11 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠥᠪᠥᠷ ᠮᠣᠩᠭᠤᠯ ᠤᠯᠤᠰ ᠤᠨ v ᠪᠠᠷᠢᠮᠵᠢᠶᠠᠲᠤ ᠡᠩ ᠤᠨ ᠴᠠᠶᠢᠶ᠋ᠢᠦ ᠲᠣᠰᠣ ᠶᠢ ᠪᠥᠬᠦ ᠲᠠᠯ᠎ᠠ ᠪᠠᠷ ᠬᠠᠩᠭᠠᠪᠠ
ᠨᠡᠶᠢᠲᠡᠯᠡᠭᠰᠡᠨ ᠴᠠᠭ᠄
2017-11-07
       ᠥᠨᠥᠬᠡᠨ᠂ ᠥᠪᠥᠷ ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠣᠷᠣᠨ ᠤ ᠳᠣᠲᠣᠷᠠᠬᠢ ᠡᠩ ᠤᠨ ᠴᠠᠶᠢᠶ᠋ᠢᠦ ᠲᠣᠰᠣᠨ ᠤ ᠶᠠᠰᠤ ᠴᠢᠨᠠᠷ ᠢ ᠤᠯᠤᠰ ᠤᠨ v ᠪᠠᠷᠢᠮᠵᠢᠶ᠎ᠠ ᠶᠢᠨ ᠬᠤᠯᠪᠣᠭᠳᠠᠯ ᠪᠦᠬᠦᠢ ᠦᠨ᠎ᠡ ᠬᠠᠩᠰᠢ ᠳᠤ ᠬᠦᠷᠲᠡᠯ᠎ᠡ ᠳᠡᠭᠡᠭᠰᠢᠯᠡᠭᠦᠯᠬᠦ ᠠᠰᠠᠭᠤᠳᠠᠯ ᠤᠨ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠪᠠᠭᠤᠯᠭᠠᠵᠤ᠂ ︽ᠮᠡᠳᠡᠭᠳᠡᠯ︾ ᠳᠤ᠂ 11 ᠳ᠋ᠦᠭᠡᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ᠂ ᠥᠪᠥᠷ ᠮᠣᠩᠭᠤᠯ ᠤᠯᠤᠰ ᠤᠨ v ᠪᠠᠷᠢᠮᠵᠢᠶᠠᠲᠤ ᠡᠩ ᠤᠨ ᠴᠠᠶᠢᠶ᠋ᠢᠦ ᠲᠣᠰᠣ ᠶᠢ ᠪᠥᠬᠦ ᠲᠠᠯ᠎ᠠ ᠪᠠᠷ ᠬᠠᠩᠭᠠᠬᠤ ᠶᠢᠨ ᠬᠠᠮᠲᠤ ᠤᠯᠤᠰ ᠤᠨ v ᠪᠠᠷᠢᠮᠵᠢᠶᠠᠲᠤ ᠡᠩ ᠤᠨ ᠴᠠᠶᠢᠶ᠋ᠢᠦ ᠲᠣᠰᠣᠨ ᠤ ᠦᠨ᠎ᠡ ᠶᠢ ᠬᠡᠷᠡᠭᠵᠢᠭᠦᠯᠦᠨ᠎ᠡ ᠭᠡᠵᠦ ᠳᠤᠷᠠᠳᠴᠠᠢ᠃        ᠲᠠᠨᠢᠯᠴᠠᠭᠤᠯᠤᠭᠰᠠᠨ ᠢᠶᠠᠷ᠂ 11 ᠳ᠋ᠦᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠡᠯ᠎ᠡ ᠪᠣᠯᠪᠠᠰᠤᠷᠠᠭᠤᠯᠤᠭᠰᠠᠨ ᠲᠣᠰᠣᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠳ ᠬᠦᠬᠦᠷ ᠤᠨ ᠠᠭᠤᠯᠤᠭᠳᠠᠴᠠ ᠨᠢ 10PPM ᠠᠴᠠ ᠳᠤᠤᠷ᠎ᠠ ᠡᠩ ᠤᠨ ᠴᠠᠶᠢᠶ᠋ᠢᠦ ᠲᠣᠰᠣ ᠶᠢ ᠪᠥᠬᠦ ᠲᠠᠯ᠎ᠠ ᠪᠠᠷ ᠬᠠᠩᠭᠠᠬᠤ ᠶᠢᠨ ᠬᠠᠮᠲᠤ ᠬᠦᠬᠦᠷ ᠤᠨ ᠠᠭᠤᠯᠤᠭᠳᠠᠴᠠ ᠨᠢ 10PPM ᠠᠴᠠ ᠥᠨᠳᠥᠷ ᠡᠩ ᠤᠨ ᠴᠠᠶᠢᠶ᠋ᠢᠦ ᠲᠤᠰᠤ ᠪᠣᠷᠣᠯᠠᠭᠤᠯᠬᠤ ᠶᠢ ᠵᠣᠭᠰᠣᠭᠠᠵᠡᠢ᠃ ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ ︽ᠣᠷᠣᠨ ᠤ ᠳᠣᠲᠣᠷᠠᠬᠢ ᠡᠩ ᠤᠨ ᠴᠠᠶᠢᠶ᠋ᠢᠦ ᠲᠣᠰᠣᠨ ᠤ ᠶᠠᠰᠤ ᠴᠢᠨᠠᠷ ᠢ ᠤᠯᠤᠰ ᠤᠨ v ᠪᠠᠷᠢᠮᠵᠢᠶ᠎ᠠ ᠶᠢᠨ ᠬᠤᠯᠪᠣᠭᠳᠠᠯ ᠪᠦᠬᠦᠢ ᠦᠨ᠎ᠡ ᠬᠠᠩᠰᠢ ᠳᠤ ᠬᠦᠷᠲᠡᠯ᠎ᠡ ᠳᠡᠭᠡᠭᠰᠢᠯᠡᠭᠦᠯᠬᠦ ᠠᠰᠠᠭᠤᠳᠠᠯ ᠤᠨ ᠲᠤᠬᠠᠶ ᠮᠡᠳᠡᠭᠳᠡᠯ︾ ᠤᠨ ᠠᠭᠤᠯᠭ᠎ᠠ ᠶᠢ ᠦᠨᠳᠦᠰᠦᠯᠡᠨ᠂ ᠥᠪᠡᠷ ᠤᠨ ᠦᠷᠳᠡᠭ ᠢ ᠨᠢ ᠵᠣᠬᠢᠰᠲᠠᠶ ᠨᠥᠬᠦᠪᠦᠷᠢᠯᠡᠬᠦ᠂ ᠴᠢᠨᠠᠷ ᠰᠠᠶᠢᠲᠠᠶ ᠳᠤᠨᠢ ᠰᠠᠶᠢᠨ ᠬᠠᠩᠰᠢ ᠲᠣᠭᠲᠠᠭᠠᠬᠤ ᠪᠠ ᠪᠣᠬᠢᠷᠲᠤᠭᠤᠯᠤᠭᠴᠢ ᠵᠠᠷᠤᠳᠠᠯ ᠲᠤᠰᠢᠶᠠᠬᠤ ᠵᠠᠷᠴᠢᠮ ᠶᠣᠰᠣᠭᠠᠷ᠂ ᠠᠵᠤ ᠠᠬᠤᠶᠢᠯᠠᠯ ᠨᠢ ᠳᠡᠰ ᠲᠡᠪᠰᠢᠭᠦᠯᠦᠭᠰᠡᠨ ᠬᠡᠰᠡᠭ ᠥᠪᠡᠷ ᠤᠨ ᠦᠷᠳᠡᠭ ᠢ ᠵᠣᠬᠢᠰᠲᠠᠶ ᠰᠢᠩᠭᠡᠭᠡᠭᠰᠡᠨ ᠤ ᠰᠠᠭᠤᠷᠢᠨ ᠳᠡᠭᠡᠷ᠎ᠡ᠂ ᠲᠡᠷᠭᠡᠨ ᠳᠤ ᠬᠡᠷᠡᠭᠯᠡᠬᠦ ᠴᠠᠶᠢᠶ᠋ᠢᠦ ᠲᠣᠰᠣᠨ ᠤ ᠶᠠᠰᠤ ᠴᠢᠨᠠᠷ ᠤᠨ ᠪᠠᠷᠢᠮᠵᠢᠶ᠎ᠠ ᠶᠢ ᠳᠥᠷᠪᠡᠳᠦᠭᠡᠷ ᠲᠡᠰ ᠠᠴᠠ ᠨᠢ ᠲᠠᠪᠤᠳᠤᠭᠠᠷ ᠲᠡᠰ ᠪᠣᠯᠲᠠᠯ᠎ᠠ ᠳᠡᠪᠰᠢᠭᠦᠯᠵᠦ ᠲᠣᠨ ᠪᠦᠷᠢ ᠳᠤ 160 ᠲᠥᠭᠦᠷᠢᠭ ᠨᠡᠮᠡᠨ᠎ᠠ᠃ ᠡᠩ ᠤᠨ ᠴᠠᠶᠢᠶ᠋ᠢᠦ ᠲᠣᠰᠣᠨ ᠤ ᠦᠨ᠎ᠡ ᠬᠠᠩᠰᠢ ᠶᠢ ᠲᠡᠷᠭᠡᠨ ᠳᠤ ᠬᠡᠷᠡᠭᠯᠡᠬᠦ ᠠᠳᠠᠯᠢ ᠪᠠᠷᠢᠮᠵᠢᠶᠠᠲᠤ ᠴᠠᠶᠢᠶ᠋ᠢᠦ ᠲᠣᠰᠣᠨ ᠤ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃          ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠱᠠᠭᠠᠷᠳᠠᠭᠰᠠᠨ ᠨᠢ᠂ ᠥᠪᠥᠷ ᠮᠣᠩᠭᠤᠯ ᠤᠨ ᠡᠯ᠎ᠡ ᠱᠠᠲᠤᠨ ᠤ ᠦᠨ᠎ᠡ ᠬᠠᠩᠰᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠪᠣᠯᠪᠠᠰᠤᠷᠠᠭᠤᠯᠤᠭᠰᠠᠨ ᠲᠤᠰᠤᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠨ ᠬᠡᠮᠵᠢᠯᠲᠡ ᠪᠠ ᠬᠢᠨᠠᠠ ᠪᠠᠶᠢᠴᠠᠭᠠᠯᠲᠡ ᠶᠢ ᠴᠠᠭ ᠲᠤᠬᠠᠶ ᠳᠤᠨᠢ ᠥᠷᠨᠢᠭᠦᠯᠵᠦ᠂ ᠪᠣᠯᠪᠠᠰᠤᠷᠠᠭᠤᠯᠤᠭᠰᠠᠨ ᠲᠤᠰᠤ ᠡᠵᠡᠩᠨᠡᠬᠦ ᠠᠵᠤ ᠠᠬᠤᠶᠢᠯᠠᠯ ᠤᠨ ᠴᠢᠨᠠᠷ ᠪᠠ ᠦᠨ᠎ᠡ ᠬᠠᠩᠰᠢ ᠨᠢ ᠥᠯᠥ ᠨᠡᠶᠢᠴᠡᠬᠦ᠂ ᠦᠨ᠎ᠡ ᠬᠠᠩᠰᠢ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ᠡᠩ ᠤᠨ ᠴᠠᠶᠢᠶ᠋ᠢᠦ ᠲᠣᠰᠣ ᠶᠢ ᠳᠡᠰ ᠳᠡᠪᠰᠢᠭᠦᠯᠦᠨ ᠦᠨ᠎ᠡ ᠥᠰᠬᠡᠬᠦ ᠠᠵᠢᠯ ᠢ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号