ᠥᠪᠥᠷ ᠮᠣᠩᠭᠤᠯ ᠤᠨ ᠳᠥᠷᠪᠡᠨ ᠬᠤᠪᠢ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠬᠤᠷᠢᠶᠠᠨ ᠳᠠᠷᠤᠭ᠎ᠠ ᠤᠷᠢᠵᠤ ᠬᠡᠷᠡᠭᠯᠡᠬᠦ ᠳᠦᠷᠢᠮ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2017-11-21
         ᠥᠪᠥᠷ ᠮᠣᠩᠭᠤᠯ ᠤᠨ ᠳᠥᠷᠪᠡᠨ ᠬᠤᠪᠢ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠬᠤᠷᠢᠶᠠᠨ ᠳᠠᠷᠤᠭ᠎ᠠ ᠤᠷᠢᠵᠤ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠬᠥᠯᠥᠰᠥ ᠣᠯᠭᠤᠮᠵᠢ ᠶᠢᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠬᠢᠵᠦ᠂ ᠬᠤᠷᠢᠶᠠᠨ ᠳᠠᠷᠤᠭ᠎ᠠ ᠶᠢᠨ ᠣᠨ ᠤ ᠴᠠᠯᠢᠩ ᠤᠨ ᠲᠦᠷᠢᠮ ᠢ ᠬᠡᠷᠡᠭᠵᠢᠭᠦᠯᠬᠦ ᠶᠠᠪᠤᠳᠠᠯ ᠢ ᠰᠤᠳᠤᠯᠤᠨ ᠰᠦᠪᠡᠭᠴᠢᠯᠡᠵᠦ᠂ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠪᠠᠶᠢᠨ᠎ᠠ᠃ ᠥᠪᠥᠷ ᠮᠣᠩᠭᠤᠯ ᠤᠨ ᠡᠯ᠎ᠡ ᠭᠠᠵᠠᠷ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠪᠦᠲᠦᠮᠵᠢᠲᠡᠶ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠢᠳᠡᠪᠬᠢᠲᠡᠶ ᠰᠦᠪᠡᠭᠴᠢᠯᠡᠨ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠢᠰ ᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠵᠡᠢ᠃ ᠣᠳᠣ᠂ 87% ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦ ᠥᠪᠡᠷ ᠤᠨ ᠥᠷᠳᠡᠭ ᠤᠨ ᠲᠣᠭᠠᠴᠠᠭ᠎ᠠ ᠬᠢᠬᠦ ᠳᠥᠷᠢᠮ ᠢ ᠬᠡᠷᠡᠭᠵᠢᠭᠦᠯᠵᠦ᠂ 90% ᠠᠴᠠ ᠳᠡᠭᠡᠭᠰᠢᠬᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠡᠷᠦᠩᠬᠡᠶ ᠨᠢᠭᠲᠠᠯᠠᠨ ᠪᠤᠳᠤᠭᠴᠢ ᠶᠢᠨ ᠳᠥᠷᠢᠮ ᠢ ᠬᠡᠷᠡᠭᠵᠢᠭᠦᠯᠵᠦ᠂ ᠪᠤᠢ ᠪᠦᠬᠦᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠦᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ ᠪᠣᠯᠤᠨ ᠡᠳ᠋ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠠᠶᠢᠯᠭᠠᠬᠤ ᠳᠦᠷᠢᠮ ᠢ ᠬᠡᠷᠡᠭᠵᠢᠭᠦᠯᠵᠡᠢ᠃ ᠦᠬᠠᠶ ᠬᠤᠳᠠ ᠪᠠᠰᠠ ᠠᠵᠢᠯᠲᠠᠨ ᠤ ᠬᠥᠯᠥᠰᠥ ᠣᠯᠭᠤᠮᠵᠢ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠷᠠᠭᠤᠯᠤᠨ ᠵᠣᠬᠢᠶᠠᠬᠤ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠢᠵᠠᠭᠠᠷᠯᠠᠬᠤ ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠬᠤᠲᠠ 3239 ᠬᠢᠵᠠᠭᠠᠷᠯᠠᠬᠤ ᠲᠤᠭ᠎ᠠ ᠶᠢ ᠰᠢᠨ᠎ᠡ ᠪᠠᠷ ᠨᠡᠮᠡᠵᠤ᠂ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠲᠠᠢ ᠪᠠᠶᠢᠯᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号