ᠯᠢᠨᠰᠢ ᠰᠢᠶᠠᠨ ᠬᠦᠳᠡᠭᠡ ᠲᠤᠰᠬᠤᠨ ᠤ ᠨᠠᠰᠤᠲᠠᠶᠢᠴᠤᠤᠨ ᠤᠨ ᠬᠠᠷᠢᠯᠴᠠᠨ ᠬᠠᠪᠰᠤᠷᠬᠤ ᠬᠦᠷᠢᠶᠡᠯᠡᠩ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2017-11-20
         ᠬᠦᠳᠡᠭᠡ ᠲᠤᠰᠬᠤᠨ ᠤ ︽ᠨᠠᠰᠤᠵᠢᠯ ᠤᠨ ᠪᠠᠶᠢᠳᠠᠯ︾ ︽ᠦᠨᠳᠦᠷ ᠨᠠᠰᠤᠵᠢᠯ ᠤᠨ ᠪᠠᠶᠢᠳᠠᠯ︾ ︽ᠨᠠᠰᠤᠲᠠᠥᠨ ᠦᠯᠡᠳᠡᠵᠦ ᠬᠤᠴᠤᠷᠠᠭᠰᠠᠨ ᠪᠠᠶᠢᠳᠠᠯ︾  ᠵᠠᠷᠭᠡ ᠪᠠᠶᠢᠳᠠᠯ ᠤᠨ ᠳᠤᠤᠷ᠎ᠠ ᠤᠯᠠᠨ ᠵᠦᠢᠯ ᠤᠨ ᠠᠰᠠᠭᠤᠳᠠᠯ ᠤᠯᠠᠮ ᠢᠯᠡ ᠲᠤᠳᠤᠷᠬᠠᠢ ᠪᠤᠯᠵᠤ ᠨᠡᠶᠢᠭᠡᠮ ᠤᠨ ᠨᠠᠰᠤᠲᠠᠨ ᠢ ᠠᠰᠠᠷᠠᠬᠤ ᠠᠵᠢᠯ ᠳᠤ ᠵᠤᠬᠢᠬᠤ ᠬᠡᠮᠵᠢᠶᠡᠨ ᠤ ᠠᠰᠠᠭᠤᠳᠠᠯ ᠢ ᠠᠪᠴᠢᠷᠠᠭᠰᠠᠨ ᠪᠠᠶᠢᠨ᠎ᠠ᠃ ᠬᠦᠳᠡᠭᠡ ᠲᠤᠰᠬᠤᠨ ᠤ ᠨᠠᠰᠤᠲᠠᠶᠢᠴᠤᠤᠨ ᠤᠨ ᠬᠠᠷᠢᠯᠴᠠᠨ ᠬᠠᠪᠰᠤᠷᠬᠤ ᠬᠦᠷᠢᠶᠡᠯᠡᠩ ᠨᠢ ᠰᠢᠨ᠎ᠡ ᠬᠡᠯᠪᠡᠷᠢ ᠶᠢᠨ ᠨᠠᠰᠤᠲᠠᠶᠢᠴᠤᠥᠨ ᠢ ᠠᠰᠠᠷᠠᠬᠤ ᠬᠡᠯᠪᠡᠷᠢ ᠪᠤᠯᠤᠭᠰᠠᠨ ᠤ ᠬᠤᠪᠢ ᠳᠤ ᠬᠦᠳᠡᠯᠮᠦᠷᠢᠯᠡᠬᠦ ᠴᠢᠳᠠᠪᠦᠷᠢ ᠪᠠᠨ ᠠᠯᠳᠠᠭᠰᠠᠨ ᠪᠠ ᠬᠦᠳᠡᠯᠮᠦᠷᠢᠯᠡᠬᠦ ᠴᠢᠳᠠᠪᠦᠷᠢ ᠪᠠᠨ ᠬᠠᠭᠠᠰ ᠠᠯᠳᠠᠭᠰᠠᠨ ᠨᠠᠰᠤᠲᠠᠶᠢᠴᠤᠤᠯ ᠤᠨ ᠦᠲᠡᠯᠡᠭᠡ ᠨᠠᠰᠤᠨ ᠤ ᠠᠮᠢᠳᠤᠷᠠᠯ ᠢ ᠦᠨᠡᠨᠬᠦ ᠰᠢᠥᠨᠪᠦᠷᠢᠯᠡᠭᠰᠡᠨ ᠪᠠᠶᠢᠨ᠎ᠠ᠃           ᠲᠠᠪᠢᠡᠭᠡᠷ ᠪᠠᠯᠭᠠᠰᠤ ᠶᠢᠨ ᠵᠡᠭᠦᠨ ᠤᠪᠤᠭ᠎ᠠ ᠲᠤᠰᠬᠤᠨ ᠤ ᠤᠳᠤ ᠪᠠᠶᠢᠭ᠎ᠠ ᠪᠦᠬᠦ ᠰᠠᠭᠤᠭᠠᠯᠢ ᠬᠦᠮᠦᠨ ᠤ ᠠᠮᠠ ᠲᠤᠭ᠎ᠠ ᠨᠢ552 ᠡᠷᠦᠬᠡ᠂ ᠡᠭᠦᠨ ᠳᠤ60 ᠨᠠᠰᠤᠨ ᠠᠴᠠ ᠳᠡᠭᠡᠭᠰᠢᠬᠢ ᠨᠠᠰᠤᠲᠠᠶᠢᠴᠤᠥᠨ ᠪᠦᠬᠦ ᠬᠦᠮᠦᠨ ᠠᠮᠠ  ᠶᠢᠨ ᠵᠠᠭᠤᠨ ᠤ ᠶᠢᠷᠡ ᠳᠤ ᠬᠦᠷᠴᠦ᠂ ᠬᠦᠳᠡᠯᠮᠦᠷᠢᠯᠡᠬᠦ ᠴᠢᠳᠠᠪᠦᠷᠢ ᠪᠠᠨ ᠠᠯᠳᠠᠭᠰᠠᠨ ᠪᠠ ᠬᠦᠳᠡᠯᠮᠦᠷᠢᠯᠡᠬᠦ ᠴᠢᠳᠠᠪᠦᠷᠢ  ᠪᠠᠨ ᠬᠠᠭᠠᠰ ᠠᠯᠳᠠᠭᠰᠠᠨ ᠨᠠᠰᠤᠲᠠᠶᠢᠴᠤᠤᠯ ᠢ ᠠᠰᠠᠷᠠᠬᠤ ᠶᠠᠪᠤᠳᠠᠯ ᠨᠢ ᠲᠤᠰ ᠲᠤᠰᠬᠤᠨ ᠤ ᠬᠠᠮᠤᠭ ᠶᠡᠭᠡ ᠠᠰᠠᠭᠤᠳᠠᠯ ᠪᠤᠯᠵᠠᠢ᠃2015 ᠤᠨ ᠳᠤ ᠲᠠᠪᠢᠡᠭᠡᠷ᠂ᠪᠠᠯᠭᠠᠰᠤᠨ ᠤ ᠵᠠᠰᠠᠭ ᠤᠨ ᠤᠷᠳᠤᠨ ᠵᠡᠭᠦᠨ ᠤᠪᠤᠭ᠎ᠠ ᠲᠤᠰᠬᠤᠨ ᠳᠤ15 ᠮᠤ᠋ ᠤ ᠬᠡᠪᠴᠢᠶ᠎ᠡ   ᠲᠠᠢ ᠨᠠᠰᠤᠲᠠᠶᠢᠴᠤᠤᠨ ᠤᠨ ᠬᠠᠷᠢᠯᠴᠠᠨ ᠬᠠᠪᠰᠤᠷᠬᠤ ᠬᠦᠷᠢᠶᠡᠯᠡᠩ ᠢ ᠪᠠᠶᠢᠭᠤᠯᠵᠤ᠂24 ᠲᠠᠰᠤᠯᠭ᠎ᠠ ᠪᠦᠭᠦᠳᠡᠭᠡᠷ ᠰᠠᠭᠤᠵᠤ ᠳᠦᠭᠦᠷᠡᠭᠰᠡᠨ ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号