ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠲᠥ ᠢᠯᠡᠯᠲᠡ ᠶᠢ ᠤᠯᠵᠤ ᠰᠢᠨ᠎ᠠ ᠴᠠᠬ  ᠥᠶ᠎ᠡ ᠶᠢᠨ ᠲᠤᠮᠲᠠᠲᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠲᠡ ᠶᠢ  ᠲᠡᠮᠡᠴᠡᠨ ᠤᠯᠰᠤᠭᠠᠢ — ᠰᠢ ᠶᠢᠨ ᠫᠢᠩ ᠨᠥᠬᠦᠷ ᠤᠨ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ  ᠲᠥᠪ ᠬᠤᠷᠢᠶ᠎ᠠ ᠶᠢ ᠲᠦᠯᠦᠬᠡᠯᠡᠨ ᠶᠡᠭᠡ ᠬᠤᠷᠠᠯ ᠳᠤ ᠬᠢᠭᠰᠡᠨ ᠢᠯᠡᠳᠬᠡᠯ ᠤᠨ ᠲᠤᠪᠴᠢᠯᠠᠯ  ︵ᠲᠦᠷᠪᠡ︶
ᠨᠡᠶᠢᠲᠡᠯᠡᠭᠰᠡᠨ ᠴᠠᠭ᠄
2017/11/3
        ᠰᠢ ᠶᠢᠨ ᠫᠢᠩ ᠲᠤᠷᠠᠳᠤᠭᠰᠠᠨ ᠨᠢ᠂ ᠰᠤᠶᠤᠯ ᠤᠨ ᠢᠳᠡᠭᠡᠯ ᠢᠶᠠᠨ ᠪᠠᠳᠤᠳᠬᠠᠵᠤ᠂ ᠨᠡᠶᠢᠭᠡᠮ ᠵᠢᠷᠤᠮ ᠤᠨ  ᠰᠤᠶᠤᠯ ᠤᠨ ᠬᠦᠭᠵᠢᠯ ᠴᠡᠴᠡᠭᠯᠡᠯ ᠢ ᠠᠬᠢᠭᠤᠯᠤᠨ᠎ᠠ ᠭᠡᠵᠡᠢ               ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 18 ᠤ ᠴᠠᠬᠢᠯᠭᠠᠨ ᠮᠡᠳᠡᠭᠡ ᠰᠢ ᠶᠢᠨ ᠫᠢᠩ ᠠᠷᠪᠠ  ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠤ᠂ ᠰᠤᠶᠤᠯ ᠤᠨ ᠢᠳᠡᠬᠡᠯ ᠢᠶᠠᠨ ᠪᠠᠳᠤᠳᠬᠠᠵᠥ᠂ ᠨᠡᠶᠢᠬᠡᠮ ᠵᠢᠷᠤᠮ ᠤᠨ  ᠰᠤᠶᠤᠯ ᠤᠨ ᠬᠦᠭᠵᠢᠯ ᠴᠡᠴᠡᠭᠯᠡᠯ ᠢ ᠠᠬᠢᠭᠤᠯᠬᠤ ᠬᠡᠷᠡᠭᠳᠡᠢ ᠬᠡᠵᠥ ᠲᠤᠷᠠᠳᠪᠠ᠃ ᠲᠡᠷᠠ᠂ ᠰᠤᠶᠤᠯ ᠤᠨ ᠲᠡᠬᠡᠳᠤ ᠬᠡᠮᠵᠢᠶᠠᠠ ᠤ ᠢᠳᠠᠬᠡᠯ ᠪᠤᠯᠤᠠ ᠴᠡᠴᠡᠭᠯᠡᠯ ᠬᠦᠭᠵᠢᠯ ᠪᠠᠶᠢᠬᠤ ᠦᠬᠡᠢ ᠪᠤᠯ  ᠲᠤᠮᠳᠠᠳᠤ ᠶᠢᠨ ᠦᠨᠳᠤᠰᠤᠳᠠᠠ ᠤ ᠠᠭᠤᠤ ᠶᠡᠭᠡ ᠰᠠᠷᠬᠦᠠ ᠮᠠᠠᠳᠤᠯᠳᠠ ᠪᠠᠶᠢᠵᠥ ᠴᠢᠳᠠᠬᠤ ᠦᠬᠡᠢ ᠶᠤᠮ᠂ ᠲᠤᠮᠳᠠᠳᠤ  ᠤᠯᠤᠰ ᠤᠨ ᠤᠨᠴᠠᠯᠢᠭ ᠪᠦᠬᠦᠢ ᠨᠠᠶᠢᠬᠡᠮ ᠵᠢᠷᠤᠮ ᠤᠨ ᠰᠤᠶᠤᠯ ᠤᠨ ᠬᠦᠭᠵᠢᠯᠳᠠ ᠶᠢᠨ ᠵᠠᠮ ᠢ ᠪᠠᠷᠢᠮᠳᠠᠯᠠᠵᠤ᠂ ᠪᠦᠬᠦ  ᠦᠨᠳᠦᠰᠦᠳᠠᠠ ᠤ ᠰᠤᠶᠤᠯ ᠤᠨ ᠰᠢᠨ᠎ᠠ ᠶᠢ ᠡᠬᠦᠳᠬᠦ ᠪᠠ ᠡᠬᠦᠳᠦᠨ ᠪᠦᠳᠦᠬᠡᠬᠦ ᠠᠮᠢᠵᠢᠷᠠᠯ ᠤᠨ ᠬᠦᠴᠦᠨ ᠢ  ᠬᠦᠭᠵᠢᠬᠡᠵᠤ᠂ ᠨᠡᠶᠢᠬᠡᠮ ᠵᠢᠷᠤᠮ ᠤᠨ ᠰᠤᠶᠤᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠬᠡᠷᠡᠭᠳᠡᠢ ᠬᠡᠵᠡᠢ᠃                  ᠰᠢ ᠶᠢᠨ ᠫᠢᠩ ᠵᠢᠭᠠᠵᠤ ᠭᠠᠷᠭᠠᠬᠤ ᠳᠠᠭᠠᠨ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ  ᠵᠢᠷᠤᠮ ᠤᠨ ᠰᠤᠶᠤᠯ ᠨᠢ ᠲᠤᠮᠳᠠᠳᠤ ᠶᠢᠨ ᠦᠨᠳᠦᠰᠦᠳᠠᠨ ᠤ ᠲᠠᠪᠤᠨ ᠮᠢᠩᠭ᠎ᠠ ᠭᠠᠷᠤᠢ ᠵᠢᠯ ᠤᠨ ᠪᠤᠯᠪᠠᠰᠤᠨ  ᠲᠡᠤᠬᠡ ᠠᠴᠠ ᠬᠦᠪᠦᠷᠡᠬᠦᠯᠵᠤ ᠪᠤᠶᠢᠵᠢᠭᠤᠯᠤᠭᠰᠠᠠ ᠲᠤᠮᠳᠠᠳᠤ ᠶᠢᠨ ᠤᠯᠠᠮᠵᠢᠯᠠᠯᠳᠤ ᠰᠢᠯᠢᠳᠡᠭ ᠰᠤᠶᠤᠯ ᠠᠴᠠ ᠡᠬᠢ  ᠡᠬᠦᠰᠦᠯ ᠲᠠᠢ ᠪᠠᠶᠢᠵᠤ᠂ ᠨᠠᠮ ᠤᠨ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠳᠦᠬᠡᠨ ᠪᠠᠶᠢᠭᠤᠯᠤᠯᠳᠠ᠂  ᠦᠬᠡᠷᠡᠴᠢᠯᠠᠯᠳᠠ ᠬᠢᠬᠦ ᠲᠤᠮᠳᠠ ᠡᠬᠦᠳᠦᠨ ᠪᠦᠳᠦᠬᠡᠭᠰᠡᠡ ᠬᠤᠪᠢᠰᠬᠠᠯᠳᠤ ᠰᠤᠶᠤᠯ ᠪᠠ ᠨᠡᠶᠢᠬᠡᠮ ᠵᠢᠷᠤᠮ ᠤᠨ  ᠲᠡᠷᠢᠬᠦᠨ ᠤ ᠰᠤᠶᠤᠯ ᠳᠤ ᠠᠭᠤᠰᠤᠨ ᠲᠠᠪᠳᠠᠭᠳᠠᠵᠤ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ  ᠵᠢᠷᠤᠮ ᠤᠨ ᠠᠭᠤᠤ ᠶᠡᠭᠡ ᠦᠢᠯᠡᠳᠦᠯᠬᠡ ᠳᠤ ᠦᠨᠳᠦᠰᠦᠯᠡᠭᠰᠡᠡ ᠶᠤᠮ᠃ ᠲᠤᠮᠳᠠᠳᠤ ᠤᠯᠤᠰ ᠤᠨ ᠤᠨᠴᠠᠯᠢᠭ ᠪᠦᠬᠦᠢ  ᠨᠡᠶᠢᠬᠡᠮ ᠵᠢᠷᠤᠮ ᠤᠨ ᠰᠤᠶᠤᠯ ᠢ ᠬᠦᠭᠵᠢᠬᠦᠯᠬᠦ ᠪᠤᠯ ᠮᠠᠷᠺᠰ ᠤᠨ ᠦᠵᠡᠯ ᠢᠶᠠᠷ ᠵᠢᠯᠤᠭᠤᠳᠤᠯᠭ᠎ᠠ ᠪᠤᠯᠭᠠᠵᠤ᠂  ᠲᠤᠮᠳᠠᠳᠤ ᠶᠢᠨ ᠰᠤᠶᠤᠯ ᠤᠨ ᠵᠤᠭᠰᠤᠯᠳᠠ ᠶᠢ ᠪᠠᠳᠤ ᠰᠠᠬᠢᠵᠤ᠂ ᠤᠳᠤ ᠦᠶ᠎ᠠ ᠶᠢᠨ ᠲᠤᠮᠳᠠᠳᠤ ᠤᠯᠤᠰ ᠤᠨ ᠪᠤᠳᠠᠳᠤ  ᠪᠠᠶᠢᠳᠠᠯ ᠳᠤ ᠰᠠᠭᠤᠷᠢᠯᠠᠨ᠂ ᠤᠳᠤᠬᠢ ᠴᠠᠭ ᠦᠶ᠎ᠠ ᠶᠢᠨ ᠨᠦᠬᠦᠴᠡᠯ ᠲᠠᠢ ᠤᠶᠠᠯᠳᠤᠭᠤᠯᠵᠤ᠂ ᠤᠳᠤᠬᠢᠴᠢᠯᠠᠯᠳᠠ ᠳᠤ  ᠬᠠᠨᠳᠤᠭᠤᠯᠤᠭᠰᠠᠠ᠂ ᠲᠡᠯᠡᠬᠡᠢ ᠳ᠋ᠠᠬᠢᠨ ᠳᠤ ᠬᠠᠨᠳᠤᠭᠤᠯᠤᠭᠰᠠᠠ᠂ ᠢᠷᠡᠬᠡᠳᠦᠢ ᠳᠤ ᠬᠠᠨᠳᠤᠭᠤᠯᠤᠭᠰᠠᠠ  ᠦᠨᠳᠦᠰᠦᠳᠠᠨ ᠤ ᠪᠦᠬᠡᠳ ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠨᠡᠶᠢᠬᠡᠮ ᠵᠢᠷᠤᠮ ᠤᠨ ᠰᠤᠶᠤᠯ ᠢ  ᠬᠦᠭᠵᠢᠬᠦᠯᠵᠤ᠂ ᠨᠡᠶᠢᠬᠡᠮ ᠵᠢᠷᠤᠮ ᠤᠨ ᠤᠶᠤᠨ ᠤ ᠪᠤᠯᠪᠠᠰᠤᠨ ᠪᠠ ᠪᠤᠳᠠᠰ ᠤᠨ ᠪᠤᠯᠪᠠᠰᠤᠨ ᠤ ᠵᠤᠬᠢᠴᠠᠩᠭᠤᠢ  ᠬᠦᠭᠵᠢᠯᠳᠠ ᠶᠢ ᠠᠬᠢᠭᠤᠯᠬᠤ ᠶᠠᠪᠤᠳᠠᠯ ᠪᠤᠯᠤᠨ᠎ᠠ᠃ ᠠᠷᠠᠳ ᠲᠦᠮᠡᠨ ᠳᠤ ᠦᠢᠯᠡᠴᠢᠯᠡᠬᠦ᠂ ᠨᠡᠶᠢᠬᠡᠮ ᠵᠢᠷᠤᠮ ᠳᠤ  ᠦᠢᠯᠡᠴᠢᠯᠡᠬᠦ ᠶᠢ ᠪᠠᠷᠢᠮᠳᠠᠯᠠᠵᠤ᠂ ᠴᠡᠴᠡᠭ ᠪᠦᠬᠦᠨ ᠢ ᠵᠡᠷᠬᠡᠪᠡᠷ ᠲᠡᠯᠬᠡᠷᠡᠬᠦᠯᠵᠦ ᠡᠷᠳᠡᠮᠳᠠᠨ ᠪᠦᠬᠦᠨ ᠢ ᠴᠢᠯᠦᠬᠡᠳᠠᠢ  ᠶᠠᠷᠢᠯᠴᠠᠭᠤᠯᠬᠤ ᠶᠢ ᠪᠠᠷᠢᠮᠳᠠᠯᠠᠵᠤ᠂ ᠪᠦᠳᠦᠬᠡᠯᠴᠢ ᠴᠢᠨᠠᠷᠳᠠᠢ ᠪᠠᠷ ᠬᠤᠪᠢᠷᠠᠭᠤᠯᠬᠤ᠂ ᠰᠢᠨ᠎ᠠ ᠶᠢ ᠡᠬᠦᠳᠦᠨ  ᠬᠦᠭᠵᠢᠬᠦᠯᠬᠦ ᠶᠢ ᠪᠠᠷᠢᠮᠳᠠᠯᠠᠵᠤ᠂ ᠲᠤᠮᠳᠠᠳᠤ ᠶᠢᠨ ᠰᠤᠶᠤᠯ ᠤᠨ ᠰᠢᠨ᠎ᠠ ᠬᠢᠯᠠᠯᠵᠠᠭᠰᠠᠠ ᠠᠮᠵᠢᠯᠳᠠ ᠶᠢ ᠲᠠᠰᠤᠷᠠᠯᠳᠠ  ᠦᠬᠡᠢ ᠤᠯᠬᠤ ᠬᠡᠷᠡᠭᠳᠡᠢ᠃                ᠨᠢᠬᠡ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠳᠤ ᠡᠵᠡᠮᠰᠢᠬᠦ  ᠬᠡᠷᠡᠭᠳᠡᠢ᠃ ᠡᠷᠬᠡᠪᠰᠢ ᠮᠠᠷᠺᠰ ᠤᠨ ᠦᠵᠡᠯ ᠢ ᠲᠤᠮᠳᠠᠳᠤ ᠤᠯᠤᠰᠴᠢᠯᠠᠯᠳᠠ ᠴᠠᠭ ᠦᠶᠡᠴᠢᠯᠡᠯᠳᠡ ᠤᠯᠠᠨ  ᠲᠦᠮᠡᠨᠴᠢᠯᠡᠯᠳᠡ ᠶᠢ ᠠᠬᠢᠭᠤᠯᠵᠤ᠂ ᠬᠦᠴᠦᠷᠬᠡᠭ ᠶᠡᠭᠡ ᠨᠢᠭᠳᠠᠷᠠᠭᠤᠯᠬᠤ ᠬᠦᠴᠦᠨ ᠪᠠ ᠬᠦᠳᠦᠯᠦᠨ ᠲᠠᠭᠠᠭᠤᠯᠬᠤ  ᠬᠦᠴᠦᠨ ᠪᠦᠬᠦᠢ ᠨᠡᠶᠢᠬᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠤᠢ ᠪᠤᠯᠭᠠᠵᠤ᠂ ᠪᠦᠬᠦ ᠠᠷᠠᠳ  ᠲᠦᠮᠡᠨ ᠢ ᠬᠦᠰᠡᠯᠡᠩ ᠢᠳᠡᠬᠡᠯ ᠵᠤᠷᠢᠭ᠂ ᠦᠷᠳᠡᠭ ᠤᠨ ᠦᠢᠯᠠᠭᠠᠭᠳᠠᠬᠤᠨ᠂ ᠶᠤᠰᠤ ᠮᠤᠷᠠᠯ ᠤᠨ ᠦᠢᠯᠠᠭᠠᠭᠳᠠᠬᠤᠨ  ᠲᠡᠬᠡᠷ᠎ᠠ ᠨᠢᠭᠳᠠᠷᠠᠭᠤᠯᠤᠨ ᠪᠦᠯᠬᠦᠮᠳᠡᠬᠦᠯᠬᠦ ᠬᠡᠷᠡᠭᠳᠡᠢ᠃ ᠤᠨᠤᠯ ᠤᠨ ᠵᠡᠪᠰᠡᠭᠯᠡᠯ ᠢᠶᠠᠨ ᠴᠢᠩᠭᠠᠳᠬᠠᠵᠤ᠂ ᠰᠢᠨ᠎ᠠ ᠴᠠᠭ  ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢᠨ ᠬᠦᠮᠦᠰ ᠤᠨ  ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠳᠡᠢ᠃ ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ  ᠪᠠᠶᠢᠭᠤᠯᠤᠯᠳᠠ ᠶᠢ ᠬᠦᠨᠵᠡᠬᠡᠶᠢᠷᠡᠬᠦᠯᠵᠤ᠂ ᠲᠤᠮᠳᠠᠳᠤ ᠤᠯᠤᠰ ᠤᠨ ᠤᠨᠴᠠᠯᠢᠭ ᠪᠦᠬᠦᠢ ᠬᠦᠨ ᠤᠬᠠᠭᠠᠨ ᠨᠡᠶᠢᠬᠡᠮ ᠤᠨ  ᠰᠢᠨᠵᠢᠯᠡᠬᠦ ᠤᠬᠠᠭᠠᠨ ᠢ ᠲᠦᠷᠬᠡᠳᠬᠡᠨ ᠪᠠᠶᠢᠭᠤᠯᠵᠤ᠂ ᠲᠤᠮᠳᠠᠳᠤ ᠤᠯᠤᠰ ᠤᠨ ᠤᠨᠴᠠᠯᠢᠭ ᠪᠦᠬᠦᠢ ᠰᠢᠨ᠎ᠠ  ᠬᠡᠯᠪᠡᠷᠢ ᠶᠢᠨ ᠤᠶᠤᠨ ᠤ ᠬᠦᠮᠦᠷᠬᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠲᠠᠮᠵᠢᠭᠤᠯᠭ᠎ᠠ ᠶᠢᠨ ᠠᠷᠭ᠎ᠠ  ᠪᠠᠷᠢᠯ ᠤᠨ ᠪᠠᠶᠢᠭᠤᠯᠤᠯᠳᠠ ᠪᠠ ᠰᠢᠨ᠎ᠠ ᠡᠬᠦᠳᠦᠯᠳᠠ ᠶᠢ ᠲᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠰᠤᠨᠢᠨ  ᠮᠡᠳᠡᠬᠡᠨ ᠤ ᠶᠠᠷᠢᠶ᠎ᠠ ᠬᠡᠯᠡᠯᠴᠡᠬᠡᠨ ᠤ ᠲᠠᠮᠵᠢᠭᠤᠯᠭ᠎ᠠ ᠶᠢᠨ ᠬᠦᠴᠦᠨ᠂ ᠬᠦᠳᠦᠯᠦᠨ ᠵᠢᠯᠤᠭᠤᠳᠬᠤ ᠬᠦᠴᠦᠨ᠂  ᠨᠦᠯᠦᠬᠡᠯᠡᠬᠦ ᠬᠦᠴᠦᠨ᠂ ᠤᠯᠠᠨ ᠨᠠᠶᠢᠳᠠ ᠶᠢ ᠢᠳᠡᠬᠡᠬᠦᠯᠬᠦ ᠬᠦᠴᠦᠨ ᠢ ᠲᠡᠬᠡᠭᠰᠢᠯᠡᠬᠦᠯᠦᠨ᠎ᠠ᠃ ᠢᠨᠲ᠋ᠧᠷ  ᠰᠦᠯᠵᠢᠶᠠᠨ ᠤ ᠠᠭᠤᠯᠭ᠎ᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠦᠯᠵᠢᠶᠠᠨ ᠤ ᠶᠡᠷᠦᠩᠬᠡᠶᠢᠯᠡᠭᠰᠡᠡ  ᠵᠠᠰᠠᠯᠳᠠ ᠶᠢᠨ ᠰᠢᠰᠲ᠋ᠧᠮ ᠢ ᠪᠠᠶᠢᠭᠤᠯᠤᠨ᠂ ᠴᠡᠪᠡᠷ ᠲᠤᠩᠭᠠᠯᠠᠭ ᠰᠦᠯᠵᠢᠶᠠᠨ ᠤ ᠤᠷᠴᠢᠨ ᠲᠤᠭᠤᠷᠢᠨ ᠢ ᠪᠤᠢ  ᠪᠤᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ  ᠨᠠᠶᠢᠳᠠᠪᠤᠷᠢᠵᠢᠭᠤᠯᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠨ᠂ ᠤᠯᠤᠰ  ᠲᠦᠷᠦ ᠶᠢᠨ ᠵᠠᠷᠴᠢᠮ ᠤᠨ ᠠᠰᠠᠭᠤᠳᠠᠯ᠂ ᠦᠵᠡᠯ ᠰᠠᠨᠠᠭ᠎ᠠ ᠲᠠᠨᠢᠯᠳᠠ ᠶᠢᠨ ᠠᠰᠠᠭᠤᠳᠠᠯ᠂ ᠡᠷᠳᠡᠮ ᠰᠢᠨᠵᠢᠯᠡᠬᠡᠨ ᠤ  ᠦᠵᠡᠯᠳᠠ ᠶᠢᠨ ᠠᠰᠠᠭᠤᠳᠠᠯ ᠢ ᠢᠯᠭᠠᠬᠤ ᠶᠢ ᠠᠩᠬᠠᠷᠴᠤ᠂ ᠡᠯ᠎ᠠ ᠵᠦᠢᠯ ᠤᠨ ᠪᠤᠷᠤᠭᠤ ᠦᠵᠡᠯᠳᠠ ᠶᠢ ᠲᠤᠭ ᠲᠡᠮᠳᠡᠭ  ᠲᠤᠳᠤᠷᠬᠠᠢ ᠪᠠᠷ ᠡᠰᠡᠷᠬᠦᠴᠡᠠ ᠬᠤᠷᠢᠬᠯᠠᠨ᠎ᠠ᠃                ᠬᠤᠶᠠᠷ ᠲᠤ᠂ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠠ ᠶᠢ ᠪᠤᠢ ᠪᠤᠯᠭᠠᠵᠤ  ᠦᠢᠯᠡᠳᠦᠯᠬᠡᠵᠢᠬᠦᠯᠬᠦ ᠬᠡᠷᠡᠭᠳᠡᠢ᠃ ᠦᠨᠳᠦᠰᠦᠳᠠᠨ ᠤ ᠰᠡᠷᠬᠦᠨ ᠮᠠᠨᠳᠤᠯᠳᠠ ᠶᠢᠨ ᠶᠡᠭᠡ ᠡᠬᠦᠷᠬᠡ ᠶᠢ ᠡᠬᠦᠷᠬᠡᠯᠡᠬᠦ ᠴᠠᠭ  ᠦᠶ᠎ᠠ ᠶᠢᠨ ᠰᠢᠨ᠎ᠠ ᠬᠦᠮᠦᠨ ᠢ ᠬᠦᠮᠦᠵᠢᠬᠦᠯᠬᠦ ᠪᠠᠷ ᠭᠤᠤᠯᠳᠠᠭᠤᠯᠵᠤ᠂ ᠰᠤᠷᠭᠠᠨ ᠬᠦᠮᠦᠵᠢᠬᠦᠯᠵᠤ ᠬᠦᠳᠦᠯᠦᠨ  ᠵᠢᠯᠤᠭᠤᠳᠬᠤ᠂ ᠦᠢᠯᠡᠳᠦᠯᠬᠡ ᠪᠠᠷ ᠲᠠᠰᠬᠠᠬᠤ᠂ ᠲᠦᠷᠢᠮ ᠢᠶᠠᠷ ᠪᠠᠳᠤᠯᠠᠬᠤ ᠶᠢ ᠴᠢᠩᠭᠠᠳᠬᠠᠵᠤ᠂ ᠨᠡᠶᠢᠬᠡᠮ  ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢᠨ ᠤᠯᠤᠰ ᠠᠷᠠᠳ ᠤᠨ ᠰᠤᠷᠭᠠᠨ ᠬᠦᠮᠦᠵᠢᠯ᠂ ᠤᠶᠤᠨ ᠤ  ᠪᠤᠯᠪᠠᠰᠤᠨ ᠤ ᠡᠬᠦᠳᠦᠨ ᠪᠠᠶᠢᠭᠤᠯᠤᠯᠳᠠ᠂ ᠤᠶᠤᠨ ᠰᠠᠨᠠᠭ᠎ᠠ ᠰᠤᠶᠤᠯ ᠤᠨ ᠪᠦᠳᠦᠬᠡᠭᠳᠡᠬᠦᠨ ᠢ ᠵᠤᠬᠢᠶᠠᠨ ᠪᠦᠳᠦᠬᠡᠬᠦ  ᠦᠢᠯᠡᠳᠪᠤᠷᠢᠯᠡᠬᠦ ᠤᠯᠠᠮᠵᠢᠯᠠᠨ ᠲᠡᠯᠬᠡᠷᠡᠬᠦᠯᠬᠦ ᠳᠤ ᠦᠵᠡᠬᠦᠯᠬᠦ ᠬᠦᠳᠦᠯᠦᠨ ᠲᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠶᠢ ᠨᠡᠶᠢᠬᠡᠮ ᠤᠨ ᠬᠦᠭᠵᠢᠯᠳᠠ ᠶᠢᠨ ᠲᠠᠯ᠎ᠠ ᠪᠦᠬᠦᠨ ᠳᠤ  ᠠᠭᠤᠰᠬᠠᠵᠤ᠂ ᠬᠦᠮᠦᠰ ᠤᠨ ᠬᠠᠶᠢᠷ᠎ᠠ ᠰᠡᠳᠬᠢᠯᠬᠡ ᠶᠢᠨ ᠡᠬᠡᠨᠡᠭᠰᠢᠯ ᠪᠠ ᠦᠢᠯᠡ ᠠᠵᠢᠯᠯᠠᠭᠠᠨ ᠤ ᠲᠠᠳᠬᠠᠯ ᠪᠤᠯᠭᠠᠨ  ᠬᠤᠪᠢᠷᠠᠭᠤᠯᠬᠤ ᠬᠡᠷᠡᠭᠳᠡᠢ᠃ ᠠᠷᠠᠳ ᠨᠠᠶᠢᠳᠠ ᠪᠠᠷ ᠬᠦᠳᠡᠯᠦᠯᠴᠠᠬᠦ᠂ ᠺᠠᠳ᠋ᠷᠴᠤᠳ ᠲᠠᠭᠠᠭᠤᠯᠬᠤ ᠶᠢ ᠪᠠᠷᠢᠮᠳᠠᠯᠠᠨ᠂ ᠬᠡᠷ  ᠪᠦᠯᠢ ᠠᠴᠠ ᠡᠬᠢᠯᠡᠨ ᠬᠢᠵᠤ᠂ ᠦᠰᠪᠤᠷᠢ ᠪᠠᠭ᠎ᠠ ᠠᠴᠠ ᠨᠢ ᠠᠳᠬᠤᠨ᠎ᠠ᠃ ᠲᠤᠮᠳᠠᠳᠤ ᠶᠢᠨ ᠤᠯᠠᠮᠵᠢᠯᠠᠯᠳᠤ ᠰᠢᠯᠢᠳᠡᠭ  ᠰᠤᠶᠤᠯ ᠳᠤ ᠠᠭᠤᠯᠤᠭᠳᠠᠭᠰᠠᠠ ᠦᠵᠡᠯ ᠰᠠᠨᠠᠭᠠᠨ ᠤ ᠦᠢᠯᠠᠭᠠᠭᠳᠠᠬᠤᠨ᠂ ᠬᠦᠮᠦᠯᠢᠭ ᠵᠤᠷᠢᠬ ᠰᠠᠨᠠᠭ᠎ᠠ᠂ ᠶᠤᠰᠤ  ᠮᠤᠷᠠᠯ ᠤᠨ ᠵᠢᠷᠤᠮᠵᠢᠯ ᠢ ᠬᠦᠨᠵᠡᠬᠡᠢ ᠠᠭᠤᠳᠠᠯᠵᠤ᠂ ᠴᠠᠭ ᠦᠶ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ  ᠵᠠᠯᠭᠠᠮᠵᠢᠯᠠᠨ ᠰᠢᠨ᠎ᠠ ᠶᠢ ᠡᠬᠦᠳᠴᠤ᠂ ᠲᠤᠮᠳᠠᠳᠤ ᠶᠢᠨ ᠰᠤᠶᠤᠯ ᠢ ᠦᠨᠢᠳᠠ ᠶᠢᠨ ᠰᠢᠳᠢᠳᠤ ᠬᠦᠴᠦᠨ ᠪᠠ ᠴᠠᠭ  ᠦᠶ᠎ᠠ ᠶᠢᠨ ᠴᠤᠭ ᠵᠢᠪᠬᠤᠭ᠎ᠠ ᠶᠢ ᠬᠠᠷᠠᠭᠤᠯᠬᠤ ᠪᠤᠯᠭᠠᠨ᠎ᠠ᠃                 ᠭᠤᠷᠪᠠ ᠳᠤ᠂ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ ᠠᠷᠠᠳ  ᠲᠦᠮᠡᠨ ᠢᠳᠡᠬᠡᠯ ᠪᠢᠰᠢᠷᠡᠯ ᠲᠠᠢ ᠪᠤᠯ ᠤᠯᠤᠰ ᠬᠦᠷᠦᠨ ᠬᠦᠴᠦᠨ ᠴᠢᠳᠠᠯ ᠲᠠᠢ᠂ ᠦᠨᠳᠦᠰᠦᠳᠠᠨ ᠬᠦᠰᠡᠯ  ᠡᠷᠡᠮᠡᠯᠵᠡᠯ ᠲᠠᠢ ᠪᠠᠶᠢᠳᠠᠭ᠃ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠤᠰᠤ ᠮᠤᠷᠠᠯ ᠤᠨ ᠬᠢᠷᠢ ᠬᠡᠮᠵᠢᠶ᠎ᠠ  ᠂ ᠪᠤᠯᠪᠠᠰᠤᠨ ᠤ ᠬᠡᠪ ᠪᠤᠯᠪᠠᠰᠤᠷᠠᠯ ᠢ ᠲᠡᠬᠡᠭᠰᠢᠯᠡᠬᠦᠯᠵᠤ᠂ ᠪᠦᠬᠦ ᠨᠡᠶᠢᠬᠡᠮ ᠤᠨ ᠪᠤᠯᠪᠠᠰᠤᠨ ᠤ ᠬᠡᠮᠵᠢᠶ᠎ᠠ ᠶᠢ  ᠲᠡᠬᠡᠭᠰᠢᠯᠡᠬᠦᠯᠬᠦ ᠬᠡᠷᠡᠭᠳᠡᠢ᠃ ᠬᠦᠰᠡᠯᠡᠩ ᠢᠳᠡᠬᠡᠯ ᠵᠤᠷᠢᠭ ᠤᠨ ᠬᠦᠮᠦᠵᠢᠯ ᠢ ᠦᠷᠬᠡᠨ ᠢᠶᠠᠷ ᠦᠷᠨᠢᠬᠦᠯᠵᠤ᠂ ᠲᠤᠮᠳᠠᠳᠤ  ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠪᠠ ᠲᠤᠮᠳᠠᠳᠤ ᠤᠯᠤᠰ ᠤᠨ ᠵᠡᠬᠦᠳᠤ ᠶᠢᠨ ᠲᠤᠬᠠᠢ ᠤᠬᠠᠭᠤᠯᠭ᠎ᠠ  ᠬᠦᠮᠦᠵᠢᠯ ᠢ ᠬᠦᠨᠵᠡᠬᠡᠶᠢᠷᠡᠬᠦᠯᠦᠨ᠂ ᠦᠨᠳᠦᠰᠦᠳᠠᠨ ᠤ ᠵᠤᠷᠢᠬ ᠰᠠᠨᠠᠭ᠎ᠠ ᠪᠠ ᠴᠠᠭ ᠦᠶ᠎ᠠ ᠶᠢᠨ ᠵᠤᠷᠢᠭ ᠰᠠᠨᠠᠭ᠎ᠠ ᠶᠢ  ᠪᠠᠳᠠᠷᠠᠭᠤᠯᠵᠤ᠂ ᠡᠬᠡ ᠤᠷᠤᠨᠴᠢ ᠦᠵᠡᠯ᠂ ᠨᠠᠶᠢᠳᠠᠴᠢ ᠦᠵᠡᠯ᠂ ᠨᠡᠶᠢᠬᠡᠮ ᠵᠢᠷᠤᠮ ᠤᠨ ᠬᠦᠮᠦᠵᠢᠯ ᠢ ᠴᠢᠩᠭᠠᠳᠬᠠᠵᠤ᠂  ᠬᠦᠮᠦᠰ ᠢ ᠬᠦᠳᠦᠯᠦᠨ ᠲᠠᠭᠠᠭᠤᠯᠵᠤ ᠵᠦᠪ ᠲᠡᠤᠬᠡ ᠶᠢᠨ ᠦᠵᠡᠯᠳᠠ᠂ ᠦᠨᠳᠦᠰᠦᠳᠠᠨ ᠤ ᠦᠵᠡᠯᠳᠠ᠂ ᠡᠬᠡ  ᠤᠷᠤᠨᠴᠢ ᠦᠵᠡᠯᠳᠠ᠂ ᠰᠤᠶᠤᠯ ᠤᠨ ᠦᠵᠡᠯᠳᠠ ᠲᠠᠢ ᠪᠤᠯᠭᠠᠨ᠎ᠠ᠃ ᠠᠷᠠᠳ ᠢᠷᠬᠡᠨ ᠤ ᠶᠤᠰᠤ ᠮᠤᠷᠠᠯ ᠤᠨ  ᠪᠠᠶᠢᠭᠤᠯᠤᠯᠳᠠ ᠶᠢᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠤ᠂ ᠬᠦᠮᠦᠰ ᠢ ᠦᠬᠡᠳᠡᠷᠬᠡᠭ ᠴᠠᠶᠢᠯᠭᠠᠨ᠂  ᠨᠠᠰᠤᠳᠠᠨ ᠢᠶᠠᠨ ᠬᠦᠨᠳᠦᠯᠡᠵᠤ ᠲᠦᠷᠦᠯ ᠰᠠᠳᠤᠨ ᠢᠶᠠᠨ ᠬᠠᠶᠢᠷᠠᠯᠠᠬᠤ᠂ ᠡᠬᠡ ᠤᠷᠤᠨ ᠳᠠᠭᠠᠨ ᠦᠨᠡᠨᠴᠢ᠂ ᠠᠷᠠᠳ  ᠲᠦᠮᠡᠨ ᠳᠡᠭᠡᠨ ᠦᠨᠡᠨᠴᠢ ᠪᠠᠶᠢᠬᠤ ᠶᠢ ᠤᠷᠮᠠᠰᠢᠭᠤᠯᠤᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ  ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠢ ᠡᠬᠦᠳᠦᠨ ᠪᠠᠶᠢᠭᠤᠯᠬᠤ  ᠠᠵᠢᠯᠯᠠᠭ᠎ᠠ ᠶᠢ ᠬᠦᠨᠵᠡᠬᠡᠶᠢᠷᠡᠬᠦᠯᠦᠨ᠎ᠠ᠃ ᠰᠢᠨᠵᠢᠯᠡᠬᠦ ᠤᠬᠠᠭᠠᠨ ᠤ ᠵᠤᠷᠢᠬ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ  ᠤᠬᠠᠭᠠᠨ ᠤ ᠮᠡᠳᠡᠯᠬᠡ ᠶᠢ ᠲᠦᠬᠡᠮᠡᠯᠵᠢᠬᠦᠯᠦᠨ᠂ ᠬᠠᠭᠤᠴᠢᠨ ᠬᠡᠪ ᠵᠠᠩᠰᠢᠯ ᠢ ᠦᠬᠡᠷᠡᠴᠢᠯᠡᠬᠦ᠂ ᠴᠠᠭ ᠦᠶ᠎ᠠ ᠶᠢᠨ  ᠰᠢᠨ᠎ᠠ ᠰᠤᠷᠳᠠᠯ ᠢ ᠪᠠᠳᠠᠷᠠᠭᠤᠯᠬᠤ ᠠᠵᠢᠯᠯᠠᠭ᠎ᠠ ᠶᠢ ᠦᠷᠨᠢᠬᠦᠯᠵᠤ᠂ ᠢᠯᠵᠢᠷᠡᠮᠡᠯ ᠬᠤᠴᠤᠷᠤᠩᠭᠤᠢ ᠰᠤᠶᠤᠯ ᠤᠨ  ᠨᠡᠪᠴᠢᠯᠳᠠ ᠶᠢ ᠡᠰᠡᠷᠬᠦᠴᠡᠨ ᠬᠤᠷᠢᠬᠯᠠᠨ᠎ᠠ᠃ ᠦᠨᠡᠨᠴᠢ ᠢᠳᠡᠬᠡᠮᠵᠢ ᠶᠢᠨ ᠪᠠᠶᠢᠭᠤᠯᠤᠯᠳᠠ ᠪᠠ ᠰᠠᠶᠢᠨ ᠲᠤᠷ᠎ᠠ ᠶᠢᠨ  ᠦᠢᠯᠡᠴᠢᠯᠡᠬᠡᠨ ᠤ ᠲᠦᠷᠢᠮᠵᠢᠯᠳᠠ ᠶᠢ ᠠᠬᠢᠭᠤᠯᠵᠤ᠂ ᠨᠡᠶᠢᠬᠡᠮ ᠤᠨ ᠬᠠᠷᠢᠭᠤᠴᠠᠯᠭᠠᠳᠤ ᠤᠬᠠᠮᠰᠠᠷ᠂ ᠲᠦᠷᠢᠮ ᠤᠨ  ᠤᠬᠠᠮᠰᠠᠷ᠂ ᠬᠠᠷᠠᠮ ᠦᠬᠡᠢ ᠵᠤᠷᠢᠭᠤᠯᠬᠤ ᠤᠬᠠᠮᠰᠠᠷ ᠢ ᠴᠢᠩᠭᠠᠳᠬᠠᠨ᠎ᠠ᠃                 ᠲᠦᠷᠪᠡ ᠳᠤ᠂ ᠨᠡᠶᠢᠬᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠬᠦᠯᠦᠨ ᠬᠦᠭᠵᠢᠬᠦᠯᠬᠦ ᠬᠡᠷᠡᠭᠳᠡᠢ᠃  ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ ᠶᠢ ᠴᠡᠴᠡᠭᠯᠡᠬᠦᠯᠦᠨ ᠬᠦᠭᠵᠢᠬᠦᠯᠬᠦ ᠳᠤ ᠦᠵᠡᠯ ᠰᠠᠨᠠᠭ᠎ᠠ ᠨᠢ ᠬᠦᠨᠵᠡᠬᠡᠢ  ᠂ ᠤᠷᠠᠯᠢᠭ ᠨᠢ ᠭᠤᠶᠢᠳᠠ᠂ ᠵᠤᠬᠢᠶᠠᠨ ᠪᠦᠳᠦᠬᠡᠯᠬᠡ ᠨᠢ ᠤᠬᠢ ᠰᠠᠶᠢᠨ ᠪᠠᠶᠢᠬᠤ ᠶᠢ ᠨᠢᠬᠡᠳᠦᠬᠦᠯᠬᠦ ᠶᠢ ᠪᠠᠷᠢᠮᠳᠠᠯᠠᠵᠤ᠂  ᠠᠬᠤᠢ ᠰᠡᠳᠦᠪᠳᠤ ᠵᠤᠬᠢᠶᠠᠨ ᠪᠦᠳᠦᠬᠡᠯᠬᠡ ᠶᠢ ᠴᠢᠩᠭᠠᠳᠬᠠᠨ᠂ ᠨᠠᠮ᠂ ᠡᠬᠡ ᠤᠯᠤᠰ᠂ ᠠᠷᠠᠳ ᠲᠦᠮᠡᠨ᠂  ᠪᠠᠭᠠᠳᠤᠷᠴᠤᠳ ᠢᠶᠠᠨ ᠮᠠᠭᠳᠠᠨ ᠲᠠᠭᠤᠯᠠᠭᠰᠠᠠ ᠰᠤᠳᠤᠨ ᠪᠦᠳᠦᠬᠡᠯ ᠲᠤᠷᠪᠢᠯᠢᠭ ᠵᠤᠬᠢᠶᠠᠯ ᠢ ᠲᠠᠰᠤᠷᠠᠯᠳᠠ ᠦᠬᠡᠢ  ᠵᠤᠬᠢᠶᠠᠨ ᠪᠦᠳᠦᠬᠡᠬᠦ ᠬᠡᠷᠡᠭᠳᠡᠢ᠃ ᠡᠷᠳᠡᠮ ᠰᠢᠨᠵᠢᠯᠡᠬᠡᠨ ᠤ ᠠᠷᠠᠳᠴᠢᠯᠠᠯ᠂ ᠤᠷᠠᠯᠢᠭ ᠤᠨ ᠠᠷᠠᠳᠴᠢᠯᠠᠯ ᠢ  ᠪᠠᠳᠠᠷᠠᠭᠤᠯᠵᠤ᠂ ᠤᠳᠬ᠎ᠠ ᠤᠷᠠᠯᠢᠭ ᠤᠨ ᠤᠤᠭᠠᠯ ᠡᠬᠦᠳᠦᠯᠳᠠ ᠶᠢᠨ ᠬᠦᠴᠦᠨ ᠢ ᠲᠡᠬᠡᠭᠰᠢᠯᠡᠬᠦᠯᠦᠨ᠂ ᠤᠳᠬ᠎ᠠ  ᠤᠷᠠᠯᠢᠭ ᠤᠨ ᠰᠢᠨ᠎ᠠ ᠡᠬᠦᠳᠦᠯᠳᠠ ᠶᠢ ᠠᠬᠢᠭᠤᠯᠤᠨ᠎ᠠ᠃ ᠴᠢᠨᠠᠷ ᠴᠢᠨᠰᠠᠭ᠎ᠠ ᠶᠢ ᠡᠷᠬᠢᠮᠯᠡᠬᠦ᠂ ᠬᠡᠪ ᠠᠶᠠᠰ ᠢ ᠡᠷᠬᠢᠮᠯᠡᠬᠦ᠂  ᠬᠠᠷᠢᠭᠤᠴᠠᠯᠭ᠎ᠠ ᠶᠢ ᠡᠷᠬᠢᠮᠯᠡᠬᠦ ᠶᠢ ᠰᠠᠨᠠᠭᠠᠴᠢᠯᠠᠵᠤ᠂ ᠪᠤᠯᠬᠢ ᠲᠤᠤᠷᠠᠳᠤ ᠪᠦᠳᠦᠬᠦᠯᠢᠭ ᠶᠡᠷᠦᠮᠳᠡᠭ ᠪᠠᠶᠢᠬᠤ ᠪᠠ  ᠪᠢᠯᠳᠠᠤᠴᠢᠯᠠᠨ ᠲᠤᠯᠳᠦ᠋ᠢᠳᠬᠤ ᠶᠢ ᠡᠰᠡᠷᠬᠦᠴᠡᠨ ᠬᠤᠷᠢᠬᠯᠠᠨ᠎ᠠ᠃ ᠤᠳᠬ᠎ᠠ ᠤᠷᠠᠯᠢᠭ ᠤᠨ ᠡᠩᠨᠡᠬᠡᠨ ᠤ  ᠪᠠᠶᠢᠭᠤᠯᠤᠯᠳᠠ ᠶᠢ ᠴᠢᠩᠭᠠᠳᠬᠠᠨ᠂ ᠮᠤᠷᠠᠯ ᠤᠷᠠᠯᠢᠭ ᠬᠤᠤᠰᠯᠠᠭᠰᠠᠠ ᠦᠢ ᠤᠯᠠᠨ ᠠᠯᠳᠠᠷᠳᠠᠨ ᠪᠠᠭᠰᠢᠳᠠᠨ ᠢ  ᠬᠦᠮᠦᠵᠢᠬᠦᠯᠵᠤ᠂ ᠦᠨᠳᠦᠷ ᠲᠦᠪᠰᠢᠨ ᠪᠦᠬᠦᠢ ᠦᠢ ᠤᠯᠠᠨ ᠵᠤᠬᠢᠶᠠᠨ ᠪᠦᠳᠦᠬᠡᠬᠦ ᠴᠢᠳᠠᠪᠤᠷᠢᠳᠠᠨ ᠢ  ᠬᠦᠮᠦᠵᠢᠬᠦᠯᠦᠨ᠎ᠠ᠃                 ᠲᠠᠪᠤ ᠳᠤ᠂ ᠰᠤᠶᠤᠯ ᠤᠨ ᠠᠵᠢᠯ ᠦᠢᠯᠡᠰ ᠪᠠ ᠰᠤᠶᠤᠯ ᠤᠨ ᠠᠵᠤ ᠦᠢᠯᠡᠰ ᠤᠨ ᠬᠦᠭᠵᠢᠯᠳᠠ ᠶᠢ ᠠᠬᠢᠭᠤᠯᠬᠤ  ᠬᠡᠷᠡᠭᠳᠡᠢ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠲᠠᠢ ᠪᠤᠯᠬᠤ ᠰᠢᠨ᠎ᠠ ᠡᠷᠡᠮᠡᠯᠵᠡᠯ ᠢ ᠬᠠᠩᠭᠠᠬᠤ ᠳᠤ  ᠡᠷᠬᠡᠪᠰᠢ ᠡᠯᠪᠡᠭ ᠪᠠᠶᠠᠯᠢᠭ ᠤᠶᠤᠨ ᠤ ᠲᠡᠵᠢᠬᠡᠯ ᠢ ᠬᠠᠩᠭᠠᠬᠤ ᠬᠡᠷᠡᠭᠳᠡᠢ᠃ ᠰᠤᠶᠤᠯ ᠤᠨ ᠪᠠᠶᠢᠭᠤᠯᠤᠮᠵᠢ ᠶᠢᠨ  ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠰᠤᠶᠤᠯ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠲᠡᠬᠦᠯᠳᠡᠷᠵᠢᠬᠦᠯᠦᠨ᠂  ᠨᠡᠶᠢᠬᠡᠮ ᠤᠨ ᠦᠷ᠎ᠠ ᠠᠰᠢᠬ ᠢ ᠲᠡᠷᠢᠬᠦᠨ ᠪᠠᠶᠢᠷᠢᠨ ᠳᠤ ᠲᠠᠯᠪᠢᠬᠤ᠂ ᠨᠡᠶᠢᠬᠡᠮ ᠤᠨ ᠦᠷ᠎ᠠ ᠠᠰᠢᠬ ᠪᠠ ᠠᠵᠤ  ᠠᠬᠤᠢ ᠶᠢᠨ ᠦᠷ᠎ᠠ ᠠᠰᠢᠬ ᠢ ᠨᠢᠬᠡᠳᠦᠬᠦᠯᠬᠦ ᠪᠠᠶᠢᠭᠤᠯᠤᠮᠵᠢ ᠲᠤᠭᠳᠠᠴᠠ ᠶᠢ ᠲᠦᠷᠬᠡᠳᠬᠡᠨ ᠪᠠᠶᠢᠭᠤᠯᠬᠤ ᠬᠡᠷᠡᠭᠳᠡᠢ᠃  ᠤᠯᠠᠨ ᠨᠠᠶᠢᠳᠠ ᠶᠢᠨ ᠰᠤᠶᠤᠯ ᠤᠨ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠰᠤᠶᠤᠯ ᠢᠶᠠᠷ ᠠᠷᠠᠳ ᠲᠤ  ᠠᠰᠢᠬ ᠬᠦᠷᠳᠡᠬᠡᠬᠦ ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠨ᠂ ᠤᠯᠠᠨ ᠲᠦᠮᠡᠨᠴᠢ ᠴᠢᠨᠠᠷᠳᠠᠢ ᠰᠤᠶᠤᠯ ᠤᠨ  ᠠᠵᠢᠯᠯᠠᠭ᠎ᠠ ᠶᠢ ᠪᠠᠶᠠᠯᠢᠬᠵᠢᠭᠤᠯᠤᠨ᠎ᠠ᠃ ᠲᠡᠤᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠵᠤ ᠠᠰᠢᠬᠯᠠᠬᠤ ᠪᠠ  ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠤᠳᠤ ᠦᠶ᠎ᠠ ᠶᠢᠨ  ᠰᠤᠶᠤᠯ ᠤᠨ ᠠᠵᠤ ᠦᠢᠯᠡᠰ ᠤᠨ ᠰᠢᠰᠲ᠋ᠧᠮ ᠪᠠ ᠵᠠᠬ᠎ᠠ ᠲᠡᠯᠬᠡᠬᠦᠷ ᠤᠨ  ᠰᠢᠰᠲ᠋ᠧᠮ ᠢ ᠪᠦᠷᠢᠨᠰᠢᠬᠦᠯᠵᠤ᠂  ᠦᠢᠯᠡᠳᠪᠦᠷᠢᠯᠡᠯ ᠡᠵᠡᠩᠨᠡᠯᠳᠠ ᠶᠢᠨ ᠲᠤᠭᠳᠠᠴᠠ ᠶᠢᠨ ᠲᠠᠯ᠎ᠠ ᠪᠠᠷ ᠰᠢᠨ᠎ᠠ ᠶᠢ ᠡᠬᠦᠳᠴᠤ᠂ ᠰᠤᠶᠤᠯ ᠤᠨ ᠠᠵᠤ  ᠠᠬᠤᠢ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠦᠨ᠂ ᠰᠢᠨ᠎ᠠ ᠮᠠᠶ᠋ᠢᠭ ᠤᠨ ᠰᠤᠶᠤᠯ ᠤᠨ ᠡᠵᠡᠩᠨᠡᠯᠳᠠ ᠶᠢᠨ  ᠬᠡᠯᠪᠡᠷᠢ ᠪᠠᠶᠢᠳᠠᠯ ᠢ ᠪᠤᠶᠢᠵᠢᠭᠤᠯᠤᠨ᠎ᠠ᠃ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠠᠵᠢᠯᠯᠠᠭ᠎ᠠ ᠶᠢ ᠦᠷᠬᠡᠨ ᠢᠶᠠᠷ  ᠦᠷᠨᠢᠬᠦᠯᠵᠤ᠂ ᠪᠡᠶ᠎ᠠ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ  ᠠᠬᠢᠭᠤᠯᠵᠤ᠂ ᠪᠡᠬᠡᠵᠢᠩ ᠤᠨ ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠤᠳ ᠤᠨ  ᠡᠪᠦᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠢ ᠪᠡᠯᠡᠳᠬᠡᠨ ᠡᠷᠬᠢᠯᠡᠬᠦ ᠠᠵᠢᠯ ᠢ ᠰᠠᠶᠢᠳᠤᠷ ᠬᠢᠨ᠎ᠠ᠃  ᠲᠤᠮᠳᠠᠳᠤ ᠭᠠᠳᠠᠭᠠᠳᠤ ᠶᠢᠨ ᠰᠤᠶᠤᠯ ᠢᠷᠬᠡᠨᠰᠢᠯ ᠤᠨ ᠰᠤᠯᠢᠯᠴᠠᠭ᠎ᠠ ᠶᠢ ᠴᠢᠩᠭᠠᠳᠬᠠᠵᠤ᠂ ᠦᠪᠡᠷ ᠤᠨ ᠬᠢ ᠪᠠᠷ ᠢᠶᠠᠨ  ᠭᠤᠤᠯ ᠪᠤᠯᠭᠠᠵᠤ᠂ ᠠᠳᠠᠯᠢ ᠪᠤᠰᠤ ᠵᠦᠢᠯ ᠢ ᠰᠢᠩᠬᠡᠬᠡᠵᠤ ᠠᠪᠤᠨ᠎ᠠ᠃ ᠲᠡᠯᠡᠬᠡᠢ ᠳᠤ ᠤᠯᠠᠮᠵᠢᠯᠠᠨ ᠲᠡᠯᠬᠡᠷᠡᠬᠦᠯᠬᠦ  ᠴᠢᠳᠠᠪᠤᠷᠢ ᠶᠢᠨ ᠪᠠᠶᠢᠭᠤᠯᠤᠯᠳᠠ ᠶᠢ ᠠᠬᠢᠭᠤᠯᠤᠨ᠂ ᠲᠤᠮᠳᠠᠳᠤ ᠤᠯᠤᠰ ᠤᠨ ᠦᠯᠢᠬᠡᠷ ᠢ ᠰᠠᠶᠢᠳᠤᠷ ᠶᠠᠷᠢᠵᠤ᠂ ᠦᠨᠡᠨ  ᠪᠤᠳᠠᠳᠠᠢ᠂ ᠪᠡᠶᠡᠴᠢᠯᠡᠭᠰᠡᠡ᠂ ᠪᠦᠬᠦ ᠲᠠᠯᠠᠳᠤ ᠲᠤᠮᠳᠠᠳᠤ ᠤᠯᠤᠰ ᠢ ᠢᠯᠡᠷᠡᠬᠦᠯᠵᠤ᠂ ᠤᠯᠤᠰ ᠤᠨ ᠰᠤᠶᠤᠯ ᠤᠨ  ᠵᠦᠬᠡᠯᠡᠨ ᠪᠤᠳᠠᠳᠤ ᠬᠦᠴᠦᠨ ᠢ ᠲᠡᠬᠡᠭᠰᠢᠯᠡᠬᠦᠯᠦᠨ᠎ᠠ ᠬᠡᠵᠡᠢ᠃        ᠰᠢ ᠶᠢᠨ ᠫᠢᠩ ᠵᠢᠭᠠᠵᠤ ᠭᠠᠷᠭᠠᠬᠤ ᠳᠠᠭᠠᠨ᠂ ᠤᠳᠤ ᠦᠶ᠎ᠠ ᠶᠢᠨ ᠲᠤᠮᠳᠠᠳᠤ ᠤᠯᠤᠰ ᠤᠨ ᠡᠪ ᠬᠠᠮᠳᠤᠴᠤᠳ  ᠪᠠ ᠲᠤᠮᠳᠠᠳᠤ ᠤᠯᠤᠰ ᠤᠨ ᠠᠷᠠᠳ ᠲᠦᠮᠡᠨ ᠰᠤᠶᠤᠯ ᠤᠨ ᠰᠢᠨ᠎ᠠ ᠡᠬᠦᠷᠬᠡ ᠶᠢ ᠡᠬᠦᠷᠬᠡᠯᠡᠬᠦ ᠬᠡᠷᠡᠭᠳᠡᠢ ᠮᠦᠷᠳᠡᠬᠡᠨ  ᠡᠷᠬᠡᠪᠰᠢ ᠡᠬᠦᠷᠬᠡᠯᠡᠵᠤ᠂ ᠦᠢᠯᠡᠳᠦᠯᠬᠡ ᠶᠢᠨ ᠡᠬᠦᠳᠦᠨ ᠪᠦᠳᠦᠬᠡᠯᠳᠠ ᠲᠤᠮᠳᠠ ᠰᠤᠶᠤᠯ ᠤᠨ ᠡᠬᠦᠳᠦᠨ ᠪᠦᠳᠦᠬᠡᠯᠳᠠ  ᠬᠢᠵᠤ᠂ ᠲᠡᠤᠬᠡ ᠶᠢᠨ ᠲᠠᠪᠰᠢᠯᠳᠠ ᠶᠢᠨ ᠲᠤᠮᠳᠠ ᠰᠤᠶᠤᠯ ᠤᠨ ᠲᠠᠪᠰᠢᠯᠳᠠ ᠶᠢ ᠪᠡᠶᠡᠯᠡᠬᠦᠯᠵᠤ ᠴᠢᠳᠠᠬᠤ ᠶᠤᠮ ᠬᠡᠵᠡᠢ᠃              ᠰᠢ ᠶᠢᠨ ᠫᠢᠩ ᠲᠤᠷᠠᠳᠤᠭᠰᠠᠨ ᠨᠢ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠦᠪᠰᠢᠨ ᠢ  ᠲᠡᠭᠡᠭᠰᠢᠯᠡᠬᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠬᠦᠳᠦᠨ᠎ᠡ ᠭᠡᠵᠡᠢ       ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 18 ᠤ ᠴᠠᠬᠢᠯᠭᠠᠨ ᠮᠡᠳᠡᠭᠡ ᠰᠢ ᠶᠢᠨ ᠫᠢᠩ ᠨᠦᠬᠦᠷ  ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠤ ᠲᠤᠷᠠᠳᠬᠤ ᠳᠠᠭᠠᠨ᠂ ᠠᠷᠠᠳ ᠤᠨ ᠠᠮᠢᠳᠤᠷᠠᠯ ᠢ  ᠪᠠᠳᠤᠯᠠᠨ ᠰᠠᠶᠢᠵᠢᠷᠠᠭᠤᠯᠬᠤ ᠬᠢᠷᠢ ᠬᠡᠮᠵᠢᠶ᠎ᠠ ᠶᠢ ᠲᠡᠬᠡᠭᠰᠢᠯᠡᠬᠦᠯᠵᠤ᠂ ᠨᠠᠶᠢᠬᠡᠮ ᠤᠨ ᠵᠠᠰᠠᠯᠳᠠ ᠶᠢ ᠴᠢᠩᠭᠠᠳᠬᠠᠨ  ᠰᠢᠨ᠎ᠠ ᠶᠢ ᠡᠬᠦᠳᠦᠨ᠎ᠠ ᠬᠡᠵᠡᠢ᠃                  ᠰᠢ ᠶᠢᠨ ᠫᠢᠩ ᠵᠢᠭᠠᠵᠤ ᠭᠠᠷᠭᠠᠬᠤ ᠳᠠᠭᠠᠨ᠂ ᠪᠦᠬᠦ ᠨᠠᠮ ᠢᠶᠠᠷ ᠢᠶᠠᠨ ᠡᠷᠬᠡᠪᠰᠢ ᠶᠠᠮᠠᠷ ᠬᠦᠮᠦᠨ ᠤ ᠲᠦᠯᠦᠬᠡ  ᠪᠠᠶᠢᠬᠤ ᠠᠰᠠᠭᠤᠳᠠᠯ ᠪᠤᠯ ᠨᠢᠬᠡᠨ ᠲᠦᠷᠦ ᠶᠢᠨ ᠨᠠᠮ᠂ ᠨᠢᠬᠡᠨ ᠲᠦᠷᠦ ᠶᠢᠨ ᠡᠷᠬᠡ ᠶᠢᠨ ᠰᠢᠨᠵᠢ ᠴᠢᠨᠠᠷ ᠢ ᠰᠢᠯᠭᠠᠬᠤ  ᠰᠢᠯᠭᠠᠭᠤᠷ ᠮᠦᠨ᠃ ᠡᠷᠬᠡᠪᠰᠢ ᠢᠮᠠᠭᠳᠠ ᠠᠷᠠᠳ ᠲᠦᠮᠡᠨ ᠤ ᠠᠰᠢᠬ ᠲᠤᠰᠠ ᠶᠢ ᠡᠷᠬᠢᠮᠯᠡᠨ ᠲᠡᠬᠡᠳᠦᠯᠡᠵᠤ᠂  ᠦᠬᠡᠷᠡᠴᠢᠯᠠᠯᠳᠠ ᠬᠦᠭᠵᠢᠯᠳᠠ ᠶᠢᠨ ᠦᠷ᠎ᠠ ᠪᠦᠳᠦᠬᠡᠯ ᠢ ᠪᠦᠬᠦ ᠠᠷᠠᠳ ᠲᠦᠮᠡᠨ ᠳᠤ ᠨᠠᠩ ᠤᠯᠠᠨ ᠪᠦᠬᠡᠳ ᠨᠠᠩ  ᠭᠤᠤᠯᠴᠢ ᠪᠠᠷ ᠬᠦᠷᠳᠡᠬᠡᠨ᠂ ᠪᠦᠬᠦ ᠠᠷᠠᠳ ᠲᠦᠮᠡᠨ ᠤ ᠬᠠᠮᠳᠤ ᠪᠠᠷ ᠴᠢᠨᠡᠬᠡᠯᠢᠭᠵᠢᠬᠦ ᠶᠢ ᠪᠡᠶᠡᠯᠡᠬᠦᠯᠬᠦ ᠲᠡᠰᠢ  ᠲᠠᠰᠤᠷᠠᠯᠳᠠ ᠦᠬᠡᠢ ᠤᠷᠤᠭᠰᠢᠯᠠᠬᠤ ᠬᠡᠷᠡᠭᠳᠡᠢ ᠬᠡᠵᠡᠢ᠃                  ᠲᠡᠷᠡ ᠬᠡᠯᠡᠬᠦ ᠳᠡᠭᠡᠨ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ  ᠬᠠᠮᠤᠭ ᠤᠨ ᠪᠤᠳᠠᠳᠠᠢ ᠠᠰᠢᠬ ᠲᠤᠰᠠ ᠶᠢᠨ ᠠᠰᠠᠭᠤᠳᠠᠯ ᠢ ᠠᠳᠬᠤᠵᠤ᠂ ᠪᠦᠬᠦ ᠬᠦᠴᠦ ᠪᠠᠷ ᠢᠶᠠᠨ ᠴᠢᠷᠮᠠᠶᠢᠬᠤ  ᠮᠦᠷᠳᠡᠬᠡᠨ ᠴᠢᠳᠠᠯ ᠤᠨ ᠢᠶᠠᠨ ᠬᠢᠷᠢ ᠲᠤᠳᠤᠷ᠎ᠠ ᠬᠢᠵᠤ᠂ ᠨᠢᠬᠡ ᠨᠢᠬᠡ ᠤᠴᠢᠷ ᠶᠠᠪᠤᠳᠠᠯ ᠢᠶᠠᠷ ᠵᠠᠯᠭᠠᠨ ᠰᠢᠢᠳᠪᠤᠷᠢᠯᠡᠵᠤ  ᠂ ᠨᠢᠬᠡ ᠨᠢᠬᠡ ᠵᠢᠯ ᠢᠶᠠᠷ ᠵᠠᠯᠭᠠᠵᠤ ᠬᠢᠬᠦ ᠬᠡᠷᠡᠭᠳᠡᠢ᠃ ᠬᠦᠮᠦᠨ ᠪᠦᠬᠦᠨ ᠬᠠᠷᠢᠭᠤᠴᠠᠯᠭ᠎ᠠ ᠪᠠᠨ ᠬᠦᠢᠴᠡᠳᠬᠡᠬᠦ ᠪᠠ  ᠬᠦᠮᠦᠨ ᠪᠦᠬᠦᠨ ᠳᠤ ᠡᠳ᠋ᠯᠡᠬᠦᠯᠬᠦ ᠶᠢ ᠪᠠᠷᠢᠮᠳᠠᠯᠠᠵᠤ᠂ ᠬᠤᠷᠢᠭ᠎ᠠ ᠱᠤᠭᠤᠮ ᠢ ᠪᠠᠳᠤ ᠰᠠᠬᠢᠨ᠂ ᠭᠤᠤᠯᠳᠠᠯᠭ᠎ᠠ ᠶᠢ  ᠲᠤᠪᠤᠶᠢᠯᠭᠠᠵᠤ᠂ ᠲᠦᠷᠢᠮ ᠢ ᠲᠡᠬᠦᠯᠳᠡᠷᠵᠢᠬᠦᠯᠦᠨ᠂ ᠵᠢᠱᠢᠯᠳᠠ ᠶᠢ ᠬᠦᠳᠦᠯᠦᠨ ᠵᠢᠯᠤᠭᠤᠳᠴᠤ᠂ ᠤᠯᠠᠨ ᠨᠠᠶᠢᠳᠠ ᠶᠢᠨ  ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠦᠨ᠂ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠵᠤ᠂  ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ  ᠲᠠᠰᠤᠷᠠᠯᠳᠠ ᠦᠬᠡᠢ ᠬᠠᠩᠭᠠᠵᠤ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠲᠠᠰᠤᠷᠠᠯᠳᠠ ᠦᠬᠡᠢ  ᠠᠬᠢᠭᠤᠯᠤᠨ᠂ ᠪᠦᠳᠦᠮᠵᠢᠳᠠᠢ ᠨᠡᠶᠢᠬᠡᠮ ᠤᠨ ᠵᠠᠰᠠᠯᠳᠠ᠂ ᠰᠠᠶᠢᠨ ᠰᠠᠶᠢᠬᠠᠨ ᠨᠡᠶᠢᠬᠡᠮ ᠤᠨ ᠡᠮᠬᠢ ᠵᠢᠷᠤᠮ ᠢ ᠪᠤᠢ  ᠪᠤᠯᠭᠠᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ  ᠲᠦᠷᠦᠭᠳᠡᠯ ᠢ ᠨᠠᠩ ᠲᠡᠬᠦᠯᠳᠡᠷ᠂ ᠨᠡᠩ ᠪᠠᠳᠤᠯᠠᠭ᠎ᠠ ᠲᠠᠢ᠂ ᠨᠠᠩ ᠦᠷᠬᠦᠯᠵᠢᠯᠡᠬᠦ ᠪᠤᠯᠭᠠᠨ᠎ᠠ᠃                   ᠨᠢᠬᠡ ᠳᠤ᠂ ᠰᠤᠷᠭᠠᠨ ᠬᠦᠮᠦᠵᠢᠯ ᠤᠨ ᠦᠢᠯᠡᠰ ᠢ ᠤᠷᠢᠳᠠᠪᠠᠷ ᠬᠦᠭᠵᠢᠬᠦᠯᠦᠨ᠎ᠠ᠃ ᠨᠠᠮ ᠤᠨ ᠰᠤᠷᠭᠠᠨ  ᠬᠦᠮᠦᠵᠢᠯ ᠤᠨ ᠴᠢᠭᠯᠡᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠤᠰᠤ ᠰᠤᠷᠳᠠᠬᠤᠨ ᠢ ᠪᠤᠢ ᠪᠤᠯᠭᠠᠵᠤ᠂  ᠬᠦᠮᠤᠨ ᠢ ᠬᠦᠮᠦᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠤᠷᠢᠵᠢᠭᠤᠯᠵᠤ᠂ ᠬᠡᠪ ᠴᠢᠨᠠᠷ ᠤᠨ ᠰᠤᠷᠭᠠᠨ ᠬᠦᠮᠦᠵᠢᠯ ᠢ  ᠬᠦᠭᠵᠢᠬᠦᠯᠦᠨ᠂ ᠰᠤᠷᠭᠠᠨ ᠬᠦᠮᠦᠵᠢᠯ ᠤᠨ ᠭᠤᠤᠯᠴᠢ ᠲᠡᠭᠰᠢ ᠪᠠᠶᠢᠬᠤ ᠶᠢ ᠠᠬᠢᠭᠤᠯᠵᠤ᠂ ᠶᠤᠰᠤ ᠮᠤᠷᠠᠯ ᠤᠶᠤᠨ  ᠤᠬᠠᠭᠠᠨ ᠪᠡᠶ᠎ᠠ ᠮᠠᠬᠠᠪᠤᠳ ᠭᠤᠸ᠎ᠠ ᠰᠠᠶᠢᠬᠠᠨ ᠪᠦᠬᠦ ᠲᠠᠯ᠎ᠠ ᠪᠠᠷ ᠬᠦᠭᠵᠢᠭᠰᠡᠡ ᠨᠡᠶᠢᠬᠡᠮ ᠵᠢᠷᠤᠮ ᠤᠨ ᠪᠦᠳᠦᠬᠡᠨ  ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠬᠦᠯᠬᠦ ᠬᠡᠷᠡᠭᠳᠡᠢ᠃ ᠬᠤᠳᠠ ᠬᠦᠳᠡᠭᠡ ᠶᠢᠨ ᠠᠯᠪᠠᠨ ᠵᠢᠷᠤᠮ ᠤᠨ  ᠰᠤᠷᠭᠠᠨ ᠬᠦᠮᠦᠵᠢᠯ ᠢ ᠨᠢᠬᠡ ᠴᠤᠭᠴᠠᠵᠢᠭᠤᠯᠤᠨ ᠬᠦᠭᠵᠢᠬᠦᠯᠬᠦ ᠶᠢ ᠠᠬᠢᠭᠤᠯᠵᠤ᠂ ᠬᠦᠳᠡᠭᠡ ᠲᠤᠰᠬᠤᠨ ᠤ ᠠᠯᠪᠠᠨ  ᠵᠢᠷᠤᠮ ᠤᠨ ᠰᠤᠷᠭᠠᠨ ᠬᠦᠮᠦᠵᠢᠯ ᠢ ᠲᠡᠬᠡᠳᠦ ᠬᠡᠮᠵᠢᠶ᠎ᠠ ᠪᠠᠷ ᠴᠢᠬᠤᠯᠠᠴᠢᠯᠠᠨ᠂ ᠰᠤᠷᠬᠤ ᠨᠠᠰᠤᠨ ᠠᠴᠠ ᠡᠮᠦᠨᠡᠬᠢ  ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠪᠠ ᠰᠦᠯᠵᠢᠶᠠᠨ ᠤ ᠰᠤᠷᠭᠠᠨ ᠬᠦᠮᠦᠵᠢᠯ ᠢ ᠰᠠᠶᠢᠳᠤᠷ  ᠡᠷᠬᠢᠯᠡᠵᠤ᠂ ᠦᠨᠳᠦᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ ᠢ  ᠲᠦᠬᠡᠮᠡᠯᠵᠢᠬᠦᠯᠦᠨ᠂ ᠬᠡᠤᠬᠡᠳ ᠨᠢᠬᠡᠪᠦᠷᠢ ᠳᠤ ᠴᠦᠮ ᠭᠤᠤᠯᠴᠢ ᠲᠡᠭᠰᠢ ᠮᠦᠷᠳᠡᠬᠡᠨ ᠴᠢᠨᠠᠷ ᠴᠢᠨᠰᠠᠭ᠎ᠠ ᠲᠠᠢ ᠰᠤᠷᠭᠠᠨ  ᠬᠦᠮᠦᠵᠢᠯ ᠬᠦᠷᠳᠡᠬᠡᠬᠦ ᠪᠠᠷ ᠴᠢᠷᠮᠠᠶᠢᠨ᠎ᠠ᠃ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠠ ᠪᠤᠯᠪᠠᠰᠤᠷᠠᠭᠤᠯᠤᠯ ᠤᠨ  ᠰᠢᠰᠲ᠋ᠧᠮ ᠢ ᠲᠡᠬᠦᠯᠳᠡᠷᠵᠢᠬᠦᠯᠵᠤ᠂ ᠦᠢᠯᠡᠳᠪᠤᠷᠢᠯᠡᠯ ᠬᠢᠴᠢᠶᠠᠯ ᠬᠦᠮᠦᠵᠢᠯ ᠤᠨ ᠠᠭᠤᠰᠤᠯᠴᠠᠯ᠂ ᠰᠤᠷᠭᠠᠭᠤᠯᠢ ᠠᠵᠤ  ᠠᠬᠤᠢᠢᠯᠠᠯ ᠤᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠦᠨ᠎ᠠ᠃ ᠲᠡᠷᠢᠬᠦᠨ ᠵᠡᠷᠬᠡ ᠶᠢᠨ ᠶᠡᠭᠡ ᠰᠤᠷᠭᠠᠭᠤᠯᠢ ᠪᠠ  ᠲᠡᠷᠢᠬᠦᠨ ᠵᠡᠷᠬᠡ ᠶᠢᠨ ᠰᠢᠨᠵᠢᠯᠡᠬᠡᠨ ᠤ ᠰᠠᠯᠠᠭᠠᠨ ᠤ ᠪᠠᠶᠢᠭᠤᠯᠤᠯᠳᠠ ᠶᠢ ᠲᠦᠷᠬᠡᠳᠬᠡᠵᠤ᠂ ᠲᠡᠬᠡᠳᠤ ᠵᠡᠷᠬᠡ ᠶᠢᠨ  ᠰᠤᠷᠭᠠᠨ ᠬᠦᠮᠦᠵᠢᠯ ᠤᠨ ᠠᠭᠤᠯᠤᠭᠳᠠᠬᠤᠨ ᠤ ᠬᠡᠯᠪᠡᠷᠢᠳᠤ ᠬᠦᠭᠵᠢᠯᠳᠠ ᠶᠢ ᠪᠡᠶᠡᠯᠡᠬᠦᠯᠦᠨ᠎ᠠ᠃ ᠰᠤᠷᠤᠭᠴᠢᠳ ᠢ  ᠲᠤᠰᠠᠯᠠᠬᠤ ᠲᠦᠷᠢᠮ ᠢ ᠪᠦᠷᠢᠨᠰᠢᠬᠦᠯᠵᠤ᠂ ᠬᠤᠳᠠ ᠬᠦᠳᠡᠭᠡ ᠶᠢᠨ ᠰᠢᠨ᠎ᠠ ᠪᠠᠷ ᠨᠡᠮᠡᠭᠳᠡᠭᠰᠡᠡ ᠵᠤᠩᠬᠢᠯᠠᠬᠤ ᠤᠯᠠᠩᠬᠢ  ᠬᠦᠳᠡᠯᠮᠦᠷᠢ ᠬᠦᠴᠦᠨ ᠳᠤ ᠦᠨᠳᠦᠷ ᠵᠡᠷᠬᠡ ᠶᠢᠨ ᠲᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠨ ᠬᠦᠮᠦᠵᠢᠯ  ᠬᠦᠷᠳᠡᠬᠡᠵᠤ᠂ ᠲᠡᠬᠡᠳᠤ ᠵᠡᠷᠬᠡ ᠶᠢᠨ ᠰᠤᠷᠭᠠᠨ ᠬᠦᠮᠦᠵᠢᠯ ᠢ ᠨᠠᠩ ᠢᠯᠡᠬᠦᠦ ᠬᠦᠷᠳᠡᠬᠡᠨ᠎ᠠ᠃ ᠨᠠᠶᠢᠬᠡᠮ ᠤᠨ ᠬᠦᠴᠦᠨ ᠤ  ᠰᠤᠷᠭᠠᠨ ᠬᠦᠮᠦᠵᠢᠯ ᠡᠷᠬᠢᠯᠡᠬᠦ ᠶᠢ ᠲᠡᠮᠵᠢᠬᠦ ᠪᠠ ᠵᠢᠷᠤᠮᠵᠢᠭᠤᠯᠤᠨ᠎ᠠ᠃ ᠪᠠᠭᠰᠢ ᠶᠢᠨ ᠮᠤᠷᠠᠯ ᠪᠠᠭᠰᠢ ᠶᠢᠨ ᠰᠤᠷᠳᠠᠯ ᠤᠨ  ᠪᠠᠶᠢᠭᠤᠯᠤᠯᠳᠠ ᠶᠢ ᠴᠢᠩᠭᠠᠳᠬᠠᠵᠤ᠂ ᠦᠨᠳᠦᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠦᠮᠦᠵᠢᠬᠦᠯᠦᠨ᠂  ᠨᠡᠶᠢᠬᠡᠮ ᠲᠠᠶᠠᠭᠠᠷ ᠢᠶᠠᠨ ᠪᠠᠭᠰᠢ ᠶᠢ ᠬᠦᠨᠳᠦᠳᠬᠡᠵᠤ ᠰᠤᠷᠭᠠᠨ ᠬᠦᠮᠦᠵᠢᠯ ᠢ ᠴᠢᠬᠤᠯᠠᠴᠢᠯᠠᠬᠤ ᠶᠢ ᠰᠠᠨᠠᠭᠠᠴᠢᠯᠠᠨ᠎ᠠ᠃  ᠦᠷᠬᠦᠯᠵᠢᠯᠠᠯ ᠰᠤᠷᠭᠠᠨ ᠬᠦᠮᠦᠵᠢᠯ ᠢ ᠰᠠᠶᠢᠳᠤᠷ ᠡᠷᠬᠢᠯᠡᠨ᠂ ᠰᠤᠷᠤᠯᠴᠠᠬᠤ ᠮᠠᠶ᠋ᠢᠭ ᠤᠨ ᠨᠡᠶᠢᠬᠡᠮ ᠢ ᠲᠦᠷᠬᠡᠳᠬᠡᠨ  ᠪᠠᠶᠢᠭᠤᠯᠵᠤ᠂ ᠠᠷᠠᠳ ᠢᠷᠬᠡᠨ ᠤ ᠬᠡᠪ ᠴᠢᠨᠠᠷ ᠢ ᠶᠡᠬᠡᠪᠠᠷ ᠲᠡᠬᠡᠭᠰᠢᠯᠡᠬᠦᠯᠦᠨ᠎ᠠ᠃               ᠬᠤᠶᠠᠷ ᠲᠤ᠂ ᠠᠵᠢᠯ ᠤᠯᠭᠤᠯᠳᠠ ᠶᠢᠨ ᠴᠢᠨᠠᠷ ᠴᠢᠨᠰᠠᠭ᠎ᠠ ᠪᠠ ᠠᠷᠠᠳ ᠲᠦᠮᠡᠨ ᠤ ᠤᠷᠤᠯᠭ᠎ᠠ ᠶᠢᠨ  ᠲᠦᠪᠰᠢᠨ ᠢ ᠲᠡᠬᠡᠭᠰᠢᠯᠡᠬᠦᠯᠦᠨ᠎ᠠ᠃ ᠠᠵᠢᠯ ᠤᠯᠭᠤᠯᠳᠠ ᠶᠢ ᠲᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ  ᠢᠳᠡᠪᠬᠢᠳᠠᠢ ᠪᠠᠷ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ᠂ ᠨᠠᠩ ᠴᠢᠨᠠᠷ ᠰᠠᠶᠢᠳᠠᠢ᠂ ᠨᠠᠩ  ᠬᠦᠢᠴᠡᠳ ᠠᠵᠢᠯ ᠤᠯᠭᠤᠯᠳᠠ ᠶᠢ ᠪᠡᠶᠡᠯᠡᠬᠦᠯᠬᠦ ᠬᠡᠷᠡᠭᠳᠡᠢ᠃ ᠠᠵᠢᠯ ᠮᠡᠷᠬᠡᠵᠢᠯ ᠤᠨ ᠤᠷ᠎ᠠ ᠴᠢᠳᠠᠪᠤᠷᠢ ᠶᠢᠨ  ᠪᠤᠯᠪᠠᠰᠤᠷᠠᠭᠤᠯᠤᠯ ᠢ ᠶᠡᠭᠡ ᠬᠡᠪᠴᠢᠶ᠎ᠠ ᠪᠠᠷ ᠦᠷᠨᠢᠬᠦᠯᠵᠤ᠂ ᠪᠦᠳᠦᠴᠠ ᠶᠢᠨ ᠴᠢᠨᠠᠷᠳᠠᠢ ᠠᠵᠢᠯ ᠤᠯᠭᠤᠯᠳᠠ ᠶᠢᠨ  ᠵᠦᠷᠢᠴᠡᠯ ᠢ ᠴᠢᠬᠤᠯᠠᠴᠢᠯᠠᠨ ᠰᠢᠢᠳᠪᠤᠷᠢᠯᠡᠵᠤ᠂ ᠦᠢᠯᠡᠰ ᠪᠤᠰᠬᠠᠬᠤ ᠪᠠᠷ ᠠᠵᠢᠯ ᠤᠯᠭᠤᠯᠳᠠ ᠶᠢ ᠲᠠᠶᠢᠴᠢᠯᠠᠬᠤ ᠶᠢ  ᠵᠤᠷᠢᠬᠵᠢᠭᠤᠯᠤᠨ᠎ᠠ᠃ ᠤᠯᠠᠠ ᠨᠠᠶᠢᠳᠠ ᠶᠢᠨ ᠠᠵᠢᠯ ᠤᠯᠭᠤᠯᠳᠠ ᠶᠢᠨ ᠪᠦᠬᠦ ᠲᠠᠯᠠᠳᠤ ᠦᠢᠯᠡᠴᠢᠯᠡᠭᠡ ᠶᠢ ᠬᠠᠩᠭᠠᠵᠤ᠂  ᠶᠡᠭᠡ ᠲᠡᠬᠡᠳᠤ ᠰᠤᠷᠭᠠᠭᠤᠯᠢ ᠲᠡᠬᠦᠰᠦᠭᠰᠡᠡ ᠰᠤᠷᠤᠭᠴᠢ ᠵᠡᠷᠬᠡ ᠵᠠᠯᠠᠭᠤᠴᠤᠳ ᠤᠨ ᠤᠯᠠᠨ ᠨᠠᠶᠢᠳᠠ ᠪᠤᠯᠤᠨ  ᠬᠦᠯᠦᠰᠦᠨ ᠲᠠᠷᠢᠶᠠᠴᠢᠳ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠪᠠ ᠦᠢᠯᠡᠰ ᠪᠤᠰᠬᠠᠬᠤ ᠶᠢ ᠠᠬᠢᠭᠤᠯᠤᠨ᠎ᠠ᠃  ᠬᠦᠳᠡᠯᠮᠦᠷᠢ ᠬᠦᠴᠦᠨ᠂ ᠴᠢᠳᠠᠪᠤᠷᠢᠳᠠᠨ ᠤ ᠨᠡᠶᠢᠬᠡᠮᠴᠢ ᠴᠢᠨᠠᠷᠳᠠᠢ ᠰᠢᠯᠵᠢᠯᠳᠠ ᠶᠢ ᠬᠠᠷᠰᠢᠯᠠᠬᠤ ᠪᠠᠶᠢᠭᠤᠯᠤᠮᠵᠢ  ᠲᠤᠭᠳᠠᠴᠠ ᠶᠢᠨ ᠬᠡᠮ ᠰᠤᠭᠤᠭ ᠢ ᠠᠷᠢᠯᠭᠠᠵᠤ᠂ ᠬᠦᠮᠦᠨ ᠪᠦᠬᠦᠨ ᠢ ᠴᠦᠮ ᠰᠢᠷᠭᠠᠭᠤ ᠬᠦᠳᠡᠯᠮᠦᠷᠢ ᠪᠠᠷ ᠢᠶᠠᠨ  ᠦᠪᠡᠷ ᠢ ᠪᠠᠨ ᠬᠦᠭᠵᠢᠬᠦᠯᠬᠦ ᠵᠠᠪᠰᠢᠶᠠᠨ ᠲᠠᠢ ᠪᠤᠯᠭᠠᠨ᠎ᠠ᠃ ᠵᠠᠰᠠᠭ ᠤᠨ ᠤᠷᠳᠤᠨ᠂ ᠠᠵᠢᠯᠴᠢᠨ ᠤ ᠡᠪᠯᠡᠯ᠂ ᠠᠵᠤ  ᠠᠬᠤᠢᠢᠯᠠᠯ ᠬᠠᠮᠳᠤᠪᠠᠷ ᠤᠷᠤᠯᠴᠠᠭᠰᠠᠠ ᠵᠦᠪᠳᠡᠯᠴᠡᠨ ᠵᠤᠬᠢᠴᠠᠭᠤᠯᠬᠤ ᠲᠤᠭᠳᠠᠴᠠ ᠶᠢ ᠲᠡᠬᠦᠯᠳᠡᠷᠵᠢᠬᠦᠯᠵᠤ᠂ ᠡᠶ᠎ᠡ  ᠵᠤᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠦᠳᠡᠯᠮᠦᠷᠢᠯᠡᠭᠰᠡᠡ ᠤ ᠪᠠᠨ ᠬᠢᠷᠢ ᠪᠠᠷ  ᠬᠤᠪᠢᠶᠠᠷᠢᠯᠠᠬᠤ ᠵᠠᠷᠴᠢᠮ ᠢ ᠪᠠᠷᠢᠮᠳᠠᠯᠠᠵᠤ᠂ ᠡᠯᠧᠮᠧᠨ᠋ᠲ ᠢᠶᠠᠷ ᠬᠤᠪᠢᠶᠠᠷᠢᠯᠠᠬᠤ ᠪᠠᠶᠢᠭᠤᠯᠤᠮᠵᠢ ᠲᠤᠭᠳᠠᠴᠠ ᠶᠢ  ᠲᠡᠬᠦᠯᠳᠡᠷᠵᠢᠬᠦᠯᠦᠨ᠂ ᠤᠷᠤᠯᠭ᠎ᠠ ᠶᠢᠨ ᠬᠤᠪᠢᠶᠠᠷᠢᠯᠠᠯᠳᠠ ᠶᠢᠨ ᠨᠠᠩ ᠵᠦᠢ ᠵᠤᠬᠢᠰᠳᠠᠢ᠂ ᠨᠠᠩ ᠡᠮᠬᠢ ᠵᠢᠷᠤᠮ ᠲᠠᠢ  ᠪᠤᠯᠬᠤ ᠶᠢ ᠠᠬᠢᠭᠤᠯᠤᠨ᠎ᠠ᠃ ᠠᠵᠢᠯᠴᠢ ᠬᠦᠳᠡᠯᠮᠦᠷᠢᠴᠢ ᠪᠦᠬᠡᠳ ᠬᠠᠤᠯᠢ ᠶᠢ ᠰᠠᠬᠢᠨ ᠴᠢᠨᠡᠬᠡᠯᠢᠭᠵᠢᠬᠦ ᠶᠢ  ᠵᠤᠷᠢᠬᠵᠢᠭᠤᠯᠵᠤ᠂ ᠳᠤᠮᠳᠠᠴᠢ ᠲᠦᠪᠰᠢᠨ ᠤ ᠤᠷᠤᠯᠭ᠎ᠠ ᠲᠠᠢ ᠤᠯᠠᠠ ᠨᠠᠶᠢᠳᠠ ᠶᠢ ᠦᠷᠬᠡᠳᠬᠡᠨ᠂ ᠤᠷᠤᠯᠭ᠎ᠠ ᠪᠠᠭᠠᠳᠠᠢ  ᠬᠦᠮᠦᠰ ᠤᠨ ᠤᠷᠤᠯᠭ᠎ᠠ ᠶᠢ ᠨᠡᠮᠡᠭᠳᠡᠬᠦᠯᠵᠤ᠂ ᠬᠡᠳᠦ ᠦᠨᠳᠦᠷ ᠤᠷᠤᠯᠭ᠎ᠠ ᠶᠢ ᠲᠤᠬᠢᠷᠠᠭᠤᠯᠵᠤ᠂ ᠬᠠᠤᠯᠢ ᠪᠤᠰᠤ  ᠤᠷᠤᠯᠭ᠎ᠠ ᠶᠢ ᠴᠠᠭᠠᠵᠠᠯᠠᠨ᠎ᠠ᠃ ᠠᠵᠤ ᠠᠬᠤᠢ ᠶᠢ ᠨᠡᠮᠡᠭᠳᠡᠬᠦᠯᠬᠦ ᠶᠢᠨ ᠬᠠᠮᠳᠤ ᠰᠠᠭᠤᠭᠠᠯᠢ ᠠᠷᠠᠳ ᠤᠨ ᠤᠷᠤᠯᠭ᠎ᠠ ᠶᠢ  ᠵᠡᠷᠬᠡ ᠳᠤᠨᠢ ᠨᠡᠮᠡᠭᠳᠡᠬᠦᠯᠬᠦ᠂ ᠬᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠲᠡᠬᠡᠭᠰᠢᠯᠡᠬᠦᠯᠬᠦ ᠶᠢᠨ ᠬᠠᠮᠳᠤ  ᠬᠦᠳᠡᠯᠮᠦᠷᠢ ᠶᠢᠨ ᠬᠦᠯᠦᠰᠤ ᠤᠯᠭᠤᠮᠵᠢ ᠶᠢ ᠵᠡᠷᠬᠡ ᠳᠤᠨᠢ ᠲᠡᠬᠡᠭᠰᠢᠯᠡᠬᠦᠯᠬᠦ ᠶᠢ ᠪᠠᠷᠢᠮᠳᠠᠯᠠᠨ᠎ᠠ᠃ ᠰᠠᠭᠤᠭᠠᠯᠢ  ᠠᠷᠠᠳ ᠤᠨ ᠬᠦᠳᠡᠯᠮᠦᠷᠢ ᠶᠢᠨ ᠤᠷᠤᠯᠭ᠎ᠠ ᠪᠠ ᠡᠳ᠋ ᠬᠦᠷᠦᠩᠬᠡ ᠶᠢᠨ ᠴᠢᠨᠠᠷᠳᠠᠢ ᠤᠷᠤᠯᠭ᠎ᠠ ᠤᠯᠬᠤ ᠵᠠᠮ ᠢ  ᠦᠷᠬᠡᠳᠬᠡᠨ᠎ᠠ᠃ ᠵᠠᠰᠠᠭ ᠤᠨ ᠤᠷᠳᠤᠨ ᠤ ᠲᠠᠬᠢᠨ ᠬᠤᠪᠢᠶᠠᠷᠢᠯᠠᠯᠳᠠ ᠶᠢᠨ ᠲᠤᠬᠢᠷᠠᠭᠤᠯᠬᠤ ᠡᠬᠦᠷᠬᠡ ᠴᠢᠳᠠᠪᠤᠷᠢ ᠶᠢ  ᠰᠠᠶᠢᠳᠤᠷ ᠬᠦᠢᠴᠡᠳᠬᠡᠨ᠂ ᠤᠯᠠᠨ ᠨᠠᠶᠢᠳᠠ ᠶᠢᠨ ᠦᠨᠳᠦᠰᠦᠨ ᠦᠢᠯᠡᠴᠢᠯᠡᠭᠡ ᠶᠢ ᠲᠡᠩᠴᠡᠬᠦᠷᠢᠰᠢᠬᠦᠯᠬᠦ ᠶᠢ  ᠲᠦᠷᠬᠡᠳᠬᠡᠨ ᠠᠬᠢᠭᠤᠯᠵᠤ᠂ ᠤᠷᠤᠯᠭ᠎ᠠ ᠶᠢᠨ ᠬᠤᠪᠢᠶᠠᠷᠢᠯᠠᠯᠳᠠ ᠶᠢᠨ ᠵᠦᠷᠢᠶ᠎ᠠ ᠶᠢ ᠪᠠᠭᠠᠰᠬᠠᠨ᠎ᠠ᠃                ᠭᠤᠷᠪᠠ ᠳᠤ᠂ ᠨᠡᠶᠢᠬᠡᠮ ᠤᠨ ᠪᠠᠳᠤᠯᠠᠭ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠪᠦᠬᠦ  ᠠᠷᠠᠳ ᠢ ᠬᠠᠮᠤᠷᠬᠤ᠂ ᠬᠤᠳᠠ ᠬᠦᠳᠡᠭᠡ ᠶᠢ ᠨᠢᠬᠡᠳᠦᠯᠳᠠᠢ ᠲᠦᠯᠦᠪᠯᠡᠬᠦ᠂ ᠡᠷᠬᠡ ᠬᠠᠷᠢᠭᠤᠴᠠᠯᠭ᠎ᠠ ᠲᠤᠳᠤᠷᠬᠠᠢ ᠂  ᠪᠠᠳᠤᠯᠠᠭ᠎ᠠ ᠨᠢ ᠲᠤᠬᠢᠷᠠᠮᠵᠢᠳᠠᠢ᠂ ᠦᠷᠬᠦᠯᠵᠢᠯᠡᠵᠤ ᠴᠢᠳᠠᠬᠤᠢᠢᠴᠠ ᠤᠯᠠᠨ ᠲᠡᠰ ᠲᠠᠪᠬᠤᠷᠭᠠᠳᠤ ᠨᠡᠶᠢᠬᠡᠮ ᠤᠨ  ᠪᠠᠳᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠬᠡᠨ᠎ᠠ᠃ ᠪᠦᠬᠦ ᠠᠷᠠᠳ ᠢ ᠲᠠᠭᠠᠳᠬᠠᠯ ᠳᠤ  ᠤᠷᠤᠯᠴᠠᠭᠤᠯᠬᠤ ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠦᠨ᠎ᠠ᠃ ᠬᠤᠳᠠ ᠪᠠᠯᠭᠠᠰᠤᠨ ᠤ ᠠᠵᠢᠯᠳᠠᠠ  ᠠᠵᠢᠯᠴᠢᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠪᠠ ᠬᠤᠳᠠ ᠬᠦᠳᠡᠭᠡ ᠶᠢᠨ ᠰᠠᠭᠤᠭᠠᠯᠢ  ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠲᠠᠭᠠᠳᠬᠠᠯ ᠤᠨ ᠲᠦᠷᠢᠮ ᠢ ᠲᠡᠬᠦᠯᠳᠡᠷᠵᠢᠬᠦᠯᠵᠤ᠂  ᠨᠠᠰᠤᠵᠢᠯ ᠤᠨ ᠠᠰᠠᠷᠠᠮᠵᠢ ᠶᠢᠨ ᠲᠠᠭᠠᠳᠬᠠᠯ ᠢ ᠪᠦᠬᠦ ᠤᠯᠤᠰ ᠲᠤ ᠨᠢᠬᠡᠳᠦᠯᠳᠠᠢ ᠲᠦᠯᠦᠪᠯᠡᠬᠦ ᠶᠢ ᠠᠯᠢ ᠲᠦᠷᠬᠡᠨ  ᠪᠡᠶᠡᠯᠡᠬᠦᠯᠦᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠢᠬᠡᠳᠦᠯᠳᠠᠢ ᠡᠮᠨᠡᠯᠬᠡ ᠶᠢᠨ ᠦᠨᠳᠦᠰᠦᠨ  ᠲᠠᠭᠠᠳᠬᠠᠯ ᠤᠨ ᠲᠦᠷᠢᠮ ᠪᠠ ᠬᠦᠨᠳᠤ ᠡᠪᠡᠳᠴᠢᠨ ᠤ ᠲᠠᠭᠠᠳᠬᠠᠯ ᠤᠨ ᠲᠦᠷᠢᠮ ᠢ ᠲᠡᠬᠦᠯᠳᠡᠷᠵᠢᠬᠦᠯᠦᠨ᠎ᠠ᠃ ᠠᠵᠢᠯ  ᠠᠯᠳᠠᠯᠳᠠ ᠶᠢᠨ ᠲᠠᠭᠠᠳᠬᠠᠯ ᠪᠠ ᠠᠵᠢᠯ ᠠᠴᠠ ᠪᠤᠯᠤᠭᠰᠠᠠ ᠬᠡᠮᠳᠦᠯ ᠤᠨ ᠲᠠᠭᠠᠳᠬᠠᠯ ᠤᠨ ᠲᠦᠷᠢᠮ ᠢ  ᠲᠡᠬᠦᠯᠳᠡᠷᠵᠢᠬᠦᠯᠦᠨ᠎ᠠ᠃ ᠪᠦᠬᠦ ᠤᠯᠤᠰ ᠤᠨ ᠨᠡᠶᠢᠬᠡᠮ ᠤᠨ ᠲᠠᠭᠠᠳᠬᠠᠯ ᠤᠨ ᠤᠯᠠᠨ ᠨᠠᠶᠢᠳᠠ ᠶᠢᠨ ᠦᠢᠯᠡᠴᠢᠯᠡᠬᠡᠨ ᠤ  ᠨᠢᠬᠡᠳᠦᠯᠳᠠᠢ ᠲᠠᠪᠴᠠᠩ ᠢ ᠪᠠᠶᠢᠭᠤᠯᠤᠨ᠎ᠠ᠃ ᠬᠤᠳᠠ ᠬᠦᠳᠡᠭᠡ ᠶᠢᠨ ᠨᠡᠶᠢᠬᠡᠮ ᠤᠨ ᠠᠪᠤᠷᠠᠨ ᠲᠤᠰᠠᠯᠠᠬᠤ ᠰᠢᠰᠲ᠋ᠧᠮ ᠢ  ᠨᠢᠬᠡᠳᠤᠯᠳᠠᠢ ᠲᠦᠯᠦᠪᠯᠡᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠲᠦᠷᠢᠮ ᠢ  ᠲᠡᠬᠦᠯᠳᠡᠷᠵᠢᠬᠦᠯᠦᠨ᠎ᠠ᠃ ᠡᠷᠡᠭᠳᠡᠢ ᠡᠮᠡᠭᠳᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠤᠳᠤᠯᠭ᠎ᠠ ᠶᠢ  ᠪᠠᠷᠢᠮᠳᠠᠯᠠᠵᠤ᠂ ᠡᠮᠡᠭᠳᠡᠶᠢᠴᠤᠳ ᠬᠡᠤᠬᠡᠳ ᠤᠨ ᠬᠠᠤᠯᠢ ᠶᠤᠰᠤᠨ ᠤ ᠡᠷᠬᠡ ᠠᠰᠢᠬ ᠢ ᠪᠠᠳᠤᠯᠠᠨ᠎ᠠ᠃ ᠨᠡᠶᠢᠬᠡᠮ ᠤᠨ  ᠲᠡᠳᠬᠦᠮᠵᠢ ᠲᠤᠰᠠᠯᠠᠮᠵᠢ᠂ ᠨᠡᠶᠢᠬᠡᠮ ᠤᠨ ᠠᠰᠠᠷᠠᠮᠵᠢ᠂ ᠨᠢᠬᠦᠯᠡᠰᠦᠩᠬᠦᠢ ᠶᠢᠨ ᠦᠢᠯᠡᠰ᠂ ᠠᠰᠠᠷᠠᠨ ᠬᠠᠷᠠᠭᠠᠯᠵᠠᠵᠤ  ᠲᠦᠪᠬᠢᠨᠡᠬᠦᠯᠬᠦ ᠵᠡᠷᠬᠡ ᠲᠦᠷᠢᠮ ᠢ ᠲᠡᠬᠦᠯᠳᠡᠷᠵᠢᠬᠦᠯᠵᠤ᠂ ᠬᠦᠳᠡᠭᠡ ᠲᠤᠰᠬᠤᠨ ᠤ ᠬᠡᠷ ᠲᠡᠭᠡᠨ ᠬᠤᠴᠤᠷᠤᠭᠰᠠᠠ  ᠬᠡᠤᠬᠡᠳ ᠪᠠ ᠡᠮᠡᠭᠳᠡᠶᠢᠴᠤᠳ᠂ ᠨᠠᠰᠤᠳᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠬᠡᠨ ᠤ ᠰᠢᠰᠲ᠋ᠧᠮ ᠢ  ᠪᠦᠷᠢᠨᠰᠢᠬᠦᠯᠦᠨ᠎ᠠ᠃ ᠵᠡᠮᠳᠡᠭᠴᠤᠳ ᠤᠨ ᠦᠢᠯᠡᠰ ᠢ ᠬᠦᠭᠵᠢᠬᠦᠯᠵᠤ᠂ ᠵᠡᠮᠳᠡᠭᠴᠤᠳ ᠢ ᠡᠷᠡᠬᠦᠯᠵᠢᠬᠦᠯᠬᠦ  ᠦᠢᠯᠡᠴᠢᠯᠡᠭᠡ ᠶᠢ ᠴᠢᠩᠭᠠᠳᠬᠠᠨ᠎ᠠ᠂ ᠬᠡᠷ ᠪᠠᠶᠢᠰᠢᠩ ᠢ ᠪᠤᠯ ᠰᠠᠭᠤᠬᠤ ᠶᠢᠨ ᠲᠦᠯᠦᠬᠡ ᠠᠴᠠ ᠪᠢᠰᠢ  ᠠᠷᠠᠯᠵᠢᠶᠠᠯᠠᠬᠤ ᠶᠢᠨ ᠲᠦᠯᠦᠬᠡ ᠪᠠᠷᠢᠬᠰᠠᠠ ᠪᠢᠰᠢ ᠬᠡᠬᠦ ᠪᠠᠶᠢᠷᠢ ᠲᠤᠭᠳᠠᠭᠠᠯᠳᠠ ᠶᠢ ᠪᠠᠷᠢᠮᠳᠠᠯᠠᠵᠤ᠂ ᠤᠯᠠᠨ ᠪᠡᠶᠡᠴᠢ  ᠴᠤᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠳᠤᠯᠠᠬᠤ᠂ ᠲᠦᠷᠢᠶᠡᠰᠦᠯᠡᠬᠦ ᠪᠤᠯᠤᠨ ᠬᠤᠳᠠᠯᠳᠤᠨ  ᠠᠪᠬᠤ ᠶᠢ ᠵᠡᠷᠬᠡᠪᠠᠷ ᠴᠢᠬᠤᠯᠠᠴᠢᠯᠠᠬᠤ ᠤᠷᠤᠨ ᠰᠠᠭᠤᠴᠠ ᠶᠢᠨ ᠲᠦᠷᠢᠮ ᠢ ᠲᠦᠷᠬᠡᠳᠬᠡᠨ ᠪᠠᠶᠢᠭᠤᠯᠵᠤ᠂ ᠪᠦᠬᠦ ᠠᠷᠠᠳ  ᠲᠦᠮᠡᠨ ᠢ ᠰᠠᠭᠤᠬᠤ ᠠᠴᠠ ᠤᠷᠤᠨ ᠰᠠᠭᠤᠴᠠ ᠲᠠᠢ ᠪᠤᠯᠭᠠᠨ᠎ᠠ᠃               ᠲᠦᠷᠪᠠ ᠳᠤ ᠶᠠᠳᠠᠭᠤ ᠠᠴᠠ ᠠᠩᠬᠢᠵᠢᠷᠠᠭᠤᠯᠬᠤ ᠬᠦᠴᠢᠷ ᠰᠡᠳᠦᠪ ᠢ ᠰᠢᠢᠳᠪᠤᠷᠢᠯᠡᠬᠦ ᠲᠠᠶᠢᠨ ᠳᠤ ᠵᠠᠪᠠᠯ  ᠢᠯᠠᠯᠳᠠ ᠤᠯᠤᠨ᠎ᠠ᠃ ᠪᠦᠬᠦ ᠨᠠᠮ ᠪᠦᠬᠦ ᠤᠯᠤᠰ ᠪᠦᠬᠦ ᠨᠡᠶᠢᠬᠡᠮ ᠤᠨ ᠬᠦᠴᠦᠨ ᠢ ᠲᠠᠶᠢᠴᠢᠯᠠᠵᠤ᠂ ᠤᠨᠢᠨ ᠲᠡᠬᠡᠷ᠎ᠠ ᠨᠢ  ᠶᠠᠳᠠᠭᠤ ᠶᠢ ᠲᠡᠳᠬᠦᠵᠤ᠂ ᠤᠨᠢᠨ ᠲᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠶᠢ ᠪᠠᠷᠢᠮᠳᠠᠯᠠᠠ᠂ ᠲᠦᠪ ᠠᠴᠠ  ᠨᠢᠬᠡᠳᠦᠯᠳᠠᠢ ᠲᠦᠯᠦᠪᠯᠡᠨ ᠮᠤᠵᠢ ᠶᠡᠷᠦᠩᠬᠡᠢ ᠳᠤᠨᠢ ᠬᠠᠷᠢᠭᠤᠴᠠᠵᠤ ᠬᠤᠳᠠ ᠰᠢᠶᠠᠨ ᠨᠠᠶᠢᠳᠠᠪᠤᠷᠢᠵᠢᠭᠤᠯᠬᠤ ᠶᠢ  ᠠᠳᠬᠤᠬᠤ ᠠᠵᠢᠯ ᠤᠨ ᠲᠤᠭᠳᠠᠴᠠ ᠶᠢ ᠪᠠᠷᠢᠮᠳᠠᠯᠠᠵᠤ᠂ ᠨᠠᠮ ᠵᠠᠰᠠᠭ ᠤᠨ ᠨᠢᠬᠡᠳᠦᠬᠡᠷ ᠭᠠᠷ ᠶᠡᠷᠦᠩᠬᠡᠢ ᠳᠤᠨᠢ  ᠬᠠᠷᠢᠭᠤᠴᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠶᠠᠳᠠᠭᠤ ᠶᠢ ᠲᠡᠳᠬᠦᠬᠦ ᠶᠡᠭᠡ ᠪᠠᠶᠢᠷᠢᠰᠢᠯ ᠢ  ᠪᠠᠷᠢᠮᠳᠠᠯᠠᠠ᠂ ᠶᠠᠳᠠᠭᠤ ᠶᠢ ᠲᠡᠳᠬᠦᠬᠦ ᠶᠢ ᠵᠤᠷᠢᠬ ᠢ ᠲᠡᠳᠬᠦᠬᠦ ᠪᠠ ᠤᠶᠤᠨ ᠤᠬᠠᠭᠠᠨ ᠢ ᠲᠡᠳᠬᠦᠬᠦ ᠲᠠᠢ  ᠤᠶᠠᠯᠳᠤᠭᠤᠯᠬᠤ ᠶᠢ ᠴᠢᠬᠤᠯᠠᠴᠢᠯᠠᠵᠤ᠂ ᠵᠡᠬᠦᠨ ᠬᠡᠰᠡᠭ ᠪᠠ ᠪᠠᠷᠠᠭᠤᠨ ᠬᠡᠰᠡᠭ ᠤᠨ ᠭᠠᠵᠠᠷ ᠤᠷᠤᠨ ᠤ ᠶᠠᠳᠠᠭᠤ ᠶᠢ  ᠲᠡᠳᠬᠦᠬᠦ ᠬᠠᠮᠵᠢᠯᠴᠠᠭ᠎ᠠ ᠶᠢ ᠬᠦᠨᠵᠡᠬᠡᠢ ᠬᠡᠷᠡᠭᠵᠢᠬᠦᠯᠦᠨ᠂ ᠤᠨᠴᠠᠭᠠᠢ ᠶᠠᠳᠠᠭᠤ ᠬᠦᠴᠢᠷᠳᠡᠯ ᠲᠠᠢ ᠭᠠᠵᠠᠷ ᠤᠷᠤᠨ ᠤ  ᠶᠠᠳᠠᠭᠤ ᠠᠴᠠ ᠠᠩᠬᠢᠵᠢᠷᠠᠭᠤᠯᠬᠤ ᠡᠬᠦᠷᠬᠡ ᠶᠢ ᠭᠤᠤᠯᠳᠠᠯᠭ᠎ᠠ ᠲᠠᠢ ᠪᠡᠶᠡᠯᠡᠬᠦᠯᠵᠤ᠂ 2020 ᠤᠨ ᠪᠤᠯᠬᠤ ᠳᠤ ᠮᠠᠨ ᠤ  ᠤᠯᠤᠰ ᠤᠨ ᠤᠳᠤ ᠶᠢᠨ ᠬᠡᠷᠡᠭᠵᠢᠬᠦᠯᠵᠤ ᠪᠠᠶᠢᠭ᠎ᠠ ᠪᠠᠷᠢᠮᠵᠢᠶ᠎ᠠ ᠲᠤᠤᠷ᠎ᠠ ᠬᠦᠳᠡᠭᠡ ᠲᠤᠰᠬᠤᠨ ᠤ ᠶᠠᠳᠠᠭᠤ  ᠬᠦᠴᠢᠷᠳᠡᠯ ᠲᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠶᠢ ᠪᠡᠶᠡᠯᠡᠬᠦᠯᠬᠦ᠂ ᠶᠠᠳᠠᠭᠤ ᠬᠦᠴᠢᠷᠳᠡᠯ ᠲᠠᠢ  ᠰᠢᠶᠠᠨ ᠢ ᠪᠦᠬᠦᠳᠠ ᠶᠢ ᠶᠠᠳᠠᠭᠤ ᠠᠴᠠ ᠠᠩᠬᠢᠵᠢᠷᠠᠭᠤᠯᠬᠤ᠂ ᠤᠷᠤᠨ ᠪᠦᠰᠠ ᠶᠢᠨ ᠴᠢᠨᠠᠷᠳᠠᠢ ᠪᠦᠬᠦᠢ ᠴᠤᠭᠴᠠ ᠶᠢᠨ  ᠶᠠᠳᠠᠭᠤ ᠬᠦᠴᠢᠷᠳᠡᠯ ᠢ ᠰᠢᠢᠳᠪᠤᠷᠢᠯᠡᠬᠦ ᠶᠢ ᠦᠨᠡᠨᠬᠦ ᠪᠠᠳᠤᠯᠠᠵᠤ᠂ ᠵᠢᠩᠬᠢᠨᠢ ᠶᠠᠳᠠᠭᠤ ᠶᠢ ᠶᠠᠳᠠᠭᠤ ᠠᠴᠠ  ᠠᠩᠬᠢᠵᠢᠷᠠᠭᠤᠯᠵᠤ᠂ ᠶᠠᠳᠠᠭᠤ ᠠᠴᠠ ᠦᠨᠡᠨ ᠠᠩᠬᠢᠵᠢᠷᠠᠭᠤᠯᠬᠤ ᠬᠡᠷᠡᠭᠳᠡᠢ᠃                 ᠲᠠᠪᠤ ᠳᠤ ᠡᠷᠡᠬᠦᠯ ᠡᠩᠬᠡ ᠲᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃ ᠠᠷᠠᠳ  ᠢᠷᠡᠬᠡᠳ ᠤᠨ ᠡᠷᠡᠬᠦᠯ ᠮᠡᠨᠳᠤ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠠᠷᠠᠳ ᠤᠯᠠᠨ ᠳᠤ ᠪᠦᠬᠦ  ᠲᠠᠯ᠎ᠠ ᠶᠢᠨ ᠪᠦᠬᠡᠳ ᠪᠦᠬᠦ ᠦᠶᠡᠯᠡᠯ ᠤᠨ ᠡᠷᠡᠬᠦᠯ ᠮᠡᠨᠳᠤ ᠶᠢᠨ ᠦᠢᠯᠡᠴᠢᠯᠡᠭᠡ ᠬᠠᠩᠭᠠᠬᠤ ᠬᠡᠷᠡᠭᠳᠡᠢ᠃ ᠡᠮ ᠡᠮᠨᠡᠯᠬᠡ  ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠤ᠂ ᠲᠤᠮᠳᠠᠳᠤ ᠤᠯᠤᠰ ᠤᠨ  ᠤᠨᠴᠠᠯᠢᠭ ᠪᠦᠬᠦᠢ ᠦᠨᠳᠦᠰᠦᠨ ᠡᠮᠴᠢᠯᠡᠭᠡ ᠡᠷᠡᠬᠦᠯ ᠬᠠᠮᠠᠭᠠᠯᠠᠯ ᠤᠨ ᠲᠦᠷᠢᠮ᠂ ᠡᠮᠴᠢᠯᠡᠬᠡᠨ ᠤ ᠪᠠᠳᠤᠯᠠᠭ᠎ᠠ ᠶᠢᠨ  ᠲᠦᠷᠢᠮ ᠪᠠ ᠴᠢᠨᠠᠷ ᠰᠠᠶᠢᠳᠠᠢ ᠪᠦᠬᠡᠳ ᠦᠨᠳᠦᠷ ᠪᠦᠳᠦᠮᠵᠢᠳᠠᠢ ᠡᠮᠴᠢᠯᠡᠭᠡ ᠡᠷᠡᠬᠦᠯ ᠬᠠᠮᠠᠭᠠᠯᠠᠯ ᠤᠨ  ᠦᠢᠯᠡᠴᠢᠯᠡᠬᠡᠨ ᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠂ ᠤᠳᠤ ᠦᠶ᠎ᠠ ᠶᠢᠨ ᠡᠮᠨᠡᠯᠬᠡ ᠶᠢᠨ ᠬᠤᠷᠢᠶᠠᠨ ᠤ  ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠦᠨ᠎ᠠ᠃ ᠦᠨᠳᠦᠰᠦᠨ ᠱᠠᠳᠤᠨ ᠤ ᠡᠮᠴᠢᠯᠡᠭᠡ ᠡᠷᠡᠬᠦᠯ ᠬᠠᠮᠠᠭᠠᠯᠠᠯ ᠤᠨ  ᠦᠢᠯᠡᠴᠢᠯᠡᠬᠡᠨ ᠤ ᠰᠢᠰᠲ᠋ᠧᠮ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ  ᠃ ᠡᠮ ᠢᠶᠠᠷ ᠡᠮᠨᠡᠯᠬᠡ ᠶᠢᠨ ᠬᠤᠷᠢᠶ᠎ᠠ ᠶᠢ ᠲᠡᠵᠢᠬᠡᠬᠦ ᠶᠢ ᠪᠦᠬᠦ ᠲᠠᠯ᠎ᠠ ᠪᠠᠷ ᠠᠷᠢᠯᠭᠠᠵᠤ᠂ ᠡᠮ ᠤᠨ ᠵᠦᠢᠯ ᠤᠨ  ᠬᠠᠩᠭᠠᠯᠭ᠎ᠠ ᠶᠢᠨ ᠪᠠᠳᠤᠯᠠᠭ᠎ᠠ ᠶᠢᠨ ᠲᠦᠷᠢᠮ ᠢ ᠪᠦᠷᠢᠨᠰᠢᠬᠦᠯᠤᠨ᠎ᠠ᠃ ᠰᠡᠷᠬᠡᠶᠢᠯᠡᠬᠦ ᠪᠠᠷ ᠭᠤᠤᠯ ᠪᠤᠯᠭᠠᠬᠤ ᠶᠢ  ᠪᠠᠷᠢᠮᠳᠠᠯᠠᠨ᠂ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠬᠦᠨᠵᠡᠬᠡᠢ ᠦᠷᠨᠢᠬᠦᠯᠵᠤ᠂ ᠡᠷᠡᠬᠦᠯ  ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠬᠦᠨᠳᠤ ᠶᠡᠭᠡ ᠡᠪᠡᠳᠴᠢᠨ ᠡᠮᠬᠡᠭ ᠢ ᠰᠡᠷᠬᠡᠶᠢᠯᠡᠨ  ᠬᠢᠵᠠᠭᠠᠷᠯᠠᠨ᠎ᠠ᠃ ᠢᠳᠡᠬᠡᠨ ᠤ ᠠᠶᠤᠯᠬᠦᠢ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠠᠷᠠᠳ ᠲᠦᠮᠡᠨ ᠢ  ᠰᠠᠨᠠᠭ᠎ᠠ ᠠᠮᠤᠷ ᠢᠳᠡᠬᠦ ᠪᠤᠯᠭᠠᠨ᠎ᠠ᠃ ᠬᠢᠳᠠᠳ ᠡᠮᠨᠡᠯᠬᠡ ᠪᠠ ᠡᠸᠦ᠋ᠷᠦᠫᠠ ᠡᠮᠨᠡᠯᠬᠡ ᠶᠢ ᠵᠡᠷᠬᠡᠪᠠᠷ ᠴᠢᠬᠤᠯᠠᠴᠢᠯᠠᠬᠤ ᠶᠢ  ᠪᠠᠷᠢᠮᠳᠠᠯᠠᠵᠤ᠂ ᠬᠢᠳᠠᠳ ᠡᠮ ᠡᠮᠨᠡᠯᠬᠡ ᠶᠢᠨ ᠦᠢᠯᠡᠰ ᠢ ᠵᠠᠯᠭᠠᠮᠵᠢᠯᠠᠨ ᠬᠦᠭᠵᠢᠬᠦᠯᠦᠨ᠎ᠠ᠃ ᠨᠡᠶᠢᠬᠡᠮ ᠤᠨ ᠬᠦᠴᠦᠨ ᠤ  ᠡᠮᠨᠡᠯᠬᠡ ᠶᠢᠨ ᠬᠤᠷᠢᠶ᠎ᠠ ᠶᠢᠨ ᠡᠷᠬᠢᠯᠡᠬᠦ ᠶᠢ ᠲᠡᠮᠵᠢᠵᠤ᠂ ᠡᠷᠡᠬᠦᠯ ᠮᠡᠨᠳᠤ ᠶᠢᠨ ᠠᠵᠤ ᠦᠢᠯᠡᠰ ᠢ ᠬᠦᠭᠵᠢᠬᠦᠯᠦᠨ᠎ᠠ᠃  ᠦᠷᠡᠵᠢᠯ ᠤᠨ ᠲᠦᠷᠦ ᠶᠢᠨ ᠪᠤᠳᠤᠯᠭ᠎ᠠ ᠪᠠ ᠬᠤᠯᠪᠤᠭᠳᠠᠯ ᠪᠦᠬᠦᠢ ᠠᠵᠤ ᠠᠬᠤᠢ ᠨᠡᠶᠢᠬᠡᠮ ᠤᠨ ᠲᠦᠷᠦ ᠶᠢᠨ  ᠪᠤᠳᠤᠯᠭ᠎ᠠ ᠶᠢ ᠢᠵᠢ ᠪᠦᠷᠢᠳᠦᠬᠦᠯᠦᠨ ᠵᠤᠯᠭᠠᠯᠳᠤᠭᠤᠯᠬᠤ ᠠᠵᠢᠯ ᠢ ᠠᠬᠢᠭᠤᠯᠵᠤ᠂ ᠬᠦᠮᠦᠨ ᠠᠮᠠ ᠶᠢᠨ  ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠨ᠎ᠠ᠃ ᠬᠦᠮᠦᠨ ᠠᠮᠠ ᠶᠢᠨ  ᠨᠠᠰᠤᠵᠢᠯᠳᠠ ᠶᠢ ᠢᠳᠡᠪᠬᠢᠳᠠᠢ ᠠᠷᠭᠠᠴᠠᠵᠤ᠂ ᠨᠠᠰᠤᠳᠠᠨ ᠢᠶᠠᠨ ᠠᠰᠠᠷᠠᠬᠤ᠂ ᠨᠠᠰᠤᠳᠠᠨ ᠢᠶᠠᠨ ᠠᠴᠢᠯᠠᠬᠤ᠂  ᠨᠠᠰᠤᠳᠠᠨ ᠢᠶᠠᠨ ᠬᠦᠨᠳᠦᠯᠡᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠪᠠ ᠨᠡᠶᠢᠬᠡᠮ ᠤᠨ ᠤᠷᠴᠢᠨ ᠨᠦᠬᠦᠴᠡᠯ ᠢ ᠪᠤᠢ  ᠪᠤᠯᠭᠠᠵᠤ᠂ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠶᠢ ᠠᠬᠢᠭᠤᠯᠵᠤ᠂ ᠨᠠᠰᠤᠵᠢᠯ ᠤᠨ ᠠᠵᠢᠯ ᠦᠢᠯᠡᠰ ᠪᠠ  ᠨᠠᠰᠤᠵᠢᠯ ᠤᠨ ᠠᠵᠤ ᠦᠢᠯᠡᠰ ᠤᠨ ᠬᠦᠭᠵᠢᠯᠳᠠ ᠶᠢ ᠲᠦᠷᠬᠡᠳᠬᠡᠨ᠎ᠠ᠃        ᠵᠢᠷᠭᠤᠭ᠎ᠠ ᠳᠤ᠂ ᠬᠠᠮᠳᠤ ᠪᠠᠷ ᠪᠠᠶᠢᠭᠤᠯᠬᠤ ᠬᠠᠮᠳᠤ ᠪᠠᠷ ᠵᠠᠰᠠᠬᠤ ᠬᠠᠮᠳᠤ ᠪᠠᠷ ᠡᠳ᠋ᠯᠡᠬᠦ ᠨᠡᠶᠢᠬᠡᠮ ᠤᠨ  ᠵᠠᠰᠠᠯᠳᠠ ᠶᠢᠨ ᠪᠠᠶᠢᠷᠰᠢᠯ ᠢ ᠪᠤᠢ ᠪᠤᠯᠭᠠᠨ᠎ᠠ᠃ ᠨᠡᠶᠢᠬᠡᠮ ᠤᠨ ᠵᠠᠰᠠᠯᠳᠠ ᠶᠢᠨ ᠲᠦᠷᠢᠮ ᠤᠨ ᠪᠠᠶᠢᠭᠤᠯᠤᠯᠳᠠ ᠶᠢ  