ᠯᠢᠨᠰᠢ ᠰᠢᠶᠠᠨ ᠤ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ · ᠯᠢᠨᠰᠢ ᠰᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ  ᠶᠠᠪᠤᠭᠳᠠᠪᠠ
ᠨᠡᠶᠢᠲᠡᠯᠡᠭᠰᠡᠨ ᠴᠠᠭ᠄
2017-12-17
       12 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ · ᠯᠢᠨᠰᠢ ᠰᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠯᠢᠨᠰᠢ ᠰᠢᠶᠠᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ 502 ᠠᠯᠪᠠᠨ ᠭᠡᠷ ᠲᠤ ᠶᠠᠪᠤᠭᠳᠠᠵᠤ᠂ ᠪᠣᠯᠪᠠᠰᠤᠨ ᠤ ᠠᠯᠪᠠᠨ ᠭᠡᠷ᠂ ᠡᠪᠯᠡᠯ ᠤᠨ ᠬᠤᠷᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ  ᠂ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ᠂ ᠯᠢᠨᠰᠢ ᠰᠢᠶᠠᠨ ᠰᠠᠶᠢᠨ ᠳᠤᠷᠠᠴᠤᠤᠯ ᠤᠨ ᠬᠤᠯᠪᠣᠭᠠᠲᠤ ᠬᠤᠷᠠᠯ᠂ ᠯᠢᠨᠰᠢ ᠬᠠᠶᠢᠷ᠎ᠠ ᠬᠠᠯᠠᠮᠵᠢ ᠨᠡᠶᠢᠲᠡ ᠶᠢᠨ ᠠᠰᠠᠷᠠᠮᠵᠢ ᠶᠢᠨ ᠰᠠᠶᠢᠢᠨ ᠳᠤᠷ᠎ᠠ ᠶᠢᠨ ᠨᠡᠶᠢᠭᠡᠮᠯᠢᠭ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡ ᠶᠢᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃        ᠡᠬᠢᠯᠡᠬᠦ ᠶᠡᠭᠡ ᠬᠤᠷᠠᠯ ᠳᠡᠭᠡᠷ᠎ᠡ᠂ ᠰᠢᠶᠠᠨ ᠤ ᠪᠣᠯᠪᠠᠰᠤᠨ ᠤ ᠠᠯᠪᠠᠨ ᠭᠡᠷ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ · ᠯᠢᠨᠰᠢ ᠰᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ︾ᠭᠤᠣᠯ ᠰᠡᠳᠦᠪᠲᠦ ᠠᠵᠢᠯᠯᠠᠭ᠎ᠠ ᠦᠷᠨᠢᠭᠦᠯᠬᠦ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠶ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠬᠦ︔ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠬᠤ︔ ᠰᠤᠷᠲᠠᠯ ᠤᠬᠠᠭᠤᠯᠭ᠎ᠠ ᠶᠢᠨ ᠦᠷᠭᠡᠥᠨᠬᠡᠵᠦ᠂  ᠰᠠᠶᠢᠨ ᠰᠠᠶᠢᠬᠠᠨ ᠬᠡᠪ ᠪᠠᠶᠢᠳᠠᠯ ᠢ ᠡᠭᠦᠳᠦᠨ ᠪᠠᠶᠢᠭᠤᠯᠬᠤ︔ ᠰᠢᠨ᠎ᠡ ᠶᠢ ᠡᠭᠦᠥᠨᠴᠦ ᠰᠢᠨ᠎ᠡ ᠠᠴᠢᠶᠠᠯᠪᠦᠷᠢ ᠢ ᠠᠰᠢᠭᠯᠠᠬᠤ᠂ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ ᠭᠡᠵᠠᠢ᠃ ︵ᠸᠠᠩ ᠰᠢᠶᠠᠩ ᠵᠢᠶᠧ︶
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号