11 ᠳ᠋ᠦ᠋ᠭᠡᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ | ᠵᠠᠰᠠᠭ ᠤᠨ ᠤᠷᠳᠤᠨ ᠪᠦᠬᠦ ᠤᠷᠤᠨ ᠤ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠲᠧᠯᠸᠢᠰ | ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠦᠨᠡᠨᠬᠦ | ᠰᠠᠶᠢᠳᠤᠷ ᠬᠢᠬᠦ ᠲᠤᠬᠠᠢ ᠤᠯᠤᠰ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠪᠠᠶᠢᠷᠢᠯᠠᠭᠤᠯᠵᠠᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠬᠤᠷᠠᠯ ᠳᠤ ᠲᠤᠰᠬᠠᠶᠢᠯᠠᠨ ᠴᠤᠬᠤᠯᠠᠪᠤᠷᠢ ᠦᠭᠴᠦ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ | ᠲᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ᠃ ᠵᠠᠩ ᠵᠢᠶᠠᠨ ᠮᠢᠨ᠂ ᠡᠨᠡ ᠵᠢᠯ ᠤᠨ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠢ ᠰᠠᠶᠢᠳᠤᠷ ᠪᠡᠶᠡᠯᠡᠭᠦᠯᠬᠦ ᠶᠢᠨ ᠠᠴᠢ ᠬᠤᠯᠪᠣᠭᠳᠠᠯ ᠶᠡᠭᠡ᠂ | ᠡᠭᠦᠷᠭᠡ ᠬᠠᠳᠠᠭᠤᠵᠢᠯᠳᠠᠢ ᠶᠤᠮ᠂ ᠡᠯ᠎ᠠ ᠭᠠᠵᠠᠷ ᠤᠷᠤᠨ᠂ ᠡᠯ᠎ᠠ ᠬᠠᠮᠢᠶ᠎ᠠ ᠪᠦᠬᠦᠢ ᠨᠢᠭᠡᠴᠡ ᠨᠦᠭᠦᠳ ᠦᠵᠡᠯ | ᠰᠠᠨᠠᠭ᠎ᠠ ᠪᠠᠨ ᠤᠯᠤᠰ ᠤᠨ ᠠᠮᠤ ᠪᠤᠳᠠᠭᠠᠨ ᠤ ᠠᠵᠢᠯ ᠤᠨ ᠱᠠᠭᠠᠷᠳᠠᠯᠭ᠎ᠠ ᠪᠤᠯᠤᠨ ᠰᠢᠢᠳᠪᠦᠷᠢᠳᠤ ᠪᠤᠳᠤᠯᠭ᠎ᠠ | ᠪᠠᠶᠢᠷᠢᠯᠠᠭᠤᠯᠤᠯᠳᠠ ᠲᠠᠢ ᠨᠢᠭᠡᠳᠭᠡᠵᠦ᠂ ᠡᠨᠡ ᠵᠢᠯ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠰᠢᠨ᠎ᠠ | ᠤᠨᠴᠠᠯᠢᠭ ᠪᠤᠯᠤᠨ ᠰᠢᠨ᠎ᠠ ᠱᠠᠭᠠᠷᠳᠠᠯᠭ᠎ᠠ ᠶᠢ ᠵᠦᠪ ᠤᠨᠤᠪᠴᠢᠳᠠᠢ ᠡᠵᠡᠮᠰᠢᠵᠦ᠂ ᠪᠦᠳᠦᠮᠵᠢᠳᠡᠢ ᠠᠷᠭ᠎ᠠ ᠬᠡᠮᠵᠢᠶ᠎ᠠ | ᠠᠪᠴᠤ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠠᠵᠢᠯ ᠤᠨ ᠤᠷᠤᠭᠰᠢᠳᠠᠢ ᠶᠠᠪᠤᠭᠳᠠᠬᠤ ᠶᠢ ᠪᠠᠳᠤᠯᠠᠬᠤ | ᠬᠡᠷᠡᠭᠳᠡᠢ ᠭᠡᠵᠦ ᠵᠢᠭᠠᠵᠤ ᠭᠠᠷᠭᠠᠵᠠᠢ᠃ | ᠵᠠᠩ ᠵᠢᠶᠠᠨ ᠮᠢᠨ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠡᠯᠡ ᠮᠦᠩᠭᠦ ᠶᠢᠨ ᠬᠡᠷᠡᠭᠴᠡᠭᠡ ᠶᠢ | ᠪᠦᠬᠦ ᠬᠦᠴᠦᠨ ᠢᠶᠠᠷ ᠪᠠᠳᠤᠯᠠᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠤᠭᠤᠳᠴᠤ | ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠢᠳᠡᠪᠬᠢᠳᠡᠢ ᠲᠡᠮᠵᠢᠬᠦ ᠬᠡᠷᠡᠭᠳᠡᠢ︔ ᠨᠠᠮᠤᠷ ᠤᠨ ᠠᠮᠤ ᠪᠤᠳᠠᠭ᠎ᠠ | ᠬᠤᠳᠠᠯᠳᠤᠨ ᠠᠪᠬᠤ ᠶᠡᠷᠦᠩᠬᠡᠶᠢᠯᠡᠭᠰᠡᠨ ᠦᠢᠯᠡᠴᠢᠯᠡᠭᠡ ᠶᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠤᠳᠠᠯᠳᠤᠨ | ᠠᠪᠬᠤ ᠲᠤᠬᠠᠢ ᠶᠢᠨ ᠲᠠᠯᠠᠪᠠᠢ ᠳᠤ ᠦᠢᠯᠡᠴᠢᠯᠡᠬᠦ᠂ ᠲᠠᠷᠢᠶᠠᠯᠠᠬᠤ ᠡᠷᠦᠭᠡ ᠳᠤ ᠠᠮᠤ ᠪᠤᠳᠠᠭ᠎ᠠ ᠨᠦᠭᠡᠴᠡᠯᠡᠬᠦ | ᠮᠡᠷᠭᠡᠵᠢᠯ ᠤᠨ ᠵᠢᠯᠤᠭᠤᠳᠤᠯᠭ᠎ᠠ ᠬᠢᠬᠦ᠂ ᠮᠡᠳᠡᠭᠡ ᠵᠠᠩᠭᠢ ᠶᠢᠨ ᠦᠢᠯᠡᠴᠢᠯᠡᠭᠡ ᠶᠢ ᠰᠠᠶᠢᠳᠤᠷ ᠬᠢᠬᠦ ᠵᠡᠷᠭᠡ ᠠᠵᠢᠯ ᠢ | ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠡᠢ︔ ᠤᠯᠠᠨ ᠡᠰᠢᠵᠢᠭᠰᠡᠨ ᠵᠠᠬ᠎ᠠ ᠲᠡᠯᠭᠡᠭᠦᠷ ᠤᠨ ᠭᠤᠤᠯ | ᠴᠤᠭᠴᠠ ᠶᠢᠨ ᠢᠳᠡᠪᠬᠢᠳᠡᠢ ᠪᠠᠷ ᠵᠠᠬ᠎ᠠ ᠲᠡᠯᠭᠡᠭᠦᠷ ᠲᠤ ᠣᠷᠣᠬᠤ ᠶᠢ ᠬᠦᠳᠦᠯᠦᠨ ᠵᠢᠯᠤᠭᠤᠳᠴᠤ᠂ ᠨᠠᠮᠤᠷ ᠤᠨ ᠠᠮᠤ | ᠪᠤᠳᠠᠭ᠎ᠠ ᠬᠤᠳᠠᠯᠳᠤᠨ ᠠᠪᠬᠤ ᠠᠵᠢᠯ ᠳᠤ ᠦᠵᠡᠭᠦᠯᠬᠦ ᠡᠯ᠎ᠠ ᠲᠦᠷᠦᠯ ᠤᠨ ᠠᠵᠤ ᠠᠬᠤᠶᠢᠯᠠᠯ ᠤᠨ ᠢᠳᠡᠪᠬᠢᠵᠢᠯ ᠢ | ᠭᠦᠢᠴᠡᠳ ᠪᠠᠳᠠᠷᠠᠭᠤᠯᠬᠤ ᠬᠡᠷᠡᠭᠳᠡᠢ︔ ᠲᠡᠮᠦᠷ ᠵᠠᠮ᠂ ᠵᠠᠰᠠᠮᠠᠯ ᠵᠠᠮ ᠤᠨ ᠰᠠᠯᠠᠭ᠎ᠠ ᠮᠦᠴᠢᠷ ᠠᠮᠤ ᠪᠤᠳᠠᠭ᠎ᠠ | ᠲᠡᠭᠡᠭᠡᠪᠦᠷᠢᠯᠡᠬᠦ ᠪᠠᠳᠤᠯᠠᠭ᠎ᠠ ᠶᠢᠨ ᠠᠵᠢᠯ ᠢ ᠦᠨᠡᠨᠬᠦ ᠰᠠᠶᠢᠳᠤᠷ ᠬᠢᠬᠦ ᠬᠡᠷᠡᠭᠳᠡᠢ ᠭᠡᠵᠦ ᠴᠢᠬᠤᠯᠠᠴᠢᠯᠠᠵᠠᠢ᠃ | ᠵᠠᠩ ᠵᠢᠶᠠᠨ ᠮᠢᠨ᠂ ᠠᠮᠤ ᠪᠤᠳᠠᠭᠠᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ ᠲᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠳᠤᠷ ᠠᠳᠬᠤᠵᠤ᠂ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠵᠤ᠂ ᠬᠢᠨᠠᠯᠳᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ | ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ | ᠠᠵᠢᠯ ᠤᠨ ᠠᠮᠵᠢᠯᠳᠠᠳᠠᠢ ᠪᠡᠶᠡᠯᠡᠭᠳᠡᠬᠦ ᠶᠢ ᠪᠠᠳᠤᠯᠠᠬᠤ ᠬᠡᠷᠡᠭᠳᠡᠢ ᠭᠡᠵᠦ ᠱᠠᠭᠠᠷᠳᠠᠵᠠᠢ᠃ | |