ᠪᠦᠬᠦ ᠤᠷᠤᠨ ᠤ ᠵᠠᠭᠤᠴᠢᠯᠠᠭᠤᠷ ᠤᠨ ᠠᠭᠤᠰᠤᠯᠴᠠᠨ ᠭᠦᠭᠵᠢᠬᠦ ᠲᠤᠬᠠᠢ ᠶᠢᠨ ᠭᠠᠵᠠᠷ ᠤᠨ ᠠᠬᠢᠭᠤᠯᠬᠤ ᠬᠤᠷᠠᠯ ᠬᠤᠷᠠᠯᠳᠤᠪᠠ ᠪᠠᠢ ᠢᠦᠢ ᠭᠠᠨᠭ᠌ ᠬᠤᠷᠠᠯ ᠳᠤ ᠤᠷᠤᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017-12-22
        12 ᠳ᠋ᠤᠭᠠᠷ ᠰᠠᠷ᠎ᠠ ᠶᠢᠨ 20 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠭᠤᠤᠯᠯᠠᠨ ᠡᠷᠬᠢᠯᠡᠭᠰᠡᠨ ᠪᠦᠬᠦ ᠤᠷᠤᠨ ᠤ ᠵᠠᠭᠤᠴᠢᠯᠠᠭᠤᠷ ᠤᠨ ᠠᠭᠤᠰᠤᠯᠴᠠᠨ ᠭᠦᠭᠵᠢᠬᠦ ᠲᠤᠬᠠᠢ ᠶᠢᠨ ᠭᠠᠵᠠᠷ ᠤᠨ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠨᠭ᠌ ᠬᠤᠷᠠᠯ ᠳᠤ ᠤᠷᠤᠯᠴᠠᠵᠤ ᠶᠡᠷᠢᠶ᠎ᠠ ᠲᠠᠯᠪᠢᠵᠠᠢ᠃         ᠬᠤᠷᠠᠯ ᠠᠴᠠ᠂ ᠠᠭᠤᠯᠭ᠎ᠠ ᠪᠠᠷ ᠭᠤᠤᠯ ᠪᠤᠯᠭᠠᠵᠤ᠂ ᠰᠢᠨ᠎ᠡ ᠶᠢ ᠡᠭᠦᠳᠬᠦ ᠶᠢ ᠴᠢᠬᠤᠯᠠᠴᠢᠯᠠᠨ᠂ ︽ᠨᠡᠭᠦᠳᠡᠯ ᠵᠠᠭᠤᠴᠢᠯᠠᠭᠤᠷ ᠢ ᠤᠷᠢᠳᠠᠪᠡᠷ ᠬᠦᠭᠵᠢᠬᠦᠯᠦᠨ᠂ ᠰᠤᠷᠪᠤᠯᠵᠢᠯᠠᠵᠤ ᠨᠠᠶᠢᠷᠠᠭᠤᠯᠬᠤ ᠨᠡᠶᠢᠲᠡᠯᠡᠬᠦ ᠶᠢ ᠳᠠᠬᠢᠨᠳᠠ ᠦᠢᠯᠡᠳᠴᠤ᠂ ︿ᠲᠦᠪ ᠦᠢᠯᠡᠳᠭᠡᠪᠤᠷᠢ﹀ ᠪᠠᠷ ᠰᠢᠪᠳᠤᠯᠤᠯᠳᠠ ᠪᠤᠯᠭᠠᠨ᠂ ᠬᠠᠮ ᠵᠠᠭᠤᠴᠢᠯᠠᠭᠤᠷ ᠤᠨ ᠴᠢᠳᠠᠪᠤᠷᠢᠳᠠᠨ ᠢ ᠬᠦᠮᠦᠵᠢᠬᠦᠯᠬᠦ ᠶᠢ ᠠᠬᠢᠭᠤᠯᠬᠤ︾ ᠶᠠᠷᠦᠩᠬᠡᠢ ᠱᠠᠭᠠᠷᠳᠠᠯᠭ᠎ᠠ ᠶᠤᠰᠤᠭᠠᠷ᠂ 2020 ᠤᠨ ᠪᠤᠯᠬᠤ ᠳᠤ ᠂ ᠦᠪᠡᠷᠳᠡᠭᠡᠨ ᠵᠠᠰᠠᠬᠤ ᠤᠷᠤᠨ ᠤ ᠭᠤᠤᠯ ᠵᠠᠭᠤᠴᠢᠯᠠᠭᠤᠷ ᠤᠨ ᠬᠢᠨ ᠡᠬᠢ ᠪᠠᠶᠠᠯᠢᠭ ᠤᠨ ᠳᠠᠬᠢᠨ ᠪᠦᠷᠢᠯᠳᠦᠬᠦ ᠶᠢ ᠪᠡᠶᠡᠯᠡᠬᠦᠯᠵᠤ᠂ ᠭᠠᠵᠠᠷ ᠤᠷᠤᠨ ᠤ ᠤᠨᠴᠠᠯᠢᠭ ᠲᠠᠢ᠂ ᠦᠨᠳᠦᠰᠦᠳᠡᠨ ᠤ ᠤᠨᠴᠠᠯᠢᠭ ᠲᠠᠢ ᠬᠠᠮ ᠵᠠᠭᠤᠴᠢᠯᠠᠭᠤᠷ ᠤᠨ ᠡᠩᠨᠡᠭᠡ ᠶᠢ ᠪᠠᠶᠢᠭᠤᠯᠤᠨ᠂ ᠤᠨᠴᠠᠭᠠᠢ ᠳᠠᠪᠠᠭᠤᠯᠢᠭ ᠲᠦᠷᠦᠯ ᠵᠦᠢᠯ ᠢ ᠪᠦᠬᠦ ᠤᠯᠤᠰ ᠤᠨ ᠡᠮᠦᠨ᠎ᠡ ᠡᠩᠨᠡᠭᠡ ᠳᠤ ᠤᠷᠤᠭᠤᠯᠵᠤ᠂ ᠠᠶᠢᠮᠠᠭ ᠬᠤᠳᠠ ᠶᠢᠨ ᠳᠡᠰ ᠤᠨ ᠵᠠᠭᠤᠴᠢᠯᠠᠭᠤᠷ ᠤᠨ ᠬᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠳᠠᠪᠴᠠᠩ ᠢ ᠪᠠᠶᠢᠭᠤᠯᠤᠨ ᠳᠡᠭᠦᠯᠳᠡᠷᠵᠢᠬᠦᠯᠵᠤ᠂ ᠡᠬᠢ ᠪᠠᠶᠠᠯᠢᠭ ᠢᠶᠠᠷ ᠨᠢᠭᠡᠳᠭᠡᠬᠦ᠂ ᠲᠤᠬᠠᠶᠢᠯᠠᠭᠰᠠᠨ ᠠᠵᠢᠯ ᠢᠶᠠᠨ ᠬᠤᠯᠪᠤᠭᠠᠯᠠᠬᠤ ᠳᠡᠭᠡᠷ᠎ᠡ ᠮᠡᠳᠡᠭᠳᠡᠮ᠎ᠡ ᠠᠬᠢᠴᠠ ᠲᠠᠢ ᠪᠤᠯᠭᠠᠬᠤ ᠬᠡᠷᠡᠭᠳᠡᠢ ᠭᠡᠵᠤ ᠳᠤᠷᠠᠳᠪᠠ᠃        ᠬᠤᠷᠠᠯ ᠠᠴᠠ᠂ ︽ᠲᠦᠪ ᠦᠢᠯᠡᠳᠭᠡᠪᠦᠷᠢ︾ ᠡᠨᠡᠬᠦ ᠭᠤᠣᠯ ᠠᠵᠢᠯ ᠢ ᠴᠢᠩᠭ᠎ᠠ ᠠᠳᠬᠤᠵᠣ᠂ ᠵᠠᠭᠤᠴᠢᠯᠠᠭᠤᠷ ᠤᠨ ᠳᠡᠰ ᠳᠠᠪᠬᠤᠷᠭ᠎ᠠ ᠶᠢᠨ ᠵᠢᠯᠤᠭᠤᠳᠬᠤ ᠰᠢᠰᠲ᠋ᠧᠮ᠂ ᠬᠦᠢᠯᠭᠡᠭᠡᠨ ᠤ ᠳᠤᠬᠳᠠᠴᠠ᠂ ᠬᠠᠮᠳᠤᠪᠡᠷ ᠡᠳ᠋ᠯᠡᠬᠦ ᠳᠠᠪᠴᠠᠩ ᠪᠤᠯᠤᠨ ᠬᠠᠷᠢᠭᠤ ᠳᠤᠰᠬᠠᠬᠤ ᠨᠡᠪᠳᠡᠷᠡᠯᠴᠡᠭᠡ ᠶᠢ ᠰᠢᠯᠤᠭᠤᠳᠬᠠᠵᠤ᠂ ᠤᠳᠤᠬᠢ ᠪᠠᠶᠢᠭ᠎ᠠ ᠨᠡᠭᠦᠳᠡᠯ ᠳᠠᠮᠵᠢᠭᠤᠯᠭ᠎ᠠ ᠶᠢᠨ ᠳᠠᠪᠴᠠᠩ ᠢᠶᠠᠨ ᠰᠢᠯᠢᠳᠡᠭᠵᠢᠬᠦᠯᠵᠤ᠂ ᠲᠦᠷᠦᠯ ᠳᠡᠮᠳᠡᠭᠳᠤ ᠦᠢᠯᠡᠳᠭᠦᠨ ᠡᠭᠦᠳᠬᠦ᠂ ᠠᠭᠤᠰᠤᠯᠴᠠᠨ ᠵᠢᠱᠢᠶ᠎ᠡ ᠦᠵᠡᠭᠦᠯᠬᠦ ᠲᠦᠷᠦᠯ ᠵᠦᠢᠯ ᠢ ᠡᠭᠦᠳᠬᠦ ᠳᠡᠭᠡᠷ᠎ᠡ ᠬᠦᠴᠤ ᠳᠠᠯᠪᠢᠵᠤ᠂ ᠵᠠᠭᠤᠴᠢᠯᠠᠭᠤᠷ ᠤᠨ ᠠᠭᠤᠰᠤᠯᠴᠠᠨ ᠬᠦᠭᠵᠢᠬᠦ ᠲᠠᠢ ᠳᠤᠬᠢᠷᠠᠯᠴᠠᠬᠰᠠᠨ ᠴᠢᠳᠠᠪᠤᠷᠢᠳᠠᠨ ᠤ ᠡᠩᠨᠡᠭᠡ ᠪᠤᠯᠤᠨ ᠪᠠᠶᠢᠭᠤᠯᠤᠮᠵᠢ ᠳᠤᠬᠳᠠᠴᠠ ᠶᠢ ᠪᠠᠶᠢᠭᠤᠯᠬᠤ ᠬᠡᠷᠡᠭᠳᠡᠢ ᠭᠡᠵᠤ ᠱᠠᠭᠠᠷᠳᠠᠪᠠ᠃         ᠠᠬᠢᠭᠤᠯᠬᠤ ᠬᠤᠷᠠᠯ ᠲᠡᠭᠡᠷ᠎ᠠ᠂ ᠪᠠᠰᠠ ᠠᠷᠠᠳ ᠤᠨ ᠡᠳᠦᠷ ᠤᠨ ᠰᠤᠨᠢᠨ ᠤ ᠵᠠᠭᠤᠴᠢᠯᠠᠭᠤᠷ ᠤᠨ ᠮᠡᠷᠭᠡᠵᠢᠯ ᠤᠨ ᠬᠤᠪᠢ ᠤᠷᠤᠭᠤᠯᠤᠬᠰᠠᠨ ᠬᠢᠵᠠᠭᠠᠷᠳᠦ ᠺᠤᠮᠫᠠᠨᠢ ᠶᠢᠨ ᠶᠡᠷᠦᠩᠭᠡᠢ ᠲᠠᠭᠠᠭᠠᠮᠠᠯ ᠶᠧ ᠵᠧᠨ ᠵᠧᠨ᠂ ᠲᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠯᠤᠰ ᠤᠨ ᠰᠤᠶᠤᠯ ᠤᠨ ᠠᠮᠤᠷ ᠲᠦᠪᠰᠢᠨ ᠪᠠ ᠦᠵᠡᠯ ᠤᠬᠠᠮᠰᠠᠷ ᠤᠨ ᠬᠡᠯᠪᠡᠷᠢ ᠶᠢᠨ ᠰᠤᠳᠤᠯᠭᠠᠨ ᠤ ᠲᠦᠪ ᠤᠨ ᠤᠨᠴᠠ ᠤᠷᠢᠬᠰᠠᠨ ᠰᠤᠳᠤᠯᠭᠠᠳᠠᠨ ᠶᠠᠨ ᠭᠤᠸᠠᠩ ᠢᠤᠢ ᠶᠢ ᠤᠷᠢᠵᠤ ᠲᠤᠰᠬᠠᠢ ᠰᠡᠳᠦᠪᠳᠦ ᠲᠠᠶᠢᠯᠤᠮᠵᠢ ᠬᠢᠯᠬᠡᠪᠡ᠃ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ᠂ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠵᠢᠴᠢ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠤᠨ ᠬᠢᠨ ᠦᠪᠡᠷ ᠦᠪᠡᠷᠰᠡᠳ ᠤᠨ ᠵᠠᠭᠤᠴᠢᠯᠠᠭᠤᠷ ᠤᠨ ᠠᠭᠤᠰᠤᠯᠴᠠᠨ ᠭᠦᠭᠵᠢᠬᠦ ᠶᠢ ᠠᠬᠢᠭᠤᠯᠣᠭᠰᠠᠨ ᠠᠵᠢᠯ ᠤᠨ ᠲᠤᠷᠰᠢᠯᠭ᠎ᠠ ᠪᠠᠨ ᠲᠠᠨᠢᠯᠴᠠᠭᠤᠯᠵᠠᠢ᠃ ᠬᠤᠷᠠᠯ ᠳᠤ ᠤᠷᠤᠯᠴᠠᠬᠰᠡᠳ ᠪᠠᠰᠠ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠪᠠ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶ᠎ᠠ ᠳᠤ ᠬᠦᠷᠴᠦ ᠲᠤᠬᠠᠢ ᠶᠢᠨ ᠲᠠᠯᠠᠪᠠᠢ ᠶᠢ ᠲᠤᠭᠤᠷᠢᠨ ᠦᠵᠡᠪᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号