ᠦᠪᠡᠷᠲᠡᠭᠡᠨ ᠵᠠᠰᠠᠬᠤ ᠤᠷᠤᠨ ᠤ ᠠᠯᠪᠠᠨ ᠲᠢᠩᠬᠢᠮ ᠤᠨ ᠱᠠᠭᠠᠷᠳᠠᠨ ᠪᠠᠶᠢᠴᠠᠭᠠᠬᠤ ᠲᠤᠭᠤᠶᠢᠯᠠᠩ ᠯᠢᠨᠰᠢ ᠰᠢᠶᠠᠨ ᠳᠤ ᠢᠷᠡᠵᠦ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠱᠠᠭᠠᠷᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2017-11-20
        2017 ᠤᠨ ᠤ11 ᠰᠠᠷ᠎ᠠ ᠶᠢᠨ15 ᠤ ᠡᠳᠦᠷ᠂ ᠦᠪᠡᠷᠲᠡᠭᠡᠨ ᠵᠠᠰᠠᠬᠤ ᠤᠷᠤᠨ ᠤ ᠠᠷᠠᠥᠨ ᠤᠨ ᠵᠠᠰᠠᠭ  ᠤᠨ ᠤᠷᠳᠤᠨ ᠤ ᠰᠢᠰᠲ᠋ᠧᠮ ᠮᠤᠩᠭᠤᠯ ᠬᠡᠯᠡᠨ ᠤ ᠰᠦᠯᠵᠢᠶ᠎ᠡ ᠶᠢᠨ ᠴᠤᠭᠯᠠᠷᠠᠯ ᠤᠨ ᠪᠦᠲᠦᠭᠡᠨ ᠪᠠᠶᠢᠭᠤᠯᠤᠯᠲᠠ ᠶᠢᠨ ᠤᠳᠤᠷᠢᠥᠨᠬᠤ ᠲᠤᠭᠤᠶᠢᠯᠠᠩ ᠤᠨ ᠳᠡᠳ᠋ ᠳᠠᠷᠤᠭ᠎ᠠ᠂  ᠦᠪᠡᠷᠲᠡᠭᠡᠨ ᠵᠠᠰᠠᠬᠤ ᠤᠷᠤᠨ ᠤ ᠠᠯᠪᠠᠨ ᠲᠢᠩᠬᠢᠮ ᠤᠨ  ᠤᠤᠯ ‍ᠤᠨ‌‍ᠰᠠᠬᠢᠯᠭ᠎ᠠ ᠪᠠᠲᠤ ᠪᠠᠶᠢᠴᠠᠭᠠᠬᠤ ᠱᠦᠵᠢ ᠵᠢᠷᠭᠠᠯ ᠨᠦᠬᠦᠷ᠂ ᠦᠪᠡᠷᠲᠡᠭᠡᠨ ᠵᠠᠰᠠᠬᠤ ᠤᠷᠤᠨ ᠤ ᠠᠷᠠᠥᠨ ᠤᠨ ᠵᠠᠰᠠᠭ ᠤᠨ ᠤᠷᠳᠤᠨ ᠤ ᠰᠢᠰᠲ᠋ᠧᠮ ᠮᠤᠩᠭᠤᠯ ᠬᠡᠯᠡᠨ ᠤ ᠰᠦᠯᠵᠢᠶ᠎ᠡ ᠶᠢᠨ ᠴᠤᠭᠯᠠᠷᠠᠯ ᠤᠨ ᠪᠦᠲᠦᠭᠡᠨ ᠪᠠᠶᠢᠭᠤᠯᠤᠯᠲᠠ  ᠶᠢᠨ ᠤᠳᠤᠷᠢᠥᠨᠬᠤ ᠲᠤᠭᠤᠶᠢᠯᠠᠩ ᠤᠨ ᠳᠡᠳ᠋ ᠳᠠᠷᠤᠭ᠎ᠠ᠂ ᠤᠯᠠᠭᠠᠨᠬᠠᠳᠠ ᠬᠤᠲᠠ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠤᠤᠯ ‍ᠤᠨ‌‍ᠲ᠋ᠡᠳ᠋ ᠡᠷᠬᠢᠯᠡᠭᠴᠢ ᠪᠠᠶᠠᠨᠪᠠᠭᠠᠲᠤᠷ ᠨᠦᠬᠦᠷ ᠤᠨ ᠳᠠᠭᠠᠭᠤᠯᠤᠯᠭ᠎ᠠ ᠲᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠯᠪᠠᠨ ᠲᠢᠩᠬᠢᠮ ᠤᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠬᠤ ᠪᠦᠯᠬᠦᠮ ᠮᠠᠨ ᠤ ᠰᠢᠶᠠᠨ ᠳᠤ ᠢᠷᠡᠵᠦ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠡ ᠶᠢᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠱᠠᠭᠠᠷᠳᠠᠨ ᠪᠠᠶᠢᠴᠠᠭᠠᠵᠤ ᠵᠢᠭᠠᠨ ᠵᠢᠯᠤᠭᠤᠳᠤᠭᠰᠠᠨ ᠪᠠᠶᠢᠨ᠎ᠠ᠃          ᠯᠢᠨᠰᠢ ᠰᠢᠶᠠᠨ ᠤ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ ᠨᠢ2012 ᠤᠨ ᠠᠴᠠ ᠡᠬᠢᠯᠡᠵᠦ ᠪᠠᠶᠢᠭᠤᠯᠵᠠᠢ᠃ ᠰᠢᠶᠠᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠳᠡᠭᠡᠳᠦ ᠬᠡᠮᠵᠢᠶ᠎ᠠ ᠪᠠᠷ ᠴᠢᠬᠤᠯᠴᠢᠯᠠᠨ ᠦᠵᠡᠵᠦ᠂ ᠰᠢᠶᠠᠨ ᠤ ᠤᠬᠠᠭᠤᠯᠬᠤ ᠬᠡᠯᠲᠡᠰ᠂ ᠰᠢᠶᠠᠨ ᠤ ᠵᠠᠰᠠᠭ ᠤᠨ ᠤᠷᠳᠤᠨ ᠤ ᠠᠯᠪᠠᠨ ᠭᠡᠷ᠂ ᠰᠢᠶᠠᠨ ᠤ ᠦᠨᠳᠦᠰᠦᠲᠡᠨ ᠤ ᠱᠠᠰᠢᠨ ᠰᠤᠷᠲᠠᠬᠤᠨ ᠤ ᠲᠤᠪᠴᠢᠶ᠎ᠠ ᠶᠢᠨ ᠬᠠᠮᠲᠦ ᠶᠢᠨ ᠴᠢᠷᠮᠠᠶᠢᠯᠭ᠎ᠠ ᠳᠤᠤᠷ᠎ᠠ2017 ᠤᠨ ᠤ ᠡᠬᠢᠨ ᠳᠤ ᠠᠰᠢᠭᠯᠠᠯᠲᠠ ᠳᠤ ᠤᠷᠤᠵᠠᠢ᠃          ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠳᠠᠷᠤᠭ᠎ᠠ ᠹᠦ᠋ ᠱᠧᠦ ᠯᠢ ᠨᠦᠬᠦᠷ ᠱᠠᠭᠠᠷᠳᠠᠨ ᠪᠠᠶᠢᠴᠠᠭᠠᠬᠤ ᠪᠦᠯᠬᠦᠮ ᠢ ᠬᠦᠯᠢᠶᠡᠨ ᠠᠪᠴᠤ ᠠᠭᠤᠯᠵᠠᠵᠠᠢ᠃ ᠰᠢᠶᠠᠨ ᠤ ᠵᠠᠰᠠᠭ ᠤᠨ ᠤᠷᠳᠤᠨ  ᠤ ᠳᠡᠳ᠋ ᠳᠠᠷᠤᠭ᠎ᠠ ᠽᠤᠤ ᠬᠠᠢ ᠶᠠᠨ ᠱᠠᠭᠠᠷᠳᠠᠨ ᠪᠠᠶᠢᠴᠠᠭᠠᠬᠤ ᠪᠦᠯᠬᠦᠮ ᠳᠤ ᠪᠠᠷ᠎ᠠ ᠪᠤᠯᠤᠯᠴᠠᠨ ᠱᠠᠭᠠᠷᠳᠠᠨ ᠪᠠᠶᠢᠴᠠᠭᠠᠬᠤ ᠶᠢᠨ ᠬᠠᠮᠲᠦ ᠬᠠᠷᠢᠭᠤ ᠮᠡᠳᠡᠭᠦᠯᠦᠯᠲᠡ ᠬᠢᠵᠠᠢ᠃ ᠱᠠᠭᠠᠷᠳᠠᠨ ᠪᠠᠶᠢᠴᠠᠭᠠᠬᠤ ᠪᠦᠯᠬᠦᠮ ᠨᠢ ᠯᠢᠨᠰᠢ ᠰᠢᠶᠠᠨ  ᠤ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ ᠶᠢᠨ ᠪᠠᠶᠢᠭᠤᠯᠤᠯᠲᠠ ᠶᠢᠨ ᠠᠵᠢᠯ ᠳᠤ ᠭᠦᠢᠴᠡᠥᠨ ᠨᠤᠲᠠᠯᠠᠯᠲᠠ ᠦᠭᠬᠦ ᠶᠢᠨ ᠬᠠᠮᠲᠦ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠡᠪᠰᠢᠭᠦᠯᠦᠭᠰᠡᠨ‌‍ᠪᠠᠶᠢᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号