ᠴᠢᠩᠭᠠᠳᠬᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠤᠷᠳᠤᠨ ᠬᠠᠷᠢᠭᠤᠴᠠᠬᠤ᠂ ᠨᠡᠶᠢᠬᠡᠮ ᠢᠶᠠᠷ ᠢᠶᠠᠨ  ᠬᠠᠮᠵᠢᠯᠴᠠᠬᠤ᠂ ᠤᠯᠠᠨ ᠨᠠᠶᠢᠳᠠ ᠪᠠᠷ ᠢᠶᠠᠨ ᠤᠷᠤᠯᠴᠠᠬᠤ ᠂ ᠬᠠᠤᠯᠢ ᠪᠠᠷ ᠵᠠᠰᠠᠬᠤ ᠪᠠᠳᠤᠯᠠᠭ᠎ᠠ ᠪᠦᠬᠦᠢ ᠨᠡᠶᠢᠬᠡᠮ ᠤᠨ  ᠵᠠᠰᠠᠯᠳᠠ ᠶᠢᠨ ᠪᠠᠶᠢᠭᠤᠯᠤᠮᠵᠢ ᠶᠢ ᠲᠡᠬᠦᠯᠳᠡᠷᠵᠢᠬᠦᠯᠵᠤ᠂ ᠨᠡᠶᠢᠬᠡᠮ ᠤᠨ ᠵᠠᠰᠠᠯᠳᠠ ᠶᠢᠨ ᠨᠡᠶᠢᠬᠡᠮᠴᠢᠯᠡᠭᠰᠡᠡ᠂ ᠬᠠᠤᠯᠢ ᠪᠠᠷ  ᠵᠠᠰᠠᠭᠰᠠᠠ᠂ ᠤᠶᠤᠨᠴᠢᠯᠠᠭᠰᠠᠠ᠂ ᠲᠤᠰᠬᠠᠢᠢᠵᠢᠭᠰᠠᠠ ᠬᠢᠷᠢ ᠬᠡᠮᠵᠢᠶ᠎ᠠ ᠶᠢ ᠲᠡᠬᠡᠭᠰᠢᠯᠡᠬᠦᠯᠦᠨ᠎ᠠ᠃ ᠨᠡᠶᠢᠬᠡᠮ ᠤᠨ  ᠵᠦᠷᠢᠴᠡᠯ ᠢ ᠰᠡᠷᠬᠡᠶᠢᠯᠡᠨ ᠠᠷᠢᠯᠭᠠᠬᠤ ᠲᠤᠭᠳᠠᠴᠠ ᠶᠢᠨ ᠪᠠᠶᠢᠭᠤᠯᠤᠯᠳᠠ ᠶᠢ ᠴᠢᠩᠭᠠᠳᠬᠠᠵᠤ᠂ ᠠᠷᠠᠳ ᠤᠨ  ᠲᠤᠳᠤᠭᠠᠳᠤ ᠶᠢᠨ ᠵᠦᠷᠢᠴᠡᠯ ᠢ ᠵᠦᠪ ᠰᠢᠢᠳᠪᠤᠷᠢᠯᠡᠨ᠎ᠠ᠃ ᠤᠯᠠᠨ ᠨᠠᠶᠢᠳᠠ ᠶᠢᠨ ᠠᠮᠤᠷ ᠲᠦᠪᠰᠢᠨ ᠤ ᠰᠢᠰᠲ᠋ᠧᠮ ᠢ  ᠪᠦᠷᠢᠨᠰᠢᠬᠦᠯᠵᠤ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠦᠨ᠂ ᠬᠦᠨᠳᠤ  ᠤᠨᠴᠠ ᠶᠡᠭᠡ ᠠᠮᠤᠷ ᠲᠦᠪᠰᠢᠨ ᠤ ᠠᠳᠡᠯ ᠢ ᠡᠷᠡᠰ ᠬᠤᠷᠢᠬᠯᠠᠵᠤ᠂ ᠭᠠᠮᠰᠢᠬ ᠢ ᠰᠡᠷᠬᠡᠶᠢᠯᠡᠬᠦ ᠭᠠᠮᠰᠢᠬ ᠢ ᠪᠠᠭᠠᠰᠬᠠᠬᠤ  ᠪᠠ ᠭᠠᠮᠰᠢᠬ ᠠᠴᠠ ᠠᠪᠤᠷᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ ᠨᠡᠶᠢᠬᠡᠮ ᠤᠨ ᠠᠮᠤᠷ ᠢ ᠬᠠᠮᠠᠭᠠᠯᠠᠬᠤ ᠰᠡᠷᠬᠡᠶᠢᠯᠡᠨ  ᠡᠵᠡᠮᠳᠡᠬᠦ ᠰᠢᠰᠲ᠋ᠧᠮ ᠤᠨ ᠪᠠᠶᠢᠭᠤᠯᠤᠯᠳᠠ ᠶᠢ ᠲᠦᠷᠬᠡᠳᠬᠡᠵᠤ᠂ ᠱᠠᠯᠢᠬ ᠵᠠᠪᠬᠠᠢ ᠵᠦᠢᠯ᠂ ᠵᠤᠭᠤᠰ ᠨᠠᠭᠠᠳᠬᠤ᠂  ᠬᠤᠤᠷᠠᠳᠤ ᠡᠳ᠋ ᠫᠠᠨᠽᠠᠯᠠᠵᠤ ᠡᠳ᠋ᠯᠡᠬᠦ᠂ ᠬᠠᠷ᠎ᠠ ᠬᠠᠷᠬᠢᠰ ᠬᠦᠴᠦᠨ᠂ ᠡᠮᠡᠭᠳᠡᠶᠢᠴᠤᠳ ᠪᠤᠯᠤᠨ ᠬᠡᠤᠬᠡᠳ ᠢ ᠮᠡᠬᠡᠯᠡᠨ  ᠬᠤᠳᠠᠯᠳᠤᠬᠤ᠂ ᠵᠤᠭᠤᠰ ᠮᠡᠬᠡᠯᠡᠬᠦ ᠵᠡᠷᠬᠡ ᠬᠠᠤᠯᠢ ᠶᠢ ᠵᠦᠷᠢᠴᠡᠭᠰᠡᠡ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ  ᠴᠤᠬᠢᠯᠳᠠ ᠦᠭᠬᠦ ᠪᠠ ᠲᠡᠬᠦᠨ ᠢ ᠶᠠᠯᠠᠯᠠᠨ ᠰᠢᠳᠬᠡᠵᠤ᠂ ᠠᠷᠠᠳ ᠲᠦᠮᠡᠨ ᠤ ᠪᠡᠶ᠎ᠠ ᠶᠢᠨ ᠡᠷᠬᠡ᠂ ᠡᠳ᠋ ᠬᠦᠷᠦᠩᠬᠡ   ᠶᠢᠨ ᠡᠷᠬᠡ᠂ ᠨᠡᠷ᠎ᠠ ᠬᠦᠨᠳᠤ ᠶᠢᠨ ᠡᠷᠬᠡ ᠶᠢ ᠬᠠᠮᠠᠭᠠᠯᠠᠨ᠎ᠠ᠃ ᠨᠡᠶᠢᠬᠡᠮ ᠤᠨ ᠰᠡᠳᠬᠢᠴᠠ ᠶᠢᠨ ᠦᠢᠯᠡᠴᠢᠯᠡᠬᠡᠨ ᠤ  ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠪᠡᠶ᠎ᠠ ᠪᠠᠨ ᠬᠦᠨᠳᠦᠳᠬᠡᠵᠤ ᠪᠡᠶ᠎ᠠ ᠪᠠᠨ ᠢᠳᠡᠬᠡᠬᠦ᠂ ᠤᠶᠤᠨᠴᠢ  ᠡᠶᠡᠯᠳᠡᠭ᠂ ᠢᠳᠡᠪᠬᠢ ᠦᠬᠡᠳᠡᠷᠬᠡᠭ ᠨᠡᠶᠢᠬᠡᠮ ᠨᠡᠶᠢᠳᠠ ᠶᠢᠨ ᠤᠶᠤᠨ ᠰᠠᠨᠠᠭᠠᠨ ᠤ ᠪᠠᠶᠢᠳᠠᠯ ᠢ ᠪᠤᠢ ᠪᠤᠯᠭᠠᠨ᠎ᠠ᠃  ᠨᠡᠶᠢᠬᠡᠮ ᠲᠤᠭᠤᠷᠢᠭ ᠤᠨ ᠵᠠᠰᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠨᠡᠶᠢᠬᠡᠮ ᠤᠨ  ᠵᠠᠰᠠᠯᠳᠠ ᠶᠢᠨ ᠭᠤᠤᠯᠳᠠᠯᠭ᠎ᠠ ᠶᠢ ᠦᠨᠳᠦᠰᠦᠨ ᠱᠠᠳᠤ ᠲᠡᠰᠢ ᠰᠢᠯᠵᠢᠬᠦᠯᠬᠦ ᠶᠢ ᠠᠬᠢᠭᠤᠯᠵᠤ᠂ ᠨᠡᠶᠢᠬᠡᠮ ᠤᠨ ᠵᠤᠬᠢᠶᠠᠨ  ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠤᠨ᠂ ᠵᠠᠰᠠᠭ ᠤᠨ ᠤᠷᠳᠤᠨ ᠤ ᠵᠠᠰᠠᠯᠳᠠ ᠪᠠ ᠨᠡᠶᠢᠬᠡᠮ ᠤᠨ  ᠲᠤᠬᠢᠷᠠᠭᠤᠯᠭ᠎ᠠ᠂ ᠰᠠᠭᠤᠭᠠᠯᠢ ᠠᠷᠠᠳ ᠤᠨ ᠦᠪᠡᠷ ᠤᠨ ᠵᠠᠰᠠᠯᠳᠠ ᠶᠢᠨ ᠰᠠᠶᠢᠨ ᠦᠢᠯᠡᠳᠦᠯᠴᠡᠯ ᠢ ᠪᠡᠶᠡᠯᠡᠬᠦᠯᠦᠨ᠎ᠠ᠃                    ᠲᠤᠯᠤᠭ᠎ᠠ ᠳᠤ ᠤᠯᠤᠰ ᠤᠨ ᠠᠮᠤᠷ ᠲᠦᠪᠰᠢᠨ ᠢ ᠪᠦᠳᠦᠮᠵᠢᠳᠠᠢ ᠬᠠᠮᠠᠭᠠᠯᠠᠨ᠎ᠠ᠃ ᠤᠯᠤᠰ ᠤᠨ ᠠᠮᠤᠷ  ᠲᠦᠪᠰᠢᠨ ᠤ ᠪᠠᠶᠢᠯᠳᠤᠬᠤ ᠪᠤᠳᠤᠯᠭ᠎ᠠ ᠪᠠ ᠤᠯᠤᠰ ᠤᠨ ᠠᠮᠦᠷ ᠲᠦᠪᠰᠢᠨ ᠤ ᠲᠦᠷᠦ ᠶᠢᠨ ᠪᠤᠳᠤᠯᠭ᠎ᠠ ᠶᠢ  ᠲᠡᠬᠦᠯᠳᠡᠷᠵᠢᠬᠦᠯᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠨ᠂ ᠡᠯ᠎ᠠ ᠵᠦᠢᠯ ᠤᠨ  ᠠᠮᠤᠷ ᠲᠦᠪᠰᠢᠨ ᠤ ᠠᠵᠢᠯ ᠢ ᠨᠢᠬᠡᠳᠦᠯᠳᠠᠢ ᠲᠦᠯᠦᠪᠯᠡᠨ ᠠᠬᠢᠭᠤᠯᠬᠤ ᠬᠡᠷᠡᠭᠳᠡᠢ᠃ ᠤᠯᠤᠰ ᠤᠨ ᠠᠮᠤᠷ ᠲᠦᠪᠰᠢᠨ ᠤ  ᠰᠢᠰᠲ᠋ᠧᠮ ᠢ ᠪᠦᠷᠢᠨᠰᠢᠬᠦᠯᠵᠤ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠪᠠᠳᠤᠯᠠᠭ᠎ᠠ ᠶᠢ ᠴᠢᠩᠭᠠᠳᠬᠠᠨ  ᠂ ᠠᠮᠤᠷ ᠲᠦᠪᠰᠢᠨ ᠤ ᠲᠦᠭᠰᠢᠬᠦᠷᠢ ᠶᠢ ᠰᠡᠷᠬᠡᠶᠢᠯᠡᠨ ᠡᠰᠡᠷᠬᠦᠴᠡᠬᠦ ᠴᠢᠳᠠᠪᠤᠷᠢ ᠶᠢ ᠲᠡᠬᠡᠭᠰᠢᠯᠡᠬᠦᠯᠦᠨ᠎ᠠ᠃ ᠡᠯ᠎ᠠ  ᠵᠦᠢᠯ ᠤᠨ ᠨᠡᠪᠴᠢᠯᠳᠠ ᠨᠤᠷᠠᠭᠠᠯᠳᠠ ᠡᠪᠳᠡᠯᠡᠭᠡ ᠬᠢᠬᠦ ᠠᠵᠢᠯᠯᠠᠭ᠎ᠠ᠂ ᠬᠦᠴᠦᠷᠬᠡᠭᠯᠡᠯ ᠰᠦᠷᠳᠡᠬᠦᠯᠦᠯ ᠤᠨ ᠠᠵᠢᠯᠯᠠᠭ᠎ᠠ᠂  ᠦᠨᠳᠦᠰᠦᠳᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠳᠠᠬᠤᠨ ᠤ ᠬᠡᠳᠦᠷᠡᠮᠡᠬᠡᠢ ᠠᠵᠢᠯᠯᠠᠭ᠎ᠠ ᠶᠢ ᠴᠢᠩᠭ᠎ᠠ  ᠰᠡᠷᠬᠡᠶᠢᠯᠡᠨ ᠳᠡᠬᠦᠨ ᠳᠤ ᠡᠷᠡᠰ ᠴᠤᠬᠢᠯᠳᠠ ᠦᠭᠬᠦᠨ᠎ᠡ᠃ ᠤᠯᠤᠰ ᠤᠨ ᠠᠮᠤᠷ ᠲᠦᠪᠰᠢᠨ ᠤ ᠳᠤᠬᠠᠢ ᠬᠦᠮᠦᠵᠢᠯ ᠢ  ᠴᠢᠩᠭᠠᠳᠬᠠᠵᠤ᠂ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ  ᠳᠡᠬᠡᠭᠰᠢᠯᠡᠬᠦᠯᠦᠨ᠂ ᠨᠡᠶᠢᠬᠡᠮ ᠳᠠᠶᠠᠭᠠᠷ ᠲᠤ ᠤᠯᠤᠰ ᠤᠨ ᠠᠮᠤᠷ ᠲᠦᠪᠰᠢᠨ ᠢ ᠬᠠᠮᠠᠭᠠᠯᠬᠠᠤ ᠬᠦᠴᠦᠷᠬᠡᠭ ᠶᠡᠭᠡ  ᠨᠡᠶᠢᠯᠡᠮᠡᠯ ᠬᠦᠴᠦᠨ ᠢ ᠪᠤᠢ ᠪᠤᠯᠭᠠᠬᠤ ᠶᠢ ᠠᠬᠢᠭᠤᠯᠤᠨ᠎ᠠ ᠬᠡᠵᠡᠢ᠃                ᠰᠢ ᠶᠢᠨ ᠫᠢᠩ ᠴᠢᠬᠤᠯᠠᠴᠢᠯᠠᠬᠤ ᠳᠠᠭᠠᠨ᠂ ᠨᠠᠮ ᠤᠨ ᠠᠯᠢᠪᠠ ᠠᠵᠢᠯ ᠳᠤ ᠡᠷᠬᠡᠪᠰᠢ ᠦᠷᠬᠡᠨ ᠤᠯᠠᠨ ᠠᠷᠠᠳ  ᠲᠦᠮᠡᠨ ᠤ ᠦᠨᠳᠦᠰᠦᠨ ᠠᠰᠢᠭ ᠳᠤᠰᠠ ᠪᠠᠷ ᠬᠠᠮᠤᠭ ᠤᠨ ᠳᠡᠬᠡᠳᠤ ᠪᠠᠷᠢᠮᠵᠢᠶ᠎ᠠ ᠪᠤᠯᠭᠠᠬᠤ ᠬᠡᠷᠡᠭᠳᠡᠢ᠃ ᠪᠢᠳᠡ ᠠᠷᠠᠳ  ᠤᠯᠠᠨ ᠤ ᠪᠠᠭ᠎ᠠ ᠶᠠᠪᠤᠳᠠᠯ ᠢ ᠦᠪᠡᠷ ᠤᠨ ᠢᠶᠠᠨ ᠶᠡᠭᠡ ᠶᠠᠪᠤᠳᠠᠯ ᠪᠤᠯᠭᠠᠬᠤ ᠶᠢ ᠪᠠᠷᠢᠮᠳᠠᠯᠠᠵᠤ᠂ ᠠᠷᠠᠳ ᠤᠯᠠᠨ ᠤ  ᠰᠡᠳᠬᠢᠯ ᠳᠠᠯᠪᠢᠵᠤ ᠪᠠᠶᠢᠭ᠎ᠠ ᠤᠴᠢᠷ ᠶᠠᠪᠤᠳᠠᠯ ᠠᠴᠠ ᠭᠠᠷᠳᠠᠵᠤ᠂ ᠠᠷᠠᠳ ᠲᠦᠮᠡᠨ ᠢ ᠳᠠᠭᠠᠭᠤᠯᠤᠨ ᠰᠠᠶᠢᠨ ᠰᠠᠶᠢᠬᠠᠨ  ᠠᠮᠢᠳᠤᠷᠠᠯ ᠢ ᠳᠠᠰᠤᠷᠠᠯᠳᠠ ᠦᠬᠡᠢ ᠡᠬᠦᠳᠬᠦ ᠬᠡᠷᠡᠭᠳᠡᠢ ᠬᠡᠪᠡ᠃  
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号