ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠡᠯᠡᠳᠬᠡᠯ ᠬᠤᠷᠠᠯ ᠬᠢᠵᠦ ᠰᠢ ᠶᠢᠨ ᠫᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2017-10-19
        ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ 17 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠡᠯᠡᠳᠬᠡᠯ ᠬᠤᠷᠠᠯ ᠬᠢᠪᠠ᠃          ᠰᠢ ᠶᠢᠨ ᠫᠢᠩ ᠨᠦᠬᠦᠷ ᠬᠤᠷᠠᠯ ᠢ ᠡᠷᠬᠢᠯᠡᠵᠡᠢ᠃          ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠪᠠᠯ ᠵᠤᠬᠢᠬᠤ ᠲᠦᠯᠥᠬᠡᠯᠡᠭᠴᠢ᠂ ᠤᠨᠴᠠ ᠤᠷᠢᠭᠰᠠᠠ ᠲᠦᠯᠥᠬᠡᠯᠡᠭᠴᠢ 2354 ᠬᠦᠮᠥᠨ ᠪᠠᠶᠢᠨ᠎ᠠ᠃          ᠪᠡᠯᠡᠳᠬᠡᠯ ᠬᠤᠷᠠᠯ ᠳᠤ ᠤᠷᠤᠯᠴᠠᠬᠰᠠᠨ ᠲᠦᠯᠥᠭᠡᠯᠡᠭᠴᠢ᠂ ᠤᠨᠴᠠ ᠤᠷᠢᠭᠰᠠᠠ ᠲᠦᠯᠥᠬᠡᠯᠡᠭᠴᠢ 2307 ᠬᠦᠮᠥᠨ ᠪᠠᠶᠢᠨ᠎ᠠ᠃          ᠬᠤᠷᠠᠯ ᠠᠴᠠ ᠭᠠᠷ ᠡᠷᠬᠦᠵᠤ ᠪᠠᠳᠤᠯᠠᠯᠳᠠ ᠬᠢᠬᠦ ᠠᠷᠭ᠎ᠠ ᠪᠠᠷ᠂ 22 ᠬᠦᠮᠥᠨ ᠢᠶᠠᠷ ᠪᠦᠷᠢᠯᠳᠦᠭᠰᠡᠡ ᠲᠦᠯᠥᠬᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠺᠤᠮᠢᠰ ᠤᠨ ᠨᠡᠷᠡᠰ ᠢ ᠪᠠᠳᠤᠯᠠᠨ᠂ 243 ᠬᠦᠮᠥᠨ ᠢᠶᠠᠷ ᠪᠦᠷᠢᠯᠳᠦᠭᠰᠡᠡ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠨᠡᠷᠡᠰ ᠢ ᠪᠠᠳᠤᠯᠠᠵᠥ᠂ ᠯᠢᠦ ᠶᠦᠨ ᠱᠠᠨ ᠢ ᠶᠡᠭᠡ ᠬᠤᠷᠠᠯ ᠤᠨ ᠨᠠᠷᠢᠨ ᠪᠢᠴᠢᠭ ᠤᠨ ᠲᠠᠷᠤᠭ᠎ᠠ ᠪᠠᠷ ᠪᠠᠳᠤᠯᠠᠪᠠ᠃          ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠪᠤᠯᠤᠨ ᠠᠵᠢᠯ ᠤᠨ ᠡᠬᠦᠷᠬᠡ ᠶᠢ ᠪᠠᠳᠤᠯᠠᠵᠠᠢ᠃          ᠬᠤᠷᠠᠯ ᠠᠴᠠ ᠪᠠᠰᠠ ᠠᠷᠪᠠ ᠶᠢᠰᠦᠳᠦᠭᠡᠷ ᠶᠡᠭᠡ ᠬᠤᠷᠠᠯ ᠤᠨ ᠵᠦᠪᠯᠡᠬᠦ ᠵᠦᠢᠯ ᠢ ᠪᠠᠳᠤᠯᠠᠪᠠ᠃ ᠶᠡᠭᠡ ᠬᠤᠷᠠᠯ ᠤᠨ ᠵᠦᠪᠯᠡᠬᠦ ᠵᠦᠢᠯ ᠪᠤᠯ᠄ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠢ ᠰᠤᠨᠤᠰᠴᠦ ᠬᠢᠨᠠᠨ ᠪᠠᠶᠢᠴᠠᠭᠠᠨ᠎ᠠ ︔ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢ ᠬᠢᠨᠠᠨ ᠪᠠᠶᠢᠴᠠᠭᠠᠨ᠎ᠠ ︔ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ᠵᠠᠰᠠᠪᠤᠷᠢ ᠤᠷᠤᠭᠤᠯᠤᠭᠰᠠᠠ ᠲᠦᠰᠦᠯ︶︾ ᠢ ᠬᠢᠨᠠᠨ ᠵᠦᠪᠯᠡᠵᠥ ᠪᠠᠳᠤᠯᠠᠨ᠎ᠠ ︔ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢ ᠰᠤᠩᠭᠤᠨ᠎ᠠ ︔ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号