ᠯᠢᠨᠰᠢ ᠪᠠᠯᠭᠠᠰᠤ ᠲᠠᠪᠤᠨ ᠵᠦᠢᠯ ᠤᠨ ᠵᠠᠭᠪᠤᠷ ᠢᠶᠠᠷ ᠶᠠᠳᠠᠭᠤ ᠠᠴᠠ ᠠᠩᠬᠢᠵᠢᠷᠠᠭᠤᠯᠤᠨ ᠴᠢᠨᠡᠬᠡᠯᠢᠭᠵᠢᠬᠦᠯᠬᠦ ᠠᠵᠢᠯ ᠢ ᠰᠠᠶᠢᠳᠤᠷ  ᠬᠢᠵᠦ ᠪᠤᠢ
ᠨᠡᠶᠢᠲᠡᠯᠡᠭᠰᠡᠨ ᠴᠠᠭ᠄
2017-11-23
        ᠤᠯᠠᠭᠠᠨᠬᠠᠳᠠ ᠬᠤᠳᠠ ᠶᠢᠨ ᠯᠢᠨᠰᠢ ᠰᠢᠶᠠᠨ ᠤ ᠯᠢᠨᠰᠢ ᠪᠠᠯᠭᠠᠰᠤ ᠭᠠᠵᠠᠷ ᠤᠷᠤᠨ ᠤ ᠡᠬᠢ ᠪᠠᠶᠠᠯᠢᠭ  ᠪᠠ ᠤᠷᠤᠨ ᠪᠠᠶᠢᠷᠢ ᠶᠢᠨ ᠲᠠᠪᠠᠭᠤᠯᠢᠭ ᠲᠠᠭᠠᠨ ᠰᠠᠭᠤᠷᠢᠯᠠᠵᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠭᠤᠤᠯ ᠠᠵᠢᠯ ᠤᠨ  ᠳᠤᠭᠤᠷᠢᠨ ᠳᠤ᠂ ᠠᠵᠤ ᠦᠢᠯᠡᠰ ᠢ ᠬᠦᠭᠵᠢᠬᠦᠯᠬᠦ ᠲᠡᠬᠡᠷ᠎ᠠ ᠶᠡᠬᠡᠬᠡᠡ ᠬᠦᠴᠦ ᠤᠷᠤᠭᠤᠯᠵᠤ᠂ ᠮᠢᠬᠠᠠ ᠦᠬᠡᠷ ᠮᠢᠬᠠᠨ ᠲᠠᠬᠢᠶ᠎ᠠ ᠪᠤᠷᠳᠤᠬᠤ  ᠂ ᠬᠤᠸᠠᠷ ᠴᠡᠴᠡᠭ ᠢᠳᠡᠰᠢᠨ ᠨᠤᠭᠤᠭ᠎ᠠ ᠲᠡᠷᠢᠬᠤ ᠪᠠ ᠠᠵᠢᠯ ᠤᠯᠭᠤᠬᠤ ᠵᠡᠷᠬᠡ ᠲᠠᠪᠤᠨ ᠵᠦᠢᠯ ᠤᠨ ᠠᠷᠭ᠎ᠠ ᠠᠪᠴᠠᠯ ᠢᠶᠠᠷ ᠮᠠᠯ ᠠᠵᠥ  ᠠᠬᠤᠢ ᠲᠡᠷᠢᠶᠠᠯᠠᠩ ᠦᠢᠯᠡᠳᠪᠤᠷᠢᠯᠠᠯ ᠤᠨ ᠦᠷ᠎ᠠ ᠠᠰᠢᠭ ᠢ ᠲᠡᠭᠡᠭᠰᠢᠯᠡᠬᠦᠯᠵᠦ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠦ ᠪᠠᠶᠢᠨ᠎ᠠ᠃                    