ᠴᠢᠨᠡᠬᠡᠯᠢᠭ‌ᠨᠡᠶᠢᠬᠡᠮ ᠢ ᠪᠥᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠲᠥ ᠢᠯᠡᠯᠲᠡ ᠶᠢ ᠤᠯᠵᠤ ᠰᠢᠨ᠎ᠠ ᠴᠠᠬ  ᠥᠶ᠎ᠡ ᠶᠢᠨ ᠲᠤᠮᠲᠠᠲᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠲᠡ ᠶᠢ  ᠲᠡᠮᠡᠴᠡᠨ ᠤᠯᠰᠤᠭᠠᠢ — ᠰᠢ ᠶᠢᠨ ᠫᠢᠩ ᠨᠥᠬᠦᠷ ᠤᠨ ᠨᠠᠮ ᠤᠨ ᠠᠷᠪᠠᠨ ᠨᠠᠢᠮᠠᠲᠤᠭᠠᠷ ᠬᠤᠭᠤᠴᠠᠭᠠᠨ ᠤ  ᠲᠥᠪ ᠬᠤᠷᠢᠶ᠎ᠠ ᠶᠢ ᠲᠦᠯᠦᠬᠡᠯᠡᠨ ᠶᠡᠭᠡ ᠬᠤᠷᠠᠯ ᠳᠤ ᠬᠢᠭᠰᠡᠨ ᠢᠯᠡᠳᠬᠡᠯ ᠤᠨ ᠲᠤᠪᠴᠢᠯᠠᠯ  ︵ᠲᠠᠪᠤ
ᠨᠡᠶᠢᠲᠡᠯᠡᠭᠰᠡᠨ ᠴᠠᠭ᠄
2017/11/7
      ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ  ᠦᠭᠡᠷᠡᠴᠢᠯᠡᠯᠲᠡ ᠶᠢ ᠲᠦᠷᠭᠡᠳᠭᠡᠵᠦ᠂ ᠦᠵᠡᠰᠭᠦᠯᠡᠩᠲᠦ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ  ᠭᠡᠵᠡᠢ              ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 18 ᠤ ᠡᠳᠤᠷ ᠤᠨ ᠮᠡᠳᠡᠭᠡ ᠰᠢ ᠶᠢᠨ ᠫᠢᠩ  ᠨᠦᠬᠦᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠤ ᠵᠢᠭᠠᠵᠤ ᠭᠠᠷᠭᠠᠬᠤ ᠳᠠᠭᠠᠨ᠂ ᠠᠮᠢ  ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠲᠦᠷᠬᠡᠳᠬᠡᠵᠦ᠂ ᠦᠵᠡᠰᠬᠦᠯᠡᠩᠳᠤ ᠰᠠᠶᠢᠬᠠᠨ  ᠳᠤᠮᠳᠠᠳᠤ ᠤᠯᠤᠰ ᠢ ᠪᠦᠳᠦᠬᠡᠨ ᠪᠠᠶᠢᠭᠤᠯᠤᠨ᠎ᠠ ᠬᠡᠵᠡᠢ᠃               ᠰᠢ ᠶᠢᠨ ᠫᠢᠩ ᠬᠡᠯᠡᠬᠦ ᠳᠡᠭᠡᠨ᠂ ᠬᠦᠮᠦᠨ ᠪᠤᠯᠤᠨ ᠪᠠᠶᠢᠭᠠᠯᠢ ᠪᠤᠯ ᠠᠮᠢ ᠨᠠᠰᠤᠨ ᠤ ᠬᠠᠮᠳᠤ ᠶᠢᠨ ᠴᠤᠭᠴᠠ  ᠮᠦᠨ᠂ ᠬᠦᠮᠦᠨ ᠲᠦᠷᠦᠯᠬᠢᠳᠡᠨ ᠡᠷᠬᠡᠪᠰᠢ ᠪᠠᠶᠢᠭᠠᠯᠢ ᠶᠢ ᠬᠦᠨᠳᠦᠳᠬᠡᠨ᠂ ᠪᠠᠶᠢᠭᠠᠯᠢ ᠲᠠᠢ ᠵᠤᠬᠢᠴᠠᠵᠤ᠂ ᠪᠠᠶᠢᠭᠠᠯᠢ ᠶᠢ  ᠬᠠᠮᠠᠭᠠᠯᠠᠬᠤ ᠬᠡᠷᠡᠭᠳᠡᠢ ᠬᠡᠵᠡᠢ᠃              ᠰᠢ ᠶᠢᠨ ᠫᠢᠩ ᠵᠢᠭᠠᠵᠤ ᠭᠠᠷᠭᠠᠭᠰᠠᠨ ᠨᠢ᠂ ᠪᠢᠳᠡᠨ ᠤ ᠪᠦᠳᠦᠬᠡᠨ ᠪᠠᠶᠢᠭᠤᠯᠬᠤ ᠬᠡᠵᠦ ᠪᠠᠶᠢᠭ᠎ᠠ  ᠤᠳᠤᠬᠢᠴᠢᠯᠠᠯᠳᠠ ᠪᠤᠯ ᠬᠦᠮᠦᠨ ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠳᠤ ᠤᠷᠤᠰᠢᠬᠤ ᠤᠳᠤᠬᠢᠴᠢᠯᠠᠯᠳᠠ  ᠮᠦᠨ᠂ ᠨᠡᠩ ᠤᠯᠠᠨ ᠪᠤᠳᠠᠰ ᠤᠨ ᠡᠳ᠋ ᠪᠠᠶᠠᠯᠢᠭ ᠪᠠ ᠤᠶᠤᠨ ᠰᠠᠨᠠᠭᠠᠨ ᠤ ᠡᠳ᠋ ᠪᠠᠶᠠᠯᠢᠭ ᠢ ᠡᠬᠦᠳᠴᠦ ᠪᠠᠶᠢᠭᠠᠳ  ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ  ᠬᠠᠩᠭᠠᠬᠤ ᠬᠡᠷᠡᠭᠳᠡᠢ ᠮᠦᠷᠳᠡᠬᠡᠨ ᠪᠠᠰᠠ ᠨᠡᠩ ᠤᠯᠠᠨ ᠴᠢᠨᠠᠷ ᠰᠠᠶᠢᠳᠠᠢ ᠠᠮᠢ ᠠᠬᠤᠢ ᠶᠢᠨ ᠦᠢᠯᠡᠳᠬᠦᠨ ᠢ ᠬᠠᠩᠭᠠᠵᠤ  ᠪᠠᠶᠢᠭᠠᠳ ᠠᠷᠠᠳ ᠲᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠭᠤᠶᠢᠳᠠ ᠰᠠᠶᠢᠬᠠᠨ ᠠᠮᠢ ᠠᠬᠤᠢ ᠶᠢᠨ ᠤᠷᠴᠢᠨ  ᠨᠦᠬᠦᠴᠡᠯ ᠤᠨ ᠬᠡᠷᠡᠭᠴᠡᠭᠡ ᠶᠢ ᠬᠠᠩᠭᠠᠬᠤ ᠬᠡᠷᠡᠭᠳᠡᠢ᠃ ᠡᠷᠬᠡᠪᠰᠢ ᠠᠷᠪᠢᠯᠠᠬᠤ ᠶᠢ ᠳᠡᠷᠢᠬᠦᠨ ᠳᠤ ᠳᠠᠯᠪᠢᠬᠤ᠂  ᠬᠠᠮᠠᠭᠠᠯᠠᠬᠤ ᠶᠢ ᠳᠡᠷᠢᠬᠦᠨ ᠳᠤ ᠳᠠᠯᠪᠢᠬᠤ᠂ ᠠᠶᠠᠨᠳᠠᠭᠠᠨ ᠰᠡᠷᠬᠦᠬᠡᠬᠦ ᠪᠠᠷ ᠭᠤᠤᠯ ᠪᠤᠯᠭᠠᠬᠤ ᠴᠢᠭᠯᠡᠯᠳᠡ ᠶᠢ  ᠪᠠᠷᠢᠮᠳᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠤᠷᠴᠢᠨ ᠳᠤᠭᠤᠷᠢᠨ ᠢ ᠬᠠᠮᠠᠭᠠᠯᠬᠤ ᠤᠷᠤᠨ ᠵᠠᠢ ᠶᠢᠨ ᠪᠠᠶᠢᠷᠢᠰᠢᠯ᠂  ᠠᠵᠤ ᠦᠢᠯᠡᠰ ᠤᠨ ᠪᠦᠳᠦᠴᠡ᠂ ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠢ ᠪᠤᠢ  ᠪᠤᠯᠭᠠᠵᠤ᠂ ᠪᠠᠶᠢᠭᠠᠯᠢ ᠶᠢᠨ ᠨᠡᠮ ᠬᠦᠮ᠂ ᠡᠶ᠎ᠡ ᠵᠤᠬᠢᠴᠠᠯ ᠲᠠᠢ᠂ ᠭᠤᠸ᠎ᠠ ᠰᠠᠶᠢᠬᠠᠨ ᠲᠦᠷᠰᠦ ᠪᠠᠶᠢᠳᠠᠯ ᠢ ᠰᠡᠷᠬᠦᠬᠡᠬᠦ  ᠬᠡᠷᠡᠭᠳᠡᠢ᠃           ᠨᠢᠬᠡ ᠳᠤ᠂ ᠪᠤᠬᠢᠷᠳᠤᠯ ᠦᠬᠡᠢ ᠭᠦᠭᠵᠢᠯᠳᠡ ᠶᠢ ᠠᠬᠢᠭᠤᠯᠬᠤ ᠬᠡᠷᠡᠭᠳᠡᠢ᠃ ᠪᠤᠬᠢᠷᠳᠤᠯ ᠦᠬᠡᠢ ᠦᠢᠯᠡᠳᠪᠦᠷᠢᠯᠡᠯ  ᠪᠠ ᠬᠡᠷᠡᠭᠯᠡᠭᠡ ᠶᠢᠨ ᠬᠠᠤᠯᠢ ᠴᠠᠭᠠᠵᠠ ᠶᠢᠨ ᠲᠦᠷᠢᠮ ᠪᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ  ᠲᠦᠷᠬᠡᠳᠬᠡᠨ ᠪᠠᠶᠢᠭᠤᠯᠵᠤ᠂ ᠪᠤᠬᠢᠷᠳᠤᠯ ᠦᠬᠡᠢ᠂ ᠳᠤᠤᠷ᠎ᠠ ᠨᠡᠬᠦᠷᠡᠰᠦᠳᠦ᠋ᠷᠦᠭᠴᠢᠳᠤ ᠡᠷᠬᠢᠯᠳᠠᠳᠤ ᠬᠦᠭᠵᠢᠯᠳᠡ ᠶᠢᠨ  ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠦᠨ᠎ᠡ᠃ ᠵᠠᠬ᠎ᠠ ᠳᠡᠯᠬᠡᠬᠦᠷ ᠢᠶᠠᠷ ᠤᠳᠤᠷᠢᠳᠤᠮᠵᠢ  ᠪᠤᠯᠭᠠᠭᠰᠠᠨ ᠪᠤᠬᠢᠷᠳᠤᠯ ᠦᠬᠡᠢ ᠮᠡᠷᠬᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠢ ᠪᠠᠶᠢᠭᠤᠯᠵᠤ᠂ ᠪᠤᠬᠢᠷᠳᠤᠯ ᠦᠬᠡᠢ  ᠮᠦᠩᠬᠦᠨ ᠬᠦᠢᠯᠬᠡᠬᠡ ᠶᠢ ᠬᠦᠭᠵᠢᠬᠦᠯᠦᠨ᠂ ᠡᠨᠧᠷᠬᠢ ᠠᠷᠪᠢᠯᠠᠵᠤ ᠤᠷᠴᠢᠨ ᠳᠤᠭᠤᠷᠢᠨ ᠢ ᠬᠠᠮᠠᠭᠠᠯᠬᠠᠤ ᠠᠵᠤ ᠦᠢᠯᠡᠰ  ᠂ ᠠᠷᠢᠭᠤᠨ ᠴᠡᠪᠡᠷ ᠦᠢᠯᠡᠳᠪᠦᠷᠢᠯᠡᠯ ᠤᠨ ᠠᠵᠤ ᠦᠢᠯᠡᠰ᠂ ᠠᠷᠢᠭᠤᠨ ᠴᠡᠪᠡᠷ ᠡᠨᠧᠷᠬᠢ ᠶᠢᠨ ᠰᠤᠷᠪᠤᠯᠵᠢ ᠶᠢᠨ ᠠᠵᠤ  ᠦᠢᠯᠡᠰ ᠢ ᠪᠤᠵᠠᠭᠠᠢᠢᠷᠠᠭᠤᠯᠤᠨ᠎ᠠ᠃ ᠡᠨᠧᠷᠬᠢ ᠶᠢᠨ ᠰᠤᠷᠪᠤᠯᠵᠢ ᠶᠢᠨ ᠦᠢᠯᠡᠳᠪᠦᠷᠢᠯᠡᠯ ᠪᠠ ᠬᠡᠷᠡᠭᠯᠡᠭᠡ ᠶᠢᠨ  ᠬᠤᠪᠢᠰᠬᠠᠯ ᠢ ᠠᠬᠢᠭᠤᠯᠵᠤ᠂ ᠠᠷᠢᠭᠤᠨ ᠴᠡᠪᠡᠷ ᠪᠦᠬᠡᠳ ᠳᠤᠤᠷ᠎ᠠ ᠨᠡᠬᠦᠷᠡᠰᠦᠳᠦ᠋ᠷᠦᠭᠴᠢᠳᠤ᠂ ᠠᠮᠤᠷ ᠲᠦᠪᠰᠢᠨ  ᠪᠦᠬᠡᠳ ᠦᠨᠳᠦᠷ ᠪᠦᠳᠦᠮᠵᠢᠳᠡᠢ ᠡᠨᠧᠷᠬᠢ ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠤᠨ᠎ᠠ᠃ ᠡᠬᠢ ᠪᠠᠶᠠᠯᠢᠭ ᠢ  ᠪᠦᠬᠦ ᠳᠠᠯ᠎ᠠ ᠪᠠᠷ ᠠᠷᠪᠢᠯᠠᠬᠤ ᠪᠠ ᠤᠷᠴᠢᠯᠳᠤᠭᠤᠯᠤᠨ ᠠᠰᠢᠬᠯᠠᠬᠤ ᠶᠢ ᠠᠬᠢᠭᠤᠯᠵᠤ᠂ ᠤᠯᠤᠰ ᠤᠨ ᠤᠰᠤ ᠠᠷᠪᠢᠯᠠᠬᠤ  ᠠᠵᠢᠯᠯᠠᠭ᠎ᠠ ᠶᠢ ᠬᠡᠷᠡᠭᠵᠢᠬᠦᠯᠵᠦ᠂ ᠡᠨᠧᠷᠬᠢ ᠶᠢᠨ ᠬᠤᠷᠤᠭᠳᠠᠯ᠂ ᠪᠤᠳᠠᠰ ᠤᠨ ᠬᠤᠷᠤᠭᠳᠠᠯ ᠢ ᠪᠠᠭᠠᠰᠬᠠᠨ᠂  ᠦᠢᠯᠡᠳᠪᠦᠷᠢᠯᠡᠯ ᠤᠨ ᠰᠢᠰᠲ᠋ᠧᠮ ᠪᠠ ᠠᠮᠢᠳᠤᠷᠠᠯ ᠤᠨ ᠰᠢᠰᠲ᠋ᠧᠮ ᠢ ᠤᠷᠴᠢᠯᠳᠤᠭᠤᠯᠤᠨ ᠵᠤᠯᠭᠠᠯᠴᠠᠭᠤᠯᠬᠤ ᠶᠢ  ᠪᠡᠶᠡᠯᠡᠬᠦᠯᠦᠨ᠎ᠡ᠃ ᠠᠷᠪᠢᠳᠠᠢ ᠪᠦᠬᠡᠳ ᠵᠤᠬᠢᠰᠳᠠᠢ᠂ ᠪᠤᠬᠢᠷᠳᠤᠯ ᠦᠬᠡᠢ ᠪᠦᠬᠡᠳ ᠳᠤᠤᠷ᠎ᠠ ᠨᠡᠬᠦᠷᠡᠰᠦᠳᠦ᠋ᠷᠦᠭᠴᠢᠳᠤ  ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠡᠬᠡᠨᠴᠢᠷᠯᠡᠨ ᠪᠦᠷᠢᠯᠬᠡᠬᠦ ᠪᠠ ᠵᠤᠬᠢᠰ ᠦᠬᠡᠢ ᠬᠡᠷᠡᠭᠯᠡᠭᠡ ᠶᠢ  ᠡᠰᠡᠷᠬᠦᠴᠡᠨ᠂ ᠠᠷᠪᠢᠯᠠᠬᠤ ᠮᠠᠶ᠋ᠢᠭ ᠤᠨ ᠪᠠᠶᠢᠭᠤᠯᠤᠯᠭ᠎ᠠ᠂ ᠪᠤᠬᠢᠷᠳᠤᠯ ᠦᠬᠡᠢ ᠬᠡᠷ ᠪᠦᠯᠢ᠂ ᠪᠤᠬᠢᠷᠳᠤᠯ ᠦᠬᠡᠢ  ᠰᠤᠷᠭᠠᠭᠤᠯᠢ᠂ ᠪᠤᠬᠢᠷᠳᠤᠯ ᠦᠬᠡᠢ ᠨᠡᠶᠢᠬᠡᠮ ᠳᠤᠭᠤᠷᠢᠭ ᠪᠠ ᠪᠤᠬᠢᠷᠳᠤᠯ ᠦᠬᠡᠢ ᠶᠠᠪᠤᠵᠤ ᠰᠠᠭᠤᠬᠤ ᠶᠢ ᠡᠬᠦᠳᠦᠨ  ᠪᠠᠶᠢᠭᠤᠯᠬᠤ ᠵᠡᠷᠬᠡ ᠠᠵᠢᠯᠯᠠᠭ᠎ᠠ ᠶᠢ ᠦᠷᠨᠢᠬᠦᠯᠦᠨ᠎ᠡ᠃               ᠬᠤᠶᠠᠷ ᠲᠤ᠂ ᠤᠷᠴᠢᠨ ᠳᠤᠭᠤᠷᠢᠨ ᠤ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠳᠡᠢ᠃  ᠠᠷᠠᠳ ᠨᠡᠶᠢᠳᠡ ᠪᠠᠷ ᠢᠶᠠᠨ ᠬᠠᠮᠳᠤᠪᠡᠷ ᠵᠠᠰᠠᠬᠤ᠂ ᠡᠬᠢ ᠡᠬᠦᠰᠦᠯ ᠠᠴᠠ ᠨᠢ ᠰᠡᠷᠬᠡᠶᠢᠯᠡᠨ ᠵᠠᠰᠬᠠᠤ ᠶᠢ ᠪᠠᠷᠢᠮᠳᠠᠯᠠᠵᠤ᠂  ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠬᠠᠤ ᠠᠵᠢᠯᠯᠠᠭ᠎ᠠ ᠶᠢ ᠦᠷᠬᠦᠯᠵᠢᠯᠡᠨ ᠬᠡᠷᠡᠭᠵᠢᠬᠦᠯᠵᠦ᠂ ᠬᠦᠬᠡ  ᠤᠭᠳᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠳᠠ ᠶᠢ ᠤᠯᠤᠨ᠎ᠠ᠃ ᠤᠰᠤᠨ ᠤ ᠪᠤᠬᠢᠷᠳᠤᠯ ᠢ ᠰᠡᠷᠬᠡᠶᠢᠯᠡᠨ  ᠵᠠᠰᠬᠠᠤ ᠠᠵᠢᠯ ᠢ ᠲᠦᠷᠬᠡᠳᠬᠡᠵᠦ᠂ ᠰᠠᠪᠠ ᠭᠠᠵᠠᠷ ᠤᠨ ᠤᠷᠴᠢᠨ ᠳᠤᠭᠤᠷᠢᠨ ᠪᠠ ᠡᠷᠬᠢ ᠤᠢᠢᠷᠠᠯᠴᠠᠭ᠎ᠠ ᠳᠠᠯᠠᠢ ᠶᠢᠨ  ᠤᠷᠤᠨ ᠢ ᠶᠡᠷᠦᠩᠬᠡᠶᠢᠯᠡᠨ ᠵᠠᠰᠬᠠᠤ ᠶᠢ ᠬᠡᠷᠡᠭᠵᠢᠬᠦᠯᠦᠨ᠎ᠡ᠃ ᠬᠦᠷᠦᠰᠦ ᠰᠢᠷᠤᠢ ᠶᠢᠨ ᠪᠤᠬᠢᠷᠳᠤᠯ ᠢ ᠬᠠᠮᠢᠶᠠᠷᠤᠨ  ᠬᠢᠵᠠᠭᠠᠷᠯᠠᠬᠤ ᠪᠠ ᠵᠠᠰᠠᠨ ᠰᠡᠷᠬᠦᠬᠡᠬᠦ ᠶᠢ ᠴᠢᠩᠭᠠᠳᠬᠠᠵᠤ᠂ ᠳᠠᠷᠢᠶᠠᠯᠠᠩ ᠤᠨ ᠤᠯᠠᠨ ᠡᠰᠢᠳᠦ ᠪᠤᠬᠢᠷᠳᠤᠯ ᠢ  ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠬᠦᠳᠡᠭᠡ ᠳᠤᠰᠬᠤᠨ ᠤ ᠤᠷᠤᠰᠢᠨ ᠠᠮᠢᠳᠤᠷᠠᠬᠤ ᠤᠷᠴᠢᠨ  ᠨᠦᠬᠦᠴᠡᠯ ᠢ ᠴᠡᠭᠴᠡᠯᠡᠨ ᠵᠠᠰᠬᠠᠤ ᠠᠵᠢᠯᠯᠠᠭ᠎ᠠ ᠶᠢ ᠦᠷᠨᠢᠬᠦᠯᠦᠨ᠎ᠡ᠃ ᠬᠠᠳᠠᠭᠤ ᠪᠡᠶᠡᠳᠤ ᠬᠠᠶᠠᠭᠳᠠᠮᠠᠯ ᠪᠤᠳᠠᠰ ᠪᠠ  ᠬᠤᠭ ᠨᠤᠪᠰᠢ ᠶᠢ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ ᠪᠤᠬᠢᠷᠳᠤᠯ ᠪᠤᠳᠠᠰ ᠭᠠᠳᠠᠭᠰᠢᠯᠠᠭᠤᠯᠬᠤ ᠪᠠᠷᠢᠮᠵᠢᠶ᠎ᠠ ᠶᠢ  ᠳᠡᠬᠡᠭᠰᠢᠯᠡᠬᠦᠯᠵᠦ᠂ ᠪᠤᠬᠢᠷᠳᠤᠯ ᠪᠤᠳᠠᠰ ᠭᠠᠳᠠᠭᠰᠢᠯᠠᠭᠤᠯᠤᠭᠴᠢ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠤᠷᠴᠢᠨ  ᠳᠤᠭᠤᠷᠢᠨ ᠢ ᠬᠠᠮᠠᠭᠠᠯᠠᠬᠤ ᠳᠠᠯ᠎ᠠ ᠪᠠᠷ ᠬᠢ ᠢᠳᠡᠬᠡᠮᠵᠢ ᠶᠢ ᠦᠨᠡᠯᠡᠬᠦ᠂ ᠮᠡᠳᠡᠭᠡ ᠵᠠᠩᠬᠢ ᠶᠢ ᠠᠯᠪᠠᠳᠠᠯᠭ᠎ᠠ ᠶᠢᠨ  ᠴᠢᠨᠠᠷᠳᠠᠢ ᠨᠡᠶᠢᠳᠡᠯᠡᠬᠦ᠂ ᠴᠢᠩᠭ᠎ᠠ ᠶᠠᠯᠯᠠᠵᠤ ᠬᠦᠨᠳᠤ ᠪᠠᠷ ᠰᠢᠳᠬᠡᠬᠦ ᠵᠡᠷᠬᠡ ᠲᠦᠷᠢᠮ ᠢ ᠪᠦᠷᠢᠨᠰᠢᠬᠦᠯᠦᠨ᠎ᠡ᠃  ᠵᠠᠰᠠᠭ ᠤᠨ ᠤᠷᠳᠤᠨ ᠢᠶᠠᠷ ᠤᠳᠤᠷᠢᠳᠤᠮᠵᠢ ᠪᠤᠯᠭᠠᠨ᠂ ᠠᠵᠤ ᠠᠬᠤᠢᠢᠯᠠᠯ ᠢᠶᠠᠷ ᠪᠡᠶᠡᠴᠢ ᠴᠤᠭᠴᠠ ᠪᠤᠯᠭᠠᠵᠤ᠂  ᠨᠡᠶᠢᠬᠡᠮ ᠤᠨ ᠵᠤᠬᠢᠶᠠᠨ ᠪᠠᠶᠢᠭᠤᠯᠤᠯᠳᠠ ᠪᠠ ᠤᠯᠠᠨ ᠨᠡᠶᠢᠳᠡ ᠪᠠᠷ ᠢᠶᠠᠨ ᠬᠠᠮᠳᠤ ᠪᠠᠷ ᠤᠷᠤᠯᠴᠠᠭᠰᠠᠨ ᠤᠷᠴᠢᠨ  ᠳᠤᠭᠤᠷᠢᠨ ᠤ ᠵᠠᠰᠠᠯᠳᠠ ᠶᠢᠨ ᠰᠢᠰᠲ᠋ᠧᠮ ᠢ ᠪᠠᠶᠢᠭᠤᠯᠤᠨ᠎ᠠ᠃ ᠪᠦᠬᠦ ᠪᠦᠮᠪᠦᠷᠴᠡᠭ ᠤᠨ ᠤᠷᠴᠢᠨ ᠳᠤᠭᠤᠷᠢᠨ ᠤ  ᠵᠠᠰᠠᠯᠳᠠ ᠳᠤ ᠢᠳᠡᠪᠬᠢᠳᠡᠢ ᠤᠷᠤᠯᠴᠠᠵᠤ᠂ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠠ ᠶᠢ ᠪᠠᠭᠠᠰᠬᠠᠬᠤ  ᠠᠮᠠᠯᠠᠯᠳᠠ ᠪᠠᠨ ᠨᠠᠶᠢᠳᠠᠪᠤᠷᠢᠵᠢᠭᠤᠯᠤᠨ᠎ᠠ᠃             ᠭᠤᠷᠪᠠ ᠳᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃  ᠬᠦᠨᠳᠤ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠬᠦᠬᠡᠬᠦ ᠴᠢᠬᠤᠯᠠ ᠶᠡᠭᠡ  ᠢᠨᠵᠧᠨᠧᠷᠢᠩ ᠢ ᠬᠡᠷᠡᠭᠵᠢᠬᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠢᠰᠲ᠋ᠧᠮ ᠢ  ᠰᠢᠯᠢᠳᠡᠭᠵᠢᠬᠦᠯᠦᠨ᠂ ᠠᠮᠢ ᠠᠬᠤᠢ ᠶᠢᠨ ᠬᠤᠩᠬᠢᠯ ᠪᠠ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠬᠠᠮᠠᠭᠠᠯᠬᠠᠤ  ᠳᠤᠤᠷ ᠢ ᠪᠠᠶᠢᠭᠤᠯᠵᠤ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠳᠤᠭᠳᠠᠪᠤᠷᠢᠳᠤ ᠴᠢᠨᠠᠷ ᠢ  ᠳᠡᠬᠡᠭᠰᠢᠯᠡᠬᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ᠂ ᠡᠬᠦᠷᠢᠳᠡ ᠶᠢᠨ ᠦᠨᠳᠦᠰᠦᠨ  ᠳᠠᠷᠢᠶᠠᠨ ᠭᠠᠵᠠᠷ᠂ ᠬᠤᠳᠠ ᠪᠠᠯᠭᠠᠰᠤᠨ ᠤ ᠨᠡᠬᠡᠬᠡᠨ ᠠᠰᠢᠬᠯᠠᠯᠳᠠ ᠶᠢᠨ ᠵᠠᠭᠠᠭ ᠬᠢᠵᠠᠭᠠᠷ ᠵᠡᠷᠬᠡ ᠭᠤᠷᠪᠠᠨ  ᠬᠢᠵᠠᠭᠠᠷᠯᠠᠬᠤ ᠱᠤᠭᠤᠮ ᠢ ᠵᠠᠭᠠᠭᠯᠠᠨ ᠳᠤᠭᠳᠠᠭᠠᠬᠤ ᠠᠵᠢᠯ ᠢ ᠪᠡᠶᠡᠯᠡᠬᠦᠯᠦᠨ᠎ᠡ᠃ ᠤᠯᠤᠰ ᠤᠨ ᠨᠤᠳᠤᠭ ᠳᠡᠪᠢᠰᠬᠡᠷ ᠢ  ᠨᠤᠭᠤᠭᠠᠷᠠᠭᠤᠯᠬᠤ ᠠᠵᠢᠯᠯᠠᠭ᠎ᠠ ᠶᠢ ᠦᠷᠨᠢᠬᠦᠯᠵᠦ᠂ ᠴᠦᠯᠯᠡᠷᠬᠡᠭᠵᠢᠯᠳᠡ᠂ ᠴᠢᠯᠠᠭᠤᠵᠢᠯᠳᠠ ᠪᠠ ᠬᠦᠷᠦᠰᠤ ᠰᠢᠷᠤᠢ ᠶᠢᠨ  ᠢᠳᠡᠭᠳᠡᠯ ᠢ ᠶᠡᠷᠦᠩᠬᠡᠶᠢᠯᠡᠨ ᠵᠠᠰᠬᠠᠤ ᠶᠢ ᠠᠬᠢᠭᠤᠯᠵᠤ᠂ ᠨᠤᠭᠤ ᠭᠠᠵᠠᠷ ᠢ ᠬᠠᠮᠠᠭᠠᠯᠠᠨ ᠰᠡᠷᠬᠦᠬᠡᠬᠦ ᠠᠵᠢᠯ ᠢ  ᠴᠢᠩᠭᠠᠳᠬᠠᠵᠤ᠂ ᠭᠠᠵᠠᠷ ᠵᠦᠢ ᠶᠢᠨ ᠭᠠᠮᠰᠢᠭ ᠢ ᠰᠡᠷᠬᠡᠶᠢᠯᠡᠨ ᠵᠠᠰᠠᠬᠤ ᠶᠢ ᠴᠢᠩᠭᠠᠳᠬᠠᠨ᠎ᠠ᠃ ᠪᠠᠶᠢᠭᠠᠯᠢ ᠶᠢᠨ  ᠤᠢ ᠶᠢᠨ ᠬᠠᠮᠠᠭᠠᠯᠠᠯᠳᠠ ᠶᠢᠨ ᠲᠦᠷᠢᠮ ᠢ ᠳᠡᠬᠦᠯᠳᠡᠷᠵᠢᠬᠦᠯᠵᠦ᠂ ᠳᠠᠷᠢᠶᠠᠯᠠᠬᠤ ᠶᠢ ᠵᠤᠭᠰᠤᠭᠠᠵᠤ ᠤᠢ ᠮᠤᠳᠤ ᠡᠪᠡᠰᠤ  ᠪᠡᠯᠴᠢᠬᠡᠷ ᠢ ᠰᠡᠷᠬᠦᠬᠡᠬᠦ ᠶᠢ ᠦᠷᠬᠡᠳᠬᠡᠨ᠎ᠡ᠃ ᠳᠠᠷᠢᠶᠠᠨ ᠭᠠᠵᠠᠷ ᠢ ᠴᠢᠩᠭ᠎ᠠ ᠬᠠᠮᠠᠭᠠᠯᠠᠵᠤ᠂ ᠡᠬᠡᠯᠵᠢᠯᠡᠨ ᠳᠠᠷᠢᠬᠤ ᠪᠠ  ᠰᠡᠯᠬᠦᠨ ᠳᠠᠷᠢᠬᠤ ᠳᠤᠷᠰᠢᠯᠳᠠ ᠶᠢ ᠦᠷᠬᠡᠳᠬᠡᠵᠦ᠂ ᠳᠠᠷᠢᠶᠠᠨ ᠭᠠᠵᠠᠷ ᠡᠪᠡᠰᠤ ᠪᠡᠯᠴᠢᠬᠡᠷ ᠤᠢ ᠰᠢᠭᠤᠢ ᠭᠤᠤᠯ  ᠮᠦᠷᠡᠨ ᠨᠠᠭᠤᠷ ᠴᠦᠬᠦᠷᠦᠮ ᠢ ᠰᠡᠷᠬᠦᠬᠡᠨ ᠰᠠᠶᠢᠵᠢᠷᠠᠭᠤᠯᠬᠤ ᠲᠦᠷᠢᠮ ᠢ ᠪᠦᠷᠢᠨᠰᠢᠬᠦᠯᠵᠦ᠂ ᠵᠠᠬ᠎ᠠ ᠳᠡᠯᠬᠡᠬᠦᠷᠴᠢᠯᠡᠭᠰᠡᠨ  ᠂ ᠤᠯᠠᠨ ᠡᠰᠢᠵᠢᠭᠰᠡᠨ ᠠᠮᠢ ᠠᠬᠤᠢ ᠶᠢᠨ ᠨᠦᠬᠦᠪᠦᠷᠢᠯᠡᠬᠦ ᠳᠤᠭᠳᠠᠴᠠ ᠶᠢ ᠪᠠᠶᠢᠭᠤᠯᠤᠨ᠎ᠠ᠃            ᠲᠦᠷᠪᠡ ᠳᠤ᠂ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠳᠤ  ᠦᠬᠡᠷᠡᠴᠢᠯᠡᠯᠳᠡ ᠬᠢᠬᠦ ᠬᠡᠷᠡᠭᠳᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠶᠡᠷᠦᠩᠬᠡᠢ ᠵᠢᠷᠤᠭ  ᠲᠦᠯᠦᠪᠯᠡᠭᠡ ᠪᠠ ᠵᠤᠬᠢᠶᠠᠨ ᠪᠠᠶᠢᠭᠤᠯᠵᠤ ᠤᠳᠤᠷᠢᠳᠬᠤ ᠠᠵᠢᠯ ᠢ ᠴᠢᠩᠭᠠᠳᠬᠠᠵᠤ᠂ ᠤᠯᠤᠰ ᠤᠨ ᠦᠮᠴᠢᠯᠡᠯ ᠤᠨ  ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠬᠡ ᠶᠢᠨ ᠬᠠᠮᠢᠶᠠᠷᠤᠯᠳᠠ ᠪᠠ ᠪᠠᠶᠢᠭᠠᠯᠢ ᠶᠢᠨ ᠠᠮᠢ ᠠᠬᠤᠢ ᠶᠢᠨ  ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠵᠤ᠂ ᠠᠮᠢ ᠠᠬᠤᠢ ᠶᠢᠨ ᠤᠷᠴᠢᠨ ᠨᠦᠬᠦᠴᠡᠯ ᠤᠨ  ᠬᠠᠮᠢᠶᠠᠷᠤᠯᠳᠠ ᠶᠢᠨ ᠲᠦᠷᠢᠮ ᠢ ᠳᠡᠬᠦᠯᠳᠡᠷᠵᠢᠬᠦᠯᠦᠨ᠂ ᠨᠡᠶᠢᠳᠡ ᠶᠢᠨ ᠦᠮᠴᠢᠯᠡᠯ ᠤᠨ ᠪᠠᠶᠢᠭᠠᠯᠢ ᠶᠢᠨ ᠡᠬᠢ  ᠪᠠᠶᠠᠯᠢᠭ ᠤᠨ ᠡᠳ᠋ ᠬᠦᠷᠦᠩᠬᠡ ᠶᠢᠨ ᠦᠮᠴᠢᠯᠡᠭᠴᠢ ᠶᠢᠨ ᠳᠤᠰᠢᠶᠠᠯ ᠬᠠᠷᠢᠭᠤᠴᠠᠯᠭ᠎ᠠ ᠶᠢ ᠨᠢᠬᠡᠳᠦᠯᠳᠡᠢ ᠬᠡᠷᠡᠭᠵᠢᠬᠦᠯᠵᠦ᠂  ᠤᠯᠤᠰ ᠤᠨ ᠨᠤᠳᠤᠭ ᠳᠡᠪᠢᠰᠬᠡᠷ ᠤᠨ ᠪᠦᠬᠦ ᠤᠷᠤᠨ ᠵᠠᠢ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠪᠠ ᠠᠮᠢ  ᠠᠬᠤᠢ ᠶᠢ ᠬᠠᠮᠠᠭᠠᠯᠠᠵᠤ ᠰᠡᠷᠬᠦᠬᠡᠨ ᠵᠠᠰᠬᠠᠤ ᠳᠤᠰᠢᠶᠠᠯ ᠬᠠᠷᠢᠭᠤᠴᠠᠯᠭ᠎ᠠ ᠶᠢ ᠨᠢᠬᠡᠳᠦᠯᠳᠡᠢ ᠬᠡᠷᠡᠭᠵᠢᠬᠦᠯᠦᠨ᠂ ᠬᠤᠳᠠ  ᠬᠦᠳᠡᠭᠡ ᠶᠢᠨ ᠡᠯ᠎ᠠ ᠲᠦᠷᠦᠯ ᠤᠨ ᠪᠤᠬᠢᠷᠳᠤᠯ ᠪᠤᠳᠠᠰ ᠤᠨ ᠭᠠᠳᠠᠭᠰᠢᠭᠤᠯᠤᠯᠳᠠ ᠶᠢ ᠬᠢᠨᠠᠨ ᠬᠠᠮᠢᠶᠠᠷᠬᠤ ᠪᠠ ᠵᠠᠰᠠᠭ  ᠵᠠᠬᠢᠷᠭᠠᠨ ᠤ ᠬᠠᠤᠯᠢ ᠬᠡᠷᠡᠭᠵᠢᠬᠦᠯᠬᠦ ᠳᠤᠰᠢᠶᠠᠯ ᠬᠠᠷᠢᠭᠤᠴᠠᠯᠭ᠎ᠠ ᠶᠢ ᠨᠢᠬᠡᠳᠦᠯᠳᠡᠢ ᠬᠡᠷᠡᠭᠵᠢᠬᠦᠯᠦᠨ᠎ᠡ᠃ ᠤᠯᠤᠰ ᠤᠨ  ᠨᠤᠳᠤᠭ ᠳᠡᠪᠢᠰᠬᠡᠷ ᠤᠨ ᠤᠷᠤᠨ ᠵᠠᠢ ᠶᠢ ᠨᠡᠬᠡᠬᠡᠨ ᠠᠰᠢᠬᠯᠠᠬᠤ ᠬᠠᠮᠠᠭᠠᠯᠠᠯᠳᠠ ᠶᠢᠨ ᠲᠦᠷᠢᠮ ᠢ ᠪᠠᠶᠢᠭᠤᠯᠵᠤ᠂ ᠪᠡᠶᠡᠴᠢ  ᠴᠤᠭᠴᠠ ᠶᠢᠨ ᠴᠢᠳᠠᠮᠵᠢᠳᠤ ᠤᠷᠤᠨ ᠤ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠦᠨ᠂  ᠤᠯᠤᠰ ᠤᠨ ᠴᠡᠴᠡᠷᠯᠢᠭ ᠢᠶᠠᠷ ᠭᠤᠤᠯ ᠴᠤᠭᠴᠠ ᠪᠤᠯᠭᠠᠭᠰᠠᠨ ᠪᠠᠶᠢᠭᠠᠯᠢ ᠶᠢᠨ ᠬᠠᠮᠠᠭᠠᠯᠠᠯᠳᠠ ᠶᠢᠨ ᠭᠠᠵᠠᠷ ᠵᠦᠢ ᠶᠢᠨ  ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠬᠦ ᠦᠢᠯᠡ ᠠᠵᠢᠯᠯᠠᠭ᠎ᠠ ᠶᠢ ᠡᠷᠡᠰ  ᠬᠤᠷᠢᠬᠯᠠᠠᠨ ᠵᠤᠭᠰᠤᠭᠠᠬᠤ ᠪᠠ ᠵᠠᠯᠬᠠᠭᠠᠨ ᠰᠢᠳᠬᠡᠨ᠎ᠡ ᠬᠡᠵᠡᠢ᠃               ᠰᠢ ᠶᠢᠨ ᠫᠢᠩ ᠴᠢᠬᠤᠯᠠᠴᠢᠯᠠᠨ ᠵᠢᠭᠠᠵᠤ ᠭᠠᠷᠭᠠᠭᠰᠠᠨ ᠨᠢ ᠂ ᠠᠮᠢ ᠠᠬᠤᠢ ᠶᠢᠨ ᠪᠤᠯᠪᠠᠰᠤᠨ ᠤ  ᠪᠠᠶᠢᠭᠤᠯᠤᠯᠳᠠ ᠶᠢ ᠤᠳᠤ ᠦᠶ᠎ᠡ ᠳᠡᠭᠡᠨ ᠴᠢᠷᠮᠠᠶᠢᠨ ᠬᠢᠪᠡᠯ ᠦᠨᠢ ᠡᠬᠦᠷᠢᠳᠡ ᠠᠰᠢᠭ ᠳᠤᠰᠠ ᠶᠢ ᠨᠢ ᠬᠦᠷᠳᠡᠬᠦ ᠶᠤᠮ᠃ ᠪᠢᠳᠡ ᠨᠡᠶᠢᠬᠡᠮ ᠵᠢᠷᠤᠮ ᠤᠨ ᠠᠮᠢ ᠠᠬᠤᠢ ᠶᠢᠨ ᠪᠤᠯᠪᠠᠰᠤᠨ ᠤ ᠦᠵᠡᠯᠳᠡ ᠶᠢ ᠪᠠᠳᠤ ᠪᠠᠬᠢ ᠪᠤᠢ ᠪᠤᠯᠭᠠᠵᠤ᠂ ᠬᠦᠮᠦᠨ  ᠪᠤᠯᠤᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠦᠭᠵᠢᠬᠦ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠶᠢᠨ ᠰᠢᠨ᠎ᠡ  ᠪᠠᠶᠢᠷᠢᠰᠢᠯ ᠢ ᠪᠦᠷᠢᠯᠳᠦᠬᠦᠯᠬᠦ ᠶᠢ ᠠᠬᠢᠭᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠬᠤ ᠶᠢᠨ  ᠲᠦᠯᠦᠬᠡ ᠮᠠᠨ ᠤ ᠡᠨᠡ ᠦᠶ᠎ᠠ ᠶᠢᠨ ᠬᠦᠮᠦᠰ ᠴᠢᠷᠮᠠᠶᠢᠯᠭ᠎ᠠ ᠪᠠᠨ ᠭᠠᠷᠭᠠᠬᠤ ᠬᠡᠷᠡᠭᠳᠡᠢ ᠬᠡᠵᠡᠢ᠃            ᠰᠢ ᠶᠢᠨ ᠫᠢᠩ ᠴᠢᠬᠤᠯᠠᠴᠢᠯᠠᠭᠰᠠᠨ ᠨᠢ᠂ ᠲᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢ  ᠬᠦᠴᠦᠷᠬᠡᠭᠵᠢᠬᠦᠯᠬᠦ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠤᠯᠤᠰ ᠤᠨ ᠪᠠᠳᠤᠯᠠᠨ ᠬᠠᠮᠠᠭᠠᠯᠠᠯᠲᠠ ᠪᠠ ᠴᠡᠷᠢᠭ  ᠠᠩᠭᠢ ᠶᠢᠨ ᠤᠳᠤᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ ᠭᠡᠵᠡᠢ                ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 18 ᠤ ᠡᠳᠤᠷ ᠤᠨ ᠮᠡᠳᠡᠭᠡ ᠰᠢ ᠶᠢᠨ ᠫᠢᠩ  ᠨᠦᠬᠦᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ ᠴᠢᠬᠤᠯᠠᠴᠢᠯᠠᠬᠤ ᠳᠠᠭᠠᠨ᠂ ᠳᠤᠮᠳᠠᠳᠤ ᠤᠯᠤᠰ ᠤᠨ  ᠤᠨᠴᠠᠯᠢᠭ ᠪᠦᠬᠦᠢ ᠴᠡᠷᠢᠭ ᠢ ᠬᠦᠴᠦᠷᠬᠡᠵᠢᠬᠦᠯᠬᠦ ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠤᠯᠤᠰ ᠤᠨ ᠪᠠᠳᠤᠯᠠᠨ  ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠡᠯᠳᠡ ᠶᠢ ᠪᠦᠬᠦ ᠳᠠᠯ᠎ᠠ ᠪᠠᠷ ᠠᠬᠢᠭᠤᠯᠤᠨ᠎ᠠ ᠬᠡᠵᠡᠢ᠃       ᠰᠢ ᠶᠢᠨ ᠫᠢᠩ ᠵᠢᠭᠠᠵᠤ ᠭᠠᠷᠭᠠᠭᠰᠠᠨ ᠨᠢ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ  ᠪᠦᠳᠦᠬᠡᠨ ᠪᠠᠶᠢᠭᠤᠯᠤᠯᠳᠠ ᠶᠠᠭ ᠳᠡᠦᠬᠡ ᠶᠢᠨ ᠰᠢᠨ᠎ᠡ ᠭᠠᠷᠤᠭ᠎ᠠ ᠳᠡᠬᠡᠷ᠎ᠡ ᠵᠤᠭᠰᠤᠵᠤ ᠪᠠᠶᠢᠨ᠎ᠠ᠃ ᠡᠷᠬᠡᠪᠰᠢ ᠰᠢᠨ᠎ᠡ  ᠴᠠᠭ ᠦᠶ᠎ᠡ ᠶᠢᠨ ᠨᠠᠮ ᠤᠨ ᠴᠡᠷᠢᠭ ᠢᠶᠠᠨ ᠬᠦᠴᠦᠷᠬᠡᠭᠵᠢᠬᠦᠯᠬᠦ ᠦᠵᠡᠯ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ  ᠂ ᠰᠢᠨ᠎ᠠ ᠪᠠᠶᠢᠳᠠᠯ ᠳᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠳᠤᠤᠱᠯᠠᠭᠤᠯᠤᠨ  ᠂ ᠬᠦᠴᠦᠷᠬᠡᠭ ᠶᠡᠭᠡ ᠤᠳᠤᠬᠢᠴᠢᠯᠠᠭᠰᠠᠨ ᠬᠠᠭᠤᠷᠠᠢ ᠴᠡᠷᠢᠭ᠂ ᠳᠠᠯᠠᠢ ᠶᠢᠨ ᠴᠡᠷᠢᠭ᠂ ᠠᠭᠠᠷ ᠤᠨ ᠴᠡᠷᠢᠭ᠂  ᠳᠡᠶᠢᠷᠦᠯᠳᠤ ᠰᠤᠮᠤ ᠶᠢᠨ ᠴᠡᠷᠢᠭ ᠪᠠ ᠪᠠᠶᠢᠯᠳᠤᠬᠤ ᠪᠤᠳᠤᠯᠭ᠎ᠠ ᠶᠢᠨ ᠳᠤᠰᠠᠯᠠᠬᠤ ᠴᠡᠷᠢᠭ ᠠᠩᠬᠢ ᠶᠢ ᠪᠦᠳᠦᠬᠡᠨ  ᠪᠠᠶᠢᠭᠤᠯᠵᠤ᠂ ᠡᠷᠡᠰ ᠴᠢᠩᠭ᠎ᠠ ᠪᠦᠬᠡᠳ ᠦᠨᠳᠦᠷ ᠪᠦᠳᠦᠮᠵᠢᠳᠡᠢ ᠪᠠᠶᠢᠯᠳᠤᠭᠠᠨ ᠤ ᠳᠤᠭᠤᠷᠢᠭ ᠤᠨ ᠬᠠᠮᠳᠤᠷᠠᠨ  ᠪᠠᠶᠢᠯᠳᠤᠬᠤ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠤᠨ᠂ ᠳᠤᠮᠳᠠᠳᠤ ᠤᠯᠤᠰ ᠤᠨ ᠤᠨᠴᠠᠯᠢᠭ ᠪᠦᠬᠦᠢ ᠤᠳᠤ  ᠦᠶ᠎ᠠ ᠶᠢᠨ ᠪᠠᠶᠢᠯᠳᠤᠭᠠᠨ ᠤ ᠰᠢᠰᠲ᠋ᠧᠮ ᠢ ᠪᠠᠶᠢᠭᠤᠯᠵᠤ᠂ ᠨᠠᠮ ᠪᠠ ᠠᠷᠠᠳ ᠲᠦᠮᠡᠨ ᠠᠴᠠ ᠤᠯᠭᠤᠭᠰᠠᠨ ᠰᠢᠨ᠎ᠡ ᠴᠠᠭ  ᠦᠶ᠎ᠡ ᠶᠢᠨ ᠡᠬᠦᠷᠬᠡ ᠬᠠᠷᠢᠭᠤᠴᠠᠯᠭ᠎ᠠ ᠶᠢ ᠡᠬᠦᠷᠬᠡᠯᠡᠬᠦ ᠬᠡᠷᠡᠭᠳᠡᠢ᠃     ᠳᠡᠯᠡᠬᠡᠢ ᠶᠢᠨ ᠴᠡᠷᠢᠭ ᠤᠨ ᠶᠠᠪᠤᠳᠠᠯ ᠤᠨ ᠬᠤᠪᠢᠰᠬᠠᠯ ᠤᠨ ᠰᠢᠨ᠎ᠡ ᠬᠦᠭᠵᠢᠯᠳᠡ ᠶᠢᠨ ᠬᠠᠨᠳᠤᠰᠢ ᠪᠠ  ᠤᠯᠤᠰ ᠤᠨ ᠠᠮᠤᠷ ᠲᠦᠪᠰᠢᠨ ᠤ ᠱᠠᠭᠠᠷᠳᠠᠯᠭ᠎ᠠ ᠳᠤ ᠵᠤᠬᠢᠴᠠᠭᠤᠯᠵᠤ᠂ ᠪᠦᠳᠦᠬᠡᠨ ᠪᠠᠶᠢᠭᠤᠯᠬᠤ ᠶᠠᠰᠤ ᠴᠢᠨᠠᠷ ᠪᠠ  ᠦᠷ᠎ᠠ ᠠᠰᠢᠭ ᠢ ᠳᠡᠬᠡᠭᠰᠢᠯᠡᠬᠦᠯᠦᠨ᠂ 2020 ᠤᠨ ᠪᠤᠯᠬᠤ ᠳᠤ ᠮᠧᠬᠠᠨᠢᠭᠵᠢᠯᠳᠠ ᠶᠢ ᠦᠨᠳᠦᠰᠦᠨ ᠳᠡᠭᠡᠨ  ᠪᠡᠶᠡᠯᠡᠬᠦᠯᠵᠦ᠂ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠴᠢᠬᠤᠯᠠ ᠶᠡᠭᠡ ᠠᠬᠢᠴᠠ ᠲᠠᠢ ᠪᠤᠯᠭᠠᠵᠤ᠂  ᠪᠠᠶᠢᠯᠳᠤᠬᠤ ᠪᠤᠳᠤᠯᠭ᠎ᠠ ᠶᠢᠨ ᠴᠢᠳᠠᠪᠤᠷᠢ ᠶᠢ ᠶᠡᠬᠡᠪᠡᠷ ᠳᠡᠬᠡᠭᠰᠢᠯᠡᠬᠦᠯᠬᠦ ᠶᠢ ᠦᠨᠡᠨᠬᠦ ᠪᠠᠳᠤᠯᠠᠨ᠎ᠠ᠃ ᠴᠡᠷᠢᠭ ᠤᠨ  ᠶᠠᠪᠤᠳᠠᠯ ᠤᠨ ᠤᠨᠤᠯ ᠤᠨ ᠤᠳᠤᠬᠢᠴᠢᠯᠠᠯᠳᠠ᠂ ᠴᠡᠷᠢᠭ ᠠᠩᠬᠢ ᠶᠢᠨ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠶᠢᠨ  ᠤᠳᠤᠬᠢᠴᠢᠯᠠᠯᠳᠠ᠂ ᠴᠡᠷᠢᠭ ᠤᠨ ᠶᠠᠪᠤᠳᠠᠯ ᠤᠨ ᠠᠵᠢᠯᠳᠠᠨ ᠤ ᠤᠳᠤᠬᠢᠴᠢᠯᠠᠯᠳᠠ᠂ ᠵᠡᠪᠰᠡᠭ ᠲᠤᠨᠤᠭᠯᠠᠯ ᠤᠨ  ᠤᠳᠤᠬᠢᠴᠢᠯᠠᠯᠳᠠ ᠶᠢ ᠤᠯᠤᠰ ᠤᠨ ᠤᠳᠤᠬᠢᠴᠢᠯᠠᠯᠳᠠ ᠶᠢᠨ ᠠᠬᠢᠴᠠ ᠲᠠᠢ ᠨᠢᠬᠡᠳᠦᠯᠳᠡᠢ ᠪᠠᠶᠢᠯᠭᠠᠨ᠂ ᠪᠦᠬᠦ ᠳᠠᠯ᠎ᠠ ᠪᠠᠷ  ᠠᠬᠢᠭᠤᠯᠵᠤ᠂ 2035 ᠤᠨ ᠪᠤᠯᠬᠤ ᠳᠤ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ  ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠦᠨ᠂ ᠳᠤᠰ ᠵᠠᠭᠤᠨ ᠤ ᠳᠤᠮᠳᠠᠴᠢ ᠦᠶ᠎ᠠ ᠪᠤᠯᠬᠤ ᠳᠤ  ᠠᠷᠠᠳ ᠤᠨ ᠴᠡᠷᠢᠭ ᠠᠩᠬᠢ ᠶᠢ ᠪᠦᠬᠦ ᠳᠠᠯ᠎ᠠ ᠪᠠᠷ ᠳᠡᠯᠡᠬᠡᠢ ᠶᠢᠨ ᠳᠡᠷᠢᠬᠦᠨ ᠵᠡᠷᠬᠡ ᠶᠢᠨ ᠴᠡᠷᠢᠭ ᠠᠩᠬᠢ ᠪᠤᠯᠭᠠᠨ  ᠪᠦᠳᠦᠬᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ ᠬᠡᠵᠡᠢ᠃            ᠰᠢ ᠶᠢᠨ ᠫᠢᠩ ᠬᠡᠯᠡᠬᠦ ᠳᠡᠭᠡᠨ᠂ ᠴᠡᠷᠢᠭ ᠠᠩᠬᠢ ᠶᠢᠨ ᠨᠠᠮ ᠤᠨ ᠪᠠᠶᠢᠭᠤᠯᠤᠯᠳᠠ ᠶᠢ ᠴᠢᠩᠭᠠᠳᠬᠠᠵᠤ᠂ ︽ ᠬᠤᠪᠢᠰᠬᠠᠯᠳᠤ ᠤᠳᠤᠮᠰᠢᠯ ᠢ ᠵᠠᠯᠭᠠᠮᠵᠢᠯᠠᠵᠤ᠂ ᠴᠡᠷᠢᠭ ᠢᠶᠠᠨ ᠬᠦᠴᠦᠷᠬᠡᠭᠵᠢᠬᠦᠯᠬᠦ ᠬᠦᠨᠳᠤ ᠡᠬᠦᠷᠬᠡ ᠶᠢ ᠡᠬᠦᠷᠬᠡᠯᠡᠬᠦ︾  ᠭᠤᠤᠯ ᠰᠡᠳᠦᠪᠳᠤ ᠬᠦᠮᠦᠵᠢᠯ ᠢ ᠦᠷᠨᠢᠬᠦᠯᠦᠨ᠂ ᠴᠡᠷᠢᠭ ᠬᠦᠮᠦᠨ ᠤ ᠢᠷᠠᠭᠤ ᠠᠯᠳᠠᠷ ᠤᠨ ᠰᠢᠰᠲ᠋ᠧᠮ ᠤᠨ  ᠪᠠᠶᠢᠭᠤᠯᠤᠯᠳᠠ ᠶᠢ ᠠᠬᠢᠭᠤᠯᠵᠤ᠂ ᠰᠦᠭ ᠰᠦᠯᠳᠡ ᠲᠠᠢ᠂ ᠡᠷᠳᠡᠮ ᠴᠢᠳᠠᠪᠤᠷᠢ ᠲᠠᠢ᠂ ᠤᠮᠤᠭ ᠵᠤᠷᠢᠭ ᠲᠠᠢ᠂ ᠶᠤᠰᠤ  ᠮᠤᠷᠠᠯ ᠲᠠᠢ᠂ ᠰᠢᠨ᠎ᠡ ᠴᠠᠭ ᠦᠶ᠎ᠠ ᠶᠢᠨ ᠬᠤᠪᠢᠰᠬᠠᠯᠳᠤ ᠴᠡᠷᠢᠭ ᠬᠦᠮᠦᠨ ᠢ ᠬᠦᠮᠦᠵᠢᠬᠦᠯᠦᠨ᠂ ᠠᠷᠠᠳ ᠤᠨ ᠴᠡᠷᠢᠭ  ᠠᠩᠬᠢ ᠶᠢᠨ ᠰᠢᠨᠵᠢ ᠴᠢᠨᠠᠷ᠂ ᠵᠤᠷᠢᠯᠳᠠ᠂ ᠤᠤᠷ ᠴᠢᠨᠠᠷ ᠢ ᠡᠬᠦᠷᠢᠳᠡ ᠬᠠᠳᠠᠭᠠᠯᠠᠨ᠎ᠠ᠃ ᠤᠯᠤᠰ ᠤᠨ ᠪᠠᠳᠤᠯᠠᠨ  ᠬᠠᠮᠠᠭᠠᠯᠠᠯᠳᠠ ᠪᠠ ᠴᠡᠷᠢᠭ ᠠᠩᠬᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠤᠹᠢᠼᠧᠷ ᠢ  ᠳᠤᠰᠬᠠᠢᠢᠵᠢᠭᠤᠯᠬᠤ ᠲᠦᠷᠢᠮ᠂ ᠪᠢᠴᠢᠭ ᠤᠨ ᠳᠤᠰᠢᠶᠠᠯᠳᠠᠨ ᠤ ᠲᠦᠷᠢᠮ ᠵᠡᠷᠬᠡ ᠴᠢᠬᠤᠯᠠ ᠶᠡᠭᠡ ᠲᠦᠷᠦ ᠶᠢᠨ  ᠪᠤᠳᠤᠯᠭ᠎ᠠ ᠶᠢᠨ ᠲᠦᠷᠢᠮ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠴᠡᠷᠢᠭ ᠤᠨ ᠶᠠᠪᠤᠳᠠᠯ ᠤᠨ  ᠬᠠᠮᠢᠶᠠᠷᠤᠯᠳᠠ ᠶᠢᠨ ᠬᠤᠪᠢᠰᠬᠠᠯ ᠢ ᠠᠬᠢᠭᠤᠯᠵᠤ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ  ᠴᠡᠷᠢᠭ ᠤᠨ ᠶᠠᠪᠤᠳᠠᠯ ᠤᠨ ᠲᠦᠷᠢᠮ ᠢ ᠳᠡᠬᠦᠯᠳᠡᠷᠵᠢᠬᠦᠯᠦᠨ ᠬᠦᠭᠵᠢᠬᠦᠯᠦᠨ᠎ᠡ᠃ ᠰᠢᠨᠵᠢᠯᠡᠬᠦ ᠤᠬᠠᠭᠠᠨ ᠮᠡᠷᠬᠡᠵᠢᠯ ᠪᠤᠯ  ᠭᠤᠤᠯᠯᠠᠬᠤ ᠳᠠᠶᠢᠴᠢᠨ ᠬᠦᠴᠦᠨ ᠮᠦᠨ ᠬᠡᠬᠦ ᠦᠵᠡᠯ ᠰᠠᠨᠠᠭ᠎ᠠ ᠶᠢ ᠪᠤᠢ ᠪᠤᠯᠭᠠᠵᠤ᠂ ᠴᠢᠬᠤᠯᠠ ᠶᠡᠭᠡ ᠮᠡᠷᠬᠡᠵᠢᠯ ᠤᠨ  ᠰᠢᠨ᠎ᠡ ᠡᠬᠦᠳᠦᠯᠳᠡ᠂ ᠪᠡᠶ᠎ᠠ ᠪᠠᠨ ᠳᠠᠭᠠᠭᠠᠭᠰᠠᠨ ᠰᠢᠨ᠎ᠡ ᠡᠬᠦᠳᠦᠯᠳᠡ ᠶᠢ ᠠᠬᠢᠭᠤᠯᠤᠨ᠂ ᠴᠡᠷᠢᠭ ᠤᠨ ᠶᠠᠪᠤᠳᠠᠯ ᠤᠨ  ᠴᠢᠳᠠᠪᠤᠷᠢᠳᠠᠨ ᠢ ᠬᠦᠮᠦᠵᠢᠬᠦᠯᠬᠦ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠰᠢᠨ᠎ᠡ ᠶᠢ ᠡᠬᠦᠳᠬᠦ  ᠬᠡᠯᠪᠡᠷᠢ ᠶᠢᠨ ᠠᠷᠠᠳ ᠤᠨ ᠴᠡᠷᠢᠭ ᠠᠩᠬᠢ ᠶᠢ ᠪᠦᠳᠦᠬᠡᠨ ᠪᠠᠶᠢᠭᠤᠯᠤᠨ᠎ᠠ᠃ ᠴᠡᠷᠢᠭ ᠢ ᠪᠦᠬᠦ ᠳᠠᠯ᠎ᠠ ᠪᠠᠷ ᠴᠢᠩᠭ᠎ᠠ  ᠵᠠᠰᠠᠵᠤ᠂ ᠴᠡᠷᠢᠭ ᠢ ᠵᠠᠰᠠᠬᠤ ᠠᠷᠭ᠎ᠠ ᠮᠠᠶ᠋ᠢᠭ ᠤᠨ ᠦᠨᠳᠦᠰᠦᠨ ᠴᠢᠨᠠᠷᠳᠠᠢ ᠬᠤᠪᠢᠷᠠᠯᠳᠠ ᠶᠢ ᠠᠬᠢᠭᠤᠯᠤᠨ᠂  ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠪᠦᠳᠦᠬᠡᠨ ᠪᠠᠶᠢᠭᠤᠯᠤᠯᠳᠠ ᠶᠢᠨ ᠬᠠᠤᠯᠢ ᠪᠠᠷ ᠵᠠᠰᠬᠠᠤ  ᠬᠢᠷᠢ ᠬᠡᠮᠵᠢᠶ᠎ᠠ ᠶᠢ ᠳᠡᠬᠡᠭᠰᠢᠯᠡᠬᠦᠯᠦᠨ᠎ᠡ ᠬᠡᠵᠡᠢ᠃             ᠰᠢ ᠶᠢᠨ ᠫᠢᠩ ᠵᠢᠭᠠᠵᠤ ᠭᠠᠷᠭᠠᠭᠰᠠᠨ ᠨᠢ᠂ ᠴᠡᠷᠢᠭ ᠠᠩᠬᠢ ᠳᠠᠶᠢᠨ ᠬᠢᠬᠦ ᠪᠡᠯᠡᠳᠬᠡᠯ ᠲᠠᠢ ᠪᠠᠶᠢᠬᠤ ᠬᠡᠷᠡᠭᠳᠡᠢ᠂  ᠠᠯᠢᠪᠠ ᠠᠵᠢᠯ ᠳᠤ ᠴᠦᠮ ᠳᠠᠶᠢᠴᠢᠨ ᠬᠦᠴᠦᠨ ᠲᠠᠢ ᠪᠠᠶᠢᠯᠭᠠᠬᠤ ᠪᠠᠷᠢᠮᠵᠢᠶ᠎ᠠ ᠶᠢ ᠵᠠᠪᠠᠯ ᠪᠠᠷᠢᠮᠳᠠᠯᠠᠵᠤ᠂ ᠳᠠᠶᠢᠨ ᠬᠢᠵᠦ  ᠴᠢᠳᠠᠬᠤ᠂ ᠢᠯᠭᠤᠭᠰᠠᠨ ᠳᠠᠶᠢᠨ ᠬᠢᠵᠦ ᠴᠢᠳᠠᠬᠤ ᠳᠤ ᠠᠩᠬᠠᠷᠤᠯ ᠢᠶᠠᠨ ᠲᠦᠪᠯᠡᠷᠡᠬᠦᠯᠬᠦ ᠬᠡᠷᠡᠭᠳᠡᠢ᠃ ᠡᠯ᠎ᠠ  ᠪᠠᠶᠢᠯᠳᠤᠬᠤ ᠪᠤᠳᠤᠯᠭ᠎ᠠ ᠶᠢᠨ ᠴᠢᠭᠯᠡᠯ ᠤᠨ ᠴᠡᠷᠢᠭ ᠤᠨ ᠶᠠᠪᠤᠳᠠᠯ ᠤᠨ ᠳᠡᠮᠡᠴᠡᠯ ᠤᠨ ᠪᠡᠯᠡᠳᠬᠡᠯ ᠢ ᠯᠠᠪᠳᠠᠭᠤᠨ ᠪᠠᠳᠤᠳᠠᠢ  ᠰᠠᠶᠢᠳᠤᠷ ᠬᠢᠵᠦ᠂ ᠤᠯᠠᠮᠵᠢᠯᠠᠯᠳᠤ ᠠᠮᠤᠷ ᠲᠦᠪᠰᠢᠨ ᠤ ᠬᠦᠷᠢᠶ᠎ᠠ ᠪᠠ ᠰᠢᠨ᠎ᠡ ᠬᠡᠯᠪᠡᠷᠢ ᠶᠢᠨ ᠠᠮᠤᠷ ᠲᠦᠪᠰᠢᠨ ᠤ  ᠬᠦᠷᠢᠶᠡᠨ ᠳᠠᠬᠢ ᠴᠡᠷᠢᠭ ᠤᠨ ᠶᠠᠪᠤᠳᠠᠯ ᠤᠨ ᠳᠡᠮᠡᠴᠡᠯ ᠤᠨ ᠪᠡᠯᠡᠳᠬᠡᠯ ᠢ ᠨᠢᠬᠡᠳᠦᠯᠳᠡᠢ ᠲᠦᠯᠦᠪᠯᠡᠨ ᠠᠬᠢᠭᠤᠯᠵᠤ᠂  ᠰᠢᠨ᠎ᠡ ᠮᠠᠶ᠋ᠢᠭ ᠤᠨ ᠲᠠᠶᠢᠴᠢᠨ ᠬᠦᠴᠦᠨ ᠪᠠ ᠪᠠᠳᠤᠯᠭ᠎ᠠ ᠶᠢᠨ ᠬᠦᠴᠦᠨ ᠢ ᠬᠦᠭᠵᠢᠬᠦᠯᠦᠨ᠂ ᠵᠢᠩᠬᠢᠨᠢ ᠳᠠᠶᠢᠨ ᠤ  ᠮᠠᠶ᠋ᠢᠭ ᠤᠨ ᠴᠡᠷᠢᠭ ᠤᠨ ᠰᠤᠷᠢᠯᠳᠠ ᠶᠢ ᠦᠷᠨᠢᠬᠦᠯᠵᠦ᠂ ᠴᠡᠷᠢᠭ ᠤᠨ ᠶᠠᠪᠤᠳᠠᠯ ᠤᠨ ᠬᠦᠴᠦᠨ ᠤ ᠬᠡᠷᠡᠭᠯᠡᠯᠳᠡ ᠶᠢ  ᠴᠢᠩᠭᠠᠳᠬᠠᠨ᠂ ᠴᠡᠷᠢᠭ ᠤᠨ ᠶᠠᠪᠤᠳᠠᠯ ᠤᠨ ᠤᠶᠤᠨᠴᠢᠯᠠᠭᠰᠠᠨ ᠬᠦᠭᠵᠢᠯᠳᠡ ᠶᠢ ᠲᠦᠷᠬᠡᠳᠬᠡᠵᠦ᠂ ᠰᠦᠯᠵᠢᠶᠡᠨ ᠤ  ᠮᠡᠳᠡᠭᠡ ᠵᠠᠩᠬᠢ ᠶᠢᠨ ᠰᠢᠰᠲ᠋ᠧᠮ ᠳᠤ ᠰᠠᠭᠤᠷᠢᠯᠠᠭᠰᠠᠨ ᠬᠠᠮᠳᠤᠷᠠᠨ ᠪᠠᠶᠢᠯᠳᠤᠬᠤ ᠴᠢᠳᠠᠪᠤᠷᠢ᠂ ᠪᠦᠬᠦ ᠬᠡᠪᠴᠢᠶᠡᠨ ᠤ  ᠪᠠᠶᠢᠯᠳᠤᠬᠤ ᠴᠢᠳᠠᠪᠤᠷᠢ ᠶᠢ ᠳᠡᠬᠡᠭᠰᠢᠯᠡᠬᠦᠯᠦᠨ᠂ ᠠᠮᠤᠷ ᠲᠦᠪᠰᠢᠨ ᠤ ᠪᠠᠶᠢᠳᠠᠯ ᠲᠦᠯᠦᠪ ᠢ ᠪᠦᠳᠦᠮᠵᠢᠳᠡᠢ ᠪᠤᠢ  ᠪᠤᠯᠭᠠᠵᠤ᠂ ᠲᠦᠭᠰᠢᠬᠦᠷᠢ ᠶᠢ ᠬᠠᠮᠢᠶᠠᠷᠤᠨ ᠡᠵᠡᠮᠳᠡᠵᠦ᠂ ᠳᠠᠶᠢᠨ ᠢ ᠬᠤᠷᠢᠬᠯᠠᠵᠤ᠂ ᠳᠠᠶᠢᠨ ᠳᠤ ᠢᠯᠡᠯᠳᠡ ᠤᠯᠤᠨ᠎ᠠ  ᠬᠡᠵᠡᠢ᠃               ᠳᠡᠷᠡ ᠢᠯᠡᠷᠬᠡᠶᠢᠯᠡᠬᠦ ᠳᠡᠭᠡᠨ᠂ ᠤᠯᠤᠰ ᠢᠶᠠᠨ ᠪᠠᠶᠠᠵᠢᠭᠤᠯᠬᠤ ᠪᠠ ᠴᠡᠷᠢᠭ ᠢᠶᠠᠨ ᠬᠦᠴᠦᠷᠬᠡᠭᠵᠢᠬᠦᠯᠬᠦ ᠶᠢ  ᠨᠢᠬᠡᠳᠦᠬᠦᠯᠬᠦ ᠶᠢ ᠪᠠᠷᠢᠮᠳᠠᠯᠠᠵᠤ᠂ ᠨᠢᠬᠡᠳᠦᠯᠳᠡᠢ ᠤᠳᠤᠷᠢᠳᠤᠯᠭ᠎ᠠ᠂ ᠦᠵᠦ ᠲᠦᠯᠦᠪᠯᠡᠭᠡ᠂ ᠦᠬᠡᠷᠡᠴᠢᠯᠡᠯᠳᠡ ᠶᠢᠨ  ᠰᠢᠨ᠎ᠡ ᠡᠬᠦᠳᠦᠯᠳᠡ ᠪᠠ ᠴᠢᠬᠤᠯᠠ ᠶᠡᠭᠡ ᠵᠦᠢᠯᠡᠰ ᠢ ᠨᠠᠶᠢᠳᠠᠪᠤᠷᠢᠵᠢᠭᠤᠯᠬᠤ ᠶᠢ ᠴᠢᠩᠭᠠᠳᠬᠠ᠂ ᠤᠯᠤᠰ ᠤᠨ ᠪᠠᠳᠤᠯᠠᠨ  ᠬᠠᠮᠠᠭᠠᠯᠠᠯᠳᠠ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠠᠵᠤ ᠦᠢᠯᠡᠳᠪᠦᠷᠢ ᠶᠢᠨ ᠦᠬᠡᠷᠡᠴᠢᠯᠡᠯᠳᠡ ᠶᠢ  ᠬᠦᠨᠵᠡᠬᠡᠶᠢᠷᠡᠬᠦᠯᠵᠦ᠂ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠨᠵᠡᠬᠡᠢ  ᠬᠦᠭᠵᠢᠬᠦᠯᠦᠭᠰᠡᠨ ᠪᠠᠶᠢᠷᠢᠰᠢᠯ ᠢ ᠪᠤᠢ ᠪᠤᠯᠭᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠨᠢᠬᠡ ᠴᠤᠭᠴᠠᠵᠢᠭᠰᠠᠨ  ᠰᠢᠰᠲ᠋ᠧᠮ ᠪᠠ ᠴᠢᠳᠠᠪᠤᠷᠢ ᠶᠢ ᠪᠠᠶᠢᠭᠤᠯᠤᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ ᠶᠢᠨ  ᠰᠢᠰᠲ᠋ᠧᠮ ᠢ ᠳᠡᠬᠦᠯᠳᠡᠷᠵᠢᠬᠦᠯᠵᠦ᠂ ᠬᠦᠴᠦᠷᠬᠡᠭ ᠶᠡᠭᠡ ᠪᠠᠳᠤ ᠴᠢᠩᠭ᠎ᠠ ᠤᠳᠤ ᠦᠶ᠎ᠠ ᠶᠢᠨ ᠬᠢᠯᠢ ᠶᠢᠨ ᠰᠡᠷᠬᠡᠶᠢᠯᠡᠯᠳᠡ  ᠳᠠᠯᠠᠢ ᠶᠢᠨ ᠰᠡᠷᠬᠡᠶᠢᠯᠡᠯᠳᠡ ᠠᠭᠠᠷ ᠤᠨ ᠰᠡᠷᠬᠡᠶᠢᠯᠡᠯᠳᠡ ᠶᠢ ᠪᠦᠳᠦᠬᠡᠨ ᠪᠠᠶᠢᠭᠤᠯᠤᠨ᠎ᠠ᠃ ᠴᠡᠷᠢᠭ ᠠᠴᠠ  ᠬᠠᠯᠠᠭᠳᠠᠭᠰᠠᠳ ᠤᠨ ᠬᠠᠮᠢᠶᠠᠷᠤᠯᠳᠠ ᠪᠠ ᠪᠠᠳᠤᠯᠠᠭ᠎ᠠ ᠶᠢᠨ ᠪᠠᠶᠢᠭᠤᠯᠤᠮᠵᠢ ᠶᠢ ᠵᠤᠬᠢᠶᠠᠨ ᠪᠠᠶᠢᠭᠤᠯᠵᠤ᠂ ᠴᠡᠷᠢᠭ  ᠬᠦᠮᠦᠨ᠂ ᠴᠡᠷᠢᠭ ᠤᠨ ᠬᠡᠷ ᠪᠦᠯᠢ ᠶᠢᠨ ᠬᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠴᠡᠷᠢᠭ ᠤᠨ  ᠠᠯᠪᠠ ᠶᠢ ᠨᠡᠶᠢᠬᠡᠮ ᠳᠠᠶᠠᠭᠠᠷ ᠬᠦᠨᠳᠦᠳᠬᠡᠬᠦ ᠶᠢ ᠡᠷᠬᠢᠯᠡᠭᠰᠡᠨ ᠠᠵᠢᠯ ᠪᠤᠯᠭᠠᠨ᠎ᠠ᠃ ᠵᠡᠪᠰᠡᠭᠳᠤ ᠴᠠᠭᠳᠠᠭᠠᠨ ᠤ ᠴᠡᠷᠢᠭ  ᠠᠩᠬᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠤᠳᠤᠬᠢᠴᠢᠯᠠᠭᠰᠠᠨ ᠵᠡᠪᠰᠡᠭᠳᠤ ᠴᠠᠭᠳᠠᠭᠠᠨ ᠤ ᠴᠡᠷᠢᠭ  ᠠᠩᠬᠢ ᠶᠢ ᠪᠠᠶᠢᠭᠤᠯᠤᠨ᠎ᠠ ᠬᠡᠵᠡᠢ᠃     ᠰᠢ ᠶᠢᠨ ᠫᠢᠩ ᠴᠢᠬᠤᠯᠠᠴᠢᠯᠠᠬᠤ ᠳᠠᠭᠠᠨ᠂ ᠮᠠᠨ ᠤ ᠴᠡᠷᠢᠭ ᠠᠩᠬᠢ ᠪᠤᠯ ᠠᠷᠠᠳ ᠤᠨ ᠴᠡᠷᠢᠭ ᠠᠩᠬᠢ ᠮᠦᠨ᠂  ᠮᠠᠨ ᠤ ᠤᠯᠤᠰ ᠤᠨ ᠪᠠᠳᠤᠯᠠᠨ ᠬᠠᠮᠠᠭᠠᠯᠠᠯᠳᠠ ᠪᠤᠯ ᠠᠷᠠᠳ ᠤᠯᠠᠨ ᠤ ᠤᠯᠤᠰ ᠤᠨ ᠪᠠᠳᠤᠯᠠᠨ ᠬᠠᠮᠠᠭᠠᠯᠠᠯᠳᠠ ᠮᠦᠨ᠃  ᠪᠢᠳᠠ ᠠᠷᠠᠳ ᠤᠯᠠᠨ ᠤ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠵᠤ᠂ ᠴᠡᠷᠢᠭ ᠵᠠᠰᠠᠭ  ᠴᠡᠷᠢᠭ ᠠᠷᠠᠳ ᠤᠨ ᠪᠦᠯᠬᠦᠮᠳᠡᠯ ᠢ ᠪᠠᠬᠢᠵᠢᠬᠦᠯᠦᠨ᠂ ᠳᠤᠮᠳᠠᠳᠤ ᠶᠢᠨ ᠵᠡᠬᠦᠳᠤ ᠴᠡᠷᠢᠭ ᠢᠶᠠᠨ ᠬᠦᠴᠦᠷᠬᠡᠭᠵᠢᠬᠦᠯᠬᠦ  ᠵᠡᠬᠦᠳᠤ ᠶᠢ ᠪᠡᠶᠡᠯᠡᠬᠦᠯᠬᠦ ᠶᠢᠨ ᠲᠦᠯᠦᠬᠡ ᠬᠦᠴᠦᠷᠬᠡᠭ ᠶᠡᠭᠡ ᠬᠦᠴᠦᠨ ᠴᠢᠳᠠᠯ ᠢ ᠨᠢᠭᠳᠠᠷᠠᠭᠤᠯᠬᠤ ᠬᠡᠷᠡᠭᠳᠡᠢ ᠬᠡᠵᠡᠢ᠃               ᠰᠢ ᠶᠢᠨ ᠫᠢᠩ ᠴᠢᠬᠤᠯᠠᠴᠢᠯᠠᠭᠰᠠᠨ ᠨᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠶᠢ  ᠪᠠᠷᠢᠮᠳᠠᠯᠠᠵᠦ᠂ ᠡᠬᠡ ᠤᠯᠤᠰ ᠤᠨ ᠨᠢᠭᠡᠳᠤᠯ ᠢ ᠠᠬᠢᠭᠤᠯᠤᠨ᠎ᠠ ᠭᠡᠵᠡᠢ     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 18 ᠤ ᠡᠳᠤᠷ ᠤᠨ ᠮᠡᠳᠡᠭᠡ ᠰᠢ ᠶᠢᠨ ᠫᠢᠡᠭ ᠨᠦᠬᠦᠷ  ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠳᠤ ᠬᠢᠭᠰᠡᠨ ᠢᠯᠡᠳᠭᠡᠯ ᠳᠤ ᠴᠢᠬᠤᠯᠠᠴᠢᠯᠠᠭᠰᠠᠨ ᠨᠢ᠂ ︽ᠨᠢᠭᠡ  ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠶᠢ ᠪᠠᠷᠢᠮᠳᠠᠯᠠᠵᠤ᠂ ᠡᠭᠡ ᠤᠯᠤᠰ ᠤᠨ ᠨᠢᠭᠡᠳᠤᠯ ᠢ ᠠᠬᠢᠭᠤᠯᠬᠤ  ᠭᠡᠷᠡᠭᠳᠡᠢ᠃           ᠰᠢ ᠶᠢᠨ ᠫᠢᠡᠭ ᠵᠢᠭᠠᠵᠤ ᠭᠠᠷᠭᠠᠭᠰᠠᠨ ᠨᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠨᠢ  ᠲᠡᠤᠭᠡᠨ ᠠᠴᠠ ᠦᠯᠡᠳᠡᠭᠳᠡᠵᠤ ᠢᠷᠡᠭᠰᠡᠨ ᠰᠢᠶᠠᠩᠭᠠᠡᠭ᠂ ᠤᠤᠮᠸᠠ ᠤ ᠠᠰᠠᠭᠤᠳᠠᠯ ᠢ ᠰᠶᠢᠳᠪᠤᠷᠢᠯᠠᠬᠦ ᠬᠠᠮᠤᠭ ᠤᠨ  ᠰᠠᠶᠢᠨ ᠲᠦᠰᠤᠯ ᠮᠦᠨ᠂ ᠮᠦᠨ ᠴᠤ ᠰᠢᠶᠠᠩᠭᠠᠡᠭ ᠤᠤᠮᠸᠠ ᠡᠭᠡ ᠤᠯᠤᠰ ᠲᠠᠭᠠᠨ ᠪᠤᠴᠠᠵᠤ ᠢᠷᠡᠭᠰᠡᠨ ᠤ ᠲᠠᠷᠠᠭ᠎ᠠ  ᠤᠷᠳᠤ ᠬᠤᠭᠤᠴᠠᠭ᠎ᠠ ᠪᠠᠷ ᠴᠡᠴᠡᠭᠯᠡᠯ ᠬᠦᠭᠵᠢᠯ ᠪᠠ ᠲᠤᠭᠳᠠᠭᠤᠨ ᠪᠠᠶᠢᠳᠠᠯ ᠢᠶᠠᠨ ᠪᠠᠳᠤᠯᠠᠬᠤ ᠶᠢᠨ ᠬᠠᠮᠤᠭ ᠤᠨ ᠰᠠᠶᠢᠨ  ᠪᠠᠶᠢᠭᠤᠯᠤᠯ ᠮᠦᠨ ᠭᠡᠳᠡᠭ ᠢ ᠪᠤᠳᠠᠳᠤ ᠭᠡᠷᠡᠭ ᠭᠡᠷᠡᠴᠢᠯᠡᠵᠡᠢ᠃     ᠰᠢ ᠶᠢᠨ ᠫᠢᠡᠭ ᠴᠢᠬᠤᠯᠠᠴᠢᠯᠠᠭᠰᠠᠨ ᠨᠢ᠂ ᠰᠢᠶᠠᠩᠭᠠᠡᠭ᠂ ᠤᠤᠮᠸᠠ ᠤ ᠤᠷᠳᠤ ᠬᠤᠭᠤᠴᠠᠭᠠᠨ ᠤ ᠴᠡᠴᠡᠭᠯᠡᠯ  ᠬᠦᠭᠵᠢᠯ ᠪᠠ ᠲᠤᠭᠳᠠᠭᠤᠨ ᠪᠠᠶᠢᠳᠠᠯ ᠪᠠᠳᠤᠯᠠᠬᠤ ᠳᠤ ᠡᠷᠭᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ  ᠭᠡᠷᠡᠭᠵᠢᠬᠦᠯᠬᠦ︾᠂ ︽ᠰᠢᠶᠠᠩᠭᠠᠡᠭᠴᠤᠳ ᠰᠢᠶᠠᠩᠭᠠᠡᠭ ᠢᠶᠠᠨ ᠵᠠᠰᠠᠬᠤ︾᠂ ︽ᠤᠤᠮᠸᠠᠴᠤᠳ ᠤᠤᠮᠸᠠ ᠢᠶᠠᠨ ᠵᠠᠰᠬᠠᠤ  ︾᠂ ᠲᠡᠭᠡᠳᠤ ᠭᠡᠮᠵᠢᠶ᠎ᠠ ᠪᠠᠷ ᠦᠪᠡᠷᠳᠡᠭᠡᠨ ᠵᠠᠰᠠᠬᠤ ᠴᠢᠭᠯᠡᠯᠳᠡ ᠶᠢ ᠪᠦᠬᠦ ᠲᠠᠯ᠎ᠠ ᠪᠠᠷ ᠵᠦᠪ ᠲᠤᠤᠱᠯᠠᠭᠤᠯᠤᠨ᠂  ᠦᠨᠳᠤᠰᠤᠨ ᠬᠠᠤᠯᠢ ᠪᠠ ᠦᠨᠳᠤᠰᠤ ᠪᠤᠯᠬᠤ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠦᠨᠳᠤᠰᠤ ᠪᠤᠯᠬᠤ  ᠬᠠᠤᠯᠢ ᠶᠢ ᠭᠡᠷᠡᠭᠵᠢᠬᠦᠯᠬᠦ ᠳᠤ ᠬᠤᠯᠪᠤᠭᠳᠠᠬᠤ ᠲᠦᠷᠢᠮ ᠪᠠ ᠲᠤᠭᠳᠠᠴᠠ ᠶᠢ ᠲᠡᠬᠦᠯᠳᠡᠷᠵᠢᠬᠦᠯᠬᠦ ᠭᠡᠷᠡᠭᠳᠡᠢ᠃  ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠤᠨ ᠤᠷᠳᠤᠨ ᠪᠠ ᠵᠠᠰᠠᠭ ᠵᠠᠬᠢᠷᠭᠠᠨ ᠤ ᠲᠠᠷᠤᠭ᠎ᠠ ᠶᠢᠨ ᠬᠠᠤᠯᠢ  ᠶᠤᠰᠤᠭᠠᠷ ᠵᠠᠰᠠᠭ ᠶᠠᠪᠤᠭᠤᠯᠵᠤ᠂ ᠢᠳᠡᠪᠬᠢᠳᠡᠢ ᠠᠵᠢᠯᠯᠠᠨ᠂ ᠰᠢᠶᠠᠩᠭᠠᠡᠭ ᠤᠤᠮᠸᠠ ᠤ ᠡᠯ᠎ᠠ ᠡᠳᠡᠭᠡᠳ ᠤᠨ ᠬᠦᠮᠤᠰ ᠢ  ᠪᠦᠯᠬᠦᠮᠳᠡᠬᠦᠯᠤᠨ ᠲᠠᠭᠠᠭᠤᠯᠵᠤ᠂ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠨ ᠬᠦᠭᠵᠢᠬᠦᠯᠬᠦ ᠶᠢ ᠪᠤᠳᠤᠯᠬᠢᠯᠠᠵᠤ᠂  ᠡᠶ᠎ᠡ ᠵᠤᠬᠢᠴᠠᠯ ᠢ ᠠᠬᠢᠭᠤᠯᠤᠨ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠠᠷᠠᠳᠴᠢᠯᠠᠯ ᠢ ᠡᠮᠬᠢ  ᠵᠢᠷᠤᠮ ᠲᠠᠢ ᠠᠬᠢᠭᠤᠯᠤᠨ᠂ ᠨᠡᠶᠢᠬᠡᠮ ᠤᠨ ᠳᠤᠭᠳᠠᠭᠤᠨ ᠪᠠᠶᠢᠳᠠᠯ ᠢ ᠬᠠᠮᠠᠭᠠᠯᠠᠵᠤ᠂ ᠤᠯᠤᠰ ᠤᠷᠤᠨ ᠤ ᠡᠷᠬᠡ ᠮᠡᠳᠡᠯ᠂  ᠠᠮᠤᠷ ᠲᠦᠪᠰᠢᠨ᠂ ᠬᠦᠭᠵᠢᠯᠳᠡ ᠶᠢᠨ ᠠᠰᠢᠭ ᠳᠤᠰᠠ ᠶᠢ ᠬᠠᠮᠠᠭᠠᠯᠠᠬᠤ ᠦᠨᠳᠦᠰᠦᠨ ᠬᠠᠤᠯᠢ ᠳᠤ ᠳᠤᠭᠳᠠᠭᠠᠭᠰᠠᠨ  ᠬᠠᠷᠢᠭᠤᠴᠠᠯᠭ᠎ᠠ ᠪᠠᠨ ᠬᠦᠢᠴᠡᠳᠬᠡᠬᠦ ᠶᠢ ᠳᠡᠮᠵᠢᠬᠦ ᠬᠡᠷᠡᠭᠳᠡᠢ᠃            ᠰᠢᠶᠠᠩᠭᠠᠩ᠂ ᠤᠤᠮᠧᠨ ᠤ ᠤᠯᠤᠰ ᠤᠨ ᠬᠦᠭᠵᠢᠯᠳᠡ ᠶᠢᠨ ᠶᠡᠭᠡ ᠳᠠᠯ᠎ᠠ ᠳᠤ ᠠᠭᠤᠰᠤᠯᠴᠠᠨ ᠤᠷᠤᠬᠤ ᠶᠢ  ᠳᠡᠮᠵᠢᠵᠦ᠂ ᠭᠤᠸᠠᠩᠳᠦ᠋ᠩ ᠰᠢᠶᠠᠩᠭᠠᠩ ᠤᠤᠮᠧᠨ ᠤ ᠳᠤᠮᠤ ᠪᠤᠯᠤᠩ ᠤᠨ ᠤᠷᠤᠨ ᠤ ᠪᠦᠳᠦᠬᠡᠨ ᠪᠠᠶᠢᠭᠤᠯᠤᠯᠳᠠ᠂  ᠭᠤᠸᠠᠩᠳᠦ᠋ᠩ ᠰᠢᠶᠠᠩᠭᠠᠩ ᠤᠤᠮᠧᠨ ᠤ ᠬᠠᠮᠳᠤᠷᠠᠯᠴᠠᠭ᠎ᠠ᠂ ᠵᠦᠵᠢᠶᠠᠩ ᠮᠦᠷᠠᠨ ᠤ ᠭᠤᠷᠪᠠᠯᠵᠢᠨ ᠬᠤᠶᠢᠭ ᠤᠨ  ᠤᠷᠤᠨ ᠪᠦᠰᠡ ᠶᠢᠨ ᠬᠠᠮᠳᠤᠷᠠᠯᠴᠠᠭ᠎ᠠ ᠵᠡᠷᠬᠡ ᠪᠠᠷ ᠭᠤᠤᠯᠳᠠᠯᠭ᠎ᠠ ᠪᠠᠨ ᠪᠤᠯᠭᠠᠨ᠂ ᠳᠤᠳᠤᠷ᠎ᠠ ᠭᠠᠵᠠᠷ ᠪᠤᠯᠤᠨ  ᠰᠢᠶᠠᠩᠭᠠᠩ ᠤᠤᠮᠧᠨ ᠤ ᠬᠤᠭᠤᠷᠤᠨᠳᠤᠬᠢ ᠬᠠᠷᠢᠯᠴᠠᠨ ᠠᠰᠢᠭᠳᠠᠢ ᠬᠠᠮᠳᠤᠷᠠᠯᠴᠠᠭ᠎ᠠ ᠶᠢ ᠪᠦᠬᠦ ᠳᠠᠯ᠎ᠠ ᠪᠠᠷ ᠠᠬᠢᠭᠤᠯᠵᠤ  ᠂ ᠰᠢᠶᠠᠩᠭᠠᠩ ᠤᠤᠮᠧᠨ ᠤ ᠰᠠᠭᠤᠭᠠᠯᠢ ᠠᠷᠠᠳ ᠤᠨ ᠳᠤᠳᠤᠷ᠎ᠠ ᠭᠠᠵᠠᠷ ᠲᠤ ᠠᠵᠢᠯ ᠦᠢᠯᠡᠰ ᠡᠷᠬᠢᠯᠡᠬᠦ ᠳᠤ ᠲᠦᠬᠦᠮ  ᠦᠵᠡᠬᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠳᠤᠭᠳᠠᠭᠠᠨ ᠳᠡᠬᠦᠯᠳᠡᠷᠵᠢᠬᠦᠯᠬᠦ ᠬᠡᠷᠡᠭᠳᠡᠢ ᠬᠡᠵᠡᠢ᠃              ᠰᠢ ᠶᠢᠨ ᠫᠢᠩ ᠬᠡᠯᠡᠭᠰᠡᠨ ᠢ᠂ ᠪᠢᠳᠡ ᠡᠬᠡ ᠤᠷᠤᠨᠴᠢ ᠬᠦᠮᠦᠰ ᠢᠶᠠᠷ ᠭᠤᠤᠯ ᠴᠤᠭᠴᠠ ᠪᠤᠯᠭᠠᠭᠰᠠᠨ ︽ ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠧᠨ ᠢᠶᠠᠨ ᠵᠠᠰᠠᠬᠤ︾ ᠶᠢ ᠪᠠᠷᠢᠮᠳᠠᠯᠠᠵᠤ᠂  ᠡᠬᠡ ᠤᠯᠤᠰ ᠢᠶᠠᠨ ᠬᠠᠶᠢᠷᠠᠯᠠᠬᠤ᠂ ᠰᠢᠶᠠᠩᠭᠠᠩ ᠢᠶᠠᠨ ᠬᠠᠶᠢᠷᠠᠯᠠᠬᠤ᠂ ᠤᠤᠮᠧᠨ ᠢᠶᠠᠨ ᠬᠠᠶᠢᠷᠠᠯᠠᠬᠤ ᠬᠦᠴᠦᠨ ᠢ  ᠬᠦᠭᠵᠢᠬᠦᠯᠦᠨ ᠪᠤᠵᠠᠭᠠᠢᠢᠷᠠᠭᠤᠯᠵᠤ᠂ ᠰᠢᠶᠠᠩᠭᠠᠩ᠂ ᠤᠤᠮᠧᠨ ᠤ ᠠᠬ᠎ᠠ ᠳᠡᠬᠦᠦ ᠨᠠᠷ ᠤᠨ ᠤᠯᠤᠰ ᠤᠷᠤᠨ ᠤ  ᠤᠬᠠᠮᠰᠠᠷ ᠪᠠ ᠡᠬᠡ ᠤᠷᠤᠨᠴᠢ ᠵᠤᠷᠢᠭ ᠰᠠᠨᠠᠭ᠎ᠠ ᠶᠢ ᠴᠢᠩᠭᠠᠷᠠᠭᠤᠯᠤᠨ᠂ ᠰᠢᠶᠠᠩᠭᠠᠩ᠂ ᠤᠤᠮᠧᠨ ᠤ ᠠᠬ᠎ᠠ ᠳᠡᠬᠦᠦ  ᠨᠠᠷ ᠢ ᠡᠬᠡ ᠤᠯᠤᠰ ᠤᠨ ᠠᠷᠠᠳ ᠲᠦᠮᠡᠨ ᠲᠠᠢ ᠬᠠᠮᠳᠤᠪᠡᠷ ᠦᠨᠳᠦᠰᠦᠳᠠᠨ ᠢᠶᠠᠨ ᠰᠡᠷᠬᠦᠬᠡᠨ ᠮᠠᠨᠳᠤᠭᠤᠯᠬᠤ ᠳᠡᠦᠬᠡᠳᠤ  ᠬᠠᠷᠢᠭᠤᠴᠠᠯᠭ᠎ᠠ ᠶᠢ ᠡᠬᠦᠷᠬᠡᠯᠡᠵᠦ᠂ ᠡᠬᠡ ᠤᠯᠤᠰ ᠤᠨ ᠴᠡᠴᠡᠭᠯᠡᠨ ᠬᠦᠭᠵᠢᠵᠦ ᠪᠡᠶᠡᠵᠢᠨ ᠬᠦᠴᠦᠷᠬᠡᠭᠵᠢᠭᠰᠡᠨ ᠠᠭᠤᠤ  ᠶᠡᠭᠡ ᠢᠷᠠᠭᠤ ᠠᠯᠳᠠᠷ ᠢ ᠬᠠᠮᠳᠤᠪᠡᠷ ᠡᠳ᠋ᠯᠡᠬᠦ ᠪᠤᠯᠭᠠᠨ᠎ᠠ ᠬᠡᠵᠡᠢ᠃       ᠲᠠᠶᠢᠸᠠᠨ ᠤ ᠠᠰᠠᠭᠤᠳᠠᠯ ᠤᠨ ᠳᠤᠬᠠᠢ ᠰᠢ ᠶᠢᠨ ᠫᠢᠩ ᠬᠡᠯᠡᠭᠰᠡᠨ ᠨᠢ᠂ ᠳᠠᠶᠢᠸᠠᠨ ᠤ ᠠᠰᠠᠭᠤᠳᠠᠯ ᠢ  ᠰᠢᠢᠳᠪᠦᠷᠢᠯᠡᠵᠦ᠂ ᠡᠬᠡ ᠤᠯᠤᠰ ᠤᠨ ᠪᠦᠷᠢᠨ ᠪᠦᠲᠦᠨ ᠨᠢᠬᠡᠳᠦᠯ ᠢ ᠪᠡᠶᠡᠯᠡᠬᠦᠯᠬᠦ ᠪᠤᠯ ᠪᠦᠬᠦ ᠳᠤᠮᠳᠠᠳᠤ ᠶᠢᠨ  ᠬᠦᠪᠡᠬᠦᠳ ᠦᠬᠢᠳ ᠤᠨ ᠬᠠᠮᠳᠤ ᠶᠢᠨ ᠬᠦᠰᠡᠯ ᠡᠷᠡᠮᠡᠯᠵᠡᠯ ᠮᠦᠨ᠂ ᠳᠤᠮᠳᠠᠳᠤ ᠶᠢᠨ ᠦᠨᠳᠦᠰᠦᠳᠡᠨ ᠤ ᠦᠨᠳᠦᠰᠦᠨ  ᠠᠰᠢᠭ ᠳᠤᠰᠠ ᠮᠦᠨ᠃ ᠡᠷᠬᠡᠪᠰᠢ ︽ᠨᠠᠶᠢᠷᠠᠮᠳᠠᠯ ᠢᠶᠠᠷ ᠨᠢᠬᠡᠳᠬᠡᠬᠦ᠂ ᠨᠢᠬᠡ ᠤᠯᠤᠰ ᠲᠤ ᠬᠤᠶᠠᠷ ᠪᠠᠶᠢᠭᠤᠯᠤᠯ ᠢ  ᠬᠡᠷᠡᠭᠵᠢᠬᠦᠯᠬᠦ︾ ᠴᠢᠭᠯᠡᠯᠳᠡ ᠶᠢ ᠦᠷᠬᠦᠯᠵᠢᠯᠡᠨ ᠪᠠᠷᠢᠮᠳᠠᠯᠠᠵᠤ᠂ ᠳᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ  ᠬᠠᠷᠢᠴᠠᠭᠠᠨ ᠤ ᠨᠠᠶᠢᠷᠠᠮᠳᠠᠯ ᠢᠶᠠᠷ ᠬᠦᠭᠵᠢᠬᠦ ᠶᠢ ᠠᠬᠢᠭᠤᠯᠤᠨ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠬᠡᠳᠬᠡᠬᠦ  ᠠᠬᠢᠴᠠ ᠶᠢ ᠠᠬᠢᠭᠤᠯᠬᠤ ᠬᠡᠷᠡᠭᠳᠡᠢ᠃               ᠳᠡᠷᠡ ᠴᠢᠬᠤᠯᠠᠴᠢᠯᠠᠭᠰᠠᠨ ᠨᠢ᠂ ᠨᠢᠬᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠳᠤᠰᠬᠠᠭᠰᠠᠨ ︽ᠶᠡᠷᠡᠨ  ᠬᠤᠶᠠᠷ ᠤᠨ ᠤ ᠬᠠᠮᠳᠤ ᠶᠢᠨ ᠳᠠᠨᠢᠯᠳᠠ︾ ᠳᠤ ᠳᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠬᠠᠷᠢᠴᠠᠭ᠎ᠠ ᠶᠢᠨ  ᠦᠨᠳᠦᠰᠦᠨ ᠰᠢᠨᠵᠢ ᠴᠢᠨᠠᠷ ᠢ ᠳᠤᠳᠤᠷᠬᠠᠢ ᠵᠠᠭᠠᠭᠯᠠᠨ ᠳᠤᠭᠳᠠᠭᠠᠭᠰᠠᠨ ᠶᠤᠮ᠂ ᠳᠡᠷᠡ ᠪᠤᠯ ᠳᠠᠶᠢᠸᠠᠨ ᠬᠤᠭᠤᠯᠠᠢ ᠶᠢᠨ  ᠬᠤᠶᠠᠷ ᠬᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠦᠭᠵᠢᠬᠦ ᠶᠢ ᠦᠨᠡᠨᠬᠦ ᠪᠠᠳᠤᠯᠠᠬᠤ ᠵᠠᠩᠬᠢᠯᠠᠭ᠎ᠠ ᠮᠦᠨ᠃ ︽ ᠶᠡᠷᠡᠨ ᠬᠤᠶᠠᠷ ᠤᠨ ᠤ ᠬᠠᠮᠳᠤ ᠶᠢᠨ ᠳᠠᠨᠢᠯᠳᠠ︾ ᠶᠢᠨ ᠳᠡᠦᠬᠡᠨ ᠪᠤᠳᠠᠳᠤ ᠬᠡᠷᠡᠭ ᠢ ᠮᠡᠳᠡᠷᠡᠵᠦ᠂ ᠲᠠᠶᠢᠸᠠᠨ  ᠬᠤᠭᠤᠯᠠᠢ ᠶᠢᠨ ᠬᠤᠶᠠᠷ ᠬᠦᠪᠡᠭᠡ ᠪᠤᠯ ᠨᠢᠬᠡ ᠯᠡ ᠳᠤᠮᠳᠠᠳᠤ ᠤᠯᠤᠰ ᠲᠤ ᠬᠠᠷᠢᠶᠠᠯᠠᠭᠳᠠᠬᠤ ᠶᠢ ᠮᠡᠳᠡᠷᠡᠨ  ᠵᠦᠪᠰᠢᠶᠡᠷᠡᠪᠡᠯ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡ ᠶᠢᠨ ᠬᠢᠨ ᠶᠠᠷᠢᠯᠴᠠᠭ᠎ᠠ ᠦᠷᠨᠢᠬᠦᠯᠵᠦ᠂ ᠳᠠᠶᠢᠸᠠᠨ  ᠬᠤᠭᠤᠯᠠᠢ ᠶᠢᠨ ᠬᠤᠶᠠᠷ ᠬᠦᠪᠡᠭᠡ ᠶᠢᠨ ᠠᠬ᠎ᠠ ᠳᠡᠬᠦᠦ ᠨᠠᠷ ᠤᠨ ᠰᠡᠳᠬᠢᠯ ᠳᠠᠯᠪᠢᠵᠤ ᠪᠠᠶᠢᠭ᠎ᠠ ᠠᠰᠠᠭᠤᠳᠠᠯ ᠢ  ᠵᠦᠪᠳᠡᠯᠴᠡᠨ ᠰᠢᠢᠳᠪᠦᠷᠢᠯᠡᠵᠦ ᠴᠢᠳᠠᠬᠤ ᠶᠤᠮ᠃ ᠳᠠᠶᠢᠸᠠᠨ ᠤ ᠶᠠᠮᠠᠷᠪᠠ ᠲᠦᠷᠦ ᠶᠢᠨ ᠨᠠᠮ ᠪᠠ ᠪᠦᠯᠬᠦᠮ ᠤᠨ ᠡᠬᠡ  ᠬᠠᠭᠤᠷᠠᠢ ᠲᠠᠢ ᠶᠠᠪᠤᠯᠴᠠᠬᠤ ᠶᠠᠪᠤᠳᠠᠯ ᠴᠤ ᠬᠠᠷᠰᠢ ᠰᠠᠭᠠᠳ ᠤᠷᠤᠰᠢᠬᠤ ᠦᠬᠡᠢ ᠪᠤᠯᠬᠤ ᠶᠤᠮ᠃           ᠰᠢ ᠶᠢᠨ ᠫᠢᠩ ᠬᠡᠯᠡᠭᠰᠡᠨ ᠨᠢ᠂ ᠪᠢᠳᠡ ︽ᠲᠠᠶᠢᠸᠠᠨ ᠬᠤᠭᠤᠯᠠᠢ ᠶᠢᠨ ᠬᠤᠶᠡᠷ ᠬᠦᠪᠡᠭᠡ ᠶᠢᠨ ᠠᠬ᠎ᠠ ᠲᠡᠬᠦᠦ ᠨᠡᠷ  ᠪᠣᠯ ᠨᠢᠬᠡ ᠬᠡᠷ ᠤᠨ ᠬᠦᠮᠦᠨ ᠮᠦᠨ︾ ᠬᠡᠬᠦ ᠣᠢᠢᠯᠠᠭᠠᠬᠳᠠᠬᠤᠨ ᠢ ᠪᠠᠷᠢᠮᠳᠠᠯᠠᠨ᠂ ᠲᠠᠶᠢᠸᠠᠨ ᠤ ᠣᠳᠣᠬᠠᠨ ᠤ  ᠨᠡᠶᠢᠬᠡᠮ ᠤᠨ ᠪᠠᠶᠢᠭᠤᠯᠣᠯ ᠪᠡ ᠲᠠᠶᠢᠸᠠᠨ ᠤ ᠠᠬ᠎ᠠ ᠲᠡᠬᠦᠦ ᠨᠡᠷ ᠤᠨ ᠠᠮᠢᠳᠣᠷᠠᠯ ᠤᠨ ᠠᠷᠭ᠎ᠠ ᠬᠡᠯᠪᠡᠷᠢ ᠶᠢ  ᠬᠦᠨᠳᠦᠳᠬᠡᠵᠦ᠂ ᠡᠬᠡ ᠬᠠᠭᠤᠷᠠᠢ ᠶᠢᠨ ᠬᠦᠭᠵᠢᠯᠳᠡ ᠶᠢᠨ ᠠᠵᠠ ᠲᠣᠬᠢᠶᠠᠯ ᠢ ᠲᠠᠶᠢᠸᠠᠨ ᠤ ᠠᠬ᠎ᠠ ᠲᠡᠬᠦᠦ ᠨᠡᠷ ᠲᠠᠢ  ᠡᠩ ᠲᠡᠷᠢᠬᠦᠨ ᠳᠤ ᠬᠤᠪᠢᠶᠠᠯᠴᠠᠨ ᠡᠳ᠋ᠯᠡᠬᠦ ᠲᠣᠷᠠᠳᠠᠢ ᠪᠠᠶᠢᠨ᠎ᠠ᠃ ᠲᠠᠶᠢᠸᠠᠨ ᠬᠤᠭᠤᠯᠠᠢ ᠶᠢᠨ ᠬᠤᠶᠡᠷ ᠬᠦᠪᠡᠭᠡ ᠶᠢᠨ  ᠠᠵᠦ ᠠᠬᠤᠢ ᠰᠣᠶᠣᠯ ᠤᠨ ᠰᠣᠯᠢᠯᠴᠠᠭ᠎ᠠ ᠬᠠᠮᠳᠣᠷᠠᠯᠴᠠᠭ᠎ᠠ ᠶᠢ ᠦᠷᠭᠡᠳᠬᠡᠵᠦ᠂ ᠬᠠᠷᠢᠯᠴᠠᠨ ᠠᠰᠢᠬ ᠬᠦᠷᠳᠡᠭᠡᠵᠦ  ᠬᠠᠷᠢᠯᠴᠠᠨ ᠬᠠᠷᠠᠭᠠᠯᠵᠠᠯ ᠦᠵᠡᠬᠦᠯᠦᠨ᠂ ᠲᠠᠶᠢᠸᠠᠨ ᠤ ᠠᠬ᠎ᠠ ᠲᠡᠬᠦᠦ ᠨᠠᠷ ᠤᠨ ᠡᠬᠡ ᠬᠠᠭᠤᠷᠠᠢ ᠳᠤ ᠢᠷᠡᠵᠦ  ᠰᠣᠷᠣᠯᠴᠠᠬᠤ᠂ ᠦᠢᠯᠡᠰ ᠪᠣᠰᠬᠠᠬᠤ᠂ ᠠᠵᠢᠯᠯᠠᠬᠤ ᠠᠮᠢᠳᠣᠷᠠᠬᠤ ᠳᠤ ᠠᠯᠬᠤᠮ ᠠᠯᠬᠤᠮ ᠢᠶᠠᠷ ᠡᠬᠡ ᠬᠠᠭᠤᠷᠠᠢ ᠶᠢᠨ  ᠠᠬ᠎ᠠ ᠲᠡᠬᠦᠦ ᠨᠠᠷ ᠲᠠᠢ ᠠᠳᠠᠯᠢ ᠲᠡᠭᠰᠢ ᠬᠠᠷᠠᠭᠠᠯᠵᠠᠯ ᠬᠦᠷᠳᠡᠭᠡᠵᠦ᠂ ᠲᠠᠶᠢᠸᠠᠨ ᠤ ᠠᠬ᠎ᠠ ᠲᠡᠬᠦᠦ ᠨᠠᠷ ᠤᠨ ᠠᠵᠠ  ᠵᠢᠷᠭᠠᠯ ᠢ ᠨᠡᠮᠡᠭᠳᠡᠬᠦᠯᠦᠨ᠎ᠡ᠃ ᠪᠢᠳᠠ ᠲᠠᠶᠢᠸᠠᠨ ᠬᠤᠭᠤᠯᠠᠢ ᠶᠢᠨ ᠬᠤᠶᠡᠷ ᠬᠦᠪᠡᠭᠡ ᠶᠢᠨ ᠠᠬ᠎ᠠ ᠲᠡᠬᠦᠦ ᠨᠠᠷ ᠤᠨ  ᠲᠣᠮᠳᠠᠳᠣ ᠶᠢᠨ ᠰᠣᠶᠣᠯ ᠢ ᠬᠠᠮᠳᠣᠪᠡᠷ ᠪᠠᠳᠠᠷᠠᠭᠤᠯᠣᠨ ᠲᠡᠯᠭᠡᠷᠡᠬᠦᠯᠬᠦ ᠶᠢ ᠠᠬᠢᠭᠤᠯᠵᠦ᠂ ᠰᠠᠨᠠᠭ᠎ᠠ ᠰᠡᠳᠬᠢᠯ  ᠨᠡᠶᠢᠯᠡᠯᠴᠡᠬᠦ ᠶᠢ ᠠᠬᠢᠭᠤᠯᠣᠨ᠎ᠠ ᠬᠡᠵᠡᠢ᠃               ᠰᠢ ᠶᠢᠨ ᠫᠢᠩ᠂ ᠣᠯᠣᠰ ᠣᠷᠣᠨ ᠤ ᠡᠷᠭᠡ ᠮᠡᠳᠡᠯ ᠪᠡ ᠨᠣᠳᠤᠭ ᠲᠡᠪᠢᠰᠭᠡᠷ ᠤᠨ ᠪᠦᠷᠢᠨ ᠪᠦᠳᠦᠨ ᠪᠠᠶᠢᠬᠤ ᠶᠢ  ᠡᠷᠡᠰ ᠬᠠᠮᠠᠭᠠᠯᠠᠨ᠎ᠠ᠃ ᠣᠯᠣᠰ ᠣᠷᠣᠨ ᠬᠠᠭᠠᠴᠠᠨ ᠵᠠᠳᠠᠷᠠᠬᠰᠠᠨ ᠲᠡᠣᠬᠡ ᠶᠢᠨ ᠭᠤᠨᠢᠬᠳᠣ ᠵᠦᠴᠦᠬᠡ ᠲᠠᠬᠢᠨ  ᠡᠬᠦᠰᠬᠦ ᠶᠢ ᠣᠬᠳᠣ ᠵᠦᠪᠰᠢᠶᠡᠷᠡᠬᠦ ᠦᠬᠡᠢ᠃ ᠣᠯᠣᠰ ᠣᠷᠣᠨ ᠢ ᠬᠠᠭᠠᠴᠠᠭᠤᠯᠬᠤ ᠠᠯᠢᠪᠡ ᠠᠵᠢᠯᠯᠠᠭ᠎ᠠ ᠨᠢ ᠴᠦᠮ  ᠲᠣᠮᠳᠠᠳᠣᠴᠣᠳ ᠤᠨ ᠡᠷᠡᠰ ᠡᠰᠡᠷᠬᠦᠴᠡᠯ ᠢ ᠣᠯᠬᠤ ᠨᠢ ᠯᠠᠪᠳᠠᠢ ᠶᠣᠮ᠃ ᠪᠢᠳᠠᠨ ᠳᠤ ᠶᠠᠮᠠᠷᠪᠡ ᠬᠡᠯᠪᠡᠷᠢ ᠶᠢᠨ ︽ ᠲᠠᠶᠢᠸᠠᠨ ᠢ ᠲᠣᠰᠠᠭᠠᠷ ᠲᠣᠭᠳᠠᠨᠢᠭᠤᠯᠬᠤ︾ ᠬᠠᠭᠠᠴᠠᠭᠤᠯᠬᠤ ᠭᠤᠷᠢᠳᠠᠯᠭ᠎ᠠ ᠶᠢ ᠨᠢᠴᠣᠭᠠᠬᠤ ᠪᠠᠳᠣ ᠵᠣᠷᠢᠬ᠂  ᠲᠦᠬᠦᠷᠡᠩ ᠢᠳᠡᠭᠡᠯ᠂ ᠬᠦᠢᠴᠡᠳ ᠴᠢᠳᠠᠪᠣᠷᠢ ᠲᠠᠢ᠃ ᠪᠢᠳᠠ ᠶᠠᠮᠠᠷᠪᠡ ᠬᠦᠮᠦᠨ᠂ ᠶᠠᠮᠠᠷᠪᠡ ᠵᠣᠬᠢᠶᠠᠨ ᠪᠠᠶᠢᠭᠤᠯᠣᠯᠳᠠ᠂ ᠶᠠᠮᠠᠷᠪᠡ ᠲᠦᠷᠦ ᠶᠢᠨ ᠨᠠᠮ ᠤᠨ ᠶᠠᠮᠠᠷᠪᠡ ᠦᠶ᠎ᠡ ᠳᠤ᠂ ᠶᠠᠮᠠᠷᠪᠡ ᠬᠡᠯᠪᠡᠷᠢ ᠪᠠᠷ ᠲᠣᠮᠳᠠᠳᠣ ᠣᠯᠣᠰ ᠤᠨ ᠶᠠᠮᠠᠷᠪᠡ ᠨᠢᠬᠡ  ᠬᠡᠰᠡᠭ ᠨᠣᠳᠤᠭ ᠲᠡᠪᠢᠰᠭᠡᠷ ᠢ ᠲᠣᠮᠳᠠᠳᠣ ᠣᠯᠣᠰ ᠠᠴᠠ ᠬᠠᠭᠠᠴᠠᠭᠤᠯᠣᠨ ᠰᠠᠯᠭᠠᠬᠤ ᠶᠢ ᠣᠬᠳᠣ ᠵᠦᠪᠰᠢᠶᠡᠷᠡᠬᠦ ᠦᠬᠡᠢ  ᠬᠡᠵᠤ ᠴᠢᠬᠤᠯᠠᠴᠢᠯᠠᠵᠠᠢ᠃     ᠰᠢ ᠶᠢᠨ ᠫᠢᠩ᠂ ᠲᠣᠮᠳᠠᠳᠣ ᠶᠢᠨ ᠦᠨᠳᠣᠰᠣᠳᠠᠨ ᠤ ᠠᠭᠤᠣ ᠶᠡᠭᠡ ᠰᠡᠷᠬᠦᠨ ᠮᠠᠨᠳᠣᠯᠳᠠ ᠶᠢ ᠪᠡᠶᠡᠯᠡᠬᠦᠯᠬᠦ ᠪᠣᠯ  ᠪᠦᠬᠦ ᠲᠣᠮᠳᠠᠳᠣᠴᠣᠳ ᠤᠨ ᠬᠠᠮᠳᠣ ᠶᠢᠨ ᠬᠦᠰᠡᠯ ᠡᠷᠡᠮᠡᠯᠵᠠᠯ ᠮᠦᠨ᠃ ᠰᠢᠶᠠᠩᠭᠠᠩ ᠣᠣᠮᠧᠨ ᠲᠠᠶᠢᠸᠠᠨ ᠤ ᠠᠬ᠎ᠠ  ᠲᠡᠬᠦᠦ ᠨᠠᠷ ᠢ ᠪᠠᠭᠳᠠᠭᠠᠬᠰᠠᠨ ᠪᠦᠬᠦ ᠲᠣᠮᠳᠠᠳᠣ ᠶᠢᠨ ᠬᠦᠪᠡᠭᠦᠳ ᠦᠬᠢᠳ ᠲᠡᠣᠬᠡ ᠶᠢᠨ ᠶᠡᠭᠡ ᠬᠠᠨᠳᠣᠰᠢ ᠶᠢ ᠲᠠᠭᠠᠨ᠂ ᠦᠨᠳᠣᠰᠣᠳᠠᠨ ᠤ ᠶᠡᠭᠡ ᠵᠢᠷᠦᠮ ᠢ ᠬᠠᠮᠳᠣᠪᠡᠷ ᠡᠬᠦᠷᠭᠡᠯᠡᠵᠦ᠂ ᠦᠨᠳᠣᠰᠣᠳᠠᠨ ᠤ ᠬᠤᠪᠢ ᠵᠠᠶᠠᠭ᠎ᠠ ᠶᠢ ᠦᠪᠡᠷ ᠤᠨ  ᠭᠠᠷ ᠲᠠᠭᠠᠨ ᠪᠠᠳᠣ ᠡᠵᠡᠮᠰᠢᠳᠡᠭ ᠯᠡ ᠶᠣᠮ ᠪᠣᠯ ᠲᠣᠮᠳᠠᠳᠣ ᠶᠢᠨ ᠦᠨᠳᠣᠰᠣᠳᠠᠨ ᠤ ᠠᠭᠤᠣ ᠶᠡᠭᠡ ᠰᠡᠷᠬᠦᠨ  ᠮᠠᠨᠳᠣᠯᠳᠠ ᠶᠢᠨ ᠰᠠᠶᠢᠨ ᠰᠠᠶᠢᠬᠠᠨ ᠢᠷᠡᠭᠡᠳᠦᠢ ᠶᠢ ᠯᠠᠪᠳᠠᠢ ᠬᠠᠮᠳᠣᠪᠡᠷ ᠪᠦᠳᠦᠬᠡᠵᠦ ᠴᠢᠳᠠᠬᠤ ᠶᠣᠮ ᠬᠡᠳᠡᠭ ᠢ ᠪᠢᠳᠠ  ᠪᠠᠳᠣ ᠢᠳᠡᠭᠡᠵᠦ ᠪᠠᠶᠢᠨ᠎ᠡ ᠬᠡᠵᠤ ᠢᠯᠡᠷᠬᠡᠶᠢᠯᠡᠵᠠᠢ᠃              ᠰᠢ ᠶᠢᠨ ᠫᠢᠩ ᠲᠤᠷᠠᠳᠤᠭᠰᠠᠨ ᠨᠢ᠂ ᠡᠩᠬᠡ ᠲᠠᠶᠢᠪᠤᠩ ᠬᠦᠭᠵᠢᠯᠲᠡ ᠶᠢᠨ ᠵᠠᠮ ᠢ ᠪᠠᠷᠢᠮᠳᠠᠯᠠᠵᠤ᠂ ᠬᠦᠮᠦᠨ  ᠲᠦᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠪᠡ       ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 18 ᠤ ᠡᠳᠤᠷ ᠤᠨ ᠮᠡᠳᠡᠭᠡ ᠰᠢ ᠶᠢᠨ ᠫᠢᠩ  ᠨᠦᠬᠦᠷ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ ᠬᠢᠭᠰᠡᠨ ᠢᠯᠡᠳᠬᠡᠯ ᠳᠤ᠂ ᠡᠩᠬᠡ ᠲᠠᠶᠢᠪᠣᠩ  ᠬᠦᠭᠵᠢᠯᠳᠡ ᠶᠢᠨ ᠵᠠᠮ ᠢ ᠪᠠᠷᠢᠮᠳᠠᠯᠠᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠣ ᠶᠢᠨ ᠴᠣᠭᠴᠠ ᠶᠢ  ᠪᠠᠶᠢᠭᠤᠯᠬᠤ ᠶᠢ ᠠᠬᠢᠭᠤᠯᠬᠤ ᠬᠡᠷᠡᠭᠳᠠᠢ ᠬᠡᠵᠤ ᠲᠤᠷᠠᠳᠴᠠᠢ᠃              ᠲᠡᠷᠡ ᠬᠡᠯᠡᠬᠦ ᠳᠡᠭᠡᠨ᠂ ᠲᠣᠮᠳᠠᠳᠣ ᠣᠯᠣᠰ ᠤᠨ ᠡᠪ ᠬᠠᠮᠳᠣ ᠨᠠᠮ ᠢᠮᠠᠬᠳᠠ ᠬᠦᠮᠦᠨ ᠲᠦᠷᠦᠯᠬᠢᠳᠡᠨ ᠳᠤ ᠨᠡᠩ  ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠪᠠᠷ ᠦᠪᠡᠷ ᠤᠨ ᠡᠬᠦᠷᠭᠡ ᠬᠠᠷᠢᠭᠤᠴᠠᠯᠭ᠎ᠠ ᠪᠠᠨ ᠪᠣᠯᠭᠠᠳᠠᠭ᠃ ᠲᠣᠮᠳᠠᠳᠣ  ᠣᠯᠣᠰ ᠡᠩᠬᠡ ᠲᠠᠶᠢᠪᠣᠩ᠂ ᠬᠦᠭᠵᠢᠯᠳᠡ᠂ ᠬᠠᠮᠳᠣᠷᠠᠨ ᠠᠵᠢᠯᠯᠠᠬᠤ᠂ ᠬᠠᠮᠳᠣᠪᠡᠷ ᠠᠰᠢᠬ ᠬᠦᠷᠳᠡᠬᠦ ᠲᠤᠭ ᠢ ᠦᠨᠳᠦᠷ  ᠮᠠᠨᠳᠣᠭᠤᠯᠣᠨ᠂ ᠲᠡᠯᠡᠬᠡᠢ ᠶᠢᠨ ᠡᠩᠬᠡ ᠲᠠᠶᠢᠪᠣᠩ ᠢ ᠬᠠᠮᠠᠭᠠᠯᠠᠬᠤ᠂ ᠬᠠᠮᠳᠣᠪᠡᠷ ᠬᠦᠭᠵᠢᠬᠦ ᠶᠢ ᠠᠬᠢᠭᠤᠯᠬᠤ ᠭᠠᠳᠠᠭᠠᠳᠣ  ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠵᠣᠷᠢᠯᠳᠠ ᠶᠢ ᠴᠢᠩᠭ᠎ᠠ ᠰᠠᠬᠢᠨ᠂ ᠨᠠᠶᠢᠷᠠᠮᠳᠠᠯ ᠢᠶᠠᠷ ᠵᠡᠷᠭᠡᠴᠡᠨ  ᠣᠷᠣᠰᠢᠬᠤ ᠲᠠᠪᠣᠨ ᠵᠠᠷᠴᠢᠮ ᠤᠨ ᠰᠠᠭᠤᠷᠢᠨ ᠲᠡᠭᠡᠷ᠎ᠡ ᠡᠯ᠎ᠠ ᠣᠯᠣᠰ ᠯᠤᠭ᠎ᠠ ᠶᠢᠨ ᠨᠦᠬᠦᠷᠰᠡᠭ ᠬᠠᠮᠲᠣᠷᠠᠯᠴᠠᠭ᠎ᠠ ᠪᠠᠨ  ᠡᠷᠡᠰ ᠭᠤᠶᠢᠪᠢᠰᠢ ᠦᠭᠡᠢ ᠬᠦᠭᠵᠢᠬᠦᠯᠵᠦ᠂ ᠬᠠᠷᠢᠯᠴᠠᠨ ᠬᠦᠨᠳᠦᠳᠭᠡᠬᠦ᠂ ᠲᠦᠪ ᠭᠤᠣᠯᠴᠢ ᠰᠢᠲᠣᠷᠭᠤ ᠶᠣᠰᠣ ᠶᠢ  ᠡᠷᠬᠢᠮᠯᠡᠬᠦ᠂ ᠬᠠᠮᠲᠣᠷᠠᠨ ᠠᠵᠢᠯᠯᠠᠵᠦ ᠬᠠᠮᠲᠣᠪᠡᠷ ᠠᠰᠢᠬ ᠬᠦᠷᠲᠡᠬᠦ ᠰᠢᠨ᠎ᠠ ᠬᠡᠯᠪᠡᠷᠢ ᠶᠢᠨ ᠣᠯᠠᠨ ᠣᠯᠣᠰ ᠤᠨ  ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠣᠨ᠎ᠠ ᠭᠡᠵᠡᠢ᠃               ᠰᠢ ᠶᠢᠨ ᠫᠢᠩ᠂ ᠲᠡᠯᠡᠭᠡᠢ ᠳ᠋ᠡᠬᠢᠨ ᠶᠠᠬ ᠶᠡᠭᠡ ᠬᠦᠭᠵᠢᠯᠲᠡ ᠶᠡᠭᠡ ᠬᠤᠪᠢᠰᠣᠯᠲᠠ ᠶᠡᠭᠡ ᠲᠣᠬᠢᠷᠠᠭᠤᠯᠣᠯᠲᠠ ᠶᠢᠨ  ᠴᠠᠬ ᠦᠶ᠎ᠡ ᠳᠤ ᠣᠷᠣᠰᠢᠵᠦ᠂ ᠡᠩᠭᠡ ᠲᠠᠶᠢᠪᠣᠩ ᠪᠣᠯᠣᠨ ᠬᠦᠭᠵᠢᠯᠲᠡ ᠮᠦᠨ ᠯᠡ ᠴᠠᠬ ᠦᠶ᠎ᠡ ᠶᠢᠨ ᠭᠤᠣᠯ ᠰᠡᠲᠦᠪ  ᠪᠣᠯᠵᠦ ᠪᠠᠶᠢᠨ᠎ᠠ᠃ ᠡᠬᠦᠨ ᠤ ᠬᠠᠮᠲᠣ ᠲᠡᠯᠡᠭᠡᠢ ᠳ᠋ᠡᠬᠢᠨ ᠳᠤ ᠲᠣᠯᠭᠠᠷᠠᠵᠦ ᠪᠠᠶᠢᠭ᠎ᠠ ᠲᠣᠬᠲᠠᠭᠤᠨ ᠪᠣᠰᠣ ᠴᠢᠨᠠᠷ ᠪᠠ  ᠳᠤᠭᠳᠠᠪᠤᠷᠢ ᠦᠭᠡᠢ ᠴᠢᠨᠠᠷ ᠲᠣᠪᠤᠶᠢᠮ᠎ᠠ ᠪᠣᠯᠵᠦ᠂ ᠬᠦᠮᠦᠨ ᠲᠦᠷᠦᠯᠬᠢᠲᠡᠨ ᠮᠠᠰᠢ ᠣᠯᠠᠨ ᠬᠠᠮᠲᠣ ᠶᠢᠨ  ᠦᠷᠢᠰᠦᠯᠳᠦᠭᠡᠨ ᠳᠤ ᠲᠣᠯᠭᠠᠷᠠᠵᠦ ᠪᠠᠶᠢᠨ᠎ᠠ ᠭᠡᠵᠤ ᠵᠢᠭᠠᠵᠤ ᠭᠠᠷᠭᠠᠪᠠ᠃                ᠰᠢ ᠶᠢᠨ ᠫᠢᠩ ᠬᠡᠯᠡᠭᠰᠡᠨ ᠨᠢ᠂ ᠮᠠᠨ ᠤ ᠣᠷᠣᠰᠢᠨ ᠠᠮᠢᠲᠣᠷᠠᠵᠦ ᠪᠠᠶᠢᠭ᠎ᠠ ᠲᠡᠯᠡᠭᠡᠢ ᠶᠢᠷᠲᠢᠨᠴᠦ ᠬᠦᠰᠡᠯ  ᠡᠷᠡᠮᠡᠯᠵᠡᠯ ᠢᠶᠠᠷ ᠲᠦᠬᠦᠷᠡᠩ ᠮᠦᠷᠲᠡᠭᠡᠨ ᠦᠷᠢᠰᠦᠯᠳᠦᠭᠡᠨ ᠢᠶᠠᠷ ᠲᠦᠬᠦᠷᠡᠩ ᠪᠠᠶᠢᠨ᠎ᠠ᠃ ᠪᠢᠲᠡ ᠪᠣᠲᠠᠲᠣ ᠠᠬᠤᠢ  ᠪᠣᠲᠣᠯᠢᠶᠠᠨᠲᠠᠢ ᠭᠡᠳ ᠬᠦᠰᠡᠯ ᠡᠷᠡᠮᠡᠯᠵᠡᠯ ᠢᠶᠠᠨ ᠬᠠᠶᠠᠵᠦ ᠪᠣᠯᠬᠤ ᠦᠭᠡᠢ᠂ ᠬᠦᠰᠡᠯᠡᠩ ᠬᠤᠯᠠ ᠪᠠᠶᠢᠨ᠎ᠠ ᠬᠡᠳ  ᠬᠦᠭᠡᠭᠡᠴᠡᠯᠲᠦᠯ ᠢᠶᠠᠨ ᠬᠠᠶᠠᠵᠦ ᠪᠣᠯᠬᠤ ᠦᠭᠡᠢ᠃ ᠠᠯᠢ ᠴᠦ ᠣᠯᠣᠰ ᠭᠡᠳ ᠬᠦᠮᠦᠨ ᠲᠦᠷᠦᠯᠬᠢᠲᠡᠨ ᠳᠤ ᠲᠣᠯᠭᠠᠷᠠᠵᠦ  ᠪᠠᠶᠢᠭ᠎ᠠ ᠡᠯ᠎ᠠ ᠵᠦᠢᠯ ᠤᠨ ᠦᠷᠢᠰᠦᠯᠳᠦᠭᠡᠨ ᠢ ᠭᠠᠭᠴᠠᠭᠠᠷ ᠠᠷᠭᠠᠴᠠᠵᠦ ᠲᠡᠶᠢᠯᠬᠦ ᠦᠭᠡᠢ᠂ ᠠᠯᠢ ᠴᠦ ᠣᠯᠣᠰ ᠭᠡᠳ  ᠣᠬᠤᠷᠢᠭᠠᠳ ᠡᠬᠦᠲᠡ ᠪᠠᠨ ᠬᠠᠭᠠᠵᠦ ᠬᠠᠭᠠᠯᠭ᠎ᠠ ᠪᠠᠨ ᠲᠦᠭᠵᠢᠭᠰᠡᠨ ᠦᠨᠦᠴᠢᠨ ᠠᠷᠠᠯ ᠪᠣᠯᠵᠦ ᠴᠢᠲᠠᠬᠤ ᠦᠭᠡᠢ  ᠶᠣᠮ᠃              ᠲᠡᠷᠡ ᠬᠡᠯᠡᠭᠰᠡᠨ ᠨᠢ᠂ ᠡᠯ᠎ᠠ ᠣᠯᠣᠰ ᠤᠨ ᠠᠷᠠᠳ ᠲᠦᠮᠡᠨ ᠰᠡᠳᠬᠢᠯ ᠨᠢᠭᠡᠲᠦᠨ ᠬᠦᠴᠦ ᠪᠠᠨ ᠬᠠᠮᠲᠣᠳᠬᠠᠵᠦ᠂  ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠲᠣ ᠶᠢᠨ ᠴᠣᠬᠴᠠ ᠶᠢ ᠪᠠᠶᠢᠭᠤᠯᠵᠦ᠂ ᠦᠨᠢ ᠡᠬᠦᠷᠢᠲᠡ ᠡᠩᠭᠡ  ᠲᠠᠶᠢᠪᠣᠩ᠂ ᠨᠡᠶᠢᠲᠡᠮ ᠠᠮᠣᠷ ᠲᠦᠪᠰᠢᠨ᠂ ᠬᠠᠮᠲᠣᠪᠡᠷ ᠴᠡᠴᠡᠭᠯᠡᠨ ᠬᠦᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂  ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠲᠡᠯᠡᠭᠡᠢ ᠶᠢᠷᠲᠢᠨᠴᠦ ᠶᠢ ᠪᠠᠶᠢᠭᠤᠯᠬᠤ ᠶᠢ ᠪᠢᠲᠡ ᠣᠷᠢᠶᠠᠯᠠᠵᠦ ᠪᠠᠶᠢᠨ᠎ᠠ᠃ ᠬᠠᠷᠢᠯᠴᠠᠨ ᠬᠦᠨᠳᠦᠳᠭᠡᠵᠦ᠂ ᠡᠷᠭᠡ ᠲᠡᠭᠰᠢ ᠪᠠᠷ ᠵᠦᠪᠲᠡᠯᠴᠡᠨ᠂ ᠬᠦᠢᠲᠡᠨ ᠲᠠᠶᠢᠨ ᠤ ᠰᠡᠳᠬᠢᠬᠦᠢ ᠪᠠ  ᠬᠦᠴᠦᠷᠭᠡᠭᠯᠡᠯ ᠤᠨ ᠣᠯᠣᠰ ᠲᠦᠷᠦ ᠶᠢ ᠡᠷᠡᠰ ᠲᠠᠶᠠᠬᠲᠠᠵᠦ᠂ ᠶᠠᠷᠢᠯᠴᠠᠭ᠎ᠠ ᠦᠷᠨᠢᠬᠦᠯᠬᠦ ᠠᠴᠠ ᠪᠢᠰᠢ ᠦᠯᠦ  ᠡᠰᠡᠷᠬᠦᠴᠡᠯᠲᠦᠬᠦ᠂ ᠨᠦᠬᠦᠷᠯᠡᠬᠦ ᠠᠴᠠ ᠪᠢᠰᠢ ᠬᠤᠯᠪᠣᠭ᠎ᠠ ᠦᠯᠦ ᠪᠠᠶᠢᠭᠤᠯᠬᠤ ᠣᠯᠣᠰ ᠪᠣᠯᠣᠨ ᠣᠯᠣᠰ ᠤᠨ  ᠬᠤᠭᠤᠷᠣᠨᠲᠣᠬᠢ ᠬᠠᠷᠢᠯᠴᠠᠭᠠᠨ ᠤ ᠰᠢᠨ᠎ᠠ ᠵᠠᠮ ᠢᠶᠠᠷ ᠵᠠᠮᠨᠠᠬᠤ ᠬᠡᠷᠡᠭᠲᠡᠢ᠃ ᠶᠠᠷᠢᠯᠴᠠᠭ᠎ᠠ ᠪᠠᠷ ᠵᠢᠭᠤᠷᠠᠯᠲᠣᠭᠠᠨ ᠢ  ᠰᠢᠢᠳᠪᠦᠷᠢᠯᠡᠵᠦ᠂ ᠵᠦᠪᠲᠡᠯᠴᠡᠭᠡ ᠪᠠᠷ ᠵᠦᠷᠢᠯᠲᠦᠭᠡᠨ ᠢᠶᠠᠨ ᠠᠷᠢᠯᠭᠠᠬᠤ ᠶᠢ ᠪᠠᠷᠢᠮᠲᠠᠯᠠᠨ᠂ ᠣᠯᠠᠮᠵᠢᠯᠠᠯᠲᠣ ᠪᠠ  ᠣᠯᠠᠮᠵᠢᠯᠠᠯᠲᠣ ᠪᠣᠰᠣ ᠠᠮᠣᠷ ᠲᠦᠪᠰᠢᠨ ᠤ ᠰᠦᠷᠲᠡᠬᠦᠯᠦᠯ ᠢ ᠨᠢᠭᠡᠲᠦᠯᠲᠡᠢ ᠲᠦᠯᠦᠪᠯᠡᠨ ᠠᠷᠭᠠᠴᠠᠵᠦ᠂ ᠠᠯᠢᠪᠠ  ᠬᠡᠯᠪᠡᠷᠢ ᠶᠢᠨ ᠰᠦᠷᠲᠡᠬᠦᠯᠦᠯ ᠤᠨ ᠦᠵᠡᠯ ᠢ ᠡᠰᠡᠷᠬᠦᠴᠡᠬᠦ ᠬᠡᠷᠡᠭᠲᠡᠢ᠃ ᠬᠤᠪᠢ ᠵᠠᠶᠠᠭ᠎ᠠ ᠪᠠᠨ ᠨᠢᠭᠡᠳᠭᠡᠨ ᠬᠦᠴᠢᠷ  ᠪᠡᠷᠭᠡᠰᠢᠶᠡᠯ ᠢ ᠬᠠᠮᠲᠣᠪᠡᠷ ᠲᠣᠭᠤᠯᠵᠦ᠂ ᠠᠷᠠᠯᠵᠢᠶ᠎ᠠ ᠪᠠ ᠪᠡᠯᠡ ᠣᠷᠣᠭᠤᠯᠣᠯᠲᠠ ᠶᠢ ᠴᠢᠯᠦᠭᠡᠲᠡᠢ ᠪᠣᠯᠭᠠᠵᠤ ᠲᠦᠬᠦᠮ  ᠪᠣᠯᠭᠠᠬᠤ ᠶᠢ ᠠᠬᠢᠭᠤᠯᠵᠦ᠂ ᠠᠵᠦ ᠠᠬᠤᠢ ᠶᠢᠨ ᠲᠡᠯᠡᠭᠡᠶᠢᠵᠢᠯᠳᠠ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂  ᠲᠦᠭᠡᠮᠡᠯ ᠬᠠᠷᠠᠭᠠᠯᠵᠠᠯ ᠲᠠᠢ᠂ ᠲᠡᠩᠴᠡᠬᠦᠷᠢᠲᠡᠢ᠂ ᠬᠠᠮᠲᠣᠪᠡᠷ ᠠᠰᠢᠬ ᠬᠦᠷᠲᠡᠬᠦ ᠴᠢᠭᠯᠡᠯ ᠢᠶᠠᠷ ᠬᠦᠭᠵᠢᠬᠦ ᠶᠢ  ᠠᠬᠢᠭᠤᠯᠬᠤ ᠬᠡᠷᠡᠭᠲᠡᠢ᠃ ᠲᠡᠯᠡᠭᠡᠢ ᠶᠢᠨ ᠪᠣᠯᠪᠠᠰᠣᠨ ᠤ ᠣᠯᠠᠨ ᠶᠠᠩᠵᠦᠲᠦ ᠴᠢᠨᠠᠷ ᠢ ᠴᠢᠬᠤᠯᠠᠴᠢᠯᠠᠵᠤ᠂ ᠪᠣᠯᠪᠠᠰᠣᠨ ᠤ  ᠵᠠᠶᠢᠳᠠᠯ ᠢ ᠪᠣᠯᠪᠠᠰᠣᠨ ᠤ ᠰᠣᠯᠢᠯᠴᠠᠭ᠎ᠠ ᠪᠣᠯᠭᠠᠨ ᠬᠤᠪᠢᠷᠠᠭᠤᠯᠵᠦ᠂ ᠪᠣᠯᠪᠠᠰᠣᠨ ᠤ ᠮᠦᠷᠬᠦᠯᠲᠦᠭᠡᠨ ᠢ ᠪᠣᠯᠪᠠᠰᠣᠨ ᠢᠶᠠᠨ  ᠬᠠᠷᠢᠯᠴᠠᠨ ᠲᠣᠯᠢᠯᠠᠬᠤ ᠪᠣᠯᠭᠠᠨ ᠬᠤᠪᠢᠷᠠᠭᠤᠯᠵᠦ᠂ ᠪᠣᠯᠪᠠᠰᠣᠨ ᠤ ᠲᠠᠪᠠᠮᠠᠭᠠᠢᠢᠯᠠᠯ ᠢ ᠪᠣᠯᠪᠠᠰᠣᠨ ᠬᠠᠮᠲᠣᠪᠡᠷ  ᠣᠷᠣᠰᠢᠬᠤ ᠪᠣᠯᠭᠠᠨ ᠬᠤᠪᠢᠷᠠᠭᠤᠯᠬᠤ ᠬᠡᠷᠡᠭᠲᠡᠢ᠃ ᠣᠷᠴᠢᠨ ᠠᠬᠤᠢ ᠳᠤ ᠨᠦᠬᠦᠷᠰᠡᠭ ᠪᠠᠶᠢᠬᠤ ᠶᠢ ᠪᠠᠷᠢᠮᠲᠠᠯᠠᠵᠦ᠂  ᠠᠭᠤᠷ ᠠᠮᠢᠰᠬᠤᠯ ᠤᠨ ᠬᠤᠪᠢᠷᠠᠯᠲᠠ ᠶᠢ ᠬᠠᠮᠲᠣᠷᠠᠨ ᠠᠷᠭᠠᠴᠠᠵᠦ᠂ ᠬᠦᠮᠦᠨ ᠲᠦᠷᠦᠯᠬᠢᠲᠡᠨ ᠤ ᠣᠷᠣᠰᠢᠨ  ᠲᠣᠬᠲᠠᠨᠢᠬᠤ ᠭᠡᠷ ᠣᠷᠣᠨ ᠪᠣᠯᠬᠤ ᠲᠡᠯᠡᠭᠡᠢ ᠶᠢᠨ ᠪᠦᠮᠪᠦᠷᠴᠡᠭ ᠢᠶᠠᠨ ᠰᠠᠶᠢᠲᠣᠷ ᠬᠠᠮᠠᠭᠠᠯᠠᠬᠤ ᠬᠡᠷᠡᠭᠲᠡᠢ ᠭᠡᠵᠡᠢ᠃                ᠰᠢ ᠶᠢᠨ ᠫᠢᠩ᠂ ᠲᠣᠮᠲᠠᠲᠣ ᠣᠯᠣᠰ ᠪᠡᠶ᠎ᠡ ᠪᠠᠨ ᠲᠠᠭᠠᠭᠠᠵᠦ ᠡᠵᠡᠨ ᠮᠡᠲᠡᠬᠦ ᠨᠡᠶᠢᠷᠡᠮᠲᠡᠯ ᠤᠨ ᠭᠠᠲᠠᠭᠠᠲᠣ  ᠬᠠᠷᠢᠯᠴᠠᠭᠠᠨ ᠤ ᠲᠦᠷᠦ ᠶᠢᠨ ᠪᠣᠲᠣᠯᠭ᠎ᠠ ᠶᠢ ᠡᠷᠡᠰ ᠬᠡᠷᠡᠭᠵᠢᠬᠦᠯᠵᠦ᠂ ᠡᠯ᠎ᠠ ᠣᠯᠣᠰ ᠤᠨ ᠠᠷᠠᠳ ᠲᠦᠮᠡᠨ ᠤ  ᠬᠦᠭᠵᠢᠯᠲᠡ ᠶᠢᠨ ᠵᠠᠮ ᠢᠶᠠᠨ ᠦᠪᠡᠰᠦᠪᠡᠨ ᠡᠵᠡᠨ ᠮᠡᠲᠡᠵᠦ ᠰᠣᠩᠭᠤᠬᠤ ᠡᠷᠭᠡ ᠶᠢ ᠬᠦᠨᠲᠦᠳᠭᠡᠵᠦ᠂ ᠲᠡᠯᠡᠭᠡᠢ  ᠨᠡᠶᠢᠲᠡ ᠶᠢᠨ ᠲᠦᠪ ᠭᠤᠣᠯᠴᠢ ᠰᠢᠲᠣᠷᠭᠤ ᠶᠣᠰᠣ ᠶᠢ ᠬᠠᠮᠠᠭᠠᠯᠠᠨ᠂ ᠦᠪᠡᠷ ᠤᠨ ᠵᠣᠷᠢᠬ ᠰᠠᠨᠠᠭ᠎ᠠ ᠪᠠᠨ ᠪᠣᠰᠣᠳ ᠲᠤ  ᠠᠯᠪᠠ ᠪᠠᠷ ᠲᠣᠯᠭᠠᠬᠤ ᠶᠢ ᠡᠰᠡᠷᠬᠦᠴᠡᠵᠦ᠂ ᠪᠣᠰᠣᠳ ᠣᠯᠣᠰ ᠤᠨ ᠲᠣᠲᠣᠭᠠᠲᠣ ᠵᠠᠰᠠᠬ ᠲᠤ ᠭᠠᠷ ᠲᠦᠷᠦᠬᠦ ᠶᠢ  ᠡᠰᠡᠷᠬᠦᠴᠡᠨ᠂ ᠬᠦᠴᠦᠷᠭᠡᠭ ᠢᠶᠠᠷ ᠪᠠᠭᠤᠷᠠᠢ ᠶᠢ ᠲᠠᠷᠣᠯᠠᠬᠤ ᠶᠢ ᠡᠰᠡᠷᠬᠦᠴᠡᠨ᠎ᠠ᠃ ᠲᠣᠮᠲᠠᠲᠣ ᠣᠯᠣᠰ ᠶᠠᠭᠠᠬᠢᠬᠰᠠᠨ ᠴᠦ  ᠪᠣᠰᠣᠳ ᠣᠯᠣᠰ ᠤᠨ ᠡᠷᠭᠡ ᠠᠰᠢᠬ ᠢ ᠦᠷᠡᠭᠲᠡᠬᠦᠯᠵᠦ ᠪᠠᠶᠢᠭᠠᠳ ᠦᠪᠡᠷ ᠢ ᠪᠠᠨ ᠬᠦᠭᠵᠢᠬᠦᠯᠬᠦ ᠣᠴᠢᠷ ᠢ ᠬᠢᠬᠦ  ᠦᠭᠡᠢ ᠮᠦᠷᠲᠡᠭᠡᠨ ᠪᠠᠰᠠ ᠶᠠᠭᠠᠬᠢᠬᠰᠠᠨ ᠴᠦ ᠦᠪᠡᠷ ᠤᠨ ᠵᠦᠢ ᠶᠣᠰᠣᠨ ᠤ ᠡᠷᠭᠡ ᠠᠰᠢᠬ ᠢᠶᠠᠨ ᠳᠠᠶᠠᠭᠳᠠᠬᠤ ᠦᠭᠡᠢ  ᠶᠣᠮ᠂ ᠶᠠᠮᠠᠷᠪᠠ ᠬᠦᠮᠦᠨ ᠭᠡᠳ ᠲᠣᠮᠲᠠᠲᠣ ᠣᠯᠣᠰ ᠤᠨ ᠠᠰᠢᠬ ᠲᠣᠰᠠ ᠶᠢ ᠬᠤᠬᠢᠷᠠᠭᠤᠯᠣᠬᠰᠠᠨ ᠴᠦ ᠨᠢᠲᠣ ᠠᠨᠢᠨ  ᠬᠦᠯᠢᠴᠡᠬᠦ ᠶᠣᠮ ᠭᠡᠵᠦ ᠪᠣᠣ ᠭᠤᠷᠢᠲᠠ᠃ ᠲᠣᠮᠲᠠᠲᠣ ᠣᠯᠣᠰ ᠰᠡᠷᠭᠡᠶᠢᠯᠡᠯᠲᠡ ᠶᠢᠨ ᠴᠢᠨᠠᠷᠲᠠᠢ ᠣᠯᠣᠰ ᠤᠨ ᠪᠠᠲᠣᠯᠠᠨ  ᠬᠠᠮᠠᠭᠠᠯᠠᠯᠲᠠ ᠶᠢᠨ ᠲᠦᠷᠦ ᠶᠢᠨ ᠪᠣᠲᠣᠯᠭ᠎ᠠ ᠶᠢ ᠬᠡᠷᠡᠭᠵᠢᠬᠦᠯᠦᠨ᠎ᠠ᠃ ᠲᠣᠮᠲᠠᠲᠣ ᠣᠯᠣᠰ ᠤᠨ ᠬᠦᠭᠵᠢᠯᠲᠡ ᠶᠠᠮᠠᠷ ᠴᠦ  ᠣᠯᠣᠰ ᠲᠤ ᠰᠦᠷᠲᠡᠬᠦᠯᠦᠯ ᠪᠣᠯᠬᠤ ᠦᠭᠡᠢ ᠶᠣᠮ᠃ ᠲᠣᠮᠲᠠᠲᠣ ᠣᠯᠣᠰ ᠬᠦᠭᠵᠢᠬᠡᠳ ᠶᠠᠮᠠᠷ ᠬᠡᠮᠵᠢᠶᠡᠨ ᠳᠤ  ᠬᠦᠷᠦᠭᠰᠡᠨ ᠴᠦ ᠡᠬᠦᠷᠢᠲᠡ ᠡᠵᠡᠷᠭᠡᠭᠴᠢ ᠪᠣᠯᠬᠤ ᠦᠭᠡᠢ᠂ ᠡᠬᠦᠷᠢᠲᠡ ᠭᠠᠲᠠᠬᠰᠢ ᠲᠦᠷᠢᠬᠦ ᠦᠬᠡᠢ ᠬᠡᠵᠤ  ᠴᠢᠬᠤᠯᠠᠴᠢᠯᠠᠪᠠ᠃       ᠰᠢ ᠶᠢᠨ ᠫᠢᠩ ᠬᠡᠯᠡᠬᠦ ᠳᠡᠭᠡᠨ᠂ ᠲᠣᠮᠳᠠᠳᠣ ᠣᠯᠣᠰ ᠪᠦᠬᠦ ᠪᠦᠮᠪᠦᠷᠴᠡᠭ ᠤᠨ ᠬᠠᠨᠢᠳᠠᠨ ᠤ ᠬᠠᠷᠢᠯᠴᠠᠭ᠎ᠠ ᠶᠢ  ᠢᠳᠡᠪᠬᠢᠳᠡᠢ ᠬᠦᠭᠵᠢᠬᠦᠯᠵᠦ᠂ ᠡᠯ᠎ᠡ ᠣᠯᠣᠰ ᠯᠤᠭ᠎ᠠ ᠶᠢᠨ ᠠᠰᠢᠬ ᠲᠣᠰᠠ ᠶᠢᠨ ᠬᠠᠮᠳᠤᠷᠠᠯ ᠴᠡᠭ ᠢᠶᠠᠨ ᠦᠷᠭᠡᠳᠬᠡᠨ᠂  ᠲᠣᠮᠣ ᠣᠯᠣᠰ ᠤᠨ ᠵᠣᠬᠢᠴᠠᠭᠤᠯᠭ᠎ᠠ ᠪᠡ ᠬᠠᠮᠳᠣᠷᠠᠯᠴᠠᠭ᠋ ᠠ ᠶᠢ ᠠᠬᠢᠭᠤᠯᠵᠦ᠂ ᠶᠡᠷᠦᠩᠬᠡᠢ ᠳᠡᠭᠡᠨ ᠲᠣᠭᠳᠠᠪᠣᠷᠢᠳᠠᠢ  ᠪᠠᠶᠢᠬᠤ ᠪᠡ ᠲᠡᠩᠴᠡᠬᠦᠷᠢᠳᠠᠢ ᠬᠦᠭᠵᠢᠬᠦ ᠲᠣᠮᠳᠠᠳᠣ ᠣᠯᠣᠰ ᠤᠨ ᠬᠠᠷᠢᠯᠴᠠᠭ᠎ᠠ ᠶᠢᠨ ᠪᠣᠷᠣ ᠲᠦᠯᠦᠪ ᠢ ᠪᠣᠢ ᠪᠣᠯᠭᠠᠵᠦ᠂ ᠲᠣᠳᠣᠨᠣ ᠦᠨᠡᠨᠴᠢ ᠪᠦᠭᠡᠳ ᠠᠰᠢᠬᠳᠠᠢ ᠪᠠᠭᠳᠠᠭᠠᠮᠵᠢᠳᠠᠢ ᠪᠠᠶᠢᠬᠤ ᠣᠢᠢᠯᠠᠭᠠᠭᠳᠠᠬᠤᠨ ᠪᠡ ᠬᠦᠷᠰᠢ  ᠵᠡᠷᠭᠡᠯᠡᠳᠡᠭᠡ ᠲᠠᠢ ᠪᠠᠨ ᠰᠠᠶᠢᠬᠠᠨ ᠶᠠᠪᠣᠯᠴᠠᠬᠤ᠂ ᠬᠦᠷᠰᠢ ᠵᠡᠷᠭᠡᠯᠡᠳᠡᠭᠡ ᠲᠠᠢ ᠪᠠᠨ ᠨᠠᠶᠢᠵᠢᠯᠠᠬᠤ ᠬᠦᠷᠰᠢ  ᠵᠡᠷᠭᠡᠯᠡᠳᠡᠭᠡ ᠶᠢᠨ ᠭᠠᠳᠠᠭᠠᠳᠣ ᠬᠠᠷᠢᠯᠴᠠᠭᠠᠨ ᠤ ᠴᠢᠭᠯᠡᠯᠳᠠ ᠶᠣᠰᠣᠭᠠᠷ ᠡᠷᠬᠢᠨ ᠲᠣᠭᠤᠷᠢᠨ ᠤ ᠣᠯᠣᠰ ᠯᠤᠭ᠎ᠠ ᠶᠢᠨ  ᠬᠠᠷᠢᠯᠴᠠᠭ᠎ᠠ ᠪᠠᠨ ᠬᠦᠨᠵᠡᠭᠡᠶᠢᠷᠡᠬᠦᠯᠵᠦ᠂ ᠵᠦᠪ ᠵᠢᠷᠣᠮ ᠤᠨ ᠦᠵᠡᠯᠳᠡ᠂ ᠠᠰᠢᠬ ᠤᠨ ᠦᠵᠡᠯᠳᠡ ᠪᠡ ᠦᠨᠡᠨ  ᠪᠣᠳᠠᠳᠠᠢ ᠲᠣᠳᠣᠨᠣ ᠦᠨᠡᠨᠴᠢ ᠪᠠᠶᠢᠬᠤ ᠣᠢᠢᠯᠠᠭᠠᠬᠳᠠᠬᠤᠨ ᠢ ᠪᠠᠷᠢᠮᠳᠠᠯᠠᠨ ᠬᠦᠭᠵᠢᠵᠦ ᠪᠠᠶᠢᠭ᠎ᠠ ᠣᠯᠣᠰ ᠯᠤᠭ᠎ᠠ ᠶᠢᠨ  ᠪᠦᠯᠬᠦᠮᠳᠡᠯ ᠬᠠᠮᠳᠣᠷᠠᠯᠴᠠᠭ᠎ᠠ ᠪᠠᠨ ᠴᠢᠩᠭᠠᠳᠬᠠᠨ᠎ᠠ ᠬᠡᠵᠡᠢ᠃                 ᠲᠡᠷᠡ ᠬᠡᠯᠡᠬᠦ ᠳᠡᠭᠡᠨ᠂ ᠲᠣᠮᠳᠠᠳᠣ ᠣᠯᠣᠰ ᠭᠠᠳᠠᠭᠠᠳᠤ ᠨᠡᠭᠡᠭᠡᠯᠳᠡ ᠬᠢᠬᠦ ᠣᠯᠣᠰ ᠤᠨ ᠦᠨᠳᠣᠰᠣᠨ  ᠪᠣᠳᠣᠯᠭ᠎ᠠ ᠶᠢ ᠪᠠᠷᠢᠮᠳᠠᠯᠠᠨ ᠡᠬᠦᠳᠡ ᠪᠠᠨ ᠨᠡᠭᠡᠭᠡᠵᠦ ᠪᠦᠳᠦᠬᠡᠨ ᠪᠠᠶᠢᠭᠤᠯᠣᠯᠳᠠ ᠬᠢᠬᠦ ᠶᠢ ᠪᠠᠷᠢᠮᠳᠠᠯᠠᠵᠦ᠂ ︽ᠨᠢᠭᠡ  ᠪᠦᠰᠡ ᠨᠢᠬᠡ ᠵᠠᠮ︾ ᠤᠨ ᠣᠯᠠᠨ ᠣᠯᠣᠰ ᠤᠨ ᠬᠠᠮᠳᠣᠷᠠᠯᠴᠠᠭ᠎ᠠ ᠶᠢ ᠢᠳᠡᠪᠬᠢᠳᠡᠢ ᠠᠬᠢᠭᠤᠯᠣᠨ᠂ ᠲᠦᠷᠦ ᠶᠢᠨ  ᠪᠣᠳᠣᠯᠭ᠎ᠠ ᠨᠡᠪᠳᠡᠷᠡᠯᠴᠡᠬᠦ᠂ ᠲᠦᠬᠦᠬᠡᠷᠦᠮᠵᠢ ᠬᠤᠯᠪᠣᠯᠳᠣᠨ ᠨᠡᠪᠳᠡᠷᠡᠯᠴᠡᠬᠦ᠂ ᠠᠷᠠᠯᠵᠢᠶ᠎ᠠ ᠰᠠᠭᠠᠳ ᠦᠬᠡᠢ  ᠨᠡᠪᠳᠡᠷᠡᠯᠴᠡᠬᠦ᠂ ᠪᠡᠯᠡ ᠮᠦᠩᠬᠦᠨ ᠤ ᠭᠦᠢᠯᠭᠡᠭᠡ ᠠᠭᠤᠰᠤᠯᠴᠠᠨ ᠨᠡᠪᠲᠡᠷᠡᠯᠴᠡᠬᠦ᠂ ᠠᠷᠠᠳ ᠤᠨ ᠰᠡᠳᠬᠢᠯ  ᠨᠡᠪᠳᠡᠷᠡᠯᠴᠡᠬᠦ ᠶᠢ ᠴᠢᠷᠮᠠᠶᠢᠨ ᠪᠠᠶᠡᠯᠡᠬᠦᠯᠵᠦ᠂ ᠣᠯᠠᠨ ᠣᠯᠣᠰ ᠤᠨ ᠬᠠᠮᠳᠣᠷᠠᠯᠴᠠᠭᠠᠨ ᠤ ᠰᠢᠨ᠎ᠠ ᠲᠠᠪᠴᠠᠩ ᠢ  ᠪᠠᠶᠢᠭᠤᠯᠣᠨ᠂ ᠬᠠᠮᠳᠣᠪᠡᠷ ᠬᠦᠭᠵᠢᠬᠦ ᠰᠢᠨ᠎ᠡ ᠬᠦᠳᠡᠯᠬᠡᠬᠦ ᠬᠦᠴᠦᠨ ᠢ ᠨᠡᠮᠡᠷᠢᠯᠡᠨ᠎ᠡ᠃ ᠬᠦᠭᠵᠢᠵᠦ ᠪᠠᠶᠢᠭ᠎ᠠ ᠣᠯᠣᠰ᠂  ᠢᠯᠠᠩᠭᠤᠶ᠎ᠠ ᠬᠦᠭᠵᠢᠯᠳᠡ ᠪᠠᠷ ᠬᠠᠮᠤᠭ ᠤᠨ ᠪᠠᠭᠤᠷᠠᠢ ᠣᠯᠣᠰ ᠢ ᠲᠣᠰᠠᠯᠠᠬᠤ ᠡᠷᠴᠢᠮ ᠢᠶᠠᠨ ᠴᠢᠩᠭᠠᠷᠠᠭᠤᠯᠵᠦ᠂  ᠡᠮᠦᠨᠡᠳᠣ ᠣᠮᠠᠷᠠᠳᠣ ᠶᠢᠨ ᠬᠦᠭᠵᠢᠯᠳᠡ ᠶᠢᠨ ᠵᠦᠷᠢᠶ᠎ᠡ ᠶᠢ ᠪᠠᠭᠠᠰᠬᠠᠬᠤ ᠶᠢ ᠠᠬᠢᠭᠤᠯᠣᠨ᠎ᠠ᠃ ᠣᠯᠠᠨ ᠲᠠᠯᠠᠳᠣ  ᠠᠷᠠᠯᠵᠢᠶᠠᠨ ᠤ ᠲᠦᠷᠢᠮ ᠢ ᠲᠠᠮᠵᠢᠵᠦ᠂ ᠴᠢᠯᠦᠬᠡᠳᠦ ᠠᠷᠠᠯᠵᠢᠶᠠᠨ ᠤ ᠣᠷᠣᠨ ᠤ ᠪᠦᠳᠦᠬᠡᠨ ᠪᠠᠶᠢᠭᠤᠯᠣᠯᠳᠠ ᠶᠢ  ᠠᠬᠢᠭᠤᠯᠣᠨ᠂ ᠨᠡᠭᠡᠭᠡᠯᠳᠡᠳᠣ ᠬᠡᠯᠪᠡᠷᠢ ᠶᠢᠨ ᠲᠡᠯᠡᠬᠡᠢ ᠶᠢᠨ ᠠᠵᠦ ᠠᠬᠤᠢ ᠶᠢ ᠪᠠᠶᠢᠭᠤᠯᠬᠤ ᠶᠢ ᠠᠬᠢᠭᠤᠯᠤᠨ᠎ᠠ ᠭᠡᠵᠡᠢ᠃               ᠲᠡᠷᠡ ᠢᠯᠡᠷᠭᠡᠶᠢᠯᠡᠬᠦ ᠳᠡᠭᠡᠨ᠂ ᠲᠣᠮᠳᠠᠳᠣ ᠣᠯᠣᠰ ᠬᠠᠮᠳᠣᠪᠡᠷ ᠵᠦᠪᠳᠡᠯᠴᠡᠬᠦ ᠬᠠᠮᠳᠣᠪᠡᠷ ᠪᠠᠶᠢᠭᠤᠯᠬᠤ  ᠬᠠᠮᠳᠣᠪᠡᠷ ᠡᠳ᠋ᠯᠡᠬᠦ ᠪᠦᠬᠦ ᠪᠦᠮᠪᠦᠷᠴᠡᠭ ᠤᠨ ᠵᠠᠰᠠᠯᠳᠠ ᠶᠢᠨ ᠦᠵᠡᠯᠳᠡ ᠶᠢ ᠪᠠᠷᠢᠮᠳᠠᠯᠠᠨ᠂ ᠣᠯᠠᠨ ᠣᠯᠣᠰ ᠤᠨ  ᠬᠠᠷᠢᠯᠴᠠᠭᠠᠨ ᠤ ᠠᠷᠠᠳᠴᠢᠯᠠᠯᠳᠠ ᠶᠢ ᠰᠠᠨᠠᠭᠠᠴᠢᠯᠠᠵᠦ᠂ ᠣᠯᠣᠰ ᠣᠷᠣᠨ ᠢ ᠶᠡᠭᠡ ᠪᠠᠭ᠎ᠠ᠂ ᠬᠦᠴᠦᠷᠭᠡᠭ ᠪᠠᠭᠤᠷᠠᠢ᠂  ᠪᠠᠶᠠᠨ ᠶᠠᠳᠠᠭᠤ ᠬᠡᠵᠦ ᠢᠯᠭᠠᠬᠤ ᠦᠬᠡᠢ ᠴᠦᠮ ᠡᠷᠭᠡ ᠲᠡᠭᠰᠢ ᠪᠠᠶᠢᠯᠭᠠᠬᠤ ᠶᠢ ᠪᠠᠷᠢᠮᠳᠠᠯᠠᠨ᠂ ᠣᠯᠠᠨ ᠣᠯᠣᠰ ᠤᠨ  ᠬᠤᠯᠪᠣᠭᠠᠳᠣ ᠪᠠᠶᠢᠭᠤᠯᠣᠯᠭ᠎ᠠ ᠶᠢᠨ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠦ᠂ ᠣᠯᠠᠨ ᠣᠯᠣᠰ ᠤᠨ  ᠬᠡᠷᠡᠭ ᠶᠠᠪᠣᠳᠠᠯ ᠳᠠᠬᠢ ᠬᠦᠭᠵᠢᠵᠦ ᠪᠠᠶᠢᠭ᠎ᠠ ᠣᠯᠣᠰ ᠤᠨ ᠲᠦᠯᠦᠬᠡᠯᠡᠬᠦ ᠴᠢᠨᠠᠷ ᠢᠶᠠᠷ ᠦᠬᠡ ᠬᠡᠯᠡᠬᠦ ᠡᠷᠭᠡ ᠶᠢ  ᠦᠷᠭᠡᠳᠬᠡᠬᠦ ᠶᠢ ᠲᠡᠮᠵᠢᠨ᠎ᠡ᠃ ᠲᠣᠮᠳᠠᠳᠣ ᠣᠯᠣᠰ ᠬᠠᠷᠢᠭᠤᠴᠠᠯᠭ᠎ᠠ ᠲᠠᠢ ᠲᠣᠮᠣ ᠣᠯᠣᠰ ᠤᠨ ᠦᠢᠯᠡᠳᠦᠯ ᠢᠶᠠᠨ  ᠦᠷᠬᠦᠯᠵᠢᠯᠡᠨ ᠪᠠᠳᠠᠷᠠᠭᠤᠯᠵᠣ᠂ ᠪᠦᠬᠦ ᠪᠦᠮᠪᠦᠷᠴᠡᠭ ᠤᠨ ᠵᠠᠰᠠᠯᠳᠠ ᠶᠢᠨ ᠰᠢᠰᠲ᠋ᠧᠮ ᠤᠨ ᠦᠬᠡᠷᠡᠴᠢᠯᠡᠯᠳᠡ ᠪᠣᠯᠣᠨ  ᠪᠠᠶᠢᠭᠤᠯᠣᠯᠳᠠ ᠳᠤ ᠢᠳᠡᠪᠬᠢᠳᠡᠢ ᠣᠷᠣᠯᠴᠠᠵᠦ᠂ ᠲᠣᠮᠳᠠᠳᠣ ᠣᠯᠣᠰ ᠤᠨ ᠣᠶᠣᠨ ᠣᠬᠠᠭᠠᠨ ᠪᠡ ᠬᠦᠴᠦᠨ  ᠴᠢᠳᠠᠯ ᠢᠶᠠᠨ ᠲᠠᠰᠣᠷᠠᠯᠳᠠ ᠦᠬᠡᠢ ᠨᠡᠮᠡᠷᠢᠯᠡᠨ᠎ᠡ ᠬᠡᠵᠡᠢ᠃  
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号