ᠯᠢᠨᠰᠢ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠠᠢ
ᠨᠡᠶᠢᠲᠡᠯᠡᠭᠰᠡᠨ ᠴᠠᠭ᠄
2017-11-14
         
          11 ᠰᠠᠷ᠎ᠠ ᠶᠢᠨ3 ᠤ ᠡᠳᠦᠷ᠂ ᠯᠢᠨᠰᠢ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ᠰᠤᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠯᠪᠠᠨ ᠭᠡᠷ᠂ ᠤᠬᠠᠭᠤᠯᠬᠤ ᠬᠡᠯᠳᠠᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠤᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠵᠤ᠂ ᠰᠢᠶᠠᠨ ᠤ ᠵᠠᠰᠠᠭ ᠤᠨ ᠤᠷᠳᠤᠨ ᠤ ᠡᠯ᠎ᠡ‌‍ᠰᠠᠯᠠᠭ᠎ᠠ ᠮᠥᠴᠢᠷ ‍ᠤᠨ‌‍ᠰᠣᠨᠢᠨ ᠮᠡᠳᠡᠭᠡᠨ ᠤ ᠦᠭᠦᠯᠡᠭᠴᠢ ᠨᠠᠷ ᠬᠤᠷᠠᠯ ᠳᠤ ᠤᠷᠤᠯᠴᠠᠵᠠᠢ᠃            ᠬᠤᠷᠠᠯ ᠳᠡᠭᠡᠷ᠎ᠡ᠂  ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠦᠭᠡᠷᠡᠴᠢᠯᠡᠯᠲᠡ ᠬᠦᠭᠵᠢᠭᠦᠯᠦᠯᠲᠡ ᠶᠢᠨ ᠲᠤᠪᠴᠢᠶ᠎ᠠ᠂ᠠᠮᠤᠷ ᠲᠦᠪᠰᠢᠨ ᠤ ᠬᠢᠨᠠᠨ ᠪᠠᠶᠢᠴᠠᠭᠠᠬᠤ ᠲᠤᠪᠴ‍‌ᠵᠶ᠎ᠡ᠂ ᠡᠷᠡᠭᠦᠯ ᠬᠠᠮᠠᠭᠠᠯᠠᠯ ᠪᠠ ᠲᠦᠯᠦᠪᠯᠡᠯᠭᠡᠲᠦ ᠦᠷᠡᠵᠢᠯ ᠤᠨ  ᠲᠤᠪᠴᠢᠶᠠᠨ ‍ᠣ‌‍ᠰᠣᠨᠢᠨ ᠮᠡᠳᠡᠭᠡᠨ ᠤ ᠦᠭᠦᠯᠡᠭᠴᠢ   ᠠᠴᠠ ᠯᠢᠨᠰᠢ ᠰᠢᠶᠠᠨ ᠤ ᠡᠯᠧᠺᠡᠲᠤᠷᠤᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠲᠠ ᠪᠠ ᠬᠦᠭᠵᠢᠯᠲᠡ ᠶᠢᠨ ᠪᠠᠶᠢᠳᠠᠯ ᠤᠨ ᠲᠤᠬᠠᠢ᠂ ᠴᠢᠬᠤᠯᠠ ᠠᠵᠢᠯ ᠲᠦᠷᠦᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠠᠶᠣᠯ ᠦᠬᠡᠢ ᠦᠢᠯᠡᠥᠨᠪᠦᠷᠢᠯᠡᠯ ᠤᠨ ᠦᠷᠭᠦᠯᠵᠢᠯᠡᠬᠦᠶᠢᠴᠡ ᠲᠤᠭᠲᠠᠴᠠ ᠶᠢᠨ ᠪᠦᠲᠦᠭᠡᠨ ᠪᠠᠶᠢᠭᠤᠯᠤᠯᠲᠠ᠂ ︽1351︾ ᠡᠷᠡᠭᠦᠯ ᠮᠡᠨᠳᠦ ᠪᠠᠷ ᠶᠠᠳᠠᠭᠤ ᠶᠢ ᠲᠡᠥᠨᠬᠦᠬᠦ ᠠᠵᠢᠯ ᠤᠨ ᠶᠠᠪᠤᠭᠳᠠᠵᠤ ᠪᠠᠶᠢᠭ᠎ᠠ ᠪᠠᠶᠢᠳᠠᠯ ᠵᠡᠷᠭᠡ ᠶᠢ ᠨᠡᠶᠢᠭᠡᠮ ᠨᠡᠶᠢᠲᠡ ᠪᠠ ᠰᠤᠨᠢᠨ ᠮᠡᠳᠡᠭᠡᠨ ᠬᠢᠨ ᠳᠤ ᠨᠡᠶᠢᠳᠡᠯᠡᠬᠦ ᠶᠢᠨ ᠬᠠᠮᠲᠦ ᠰᠤᠷᠪᠤᠯᠵᠢᠯᠠᠭᠴᠢ ᠶᠢᠨ ᠠᠰᠠᠭᠤᠯᠲᠠ ᠢ ᠬᠠᠷᠢᠭᠤᠯᠤᠭᠰᠠᠨ ᠪᠠᠶᠢᠨ᠎ᠠ᠃             ᠯᠢᠨᠰᠢ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ ‍ᠤᠨ‌‍ᠰᠣᠨᠢᠨ ᠮᠡᠳᠡᠭᠡᠨ ᠤ ᠦᠭᠦᠯᠡᠭᠴᠢ  ᠯᠢᠦᠢ ᡁᠢ ᠸᠧᠢ ᠠᠴᠠ  ᠰᠤᠷᠪᠤᠯᠵᠢᠯᠭ᠎ᠠ  ᠬᠦᠯᠢᠶᠡᠬᠦ ᠲᠡᠭᠡᠨ᠂ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠲᠡᠯᠡᠬᠦ ᠬᠤᠷᠠᠯ ᠨᠢ ᠵᠠᠰᠠᠭ ᠤᠨ ᠤᠷᠳᠤᠨ ᠤ ᠴᠢᠬᠤᠯᠠ ᠮᠠᠳᠡᠭᠡ ᠵᠠᠩᠭᠢ ᠨᠡᠶᠢᠲᠡᠯᠡᠬᠦ ᠲᠠᠪᠴᠠᠩ ᠪᠤᠯᠤᠨ᠎ᠠ᠂ ᠤᠶᠢᠷ᠎ᠠ ᠶᠢᠨ ᠵᠢᠯ  ᠠᠴᠠ ᠮᠠᠨ ᠤ ᠰᠢᠶᠠᠨ᠂ᠠᠵᠤ ᠠᠬᠤᠢ᠂ ᠨᠡᠶᠢᠭᠡᠮ ᠤᠨ ᠬᠦᠭᠵᠢᠯᠲᠡ ᠶᠢᠨ ᠰᠢᠨ᠎ᠠ ᠰᠡᠥᠨᠬᠢᠴᠡ᠂ ᠰᠢᠨ᠎ᠠ ᠠᠷᠭ᠎ᠠ ᠠᠪᠴᠢᠯ ᠵᠠᠷᠭᠡ ᠶᠢᠨ ᠲᠤᠭᠤᠷᠢᠨ ᠳᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠦ᠂ ᠠᠵᠤ ᠠᠬᠤᠢ᠂ ᠨᠡᠶᠢᠭᠡᠮ ᠨᠡᠶᠢᠲᠡ᠂ ᠠᠷᠠᠥᠨ ᠤᠨ ᠠᠮᠢᠳᠤᠷᠠᠯ ᠵᠠᠷᠭᠡ ᠡᠯ᠎ᠡ ᠲᠠᠯ᠎ᠠ ᠶᠢ ᠨᠡᠶᠢᠭᠡᠮ ᠨᠡᠶᠢᠲᠡ ᠳᠤ  ᠨᠡᠶᠢᠲᠡᠯᠡᠨ ᠲᠠᠨᠢᠭᠤᠯᠵᠤ᠂ ᠰᠤᠨᠢᠨ ᠮᠡᠳᠡᠭᠡ ᠨᠡᠶᠢᠲᠡᠯᠡᠬᠦ ᠠᠵᠢᠯ ᠢ ᠬᠡᠪᠰᠢᠭᠦᠯᠦᠭᠰᠡᠨ ᠪᠠᠶᠢᠨ᠎ᠠ᠃ ᠪᠢᠳᠡ ᠤᠯᠠᠮ ᠨᠢᠭᠡ ᠠᠯᠬᠤᠮ ᠰᠤᠷᠠᠭ ᠵᠠᠩᠭᠢ ᠨᠡᠶᠢᠲᠡᠯᠡᠬᠦ᠂ ᠲᠦᠷᠦ ᠶᠢᠨ ᠪᠤᠳᠤᠯᠭ᠎ᠠ ᠢ ᠲᠠᠶᠢᠯᠪᠤᠷᠢᠯᠠᠬᠤ ᠵᠠᠷᠭᠡ ᠠᠵᠢᠯ ᠢᠶᠠᠨ ᠴᠢᠩᠭᠠᠥᠨᠬᠠᠨ᠂  ᠢᠳᠠᠪᠬᠢᠲᠠᠢ ᠪᠠᠷ ᠰᠤᠨᠢᠨ ᠮᠡᠳᠡᠭᠡᠨ ᠤ ᠡᠲᠡᠭᠡᠥᠨ ᠳᠤ ᠰᠤᠷᠠᠭ ᠵᠠᠩᠭᠢ ᠬᠠᠨᠭ᠍ᠭᠠᠨ᠂ ᠵᠠᠰᠠᠭ ᠤᠨ ᠠᠵᠢᠯ ᠤᠨ ᠰᠤᠷᠠᠭ ᠵᠠᠩᠭᠢ ᠤᠨ ᠲᠠᠷᠬᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ ᠭᠡᠵᠠᠢ᠃ ︵ᠵᠣᠣ ᠶᠠᠨ︶
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号