ᠮᠢᠬᠠᠠ ᠦᠬᠡᠷ ᠪᠤᠷᠳᠤᠵᠥ ᠶᠠᠳᠠᠭᠤ ᠬᠦᠴᠢᠷᠳᠠᠯᠳᠠᠢ ᠡᠷᠦᠬᠡ ᠶᠢᠨ ᠤᠷᠤᠯᠭ᠎ᠠ ᠶᠢ ᠨᠡᠮᠡᠭᠳᠡᠬᠦᠯᠪᠡ᠃ ᠲᠤᠰ ᠪᠠᠯᠭᠠᠰᠤ ᠮᠧᠩ  ᠯᠦᠩ ᠮᠢᠬᠠᠠ ᠦᠬᠡᠷ ᠮᠠᠯᠵᠢᠬᠤ ᠬᠤᠷᠰᠢᠶ᠎ᠠ ᠳᠠᠭᠠᠨ ᠲᠦᠰᠢᠭᠯᠡᠨ ︽ᠬᠤᠷᠰᠢᠶ᠎ᠠ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ  ᠬᠠᠮᠳᠤᠷᠠᠨ ᠠᠵᠢᠯᠯᠠᠬᠤ ᠡᠵᠡᠩᠨᠡᠯᠳᠡ ᠶᠢᠨ ᠵᠠᠭᠪᠤᠷ ᠢᠶᠠᠷ᠂ ᠬᠤᠷᠰᠢᠶ᠎ᠠ ᠶᠢᠨ ᠠᠵᠤ ᠦᠢᠯᠡᠰ ᠤᠨ ᠬᠦᠭᠵᠢᠯᠳᠡ ᠶᠢᠨ ᠶᠠᠪᠤᠴᠠ ᠳᠤ  ᠲᠠᠭᠠᠭᠤᠯᠬᠤ ᠦᠢᠯᠡᠳᠦᠯ ᠪᠠ ᠵᠠᠬ᠎ᠠ ᠲᠡᠯᠬᠡᠬᠦᠷ᠂ ᠮᠡᠷᠬᠡᠵᠢᠯ ᠤᠨ ᠲᠠᠪᠠᠭᠤᠯᠢᠭ ᠢ ᠪᠠᠳᠠᠷᠠᠭᠤᠯᠵᠤ᠂ ᠬᠤᠷᠰᠢᠶ᠎ᠠ ᠳᠤ ᠠᠰᠢᠭᠳᠠᠢ  ᠲᠦᠷᠦ ᠶᠢᠨ ᠪᠤᠳᠤᠯᠭ᠎ᠠ ᠪᠠ ᠪᠡᠯᠡ ᠮᠦᠩᠬᠦ ᠪᠠᠷ ᠲᠡᠮᠵᠢᠠ ᠲᠡᠳᠬᠦᠬᠦ ᠡᠷᠴᠢᠮ ᠢ ᠴᠢᠩᠭᠠᠷᠠᠭᠤᠯᠵᠤ᠂ ᠬᠤᠷᠰᠢᠶ᠎ᠠ ᠨᠢ ᠶᠠᠳᠠᠭᠤ  ᠬᠦᠴᠢᠷᠳᠠᠯᠳᠠᠢ ᠡᠷᠦᠬᠡ ᠶᠢᠨ ᠲᠡᠵᠢᠬᠡᠪᠦᠷᠢ ᠶᠢᠨ ᠦᠢᠯᠡᠰ ᠢ ᠲᠠᠶᠢᠴᠢᠯᠠᠠ᠂ ᠬᠤᠷᠰᠢᠶ᠎ᠠ ᠨᠢ ᠶᠠᠳᠠᠭᠤ ᠬᠦᠴᠢᠷᠳᠠᠯᠳᠠᠢ ᠡᠷᠦᠬᠡ ᠲᠠᠢ  ᠨᠤᠭᠤᠭᠠᠠ ᠲᠡᠷᠤᠰᠢ ᠶᠢᠨ ᠡᠷᠳᠡᠨᠢ ᠰᠢᠰᠢ ᠲᠡᠷᠢᠬᠤ ᠵᠠᠬᠢᠶᠠᠯᠠᠭ᠎ᠠ ᠶᠢᠨ ᠬᠡᠷ᠎ᠠ ᠳᠤᠭᠳᠠᠬᠤ᠂ ᠬᠤᠷᠰᠢᠶ᠎ᠠ ᠨᠢ ᠠᠵᠢᠯ ᠤᠯᠭᠤᠵᠥ  ᠤᠷᠤᠯᠭ᠎ᠠ ᠶᠢ ᠨᠢ ᠨᠠᠮᠡᠭᠳᠡᠬᠦᠯᠬᠦ ᠭᠤᠷᠪᠠᠨ ᠵᠦᠢᠯ ᠤᠨ ᠬᠡᠯᠪᠡᠷᠢ ᠪᠠᠷ ᠶᠠᠳᠠᠭᠤ ᠬᠦᠴᠢᠷᠳᠠᠯᠳᠠᠢ ᠡᠷᠦᠬᠡ ᠶᠢ ᠲᠠᠶᠢᠴᠢᠯᠠᠨ ᠶᠠᠳᠠᠭᠤ ᠠᠴᠠ  ᠠᠩᠬᠢᠵᠢᠷᠠᠭᠤᠯᠤᠨ ᠴᠢᠨᠡᠭᠡᠯᠢᠭᠵᠢᠬᠦᠯᠵᠦ ᠪᠤᠢ᠃ ᠡᠨᠡ ᠵᠢᠯ᠂ ᠮᠧᠩ ᠯᠦᠩ ᠮᠢᠬᠠᠠ ᠦᠬᠡᠷ ᠮᠠᠯᠵᠢᠬᠤ ᠬᠤᠷᠰᠢᠶ᠎ᠠ 11 ᠲᠠᠷᠢᠶᠠᠴᠢᠨ  ᠡᠷᠦᠬᠡ᠂ 9 ᠶᠠᠳᠠᠭᠤ ᠬᠦᠴᠢᠷᠳᠠᠯᠳᠠᠢ ᠡᠷᠦᠬᠡ ᠶᠢ ᠲᠠᠶᠢᠴᠢᠯᠠᠨ ᠲᠡᠵᠢᠬᠡᠪᠦᠷᠢ ᠶᠢᠨ ᠦᠢᠯᠡᠰ ᠢ ᠬᠦᠭᠵᠢᠬᠦᠯᠪᠠ᠃                ᠮᠢᠬᠠᠠ ᠲᠠᠬᠢᠶ᠎ᠠ ᠲᠡᠵᠢᠬᠡᠵᠦ ᠶᠠᠳᠠᠭᠤ ᠬᠦᠴᠢᠷᠳᠠᠯᠳᠠᠢ ᠡᠷᠦᠬᠡ ᠶᠢᠨ ᠤᠷᠤᠯᠭ᠎ᠠ ᠶᠢ ᠨᠡᠮᠡᠭᠳᠡᠬᠦᠯᠪᠡ᠃ ᠲᠤᠰ ᠪᠠᠯᠭᠠᠰᠤ ᠵᠡᠬᠦᠨ  ᠪᠤᠯᠤᠩ ᠳᠤᠰᠬᠤᠨ ᠤ ᠵᠢᠢ ᠴᠢᠩ ᠾᠧ ᠮᠢᠬᠠᠨ ᠲᠠᠬᠢᠶ᠎ᠠ ᠲᠡᠵᠢᠬᠡᠬᠦ ᠬᠤᠷᠰᠢᠶ᠎ᠠ ᠳᠠᠭᠠᠨ ᠲᠦᠰᠢᠭᠯᠡᠨ᠂ ᠳᠤᠰᠬᠤᠨ ᠤ ᠨᠠᠮ ᠤᠨ ᠵᠤᠬᠢᠶᠠᠨ  ᠪᠠᠶᠢᠭᠤᠯᠤᠯᠳᠠ᠂ ᠳᠤᠰᠬᠤᠨ ᠳᠤ ᠰᠠᠭᠤᠭ᠎ᠠ ᠠᠵᠢᠯᠯᠠᠬᠤ ᠠᠩᠬᠢ᠂ ᠬᠠᠪᠰᠤᠷᠤᠨ ᠲᠡᠳᠬᠦᠬᠦ ᠺᠠᠳ᠋ᠷ ᠨᠠᠷ ᠮᠢᠬᠠᠨ ᠲᠠᠬᠢᠶ᠎ᠠ ᠲᠡᠵᠢᠬᠡᠬᠦ  ᠨᠦᠬᠦᠴᠡᠯ ᠲᠠᠢ ᠡᠷᠦᠬᠡ ᠳᠤ ᠬᠦᠨᠵᠡᠬᠡᠶᠢᠢᠷᠡᠨ ᠤᠬᠠᠭᠤᠯᠭ᠎ᠠ ᠬᠦᠮᠦᠵᠢᠯ ᠬᠢᠵᠦ ᠮᠢᠬᠠᠠ ᠲᠡᠬᠢᠶ᠎ᠠ ᠲᠡᠵᠢᠬᠡᠯᠬᠡᠵᠥ᠂ ᠵᠠᠰᠠᠭ ᠵᠠᠬᠢᠷᠭᠠᠨ ᠤ  ᠳᠤᠰᠬᠤᠨ ᠢᠶᠠᠷ ᠪᠤᠬᠢᠷᠳᠤᠯ ᠦᠬᠡᠢ ᠤᠷᠭᠠᠨᠢᠭ ᠪᠦᠳᠦᠭᠡᠭᠳᠡᠬᠦᠨ ᠤ ᠲᠠᠸᠠᠷ ᠤᠨ ᠲᠡᠮᠳᠡᠭ ᠲᠠᠩᠰᠠᠯᠠᠭᠤᠯᠵᠤ᠂ ᠡᠯᠧᠺᠲᠷᠤᠨ  ᠬᠤᠳᠠᠯᠳᠤᠭ᠎ᠠ ᠶᠢᠨ ᠲᠠᠪᠴᠠᠩ ᠭᠠᠷᠭᠠᠠ ᠪᠤᠷᠤᠯᠠᠭᠤᠯᠭ᠎ᠠ ᠶᠢᠨ ᠰᠦᠯᠵᠢᠶ᠎ᠠ ᠪᠠᠶᠢᠭᠤᠯᠵᠠᠢ᠃ ︽ᠬᠤᠷᠰᠢᠶ᠎ᠠ + ᠶᠠᠳᠠᠭᠤ ᠡᠷᠦᠬᠡ︾ ᠶᠢᠨ  ᠵᠠᠭᠪᠤᠷ ᠢᠶᠠᠷ᠂ ᠬᠤᠷᠰᠢᠶ᠎ᠠ ᠨᠢ ᠴᠤᠷᠪᠠᠭ᠎ᠠ ᠪᠠᠨ 35 ᠡᠳᠦᠷ ᠠᠷᠠᠴᠢᠯᠠᠵᠤ᠂ 6 ᠤᠳᠠᠭ᠎ᠠ ᠬᠢᠵᠢᠭ ᠰᠡᠷᠬᠡᠶᠢᠢᠯᠡᠬᠦ ᠲᠠᠷᠢᠯᠭ᠎ᠠ ᠬᠢᠭᠰᠡᠨ ᠤ  ᠲᠠᠷᠠᠭ᠎ᠠ᠂ ᠶᠠᠳᠠᠭᠤ ᠬᠦᠴᠢᠷᠳᠠᠯᠳᠠᠢ ᠡᠷᠦᠬᠡ ᠳᠤ ᠬᠢᠮᠳᠠ ᠪᠠᠷ ᠦᠭᠴᠤ ᠲᠡᠵᠢᠬᠡᠯᠬᠡᠠ᠂ ᠬᠤᠷᠰᠢᠶ᠎ᠠ ᠠᠴᠠ ᠪᠦᠬᠦ ᠶᠠᠪᠤᠴᠠ ᠶᠢᠨ  ᠮᠡᠷᠬᠡᠵᠢᠯ ᠤᠨ ᠵᠢᠯᠤᠭᠤᠳᠤᠯᠭ᠎ᠠ ᠶᠢ ᠬᠠᠷᠢᠭᠤᠴᠠᠵᠤ᠂ ᠶᠠᠳᠠᠭᠤ ᠡᠷᠦᠬᠡ 4 ᠰᠠᠷ᠎ᠠ ᠲᠡᠵᠢᠭᠡᠭᠰᠡᠨ ᠤ ᠲᠠᠷᠠᠭ᠎ᠠ ᠦᠪᠠᠰᠤᠪᠠᠨ ᠬᠤᠳᠠᠯᠳᠤᠵᠤ  ᠪᠤᠯᠤᠨ᠎ᠠ᠃ ᠤᠳᠤ ᠪᠤᠯᠳᠠᠯ᠎ᠠ ᠲᠤᠰ ᠬᠤᠷᠰᠢᠶ᠎ᠠ 25 ᠶᠠᠳᠠᠭᠤ ᠡᠷᠦᠬᠡ ᠶᠢ ᠲᠠᠶᠢᠢᠴᠢᠯᠠᠠ ᠡᠷᠦᠬᠡ ᠪᠦᠷᠢ ᠶᠢᠨ ᠤᠷᠤᠯᠭ᠎ᠠ ᠶᠢ 700  ᠲᠦᠬᠦᠷᠢᠭ ᠨᠡᠮᠡᠭᠳᠡᠬᠦᠯᠵᠠᠢ᠃                 ᠬᠤᠸᠠᠷ ᠴᠡᠴᠡᠭ ᠲᠠᠷᠢᠵᠤ ᠶᠠᠳᠠᠭᠤ ᠬᠦᠴᠢᠷᠳᠠᠯᠳᠠᠢ ᠡᠷᠦᠬᠡ ᠶᠢᠨ ᠤᠷᠤᠯᠭ᠎ᠠ ᠶᠢ ᠨᠡᠮᠡᠭᠳᠡᠬᠦᠯᠪᠡ᠃ ᠬᠤᠢ ᠪᠠᠢ ᠾᠧ  ᠲᠠᠷᠢᠶᠠᠴᠢᠳ ᠤᠨ ᠳᠤᠰᠬᠠᠢ ᠬᠤᠷᠰᠢᠶ᠎ᠠ ᠪᠤᠯ ᠶᠡᠷᠤᠳᠠ ᠶᠢᠨ ᠬᠤᠸᠠᠷ ᠴᠡᠴᠡᠭ᠂ ᠲᠡᠬᠡᠳᠦ ᠲᠠᠰ ᠤᠨ ᠦᠵᠡᠮᠤᠷᠢ ᠶᠢᠨ ᠴᠡᠴᠡᠭ ᠬᠤᠸᠠᠷ  ᠲᠠᠷᠢᠵᠤ ᠤᠷᠭᠤᠭᠤᠯᠬᠤ ᠪᠠᠷ ᠰᠠᠭᠤᠷᠢ ᠪᠤᠯᠭᠠᠭᠰᠠᠨ ᠤᠳᠤ ᠦᠶ᠎ᠠ ᠶᠢᠨ ᠬᠦᠳᠡᠭᠡ ᠠᠵᠤ ᠠᠬᠤᠢ ᠶᠢᠨ ᠬᠤᠷᠰᠢᠶ᠎ᠠ ᠪᠤᠯᠤᠨ᠎ᠠ᠃ ᠨᠢᠳᠤᠨᠤᠠ  ᠲᠤᠰ ᠬᠤᠷᠰᠢᠶ᠎ᠠ ᠫᠧᠩᠰᠠᠳᠤ ᠴᠡᠴᠡᠭ᠂ ᠴᠡᠴᠡᠭ ᠤᠨ ᠴᠢᠬᠢ 100 ᠲᠦᠮᠡᠨ ᠫᠧᠩᠰᠠ ᠪᠤᠶᠢᠵᠢᠭᠤᠯᠵᠤ᠂ ᠪᠦᠳᠦᠭᠡᠭᠳᠡᠬᠦᠨ ᠢᠶᠠᠨ  ᠤᠯᠠᠭᠠᠨᠬᠠᠳᠠ ᠬᠤᠳᠠ ᠶᠢᠨ 12 ᠬᠤᠰᠢᠭᠤ ᠰᠢᠶᠠᠨ ᠳᠤᠭᠤᠷᠢᠭ ᠵᠢᠴᠢ ᠰᠢᠯᠢ ᠶᠢᠨ ᠭᠤᠤᠯ ᠠᠶᠢᠮᠠᠭ ᠤᠨ ᠬᠡᠰᠡᠭ ᠬᠤᠰᠢᠭᠤ  ᠰᠢᠶᠠᠨ ᠢᠶᠠᠷ ᠪᠤᠷᠤᠯᠠᠭᠤᠯᠤᠭᠠᠳ ᠵᠢᠯ ᠤᠨ ᠦᠢᠯᠡᠳᠪᠦᠷᠢᠯᠡᠯ ᠤᠨ ᠦᠷᠳᠡᠭ 400 ᠲᠦᠮᠡᠨ ᠲᠦᠬᠦᠷᠢᠭ ᠬᠦᠷᠴᠦ᠂ 200 ᠲᠦᠮᠡᠨ  ᠲᠦᠬᠦᠷᠢᠭ ᠤᠨ ᠠᠰᠢᠭ ᠤᠯᠵᠥ᠂ ᠬᠤᠷᠰᠢᠶ᠎ᠠ ᠳᠤ ᠤᠷᠤᠭᠰᠠᠨ ᠡᠷᠦᠬᠡ ᠪᠦᠷᠢ ᠶᠢᠨ ᠵᠢᠯ ᠤᠨ ᠤᠷᠤᠯᠭ᠎ᠠ 2 ᠲᠦᠮᠡᠨ ᠲᠦᠬᠦᠷᠢᠭ ᠢ  ᠲᠡᠪᠠᠭᠰᠠᠠ ᠪᠠᠶᠢᠨ᠎ᠠ᠃                 ᠢᠳᠡᠰᠢᠨ ᠨᠤᠭᠤᠭ᠎ᠠ ᠲᠠᠷᠢᠵᠤ ᠶᠠᠳᠠᠭᠤ ᠬᠦᠴᠢᠷᠳᠠᠯᠳᠠᠢ ᠡᠷᠦᠬᠡ ᠶᠢᠨ ᠤᠷᠤᠯᠭ᠎ᠠ ᠶᠢ ᠨᠡᠮᠡᠭᠳᠡᠬᠦᠯᠪᠡ᠃ ᠵᠤᠤ ᠰᠢᠶᠠᠩ  ᠯᠢᠶᠠᠩ ᠤᠨ ᠬᠢᠨ ᠪᠤᠯ ᠴᠠᠩ ᠱᠧᠩ ᠳᠤᠰᠬᠤᠨ ᠤ ᠶᠠᠳᠠᠭᠤ ᠬᠦᠴᠢᠷᠳᠠᠯᠳᠠᠢ ᠡᠷᠦᠬᠡ ᠪᠤᠯᠤᠨ᠎ᠠ᠂ ᠰᠤᠷᠪᠤᠯᠵᠢᠯᠠᠬᠤ ᠪᠠᠷ ᠬᠦᠷᠬᠦ ᠳᠤ ᠲᠡᠷᠡ  ᠶᠠᠭ ᠨᠤᠭᠤᠭ᠎ᠠ ᠬᠤᠳᠠᠯᠳᠤᠬᠤ ᠦᠷᠳᠡᠭᠡ ᠳᠤ ᠯᠠᠵᠤᠤ ᠬᠤᠳᠠᠯᠳᠤᠵᠤ ᠪᠠᠶᠢᠯ᠎ᠠ᠃ ᠲᠡᠷᠡ ᠵᠤᠭᠤᠰ ᠢᠶᠠᠨ ᠳᠤᠭᠠᠯᠠᠬᠤ ᠶᠢᠨ ᠲᠠᠭᠠᠤ  ᠰᠤᠷᠪᠤᠯᠵᠢᠯᠠᠭᠴᠢ ᠳᠤ᠄ ︽ᠳᠤᠰᠬᠤᠨ ᠳᠤ ᠰᠠᠭᠤᠭ᠎ᠠ ᠠᠵᠢᠯᠯᠠᠬᠤ ᠠᠩᠬᠢ ᠪᠠ ᠳᠤᠰᠬᠤᠨ ᠤ ︿ᠬᠤᠶᠠᠷ ᠵᠦᠪᠯᠡᠯ﹀ ᠤᠨ  ᠬᠠᠪᠰᠤᠷᠤᠯᠭ᠎ᠠ ᠪᠠᠷ᠂ ᠡᠨᠡ ᠵᠢᠯ 3 ᠮᠦ ᠯᠠᠵᠤᠤ ᠲᠠᠷᠢᠭᠠᠳ ᠤᠳᠤ ᠨᠢᠬᠡᠨᠳᠠ 9000 ᠭᠠᠷᠤᠢ ᠲᠦᠬᠦᠷᠢᠭ ᠤᠨ ᠤᠷᠤᠯᠭ᠎ᠠ ᠤᠯᠤᠭᠠᠳ  ᠪᠠᠶᠢᠨ᠎ᠠ᠂ ᠦᠯᠡᠳᠡᠭᠰᠡᠨ ᠬᠡᠰᠡᠭ ᠢ ᠨᠢ ᠪᠠᠰᠠ 1000 ᠲᠦᠬᠦᠷᠢᠭ ᠬᠤᠳᠠᠯᠳᠤᠴᠢᠬᠠᠨ᠎ᠠ︾ ᠬᠡᠵᠦ ᠪᠠᠶᠠᠷᠳᠠᠶᠢᠬᠠᠠ ᠶᠠᠷᠢᠨ᠎ᠠ᠃                  ᠢᠳᠡᠰᠢᠨ ᠨᠤᠭᠤᠭ᠎ᠠ ᠲᠡᠷᠢᠬᠤ ᠨᠢ ᠲᠤᠰ ᠪᠠᠯᠭᠠᠰᠤ ᠶᠢᠨ ᠶᠠᠳᠠᠭᠤ ᠠᠴᠠ ᠠᠩᠬᠢᠵᠢᠷᠠᠭᠤᠯᠬᠤ ᠴᠢᠬᠤᠯᠠ ᠠᠵᠤ ᠦᠢᠯᠡᠰ ᠪᠤᠯᠤᠨ᠎ᠠ  ᠃ ᠲᠤᠰ ᠪᠠᠯᠭᠠᠰᠤ ᠢᠳᠡᠰᠢᠨ ᠨᠤᠭᠤᠭ᠎ᠠ ᠶᠢᠨ ᠦᠢᠯᠡᠰ ᠢ ᠬᠦᠭᠵᠢᠬᠦᠯᠬᠦ ᠪᠠ ᠤᠨᠢᠨ ᠲᠡᠬᠡᠷ᠎ᠠ ᠨᠢ ᠶᠠᠳᠠᠭᠤ ᠶᠢ ᠲᠡᠳᠬᠦᠬᠦ ᠶᠢ ᠬᠠᠷᠢᠯᠴᠠᠨ  ᠤᠶᠠᠯᠳᠤᠭᠤᠯᠵᠤ᠂ ᠡᠬᠢ ᠪᠠᠶᠠᠯᠢᠭ ᠤᠨ ᠲᠠᠪᠠᠭᠤᠯᠢᠭ ᠪᠤᠯᠤᠨ ᠵᠠᠮ ᠬᠠᠷᠢᠯᠴᠠᠭ᠎ᠠ ᠲᠦᠬᠦᠮ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠲᠡᠷᠢᠮᠠᠯ ᠤᠨ ᠪᠦᠳᠦᠴᠡ ᠪᠠᠨ ᠳᠤᠬᠢᠷᠠᠭᠤᠯᠵᠦ᠂ ᠲᠠᠷᠢᠶᠠᠴᠢᠳ ᠢᠶᠠᠨ ᠲᠠᠭᠠᠭᠤᠯᠤᠨ ᠢᠳᠡᠰᠢᠨ ᠨᠤᠭᠤᠭ᠎ᠠ ᠲᠠᠷᠢᠵᠤ ᠤᠷᠤᠯᠭ᠎ᠠ ᠶᠢ ᠨᠢ  ᠨᠡᠮᠡᠭᠳᠡᠬᠦᠯᠵᠤ ᠪᠠᠶᠢᠨ᠎ᠠ᠃                ᠠᠵᠢᠯ ᠤᠯᠭᠤᠯᠳᠠ ᠢᠶᠠᠷ ᠶᠠᠳᠠᠭᠤ ᠶᠢ ᠲᠡᠳᠬᠦᠠ ᠶᠠᠳᠠᠭᠤ ᠬᠦᠴᠢᠷᠳᠠᠯᠳᠠᠢ ᠡᠷᠦᠬᠡ ᠶᠢᠨ ᠤᠷᠤᠯᠭ᠎ᠠ ᠶᠢ ᠨᠡᠮᠡᠭᠳᠡᠬᠦᠯᠪᠠ᠃ ᠡᠨᠡ  ᠵᠢᠯ᠂ ᠲᠤᠰ ᠪᠠᠯᠭᠠᠰᠤ ᠬᠦᠳᠡᠯᠮᠤᠷᠢᠯᠡᠬᠦ ᠴᠢᠳᠠᠪᠤᠷᠢ ᠲᠠᠢ ᠲᠠᠩᠰᠠ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠠᠯᠳᠠᠢ  ᠬᠦᠮᠦᠰ ᠲᠤ ᠲᠠᠬᠢᠨ ᠠᠵᠢᠯ ᠤᠯᠭᠤᠵᠤ ᠲᠠᠬᠢᠨ ᠦᠢᠯᠡᠰ ᠪᠤᠰᠬᠠᠬᠤ ᠢᠨᠵᠧᠨᠧᠷᠢᠩ ᠢ ᠬᠡᠷᠡᠭᠵᠢᠬᠦᠯᠵᠦ᠂ ᠪᠠᠯᠭᠠᠰᠤ ᠶᠢᠨ ᠢᠶᠠᠨ  ᠬᠦᠳᠡᠯᠮᠤᠷᠢᠯᠡᠬᠦ ᠴᠢᠳᠠᠪᠤᠷᠢ ᠲᠠᠢ᠂ ᠤᠷ᠎ᠠ ᠮᠠᠷᠬᠡᠵᠢᠯ ᠲᠠᠢ ᠬᠦᠮᠦᠰ ᠢ ᠨᠢᠬᠡᠳᠦᠯᠳᠡᠢ ᠲᠦᠪᠯᠡᠷᠡᠬᠦᠯᠵᠦ᠂ ᠰᠢᠶᠠᠨ ᠤ ᠠᠵᠢᠯ  ᠤᠯᠭᠤᠯᠳᠠ ᠶᠢᠨ ᠦᠢᠯᠡᠴᠢᠯᠡᠭᠡ ᠶᠢᠨ ᠲᠦᠪ ᠲᠠᠢ ᠬᠠᠷᠢᠯᠴᠠᠵᠤ ᠪᠠᠶᠢᠭᠠᠳ ᠶᠠᠳᠠᠭᠤ ᠬᠦᠴᠢᠷᠳᠠᠯᠳᠠᠢ ᠡᠷᠦᠬᠡ ᠶᠢᠨ ᠠᠵᠢᠯ ᠤᠯᠬᠤ  ᠰᠠᠨᠠᠮᠵᠢ ᠶᠢ ᠦᠨᠳᠦᠰᠦᠯᠡᠠ ᠬᠦᠷᠢᠶᠠᠯᠠᠩ ᠳᠤᠭᠤᠷᠢᠭ ᠲᠠᠬᠢ ᠠᠵᠤ ᠠᠬᠤᠶᠢᠯᠠᠯ ᠯᠤᠭ᠎ᠠ ᠵᠦᠪᠳᠡᠯᠴᠡᠵᠦ᠂ ᠶᠠᠳᠠᠭᠤ ᠡᠷᠦᠬᠡ ᠶᠢᠨ  ᠬᠦᠮᠦᠰ ᠢ ᠤᠷᠢᠳᠠᠪᠠᠷ ᠡᠯᠰᠡᠨ ᠬᠡᠷᠡᠭᠯᠡᠬᠦ ᠶᠢ ᠰᠠᠨᠠᠭᠠᠴᠢᠯᠠᠵᠤ᠂ ᠶᠠᠳᠠᠭᠤ ᠡᠷᠦᠬᠡ ᠶᠢᠨ ᠠᠵᠢᠯ ᠤᠯᠬᠤ ᠠᠰᠠᠭᠤᠳᠠᠯ ᠢ ᠰᠢᠢᠳᠪᠦᠷᠢᠯᠡᠵᠦ  ᠤᠷᠤᠯᠭ᠎ᠠ ᠶᠢ ᠨᠢ ᠨᠡᠮᠡᠭᠳᠡᠬᠦᠯᠵᠤ ᠪᠠᠶᠢᠨ᠎ᠠ᠃  ︵ᠸᠠᠩ  ᠲᠠᠨ᠎ᠠ︶
 
ᠢᠷᠡᠯᠲᠡ᠄ ᠣᠯᠠᠭᠠᠨᠬᠳᠠ ᠮᠤᠩᠭᠤᠯ ᠰᠦᠯᠵᠢᠶ᠎ᠠ ​
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号