ᠯᠢᠨᠰᠢ ᠰᠢᠶᠠᠨ ᠤ ᠨᠤᠮ ᠤᠨ ᠰᠠᠩ ᠂ ᠬᠢᠨᠭ᠍ᠭᠠᠨ ᠨᠡᠶᠢᠭᠡᠮ ᠲᠤᠭᠤᠷᠢᠭ ᠨᠢ ᠲᠤᠰ ᠲᠤᠰ ︽ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ︾ ᠪᠠ ︽ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠵᠢᠱᠢᠶᠡᠴᠢ ᠨᠡᠶᠢᠭᠡᠮ ᠲᠤᠭᠤᠷᠢᠭ︾ ᠪᠠᠷ ᠨᠡᠷᠡᠯᠡᠭᠳᠡᠵᠠᠢ
ᠨᠡᠶᠢᠲᠡᠯᠡᠭᠰᠡᠨ ᠴᠠᠭ᠄
2017-11-14
         ᠤᠶᠢᠷ᠎ᠠ ᠶᠢᠨ ᠡᠳᠦᠷ᠂ ᠤᠯᠠᠭᠠᠨᠬᠠᠳᠠ ᠬᠤᠲᠠ ᠶᠢᠨ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ ᠮᠡᠳᠡᠭᠳᠡᠯ ᠪᠠᠭᠤᠯᠭᠠᠵᠤ᠂ ᠯᠢᠨᠰᠢ ᠰᠢᠶᠠᠨ ᠤ ᠨᠤᠮ ᠤᠨ ᠰᠠᠩ  ᠂ ᠬᠢᠨᠭ᠍ᠭᠠᠨ ᠨᠡᠶᠢᠭᠡᠮ ᠲᠤᠭᠤᠷᠢᠭ ᠨᠢ ᠲᠤᠰ ᠲᠤᠰ ︽ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ︾ ᠪᠠ ︽ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠵᠢᠱᠢᠶᠡᠴᠢ ᠨᠡᠶᠢᠭᠡᠮ ᠲᠤᠭᠤᠷᠢᠭ︾   ᠪᠠᠷ ᠨᠠᠷᠡᠶᠢᠳᠡᠵᠠᠢ᠃          ︽ᠤᠯᠠᠭᠠᠨᠬᠠᠳᠠ ᠬᠤᠲᠠ ᠶᠢᠨ ᠪᠦᠬᠦ ᠠᠷᠠᠥᠨ ᠤᠨ ᠰᠢᠨᠵᠢᠯᠡᠬᠦ  ᠮᠡᠷᠭᠡᠵᠢᠯ ᠤᠨ ᠬᠡᠪ ᠴᠢᠨᠠᠷ ᠤᠨ ᠠᠵᠢᠯᠯᠠᠭᠠᠨ ᠤ ᠬᠦᠲᠡᠯᠪᠦᠷᠢ ᠶᠢᠨ ᠬᠡᠷᠡᠭᠵᠢᠭᠦᠯᠬᠦ ᠲᠦᠰᠦᠯ ︵2017 —2020 ᠤᠨ︶ ᠤ ᠶᠡᠷᠦᠩᠬᠡᠢ ᠲᠤᠬᠢᠷᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠡᠬᠢ ᠰᠤᠷᠪᠤᠯᠵᠢ  ᠶᠢᠨ ᠳᠠᠭᠠᠭᠤᠯᠠᠭᠴᠢ ᠦᠢᠯᠡᠳᠦᠯ ᠵᠡᠷᠭᠡ ᠶᠢ ᠭᠦᠢᠴᠡᠥᠨ ᠪᠠᠳᠠᠷᠠᠭᠤᠯᠵᠤ᠂ ᠦᠨᠳᠦᠰᠦᠲᠡᠨ ᠱᠠᠲᠤᠨ ᠤ ᠤᠯᠠᠨ ᠲᠦᠮᠡᠨ  ᠤ ᠰᠢᠨᠵᠢᠯᠡᠬᠦ ᠤᠬᠠᠭᠠᠨ ᠤ ᠮᠡᠷᠭᠡᠵᠢᠯ   ᠤᠨ ᠮᠡᠳᠡᠯᠭᠡ ᠶᠢ ᠳᠡᠭᠡᠭᠰᠢᠯᠡᠭᠦᠯᠬᠦ ᠶᠢᠨ ᠲᠦᠯᠦᠭᠡ  ᠤᠯᠠᠭᠠᠨᠬᠠᠳᠠ ᠬᠤᠲᠠ  ᠶᠢᠨ ᠰᠢᠨᠵᠢᠯᠡᠬᠦ ᠮᠡᠷᠭᠡᠵᠢᠯ ᠤᠨ ᠨᠡᠶᠢᠭᠡᠮᠯᠢᠩ ᠪᠦᠬᠦ ᠬᠤᠲᠠ ᠶᠢᠨ ᠬᠡᠪᠴᠢᠶᠡᠨ ᠳᠤ ︽ᠰᠢᠨᠵᠢᠯᠡᠬᠦ‌ᠤᠬᠠᠭᠠᠨ ᠤ ᠲᠦᠭᠡᠮᠡᠯᠵᠢᠯᠲᠡ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠬᠦᠳᠡᠯᠭᠡᠭᠡᠨ ᠶᠠᠪᠤᠭᠤᠯᠵᠠᠢ᠃ ᠮᠠᠨ ᠤ ᠰᠢᠶᠠᠨ ᠤ ᠰᠢᠨᠵᠢᠯᠡᠬᠦ ᠮᠡᠷᠭᠡᠵᠢᠯ ᠤᠨ ᠨᠡᠶᠢᠭᠡᠮᠯᠢᠭ ᠲᠤᠰ ᠬᠦᠳᠡᠯᠭᠡᠭᠡᠨ ᠳᠤ ᠢᠳᠡᠪᠬᠢᠲᠠᠢ ᠪᠠᠷ ᠤᠷᠤᠯᠴᠠᠨ᠂ ᠳᠡᠰ ᠳᠡᠰ ᠤᠨ ᠰᠢᠯᠭᠠᠨ ᠲᠤᠭᠲᠠᠭᠠᠯᠲᠠ ᠪᠠᠷ ᠳᠠᠮᠵᠢᠨ ᠬᠠᠮᠤᠭ ᠰᠡᠭᠦᠯ ᠳᠤ ᠯᠢᠨᠰᠢ ᠰᠢᠶᠠᠨ ᠤ ᠨᠤᠮ  ᠤᠨ ᠰᠠᠩ  ᠂ ᠬᠢᠨᠭ᠍ᠭᠠᠨ ᠨᠡᠶᠢᠭᠡᠮ ᠲᠤᠭᠤᠷᠢᠭ ᠨᠢ ᠲᠤᠰ ᠲᠤᠰ ︽ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠰᠤᠷᠭᠠᠨ ᠬᠦᠮᠦᠵᠢᠯ ᠤᠨ ᠰᠠᠭᠤᠷᠢᠨ ᠭᠠᠵᠠᠷ︾ ᠪᠠ ︽ᠰᠢᠨᠵᠢᠯᠡᠬᠦ ᠤᠬᠠᠭᠠᠨ ᠤ ᠲᠦᠭᠡᠮᠡᠯᠵᠢᠯᠲᠡ ᠶᠢᠨ ᠵᠢᠱᠢᠶᠡᠴᠢ ᠨᠡᠶᠢᠭᠡᠮ ᠲᠤᠭᠤᠷᠢᠭ︾ ᠪᠠᠷ ᠨᠡᠷᠡᠯᠡᠭᠳᠡᠵᠠᠢ᠃           ᠲᠤᠰ ᠤᠳᠠᠭᠠᠨ ᠤ ᠱᠠᠩᠨᠠᠯ ᠬᠦᠷᠲᠡᠭᠰᠡᠨ ᠪᠠᠶᠢᠭᠤᠯᠭ᠎ᠠ ᠨᠢ ᠦᠷᠭᠦᠯᠵᠢᠯᠡᠨ ᠳᠠᠭᠠᠭᠤᠯᠤᠭᠴᠢ ᠦᠢᠯᠡᠳᠦᠯ  ᠢᠶᠠᠨ ᠪᠠᠳᠠᠷᠠᠭᠤᠯᠤᠨ ᠪᠦᠬᠦ ᠰᠢᠶᠠᠨ ᠤ ᠤᠯᠠᠨ ᠲᠦᠮᠡᠨ ᠤ ᠰᠢᠨᠵᠢᠯᠡᠬᠦ ᠮᠡᠷᠭᠡᠵᠢᠯ ᠤᠨ ᠲᠠᠯ᠎ᠠ ᠪᠠᠷ ᠬᠢ ᠮᠠᠳᠡᠯᠭᠡ ᠶᠢ ᠤᠯᠠᠮ ᠢᠯᠡᠭᠦᠦ ᠪᠠᠶᠠᠯᠢᠭᠵᠢᠭᠤᠯᠬᠤ ᠪᠠᠷ ᠴᠢᠷᠮᠠᠶᠢᠬᠤ ᠶᠢ ᠤᠷᠠᠶᠢᠯᠠᠭᠰᠠᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号