ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠢᠷᠡᠭᠡᠳᠦᠢ ᠶᠢᠨ 30 ᠵᠢᠯ ᠤᠨ | ᠤᠷᠤᠬᠰᠢᠯᠠᠯᠳᠠ ᠶᠢᠨ ᠴᠢᠭᠯᠡᠯ᠂ ᠲᠡᠮᠡᠴᠡᠭᠦ ᠬᠠᠷᠠᠯᠳᠠ ᠶᠢ ᠲᠤᠳᠤᠷᠬᠠᠢ ᠲᠤᠷᠠᠳᠴᠤ᠂ ᠨᠠᠮ ᠪᠠ ᠤᠯᠤᠰ ᠢ ᠭᠦᠳᠦᠯᠦᠨ | ᠳᠠᠭᠠᠭᠤᠯᠵᠣ ︽ᠨᠢᠭᠡᠲᠦᠭᠡᠷ ᠵᠠᠭᠤᠨ ᠵᠢᠯ︾ ᠠᠴᠠ ︽ᠬᠤᠶᠠᠳᠤᠭᠠᠷ ᠵᠠᠭᠤᠨ ᠵᠢᠯ︾ ᠤᠨ ᠬᠠᠷᠠᠯᠳᠠ ᠲᠡᠰᠢ | ᠦᠷᠬᠦᠯᠵᠢᠯᠡᠨ ᠤᠷᠤᠬᠰᠢᠯᠠᠵᠦ᠂ ︽ᠬᠤᠶᠠᠳᠤᠭᠠᠷ ᠵᠠᠭᠤᠨ ᠵᠢᠯ︾ ᠤᠨ ᠠᠤᠭ᠎ᠠ ᠬᠠᠷᠠᠯᠳᠠ ᠶᠢ ᠡᠷᠡᠯᠭᠡᠭᠯᠡᠨ ᠪᠡᠶᠡᠯᠡᠭᠦᠯᠭᠦ | ᠠᠵᠢᠯᠯᠠᠭᠠᠨ ᠤ ᠬᠦᠲᠦᠯᠪᠤᠷᠢ ᠪᠣᠯᠣᠨ᠎ᠠ᠃ ᠠᠤᠭ᠎ᠠ ᠲᠦᠰᠦᠪ ᠨᠢᠭᠡᠨᠳᠡ ᠵᠢᠷᠤᠬᠯᠠᠬᠳᠠᠪᠠ᠂ ᠲᠠᠷᠠᠭᠠᠴᠢ ᠶᠢᠨ | ᠠᠯᠬᠤᠮ ᠤᠨ ᠵᠠᠩᠭᠢᠯᠠᠭ᠎ᠠ ᠪᠤᠯ ᠪᠦᠭᠦ ᠨᠠᠮ ᠪᠦᠭᠦ ᠤᠯᠤᠰ ᠢᠶᠠᠷ ᠢᠶᠠᠨ ᠠᠯᠬᠤᠮ ᠢᠶᠠᠨ ᠨᠢᠭᠡᠳᠭᠡᠨ ᠤᠷᠢᠶᠠᠯᠠᠭ᠎ᠠ ᠶᠢ | ᠰᠤᠨᠤᠰᠴᠤ᠂ ᠬᠦᠴᠦᠨ ᠢᠶᠠᠨ ᠬᠠᠮᠳᠤᠳᠬᠠᠨ ᠨᠠᠶᠢᠳᠠᠪᠤᠷᠢᠵᠢᠭᠤᠯᠬᠤ ᠶᠢ ᠠᠳᠬᠤᠬᠤ ᠶᠠᠪᠤᠳᠠᠯ ᠪᠣᠯᠣᠨ᠎ᠠ᠃ | ᠪᠣᠳᠠᠳᠠᠢ ᠪᠠᠷ ᠠᠶᠢᠮᠠᠬ ᠬᠤᠳᠠ ᠶᠢᠨ ᠱᠠᠳᠣᠨ ᠳᠤ ᠠᠪᠴᠤ ᠬᠡᠯᠡᠪᠡᠯ᠂ ︽ᠲᠦᠷᠪᠠᠨ ᠤᠬᠠᠮᠰᠠᠷ︾ ᠢ ᠪᠠᠳᠤ ᠪᠠᠭᠢ ᠪᠣᠢ | ᠪᠣᠯᠭᠠᠵᠣ᠂ ᠭᠦᠢᠴᠡᠳᠭᠡᠬᠦ ᠬᠦᠴᠦᠨ ᠪᠠ ᠨᠠᠶᠢᠳᠠᠪᠤᠷᠢᠵᠢᠭᠤᠯᠬᠤ ᠬᠦᠴᠦᠨ ᠢᠶᠠᠨ ᠴᠢᠩᠭᠠᠷᠠᠭᠤᠯᠵᠦ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠵᠡᠯ ᠰᠠᠨᠠᠭ᠎ᠠ᠂ ᠠᠵᠢᠯ᠂ ᠰᠤᠷᠤᠯᠴᠠᠯᠭ᠎ᠠ᠂ | ᠠᠮᠢᠳᠤᠷᠠᠯ ᠤᠨ ᠢᠶᠠᠨ ᠡᠯ᠎ᠡ ᠲᠠᠯ᠎ᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠣᠳᠠᠯ ᠪᠣᠯᠣᠨ᠎ᠠ᠃ | ᠡᠷᠬᠡᠪᠰᠢ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠤᠯᠯᠠᠬᠴᠢ ᠶᠢᠨ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢᠶᠠᠨ ᠴᠢᠨᠠᠬᠰᠢᠳᠠ ᠴᠢᠩᠭᠠᠷᠠᠭᠤᠯᠵᠦ᠂ | ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠯ ᠨᠢᠭᠡᠲᠦᠯ ᠲᠠᠢ ᠤᠳᠤᠷᠢᠳᠤᠯᠭ᠎ᠠ ᠶᠢ | ᠤᠬᠠᠮᠰᠠᠷ ᠠᠴᠠ ᠪᠠᠨ ᠬᠦᠷᠢᠶᠠᠯᠠᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠤᠯᠤᠰ ᠲᠦᠷᠦ ᠶᠢᠨ ᠳᠠᠯ᠎ᠠ ᠪᠠᠷ | ᠢᠮᠠᠬᠳᠠ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ | ᠨᠢᠭᠡᠳᠦᠯᠳᠡᠢ ᠪᠠᠶᠢᠬᠤ ᠶᠢ ᠪᠠᠷᠢᠮᠳᠠᠯᠠᠬᠤ ᠬᠡᠷᠡᠭᠳᠡᠢ᠃ | ᠬᠦᠭᠵᠢᠭᠦᠯᠬᠦ ᠲᠡᠷᠢᠭᠦᠨ ᠴᠢᠬᠤᠯᠠ ᠡᠭᠦᠷᠭᠡ ᠶᠢ ᠡᠷᠡᠰ ᠭᠤᠶᠢᠪᠢᠰᠢ ᠦᠭᠡᠢ ᠴᠢᠩᠭ᠎ᠠ ᠠᠳᠬᠤᠨ᠎ᠠ᠃ | ᠤᠯᠠᠭᠠᠨᠬᠠᠳᠠ ᠬᠤᠳᠠ ᠬᠠᠷᠠᠬᠠᠨ ᠬᠦᠭᠵᠢᠭᠡᠳᠦᠢ ᠭᠠᠵᠠᠷ ᠤᠷᠤᠨ ᠳᠤ ᠬᠠᠷᠢᠶᠠᠯᠠᠬᠳᠠᠨ᠎ᠠ᠂ ᠬᠦᠭᠵᠢᠯᠳᠠ ᠲᠡᠩᠴᠡᠭᠦᠷᠢ | ᠦᠭᠡᠢ ᠠᠰᠠᠭᠤᠳᠠᠯ ᠣᠷᠣᠰᠢᠵᠣ ᠪᠠᠶᠢᠬᠤ ᠪᠠᠷ ᠪᠠᠷᠠᠬᠤ ᠦᠭᠡᠢ ᠬᠦᠭᠵᠢᠯᠳᠠ ᠭᠦᠢᠴᠡᠳ ᠦᠭᠡᠢ ᠠᠰᠠᠭᠤᠳᠠᠯ ᠴᠦ | ᠤᠷᠤᠰᠢᠵᠦ ᠪᠤᠢ᠃ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠬᠦᠨᠵᠡᠭᠡᠢ ᠲᠤᠤᠱᠯᠠᠭᠤᠯᠵᠦ᠂ ᠰᠢᠨ᠎ᠠ ᠶᠢ | ᠡᠭᠦᠳᠭᠦ ᠪᠠᠷ ᠬᠦᠳᠡᠯᠭᠡᠭᠦᠷ ᠪᠤᠯᠭᠠᠬᠤ᠂ ᠤᠷᠤᠨ ᠪᠦᠰᠡ ᠶᠢ ᠵᠤᠬᠢᠴᠠᠩᠭᠤᠢ ᠬᠦᠭᠵᠢᠭᠦᠯᠬᠦ᠂ ᠬᠦᠳᠡᠭᠡ ᠲᠤᠰᠬᠤᠨ ᠢ | ᠮᠠᠨᠳᠤᠭᠤᠯᠬᠤ᠂ ᠦᠷᠭᠦᠯᠵᠢᠯᠠᠨ ᠬᠦᠭᠵᠢᠭᠦᠯᠬᠦ ᠵᠡᠷᠭᠡ ᠪᠠᠶᠢᠯᠳᠤᠬᠤ ᠪᠤᠳᠤᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠦ᠂ ᠶᠡᠷᠦᠩᠭᠡᠢ ᠬᠡᠮᠵᠢᠶ᠎ᠠ ᠪᠠᠨ ᠪᠣᠵᠠᠭᠠᠢᠢᠷᠠᠭᠤᠯᠬᠤ ᠪᠠ ᠬᠦᠭᠵᠢᠯᠳᠡ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠬᠤ ᠬᠤᠤᠰ ᠡᠭᠦᠷᠭᠡ ᠶᠢᠨ ᠲᠤᠭᠤᠷᠢᠨ ᠳᠤ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ | ᠦᠭᠡᠷᠡᠴᠢᠯᠠᠯᠳᠠ ᠪᠠᠷ ᠭᠤᠤᠯ ᠱᠤᠭᠤᠮ ᠪᠤᠯᠭᠠᠵᠣ᠂ ᠤᠷᠤᠨ ᠪᠠᠶᠢᠷᠢ ᠶᠢᠨ ᠡᠭᠢ ᠪᠠᠶᠠᠯᠢᠭ ᠤᠨ ᠲᠠᠪᠠᠭᠤᠯᠢᠭ ᠢᠶᠠᠨ | ᠭᠦᠢᠴᠡᠳ ᠪᠠᠳᠠᠷᠠᠭᠤᠯᠵᠦ᠂ ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠣᠨ ᠬᠦᠭᠵᠢᠭᠦᠯᠬᠦ ᠪᠠ ᠤᠯᠤᠰ ᠤᠨ ︽ | ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ ᠳᠤ ᠢᠳᠡᠪᠭᠢᠳᠠᠢ ᠠᠭᠤᠰᠴᠤ᠂ ᠠᠵᠦ ᠦᠢᠯᠡᠰ ᠢ | ᠬᠦᠭᠵᠢᠭᠦᠯᠬᠦ ᠲᠠᠯ ᠠ ᠪᠠᠷ ︽ᠠᠮᠢ ᠠᠬᠤᠢ +︾ ᠤᠢᠢᠯᠠᠭᠠᠬᠳᠠᠬᠤᠨ ᠢ ᠦᠷᠭᠦᠯᠵᠢᠯᠠᠨ ᠴᠢᠩᠭᠠᠷᠠᠭᠤᠯᠵᠦ᠂ ᠤᠯᠠᠨ | ᠡᠰᠢᠵᠢᠨ ᠬᠦᠭᠵᠢᠭᠰᠡᠨ᠂ ᠤᠯᠠᠨ ᠲᠦᠢᠯ ᠢᠶᠠᠷ ᠲᠤᠯᠭᠠᠭᠤᠷᠢᠯᠠᠬᠰᠠᠨ ᠰᠢᠨ᠎ᠠ ᠬᠡᠯᠪᠡᠷᠢ ᠶᠢᠨ ᠠᠵᠦ ᠦᠢᠯᠡᠳᠪᠤᠷᠢ ᠶᠢᠨ | ᠰᠢᠰᠲ᠋ᠧᠮ ᠢ ᠲᠦᠷᠭᠡᠳᠭᠡᠨ ᠪᠠᠶᠢᠭᠤᠯᠵᠦ᠂ ᠬᠤᠳᠠ ᠬᠦᠳᠡᠭᠡ ᠶᠢ ᠨᠢᠭᠡ ᠴᠤᠬᠴᠠᠵᠢᠭᠤᠯᠬᠤ ᠶᠢ ᠲᠦᠷᠭᠡᠳᠭᠡᠨ | ᠠᠬᠢᠭᠤᠯᠵᠦ᠂ ᠠᠵᠦ ᠠᠬᠤᠢ ᠶᠢᠨ ᠦᠷᠭᠦᠯᠵᠢᠯᠨᠨ ᠲᠤᠬᠳᠠᠭᠤᠨ ᠢᠶᠠᠷ ᠡᠷᠡᠭᠦᠯ ᠢᠶᠠᠷ ᠬᠦᠭᠵᠢᠬᠦ ᠶᠢ ᠴᠢᠷᠮᠠᠶᠢᠨ | ᠠᠭᠢᠭᠤᠯᠤᠨ᠎ᠠ᠃ | ᠡᠷᠡᠰ ᠭᠤᠶᠢᠪᠢᠰᠢ ᠦᠭᠡᠢ ᠪᠠᠷ ᠠᠷᠠᠳ ᠲᠦᠮᠡᠨ ᠢ ᠲᠠᠭᠠᠭᠤᠯᠣᠨ ᠰᠠᠶᠢᠨ ᠰᠠᠶᠢᠬᠠᠨ ᠠᠮᠢᠳᠤᠷᠠᠯ ᠢ | ᠲᠠᠰᠤᠷᠠᠯᠳᠠ ᠦᠭᠡᠢ ᠴᠣᠭᠴᠠᠯᠠᠨ᠎ᠠ᠃ ᠤᠯᠠᠭᠠᠨᠬᠠᠳᠠ ᠬᠤᠳᠠ ᠶᠢᠨ ᠶᠠᠳᠠᠭᠤ ᠬᠦᠴᠢᠷᠳᠠᠯᠲᠠᠢ ᠬᠦᠮᠦᠨ ᠪᠦᠭᠦ ᠤᠷᠤᠨ ᠤ | ᠭᠤᠷᠪᠠᠨ ᠤ ᠨᠢᠭᠡ ᠬᠤᠪᠢ ᠶᠢ ᠡᠵᠡᠯᠡᠵᠦ᠂ ᠦᠪᠤᠷ ᠮᠤᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ | ᠰᠢᠪᠳᠤᠯᠬᠤ ᠲᠠᠶᠢᠯᠠᠯᠳᠣᠭᠠᠨ ᠤ ᠭᠤᠤᠯ ᠲᠠᠯᠠᠪᠤᠷ ᠪᠤᠯᠤᠨ᠎ᠠ᠃ ᠨᠡᠩ ᠶᠡᠭᠡ ᠬᠦᠴᠦ ᠣᠷᠣᠭᠤᠯᠣᠨ ᠶᠠᠳᠠᠭᠤ ᠠᠴᠠ | ᠠᠩᠭᠢᠵᠢᠷᠠᠭᠤᠯᠬᠤ ᠪᠣᠭᠤᠮᠳᠠ ᠰᠢᠪᠳᠤᠯᠬᠤ ᠠᠵᠢᠯ ᠢ ᠰᠠᠶᠢᠳᠤᠷ ᠠᠳᠬᠤᠵᠦ᠂ ︽ᠬᠤᠸᠠᠷ ᠬᠠᠳᠬᠤᠬᠤ︾ | ᠡᠷᠳᠡᠮ ᠢᠶᠠᠨ ᠭᠦᠢᠴᠡᠳ ᠭᠠᠷᠭᠠᠵᠦ᠂ ᠬᠦᠮᠦᠨ ᠠᠷᠠᠳ ᠨᠢ ᠶᠠᠳᠠᠭᠤ ᠠᠴᠠ ᠪᠠᠨ ᠠᠩᠭᠢᠵᠢᠷᠠᠨ᠂ ᠬᠤᠰᠢᠭᠤ ᠰᠢᠶᠠᠨ ᠨᠢ | ᠶᠠᠳᠠᠭᠤ ᠮᠠᠯᠠᠭᠠᠢ ᠪᠠᠨ ᠲᠠᠶᠠᠬᠳᠠᠬᠤ ᠬᠠᠷᠠᠯᠳᠠ ᠶᠢ ᠲᠤᠬᠳᠠᠬᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠳᠤᠯᠠᠨ᠎ᠠ᠃ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠪᠠᠷ ᠬᠦᠨᠵᠡᠭᠡᠶᠢᠷᠡᠭᠦᠯᠤᠨᠠ᠃ | ᠢᠯᠡᠳᠭᠡᠯ ᠳᠤ ᠰᠢᠨ᠎ᠠ ᠴᠠᠭ ᠦᠶ᠎ᠠ ᠶᠢᠨ ᠨᠠᠮ ᠤᠨ ᠪᠠᠶᠢᠭᠤᠯᠤᠯᠳᠠ ᠶᠢ 8 ᠲᠠᠯ᠎ᠠ ᠪᠠᠷ ᠪᠦᠭᠦ ᠲᠠᠯ᠎ᠠ ᠪᠠᠷ | ᠪᠠᠶᠢᠷᠢᠯᠠᠭᠤᠯᠵᠦ᠂ ᠨᠠᠮ ᠤᠨ ᠦᠪᠡᠷ ᠢ ᠪᠠᠨ ᠴᠡᠪᠡᠷᠰᠢᠭᠦᠯᠭᠦ᠂ ᠦᠪᠡᠷ ᠢ ᠪᠠᠨ ᠲᠡᠭᠦᠯᠳᠡᠷᠵᠢᠭᠦᠯᠭᠦ᠂ ᠦᠪᠡᠷ ᠢ ᠪᠠᠨ | ᠬᠤᠪᠢᠰᠬᠠᠬᠤ᠂ ᠦᠪᠡᠷ ᠢ ᠪᠠᠨ ᠲᠡᠭᠡᠭᠰᠢᠯᠡᠭᠦᠯᠭᠦ ᠡᠷᠡᠰ ᠴᠢᠩᠭ᠎ᠠ ᠰᠦᠰᠦ ᠵᠣᠷᠢᠭ ᠪᠠ ᠢᠳᠡᠭᠡᠯ ᠵᠤᠷᠢᠭ ᠢ ᠭᠦᠢᠴᠡᠳ | ᠢᠯᠡᠷᠡᠭᠦᠯᠪᠡ᠃ ᠪᠦᠭᠦ ᠤᠷᠤᠨ ᠳᠤ ᠠᠪᠴᠣ ᠬᠡᠯᠡᠪᠡᠯ᠂ ᠤᠯᠠᠭᠠᠨᠬᠠᠳᠠ ᠬᠤᠳᠠ ᠶᠢᠨ ᠦᠨᠳᠦᠰᠦᠨ ᠱᠠᠳᠤᠨ ᠤ | ᠵᠤᠬᠢᠶᠠᠨ ᠪᠠᠶᠢᠭᠤᠯᠤᠯᠳᠠ ᠬᠠᠮᠤᠭ ᠤᠨ ᠣᠯᠠᠨ᠂ ᠨᠠᠮ ᠤᠨ ᠭᠡᠰᠢᠭᠦᠨ ᠬᠠᠮᠤᠭ ᠤᠨ ᠤᠯᠠᠨ᠃ ᠪᠢᠳᠡ ᠵᠠᠪᠠᠯ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠵᠤᠷᠢᠭ ᠰᠠᠨᠠᠭ᠎ᠠ ᠶᠤᠰᠤᠭᠠᠷ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠡᠯ᠎ᠠ ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠵᠦ᠂ ᠦᠭᠡᠷᠡᠴᠢᠯᠠᠯᠳᠠ ᠬᠦᠭᠵᠢᠯᠳᠠ ᠶᠢᠨ | ᠡᠯ᠎ᠠ ᠵᠦᠢᠯ ᠤᠨ ᠬᠠᠷᠠᠯᠳᠠ ᠶᠢ ᠪᠡᠶᠡᠯᠡᠭᠦᠯᠭᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ | ᠬᠠᠨᠭ᠍ᠭᠠᠨ᠎ᠠ᠃ | |