ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠠᠵᠢᠯ ᠲᠥᠷᠥᠯ ᠲᠣᠭᠲᠠᠭᠤᠨ ᠢᠶᠠᠷ ᠤᠷᠤᠭᠰᠢᠯᠠᠪᠠ
ᠨᠡᠶᠢᠲᠡᠯᠡᠭᠰᠡᠨ ᠴᠠᠭ᠄
2017-11-14
       11 ᠳ᠋ᠦ᠋ᠭᠡᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠭᠡᠷ ᠠᠴᠠ ᠣᠶᠢᠯᠠᠭᠠᠵᠤ ᠮᠡᠳᠡᠭᠰᠡᠨ ᠢᠶᠠᠷ ᠡᠨᠡ ᠵᠢᠯ ᠠᠴᠠ ᠨᠠᠰᠢ᠂ ᠮᠠᠨ ᠤ ᠣᠷᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠠᠵᠢᠯ ᠲᠦᠷᠦᠯ ᠯᠠᠪᠳᠠᠭᠤᠨ ᠢᠶᠠᠷ ᠬᠥᠭᠵᠢᠵᠦ᠂ ᠭᠤᠷᠪᠠᠳᠤᠭᠠᠷ ᠤᠯᠠᠷᠢᠯ ᠤᠨ ᠡᠴᠦᠰ ᠪᠣᠯᠬᠤ ᠳᠤ᠂ ᠪᠥᠬᠦ ᠣᠷᠣᠨ ᠤ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠬᠠᠤᠯᠢ ᠶᠢᠨ ᠡᠷᠬᠡᠲᠡᠨ ᠤ ᠪᠠᠶᠢᠭᠤᠯᠤᠮᠵᠢ 143᠂ ᠳᠠᠩᠰᠠᠯᠠᠭᠤᠯᠤᠭᠰᠠᠨ ᠪᠡᠯᠡ ᠮᠦᠩᠭᠦᠨ ᠤ ᠶᠡᠷᠦᠩᠬᠡᠶ ᠬᠡᠪᠴᠢᠶ᠎ᠡ ᠨᠢ 192.4 ᠳ᠋ᠥᠩᠰᠢᠭᠤᠷ ᠲᠥᠭᠦᠷᠢᠭ ᠪᠣᠯᠵᠤ᠂ ᠳᠠᠭᠠᠳᠬᠠᠯ ᠤᠨ ᠬᠠᠷᠢᠭᠤᠴᠠᠯᠭ᠎ᠠ ᠶᠢᠨ ᠦᠯᠡᠳᠡᠪᠦᠷᠢ ᠨᠢ 293.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠪᠡ᠃        ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠮᠤᠵᠢ ᠶᠢᠨ ᠱᠠᠲᠤᠨ ᠤ ᠲᠡᠬᠢᠠ ᠳᠠᠭᠠᠭᠠᠯᠲᠠ ᠬᠢᠬᠦ ᠰᠢᠰᠲ᠋ᠧᠮᠵᠢ ᠪᠣᠯᠣᠨ ᠮᠤᠵᠢ ᠶᠢᠨ ᠱᠠᠲᠤᠨ ᠤ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠪᠥᠷᠢᠨᠰᠢᠭᠦᠯᠪᠡ᠃ 2014 ᠣᠨ ᠤ ᠡᠴᠦᠰ ᠲᠤ ᠮᠠᠨ ᠤ ᠣᠷᠣᠨ ᠥᠪᠥᠷ ᠮᠣᠩᠭᠤᠯ ᠤᠨ ᠲᠠᠬᠢᠨ ᠳᠠᠭᠠᠭᠠᠯᠲᠠ ᠬᠢᠬᠦ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠣᠳᠣᠬᠠᠨ ᠳᠤ ᠺᠣᠮᠫᠠᠨᠢ ᠶᠢᠨ ᠪᠣᠳᠠᠲᠠᠢ ᠬᠤᠷᠢᠶᠠᠭᠰᠠᠨ ᠬᠦᠷᠦᠩᠭᠡ ᠨᠢ ᠨᠡᠮᠡᠭᠳᠡᠭᠡᠳ 10.4 ᠳ᠋ᠥᠩᠰᠢᠭᠤᠷ ᠲᠥᠭᠦᠷᠢᠭ ᠲᠤ ᠬᠦᠷᠴᠦ᠂ ᠶᠠᠭ ᠥᠪᠥᠷ ᠮᠣᠩᠭᠤᠯ ᠤᠨ ᠲᠡᠬᠢᠠ ᠳᠠᠭᠠᠭᠠᠯᠲᠠ ᠬᠢᠬᠦ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠶᠢᠨ ᠲᠦᠭᠰᠢᠭᠦᠷᠢ ᠶᠢ ᠬᠤᠪᠢᠶᠠᠷᠢᠯᠠᠨ᠂ ᠲᠠᠬᠢᠨ ᠳᠠᠭᠠᠭᠠᠯᠲᠠ ᠶᠢᠨ ︽ᠲᠣᠭᠲᠠᠪᠤᠷᠢᠵᠢᠭᠤᠯᠤᠭᠴᠢ︾ ᠦᠢᠯᠡᠳᠦᠯ ᠢ ᠪᠠᠳᠠᠷᠠᠭᠤᠯᠵᠤ᠂ ᠭᠤᠷᠪᠠᠳᠤᠭᠠᠷ ᠤᠯᠠᠷᠢᠯ ᠤᠨ ᠡᠴᠦᠰ ᠪᠣᠯᠬᠤ ᠳᠤ᠂ ᠪᠥᠬᠦ ᠣᠷᠣᠨ ᠤ ᠲᠡᠬᠢᠠ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠤᠨ ᠳᠠᠭᠠᠭᠠᠯᠲᠠ ᠶᠢᠨ ᠬᠠᠷᠢᠭᠤᠴᠠᠯᠭ᠎ᠠ ᠶᠢᠨ ᠦᠯᠡᠳᠡᠪᠦᠷᠢ ᠨᠢ 24.8 ᠳ᠋ᠥᠩᠰᠢᠭᠤᠷ ᠲᠥᠭᠦᠷᠢᠭ ᠪᠣᠯᠪᠠ᠃ ᠥᠪᠥᠷ ᠮᠣᠩᠭᠤᠯ ᠤᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠰᠢᠰᠲ᠋ᠧᠮᠵᠢ ᠶᠢᠨ ᠦᠷ᠎ᠡ ᠪᠦᠲᠦᠮᠵᠢ ᠤᠯᠠᠮ ᠢᠶᠠᠷ ᠲᠣᠳᠣᠷᠠᠨ᠂ ᠥᠪᠥᠷ ᠮᠣᠩᠭᠤᠯ ᠤᠨ ᠼᠠᠢ ᠰᠢᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠨᠢ 2016 ᠣᠨ ᠳᠤ ᠪᠠᠶᠢᠭᠤᠯᠤᠭᠳᠠᠭᠰᠠᠨ ᠠᠴᠠ ᠨᠠᠰᠢ᠂ ᠺᠣᠮᠫᠠᠨᠢ ᠶᠢᠨ ᠪᠣᠳᠠᠲᠠᠢ ᠬᠤᠷᠢᠶᠠᠭᠰᠠᠨ ᠬᠦᠷᠦᠩᠭᠡ ᠨᠢ 40.5 ᠳ᠋ᠥᠩᠰᠢᠭᠤᠷ ᠲᠥᠭᠦᠷᠢᠭ ᠲᠤ ᠬᠦᠷᠴᠦ᠂ ︽ᠵᠠᠰᠠᠭ ᠤᠨ ᠣᠷᠳᠣᠨ ᠪᠠᠩᠭᠢ ᠶᠢᠨ ᠳᠠᠭᠠᠭᠠᠯᠲᠠ︾ ᠬᠠᠮᠵᠢᠯᠴᠠᠨ ᠲᠠᠷᠢᠶᠠᠯᠠᠩ ᠢ ᠳᠡᠮᠵᠢᠬᠦ ᠲᠤᠬᠠᠶᠢᠯᠠᠭᠰᠠᠨ ᠠᠵᠢᠯ ᠤᠨ ᠪᠦᠲᠦᠬᠡᠭᠳᠡᠭᠦᠨ ᠪᠣᠯᠣᠨ ᠲᠠᠷᠢᠶᠠᠯᠠᠩ ᠢ ᠲᠤᠰᠠᠯᠠᠬᠤ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠤᠨ ᠨᠡᠷᠡᠳᠬᠦᠨ ᠢ ᠰᠢᠨᠡᠴᠢᠯᠡᠨ ᠲᠥᠯᠥᠪᠯᠡᠵᠦ᠂ ᠭᠤᠷᠪᠠᠳᠤᠭᠠᠷ ᠤᠯᠠᠷᠢᠯ ᠳᠤ ᠲᠠᠷᠢᠶᠠᠯᠠᠩ ᠮᠠᠯ ᠠᠵᠤ ᠠᠬᠤᠶ ᠶᠢᠨ ᠳᠠᠭᠠᠭᠠᠯᠲᠠ ᠶᠢ 10.1 ᠳ᠋ᠥᠩᠰᠢᠭᠤᠷ ᠲᠥᠭᠦᠷᠢᠭ ᠨᠡᠮᠡᠭᠳᠡᠭᠦᠯᠦᠨ᠂ ᠪᠦᠬᠦ ᠣᠷᠣᠨ ᠤ ᠰᠢᠨ᠎ᠡ ᠪᠠᠷ ᠨᠡᠮᠡᠭᠳᠡᠭᠰᠡᠨ ᠳᠠᠭᠠᠭᠠᠯᠲᠠ ᠶᠢᠨ ᠵᠣᠭᠤᠰᠣᠨ ᠤ 18.9% ᠶᠢ ᠡᠵᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号