ᠥᠪᠥᠷ ᠮᠣᠩᠭᠤᠯ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠶᠡᠷᠦᠩᠬᠡᠶ ᠲᠤᠭ᠎ᠠ 1400 ᠲᠦᠮᠨ ᠶᠢ ᠳᠠᠪᠠᠪᠠ
ᠨᠡᠶᠢᠲᠡᠯᠡᠭᠰᠡᠨ ᠴᠠᠭ᠄
2017-11-20
          ᠡᠨᠡ ᠵᠢᠯ ᠤᠨ 9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠶᠡᠷᠦᠩᠬᠡᠶ ᠲᠤᠭ᠎ᠠ 1412.5 ᠲᠦᠮᠨ ᠪᠣᠯᠵᠤ ᠂ ᠨᠢᠳᠤᠨᠤᠨ ᠤ ᠬᠢ ᠠᠴᠠ 21.4 ᠲᠦᠮᠡᠨ ᠬᠥᠮᠦᠨ ᠨᠡᠮᠡᠭᠳᠡᠵᠡᠶ᠃ ᠣᠳᠣ᠂ ᠥᠪᠡᠷᠲᠡᠭᠡᠨ ᠵᠠᠰᠠᠬᠤ ᠣᠷᠣᠨ ᠤ ᠠᠩᠬ᠎ᠠ ᠠᠯᠬᠤᠮ ᠰᠢᠭᠰᠢᠨ ᠪᠠᠶᠢᠴᠠᠭᠠᠵᠤ ᠭᠠᠷᠭᠠᠭᠰᠠᠨ ᠳᠠᠭᠠᠳᠬᠠᠯ ᠳᠤ ᠣᠷᠣᠯᠴᠠᠭᠰᠠᠨ ᠦᠬᠡᠢ ᠬᠥᠮᠦᠰ ᠤᠨ ᠮᠡᠳᠡᠭᠡ ᠵᠠᠩᠭᠢ ᠶᠢ ᠬᠠᠷᠢᠴᠠᠭᠤᠯᠬᠤ ᠠᠵᠢᠯ ᠪᠦᠬᠦᠨ ᠢᠶᠠᠷ ᠢᠶᠠᠨ ᠳᠠᠭᠤᠰᠴᠤ᠂ ᠳᠠᠭᠠᠳᠬᠠᠯ ᠳᠤ ᠣᠷᠣᠯᠴᠠᠬᠤ ᠶᠤᠰᠤᠲᠠᠢ ᠪᠠᠶᠢᠲᠠᠯ᠎ᠠ ᠪᠠᠨ ᠣᠷᠣᠯᠴᠠᠭᠰᠠᠨ ᠦᠭᠡᠢ 223.1 ᠲᠦᠮᠡᠨ ᠬᠥᠮᠦᠨ ᠢ ᠬᠢᠨᠠᠨ ᠮᠠᠭᠠᠳᠯᠠᠵᠠᠢ᠃          ᠣᠨ ᠤ ᠬᠠᠷᠠᠯᠲᠠᠲᠤ ᠡᠭᠦᠷᠭᠡ ᠪᠠᠨ ᠤᠯᠠᠮ ᠰᠡᠶᠢᠠ ᠪᠡᠶᠡᠯᠡᠭᠦᠯᠬᠦ ᠶᠢᠨ ᠲᠣᠰᠠᠳᠠ᠂ ᠪᠦᠬᠦ ᠣᠷᠣᠨ ᠤ ᠡᠯ᠎ᠡ ᠱᠠᠲᠤᠨ ᠤ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠣᠨ ᠤ ᠬᠠᠷᠠᠯᠲᠠᠲᠤ ᠡᠭᠦᠷᠭᠡ ᠶᠢᠨ ᠢᠶᠠᠨ ᠲᠤᠭᠤᠷᠢᠨ ᠳᠤ᠂ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠵᠦᠢᠯ ᠳᠠᠷᠠᠭᠠᠯᠠᠨ ᠢᠯᠭᠠᠷᠠᠭᠤᠯᠵᠤ ᠪᠠᠶᠢᠴᠠᠭᠠᠵᠡᠶ᠃ ᠠᠬᠢᠴᠠ ᠪᠠᠷ ᠤᠳᠠᠭᠠᠨ ᠪᠠᠶᠢᠭ᠎ᠠ ᠪᠠ ᠪᠡᠶᠡᠯᠡᠭᠦᠯᠦᠯᠲᠡ ᠪᠠᠷ ᠪᠠᠷᠤᠭᠲᠠᠢ ᠰᠢᠭ ᠠᠵᠢᠯ ᠢ ᠲᠦᠢᠯᠪᠤᠷᠢᠲᠠᠶ ᠠᠳᠬᠤᠵᠤ᠂ ᠣᠳᠣᠬᠠᠨ ᠳᠤ ᠡᠯ᠎ᠡ ᠵᠦᠢᠯ ᠤᠨ ᠬᠠᠷᠠᠯᠲᠠᠲᠤ ᠡᠭᠦᠷᠭᠡ ᠤᠷᠤᠭᠰᠢᠲᠠᠶ ᠶᠠᠪᠤᠭᠳᠠᠵᠤ ᠪᠠᠶᠢᠨ᠎ᠠ᠃          ᠴᠢᠭᠯᠡᠯ ᠢᠶᠠᠨ ᠲᠣᠳᠣᠷᠬᠠᠶᠢᠯᠠᠵᠤ ᠬᠡᠪᠴᠢᠶ᠎ᠡ ᠪᠠᠨ ᠥᠷᠭᠡᠳᠬᠡᠬᠦ ᠶᠢ ᠠᠳᠬᠤᠵᠡᠶ᠃ ᠪᠦᠬᠦ ᠣᠷᠣᠨ ᠤ ᠡᠯ᠎ᠡ ᠱᠠᠲᠤᠨ ᠤ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠬᠡᠪᠴᠢᠶ᠎ᠡ ᠪᠠᠨ ᠥᠷᠭᠡᠳᠬᠡᠬᠦ ᠶᠢ ᠠᠳᠬᠤᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠪᠢ ᠣᠷᠣᠭᠤᠯᠤᠯᠲᠠ ᠶᠢᠨ ᠳᠦᠷᠢᠮᠲᠦ ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠶᠢ ᠢᠳᠡᠪᠬᠢᠲᠡᠶ ᠲᠦᠯᠬᠢᠨ ᠠᠬᠢᠭᠤᠯᠵᠤ᠂ ᠣᠷᠣᠯᠴᠠᠬᠤ ᠶᠤᠰᠤᠲᠠᠢ ᠶᠢ ᠨᠢ ᠪᠦᠬᠦᠨ ᠢ ᠣᠷᠣᠯᠴᠠᠭᠤᠯᠬᠤ ᠶᠢ ᠦᠨᠡᠨ ᠬᠦ ᠪᠡᠶᠡᠯᠡᠭᠦᠯᠵᠡᠶ᠃ ᠠᠮᠢᠳᠤᠯᠢᠭ ᠢᠶᠠᠷ ᠠᠵᠢᠯ ᠣᠯᠤᠭᠰᠠᠨ ᠬᠥᠮᠦᠰ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠪᠠ ᠭᠠᠵᠠᠷ ᠰᠢᠷᠣᠶ ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠨ᠂ ᠳᠠᠭᠠᠳᠬᠠᠯ ᠳᠤ ᠣᠷᠣᠯᠴᠠᠬᠤ ᠰᠠᠨᠠᠯ ᠪᠣᠳᠣᠯ ᠲᠠᠢ ᠲᠠᠷᠢᠶᠠᠴᠢᠳ ᠢᠶᠠᠷ ᠭᠤᠣᠯᠳᠠᠯᠭ᠎ᠠ ᠪᠣᠯᠭᠠᠵᠤ᠂ ᠳᠠᠭᠠᠳᠬᠠᠯ ᠳᠤ ᠣᠷᠣᠯᠴᠠᠭᠤᠯᠬᠤ ᠬᠡᠪᠴᠢᠶ᠎ᠡ ᠶᠢ ᠥᠷᠭᠡᠳᠬᠡᠬᠦ ᠲᠥᠰᠦᠯ ᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠣᠭᠲᠠᠭᠠᠵᠤ᠂ ᠳᠠᠭᠠᠳᠬᠠᠯ ᠳᠤ ᠣᠷᠣᠯᠴᠠᠭᠰᠠᠨ ᠦᠭᠡᠢ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠳᠠᠭᠠᠳᠬᠠᠯ ᠳᠤ ᠣᠷᠣᠯᠴᠠᠭᠤᠯᠵᠡᠶ᠃          ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠯ ᠤᠨ ᠠᠵᠢᠯ ᠢ ᠲᠦᠷᠭᠡᠪᠴᠢᠯᠡᠨ ᠪᠡᠶᠡᠯᠡᠭᠦᠯᠦᠭᠰᠡᠨ ᠪᠦᠭᠡᠳ ᠲᠤᠭ᠎ᠠ ᠪᠠᠷᠢᠮᠲᠠ ᠶᠢᠨ ᠵᠠᠳᠠᠯᠤᠯᠲᠠ ᠬᠢᠪᠡ᠃ ᠵᠠᠷᠤᠳᠠᠯ ᠤᠨ ᠢᠷᠡᠯᠲᠡ ᠶᠢ ᠬᠠᠷᠭᠤᠭᠤᠯᠤᠨ ᠲᠣᠭᠲᠠᠭᠠᠬᠤ ᠶᠢ ᠴᠢᠩᠭ᠎ᠠ ᠠᠳᠬᠤᠵᠤ ᠲᠠᠲᠠᠪᠤᠷᠢᠯᠠᠨ ᠲᠤᠰᠢᠶᠠᠬᠤ ᠶᠢ ᠠᠬᠢᠭᠤᠯᠵᠡᠶ᠃ ᠪᠦᠬᠦ ᠣᠷᠣᠨ ᠤ ᠡᠯ᠎ᠡ ᠱᠠᠲᠤᠨ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠵᠠᠷᠤᠳᠠᠯ ᠤᠨ ᠢᠷᠡᠯᠲᠡ ᠶᠢ ᠬᠠᠷᠭᠤᠭᠤᠯᠤᠨ ᠲᠣᠭᠲᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠭᠠᠷᠲᠠᠨ ᠭᠦᠢᠴᠡᠳᠬᠡᠬᠦ ᠰᠠᠯᠠᠭ᠎ᠠ ᠮᠥᠴᠢᠷ ᠨᠢ ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳ ᠪᠠᠳᠠᠷᠠᠭᠤᠯᠵᠤ᠂ ᠬᠠᠷᠭᠤᠭᠤᠯᠬᠤ ᠶᠤᠰᠤᠲᠠᠢ ᠪᠠᠨ ᠴᠥᠮ ᠬᠠᠷᠭᠤᠭᠤᠯᠬᠤ ᠶᠢ ᠦᠨᠡᠨ ᠬᠦ ᠪᠡᠶᠡᠯᠡᠭᠦᠯᠵᠤ᠂ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠥᠴᠢᠷ ᠤᠨ ᠬᠤᠷᠢᠶᠠᠬᠤ ᠶᠣᠰᠣᠲᠠᠶ ᠶᠢ ᠨᠢ ᠪᠦᠷᠢᠨ ᠬᠤᠷᠢᠶᠠᠬᠤ ᠳᠤ ᠰᠠᠭᠤᠷᠢ ᠲᠠᠯᠪᠢᠨ ᠥᠭᠴᠦ᠂ ᠣᠨ ᠤ ᠲᠠᠲᠠᠪᠤᠷᠢᠯᠠᠵᠤ ᠲᠤᠰᠢᠶᠠᠬᠤ ᠲᠥᠯᠥᠪᠯᠡᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠡᠶ᠃ ᠬᠢᠩᠭᠠᠨ ᠠᠶᠢᠮᠠᠭ ᠤᠨ ᠨᠡᠶᠢᠭᠡᠮ ᠤᠨ ᠪᠠᠲᠤᠯᠠᠭ᠎ᠠ ᠶᠢᠨ ᠲᠠᠩᠬᠢᠮ ᠨᠢ ᠨᠡᠶᠢᠭᠡᠮ ᠤᠨ ᠳᠠᠭᠠᠳᠬᠠᠯ ᠤᠨ ᠰᠦᠢᠳᠬᠡᠯ ᠲᠠᠲᠠᠪᠤᠷᠢᠯᠠᠵᠤ ᠲᠤᠰᠢᠶᠠᠬᠤ ᠲᠥᠪ ᠪᠠᠶᠢᠭᠤᠯᠵᠤ᠂ ᠲᠥᠪ ᠨᠢ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠪᠠᠷ ᠲᠦᠷᠦᠭᠦᠯᠡᠵᠤ᠂ ᠡᠯ᠎ᠡ ᠭᠠᠷᠲᠠᠨ ᠭᠦᠢᠴᠡᠳᠬᠡᠬᠦ ᠨᠢᠭᠡᠴᠡ ᠶᠢᠨ ᠠᠵᠢᠯᠲᠠᠨ ᠢᠶᠠᠷ ᠪᠦᠷᠢᠯᠳᠦᠵᠦ᠂ ᠰᠦᠶᠳᠬᠡᠯ ᠲᠤᠰᠢᠶᠠᠬᠤ ᠰᠠᠭᠤᠷᠢ ᠲᠤᠭ᠎ᠠ ᠶᠢ ᠬᠠᠮᠲᠤᠷᠠᠨ ᠬᠢᠨᠠᠨ ᠲᠣᠭᠲᠠᠭᠠᠬᠤ ᠶᠢ ᠬᠡᠷᠡᠭᠵᠢᠭᠦᠯᠵᠡᠢ᠃ ᠪᠠᠶᠠᠨᠨᠠᠭᠤᠷ ᠬᠤᠲᠠ ᠨᠢ ᠰᠠᠷ᠎ᠠ ᠪᠠᠷ ᠬᠢᠨᠠᠨ ᠲᠣᠭᠲᠠᠭᠠᠵᠤ ᠠᠯᠪᠠᠳᠠᠨ ᠲᠠᠲᠠᠪᠤᠷᠢᠯᠠᠨ ᠲᠤᠰᠢᠶᠠᠬᠤ ᠵᠠᠭᠪᠤᠷ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠷᠭᠤᠭᠤᠯᠬᠤ ᠶᠤᠰᠤᠲᠠᠢ ᠶᠢ ᠨᠢ ᠴᠥᠮ ᠬᠠᠷᠭᠤᠭᠤᠯᠬᠤ ᠶᠢ ᠦᠨᠡᠨ ᠬᠦ ᠪᠡᠶᠡᠯᠡᠭᠦᠯᠵᠡᠶ᠃ ᠰᠢᠨ᠎ᠡ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠰᠢᠨ᠎ᠡ ᠳᠤᠮᠳᠠᠴᠢ ᠴᠠᠯᠢᠩ ᠢ ᠨᠡᠶᠢᠲᠡᠯᠡᠬᠦ ᠠᠴᠠ ᠪᠠᠨ ᠡᠮᠦᠨ᠎ᠡ᠂ ᠪᠥᠬᠦ ᠬᠤᠲᠠ ᠶᠢᠨ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠲᠦᠷ 2016 ᠣᠨ ᠤ 12 ᠳ᠋ᠤᠭᠠᠷ ᠰᠠᠷ᠎ᠠ ᠶᠢᠨ ᠰᠠᠭᠤᠷᠢ ᠲᠤᠭ᠎ᠠ ᠪᠠᠷ ᠬᠠᠷᠭᠤᠭᠤᠯᠤᠨ ᠲᠣᠭᠲᠠᠭᠠᠵᠤ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠰᠢᠨ᠎ᠡ ᠳᠤᠮᠳᠠᠴᠢ ᠴᠠᠯᠢᠩ ᠢ ᠨᠡᠶᠢᠲᠡᠯᠡᠭᠰᠡᠨ ᠤ ᠲᠠᠷᠠᠭ᠎ᠠ᠂ ᠰᠢᠨ᠎ᠡ ᠰᠠᠭᠤᠷᠢ ᠲᠤᠭ᠎ᠠ ᠶᠢ ᠳᠠᠬᠢᠨ ᠴᠠᠭ ᠲᠤᠬᠠᠶ ᠳᠤᠨᠢ ᠮᠡᠳᠡᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠤᠨ ᠵᠦᠷᠢᠶᠡᠨᠲᠦ ᠬᠡᠰᠡᠭ ᠢ ᠨᠢ ᠨᠥᠬᠦᠪᠥᠷᠢᠯᠡᠨ ᠬᠠᠷᠭᠤᠭᠤᠯᠵᠤ ᠬᠤᠷᠢᠶᠠᠵᠡᠶ᠃ ᠪᠦᠷᠢᠳᠬᠡᠯ ᠢ ᠦᠨᠳᠦᠰᠦᠯᠡᠪᠡᠯ᠂ ᠲᠦᠷᠦᠭᠦᠤ 9 ᠰᠠᠷ᠎ᠠ ᠳᠤ᠂ ᠪᠦᠬᠦ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 447.2 ᠳ᠋ᠦᠩᠰᠢᠭᠤᠷ ᠲᠥᠭᠦᠷᠢᠭ ᠪᠣᠯᠵᠡᠶ᠃            ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠣᠯᠭᠤᠬᠤ ᠶᠢ ᠪᠠᠲᠤᠯᠠᠵᠠᠢ᠃ ᠪᠦᠬᠦ ᠣᠷᠣᠨ ᠤ ᠡᠯ᠎ᠡ ᠱᠠᠲᠤᠨ ᠤ ᠨᠠᠰᠤᠵᠢᠯ ᠤᠨ ᠳᠠᠭᠠᠳᠬᠠᠯ ᠤᠨ ᠶᠠᠪᠤᠳᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠤᠭᠤᠳ ᠵᠣᠬᠢᠴᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠥᠰᠦᠪ ᠤᠨ ᠳᠤᠲᠠᠭᠤᠳᠠᠯ ᠪᠡᠯᠡ ᠮᠥᠩᠭᠦ ᠪᠠ ᠡᠯ᠎ᠡ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠠᠢ᠃ ᠡᠯ᠎ᠡ ᠵᠦᠢᠯ ᠤᠨ ᠬᠦᠴᠢᠷ ᠢ ᠤᠷᠢᠳᠴᠢᠯᠠᠨ ᠪᠠᠷᠤᠭᠴᠠᠭᠠᠯᠠᠵᠤ᠂ ᠬᠠᠮᠢᠶ᠎ᠠ ᠪᠦᠬᠦᠢ ᠪᠡᠯᠡᠳᠬᠡᠯ ᠠᠵᠢᠯ ᠢ ᠴᠠᠭ ᠲᠤᠬᠠᠶ ᠳᠤᠨᠢ ᠡᠷᠲᠡᠬᠡᠨ ᠰᠠᠶᠢᠲᠤᠷ ᠬᠢᠵᠤ᠂ ᠡᠯ᠎ᠡ ᠵᠦᠢᠯ ᠤᠨ ᠨᠠᠰᠤᠵᠢᠯ ᠤᠨ ᠣᠯᠭᠤᠮᠵᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠬᠤ ᠶᠢ ᠦᠨᠡᠨ ᠬᠦ ᠪᠠᠲᠤᠯᠠᠵᠠᠢ᠃ ᠪᠦᠬᠦ ᠣᠷᠣᠨ ᠤ ᠨᠡᠶᠢᠳᠡ 221.3 ᠲᠦᠮᠡᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠪᠠᠭᠤᠭᠰᠠᠨ ᠠᠵᠢᠯᠲᠠᠨ ᠵᠢᠴᠢ 211.4 ᠲᠦᠮᠡᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠭᠥᠷᠳᠡᠬᠦ ᠬᠥᠮᠦᠰ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠵᠤ ᠂ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠭᠰᠠᠨ ᠨᠤᠷᠮ᠎ᠠ 100% ᠳᠤ ᠬᠦᠷᠴᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号