ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠦᠬᠦ ᠣᠷᠣᠨ ᠤ ᠡᠨᠡ ᠡᠪᠦᠯ ᠢᠷᠡᠬᠦ ᠬᠠᠪᠤᠷ ᠤᠨ ᠲᠦᠢᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠲᠦᠯᠬᠢᠨ ᠠᠬᠢᠭᠤᠯᠬᠤ ᠪᠠᠶᠢᠷᠢᠯᠠᠭᠤᠯᠤᠯᠲᠠ ᠬᠢᠵᠡᠢ
ᠨᠡᠶᠢᠲᠡᠯᠡᠭᠰᠡᠨ ᠴᠠᠭ᠄
2017-12-22
       12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠲᠧᠯᠸᠢᠰ ᠳ᠋ᠢᠶᠠᠩᠬᠤᠸᠠ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠡᠨᠡ ᠡᠪᠦᠯ ᠢᠷᠡᠬᠦ ᠬᠠᠪᠤᠷ ᠤᠨ ᠲᠦᠢᠮᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠠᠯ᠎ᠠ ᠪᠠᠷ ᠳᠠᠬᠢᠨ ᠳᠠᠶᠢᠴᠢᠯᠠᠯᠲᠠ ᠬᠢᠵᠦ᠂ ᠳᠠᠬᠢᠨ ᠪᠠᠶᠢᠷᠢᠯᠠᠭᠤᠯᠪᠠ᠃         ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠴᠡᠭᠴᠡᠯᠡᠨ ᠵᠠᠰᠠᠬᠤ ᠳᠤ ᠭᠤᠣᠯᠳᠠᠯᠭ᠎ᠠ ᠪᠠᠨ ᠲᠤᠪᠤᠶᠢᠯᠭᠠᠬᠤ ᠬᠡᠷᠡᠭᠲᠡᠶ᠃ ᠪᠥᠬᠦ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠣᠨ ︽ᠠᠮᠢᠨ ᠰᠤᠳᠠᠰᠤᠲᠤ︾ ᠠᠵᠤ ᠠᠬᠤᠶᠢᠯᠠᠯ᠂ ᠬᠥᠮᠦᠰ ᠬᠤᠷᠠᠵᠤ ᠴᠤᠭᠯᠠᠷᠠᠬᠤ ᠭᠠᠵᠠᠷ ᠲᠠᠯᠠᠪᠤᠷ᠂ ᠣᠯᠠᠭᠤᠯᠠ ᠲᠦᠷᠢᠶᠡᠰᠦᠯᠡᠬᠦ ᠪᠠᠶᠢᠰᠢᠩ ᠪᠣᠯᠤᠨ ︽ᠶᠢᠰᠦᠨ ᠪᠠᠭ᠎ᠠ ᠭᠠᠵᠠᠷ ᠲᠠᠯᠠᠪᠤᠷ︾᠂ ᠪᠠᠷᠢᠯᠭ᠎ᠠ ᠶᠢᠨ ᠠᠵᠢᠯ ᠤᠨ ᠲᠤᠬᠠᠶ ᠶᠢᠨ ᠲᠠᠯᠠᠪᠤᠷ ᠪᠠ ᠪᠠᠶᠠᠷ ᠨᠠᠶᠢᠷ ᠤᠨ ᠲᠠᠯᠠᠪᠤᠷ᠂ ᠵᠡᠭᠦᠨ ᠬᠡᠰᠡᠭ ᠤᠨ ᠭᠠᠵᠠᠷ ᠣᠷᠣᠨ ᠤ ᠰᠢᠭᠤᠶᠢᠲᠤ ᠣᠷᠣᠨ ᠤ ᠮᠣᠳᠣᠨ ᠪᠠᠶᠢᠰᠢᠩ᠂ ᠬᠤᠸᠠᠷ ᠫᠤᠤᠵᠢᠩ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠵᠡᠷᠭᠡ ᠭᠠᠵᠠᠷ ᠲᠠᠯᠠᠪᠤᠷ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ᠃ ᠬᠤᠶᠠᠷ ᠲᠤ ᠬᠠᠤᠯᠢ ᠬᠡᠷᠡᠭᠵᠢᠭᠦᠯᠬᠦ ᠳᠤ ᠡᠷᠬᠡᠪᠰᠢ ᠴᠢᠩᠭ᠎ᠠ ᠪᠠᠶᠢᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠭᠠᠯ ᠤᠨᠲᠠᠷᠠᠭᠠᠬᠤ ᠰᠠᠯᠠᠭ᠎ᠠ ᠮᠥᠴᠢᠷ ᠪᠣᠯᠣᠨ ᠲᠣᠮᠢᠯᠠᠭᠰᠠᠨ ᠰᠠᠯᠪᠤᠷᠢ ᠨᠤᠭᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢ ᠶᠣᠰᠣᠭᠠᠷ᠂ ᠥᠪᠡᠷ ᠥᠪᠡᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠰᠠᠶᠢᠲᠤᠷ ᠭᠦᠢᠴᠡᠳᠬᠡᠵᠦ᠂ ᠬᠢᠨᠠᠨ ᠪᠠᠶᠢᠴᠠᠭᠠᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠲᠠᠯ᠎ᠠ ᠪᠠᠷ᠂ ︽ᠭᠤᠷᠪᠠ ᠶᠢ ᠠᠯᠳᠠᠯ ᠦᠭᠡᠢ︾ ᠪᠠᠶᠢᠬᠤ ᠪᠠ ︽ᠵᠢᠷᠭᠤᠭᠠᠨ ᠣᠭᠲᠣ ᠪᠣᠯᠬᠤ ᠦᠭᠡᠢ︾ ᠪᠠᠶᠢᠬᠤ ᠶᠢ ᠦᠨᠡᠨ ᠬᠦ ᠭᠦᠢᠴᠡᠳᠬᠡᠬᠦ ᠬᠡᠷᠡᠭᠲᠡᠢ᠃ ᠭᠤᠷᠪᠠ ᠳᠤ᠂ ᠪᠡᠯᠡᠳᠬᠡᠯ ᠠᠵᠢᠯ ᠢ ᠡᠷᠬᠡᠪᠰᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠭᠠᠯ ᠤᠨᠲᠠᠷᠠᠭᠠᠬᠤ ᠴᠡᠷᠢᠭ ᠠᠩᠬᠢ ᠡᠷᠬᠡᠪᠰᠢ ᠰᠤᠯᠠᠷᠠᠰᠢ ᠦᠭᠡᠢ ᠪᠠᠶᠢᠩᠭᠤ ᠪᠡᠯᠡᠳᠬᠡᠯ ᠲᠠᠢ ᠪᠠᠶᠢᠵᠤ᠂ ᠦᠵᠡᠯ ᠰᠠᠨᠠᠭ᠎ᠠ᠂ ᠲᠣᠨᠣᠭᠯᠠᠯ᠂ ᠪᠣᠯᠪᠠᠰᠤᠷᠠᠯ ᠪᠣᠯᠣᠨ ᠡᠳ᠋ ᠪᠣᠳᠠᠰ ᠵᠡᠷᠭᠡ ᠲᠠᠯ᠎ᠠ ᠪᠠᠷ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠯᠠᠩᠭᠤᠶ᠎ᠠ ︽ᠬᠥᠮᠥᠰ ᠢ ᠳᠠᠭᠠᠷᠠᠬᠤ ᠠᠴᠠ ᠨᠢ ᠰᠡᠷᠭᠡᠶᠢᠯᠡᠬᠦ᠂ ᠲᠣᠨᠣᠭᠯᠠᠯ ᠬᠥᠯᠳᠡᠬᠦ ᠠᠴᠠ ᠰᠡᠷᠭᠡᠶᠢᠯᠡᠬᠦ᠂ ᠲᠡᠷᠭᠡᠨ ᠬᠦᠰᠬᠡ ᠭᠤᠯᠭᠤᠬᠤ ᠠᠴᠠ ᠰᠡᠷᠭᠡᠶᠢᠯᠡᠬᠦ᠂ ᠤᠰᠤᠨ ᠤ ᠰᠤᠷᠪᠤᠯᠵᠢ ᠶᠢ ᠳᠤᠯᠠᠭᠠᠯᠠᠬᠤ︾ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃         ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠭᠠᠯ ᠤᠨᠲᠠᠷᠠᠭᠠᠬᠤ ᠰᠠᠯᠠᠭ᠎ᠠ ᠮᠥᠴᠢᠷ ᠤᠳ ︽ᠭᠤᠣᠯ ᠬᠦᠴᠦᠨ ᠴᠡᠷᠢᠭ︾᠂ ︽ᠭᠤᠣᠯ ᠬᠦᠴᠦᠯᠡᠭᠴᠢ︾ ᠶᠢᠨ ᠦᠢᠯᠡᠳᠦᠯ ᠢᠶᠠᠨ ᠪᠠᠳᠠᠷᠠᠭᠤᠯᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠲᠣᠲᠣᠷᠬᠠᠢ ᠪᠣᠯᠭᠠᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠰᠠᠯᠪᠤᠷᠢ ᠨᠢ ᠬᠠᠷᠢᠶ᠎ᠠ ᠲᠣᠭᠤᠷᠢᠭ ᠤᠨ ᠵᠢᠵᠢᠭ ᠨᠢᠭᠡᠴᠡ᠂ ᠣᠯᠠᠭᠤᠯᠠ ᠲᠦᠷᠢᠶᠡᠰᠦᠯᠡᠬᠦ ᠪᠠᠶᠢᠰᠢᠩ᠂ ᠬᠠᠭᠤᠴᠢᠨ ᠣᠷᠣᠨ ᠰᠠᠭᠤᠴᠠ ᠶᠢᠨ ᠲᠦᠢᠮᠡᠷ ᠤᠨ ᠭᠠᠮᠰᠢᠭ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠬᠤ ᠶᠢᠨ ᠬᠠᠮᠲᠤ ᠠᠮᠤᠷ ᠢ ᠬᠠᠮᠠᠭᠠᠯᠠᠬᠤ ᠴᠠᠭᠳᠠᠨ ᠰᠡᠷᠭᠡᠶᠢᠯᠡᠯᠲᠡ᠂ ᠡᠷᠦᠬᠡ ᠠᠮᠠ ᠶᠢᠨ ᠲᠠᠩᠰᠠ ᠶᠢᠨ ᠪᠠᠶᠢᠴᠠᠭᠠᠯᠲᠠ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠵᠡᠷᠭᠡ ᠠᠵᠢᠯ ᠳᠤ ᠣᠷᠣᠭᠤᠯᠤᠨ᠎ᠠ᠃ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠭᠠᠯ ᠤᠨᠲᠠᠷᠠᠭᠠᠬᠤ ᠰᠠᠯᠠᠭ᠎ᠠ ᠮᠥᠴᠢᠷ ᠤᠨ ᠤᠳᠤᠷᠢᠳᠬᠤ ᠨᠥᠬᠦᠳ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠡᠶ᠎ᠡ ᠪᠠᠷ ᠢᠶᠠᠨ ᠣᠷᠣᠯᠴᠠᠨ ᠬᠢᠵᠦ᠂ ᠣᠯᠠᠨ ᠤ ᠠᠮᠤᠷ ᠲᠥᠪᠰᠢᠨ ᠢ ᠬᠠᠮᠠᠭᠠᠯᠠᠬᠤ᠂ ᠲᠠᠶᠠᠭᠠᠷ ᠤᠨ ᠠᠮᠤᠷ ᠲᠣᠭᠲᠠᠭᠤᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ︔ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠨᠢ ᠴᠡᠷᠢᠭ ᠢᠶᠠᠨ ᠬᠤᠪᠢᠶᠠᠨ ᠪᠣᠭᠤᠮᠲᠠ ᠰᠠᠬᠢᠬᠤ ᠪᠠ ᠳᠤᠰ ᠳᠤᠰ ᠤᠨ ᠭᠠᠵᠠᠷ ᠲᠠᠭᠠᠨ ᠪᠠᠲᠤᠯᠠᠨ ᠰᠠᠬᠢᠵᠤ᠂ ᠬᠤᠪᠢᠳᠠᠨ ᠬᠠᠮᠢᠶᠠᠷᠴᠤ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠬᠤᠶᠠᠷ ᠲᠤ ᠬᠢᠨᠠᠨ ᠵᠢᠯᠣᠭᠤᠳᠴᠣ ᠪᠠᠶᠢᠴᠠᠭᠠᠬᠤ ᠶᠢ ᠴᠢᠩᠭᠠᠳᠬᠠᠵᠤ ᠬᠡᠷᠡᠭᠲᠡᠶ᠃ ᠡᠯ᠎ᠡ ᠭᠠᠵᠠᠷ ᠤᠨ ᠬᠢᠨ ᠬᠠᠷᠢᠯᠴᠠᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ᠂ ᠢᠯᠡ ᠪᠠᠷ ᠪᠠᠶᠢᠴᠠᠭᠠᠨ ᠳᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠠᠮᠢᠳᠤᠯᠢᠭ ᠬᠡᠷᠡᠭᠯᠡᠵᠦ᠂ ᠦᠨᠳᠦᠰᠦᠨ ᠱᠠᠲᠤᠨ ᠤ ᠨᠢᠭᠡᠴᠡ ᠶᠢ ᠪᠠᠶᠢᠴᠠᠭᠠᠬᠤ᠂ ᠬᠢᠨᠠᠨ ᠵᠢᠯᠣᠭᠤᠳᠬᠤ ᠶᠢ ᠴᠢᠩᠭᠠᠳᠬᠠᠨ᠎ᠠ᠃ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠪᠣᠯ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠢ ᠲᠣᠳᠣᠷᠬᠠᠶ ᠪᠣᠯᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠬᠡᠰᠡᠭ ᠬᠤᠪᠢᠶᠠᠨ ᠳᠠᠭᠠᠭᠠᠴᠢᠯᠠᠭᠤᠯᠤᠨ ᠬᠢᠯᠭᠡᠬᠦ᠂ ᠲᠣᠬᠠᠢ ᠶᠢᠨ ᠴᠢᠭ᠋ ᠲᠤ ᠰᠠᠭᠤᠵᠤ ᠬᠠᠪᠰᠤᠷᠤᠨ ᠲᠡᠳᠬᠦᠬᠦ ᠵᠡᠷᠭᠡ ᠠᠷᠭ᠎ᠠ ᠬᠡᠯᠪᠡᠷᠢ ᠪᠠᠷ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠡᠭᠦᠷᠭᠡ ᠨᠢ ᠬᠦᠨᠳᠦ᠂ ᠬᠥᠮᠦᠨ ᠨᠢ ᠴᠥᠭᠡᠨ ᠪᠠᠶᠢᠭ᠎ᠠ ᠨᠢᠭᠡᠴᠡ ᠳᠤ ᠭᠦᠨᠵᠡᠭᠡᠶᠢᠷᠡᠨ᠂ ᠡᠯ᠎ᠡ ᠵᠦᠢᠯ ᠤᠨ ᠠᠵᠢᠯ ᠢ ᠵᠢᠯᠣᠭᠤᠳᠤᠨ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ ᠴᠢᠩᠭ᠎ᠠ ᠬᠠᠷᠢᠭᠤᠴᠠᠯᠭ᠎ᠠ ᠲᠣᠯᠭᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠤᠨ ᠬᠢᠨ ᠬᠠᠷᠢᠭᠤᠴᠠᠯᠭ᠎ᠠ ᠶᠢ ᠤᠶᠠᠵᠤ ᠬᠦᠯᠢᠬᠦ ᠪᠠ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠵᠤ ᠬᠦᠨᠳᠦ ᠶᠡᠭᠡ ᠠᠰᠠᠭᠤᠳᠠᠯ ᠭᠠᠷᠤᠭᠰᠠᠨ ᠪᠠᠶᠢᠪᠠᠯ᠂ ᠬᠠᠷᠢᠭᠤᠴᠠᠯᠭ᠎ᠠ ᠶᠢ ᠭᠡᠳᠡᠷᠬᠦ ᠪᠠᠶᠢᠴᠠᠭᠠᠵᠤ ᠡᠷᠡᠰ ᠨᠡᠬᠡᠮᠵᠢᠯᠡᠬᠦ ᠬᠡᠷᠡᠭᠲᠡᠶ᠃ ᠬᠠᠷᠢᠶ᠎ᠠ ᠲᠣᠭᠤᠷᠢᠭ ᠲᠤᠨᠢ ᠬᠦᠨᠳᠦ ᠶᠡᠭᠡ ᠲᠦᠢᠮᠡᠷ ᠤᠨ ᠡ᠊ᠨᠳᠡᠯ ᠭᠠᠷᠤᠭᠰᠠᠨ ᠪᠠᠶᠢᠪᠠᠯ᠂ ︽ᠭᠠᠯ ᠰᠡᠷᠭᠡᠶᠢᠯᠡᠨ ᠤᠨᠲᠠᠷᠠᠭᠠᠬᠤ ᠠᠶᠤᠯ ᠦᠭᠡᠢ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠣᠰᠣᠭᠠᠷ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠵᠦ᠂ ᠭᠠᠯ ᠤᠨᠲᠠᠷᠠᠭᠠᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠨᠢ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠰᠠᠭᠤᠳᠠᠯ ᠣᠷᠣᠰᠢᠵᠤ ᠪᠠᠶᠢᠪᠠᠯ᠂ ᠲᠤᠤᠱᠲᠠᠶ ᠪᠠᠶᠢᠴᠠᠭᠠᠵᠤ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ ᠭᠡᠵᠡᠢ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号