ᠥᠪᠥᠷ ᠮᠣᠩᠭᠤᠯ ᠤᠨ 2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2017-11-07
         ᠡᠨᠡ ᠵᠢᠯ ᠮᠠᠨ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠲᠥᠷᠥ ᠶᠢᠨ ᠪᠣᠳᠣᠯᠭ᠎ᠠ ᠳᠤ ᠪᠠᠭ᠎ᠠ ᠲᠤᠬᠢᠷᠠᠭᠤᠯᠭ᠎ᠠ ᠬᠢᠪᠡ᠂ ᠬᠤᠯᠪᠣᠭᠳᠠᠯ ᠪᠦᠬᠦᠢ ᠲᠣᠭᠲᠠᠭᠠᠯ ᠢᠶᠠᠷ ᠪᠤᠯ᠂ 2018 ᠣᠨ ᠠᠴᠠ ᠡᠬᠢᠯᠡᠨ᠂ ᠪᠤᠢ ᠪᠦᠬᠦᠢ ᠰᠢᠯᠭᠠᠭᠤᠯᠤᠭᠴᠢ ᠶᠢᠨ ᠶᠡᠭᠡ ᠳᠡᠭᠡᠳᠦ ᠰᠤᠷᠭᠠᠭᠤᠯᠢ ᠳᠤ ᠰᠢᠯᠭᠠᠬᠤ ᠰᠢᠯᠭᠠᠯᠲᠠ ᠶᠢᠨ ᠨᠡᠮᠡᠬᠦ ᠬᠤᠪᠢ ᠶᠢ ᠳᠠᠬᠢᠨ ᠨᠡᠶᠢᠯᠡᠭᠦᠯᠵᠦ ᠪᠤᠳᠤᠬᠤ ᠦᠭᠡᠢ᠃ ᠡᠭᠦᠨ ᠠᠴᠠ ᠭᠠᠳᠠᠨ᠎ᠠ᠂ 2018 ᠣᠨ ᠠᠴᠠ ᠡᠬᠢᠯᠡᠨ᠂ ᠮᠠᠨ ᠤ ᠣᠷᠣᠨ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠪᠠᠰᠠ ᠬᠤᠪᠢ ᠨᠡᠮᠡᠬᠦ 5 ᠲᠥᠷᠥᠯ ᠵᠦᠢᠯ ᠢ ᠬᠦᠴᠦᠨ ᠦᠭᠡᠶ ᠪᠤᠯᠭᠠᠪᠠ᠂ ᠡᠨᠡ ᠨᠢ ᠲᠤᠰ ᠲᠤᠰ ᠪᠡᠶ᠎ᠡ ᠶᠢᠨ ᠲᠠᠮᠢᠷ ᠤᠨ ᠬᠤᠪᠢ ᠨᠡᠮᠡᠬᠦ ᠲᠥᠷᠥᠯ ᠵᠦᠶ᠋ᠯ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠲᠥᠷᠥᠯ ᠤᠨ ᠣᠯᠢᠮᠫᠢᠺ ᠤᠨ ᠤᠷᠤᠯᠳᠤᠭᠠᠨ ᠤ ᠬᠤᠪᠢ ᠨᠡᠮᠡᠬᠦ ᠲᠥᠷᠥᠯ ᠵᠦᠶ᠋ᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠤᠷᠤᠯᠳᠤᠭᠠᠨ ᠤ ᠬᠤᠪᠢ ᠨᠡᠮᠡᠬᠦ ᠲᠥᠷᠥᠯ ᠵᠦᠶ᠋ᠯ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠢᠯᠢᠳᠡᠭ ᠰᠤᠷᠤᠭᠴᠢᠳ ᠤᠨ ᠬᠤᠪᠢ ᠨᠡᠮᠡᠬᠦ ᠲᠥᠷᠥᠯ ᠵᠦᠶ᠋ᠯ᠂ ᠦᠵᠡᠯ ᠰᠠᠨᠠᠭ᠎ᠠ ᠤᠯᠤᠰ ᠲᠥᠷᠥ ᠶᠤᠰᠤ ᠮᠤᠷᠠᠯ ᠤᠨ ᠳᠤᠪᠤᠶᠢᠮ᠎ᠠ ᠦᠢᠯᠡ ᠠᠵᠢᠯᠯᠠᠭ᠎ᠠ ᠶᠢᠨ ᠬᠤᠪᠢ ᠨᠡᠮᠡᠬᠦ ᠲᠥᠷᠥᠯ ᠵᠦᠶ᠋ᠯ ᠵᠡᠷᠭᠡ ᠪᠤᠯᠤᠨ᠎ᠠ᠃ ᠬᠦᠴᠦᠨ ᠦᠭᠡᠶ ᠪᠤᠯᠭᠠᠭᠰᠠᠨ ᠡᠨᠡ 5 ᠬᠤᠪᠢ ᠨᠡᠮᠡᠬᠦ ᠲᠦᠷᠦᠯ ᠵᠦᠢᠯ ᠢ ᠰᠢᠯᠭᠠᠭᠤᠯᠤᠭᠴᠢ ᠲᠠᠭᠯᠠᠨ ᠮᠡᠳᠡᠭᠦᠯᠬᠦ ᠴᠢᠬᠤᠯᠠ ᠦᠭᠡᠢ᠂ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭ ᠦᠭᠡᠢ᠃            ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠲᠥᠷᠥ ᠶᠢᠨ ᠪᠤᠳᠤᠯᠭ᠎ᠠ ᠪᠠᠷ ᠪᠤᠯ᠂ 2018 ᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ᠂ ᠴᠡᠷᠢᠭ ᠤᠨ ᠠᠯᠪᠠ ᠬᠠᠭᠠᠬᠤ ᠬᠤᠭᠤᠴᠠᠭᠠᠨ ᠳᠠᠭᠠᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ ᠳᠡᠭᠡᠭᠰᠢᠬᠢ ᠭᠠᠪᠢᠶ᠎ᠠ ᠪᠠᠶᠢᠭᠤᠯᠤᠭᠰᠠᠨ ᠪᠤᠶᠤ ᠲᠤᠮᠤ ᠴᠡᠷᠢᠭ ᠤᠨ ᠲᠣᠭᠤᠷᠢᠭ ︵ᠲᠤᠮᠤ ᠴᠡᠷᠢᠭ ᠤᠨ ᠲᠣᠭᠤᠷᠢᠭ ᠪᠠᠭᠲᠠᠨ᠎ᠠ︶ ᠠᠴᠠ ᠳᠡᠭᠡᠭᠰᠢᠬᠢ ᠨᠢᠭᠡᠴᠡ ᠶᠢᠨ ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠴᠡᠷᠢᠭ ᠠᠴᠠ ᠬᠠᠯᠠᠭᠳᠠᠭᠰᠠᠨ ᠰᠢᠯᠭᠠᠭᠤᠯᠤᠭᠴᠢ᠂ ᠥᠪᠡᠷ ᠢᠶᠠᠨ ᠠᠵᠢᠯ ᠤᠯᠵᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠰᠢᠯᠭᠠᠭᠤᠯᠤᠭᠴᠢ᠂ ᠮᠣᠩᠭᠤᠯ ᠦᠨᠳᠦᠰᠦᠲᠡᠨ᠂ ᠳᠠᠭᠤᠷ ᠦᠨᠳᠦᠰᠦᠲᠡᠨ᠂ ᠣᠷᠴᠣᠨ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠣᠰ ᠦᠨᠳᠦᠰᠦᠲᠡᠨ ᠤ ᠰᠢᠯᠭᠠᠭᠤᠯᠤᠭᠰᠠᠳ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ᠂ ᠳᠤᠮᠳᠠᠳᠤ ᠶᠢᠨ ᠬᠠᠷᠢᠶᠠᠲᠤ ᠨᠠᠷ ᠤᠨ ᠦᠷ᠎ᠡ ᠬᠡᠦᠬᠡᠳ᠂ ᠤᠯᠤᠰ ᠲᠠᠭᠠᠨ ᠪᠤᠴᠠᠭᠰᠠᠨ ᠳᠤᠮᠳᠠᠳᠤ ᠶᠢᠨ ᠬᠠᠷᠢᠶᠠᠲᠤ ᠨᠠᠷ ᠤᠨ ᠦᠷ᠎ᠡ ᠬᠡᠤᠬᠡᠳ ᠪᠠ ᠲᠠᠶᠢᠸᠠᠨ ᠮᠤᠵᠢ ᠶᠢᠨ ᠬᠠᠷᠢᠶ᠎ᠠ ᠪᠥᠬᠦᠶ ᠰᠢᠯᠭᠠᠭᠤᠯᠤᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ 2003 ᠣᠨ᠂ 2004 ᠣᠨ ᠳᠤ ᠠᠯᠪᠠᠨ ᠶᠠᠪᠤᠳᠠᠯ ᠢᠶᠠᠷ ︽ᠰᠠᠷᠰ︾ ᠡᠪᠡᠳᠴᠢᠨ ᠳᠤ ᠨᠡᠷᠪᠡᠭᠳᠡᠭᠰᠡᠨ ᠦᠬᠦᠭᠰᠡᠨ ᠪᠤᠶᠤ ︽ᠰᠠᠷᠰ︾ ᠡᠪᠡᠳᠴᠢᠨ ᠤ ᠵᠡᠮᠳᠡᠭᠴᠦᠳ ᠤᠨ ᠦᠨᠡᠮᠯᠡᠯ ᠲᠠᠢ ᠬᠦᠮᠦᠨ ᠤ ᠦᠷ᠎ᠡ ᠬᠡᠦᠬᠡᠳ ᠪᠣᠯᠬᠤ ᠰᠢᠯᠭᠠᠭᠤᠯᠤᠭᠰᠠᠳ ᠵᠡᠷᠭᠡ 6 ᠵᠦᠢᠯ ᠤᠨ ᠪᠠᠶᠢᠳᠠᠯ ᠲᠠᠢ ᠰᠢᠯᠭᠠᠭᠤᠯᠤᠭᠴᠢ ᠳᠤ ᠪᠤᠯ ᠲᠡᠭᠦᠨ ᠤ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠶ ᠬᠤᠪᠢ ᠶᠢᠨ ᠰᠠᠭᠤᠷᠢᠨ ᠳᠡᠭᠡᠷ᠎ᠡ ᠨᠢ 10 ᠬᠤᠪᠢ ᠨᠡᠮᠡᠵᠦ ᠦᠭᠭᠦᠨ᠎ᠡ᠃ ᠡᠨᠡ ᠬᠦ ᠬᠤᠪᠢ ᠨᠡᠮᠡᠬᠦ ᠲᠥᠷᠥᠯ ᠵᠦᠶ᠋ᠯ ᠨᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠬᠤ ᠲᠦᠷᠦ ᠶᠢᠨ ᠪᠤᠳᠤᠯᠭ᠎ᠠ ᠳᠤ ᠬᠠᠷᠢᠶᠠᠯᠠᠭᠳᠠᠨ᠎ᠠ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠥᠪᠬᠡᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠳᠤ ᠲᠠᠩᠰᠠ ᠡᠪᠬᠡᠮᠡᠯ ᠳᠡᠪᠰᠢᠭᠦᠯᠬᠦ ᠦᠶ᠎ᠡ ᠳᠤ ᠬᠡᠷᠡᠭᠯᠡᠨ᠎ᠡ᠃             ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠤᠷᠢᠳᠴᠢᠯᠠᠨ ᠨᠡᠷ᠎ᠡ ᠮᠡᠳᠡᠭᠦᠯᠬᠦ ᠦᠶ᠎ᠡ ᠳᠡᠭᠡᠨ᠂ ᠰᠢᠯᠭᠠᠭᠤᠯᠤᠭᠴᠢ ᠨᠢᠭᠡᠨᠲᠡ ᠣᠯᠤᠭᠰᠠᠨ ᠪᠤᠶᠤ ᠪᠦᠷᠢᠯᠳᠦᠭᠦᠯᠦᠭᠰᠡᠨ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠯ ᠬᠦᠷᠲᠡᠬᠦ ᠲᠦᠷᠦᠯ ᠵᠦᠢᠯ ᠢᠶᠠᠨ ᠦᠨᠳᠦᠰᠦᠯᠡᠨ ᠰᠢᠯᠭᠠᠭᠤᠯᠤᠭᠴᠢ ᠶᠢᠨ ᠲᠤᠬᠢᠷᠠᠬᠤ ᠤᠨᠴᠠᠯᠢᠭ ᠰᠢᠨᠵᠢ ᠪᠠᠨ ᠰᠤᠩᠭᠤᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠤᠨ ᠤᠭ ᠮᠠᠲ᠋ᠧᠷᠢᠶᠠᠯ ᠪᠣᠯᠤᠨ ᠪᠠᠭᠤᠯᠭᠠᠪᠤᠷᠢ ᠶᠢ ᠪᠡᠯᠡᠳᠬᠡᠬᠦ ᠬᠡᠷᠡᠭᠲᠡᠢ ︔ ᠦᠯᠦ ᠰᠣᠩᠭᠤᠭᠰᠠᠨ ᠢ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠠᠷᠠᠭᠠᠯᠵᠠᠯ ᠬᠦᠷᠲᠡᠬᠦ ᠪᠠᠨ ᠲᠡᠪᠴᠢᠭᠰᠡᠨ ᠢᠶᠠᠷ ᠦᠵᠡᠵᠦ᠂ ᠨᠡᠷ᠎ᠡ ᠮᠡᠳᠡᠭᠦᠯᠬᠦ ᠠᠵᠢᠯ ᠳᠠᠭᠤᠰᠪᠠᠯ ᠬᠦᠯᠢᠶᠡᠨ ᠠᠪᠴᠤ ᠰᠢᠶ᠋ᠳᠪᠦᠷᠢᠯᠡᠬᠦ ᠦᠭᠡᠢ᠃ ᠶᠡᠭᠡ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠤᠪᠢ ᠨᠡᠮᠡᠬᠦ ᠬᠠᠷᠠᠭᠠᠯᠵᠠᠯ ᠢ ᠭᠥᠷᠳᠡᠬᠦ ᠰᠢᠯᠭᠠᠭᠤᠯᠤᠭᠴᠢ ᠪᠦᠭᠡᠳ ᠡᠷᠬᠡᠪᠰᠢ ᠥᠪᠡᠷᠲᠡᠭᠡᠨ ᠱᠠᠭᠠᠷᠳᠠᠯᠭ᠎ᠠ ᠶᠣᠰᠣᠭᠠᠷ ᠭᠤᠶᠤᠴᠢᠯᠠᠨ ᠮᠡᠳᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠣᠭᠲᠠᠭᠠᠯ ᠶᠣᠰᠣᠭᠠᠷ ᠬᠢᠨᠠᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ᠂ ᠬᠤᠰᠢᠭᠤ ᠰᠢᠶᠠᠨ ᠬᠤᠳᠠ ᠲᠣᠭᠤᠷᠢᠭ᠂ ᠰᠤᠷᠤᠯᠴᠠᠵᠤ ᠪᠠᠶᠢᠭ᠎ᠠ ᠳᠤᠮᠳᠠᠳᠤ ᠰᠤᠷᠭᠠᠭᠤᠯᠢ ᠳᠦᠷᠪᠡᠨ ᠱᠠᠲᠤᠨ ᠤ ᠵᠠᠷᠯᠠᠯ ᠠᠰᠠᠭᠤᠳᠠᠯ ᠦᠭᠡᠢ ᠪᠤᠯᠤᠭᠰᠠᠨ ᠤ ᠳᠠᠷᠠᠭ᠎ᠠ ᠰᠠᠶ᠋ᠢ ᠵᠦᠪᠰᠢᠶᠡᠷᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号