11 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠠᠷᠪᠠᠨ ᠨᠠᠢᠮᠠᠳᠡᠬᠢ ᠰᠤᠷᠪᠤᠯᠵᠢᠯᠠᠭᠴᠢᠳ ᠤᠨ | ᠪᠠᠶᠠᠷ ᠬᠦᠷᠴᠦ ᠢᠷᠡᠬᠦ ᠲᠠᠰᠢᠷᠡᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠤᠳᠠ ᠶᠢᠨ | ᠰᠤᠨᠢᠨ ᠮᠡᠳᠡᠬᠡᠨ ᠤ ᠠᠵᠢᠯᠳᠠᠳ ᠤᠨ ᠨᠡᠶᠢᠬᠡᠮᠯᠢᠭ ᠭᠤᠤᠯᠯᠠᠨ ᠡᠷᠬᠢᠯᠡᠵᠦ᠂ ᠤᠯᠠᠭᠠᠨᠬᠠᠳᠠ ᠶᠢᠨ ᠷᠠᠳᠢᠣ᠋ ᠲᠧᠯᠸᠢᠰ | ᠬᠤᠷᠢᠶ᠎ᠠ ᠲᠠᠭᠠᠭᠠᠴᠢᠯᠠᠨ ᠡᠷᠬᠢᠯᠡᠭᠰᠡᠨ ︽ᠰᠤᠷᠪᠤᠯᠵᠢᠯᠠᠭᠴᠢ ᠶᠢᠨ ᠢᠳᠡᠷᠡᠬᠦᠨ ᠠᠯᠬᠤᠭ᠎ᠠ᠂ ᠰᠤᠷᠪᠤᠯᠵᠢᠯᠠᠭᠴᠢ ᠶᠢᠨ | ᠴᠤᠭ ᠵᠢᠪᠬᠤᠭ᠎ᠠ︾ ᠬᠡᠬᠦ ᠭᠤᠤᠯ ᠰᠡᠳᠤᠪᠳᠤ ᠨᠦᠬᠦᠷᠯᠠᠯ ᠤᠨ ᠬᠤᠷᠠᠯ ᠤᠯᠠᠭᠠᠨᠬᠠᠳᠠ ᠶᠢᠨ ᠷᠠᠳᠢᠣ᠋ ᠲᠧᠯᠸᠢᠰ | ᠬᠤᠷᠢᠶ᠎ᠠ ᠳᠤ ᠶᠠᠪᠤᠭᠳᠠᠪᠠ᠃ ᠤᠯᠠᠭᠠᠨᠬᠠᠳᠠ ᠶᠢᠨ ᠡᠳᠦᠷ ᠤᠨ ᠰᠤᠨᠢᠨ ᠤ ᠬᠤᠷᠢᠶ᠎ᠠ ᠪᠠ ᠤᠯᠠᠭᠠᠨᠬᠠᠳᠠ ᠶᠢᠨ ᠷᠠᠳᠢᠣ᠋ | ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ ᠨᠠᠶᠢᠷᠠᠭᠤᠯᠤᠭᠴᠢᠳ ᠨᠢᠬᠡ ᠳᠤᠤᠷ᠎ᠠ ᠴᠤᠭᠯᠠᠷᠠᠵᠤ᠂ ᠬᠠᠮᠳᠤᠪᠠᠷ | ᠰᠤᠷᠪᠤᠯᠵᠢᠯᠠᠭᠴᠢᠳ ᠤᠨ ᠪᠠᠶᠠᠷ ᠢᠶᠠᠨ ᠪᠡᠯᠬᠡᠯᠡᠵᠠᠢ᠃ | ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠤᠳᠤᠷᠢᠳᠤᠯᠭ᠎ᠠ ᠦᠭᠡ ᠭᠡᠯᠡᠵᠤ᠂ | ᠪᠦᠬᠦ ᠬᠤᠳᠠ ᠶᠢᠨ ᠰᠤᠨᠢᠨ ᠮᠡᠳᠡᠭᠡᠨ ᠤ ᠠᠵᠢᠯᠳᠠᠳ ᠢ ᠬᠤᠶᠢᠰᠢᠳᠠ ᠶᠢᠨ ᠠᠵᠢᠯ ᠤᠨ ᠳᠤᠮᠳᠠ ᠪᠠᠨ ᠰᠢ ᠶᠢᠨ | ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ | ᠰᠠᠨᠠᠭ᠎ᠠ ᠶᠢᠨ ᠭᠤᠤᠯ ᠱᠤᠭᠤᠮ ᠤᠨ ᠳᠤᠭᠤᠷᠢᠨ ᠳᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠰᠠᠶᠢᠳᠤᠷ ᠰᠤᠷᠤᠯᠴᠠᠨ ᠤᠬᠠᠭᠤᠯᠵᠤ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠭ ᠦᠶ᠎ᠠ ᠶᠢᠨ | ᠤᠨᠴᠠᠯᠢᠭ ᠰᠢᠨᠵᠢ ᠲᠠᠢ᠂ ᠤᠯᠠᠨ ᠲᠦᠮᠡᠨ ᠤ ᠰᠠᠨᠠᠭᠠᠨ ᠳᠤ ᠲᠠᠭᠠᠷᠠᠭᠰᠠᠨ ᠰᠤᠳᠤᠨ ᠪᠦᠳᠤᠭᠡᠯ ᠢ ᠢᠯᠡᠬᠦᠬᠡᠨ | ᠰᠤᠷᠪᠤᠯᠵᠢᠯᠠᠵᠤ ᠨᠠᠶᠢᠷᠠᠭᠤᠯᠤᠨ ᠪᠢᠴᠢᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ | ᠵᠤᠷᠢᠯᠳᠠ ᠶᠢ ᠴᠠᠭ ᠳᠤᠬᠠᠢ ᠳᠤᠨᠢ᠂ ᠵᠦᠪ ᠤᠨᠤᠪᠴᠢᠳᠠᠢ᠂ ᠪᠦᠬᠦ ᠲᠠᠯ᠎ᠠ ᠪᠠᠷ ᠤᠬᠠᠭᠤᠯᠤᠨ᠂ ᠪᠦᠬᠦ ᠬᠤᠳᠠ ᠶᠢᠨ | ᠺᠠᠳ᠋ᠷ ᠤᠯᠠᠨ ᠲᠦᠮᠡᠨ ᠤ ᠠᠮᠢᠳᠤᠯᠢᠭ ᠦᠢᠯᠡᠳᠦᠯᠬᠡ ᠶᠢ ᠲᠡᠯᠭᠡᠨ ᠦᠵᠡᠬᠦᠯᠵᠤ᠂ ᠬᠤᠳᠠ ᠶᠢᠨ ᠨᠠᠮ ᠤᠨ ᠬᠤᠷᠢᠶᠠᠨ ᠤ | ᠰᠢᠢᠳᠪᠦᠷᠢᠳᠤ ᠪᠠᠶᠢᠷᠢᠯᠠᠭᠤᠯᠤᠯᠳᠠ ᠶᠢᠨ ᠲᠠᠮᠵᠢᠭᠤᠯᠤᠭᠴᠢ᠂ ᠤᠯᠠᠭᠠᠨᠬᠠᠳᠠ ᠶᠢᠨ ᠬᠦᠭᠵᠢᠯᠳᠡ ᠶᠢᠨ ᠲᠡᠮᠳᠡᠭᠯᠡᠭᠴᠢ᠂ | ᠤᠯᠠᠭᠠᠨᠬᠠᠳᠠ ᠶᠢᠨ ᠰᠠᠶᠢᠬᠠᠨ ᠦᠯᠢᠬᠡᠷ ᠤᠨ ᠲᠠᠶᠢᠯᠪᠤᠷᠢᠯᠠᠭᠴᠢ ᠪᠤᠯᠬᠤ ᠪᠠᠷ ᠴᠢᠷᠮᠠᠶᠢᠭᠠᠷᠠᠢ ᠭᠡᠵᠤ ᠬᠦᠰᠡᠵᠠᠢ᠃ ᠤᠷᠠᠠ | ᠰᠠᠶᠢᠬᠠᠠ ᠤ ᠲᠤᠭᠯᠠᠯᠳᠡ ᠳᠤ᠂ ᠡᠯ᠎ᠠ ᠵᠠᠭᠤᠴᠢᠯᠠᠭᠤᠷ ᠤᠨ ᠰᠤᠨᠢᠨ ᠮᠡᠳᠡᠬᠡᠨ ᠤ ᠠᠵᠢᠯᠳᠠᠳ ᠦᠪᠡᠰᠤᠪᠠᠨ ᠵᠤᠬᠢᠶᠠᠨ | ᠦᠪᠡᠰᠤᠪᠠᠨ ᠤᠳᠤᠷᠢᠳᠤᠨ ᠦᠪᠡᠰᠤᠪᠠᠨ ᠳᠤᠭᠯᠠᠭᠰᠠᠨ ︽ᠴᠢᠮ᠎ᠠ ᠳᠠᠭᠠᠨ ᠲᠠᠯᠠᠷᠬᠠᠶ᠎ᠠ︾᠂ ︽ᠴᠢᠨᠤ ᠲᠦᠯᠦᠬᠡ | ᠲᠠᠭᠤᠯᠠᠶ᠎ᠠ︾᠂ ︽ᠰᠤᠷᠪᠤᠯᠵᠢᠯᠠᠭᠴᠢ︾ ᠬᠡᠬᠦ ᠰᠢᠯᠦᠭ᠂ ︽ᠠᠯᠳᠠᠨᠵᠤᠯᠠ︾᠂ ︽ᠮᠤᠩᠭᠤᠯ ᠢᠶᠠᠷ ᠢᠶᠠᠨ ᠪᠠᠶᠢᠭᠠᠰᠠᠢ︾ | ᠂ ︽ᠭᠠᠯᠢ ᠭᠠᠯᠢ︾ ᠵᠡᠷᠭᠡ ᠲᠠᠭᠤᠤ ᠪᠦᠵᠢᠭ ᠢᠶᠠᠷ ᠢᠶᠠᠨ ᠰᠤᠷᠪᠤᠯᠵᠢᠯᠠᠭᠴᠢᠳ ᠤᠨ ᠪᠠᠶᠠᠷ ᠢᠶᠠᠨ ᠪᠠᠶᠠᠷᠯᠠᠨ | ᠪᠡᠯᠭᠡᠯᠡᠭᠰᠡᠨ ᠪᠠᠶᠢᠨ᠎ᠠ᠃ ᠬᠤᠷᠠᠯ ᠲᠡᠬᠡᠷ᠎ᠠ ᠪᠠᠰᠠ ᠰᠤᠷᠪᠤᠯᠵᠢᠯᠠᠭᠴᠢᠳ ᠤᠨ ᠪᠠᠶᠠᠷ ᠢ ᠤᠭᠳᠤᠬᠤ ᠪᠠᠷ | ᠶᠠᠪᠤᠭᠳᠠᠭᠤᠯᠤᠭᠰᠠᠨ ᠬᠦᠵᠦᠷ ᠤᠨ ᠮᠦᠷᠦ᠋ᠢᠴᠡᠬᠡᠨ ᠪᠠ ᠫᠢᠩᠫᠤᠩ ᠪᠦᠮᠪᠦᠭᠡ ᠶᠢᠨ ᠤᠷᠤᠯᠳᠤᠭᠠᠨ ᠤ ᠡᠮᠦᠨ᠎ᠠ | ᠭᠤᠷᠪᠠ ᠳᠤ ᠳᠤᠳᠤᠷᠠᠭᠰᠠᠨ ᠬᠤᠪᠢ ᠬᠦᠮᠦᠨ ᠪᠠ ᠬᠠᠮᠳᠤ ᠨᠢᠬᠡᠴᠠ ᠳᠤ ᠱᠠᠩᠨᠠᠯ ᠤᠯᠭᠤᠵᠠᠢ᠃ ( ᠶᠤᠸᠠᠢ ᠶᠢᠨ | ᠰᠢᠩ) | |