ᠯᠢᠨᠰᠢ ᠰᠢᠶᠠᠨ ᠬᠢᠭᠡᠳ ᠬᠠᠷᠠᠴᠢᠨ ᠬᠤᠰᠢᠭᠤᠨ ᠬᠠᠷᠢᠯᠴᠠᠨ ᠦᠨᠡᠯᠡᠵᠦ᠂ ᠬᠠᠷᠢᠯᠴᠠᠨ ᠪᠠᠶᠢᠴᠠᠭᠠᠬᠤ  ᠪᠠᠷ ᠳᠠᠮᠵᠢᠵᠤ᠂ ᠶᠠᠳᠠᠭᠤ ᠠᠴᠠ ᠠᠩᠭᠢᠵᠢᠷᠠᠭᠤᠯᠵᠤ ᠪᠡᠷᠬᠡ ᠰᠡᠳᠦᠪ ᠢ ᠰᠢᠶᠳᠪᠦᠷᠢᠯᠡᠬᠦ ᠳᠤ ︽ᠰᠤᠳᠠᠯ ᠪᠠᠷᠢᠵᠤ ᠤᠨᠤᠰᠢᠯᠠᠯᠲᠠ︾ ᠬᠢᠵᠤ ᠪᠠᠶᠢᠨ᠎ᠠ
ᠨᠡᠶᠢᠲᠡᠯᠡᠭᠰᠡᠨ ᠴᠠᠭ᠄
2017-12-21
      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠵᠤ᠂ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠲᠦᠯᠦᠭᠡ᠂ ᠦᠢᠷ᠎ᠠ ᠶᠢᠨ ᠡᠳᠦᠷ᠂ ᠯᠢᠨᠰᠢ ᠰᠢᠶᠠᠨ ᠬᠢᠭᠡᠳ ᠬᠠᠷᠠᠴᠢᠨ ᠬᠤᠰᠢᠭᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠰᠣᠩᠭᠤᠨ᠂ ᠲᠣᠰᠬᠤᠨ ᠳᠤ ᠰᠠᠭᠤᠭ᠎ᠠ ᠺᠠᠳ᠋ᠷ   ᠪᠠᠷ ᠪᠦᠷᠢᠯᠳᠦᠭᠰᠡᠨ ᠪᠠᠶᠢᠴᠠᠭᠠᠬᠤ ᠳᠤᠭᠤᠶᠢᠯᠠᠩ ᠨᠢ ᠬᠠᠷᠢᠯᠴᠠᠨ ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠳ᠋ᠥ‌ᠬᠠᠷᠢᠯᠴᠠᠨ ᠦᠨᠡᠯᠡᠬᠦ ᠬᠡᠷᠡᠭᠲᠡᠶ᠃      ᠡᠨᠡ ᠤᠳᠠᠭ᠎ᠠ ᠶᠢᠨ ᠬᠠᠷᠢᠯᠴᠠᠨ ᠦᠨᠡᠯᠡᠵᠦ ‍ᠤ᠋‌ᠬᠠᠷᠢᠯᠴᠠᠨ ᠪᠠᠶᠢᠴᠠᠭᠠᠬᠤ ᠠᠵᠢᠯ ᠳᠤ ᠴᠢᠭᠯᠡᠭᠦᠯᠦᠨ᠂ ᠬᠤᠶᠠᠷ ᠭᠠᠵᠠᠷ ︽ᠯᠢᠨᠰᠢ ᠰᠢᠶᠠᠨ᠂ ᠬᠠᠷᠠᠴᠢᠨ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠠᠵᠢᠯ ᠤᠨ ᠲᠥᠰᠦᠯ︾ ᠲᠤᠭᠲᠠᠭᠠᠵᠤ᠂ ᠬᠢᠨᠠᠨ ᠰᠢᠯᠭᠠᠵᠤ ᠦᠨᠡᠯᠡᠬᠦ ᠭᠦᠢᠴᠡᠳᠬᠡᠬᠦ ᠲᠣᠭᠠᠨ ᠤ ᠰᠢᠰᠲ᠋ᠧᠮ ᠪᠠ ᠬᠤᠪᠢ ᠦᠭᠬᠦ ᠪᠠᠷᠢᠮᠵᠢᠶ᠎ᠠ ᠶᠢ ᠲᠣᠳᠣᠷᠬᠠᠶᠢᠯᠠᠵᠤ  ᠂ ᠬᠤᠶᠠᠷ ᠬᠤᠰᠢᠭᠤ ᠰᠢᠶᠠᠨ ᠤ ᠪᠤᠶ ᠪᠦᠬᠦᠢ ᠰᠢᠶᠠᠩ ᠪᠠᠯᠭᠠᠰᠤ ᠪᠠᠨ ᠪᠦᠭᠦᠨ ᠢ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠰᠢᠶᠠᠩ ᠪᠠᠯᠭᠠᠰᠤ ᠪᠦᠷᠢ ᠠᠴᠠ3 ᠲᠣᠰᠬᠤᠨ ᠢ ᠰᠤᠩᠭᠤᠵᠤ᠂ ᠡᠭᠦᠨ ᠳᠤ 2 ᠶᠠᠳᠠᠭᠤ ᠬᠦᠴᠢᠷᠳᠡᠯ ᠲᠠᠢ ᠲᠣᠰᠬᠤᠨ᠂ ᠨᠢᠭᠡ ᠶᠠᠳᠠᠭᠤ ᠬᠦᠴᠢᠷᠳᠡᠯ ᠦᠭᠡᠢ ᠲᠣᠰᠬᠤᠨ᠂ ᠶᠠᠳᠠᠭᠤ ᠬᠦᠴᠢᠷᠳᠡᠯ ᠲᠠᠢ ᠲᠣᠰᠬᠤᠨ ᠨᠢᠭᠡᠪᠦᠷᠢ ᠠᠴᠠ 10 ᠨᠡᠷ᠎ᠡ ᠶᠠᠳᠠᠭᠤ ᠠᠴᠠ ᠠᠩᠭᠢᠵᠢᠷᠠᠭᠰᠠᠨ‌ᠦᠭᠡᠢ ᠡᠷᠦᠬᠡ᠂ 10 ᠨᠡᠷ᠎ᠡ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠡᠷᠤᠬᠡ ᠪᠠ 10 ᠡᠷᠦᠬᠡ ᠶᠠᠳᠠᠭᠤ ᠬᠦᠴᠢᠷᠳᠡᠯ ᠦᠭᠡᠢ‌ᠡᠷᠦᠬᠡ᠂ ᠶᠠᠳᠠᠭᠤ ᠬᠦᠴᠢᠷᠳᠡᠯ ᠦᠭᠡᠢ ᠲᠤᠰᠬᠤᠨ ᠠᠴᠠ ᠲᠤᠰ ᠲᠤᠰ15 ᠶᠠᠳᠠᠭᠤ ᠬᠦᠴᠢᠷᠳᠡᠯ ᠲᠠᠠᠢ ᠡᠷᠦᠬᠡ ᠪᠠ ᠶᠠᠳᠠᠭᠤ ᠬᠦᠴᠢᠷᠳᠠᠯ ᠦᠭᠡᠢ ᠡᠷᠦᠬᠡ ᠶᠢ  ᠴᠢᠯᠥᠭᠡᠲᠡᠶ ᠪᠠᠷ ᠰᠣᠩᠭᠤᠵᠤ ᠠᠪᠤᠨ᠎ᠠ᠃ ᠡᠨᠡ ᠤᠳᠠᠭ᠎ᠠ ᠬᠠᠷᠢᠯᠴᠠᠨ ᠪᠠᠶᠢᠴᠠᠭᠠᠬᠤ ᠨᠢ᠂ ᠡᠷᠦᠬᠡ ᠳᠤ ᠬᠦᠷᠴᠦ ᠪᠠᠶᠢᠴᠠᠭᠠᠯᠲᠠ ᠠᠪᠴᠤ᠂ ᠳᠠᠩᠰᠠ ᠡᠪᠬᠡᠮᠡᠯ ᠢ ᠪᠠᠶᠢᠴᠠᠭᠠᠨ ᠦᠵᠡᠬᠦ᠂ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢ ᠠᠪᠴᠤ᠂2014—2017 ᠪᠤᠯᠲᠠᠯ᠎ᠠ ᠬᠤᠶᠠᠷ ᠬᠤᠰᠢᠭᠤ ᠰᠢᠶᠠᠨ ᠤ ᠨᠠᠷᠢᠯᠢᠭ ᠣᠨᠣᠴᠢᠲᠠᠶ ᠪᠠᠷ ᠶᠠᠳᠠᠭᠤ ᠶᠢ ᠢᠯᠭᠠᠨ ᠲᠠᠨᠢᠵᠤ᠂ ᠲᠦᠷᠦ ᠶᠢᠨ ᠪᠤᠳᠤᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠤᠯᠬᠤ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠂ ᠲᠠᠩᠰᠠ ᠡᠪᠬᠡᠮᠡᠯ ‍ᠤᠨ‌‍ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠥᠷᠨᠢᠭᠦᠯᠵᠦ᠂ ᠬᠠᠷᠢᠯᠴᠠᠨ ᠦᠨᠡᠯᠡᠵᠤ ᠬᠠᠷᠢᠯᠴᠠᠨ ᠪᠠᠶᠢᠴᠠᠭᠠᠵᠤ ᠭᠦᠨᠵᠡᠭᠡᠶ ᠦᠢᠯᠭᠠᠨ᠂ ᠬᠤᠶᠠᠷ ᠬᠤᠰᠢᠭᠤ ᠰᠢᠶᠠᠨ ᠢ ᠶᠠᠳᠠᠭᠤ ᠠᠴᠠ ᠨᠢ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠭᠦᠨᠵᠡᠭᠡᠢ ᠤᠶᠢᠯᠭᠠᠨ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠢᠮ᠎ᠠ ᠠᠰᠠᠭᠤᠳᠠᠯ ᠪᠣᠯᠤᠨ ᠪᠠᠭᠤᠷᠠᠶ ᠲᠠᠯ᠎ᠠ ᠢ ᠴᠢᠷᠮᠠᠶᠢᠨ ᠡᠷᠢᠵᠤ᠂ ᠰᠢᠨᠵᠢᠯᠡᠬᠦ ᠤᠬᠠᠭᠠᠨᠴᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠬᠠᠮᠲᠤ ᠪᠠᠷ ᠲᠤᠭᠲᠠᠭᠠᠬᠤ ᠶᠠᠪᠤᠳᠠᠯ ᠪᠤᠯᠤᠨ᠎ᠠ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号