᠭᠠᠳᠠᠨ᠎ᠠ ᠬᠠᠷᠮᠠᠨ ᠤᠳᠠᠰᠤ ᠭᠡᠷᠡᠭᠯᠡᠵᠤ ᠪᠤᠯᠬᠤ ᠥᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号