︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠳᠦᠷᠢᠮ ︵ᠲᠥᠰᠦᠯ︶︾ ᠤᠨ ᠲᠤᠬᠠᠶ ᠢᠯᠡ ᠪᠠᠷ ᠰᠠᠨᠠᠯ ᠬᠤᠷᠢᠶᠠᠬᠤ ᠠᠯᠪᠠᠨ ᠵᠠᠷ
ᠨᠡᠶᠢᠲᠡᠯᠡᠭᠰᠡᠨ ᠴᠠᠭ᠄
2017/11/14
       ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠲᠠᠪᠤᠳᠤᠭᠠᠷ ᠤᠳᠠᠭ᠎ᠠ ᠶᠢᠨ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠳᠦᠷᠢᠮ ︵ᠲᠥᠰᠦᠯ︶︾ ᠢ ᠠᠩᠬ᠎ᠠ ᠤᠳᠠᠭ᠎ᠠ ᠬᠢᠨᠠᠨ ᠵᠥᠪᠯᠡᠵᠦ᠂ 11 ᠳ᠋ᠦ᠋ᠭᠡᠷ ᠰᠠᠷ᠎ᠠ ᠳᠤ ᠳᠠᠬᠢᠨᠲᠠ ᠬᠢᠨᠠᠨ ᠵᠥᠪᠯᠡᠬᠦ ᠪᠠᠷ ᠪᠠᠶᠢᠨ᠎ᠠ᠃ ᠡᠳᠦᠭᠡ ᠲᠦᠷᠢᠮ ︵ᠲᠥᠰᠦᠯ︶ ᠵᠢᠴᠢ ᠲᠣᠳᠣᠷᠬᠠᠶᠢᠯᠠᠯᠲᠠ ᠶᠢᠨ ᠪᠦᠬᠦ ᠠᠭᠤᠯᠭ᠎ᠠ ᠶᠢ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠢ ᠥᠷᠭᠡᠨ ᠢᠶᠠᠷ ᠬᠤᠷᠢᠶᠠᠬᠤ ᠪᠠᠷ ᠪᠣᠯᠪᠠ᠃ ᠵᠠᠰᠠᠪᠤᠷᠢ ᠣᠷᠣᠭᠤᠯᠬᠤ ᠰᠠᠨᠠᠯ ᠰᠠᠨᠠᠭᠤᠯᠭ᠎ᠠ ᠪᠠᠨ 2017 ᠣᠨ ᠤ 12 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠳᠤ ᠢᠯᠡᠭᠡᠬᠦ ᠪᠣᠯᠪᠠᠣ᠃                    ᠬᠠᠷᠢᠯᠴᠠᠬᠤ ᠬᠥᠮᠦᠨ᠄ ᠯᠢ ᠳ᠋ᠦᠩ ᠰᠦ᠋ᠩ                    ᠬᠠᠷᠢᠯᠴᠠᠬᠤ ᠤᠲᠠᠰᠤ᠄ 0471 — 6600694 ︵ᠹᠠᠺᠰ︶᠂                                                     13514714451                   ᠡᠯᠧᠺᠳ᠋ᠷᠣᠨ ᠰᠢᠦᠳᠠᠨ ᠬᠠᠶᠢᠷᠴᠠᠭ ᠤᠨ ᠬᠠᠶ᠋ᠢᠭ᠄ nmrd_lds@163.com                   ᠬᠠᠷᠢᠯᠴᠠᠬᠤ ᠬᠠᠶ᠋ᠢᠭ᠄ ᠬᠥᠬᠡᠬᠤᠲᠠ ᠶᠢᠨ ᠵᠦᠩ ᠱᠠᠨ ᠵᠡᠭᠦᠨ ᠵᠠᠮ ᠤᠨ 3 ᠳ᠋ᠤᠭᠠᠷ ᠨᠤᠮᠧᠷ                 ᠰᠢᠦᠳᠠᠨ ᠳ᠋ᠤᠭᠠᠷ᠄ 010020                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ                                   2017 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号