ᠦᠪᠦᠷ ᠮᠤᠩᠭᠤᠯ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠤᠨ ᠡᠬᠢ ᠶᠢᠨ ᠨᠡᠶᠢᠳᠡᠮ ᠪᠠᠶᠢᠴᠠᠭᠠᠯᠲᠠ ᠶᠢ ᠦᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2017-12-22
      12 ᠳ᠋ᠤᠭᠠᠷ ᠰᠠᠷ᠎ᠡ ᠶᠢᠨ 20 ᠤ ᠡᠳᠤᠷ᠂ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠤᠨ ᠡᠭᠢ ᠶᠢ ᠨᠡᠶᠢᠳᠡᠮ ᠪᠠᠶᠢᠴᠠᠭᠠᠬᠤ ᠠᠵᠢᠯ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠢ ᠬᠦᠬᠡᠬᠤᠳᠡ ᠳᠤ ᠬᠤᠷᠠᠯᠳᠤᠭᠤᠯᠵᠤ᠂ ᠲᠦᠷᠦᠭᠦᠬᠡᠨ ᠳᠠᠷᠤᠮᠠᠯᠯᠠᠨ ᠲᠠᠷᠬᠠᠭᠠᠭᠰᠠᠨ ︽ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠤᠨ ᠡᠭᠢ ᠶᠢᠨ ᠨᠡᠶᠢᠳᠡᠮ ᠪᠠᠶᠢᠴᠠᠭᠠᠯᠲᠠ ᠶᠢ ᠬᠡᠷᠡᠭᠵᠢᠬᠦᠯᠬᠦ ᠲᠦᠰᠦᠯ︾ ᠢ ᠨᠡᠶᠢᠭᠡᠮ ᠳᠤ ᠢᠯᠡ ᠨᠡᠶᠢᠲᠡᠯᠡᠪᠡ᠃         ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠪᠤᠬᠢᠷᠳᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠦᠷᠨᠢᠬᠦᠯᠬᠦ ᠨᠢ ᠮᠠᠨ ᠤ ᠤᠷᠤᠨ ᠤ ᠡᠯ᠎ᠡ ᠲᠦᠷᠦᠯ ᠤᠨ ᠪᠤᠬᠢᠷᠳᠤᠯ ᠤᠨ ᠡᠬᠢ ᠶᠢᠨ ᠦᠨᠳᠦᠰᠦᠨ ᠪᠠᠶᠢᠳᠠᠯ᠂ ᠪᠤᠬᠢᠷᠳᠤᠯ ᠤᠨ ᠡᠬᠢ ᠶᠢᠨ ᠲᠤᠭ᠎ᠠ ᠪᠠᠷᠢᠮᠳᠡ᠂ ᠪᠦᠳᠦᠴᠡ ᠪᠤᠯᠤᠨ ᠲᠠᠷᠬᠠᠭᠠᠯᠳᠡ ᠶᠢᠨ ᠪᠠᠶᠢᠳᠠᠯ ᠢ ᠤᠶᠢᠯᠠᠭᠠᠵᠤ᠂ ᠤᠷᠤᠨ ᠪᠦᠰᠡ᠂ ᠠᠵᠢᠯ ᠲᠦᠷᠦᠯ ᠤᠨ ᠪᠤᠬᠢᠷᠳᠤᠯ ᠪᠤᠳᠠᠰ ᠤᠨ ᠭᠠᠳᠠᠬᠰᠢᠯᠠᠭᠤᠯᠤᠯᠳᠡ ᠪᠤᠯᠤᠨ ᠰᠢᠢᠳᠪᠤᠷᠢᠯᠡᠭᠰᠡᠨ ᠪᠠᠶᠢᠳᠠᠯ ᠳᠤ ᠬᠠᠮᠢᠶᠠᠷᠤᠯᠳᠠ ᠭᠢᠵᠤ᠂ ᠮᠠᠨ ᠤ ᠤᠷᠤᠨ ᠤ ᠭᠤᠤᠯᠳᠠᠯᠭ᠎ᠠ ᠲᠠᠢ ᠪᠤᠬᠢᠷᠳᠤᠯ ᠤᠨ ᠡᠬᠢ ᠶᠢᠨ ᠲᠠᠩᠰᠡ ᠡᠪᠬᠡᠮᠡᠯ᠂ ᠪᠤᠬᠢᠷᠳᠤᠯ ᠤᠨ ᠮᠡᠳᠡᠭᠡ ᠵᠠᠩᠬᠢ ᠶᠢᠨ ᠬᠦᠮᠦᠷᠬᠡ ᠪᠤᠯᠤᠨ ᠤᠷᠴᠢᠨ ᠲᠤᠭᠤᠷᠢᠨ ᠤ ᠪᠦᠷᠢᠳᠬᠡᠯ ᠤᠨ ᠲᠠᠪᠴᠡᠩ ᠢ ᠪᠠᠶᠢᠭᠤᠯᠤᠨ᠂ ᠪᠤᠬᠢᠷᠳᠤᠯ ᠤᠨ ᠡᠬᠢ ᠶᠢᠨ ᠬᠠᠮᠢᠶᠠᠷᠤᠯᠳᠡ᠂ ᠤᠷᠴᠢᠨ ᠲᠤᠭᠤᠷᠢᠨ ᠤ ᠶᠠᠰᠤ ᠴᠢᠨᠡᠷ ᠢ ᠰᠠᠶᠢᠵᠢᠷᠠᠭᠤᠯᠬᠤ᠂ ᠤᠷᠴᠢᠨ ᠲᠤᠭᠤᠷᠢᠨ ᠳᠤ ᠦᠢᠯᠡᠴᠢᠯᠡᠬᠦ ᠶᠡᠷᠦᠩᠬᠡᠶᠢᠯᠡᠭᠰᠡᠨ ᠲᠦᠷᠦ ᠶᠢᠨ ᠪᠤᠳᠤᠯᠭ᠎ᠠ ᠲᠤᠬᠳᠠᠭᠠᠬᠤ ᠳᠤ ᠦᠨᠳᠦᠰᠦᠯᠡᠯ ᠬᠠᠩᠭᠠᠬᠤ ᠪᠤᠯᠤᠨ᠎ᠡ᠃         ᠤᠶᠢᠯᠠᠭᠠᠭᠰᠠᠨ ᠢᠶᠠᠷ᠂ ᠪᠠᠶᠢᠴᠠᠭᠠᠭᠳᠠᠬᠤ ᠡᠳᠡᠬᠡᠳ ᠨᠢ ᠦᠪᠦᠷ ᠮᠤᠩᠭᠤᠯ ᠤᠨ ᠵᠠᠰᠠᠭ ᠵᠠᠬᠢᠷᠭᠠᠨ ᠤ ᠤᠷᠤᠨ ᠪᠦᠰᠡ ᠶᠢᠨ ᠲᠤᠳᠤᠷᠠᠬᠢ ᠪᠤᠬᠢᠷᠳᠤᠯ ᠤᠨ ᠡᠬᠢ ᠲᠠᠢ ᠪᠠᠶᠢᠭᠤᠯᠭ᠎ᠠ ᠨᠢᠬᠡᠴᠡ ᠪᠤᠯᠤᠨ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠪᠠᠭᠳᠠᠨ᠎ᠡ᠃ ᠡᠬᠦᠨ ᠳᠤ ᠡᠮᠤᠨᠡᠬᠢ ᠬᠤᠭᠤᠴᠠᠭᠠᠨ ᠤ ᠪᠡᠯᠡᠳᠬᠡᠯ᠂ ᠪᠠᠶᠢᠴᠠᠭᠠᠬᠤ ᠬᠦᠮᠦᠷᠬᠡ ᠪᠠᠶᠢᠭᠤᠯᠬᠤ᠂ ᠲᠤᠷᠰᠢᠯᠳᠡ ᠶᠢᠨ ᠴᠢᠭ᠋ ᠢ ᠪᠠᠶᠢᠴᠠᠭᠠᠬᠤ᠂ ᠪᠦᠬᠦ ᠲᠠᠯ᠎ᠡ ᠪᠠᠷ ᠨᠡᠶᠢᠳᠡᠮ ᠪᠠᠶᠢᠴᠠᠭᠠᠬᠤ᠂ ᠳ᠋ᠦᠩᠨᠡᠨ ᠨᠡᠶᠢᠲᠡᠯᠡᠬᠦ ᠵᠡᠷᠬᠡ ᠠᠯᠬᠤᠮ ᠢᠶᠠᠷ ᠵᠤᠬᠢᠶᠠᠨ ᠪᠠᠶᠢᠭᠤᠯᠤᠨ ᠶᠠᠪᠤᠬᠳᠠᠭᠤᠯᠵᠤ᠂ 2018 ᠤᠨ ᠳᠤ ᠪᠦᠬᠦ ᠲᠠᠯ᠎ᠡ ᠪᠠᠷ ᠨᠡᠶᠢᠳᠡᠮ ᠪᠠᠶᠢᠴᠠᠭᠠᠨ᠂ 2019 ᠤᠨ ᠳᠤ ᠦᠷ᠎ᠡ ᠪᠦᠳᠦᠬᠡᠯ ᠢ ᠳ᠋ᠦᠩᠨᠡᠡ ᠨᠡᠶᠢᠲᠡᠯᠡᠬᠦ ᠪᠤᠯᠤᠨ᠎ᠡ᠃
 
ᠢᠷᠡᠯᠲᠡ᠄ ᠯᠢᠨᠰᠢ ᠰᠢᠶᠠᠨ  ᠤ ᠠᠷᠠᠥᠨ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07002090号